ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠣᠨᠴᠠᠯᠢᠭᠲᠤ᠌ ᠳᠠᠪᠴᠠᠩ   -   ᠬᠤᠳᠠᠯᠳᠤᠭᠠᠴᠢᠨ ᠤᠷᠢᠵᠤ ᠪᠡᠯᠡ ᠲᠠᠲᠠᠬᠤ
ᠲᠥᠷᠥᠯ ᠵᠦᠢᠯ᠎ᠤᠨ ᠪᠡᠯᠡ ᠣᠷᠣᠭᠤᠯᠤᠯᠲᠠ — ᠶᠡᠷᠦᠩᠬᠡᠶ ᠪᠡᠯᠡ ᠣᠷᠣᠭᠤᠯᠤᠯᠲᠠ᠎ᠨᠢ 10 ᠳ᠋ᠦᠩᠱᠢᠭᠤᠷ ᠲᠥᠭᠦᠷᠢᠭ ᠯᠦᠩ ᠵᠢᠶ ᠥᠪᠥᠷ ᠮᠣᠩᠭᠤᠯ᠎ᠤᠨ 1.2GWh ᠲᠤᠰᠠᠭᠠᠷ ᠡᠨᠧᠷᠭᠢ ᠬᠠᠳᠠᠭᠠᠯᠠᠬᠤ ᠲᠥᠷᠥᠯ ᠵᠦᠢᠯ᠎ᠤᠨ ᠳᠠᠩᠰᠠᠯᠠᠭᠤᠯᠤᠯᠲᠠ
ᠨᠡᠶ᠋ᠢᠲᠡᠯᠡᠭᠰᠡᠨ ᠴᠠᠭ᠄ 2025-11-26

  2025 ᠣᠨ᠎ᠤ 11 ᠳ᠋ᠦ᠍ᠭᠡᠷ ᠰᠠᠷ᠎ᠠ᠎ᠶ᠋ᠢᠨ 25 ᠎ᠤ ᠡᠳᠦᠷ᠂ ᠥᠪᠥᠷ ᠮᠣᠩᠭᠤᠯ᠎ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠱᠢᠭᠤᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠠᠴᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠱᠢᠭᠤᠨ᠎ᠤ ᠭᠤᠸᠠᠩ ᠴᠦ᠋ ᡁᠢ ᠯᠢᠶᠠᠨ ᠱᠢᠨ᠎ᠡ ᠡᠨᠧᠷᠭᠢ᠎ᠶ᠋ᠢᠨ ᠬᠢᠵᠠᠭᠠᠷᠲᠤ ᠺᠣᠮᠫᠠᠨᠢ᠎ᠶ᠋ᠢᠨ 300MW / 1200 MWh ᠱᠢᠨ᠎ᠡ ᠬᠡᠯᠪᠡᠷᠢ᠎ᠶ᠋ᠢᠨ ᠲᠤᠰᠠᠭᠠᠷ ᠡᠨᠧᠷᠭᠢ ᠬᠠᠳᠠᠭᠠᠯᠠᠬᠤ ᠵᠢᠱ᠌ᠢᠶ᠎ᠡ ᠦᠵᠡᠭᠦᠯᠬᠦ᠌ ᠲᠥᠷᠥᠯ ᠵᠦᠢᠯ᠎ᠤᠨ ᠳᠠᠩᠰᠠᠯᠠᠭᠤᠯᠤᠭ᠍ᠰᠠᠨ ᠮᠡᠳᠡᠭᠡ ᠵᠠᠩᠭᠢ᠎ᠶ᠋ᠢ ᠨᠡᠢᠲᠡᠯᠡᠪᠡ᠃ ᠶᠡᠷᠦᠩᠬᠡᠢ ᠪᠡᠯᠡ ᠣᠷᠤᠭᠤᠯᠤᠯᠲᠠ᠎ᠨᠢ 100000 ᠲᠦᠮᠡᠨ ᠲᠥᠭᠦᠷᠢᠭ᠂ ᠡᠭᠦᠨ᠎ᠳᠤ ᠥᠪᠡᠷ᠎ᠤᠨ ᠪᠡᠯᠡ ᠮᠥᠩᠭᠦ᠎ᠨᠢ 20000 ᠲᠦᠮᠡᠨ ᠲᠥᠭᠦᠷᠢᠭ᠂ ᠪᠠᠩᠬᠢ᠎ᠶ᠋ᠢᠨ ᠵᠢᠭᠡᠯᠡᠯᠭᠡ 80000 ᠲᠦᠮᠡᠨ ᠲᠥᠭᠦᠷᠢᠭ  ᠭᠤᠶᠤᠴᠢᠯᠠᠪᠠ᠃ ᠪᠦᠲᠦᠭᠡᠨ ᠪᠠᠢᠭᠤᠯᠬᠤ ᠭᠠᠵᠠᠷ᠎ᠨᠢ ᠥᠪᠥᠷ ᠮᠣᠩᠭᠤᠯ᠎ᠤᠨ ᠬᠢᠩᠭᠠᠨ ᠠᠢᠮᠠᠭ᠎ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠱᠢᠭᠤᠨ᠎ᠳᠤ ᠪᠠᠢᠵᠤ᠂ ᠪᠠᠷᠢᠯᠭ᠎ᠠ᠎ᠶ᠋ᠢᠨ ᠬᠤᠭᠤᠴᠠᠭ᠎ᠠ᠎ᠶ᠋ᠢ 6 ᠰᠠᠷ᠎ᠠ᠎ᠪᠠᠷ ᠲᠦᠯᠦᠪᠯᠡᠪᠡ᠃ ᠲᠥᠷᠥᠯ ᠵᠦᠢᠯ᠎ᠤᠨ ᠪᠦᠲᠦᠭᠡᠨ ᠪᠠᠢᠭᠤᠯᠤᠯᠲᠠ 300MW / 1200MWh ᠹᠣᠰᠹᠣᠷ ᠬᠦᠴᠢᠯ᠎ᠤᠨ ᠲᠡᠮᠦᠷ ᠯᠢᠲ᠋ᠢ᠎ᠶ᠋ᠢᠨ ᠴᠠᠬᠢᠯᠭᠠᠨ ᠬᠢᠮᠢ᠎ᠶ᠋ᠢᠨ ᠡᠨᠧᠷᠭᠢ ᠬᠠᠳᠠᠭᠠᠯᠠᠬᠤ ᠥᠷᠲᠡᠭᠡ ᠨᠢᠭᠡ᠎ᠶ᠋ᠢ ᠪᠠᠢᠭᠤᠯᠵᠤ᠂ 220kV ᠬᠦᠴᠦᠳᠡᠯ ᠳᠡᠭᠡᠭ᠌ᠰᠢᠯᠡᠭᠦᠯᠬᠦ᠌ ᠥᠷᠲᠡᠭᠡ 1 ᠎ᠶ᠋ᠢ ᠢᠵᠢ ᠪᠦᠷᠢᠳᠦᠭᠦᠯᠦᠨ ᠪᠦᠲᠦᠭᠡᠨ ᠪᠠᠢᠭᠤᠯᠵᠤ᠂ 1 ᠪᠤᠴᠠᠯ ᠬᠡᠯᠬᠢᠶᠡᠨ᠎ᠦ 220kV ᠱᠤᠭᠤᠮ᠎ᠢᠶᠠᠷ ᠲᠤᠤ ᠾᠧ ᠮᠦ᠍᠎ᠶᠢᠨ 500kV ᠬᠦᠴᠦᠳᠡᠯ ᠥᠭᠡᠷᠡᠴᠢᠯᠡᠬᠦ ᠥᠷᠲᠡᠭᠡᠨ᠎ᠦ 220kV ᠲᠠᠯ᠎ᠠ᠎ᠳᠤ ᠵᠠᠯᠭᠠᠵᠤ ᠣᠷᠣᠭᠤᠯᠤᠨ᠎ᠠ᠃ ᠤᠮᠠᠷᠠᠲᠤ ᠲᠦᠢᠯ᠎ᠤᠨ ᠣᠳᠣᠨ ᠡᠨᠧᠷᠭᠢ ᠬᠠᠳᠠᠭᠠᠯᠠᠬᠤ ᠰᠦᠯᠵᠢᠶ᠎ᠡ᠎ᠠᠴᠠ ᠣᠢᠯᠠᠭᠠᠭ᠍ᠰᠠᠨ᠎ᠢᠶᠠᠷ᠂ ᠭᠤᠶᠤᠴᠢᠯᠠᠨ ᠮᠡᠳᠡᠭᠦᠯᠬᠦ᠌ ᠨᠢᠭᠡᠴᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠱᠢᠭᠤᠨ᠎ᠤ ᠭᠤᠸᠠᠩ ᠴᠦ᠋ ᡁᠢ ᠯᠢᠶᠠᠨ ᠱᠢᠨ᠎ᠡ ᠡᠨᠧᠷᠭᠢ᠎ᠶ᠋ᠢᠨ ᠬᠢᠵᠠᠭᠠᠷᠲᠤ ᠺᠣᠮᠫᠠᠨᠢ ᠪᠣᠯ ᠥᠪᠥᠷ ᠮᠣᠩᠭᠤᠯ᠎ᠤᠨ ᠬᠢᠩᠭᠠᠨ ᠠᠢᠮᠠᠭ᠎ᠤᠨ ᡁᠢ ᠼᠦᠨ ᠱᠢᠨ᠎ᠡ ᠡᠨᠧᠷᠭᠢ᠎ᠶ᠋ᠢᠨ ᠬᠢᠵᠠᠭᠠᠷᠲᠤ ᠺᠣᠮᠫᠠᠨᠢ᠎ᠶ᠋ᠢᠨ ᠪᠥᠬᠦ᠌ ᠬᠥᠷᠥᠩᠭᠡ᠎ᠶ᠋ᠢᠨ ᠬᠤᠪᠢᠶᠠᠷᠢ ᠺᠣᠮᠫᠠᠨᠢ᠂ ᠬᠤᠢᠨᠠᠬᠢ᠎ᠨᠢ ᠰᠢ ᠠᠨ᠎ᠤ ᠯᠦᠩ ᠵᠢᠶ ᠱᠢᠨ᠎ᠡ ᠡᠨᠧᠷᠭᠢ᠎ᠶ᠋ᠢᠨ ᠬᠢᠵᠠᠭᠠᠷᠲᠤ ᠺᠣᠮᠫᠠᠨᠢ᠎ᠶ᠋ᠢᠨ ᠪᠥᠬᠦ᠌ ᠬᠥᠷᠥᠩᠭᠡ᠎ᠶ᠋ᠢᠨ ᠳᠠᠭ᠋ᠠᠯᠳᠠ ᠺᠣᠮᠫᠠᠨᠢ ᠪᠣᠯᠤᠨ᠎ᠠ᠂ ᠬᠤᠢᠨ᠌ᠠᠬᠢ ᠨᠢ ᠰᠢ ᠠᠨ᠎ᠤ ᠯᠦᠩ ᠵᠢᠶ ᠱᠢᠨ᠌᠎ᠡ ᠡᠨ᠋ᠸᠷᠬᠢ᠎ᠶ᠋ᠢᠨ ᠬᠢᠵᠠᠭ᠍ᠠᠷᠲᠤ ᠺᠤᠮᠫᠠᠨ᠌ᠢ᠎ᠶ᠋ᠢᠨ ᠪᠦᠬᠦ᠌ ᠬᠥᠷᠥᠩᠭᠡ ᠎ᠶ᠋ᠢᠨ ᠳᠠᠭ᠋ᠠᠯᠳᠠ ᠺᠣᠮᠫᠠᠨᠢ ᠪᠤᠯᠤᠨ᠎ᠠ᠃ ᠳᠣᠣᠷᠠᠬᠢ ᠪᠣᠯ ᠠᠯᠪᠠᠨ ᠵᠠᠷ᠎ᠤᠨ ᠤᠭ ᠵᠣᠬᠢᠶᠠᠯ ᠪᠣᠯᠣᠨ᠎ᠠ᠄ 

  ᠲᠦᠷᠦᠯ ᠵᠦᠢᠯ᠎ᠢ ᠳᠠᠩᠰᠠᠯᠠᠭᠤᠯᠬᠤ ᠮᠡᠳᠡᠭ᠌ᠳᠡᠯ᠎ᠤᠨ ᠪᠢᠴᠢᠭ

  ᠲᠥᠷᠥᠯ ᠵᠦᠢᠯ᠎ᠤᠨ ᠺᠣᠳ᠋᠄ 2511-152222-04-05-293793

  ᠲᠥᠷᠥᠯ ᠵᠦᠢᠯ᠎ᠤᠨ ᠨᠢᠭᠡᠴᠢ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠱᠢᠭᠤᠨ᠎ᠤ ᠭᠤᠸᠠᠩ  ᠴᠦ᠋ ᡁᠢ ᠯᠢᠶᠠᠨ ᠱᠢᠨ᠎ᠡ ᠡᠨᠧᠷᠭᠢ᠎ᠶ᠋ᠢᠨ ᠬᠢᠵᠠᠭᠠᠷᠲᠤ ᠺᠣᠮᠫᠠᠨᠢ

  ᠲᠠᠨ᠎ᠤ ᠲᠤᠱᠢᠶᠠᠭ᠍ᠰᠠᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠱᠢᠭᠤᠨ᠎ᠤ ᠭᠤᠸᠠᠩ ᠴᠦ᠋ ᡁᠢ ᠯᠢᠶᠠᠨ ᠱᠢᠨ᠎ᠡ ᠡᠨᠧᠷᠭᠢ᠎ᠶ᠋ᠢᠨ ᠬᠢᠵᠠᠭᠠᠷᠲᠤ ᠺᠣᠮᠫᠠᠨᠢ᠎ᠶ᠋ᠢᠨ 300MW / 1200 MWh ᠱᠢᠨ᠎ᠡ ᠬᠡᠯᠪᠡᠷᠢ᠎ᠶ᠋ᠢᠨ ᠡᠨᠧᠷᠭᠢ ᠬᠠᠳᠠᠭᠠᠯᠠᠬᠤ ᠵᠢᠱ᠌ᠢᠶ᠎ᠡ ᠦᠵᠡᠭᠦᠯᠬᠦ᠌ ᠲᠥᠷᠥᠯ ᠵᠦᠢᠯ᠎ᠤᠨ ᠡᠨᠧᠷᠭᠢ᠎ᠶ᠋ᠢᠨ ᠲᠥᠷᠥᠯ᠎ᠤᠨ ᠲᠥᠷᠥᠯ ᠵᠦᠢᠯ᠎ᠢ ᠳᠠᠩᠰᠠᠯᠠᠬᠤ ᠲᠥᠷᠥᠯ ᠵᠦᠢᠯ ᠪᠣᠯ ᠠᠵᠤ ᠦᠢᠯᠡᠰ᠎ᠤᠨ ᠲᠥᠷᠥ᠎ᠶ᠋ᠢᠨ ᠪᠣᠳᠣᠯᠭ᠎ᠠ ᠪᠠ ᠵᠠᠬ᠎ᠠ ᠳᠡᠯᠭᠡᠭᠦᠷ᠎ᠲᠤ ᠣᠷᠣᠬᠤ᠎ᠶ᠋ᠢ ᠵᠥᠪᠱᠢᠶᠡᠷᠡᠬᠦ᠌ ᠪᠠᠷᠢᠮᠵᠢᠶ᠎ᠠ᠎ᠳᠤ ᠨᠡᠢᠴᠡᠵᠦ᠍᠂ ᠪᠦᠷᠢᠳᠭᠡᠨ ᠳᠠᠩᠰᠠᠯᠠᠭᠤᠯᠬᠤ᠎ᠶ᠋ᠢ ᠵᠥᠪᠱᠢᠶᠡᠷᠡᠨ᠎ᠡ᠃ ᠡᠭᠦᠨ᠎ᠢ ᠦᠨᠳᠦᠰᠦᠯᠡᠨ ᠬᠠᠮᠢᠶ᠎ᠠ ᠪᠦᠬᠦᠢ ᠠᠵᠢᠯ᠎ᠢ ᠥᠷᠨᠢᠭᠦᠯᠦᠭᠡᠷᠡᠢ ᠃ ᠠᠵᠢᠯ ᠡᠬᠢᠯᠡᠭᠦᠯᠦᠨ ᠪᠦᠲᠦᠭᠡᠨ ᠪᠠᠢᠭᠤᠯᠬᠤ᠎ᠠᠴᠠ ᠡᠮᠦᠨ᠎ᠡ ᠬᠠᠤᠯᠢ ᠴᠠᠭᠠᠵᠠ ᠬᠠᠤᠯᠢ ᠲᠣᠭ᠍ᠲᠠᠭᠠᠯ᠎ᠤᠨ ᠱᠠᠭᠠᠷᠳᠠᠯᠭ᠎ᠠ᠎ᠶ᠋ᠢᠨ ᠪᠤᠰᠤᠳ ᠭᠠᠷᠳᠠᠮ᠎ᠢ ᠭᠦᠢᠴᠡᠳᠭᠡᠬᠦ᠌ ᠬᠡᠷᠡᠭ᠌ᠲᠡᠶ᠂ ᠢᠩᠭᠢᠪᠡᠯ ᠰᠠᠶᠢ ᠠᠵᠢᠯ ᠡᠬᠢᠯᠡᠭᠦᠯᠵᠦ᠍ ᠪᠣᠯᠤᠨ᠎ᠠ᠃ ᠣᠨᠴᠠᠭᠠᠢᠯᠠᠨ  ᠮᠡᠳᠡᠭᠳᠡᠪᠡ! 

   ᠪᠦᠲᠦᠭᠡᠨ ᠪᠠᠢᠭᠤᠯᠬᠤ ᠭᠠᠵᠠᠷ᠄ ᠬᠢᠩᠭᠠᠨ ᠠᠢᠮᠠᠭ — ᠬᠤᠷᠴᠢᠨ ᠪᠠᠷᠠᠭᠤᠨ ᠭᠠᠷᠤᠨ ᠳᠤᠮᠳᠠᠳᠤ ᠬᠤᠱᠢᠭᠤ — ᠬᠢᠩᠭᠠᠨ ᠠᠢᠮᠠᠭ᠎ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠱᠢᠭᠤᠨ᠎ᠤ ᠲᠦᠯᠢᠶᠡᠮᠤᠳᠤ ᠪᠠᠯᠭᠠᠰᠤᠨ᠎ᠤ ᠬᠦᠨᠳᠡᠯᠡᠨ ᠭᠠᠴᠠᠭ᠎ᠠ

  ᠶᠡᠷᠦᠩᠬᠡᠢ ᠪᠡᠯᠡ ᠣᠷᠤᠭᠤᠯᠤᠯᠲᠠ᠄ 100000 ᠲᠦᠮᠡᠨ ᠲᠥᠭᠦᠷᠢᠭ᠂ ᠡᠭᠦᠨ᠎ᠳᠤ ᠥᠪᠡᠷ᠎ᠤᠨ ᠪᠡᠯᠡ ᠮᠥᠩᠭᠦ 20000 ᠲᠦᠮᠡᠨ ᠲᠥᠭᠦᠷᠢᠭ᠂ ᠪᠠᠩᠬᠢ᠎ᠶ᠋ᠢᠨ ᠵᠢᠭᠡᠯᠡᠯᠭᠡ ᠭᠤᠶᠤᠴᠢᠯᠠᠬᠤ᠄ 80000 ᠲᠦᠮᠡᠨ ᠲᠥᠭᠦᠷᠢᠭ᠂ ᠪᠤᠰᠤᠳ 0 ᠲᠦᠮᠡᠨ ᠲᠥᠭᠦᠷᠢᠭ ᠪᠣᠯᠣᠨ᠎ᠠ᠃

  ᠲᠥᠯᠥᠪᠯᠡᠭᠡᠲᠦ ᠪᠦᠲᠦᠭᠡᠨ ᠪᠠᠢᠭᠤᠯᠤᠯᠲᠠ᠎ᠶᠢᠨ ᠡᠬᠢᠯᠡᠬᠦ ᠳᠠᠭᠤᠰᠬᠤ ᠵᠢᠯ ᠬᠤᠭᠤᠴᠠᠭ᠎ᠠ᠄ 2026/06 - 2026/12

  ᠪᠦᠲᠦᠭᠡᠨ ᠪᠠᠢᠭᠤᠯᠤᠯᠲᠠ᠎ᠶ᠋ᠢᠨ ᠬᠡᠪᠴᠢᠶ᠎ᠡ ᠬᠢᠭᠡᠳ ᠠᠭᠤᠯᠭ᠎ᠠ᠄ ᠲᠣᠰ ᠲᠥᠷᠥᠯ ᠵᠦᠢᠯ᠎ᠳᠤ 300MW / 1200 MWh ᠹᠣᠰᠹᠣᠷ ᠬᠦᠴᠢᠯ᠎ᠤᠨ ᠲᠡᠮᠦᠷ ᠯᠢᠲ᠋ᠢ᠎ᠶ᠋ᠢᠨ ᠴᠠᠬᠢᠯᠭᠠᠨ ᠬᠢᠮᠢ᠎ᠶ᠋ᠢᠨ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠨᠢᠭᠡ᠎ᠶ᠋ᠢ ᠪᠠᠢᠭᠤᠯᠵᠤ᠂ 220kV ᠬᠦᠴᠦᠳᠡᠯ ᠳᠡᠭᠡᠭ᠌ᠰᠢᠯᠡᠭᠦᠯᠬᠦ᠌ ᠥᠷᠲᠡᠭᠡ᠎ᠶ᠋ᠢ 1 ᠢᠵᠢ ᠪᠦᠷᠢᠳᠦᠭᠦᠯᠦᠨ ᠪᠠᠢᠭᠤᠯᠵᠤ᠂ 1 ᠪᠤᠴᠠᠯ ᠬᠡᠯᠬᠢᠶᠡᠨ᠎ᠦ 220kV ᠱᠤᠭᠤᠮ᠎ᠢᠶᠠᠷ ᠲᠤᠤ ᠾᠧ ᠮᠦ᠍᠎ᠶᠢᠨ 500kV ᠬᠦᠴᠦᠳᠡᠯ ᠥᠭᠡᠷᠡᠴᠢᠯᠡᠬᠦ ᠥᠷᠲᠡᠭᠡᠨ᠎ᠦ 220kV ᠲᠠᠯ᠎ᠠ᠎ᠳᠤ ᠵᠠᠯᠭᠠᠵᠤ ᠣᠷᠣᠭᠤᠯᠤᠨ᠎ᠠ᠃ ᠡᠨᠧᠷᠭᠢ ᠬᠠᠳᠠᠭᠠᠯᠠᠬᠤ ᠨᠢᠭᠡᠴᠢ᠎ᠶᠢ 35kV ᠴᠠᠬᠢᠯᠭᠠᠨ ᠴᠤᠭᠯᠠᠭᠤᠯᠬᠤ ᠱᠤᠭᠤᠮ᠎ᠢᠶᠠᠷ ᠳᠠᠮᠵᠢᠭᠤᠯᠤᠨ 220kV ᠵᠢᠨ ᠬᠦᠴᠦᠳᠡᠯ ᠳᠡᠭᠡᠭᠰᠢᠯᠡᠭᠦᠯᠬᠦ ᠥᠷᠲᠡᠭᠡᠨ᠎ᠦ ᠭᠣᠣᠯ ᠬᠤᠪᠢᠷᠠᠯᠲᠠ 35kV ᠵᠢᠨ ᠲᠠᠯ᠎ᠠ᠎ᠳᠤ ᠲᠥᠪᠯᠡᠷᠡᠭᠦᠯᠵᠦ᠂ ᠬᠠᠮᠤᠭ ᠰᠡᠭᠦᠯ᠎ᠳᠦ 220kV ᠶ᠋ᠢ ᠭᠠᠷᠭᠠᠵᠤ ᠲᠤᠤ ᠾᠧ ᠮᠦ᠍᠎ᠶᠢᠨ 500 ᠺᠢᠯᠣᠸᠠᠲ᠎ᠤᠨ ᠬᠦᠴᠦᠳᠡᠯ ᠥᠭᠡᠷᠡᠴᠢᠯᠡᠬᠦ ᠥᠷᠲᠡᠭᠡᠨ᠎ᠦ 220kV ᠵᠢᠨ ᠲᠠᠯ᠎ᠠ᠎ᠳᠤ ᠬᠦᠷᠭᠡᠨ᠎ᠡ᠃ 220kV ᠲᠤᠰ ᠬᠤᠭᠤᠴᠠᠭᠠᠨ᠎ᠳᠤ 1 ᠤᠳᠠᠭ᠎ᠠ ᠪᠤᠴᠠᠯ ᠭᠠᠷᠭᠠᠨ᠎ᠠ; 35kV ᠲᠤᠰ ᠬᠤᠭᠤᠴᠠᠭᠠᠨ᠎ᠳᠤ 120 ᠤᠳᠠᠭ᠎ᠠ ᠪᠤᠴᠠᠯ ᠭᠠᠷᠭᠠᠨ᠎ᠠ᠃ 

  ( ᠠᠩᠬᠠᠷᠬᠤ ᠨᠢ᠄ ᠲᠥᠷᠥᠯ ᠵᠦᠢᠯ ᠎ᠢ ᠳᠠᠩᠰᠠᠯᠠᠭᠤᠯᠤᠭ᠍ᠰᠠᠨ ᠎ᠢ 2 ᠵᠢᠯ᠎ᠦᠨ ᠳᠣᠲᠣᠷ᠎ᠠ ᠠᠵᠢᠯ ᠡᠬᠢᠯᠡᠭᠦᠯᠦᠨ ᠪᠦᠲᠦᠭᠡᠨ ᠪᠠᠢᠭᠤᠯᠤᠭ᠍ᠰᠠᠨ ᠦᠭᠡᠶ ᠪᠤᠶᠤ ᠪᠤᠰᠤᠳ ᠭᠠᠷᠳᠠᠮ ᠎ᠢ ᠭᠦᠢᠴᠡᠳᠭᠡᠭ᠌ᠰᠡᠨ ᠦᠭᠡᠶ ᠪᠠᠢᠪᠠᠯ᠂ ᠲᠥᠷᠥᠯ ᠵᠦᠢᠯ᠎ᠦᠨ ᠨᠢᠭᠡᠴᠢ ᠨᠢ ᠬᠡᠷᠪᠡ ᠲᠤᠰ ᠲᠥᠷᠥᠯ ᠵᠦᠢᠯ᠎ᠢ ᠦᠷᠭᠦᠯᠵᠢᠯᠡᠨ ᠬᠡᠷᠡᠭ᠌ᠵᠢᠭᠦᠯᠬᠦ᠌᠎ᠪᠡᠷ ᠲᠣᠭ᠍ᠲᠠᠭ᠍ᠰᠠᠨ ᠪᠣᠯ᠂ ᠰᠦᠯᠵᠢᠶᠡᠨ ᠳᠡᠭᠡᠷᠡᠬᠢ ᠲᠠᠪᠴᠠᠩ᠎ᠢᠶᠠᠷ ᠳᠠᠮᠵᠢᠭᠤᠯᠤᠨ ᠲᠣᠳᠣᠷᠬᠠᠢᠯᠠᠯᠲᠠ ᠬᠢᠬᠦ᠌ ᠬᠡᠷᠡᠭ᠌ᠲᠡᠶ; ᠬᠡᠷᠪᠡ ᠳᠠᠬᠢᠵᠤ ᠦᠷᠭᠦᠯᠵᠢᠯᠡᠨ ᠬᠡᠷᠡᠭ᠌ᠵᠢᠭᠦᠯᠬᠦ᠌ ᠦᠭᠡᠶ ᠪᠣᠯ᠂ ᠨᠢᠭᠡᠨᠲᠡ ᠳᠠᠩᠰᠠᠯᠠᠭᠤᠯᠤᠭ᠍ᠰᠠᠨ ᠲᠥᠷᠥᠯ ᠵᠦᠢᠯ ᠎ᠢ ᠬᠦᠴᠦᠨ ᠦᠭᠡᠶ ᠪᠣᠯᠭᠠᠬᠤ᠎ᠪᠠᠷ ᠭᠤᠶᠤᠴᠢᠯᠠᠵᠤ᠂ 2 ᠵᠢᠯ᠎ᠦᠨ ᠬᠤᠭᠤᠴᠠᠭ᠎ᠠ ᠳᠦᠭᠦᠷᠦᠭ᠌ᠰᠡᠨ᠎ᠦ ᠳᠠᠷᠠᠭ᠎ᠠ ᠮᠥᠨ ᠬᠦ᠌ ᠲᠣᠳᠣᠷᠬᠠᠢᠯᠠᠯᠲᠠ ᠬᠢᠭ᠌ᠰᠡᠨ ᠦᠭᠡᠶ ᠪᠣᠯ᠂ ᠳᠠᠩᠰᠠᠯᠠᠭᠤᠯᠤᠭ᠍ᠰᠠᠨ ᠪᠠᠢ᠌ᠭᠤᠯᠭ᠎ᠠ ᠨᠢ ᠨᠢᠭᠡᠨᠲᠡ ᠳᠠᠩᠰᠠᠯᠠᠭᠤᠯᠤᠭ᠍ᠰᠠᠨ ᠲᠥᠷᠥᠯ ᠵᠦᠢᠯ ᠎ᠢ ᠬᠠᠰᠤᠬᠤ᠎ᠶ᠋ᠢᠨ ᠬᠠᠮᠲᠤ ᠰᠦᠯᠵᠢᠶᠡᠨ ᠳᠡᠭᠡᠷ᠎ᠡ ᠨᠡᠢᠲᠡᠯᠡᠬᠦ᠌ ᠬᠡᠷᠡᠭ᠌ᠲᠡᠶ ᠃ )

ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠱᠢᠭᠤᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ
          
ᠬᠠᠮᠢᠶ᠎ᠡ ᠪᠦᠬᠦᠢ ᠰᠣᠨᠢᠨ
 
            