ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠣᠨᠴᠠᠯᠢᠭᠲᠤ᠌ ᠳᠠᠪᠴᠠᠩ   -   ᠬᠤᠳᠠᠯᠳᠤᠭᠠᠴᠢᠨ ᠤᠷᠢᠵᠤ ᠪᠡᠯᠡ ᠲᠠᠲᠠᠬᠤ
ᠲᠥᠷᠥᠯ ᠵᠦᠢᠯ᠎ᠢ ᠨᠤᠲᠤᠭᠰᠢᠯᠠᠭᠤᠯᠬᠤ — ᠶᠡᠷᠦᠩᠬᠡᠢ ᠪᠡᠯᠡ ᠣᠷᠣᠭᠤᠯᠤᠯᠲᠠ ᠨᠢ 12 ᠳ᠋ᠦᠩᠰᠢᠭᠤᠷ ᠲᠦᠭᠦᠷᠢᠭ ᠳᠤᠭᠤᠢᠯᠠᠪᠤᠷᠢ᠎ᠶᠢᠨ ᠲᠣᠮᠣ᠌ ᠲᠥᠷᠥᠯ ᠵᠦᠢᠯ᠎ᠢ ᠥᠪᠥᠷ ᠮᠣᠩᠭᠣᠯ᠎ᠳᠤ ᠨᠤᠲᠤᠭᠰᠢᠯᠠᠭᠤᠯᠪᠠ
ᠨᠡᠶ᠋ᠢᠲᠡᠯᠡᠭᠰᠡᠨ ᠴᠠᠭ᠄ 2025-11-27

  ᠣᠢᠷ᠎ᠠ᠎ᠳᠤ ᠂ ᠨᠢᠭᠡ ᠎ᠶᠡᠷᠦᠩᠬᠡᠢ ᠪᠡᠯᠡ ᠣᠷᠣᠭᠤᠯᠤᠯᠲᠠ ᠨᠢ 12 ᠳ᠋ᠦᠩᠰᠢᠭᠤᠷ ᠲᠥᠭᠥᠷᠢᠭ᠎ᠦᠨ ᠳᠤᠭᠤᠢᠯᠠᠪᠤᠷᠢ᠎ᠶᠢᠨ ᠠᠵᠤ ᠦᠢᠯᠡᠰ᠎ᠦᠨ ᠰᠠᠭᠤᠷᠢᠨ ᠭᠠᠵᠠᠷ᠎ᠤᠨ ᠲᠥᠷᠥᠯ ᠵᠦᠢᠯ᠎ᠳᠦ ᠬᠣᠶᠠᠳᠠᠭᠢ ᠤᠳᠠᠭᠠᠨ᠎ᠤ ᠣᠷᠴᠢᠨ ᠠᠬᠤᠢ᠎ᠶᠢᠨ ᠨᠥᠯᠥᠭᠡᠯᠡᠯ᠎ᠦᠨ ᠦᠨᠡᠯᠡᠯᠲᠡ᠎ᠶᠢ ᠵᠠᠷᠯᠠᠨ ᠨᠡᠢᠲᠡᠯᠡᠭᠰᠡᠨ ᠶᠠᠪᠤᠳᠠᠯ ᠨᠢ ᠮᠠᠨ᠎ᠤ ᠤᠯᠤᠰ ᠠᠭᠠᠷ᠎ᠤᠨ ᠠᠶᠠᠯᠠᠯ᠎ᠤᠨ ᠳᠤᠭᠤᠢᠯᠠᠪᠤᠷᠢ᠎ᠶᠢᠨ 《 ᠪᠤᠭᠤᠮᠢ》 ᠎ᠶᠢᠨ ᠬᠦᠴᠢᠷᠳᠡᠯ ᠢ᠋ ᠰᠢᠢᠳᠪᠦᠷᠢᠯᠡᠵᠦ᠂ ᠳᠡᠭᠡᠳᠦ ᠲᠠᠰ᠎ᠤᠨ ᠳᠤᠭᠤᠢᠯᠠᠪᠤᠷᠢ ᠦᠢᠯᠡᠳᠬᠦ ᠬᠦᠷᠢᠶᠡᠨ᠎ᠳᠦ ᠵᠠᠩᠭᠢᠯᠠᠭ᠎ᠠ᠎ᠶᠢᠨ ᠠᠯᠬᠤᠮ ᠢ᠋ ᠠᠯᠬᠤᠭᠰᠠᠨ ᠢ᠋ ᠬᠠᠷᠠᠭᠤᠯᠵᠤ ᠪᠠᠢᠨ᠎ᠠ᠃ ᠲᠣᠰ ᠲᠥᠷᠥᠯ ᠵᠦᠢᠯ᠎ᠢ ᠬᠤᠸᠠᠩ ᠫᠦ᠋ ᠬᠥᠷᠳᠥ (ᠥᠪᠥᠷ ᠮᠣᠩᠭᠤᠯ) ᠎ᠶ᠋ᠢᠨ ᠮᠡᠷᠭᠡᠵᠢᠯ᠎ᠤᠨ ᠬᠢᠵᠠᠭᠠᠷᠲᠤ ᠺᠣᠮᠫᠠᠨᠢ ᠪᠠᠯᠠ ᠣᠷᠣᠭᠤᠯᠤᠨ ᠪᠠᠢᠭᠤᠯᠵᠤ᠂ ᠠᠭᠠᠷ᠎ᠤᠨ ᠠᠶᠠᠯᠠᠯ᠎ᠤᠨ ᠬᠦᠷᠳᠦ ᠬᠢᠭᠡᠳ ᠣᠨᠴᠠ ᠲᠥᠷᠥᠯ᠎ᠤᠨ ᠳᠤᠭᠤᠢᠯᠠᠪᠤᠷᠢ᠎ᠶ᠋ᠢᠨ ᠭᠤᠤᠯ ᠤᠷᠤᠯᠳᠤᠭᠠᠨ᠎ᠤ ᠵᠠᠮ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠣᠷᠣᠨ ᠪᠦᠰᠡ᠎ᠶ᠋ᠢᠨ ᠳᠡᠭᠡᠳᠦ ᠲᠠᠰ᠎ᠤᠨ ᠳᠤᠭᠤᠢᠯᠠᠪᠤᠷᠢ ᠦᠶ᠋ᠯᠡᠳᠬᠦ᠌ ᠬᠤᠭᠤᠰᠣᠨ᠎ᠢ ᠨᠦᠬᠦᠪᠦᠷᠢᠯᠡᠪᠡ᠃

  ᠳᠡᠭᠡᠳᠦ ᠳᠡᠰ᠎ᠲᠤ ᠠᠩᠬᠠᠷᠤᠯ᠎ᠢᠶᠠᠨ ᠲᠥᠪᠯᠡᠷᠡᠭᠦᠯᠵᠦ᠍᠂ ᠲᠤᠰᠭᠠᠶ ᠮᠡᠷᠭᠡᠵᠢᠯ᠎ᠤᠨ ᠳᠤᠭᠤᠢᠯᠠᠪᠤᠷᠢ᠎ᠶ᠋ᠢᠨ ᠦᠢᠯᠡᠳᠪᠦᠷᠢᠯᠡᠯ᠎ᠤᠨ ᠱᠤᠭᠤᠮ᠎ᠢ ᠪᠣᠶ ᠪᠣᠯᠭᠠᠨ᠎ᠠ

  ᠣᠷᠴᠢᠨ ᠲᠣᠭᠣᠷᠢᠨ᠎ᠤ ᠨᠥᠯᠥᠭᠡᠯᠡᠯ᠎ᠦᠨ ᠦᠨᠡᠯᠡᠯᠲᠡ᠎ᠶᠢᠨ ᠪᠢᠴᠢᠭ ᠮᠠᠲᠧᠷᠢᠶᠠᠯ᠎ᠢ ᠦᠨᠳᠦᠰᠦᠯᠡᠪᠡᠯ᠂ ᠲᠣᠰ ᠲᠥᠷᠥᠯ ᠵᠦᠢᠯ᠎ᠢ ᠬᠥᠬᠡᠬᠣᠲᠠ᠎ᠶᠢᠨ ᠠᠵᠤ ᠠᠬᠤᠢ ᠮᠡᠷᠭᠡᠵᠢᠯ᠎ᠦᠨ ᠨᠡᠭᠡᠭᠡᠯᠲᠡ᠎ᠶᠢᠨ ᠲᠣᠭᠣᠷᠢᠭ᠋᠎ᠲᠤ ᠪᠠᠢᠷᠢᠯᠠᠭᠤᠯᠤᠨ᠂ 2 ᠵᠤᠷᠪᠤᠰ ᠭᠣᠣᠯ ᠳᠤᠭᠤᠢᠯᠠᠪᠤᠷᠢ᠎ᠶᠢᠨ ᠦᠢᠯᠡᠳᠪᠦᠷᠢᠯᠡᠯ᠎ᠦᠨ ᠱᠤᠭᠤᠮ᠎ᠢ ᠲᠥᠯᠥᠪᠵᠢᠭᠦᠯᠦᠨ ᠪᠦᠲᠦᠭᠡᠨ ᠪᠠᠢᠭᠤᠯᠤᠨ᠎ᠠ᠃ ᠠᠱᠢᠭ᠍ᠯᠠᠯᠲᠠ᠎ᠳᠤ ᠤᠷᠤᠭ᠍ᠰᠠᠨ᠎ᠤ ᠳᠠᠷᠠᠭ᠎ᠠ᠂ ᠵᠢᠯ᠎ᠳᠤ 8 ᠲᠦᠮᠡᠨ ᠣᠨᠴᠠ ᠲᠥᠷᠥᠯ᠎ᠤᠨ ᠳᠤᠭᠤᠢᠯᠠᠪᠤᠷᠢ ᠪᠠ 3 ᠲᠦᠮᠡᠨ ᠵᠤᠷᠪᠤᠰ ᠠᠭᠠᠷ᠎ᠤᠨ ᠠᠶᠠᠯᠠᠯ᠎ᠤᠨ ᠳᠤᠭᠤᠢᠯᠠᠪᠤᠷᠢ (1.5 ᠲᠦᠮᠡᠨ ᠵᠤᠷᠪᠤᠰ ᠱᠢᠨᠡᠳᠭᠡᠭ᠌ᠰᠡᠨ ᠳᠤᠭᠤᠢᠯᠠᠪᠤᠷᠢ ᠪᠠᠭ᠍ᠲᠠᠨ᠎ᠠ) ᠎ᠤᠨ ᠦᠢᠯᠡᠳᠪᠦᠷᠢᠯᠡᠬᠦ᠌ ᠴᠢᠳᠠᠪᠤᠷᠢ᠎ᠶ᠋ᠢᠨ ᠬᠡᠪᠴᠢᠶ᠎ᠡ᠎ᠶ᠋ᠢ ᠪᠦᠷᠢᠯᠳᠦᠭᠦᠯᠦᠨ᠎ᠡ᠃ ᠡᠨᠡ ᠬᠦ᠌ ᠨᠠᠷᠢᠯᠢᠭ᠋ ᠣᠨᠣᠴᠠᠲᠠᠢ ᠦᠢᠯᠡᠳᠪᠦᠷᠢᠯᠡᠬᠦ ᠴᠢᠳᠠᠪᠤᠷᠢ᠎ᠶᠢᠨ ᠲᠥᠯᠦᠪᠵᠢᠭᠦᠯᠭᠡ ᠨᠢ ᠮᠡᠷᠭᠡᠵᠢᠯ᠎ᠦᠨ ᠪᠡᠬᠢᠯᠡᠯᠲᠡ᠎ᠪᠡᠷ ᠬᠠᠮᠤᠭ᠎ᠤᠨ ᠥᠨᠳᠥᠷ᠂ ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠬᠡᠷᠡᠭᠴᠡᠭᠡ᠎ᠪᠡᠷ ᠬᠠᠮᠤᠭ᠎ᠤᠨ ᠪᠠᠴᠢᠮ ᠪᠠᠢᠭ᠎ᠠ ᠳᠤᠭᠤᠢᠯᠠᠪᠤᠷᠢ᠎ᠶᠢ ᠨᠠᠷᠢᠨ ᠬᠤᠪᠢᠶᠠᠬᠤ ᠬᠦᠷᠢᠶ᠎ᠡ᠎ᠶᠢ ᠰᠢᠭᠤᠳ ᠵᠢᠭᠠᠵᠤ ᠪᠠᠢᠨ᠎ᠠ᠃ 

  ᠡᠨᠡ ᠬᠦ᠌ ᠬᠠᠷᠠᠯᠲᠠ᠎ᠶ᠋ᠢ ᠪᠡᠶᠡᠯᠡᠭᠦᠯᠬᠦ᠌᠎ᠶ᠋ᠢᠨ ᠲᠥᠯᠥᠭᠡ᠂ ᠲᠥᠷᠥᠯ ᠵᠦᠢᠯ  ᠨᠢ 《ᠳᠦᠷᠢᠶᠡᠰᠦᠯᠡᠨ ᠬᠡᠷᠡᠭᠯᠡᠬᠦ + ᠱᠢᠨ᠎ᠡ᠎ᠪᠠᠷ ᠪᠠᠢᠭᠤᠯᠬᠤ》 ᠥᠨᠳᠥᠷ ᠪᠦᠲᠦᠮᠵᠢᠲᠡᠶ ᠵᠠᠭ᠍ᠪᠤᠷ᠎ᠢ ᠬᠡᠷᠡᠭ᠌ᠯᠡᠵᠦ᠍᠂ ᠤᠤᠯ᠎ᠤᠨ ᠦᠢᠯᠡᠳᠪᠦᠷᠢ᠎ᠶ᠋ᠢᠨ ᠲᠣᠭᠤᠷᠢᠭ᠎ᠢ ᠲᠦᠷᠢᠶᠡᠰᠦᠯᠡᠨ ᠬᠡᠷᠡᠭ᠌ᠯᠡᠭ᠌ᠰᠡᠨ ᠰᠠᠭᠤᠷᠢᠨ ᠳᠡᠭᠡᠷ᠎ᠡ᠂ ᠲᠦᠭᠦᠬᠡᠶ ᠮᠠᠲ᠋ᠧᠷᠢᠶᠠᠯ᠎ᠤᠨ ᠦᠢᠯᠡᠳᠪᠦᠷᠢ᠎ᠶ᠋ᠢᠨ ᠲᠠᠰᠤᠭ᠂ ᠴᠠᠪᠠᠤ ᠪᠣᠯᠪᠠᠰᠤᠷᠠᠭᠤᠯᠬᠤ ᠦᠢᠯᠡᠳᠪᠦᠷᠢ᠎ᠶ᠋ᠢᠨ ᠲᠠᠰᠤᠭ ᠵᠡᠷᠭᠡ ᠵᠠᠩᠭᠢᠯᠠᠭ᠎ᠠ᠎ᠶ᠋ᠢᠨ ᠦᠢᠯᠡᠳᠪᠦᠷᠢᠯᠡᠯ᠎ᠤᠨ ᠲᠥᠬᠦᠭᠡᠷᠦᠮᠵᠢ᠎ᠶ᠋ᠢ ᠱᠢᠨ᠎ᠡ᠎ᠪᠠᠷ ᠪᠠᠢᠭᠤᠯᠵᠤ᠂ ᠵᠢᠱ᠌ᠢᠯᠲᠡ᠎ᠪᠠᠷ ᠪᠦᠲᠦᠭᠡᠨ ᠪᠠᠢᠭᠤᠯᠬᠤ ᠦᠶᠡᠯᠡᠯ᠎ᠤᠨ ᠬᠤᠭᠤᠴᠠᠭ᠎ᠠ᠎ᠨᠢ 12 ᠰᠠᠷ᠎ᠠ ᠪᠣᠯᠤᠨ᠎ᠠ᠃

  ᠮᠡᠷᠭᠡᠵᠢᠯ᠎ᠤᠨ ᠲᠠᠯ᠎ᠠ᠎ᠪᠠᠷ ᠪᠡᠶ᠎ᠡ᠎ᠪᠠᠨ ᠳᠠᠭᠠᠭᠠᠵᠤ᠂ 《ᠪᠣᠭᠤᠮᠢ》᠎ᠶᠢᠨ ᠬᠦᠴᠢᠷ ᠠᠰᠠᠭᠤᠳᠠᠯ᠎ᠢ  ᠰᠢᠢ᠍ᠳᠪᠦᠷᠢᠯᠡᠨ᠎ᠡ

  ᠠᠩᠬᠠᠷᠤᠭᠤᠱᠢᠲᠠᠶ᠎ᠨᠢ ᠭᠡᠪᠡᠯ᠂ ᠲᠣᠰ ᠲᠥᠷᠥᠯ ᠵᠦᠢᠯ᠎ᠳᠦ ᠬᠤᠸᠠᠩ ᠫᠦ᠋ ᠵᠢᠨ ᠳᠤᠭᠤᠢᠯᠠᠪᠤᠷᠢ᠎ᠶᠢᠨ ᠪᠡᠶ᠎ᠡ᠎ᠪᠡᠨ ᠳᠠᠭᠠᠭᠠᠵᠤ ᠰᠤᠳᠤᠯᠤᠨ ᠦᠢᠯᠡᠳᠦᠭᠰᠡᠨ ᠳᠤᠭᠤᠢᠯᠠᠪᠤᠷᠢ ᠦᠢᠯᠡᠳᠬᠦ ᠮᠡᠷᠭᠡᠵᠢᠯ᠎ᠢ ᠪᠥᠬᠥ ᠲᠠᠯ᠎ᠠ᠎ᠪᠠᠷ ᠬᠡᠷᠡᠭᠯᠡᠬᠦ ᠪᠣᠯᠣᠨ᠎ᠠ᠃ ᠡᠨᠡ ᠪᠣᠯ ᠡᠷᠳᠡᠮ ᠰᠢᠨᠵᠢᠯᠡᠭᠡᠨ᠎ᠦ᠌ ᠬᠦᠴᠦᠷᠬᠡᠭ ᠶᠡᠬᠡ ᠪᠣᠳᠠᠲᠤ ᠬᠦᠴᠦᠨ ᠪᠣᠯᠤᠨ᠎ᠠ᠃ ᠲᠥᠷᠥᠯ ᠵᠦᠢᠯ᠎ᠤᠨ ᠪᠡᠯᠡ ᠣᠷᠣᠭᠤᠯᠤᠯᠲᠠ᠎ᠶ᠋ᠢᠨ ᠲᠠᠯ᠎ᠠ᠎ᠶ᠋ᠢᠨ ᠬᠤᠸᠠᠩ ᠫᠦ᠋ ᠬᠦᠷᠳᠦ (ᠥᠪᠥᠷ ᠮᠣᠩᠭᠤᠯ) ᠎ᠶ᠋ᠢᠨ ᠮᠡᠷᠭᠡᠵᠢᠯ᠎ᠤᠨ ᠬᠢᠵᠠᠭᠠᠷᠲᠤ ᠺᠣᠮᠫᠠᠨᠢ᠂ ᠭᠤᠸᠠᠩᠳᠦ᠋ᠩ ᠱᠢᠶᠠᠩᠭᠠᠩ ᠣᠣᠮᠧᠨ᠎ᠤ ᠶᠡᠭᠡ ᠪᠤᠯᠤᠩ᠎ᠤᠨ ᠣᠷᠣᠨ᠎ᠤ ᠬᠤᠸᠠᠩ ᠫᠦ᠋᠎ᠶ᠋ᠢᠨ ᠮᠠᠲ᠋ᠧᠷᠢᠶᠠᠯ᠎ᠤᠨ ᠰᠤᠳᠤᠯᠭᠠᠨ᠎ᠤ ᠬᠦᠷᠢᠶᠡᠯᠡᠩ(ᠰᠲ᠋ᠣᠺ ᠡᠵᠡᠮᠰᠢᠬᠦ᠎ᠨᠢ 70%) ᠬᠢᠭᠡᠳ ᠥᠪᠥᠷ ᠮᠣᠩᠭᠤᠯ᠎ᠤᠨ ᠵᠢᠶᠠᠨ ᠲᠦᠩ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠥᠭ᠌ᠵᠢᠭᠦᠯᠦᠯᠲᠡ᠎ᠶ᠋ᠢᠨ ᠪᠦᠯᠦᠭ᠌ᠯᠡᠯ᠎ᠤᠨ ᠬᠢᠵᠠᠭᠠᠷᠲᠤ ᠺᠣᠮᠫᠠᠨᠢ (ᠰᠲ᠋ᠣᠺ ᠡᠵᠡᠮᠰᠢᠬᠦ᠎ᠨᠢ 30%) ᠎ᠲᠠᠢ ᠪᠡᠯᠡ ᠨᠡᠢᠯᠡᠭᠦᠯᠦᠨ ᠪᠠᠢᠭᠤᠯᠤᠭ᠍ᠳᠠᠪᠠ᠃

  ᠲᠣᠰ ᠲᠥᠷᠥᠯ ᠵᠦᠢᠯ᠎ᠢ ᠨᠠᠢᠳᠠᠪᠤᠷᠢᠵᠢᠭᠤᠯᠤᠭ᠍ᠰᠠᠨ᠎ᠨᠢ ᠤᠯᠤᠰ᠎ᠤᠨ ᠲᠠᠰ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠤᠨ ᠬᠤᠱᠢᠭᠤᠷᠠᠯ ᠮᠡᠷᠭᠡᠵᠢᠯ᠎ᠤᠨ ᠦᠷ᠎ᠡ ᠪᠦᠲᠦᠭᠡᠯ᠎ᠢ ᠠᠵᠤ ᠦᠢᠯᠡᠰᠵᠢᠭᠦᠯᠦᠨ ᠬᠤᠪᠢᠷᠠᠭᠤᠯᠬᠤ ᠴᠢᠬᠤᠯᠠ ᠶᠡᠭᠡ ᠦᠢᠯᠡᠳᠦᠯᠭᠡ ᠪᠣᠯᠤᠨ᠎ᠠ᠃ ᠲᠡᠷᠡ ᠨᠢ ᠲᠤᠷᠰᠢᠯᠲᠠ᠎ᠶᠢᠨ ᠲᠠᠰᠤᠭ᠎ᠤ᠋ᠨ ᠵᠠᠩᠭᠢᠯᠠᠭ᠎ᠠ᠎ᠶᠢᠨ ᠮᠡᠷᠭᠡᠵᠢᠯ᠎ᠢ᠋ ᠦᠢᠯᠡᠳᠪᠦᠷᠢᠯᠡᠯ᠎ᠦ᠋ᠨ ᠰᠦᠯᠵᠢᠶᠡᠨ ᠳᠡᠭᠡᠷᠡᠬᠢ ᠳᠡᠭᠡᠳᠦ ᠳᠡᠰ᠎ᠦ᠋ᠨ ᠦᠢᠯᠡᠳᠬᠦᠨ ᠪᠣᠯᠭᠠᠨ ᠬᠤᠪᠢᠷᠠᠭᠤᠯᠵᠤ᠂ ᠮᠠᠨ᠎ᠤ᠋ ᠤᠯᠤᠰ᠎ᠤ᠋ᠨ ᠠᠭᠠᠷ᠎ᠤ᠋ᠨ ᠠᠶᠠᠯᠠᠯ᠎ᠤ᠋ᠨ ᠬᠦᠷᠳᠦ ᠵᠢᠴᠢ ᠣᠨᠴᠠ ᠲᠥᠷᠥᠯ᠎ᠦ᠋ᠨ ᠢᠨᠵᠧᠨᠧᠷᠢᠩ᠎ᠦ᠋ᠨ ᠳᠤᠭᠤᠢᠯᠠᠪᠤᠷᠢ᠎ᠶᠢᠨ ᠬᠦᠷᠢᠶ᠎ᠡ ᠬᠡᠪᠴᠢᠶᠡᠨ᠎ᠳ᠋ᠦ᠍ ᠪᠡᠶ᠎ᠡ᠎ᠪᠡᠨ ᠳᠠᠭᠠᠭᠠᠵᠤ ᠡᠵᠡᠮᠳᠡᠵᠦ᠍ ᠪᠣᠯᠬᠤ ᠴᠢᠳᠠᠪᠤᠷᠢ᠎ᠶᠢ ᠪᠦᠲᠦᠮᠵᠢᠲᠡᠢ ᠳᠡᠭᠡᠭ᠌ᠱᠢᠯᠡᠭᠦᠯᠬᠦ᠌᠎ᠪᠡᠷ ᠵᠣᠷᠢᠯᠭ᠎ᠠ᠎ᠪᠠᠨ ᠪᠣᠯᠭᠠᠵᠠᠢ ᠃

  ᠠᠵᠤ ᠦᠢᠯᠡᠰ᠎ᠤᠨ ᠲᠡᠰ ᠲᠡᠪᠱᠢᠵᠦ᠍᠂ ᠤᠮᠠᠷᠠᠳᠤ ᠤᠷᠤᠨ᠎ᠤ ᠲᠤᠭᠤᠢᠯᠠᠪᠤᠷᠢ᠎ᠶ᠋ᠢᠨ ᠱᠢᠨ᠎ᠡ ᠦᠨᠳᠦᠷᠯᠢᠭ᠎ᠢ ᠪᠠᠢ᠌ᠭᠤᠯᠤᠨ᠎ᠠ

  ᠠᠭᠠᠷ᠎ᠤᠨ ᠠᠶᠠᠯᠠᠯ᠎ᠤᠨ ᠳᠤᠭᠤᠢᠯᠠᠪᠤᠷᠢ ᠨᠢ 《ᠠᠵᠤ ᠦᠢᠯᠡᠳᠪᠦᠷᠢ᠎ᠶᠢᠨ ᠬᠠᠭᠠᠨ᠎ᠤ ᠲᠢᠲᠢᠮ ᠳᠡᠭᠡᠷᠡᠬᠢ ᠬᠡᠷᠡᠯᠳᠦ ᠰᠤᠪᠤᠳ》 ᠬᠡᠮᠡᠭᠳᠡᠪᠡ᠃ ᠲᠥᠷᠥᠯ ᠵᠦᠢᠯ ᠪᠠᠢᠭᠤᠯᠤᠭ᠍ᠳᠠᠭ᠍ᠰᠠᠨ᠎ᠤ ᠳᠠᠷᠠᠭ᠎ᠠ᠂ ᠤᠮᠠᠷᠠᠲᠤ ᠣᠷᠣᠨ᠎ᠤ ᠮᠡᠷᠭᠡᠵᠢᠯ᠎ᠤᠨ ᠲᠡᠷᠢᠭᠦᠨ᠎ᠤ ᠠᠭᠠᠷ᠎ᠤᠨ ᠠᠶᠠᠯᠠᠯ ᠵᠢᠴᠢ ᠣᠨᠴᠠ ᠲᠥᠷᠥᠯ᠎ᠤᠨ ᠳᠤᠭᠤᠢᠯᠠᠪᠤᠷᠢ᠎ᠶ᠋ᠢ ᠰᠤᠳᠤᠯᠤᠨ ᠨᠡᠭᠡᠭᠡᠬᠦ᠌ ᠪᠠ ᠦᠶ᠋ᠯᠡᠳᠬᠦ᠌ ᠰᠠᠭᠤᠷᠢᠨ ᠭᠠᠵᠠᠷ ᠪᠣᠯᠬᠤ ᠪᠣᠯᠤᠮᠵᠢᠲᠠᠶ ᠪᠠᠢᠵᠤ᠂ ᠣᠷᠣᠨ ᠨᠤᠲᠤᠭ᠎ᠤᠨ ᠠᠵᠤ ᠠᠬᠤᠶ᠎ᠳᠤ ᠬᠦᠴᠦᠷᠬᠡᠭ ᠶᠡᠭᠡ ᠱᠢᠨᠵᠢᠯᠡᠬᠦ᠌ ᠤᠬᠠᠭᠠᠨ ᠮᠡᠷᠭᠡᠵᠢᠯ᠎ᠤᠨ ᠬᠥᠳᠡᠯᠭᠡᠬᠦ᠌ ᠬᠦᠴᠦᠨ ᠨᠡᠮᠡᠷᠢᠯᠡᠭ᠌ᠰᠡᠨ ᠪᠥᠭᠡᠳ ᠮᠠᠨ᠎ᠤ ᠤᠯᠤᠰ᠎ᠤᠨ ᠠᠭᠠᠷ᠎ᠤᠨ ᠠᠶᠠᠯᠠᠯ᠎ᠤᠨ ᠢᠵᠢ ᠪᠦᠷᠢᠳᠦᠭᠦᠯᠬᠦ᠌ ᠠᠵᠤ ᠦᠢᠯᠡᠰ᠎ᠤᠨ ᠬᠡᠯᠬᠢᠶ᠎ᠡ᠎ᠶ᠋ᠢᠨ ᠪᠠᠢᠷᠢᠯᠠᠭᠤᠯᠤᠯᠲᠠ᠎ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ᠌ ᠪᠣᠯᠤᠨ᠎ᠠ᠃

ᠢᠷᠡᠯᠲᠡ᠄ ᠳᠤᠭᠤᠢᠯᠠᠪᠤᠷᠢ ᠰᠤᠨᠢᠨ᠎ᠤ ᠸᠢᠴᠠᠲ᠎ᠶ᠋ᠢᠨ ᠤᠯᠠᠨ ᠨᠡᠢᠲᠡ᠎ᠶ᠋ᠢᠨ ᠲᠠᠪᠴᠠᠩ
          
ᠬᠠᠮᠢᠶ᠎ᠡ ᠪᠦᠬᠦᠢ ᠰᠣᠨᠢᠨ
 
            