11 ᠳ᠋ᠦ᠍ᠭᠡᠷ ᠰᠠᠷ᠎ᠠ᠎ᠶ᠋ᠢᠨ 26 ᠤ ᠡᠳᠦᠷ᠂ ᠤᠯᠠᠭᠠᠨᠴᠠᠪ ᠬᠤᠳᠠ᠎ᠶ᠋ᠢᠨ ᠨᠠᠮ᠎ᠤᠨ ᠬᠤᠷᠢᠶᠠᠨ᠎ᠤ ᠱᠦᠵᠢ ᠵᠧᠦ ᠺᠠᠢ᠂ ᠬᠤᠳᠠ᠎ᠶ᠋ᠢᠨ ᠨᠠᠮ᠎ᠤᠨ ᠬᠤᠷᠢᠶᠠᠨ᠎ᠤ ᠳᠡᠳ᠋ ᠱᠦᠵᠢ᠂ ᠬᠤᠳᠠ᠎ᠶ᠋ᠢᠨ ᠳᠠᠷᠤᠭ᠎ᠠ ᠯᠢᠦ ᠬᠠᠢ ᠴᠢᠤᠸᠠᠨ ᠬᠢᠭᠡᠳ ᠴᠢᠨ ᠬᠤᠸᠠᠢ ᠳ᠋ᠠᠢᠲ᠋ᠠ᠎ᠶ᠋ᠢᠨ ᠪᠦᠯᠦᠭ᠌ᠯᠡᠯ᠎ᠤᠨ ᠲᠡᠷᠢᠭᠦᠨ ᠪᠠᠢᠯᠳᠤᠬᠤ ᠪᠣᠳᠣᠯᠭ᠎ᠠ᠎ᠶ᠋ᠢᠨ ᠳᠠᠷᠤᠭ᠎ᠠ ᠸᠠᠩ ᠬᠠᠨ ᠪᠢᠩ ᠨᠡᠷ᠎ᠲᠠᠢ ᠬᠤᠷᠠᠯ ᠬᠢᠪᠡ᠃
ᠵᠧᠦ ᠺᠠᠶ ᠸᠠᠩ ᠬᠠᠨ ᠪᠢᠩ ᠨᠡᠷ᠎ᠤᠨ ᠬᠦᠷᠴᠦ᠍ ᠢᠷᠡᠭ᠌ᠰᠡᠨ᠎ᠢ ᠪᠠᠶᠠᠷᠯᠠᠨ ᠤᠭ᠍ᠲᠤᠵᠤ ᠪᠠᠢᠬᠤ᠎ᠪᠠᠨ ᠢᠯᠡᠳᠭᠡᠪᠡ᠃ ᠲᠡᠷᠡ ᠬᠡᠯᠡᠬᠦ᠌᠎ᠳᠡᠭᠡᠨ᠂ ᠣᠳᠣᠬᠠᠨ᠎ᠳᠤ᠂ ᠤᠯᠠᠭᠠᠨᠴᠠᠪ ᠶᠠᠭ ᠨᠠᠮ᠎ᠤᠨ ᠬᠤᠷᠢᠳᠤᠭᠠᠷ ᠬᠤᠭᠤᠴᠠᠭᠠᠨ᠎ᠤ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠤᠬᠠᠭᠤᠯᠵᠤ ᠲᠤᠭᠤᠱᠢᠯᠠᠭᠤᠯᠵᠤ ᠪᠠᠢᠨ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠥᠬᠦᠳᠡ ᠬᠤᠷᠠᠯ᠎ᠤᠨ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠪᠥᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠱᠢᠨ᠎ᠡ ᠶᠠᠰᠤ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠬᠥᠭ᠌ᠵᠢᠭᠦᠯᠵᠦ᠍᠂ ᠪᠤᠳᠤᠬᠤ ᠬᠦᠴᠦᠨ᠎ᠤ ᠠᠵᠤ ᠦᠢᠯᠡᠰ᠎ᠢ ᠶᠡᠬᠡᠪᠡᠷ ᠬᠥᠭ᠌ᠵᠢᠭᠦᠯᠦᠨ᠂ ᠪᠤᠳᠤᠬᠤ ᠴᠠᠬᠢᠯᠭᠠᠨ᠎ᠤ ᠭᠦᠨᠵᠡᠭᠡᠶ ᠠᠭᠤᠰᠤᠯᠴᠠᠯ᠂ ᠬᠠᠮᠵᠢᠯᠴᠠᠨ ᠬᠥᠭ᠌ᠵᠢᠬᠦ᠌᠎ᠶ᠋ᠢ ᠢᠳᠡᠪᠬᠢᠲᠡᠶ ᠠᠬᠢᠭᠤᠯᠵᠤ᠂ 《ᠱᠢᠨ᠎ᠡ ᠡᠨᠧᠷᠭᠢ + AI》 ᠬᠡᠷᠡᠭ᠌ᠯᠡᠭᠡᠨ᠎ᠤ ᠦᠵᠡᠭ᠌ᠳᠡᠯ᠎ᠢ ᠦᠷᠭᠦᠯᠵᠢᠯᠡᠨ ᠥᠷᠭᠡᠳᠭᠡᠵᠦ᠍᠂ ᠠᠵᠤ ᠦᠢᠯᠡᠰ᠎ᠤᠨ ᠪᠦᠲᠦᠴᠡ᠎ᠪᠠᠷ ᠨᠠᠩ ᠱᠢᠯᠢᠳᠡᠭ᠂ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ᠎ᠢᠶᠠᠷ ᠨᠠᠩ ᠴᠢᠩᠭ᠎ᠠ᠂ ᠬᠥᠭ᠌ᠵᠢᠯᠲᠡ᠎ᠶ᠋ᠢᠨ ᠰᠠᠭᠤᠷᠢ ᠥᠩᠭᠡ᠎ᠪᠠᠷ ᠨᠠᠩ ᠲᠤᠩᠭᠠᠯᠠᠭ ᠣᠳᠣᠬᠢᠴᠢᠯᠠᠭ᠍ᠰᠠᠨ ᠠᠵᠤ ᠦᠢᠯᠡᠰ᠎ᠤᠨ ᠱᠢᠰᠲ᠋ᠧᠮ᠎ᠢ ᠪᠠᠢᠭᠤᠯᠵᠤ ᠪᠠᠢᠨ᠎ᠠ᠃ ᠴᠢᠨ ᠬᠤᠸᠠᠢ ᠳ᠋ᠠᠢᠲ᠋ᠠ᠎ᠶ᠋ᠢᠨ ᠪᠦᠯᠦᠭ᠌ᠯᠡᠯ᠎ᠤᠨ ᠪᠠᠢᠯᠳᠤᠬᠤ ᠪᠣᠳᠣᠯᠭ᠎ᠠ᠎ᠶ᠋ᠢᠨ ᠪᠠᠢᠷᠢᠱᠢᠭᠤᠯᠤᠯ᠎ᠨᠢ ᠮᠠᠨ᠎ᠤ ᠬᠤᠲᠠ᠎ᠶ᠋ᠢᠨ ᠠᠵᠤ ᠦᠢᠯᠡᠰ᠎ᠤᠨ ᠬᠥᠭ᠌ᠵᠢᠯᠲᠡ᠎ᠶ᠋ᠢᠨ ᠴᠢᠭ᠌ᠯᠡᠯ᠎ᠲᠠᠢ ᠳᠡᠭᠡᠳᠦ ᠬᠡᠮᠵᠢᠶ᠎ᠡ᠎ᠪᠠᠷ ᠨᠡᠢᠴᠡᠵᠦ᠍ ᠪᠠᠢᠨ᠎ᠠ᠃ ᠠᠵᠤ ᠠᠬᠤᠢᠯᠠᠯ᠎ᠤᠨ᠎ᠬᠢᠨ ᠲᠤᠰ ᠪᠡᠶ᠎ᠡ᠎ᠶ᠋ᠢᠨ ᠳᠠᠪᠠᠭᠤᠯᠢᠭ᠎ᠢᠶᠠᠨ ᠭᠦᠢᠴᠡᠳ ᠪᠠᠳᠠᠷᠠᠭᠤᠯᠵᠤ᠂ ᠤᠯᠠᠭᠠᠨᠴᠠᠪ᠎ᠤᠨ ᠪᠤᠳᠤᠬᠤ ᠬᠦᠴᠦᠨ᠎ᠤ ᠠᠵᠤ ᠦᠢᠯᠡᠰ᠎ᠤᠨ ᠬᠥᠭ᠌ᠵᠢᠯᠲᠡ᠎ᠳᠤ ᠢᠳᠡᠪᠬᠢᠲᠡᠢ ᠣᠷᠣᠯᠴᠠᠬᠤ᠎ᠶ᠋ᠢ ᠬᠦᠰᠡᠵᠦ᠍ ᠪᠠᠢᠨ᠎ᠠ᠃ ᠪᠢᠳᠡ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠡᠯ᠎ᠡ ᠲᠦᠷᠦᠯ᠎ᠤᠨ ᠡᠯᠧᠮᠧᠨ᠋ᠲ᠎ᠤᠨ ᠪᠠᠲᠤᠯᠠᠭ᠎ᠠ᠎ᠶ᠋ᠢ ᠴᠢᠩᠭᠠᠳᠭᠠᠵᠤ᠂ ᠬᠤᠶᠠᠷ ᠲᠠᠯ᠎ᠠ᠎ᠶ᠋ᠢᠨ ᠬᠠᠮᠲᠤᠷᠠᠯᠴᠠᠭᠠᠨ᠎ᠤ ᠵᠦᠢᠯᠡᠰ᠎ᠢ ᠡᠷᠲᠡ ᠨᠠᠢᠳᠠᠪᠤᠷᠢᠵᠢᠭᠤᠯᠵᠤ᠂ ᠡᠷᠲᠡ ᠦᠷ᠎ᠡ ᠪᠦᠲᠦᠮᠵᠢ ᠤᠯᠬᠤ᠎ᠶ᠋ᠢ ᠪᠦᠬᠦ᠌ ᠬᠦᠴᠦᠨ᠎ᠢᠶᠠᠷ᠎ᠢᠶᠠᠨ ᠠᠬᠢᠭᠤᠯᠵᠤ᠂ ᠬᠠᠷᠢᠯᠴᠠᠨ ᠠᠱᠢᠭ᠍ᠲᠠᠢ ᠬᠠᠮᠲᠤ᠎ᠪᠠᠷ ᠠᠱᠢᠭ ᠬᠦᠷᠳᠡᠬᠦ᠌᠎ᠶ᠋ᠢ ᠪᠡᠶᠡᠯᠡᠭᠦᠯᠦᠨ᠎ᠡ ᠭᠡᠵᠡᠢ᠃
ᠸᠠᠩ ᠬᠠᠨ ᠪᠢᠩ ᠲᠦᠷᠦᠯ ᠵᠦᠢᠯ᠎ᠤᠨ ᠡᠮᠦᠨᠡᠬᠢ ᠬᠤᠭᠤᠴᠠᠭᠠᠨ᠎ᠤ ᠠᠵᠢᠯ᠎ᠤᠨ ᠠᠬᠢᠴᠠ᠎ᠶ᠋ᠢ ᠲᠠᠨᠢᠯᠴᠠᠭᠤᠯᠵᠤ᠂ ᠤᠯᠠᠭᠠᠨᠴᠠᠪ ᠬᠤᠳᠠ᠎ᠶ᠋ᠢᠨ ᠨᠠᠮ᠎ᠤᠨ ᠬᠤᠷᠢᠶ᠎ᠠ᠂ ᠬᠤᠳᠠ᠎ᠶ᠋ᠢᠨ ᠵᠠᠰᠠᠭ᠎ᠤᠨ ᠣᠷᠳᠣᠨ᠎ᠠᠴᠠ ᠠᠵᠤ ᠠᠬᠤᠢᠯᠠᠯ᠎ᠳᠤ ᠦᠵᠡᠭᠦᠯᠦᠭ᠌ᠰᠡᠨ ᠬᠠᠯᠠᠮᠵᠢᠯᠠᠯ ᠳᠡᠮᠵᠢᠯᠭᠡ᠎ᠳᠤ ᠲᠠᠯᠠᠷᠬᠠᠵᠤ ᠪᠠᠢᠬᠤ᠎ᠪᠠᠨ ᠢᠯᠡᠳᠭᠡᠪᠡ᠃ ᠲᠡᠷᠡ᠂ ᠴᠢᠨ ᠬᠤᠸᠠᠢ ᠳ᠋ᠠᠢᠲ᠋ᠠ᠎ᠶ᠋ᠢᠨ ᠪᠦᠯᠦᠭ᠌ᠯᠡᠯ ᠤᠯᠠᠭᠠᠨᠴᠠᠪᠯᠤᠭᠠᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠮᠲᠤᠷᠠᠯᠴᠠᠭ᠎ᠠ᠎ᠶ᠋ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠤᠯᠠᠭᠠᠨᠴᠠᠪ᠎ᠤᠨ ᠡᠬᠢ ᠪᠠᠶᠠᠯᠢᠭ᠎ᠤᠨ ᠳᠠᠪᠠᠭᠤᠯᠢᠭ ᠪᠣᠯᠤᠨ ᠠᠵᠤ ᠦᠢᠯᠡᠰ᠎ᠤᠨ ᠪᠠᠢᠷᠢᠱᠢᠭᠤᠯᠤᠯᠲᠠ᠎ᠳᠤ ᠰᠠᠭᠤᠷᠢᠯᠠᠵᠤ᠂ ᠤᠯᠤᠯᠴᠠᠭ᠎ᠠ ᠵᠣᠯᠭᠠᠯᠴᠠᠭ᠎ᠠ᠎ᠪᠠᠨ ᠦᠷᠭᠦᠯᠵᠢᠯᠡᠨ ᠭᠦᠨᠵᠡᠭᠡᠢᠷᠡᠭᠦᠯᠵᠦ᠍᠂ ᠲᠦᠷᠦᠯ ᠵᠦᠢᠯ᠎ᠢ ᠨᠠᠢᠳᠠᠪᠤᠷᠢᠵᠢᠭᠤᠯᠤᠨ ᠪᠦᠳᠦᠭᠡᠨ ᠪᠠᠢᠭᠤᠯᠬᠤ᠎ᠶ᠋ᠢ ᠲᠦᠷᠭᠡᠳᠭᠡᠨ ᠠᠬᠢᠭᠤᠯᠵᠤ᠂ ᠤᠯᠠᠭᠠᠨᠴᠠᠪ᠎ᠤᠨ ᠴᠢᠨᠠᠷ ᠰᠠᠢᠲᠠᠢ ᠬᠥᠭ᠌ᠵᠢᠯᠲᠡ᠎ᠳᠤ ᠬᠦᠴᠦᠨ ᠴᠢᠳᠠᠯ᠎ᠢᠶᠠᠨ ᠡᠷᠭᠦᠬᠦ᠌᠎ᠪᠠᠷ ᠴᠢᠷᠮᠠᠢᠨ᠎ᠠ ᠭᠡᠵᠦ᠍ ᠬᠡᠯᠡᠪᠡ᠃
ᠵᠠᠩ ᠶᠦᠩ ᠸᠧᠨ᠂ ᠰᠦᠢ ᠵᠢᠶᠠᠨ ᠬᠤᠸᠠ᠂ ᠴᠠᠢ ᠶᠤᠸᠠᠢ ᠤᠷᠤᠯᠴᠠᠪᠠ᠃