ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠣᠨᠴᠠᠯᠢᠭᠲᠤ᠌ ᠳᠠᠪᠴᠠᠩ   -   ᠬᠤᠳᠠᠯᠳᠤᠭᠠᠴᠢᠨ ᠤᠷᠢᠵᠤ ᠪᠡᠯᠡ ᠲᠠᠲᠠᠬᠤ
ᠠᠢᠮᠠᠭ ᠬᠤᠲᠠ᠎ᠶ᠋ᠢᠨ ᠬᠦᠳᠡᠯᠦᠩᠭᠦᠢ ᠪᠠᠢᠳᠠᠯ — ᠬᠥᠬᠡᠬᠤᠲᠠ᠎ᠶ᠋ᠢᠨ ᠨᠠᠮ᠎ᠤᠨ ᠬᠤᠷᠢᠶᠠᠨ᠎ᠤ ᠳᠡᠳ᠋ ᠱᠦᠵᠢ᠂ ᠬᠤᠲᠠ᠎ᠶ᠋ᠢᠨ ᠳᠠᠷᠤᠭ᠎ᠠ ᠾᠧ ᠬᠠᠶ ᠳ᠋ᠦᠩ ᠪᠡᠭᠡᠵᠢᠩ᠂ ᠲᠢᠶᠠᠨᠵᠢᠨ ᠬᠤᠲᠠ᠎ᠳᠤ ᠱᠢᠨᠵᠢᠯᠡᠨ ᠪᠠᠢᠴᠠᠭᠠᠵᠤ ᠠᠵᠦ ᠠᠬᠤᠢ᠌ᠯᠠᠯ ᠲᠠᠢ ᠵᠣᠯᠭ᠋ᠠᠯᠴᠠᠪᠠ
ᠨᠡᠶ᠋ᠢᠲᠡᠯᠡᠭᠰᠡᠨ ᠴᠠᠭ᠄ 2025-11-25

  11 ᠳ᠋ᠦ᠍ᠭᠡᠷ ᠰᠠᠷ᠎ᠠ᠎ᠶ᠋ᠢᠨ 24 ᠎ᠤ ᠡᠳᠦᠷ᠂ ᠬᠥᠬᠡᠬᠤᠲᠠ᠎ᠶ᠋ᠢᠨ ᠨᠠᠮ᠎ᠤᠨ ᠬᠤᠷᠢᠶᠠᠨ᠎ᠤ ᠳᠡᠳ᠋ ᠱᠦᠵᠢ᠂ ᠬᠤᠲᠠ᠎ᠶ᠋ᠢᠨ ᠳᠠᠷᠤᠭ᠎ᠠ ᠾᠧ ᠬᠠᠢ ᠳ᠋ᠦᠩ ᠨᠠᠷ ᠪᠡᠭᠡᠵᠢᠩ ᠬᠤᠲᠠ᠂ ᠲᠢᠶᠠᠨᠵᠢᠨ ᠬᠤᠲᠠ᠎ᠳᠤ ᠬᠦᠷᠴᠦ᠍ ᠠᠵᠤ ᠠᠬᠤᠢᠯᠠᠯ᠎ᠢ ᠱᠢᠨᠵᠢᠯᠡᠨ ᠪᠠᠢᠴᠠᠭᠠᠵᠤ᠂ ᠲᠥᠷᠥᠯ ᠵᠦᠢᠯ᠎ᠢ ᠵᠣᠯᠭᠠᠭᠤᠯᠤᠨ ᠵᠥᠪᠳᠡᠯᠴᠡᠵᠦ᠍᠂ ᠠᠵᠤ ᠦᠢᠯᠡᠰ᠎ᠤᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠪᠡ᠃

  ᠾᠧ ᠬᠠᠢ ᠳ᠋ᠦᠩ ᠨᠠᠷ ᠳᠤᠮᠳᠠᠳᠤ ᠤᠯᠤᠰ᠎ᠤᠨ ᠡᠬᠢ ᠪᠠᠶᠠᠯᠢᠭ᠎ᠤᠨ ᠣᠷᠴᠢᠯ ᠪᠦᠯᠦᠭ᠌ᠯᠡᠯ᠎ᠤᠨ ᠬᠢᠵᠠᠭᠠᠷᠲᠤ ᠺᠣᠮᠫᠠᠨᠢ᠂ ᠪᠡᠭᠡᠵᠢᠩ᠎ᠤᠨ ᠡᠨᠧᠷᠭᠢ᠎ᠶ᠋ᠢᠨ ᠪᠦᠯᠦᠭ᠌ᠯᠡᠯ᠎ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠳᠤ ᠬᠦᠷᠴᠦ᠍᠂ ᠳᠤᠮᠳᠠᠳᠤ ᠤᠯᠤᠰ᠎ᠤᠨ ᠡᠬᠢ ᠪᠠᠶᠠᠯᠢᠭ᠎ᠤᠨ ᠣᠷᠴᠢᠯ ᠪᠦᠯᠦᠭ᠌ᠯᠡᠯ᠎ᠤᠨ ᠬᠢᠵᠠᠭᠠᠷᠲᠤ ᠺᠣᠮᠫᠠᠨᠢ᠎ᠶ᠋ᠢᠨ ᠨᠠᠮ᠎ᠤᠨ ᠬᠤᠷᠢᠶᠠᠨ᠎ᠤ ᠳᠡᠳ᠋ ᠱᠦᠵᠢ᠂ ᠬᠡᠷᠡᠭ ᠮᠡᠳᠡᠭ᠌ᠴᠢ᠂ ᠶᠡᠷᠦᠩᠬᠡᠢ ᠳᠠᠭᠠᠭᠠᠮᠠᠯ ᠵᠦ᠍ ᠵᠢᠶᠠᠨ ᠴᠦᠨ ᠪᠣᠯᠤᠨ ᠪᠡᠭᠡᠵᠢᠩ᠎ᠤᠨ ᠡᠨᠧᠷᠭᠢ᠎ᠶ᠋ᠢᠨ ᠪᠦᠯᠦᠭ᠌ᠯᠡᠯ᠎ᠤᠨ ᠬᠢᠵᠠᠭᠠᠷᠲᠤ ᠺᠣᠮᠫᠠᠨᠢ᠎ᠶ᠋ᠢᠨ ᠨᠠᠮ᠎ᠤᠨ ᠬᠤᠷᠢᠶᠠᠨ᠎ᠤ ᠱᠦᠵᠢ᠂ ᠬᠡᠷᠡᠭ ᠮᠡᠳᠡᠭ᠌ᠴᠢᠳ᠎ᠤᠨ ᠳᠠᠷᠤᠭ᠎ᠠ ᠭᠦᠸᠧ ᠮᠢᠩ ᠱᠢᠩ᠎ᠲᠠᠢ ᠶᠠᠷᠢᠯᠴᠠᠵᠤ ᠰᠠᠨᠠᠯ᠎ᠢᠶᠠᠨ ᠰᠣᠯᠢᠯᠴᠠᠵᠤ᠂ ᠠᠵᠤ ᠠᠬᠤᠢᠯᠠᠯ᠎ᠤᠨ ᠬᠥᠭ᠌ᠵᠢᠯᠲᠡ᠎ᠶ᠋ᠢᠨ ᠪᠠᠢᠷᠢᠱᠢᠭᠤᠯᠤᠯᠲᠠ᠎ᠶ᠋ᠢ ᠨᠠᠷᠢᠨ ᠣᠢᠯᠠᠭᠠᠵᠤ᠂ ᠬᠥᠬᠡᠬᠤᠲᠠ᠎ᠶ᠋ᠢᠨ ᠪᠠᠢᠳᠠᠯ᠎ᠤᠨ ᠣᠨᠴᠠᠯᠢᠭ᠂ ᠠᠵᠤ ᠦᠢᠯᠡᠰ᠎ᠤᠨ ᠪᠦᠯᠦᠭ᠌ᠯᠡᠯ᠎ᠤᠨ ᠬᠥᠭ᠌ᠵᠢᠯᠲᠡ ᠵᠡᠷᠭᠡ ᠪᠠᠢᠳᠠᠯ᠎ᠢ ᠲᠠᠨᠢᠯᠴᠠᠭᠤᠯᠵᠤ᠂ ᠰᠣᠯᠢᠯᠴᠠᠭ᠎ᠠ ᠬᠠᠮᠲᠤᠷᠠᠯᠴᠠᠭ᠎ᠠ᠎ᠪᠠᠨ ᠤᠯᠠᠮ ᠨᠢᠭᠡ ᠠᠯᠬᠤᠮ ᠭᠦᠨᠵᠡᠭᠡᠢᠷᠡᠭᠦᠯᠪᠡ᠃ ᠲᠡᠷᠡ ᠬᠡᠯᠡᠬᠦ᠌᠎ᠳᠡᠭᠡᠨ᠂ ᠣᠳᠣᠬᠠᠨ᠎ᠳᠤ᠂ ᠬᠥᠬᠡᠬᠤᠲᠠ ᠶᠠᠭ ᠨᠠᠮ᠎ᠤᠨ ᠬᠤᠷᠢᠳᠤᠭᠠᠷ ᠬᠤᠭᠤᠴᠠᠭᠠᠨ᠎ᠤ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠥᠬᠦᠳᠡ ᠬᠤᠷᠠᠯ᠎ᠤᠨ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠪᠣᠬᠢᠷᠳᠤᠯ ᠦᠭᠡᠢ ᠪᠤᠳᠤᠬᠤ ᠬᠦᠴᠦᠨ᠂ ᠡᠬᠢ ᠪᠠᠶᠠᠯᠢᠭ᠎ᠢ ᠡᠷᠭᠢᠯᠳᠦᠭᠦᠯᠦᠨ ᠠᠱᠢᠭ᠍ᠯᠠᠬᠤ ᠵᠡᠷᠭᠡ ᠬᠦᠷᠢᠶᠡᠨ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠳᠦ  ᠬᠦᠴᠦᠨ ᠨᠡᠮᠡᠷᠢᠯᠡᠨ᠎ᠡ᠃ ᠨᠡᠩ ᠥᠷᠭᠡᠨ ᠬᠦᠷᠢᠶᠡᠨ᠎ᠳᠤ ᠬᠤᠶᠠᠷ ᠠᠵᠤ ᠠᠬᠤᠢᠯᠠᠯ᠎ᠲᠠᠢ ᠭᠦᠨᠵᠡᠭᠡᠢ ᠬᠠᠮᠲᠤᠷᠠᠯᠴᠠᠭ᠎ᠠ᠎ᠪᠠᠨ ᠴᠢᠩᠭᠠᠳᠭᠠᠬᠤ᠎ᠶ᠋ᠢ ᠬᠦᠰᠡᠵᠦ᠍ ᠪᠠᠢᠨ᠎ᠠ᠂ ᠬᠥᠬᠡᠬᠤᠲᠠ᠎ᠶ᠋ᠢᠨ᠎ᠬᠢᠨ ᠦᠢᠯᠡᠴᠢᠯᠡᠭᠡᠨ᠎ᠤ ᠪᠠᠲᠤᠯᠠᠭ᠎ᠠ᠎ᠪᠠᠨ ᠪᠦᠬᠦ᠌ ᠬᠦᠴᠦᠨ᠎ᠢᠶᠠᠷ᠎ᠢᠶᠠᠨ ᠰᠠᠢᠲᠤᠷ ᠬᠢᠵᠦ᠍᠂ ᠬᠠᠷᠢᠯᠴᠠᠨ ᠠᠱᠢᠭ᠍ᠲᠠᠢ ᠬᠠᠮᠲᠤᠪᠠᠷ ᠠᠱᠢᠭ ᠬᠦᠷᠳᠡᠬᠦ᠌ ᠱᠢᠨ᠎ᠡ ᠪᠠᠢᠳᠠᠯ᠎ᠢ ᠬᠠᠮᠲᠤᠪᠠᠷ ᠥᠷᠭᠡᠳᠭᠡᠨ᠎ᠡ ᠭᠡᠪᠡ᠃

  ᠰᠣᠯᠢᠯᠴᠠᠭᠠᠨ᠎ᠤ ᠳᠤᠮᠳᠠ᠂ ᠬᠤᠶᠠᠷ ᠠᠵᠤ ᠠᠬᠤᠢᠯᠠᠯ᠎ᠤᠨ ᠬᠠᠷᠢᠭᠤᠴᠠᠯᠭᠠᠲᠠᠨ ᠢᠯᠡᠷᠬᠡᠢᠯᠡᠬᠦ᠌᠎ᠳᠡᠭᠡᠨ᠂ ᠬᠥᠬᠡᠬᠤᠲᠠ᠎ᠶ᠋ᠢᠨ ᠠᠵᠤ ᠦᠢᠯᠡᠰ᠎ᠤᠨ ᠰᠠᠭᠤᠷᠢ ᠰᠠᠢᠨ᠂ ᠬᠥᠭ᠌ᠵᠢᠯᠲᠡ᠎ᠶ᠋ᠢᠨ ᠳᠠᠯᠳᠠ ᠬᠦᠴᠦᠨ ᠯᠤᠲᠤ ᠶᠡᠭᠡ ᠪᠠᠢᠨ᠎ᠠ᠂ ᠠᠵᠤ ᠠᠬᠤᠢᠯᠠᠯ ᠮᠡᠷᠭᠡᠵᠢᠯ᠂ ᠨᠠᠷᠠᠲᠤ ᠲᠡᠮᠳᠡᠭ᠂ ᠵᠠᠬ᠎ᠠ ᠳᠡᠯᠭᠡᠭᠦᠷ ᠵᠡᠷᠭᠡ ᠳᠠᠪᠠᠭᠤᠯᠢᠭ᠎ᠢᠶᠠᠨ ᠢᠳᠡᠪᠬᠢᠲᠡᠶ ᠪᠠᠳᠠᠷᠠᠭᠤᠯᠵᠤ᠂ ᠲᠥᠷᠥᠯ ᠵᠦᠢᠯ᠎ᠤᠨ ᠪᠠᠢᠷᠢᠱᠢᠭᠤᠯᠤᠯᠲᠠ᠂ ᠠᠵᠤ ᠦᠢᠯᠡᠰ᠎ᠤᠨ ᠬᠡᠯᠬᠢᠶ᠎ᠡ᠎ᠶ᠋ᠢ ᠤᠷᠲᠤᠳᠭᠠᠬᠤ ᠵᠡᠷᠭᠡ ᠬᠠᠮᠲᠤᠷᠠᠯᠴᠠᠭ᠎ᠠ᠎ᠪᠠᠨ ᠲᠠᠰᠤᠷᠠᠯᠲᠠ ᠥᠬᠡᠶ ᠥᠷᠭᠡᠳᠭᠡᠵᠦ᠍᠂ ᠬᠥᠬᠡᠬᠤᠲᠠ᠎ᠶ᠋ᠢᠨ ᠣᠳᠣᠬᠢᠴᠢᠯᠠᠭ᠍ᠰᠠᠨ ᠠᠵᠤ ᠦᠢᠯᠡᠰ᠎ᠤᠨ ᠲᠤᠭᠲᠠᠯᠴᠠᠭ᠎ᠠ᠎ᠶᠢ ᠪᠠᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ ᠭᠡᠪᠡ᠃

  ᠬᠤᠲᠠ᠎ᠶ᠋ᠢᠨ ᠤᠳᠤᠷᠢᠳᠤᠯᠭ᠎ᠠ ᠵᠦ᠍ ᠵᠢᠶᠠᠨ ᠭᠦᠸᠧ ᠣᠷᠣᠯᠴᠠᠪᠠ᠃

ᠢᠷᠡᠯᠲᠡ᠄ ᠬᠦᠬᠡᠬᠤᠲᠠ᠎ᠶᠢᠨ ᠬᠠᠮ ᠵᠠᠭᠤᠴᠢᠯᠠᠭᠤᠷ᠎ᠤᠨ ᠠᠯᠪᠠᠨ᠎ᠤ ᠸᠢᠴᠠᠲ
          
ᠬᠠᠮᠢᠶ᠎ᠡ ᠪᠦᠬᠦᠢ ᠰᠣᠨᠢᠨ
 
            