11 ᠳ᠋ᠦ᠍ᠭᠡᠷ ᠰᠠᠷ᠎ᠠ᠎ᠶ᠋ᠢᠨ 19 ᠤ ᠡᠳᠦᠷ᠎ᠠᠴᠠ 23 ᠤ ᠡᠳᠦᠷ ᠪᠣᠯᠲᠠᠯ᠎ᠠ᠂ ᠣᠷᠳᠣᠰ ᠬᠤᠲᠠ᠎ᠶ᠋ᠢᠨ ᠨᠠᠮ᠎ᠤᠨ ᠬᠤᠷᠢᠶᠠᠨ᠎ᠤ ᠱᠦᠵᠢ ᠯᠢ ᠯᠢ ᠨᠢᠩᠳᠧ᠂ ᠬᠠᠩᠵᠧᠦ᠂ ᠱᠧᠨᠵᠧᠨ ᠵᠡᠷᠭᠡ ᠭᠠᠵᠠᠷ᠎ᠲᠤ ᠬᠦᠷᠴᠦ᠍ ᠱᠢᠨᠵᠢᠯᠡᠨ ᠪᠠᠢᠴᠠᠭᠠᠭ᠍ᠰᠠᠨ ᠪᠥᠭᠡᠳ ᠬᠤᠯᠪᠣᠭ᠍ᠳᠠᠯ ᠪᠦᠬᠦᠢ ᠠᠵᠤ ᠠᠬᠤᠢᠯᠠᠯ ᠪᠠ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠲᠠᠢ ᠬᠠᠮᠲᠤᠷᠠᠯᠴᠠᠭᠠᠨ᠎ᠤ ᠤᠴᠢᠷ ᠶᠠᠪᠤᠳᠠᠯ᠎ᠢ ᠵᠥᠪᠳᠡᠯᠴᠡᠪᠡ᠃
ᠯᠢ ᠯᠢ ᠬᠤᠯᠪᠣᠭ᠍ᠳᠠᠯ ᠪᠦᠬᠦᠢ ᠠᠵᠤ ᠠᠬᠤᠢᠯᠠᠯ ᠪᠣᠯᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠤᠨ ᠤᠷᠳᠤ ᠬᠤᠭᠤᠴᠠᠭᠠᠨ᠎ᠤ ᠲᠤᠷᠰᠢ ᠦᠵᠡᠭᠦᠯᠦᠭ᠌ᠰᠡᠨ ᠳᠡᠮᠵᠢᠯᠭᠡ᠎ᠳᠤ ᠴᠢᠩ ᠰᠡᠳᠭᠢᠯ᠎ᠠᠴᠠ᠎ᠪᠠᠨ ᠲᠠᠯᠠᠷᠬᠠᠵᠤ ᠪᠠᠢᠬᠤ᠎ᠪᠠᠨ ᠢᠯᠡᠳᠭᠡᠵᠦ᠍᠂ ᠲᠡᠷᠡ᠂ ᠣᠳᠣᠬᠠᠨ᠎ᠳᠤ ᠪᠢᠳᠡ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠦᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠱᠢᠯᠠᠭᠤᠯᠤᠨ᠂ ᠬᠤᠯᠪᠣᠭ᠍ᠳᠠᠯ ᠪᠦᠬᠦᠢ ᠠᠵᠤ ᠠᠬᠤᠢᠯᠠᠯ ᠪᠣᠯᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠯᠤᠭ᠎ᠠ ᠬᠠᠮᠲᠤᠷᠠᠯᠴᠠᠭ᠎ᠠ ᠰᠣᠯᠢᠯᠴᠠᠭ᠎ᠠ᠎ᠪᠠᠨ ᠭᠦᠨᠵᠡᠭᠡᠢᠷᠡᠭᠦᠯᠵᠦ᠍᠂ 《ᠠᠷᠪᠠᠨ ᠲᠠᠪᠤᠳᠤᠭᠠᠷ ᠲᠠᠪᠤᠨ ᠵᠢᠯ》 ᠤᠨ ᠬᠤᠭᠤᠴᠠᠭᠠᠨ᠎ᠳᠠᠬᠢ ᠴᠢᠬᠤᠯᠠ ᠶᠡᠭᠡ ᠲᠦᠷᠦᠯ ᠵᠦᠢᠯ᠎ᠢ ᠬᠠᠮᠲᠤ᠎ᠪᠠᠷ ᠰᠠᠢᠲᠤᠷ ᠲᠥᠯᠥᠪᠵᠢᠭᠦᠯᠵᠦ᠍᠂ ᠬᠠᠮᠲᠤᠷᠠᠯᠴᠠᠭᠠᠨ᠎ᠤ ᠱᠢᠨ᠎ᠡ ᠪᠠᠢᠳᠠᠯ᠎ᠢ ᠡᠭᠦᠳᠬᠦ᠌᠎ᠶ᠋ᠢ ᠬᠦᠰᠡᠵᠦ᠍ ᠪᠠᠢᠨ᠎ᠠ ᠭᠡᠪᠡ᠃ ᠬᠣᠯᠪᠣᠭᠳᠠᠯ ᠪᠦᠬᠦᠢ ᠠᠵᠤ ᠠᠬᠤᠢᠯᠠᠯ ᠪᠣᠯᠣᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠤᠨ ᠬᠢᠨ ᠣᠷᠳᠣᠰ ᠯᠤᠭ᠎ᠠ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠂ ᠭᠠᠵᠠᠷ ᠣᠷᠣᠨ᠎ᠤ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠳᠦ ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃
ᠨᠢᠩᠳᠧ᠎ᠶ᠋ᠢᠨ ᠴᠠᠭ ᠦᠶ᠎ᠡ᠎ᠳᠦ᠂ ᠬᠡᠷᠡᠭ ᠮᠡᠳᠡᠭ᠌ᠴᠢᠳ᠎ᠤᠨ ᠳᠠᠷᠤᠭ᠎ᠠ ᠽᠧᠩ ᠢᠦᠢ ᠴᠢᠶᠦ᠋ᠨ᠎ᠲᠠᠢ ᠶᠠᠷᠢᠯᠴᠠᠵᠤ ᠰᠠᠨᠠᠯ᠎ᠢᠶᠠᠨ ᠰᠣᠯᠢᠯᠴᠠᠵᠤ᠂ ᠱᠢᠨ᠎ᠡ ᠬᠡᠯᠪᠡᠷᠢ᠎ᠶ᠋ᠢᠨ ᠡᠨᠧᠷᠭᠢ ᠬᠠᠳᠠᠭᠠᠯᠠᠬᠤ ᠲᠦᠷᠦᠯ ᠵᠦᠢᠯ᠎ᠢ ᠪᠠᠢᠭᠤᠯᠬᠤ ᠲᠤᠬᠠᠢ ᠬᠠᠮᠲᠤᠷᠠᠯᠴᠠᠭᠠᠨ᠎ᠤ ᠬᠠᠮᠲᠤ᠎ᠶ᠋ᠢᠨ ᠲᠠᠨᠢᠯᠲᠠ᠎ᠲᠠᠢ ᠪᠤᠯᠵᠤ᠂ ᠬᠤᠶᠠᠷ ᠲᠠᠯ᠎ᠠ᠎ᠪᠠᠷ᠎ᠢᠶᠠᠨ ᠤᠷᠳᠤᠰ᠎ᠤᠨ ᠡᠬᠢ ᠪᠠᠶᠠᠯᠢᠭ᠎ᠤᠨ ᠳᠠᠪᠠᠭᠤᠯᠢᠭ᠂ ᠬᠡᠷᠡᠭᠯᠡᠭᠡᠨ᠎ᠦ ᠪᠤᠳᠠᠳᠦ ᠪᠠᠢ᠌ᠳᠠᠯ᠎ᠤᠨ ᠳᠠᠪᠠᠭᠤᠯᠢᠭ ᠪᠣᠯᠤᠨ ᠨᠢᠩᠳᠧ᠎ᠶ᠋ᠢᠨ ᠴᠠᠭ ᠦᠶ᠎ᠡ᠎ᠶ᠋ᠢᠨ ᠮᠡᠷᠭᠡᠵᠢᠯ᠎ᠤᠨ ᠪᠣᠳᠠᠲᠤ ᠬᠦᠴᠦᠨ᠎ᠳᠤ ᠲᠦᠱᠢᠭ᠌ᠯᠡᠵᠦ᠍᠂ ᠠᠵᠤ ᠦᠢᠯᠡᠰ᠎ᠤᠨ ᠬᠡᠯᠬᠢᠶ᠎ᠡ᠎ᠶ᠋ᠢᠨ ᠳᠡᠭᠡᠳᠦ ᠳᠤᠤᠷᠠᠳᠤ ᠤᠷᠤᠰᠭᠠᠯ᠎ᠤᠨ ᠬᠠᠮᠵᠢᠯᠴᠠᠨ ᠢᠵᠢ ᠪᠦᠷᠢᠳᠦᠭᠦᠯᠬᠦ᠌᠎ᠶ᠋ᠢ ᠴᠢᠩᠭᠠᠳᠭᠠᠵᠤ᠂ ᠨᠢᠭᠡᠨᠲᠡ ᠪᠠᠢᠭ᠎ᠠ ᠲᠦᠷᠦᠯ ᠵᠦᠢᠯ᠎ᠤᠨ ᠪᠦᠳᠦᠭᠡᠨ ᠪᠠᠢᠭᠤᠯᠤᠯᠲᠠ᠎ᠶ᠋ᠢᠨ ᠠᠬᠢᠴᠠ᠎ᠶ᠋ᠢ ᠲᠦᠷᠭᠡᠳᠭᠡᠵᠦ᠍᠂ ᠨᠡᠩ ᠤᠯᠠᠨ ᠬᠠᠮᠲᠤᠷᠠᠯᠴᠠᠭᠠᠨ᠎ᠤ ᠲᠦᠷᠦᠯ ᠵᠦᠢᠯ᠎ᠢ ᠨᠠᠢᠳᠠᠪᠤᠷᠢᠵᠢᠭᠤᠯᠬᠤ᠎ᠶ᠋ᠢ ᠠᠬᠢᠭᠤᠯᠤᠨ᠎ᠠ ᠭᠡᠵᠦ᠍ ᠢᠯᠡᠳᠭᠡᠪᠡ᠃
ᠬᠤᠸᠠ ᠶᠢᠦ ᠬᠤᠪᠢ ᠡᠵᠡᠮᠳᠡᠭ᠌ᠰᠡᠨ ᠪᠦᠯᠦᠭ᠌ᠯᠡᠯ᠎ᠳᠤ᠂ ᠯᠢ ᠯᠢ ᠬᠡᠷᠡᠭ ᠮᠡᠳᠡᠭ᠌ᠴᠢᠳ᠎ᠤᠨ ᠳᠠᠷᠤᠭ᠎ᠠ ᠴᠧᠨ ᠱᠢᠤᠸᠠᠢ ᠬᠤᠸᠠ᠎ᠲᠠᠢ ᠶᠠᠷᠢᠯᠴᠠᠵᠤ ᠰᠠᠨᠠᠯ᠎ᠢᠶᠠᠨ ᠰᠣᠯᠢᠯᠴᠠᠵᠤ᠂ ᠬᠤᠶᠠᠷ ᠲᠠᠯ᠎ᠠ᠎ᠪᠠᠷ᠎ᠢᠶᠠᠨ ᠮᠡᠷᠭᠡᠵᠢᠯ᠎ᠤᠨ ᠥᠭᠡᠷᠡᠴᠢᠯᠡᠯᠲᠡ ᠪᠣᠯᠤᠨ ᠦᠢᠯᠡᠳᠪᠦᠷᠢᠯᠡᠯ᠎ᠤᠨ ᠴᠢᠳᠠᠪᠤᠷᠢ᠎ᠶ᠋ᠢ ᠥᠷᠭᠡᠳᠭᠡᠨ ᠨᠡᠮᠡᠭ᠌ᠳᠡᠭᠦᠯᠬᠦ᠌᠎ᠪᠠᠨ ᠴᠢᠩᠭᠠᠳᠭᠠᠬᠤ ᠲᠤᠬᠠᠢ ᠰᠠᠨᠠᠯ ᠨᠢᠭᠡᠳᠴᠦ᠍᠂ ᠶᠡᠭᠡ ᠬᠡᠪᠴᠢᠶᠡᠨ᠎ᠤ ᠡᠨᠧᠷᠭᠢ ᠬᠠᠳᠠᠭᠠᠯᠠᠬᠤ ᠬᠡᠷᠡᠭ᠌ᠯᠡᠭᠡᠨ᠎ᠤ ᠪᠠᠢᠳᠠᠯ᠎ᠢ ᠪᠠᠶᠠᠯᠢᠭ᠍ᠵᠢᠭᠤᠯᠤᠨ ᠥᠷᠭᠡᠳᠭᠡᠬᠦ᠌ ᠠᠵᠠ ᠲᠣᠬᠢᠶᠠᠯ᠎ᠢ ᠠᠱᠢᠭ᠍ᠯᠠᠵᠤ᠂ ᠱᠢᠨ᠎ᠡ ᠲᠥᠯᠥᠪᠵᠢᠭᠦᠯᠬᠦ᠌ ᠲᠦᠷᠦᠯ ᠵᠦᠢᠯ᠎ᠢ ᠲᠦᠷᠭᠡᠨ ᠨᠠᠢᠳᠠᠪᠤᠷᠢᠵᠢᠭᠤᠯᠬᠤ᠎ᠶ᠋ᠢ ᠠᠬᠢᠭᠤᠯᠤᠨ᠎ᠠ ᠭᠡᠵᠦ᠍ ᠢᠯᠡᠳᠭᠡᠪᠡ᠃
ᠬᠠᠩᠵᠧᠦ᠍ᠳᠤ᠂ ᠯᠢ ᠯᠢ ᠡᠸᠨ ᠡᠾᠸ ᠠᠮᠢᠳᠤ ᠪᠣᠳᠠᠰ᠂ ᠴᠢᠶᠠᠩ ᠨᠣᠣ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠰᠢ ᡁᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠱᠸᠨ ᠳ᠋ᠦ᠋ ᠤᠭ ᠶᠤᠰᠤ ᠵᠡᠷᠭᠡ ᠠᠵᠤ ᠠᠬᠤᠢᠯᠠᠯ᠎ᠤᠨ ᠬᠠᠷᠢᠭᠤᠴᠠᠯᠭᠠᠲᠠᠨ᠎ᠲᠠᠢ ᠰᠠᠨᠠᠯ᠎ᠢᠶᠠᠨ ᠭᠦᠨᠵᠡᠭᠡᠶ ᠰᠣᠯᠢᠯᠴᠠᠵᠤ᠂ ᠨᠡᠢᠯᠡᠮᠡᠯ ᠠᠮᠢᠳᠤ ᠪᠣᠳᠠᠰ᠂ ᠬᠡᠷᠡᠯ ᠴᠠᠬᠢᠯᠭᠠᠨ᠎ᠤ ᠴᠢᠫ᠂ ᠵᠣᠬᠢᠶᠠᠮᠠᠯ ᠣᠶᠤᠨᠴᠢ ᠲᠤᠷᠱᠢᠯᠲᠠ ᠵᠡᠷᠭᠡ ᠬᠦᠷᠢᠶᠡᠨ᠎ᠳᠤ ᠬᠠᠮᠲᠤᠷᠠᠯᠴᠠᠭ᠎ᠠ᠎ᠪᠠᠨ ᠴᠢᠩᠭᠠᠳᠭᠠᠬᠤ᠎ᠶ᠋ᠢ ᠬᠠᠢᠨ ᠰᠦᠪᠡᠭ᠌ᠴᠢᠯᠡᠨ᠎ᠡ ᠭᠡᠵᠦ᠍ ᠢᠯᠡᠳᠭᠡᠪᠡ᠃
ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠱᠧᠨᠵᠧᠨ᠎ᠳᠠᠬᠢ ᠲᠡᠷᠢᠭᠦᠨ᠎ᠤ ᠮᠡᠷᠭᠡᠵᠢᠯ᠎ᠤᠨ ᠰᠤᠳᠤᠯᠭᠠᠨ᠎ᠤ ᠬᠦᠷᠢᠶᠡᠯᠡᠩ᠎ᠳᠤ᠂ ᠯᠢ ᠯᠢ ᠬᠦᠷᠢᠶᠡᠯᠡᠩ᠎ᠤᠨ ᠳᠠᠷᠤᠭ᠎ᠠ ᠯᠢᠦ ᠴᠧᠨ ᠯᠢ᠎ᠲᠠᠢ ᠶᠠᠷᠢᠯᠴᠠᠵᠤ ᠰᠠᠨᠠᠯ᠎ᠢᠶᠠᠨ ᠰᠣᠯᠢᠯᠴᠠᠵᠤ᠂ ᠬᠤᠶᠠᠷ ᠲᠠᠯ᠎ᠠ᠎ᠪᠠᠷ᠎ᠢᠶᠠᠨ ᠨᠡᠢᠯᠡᠮᠡᠯ ᠠᠮᠢᠳᠤ ᠪᠣᠳᠠᠰ᠎ᠤᠨ ᠤᠬᠠᠭᠠᠨ ᠵᠡᠷᠭᠡ ᠮᠡᠷᠭᠡᠵᠢᠯ᠎ᠤᠨ ᠬᠥᠭ᠌ᠵᠢᠯᠲᠡ᠎ᠶ᠋ᠢᠨ ᠢᠷᠡᠭᠡᠳᠦᠢ᠎ᠶ᠋ᠢᠨ ᠲᠣᠭᠤᠷᠢᠨ᠎ᠳᠤ ᠰᠠᠨᠠᠯ᠎ᠢᠶᠠᠨ ᠭᠦᠨᠵᠡᠭᠡᠢ ᠰᠣᠯᠢᠯᠴᠠᠵᠤ᠂ ᠬᠤᠯᠪᠣᠭ᠍ᠳᠠᠯ ᠪᠦᠬᠦᠢ ᠬᠦᠷᠢᠶᠡᠨ᠎ᠳᠤ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ ᠥᠷᠨᠢᠭᠦᠯᠬᠦ᠌᠎ᠶ᠋ᠢ ᠰᠦᠪᠡᠭ᠌ᠴᠢᠯᠡᠵᠦ᠍᠂ ᠡᠯᠪᠡᠭ ᠪᠠᠶᠠᠯᠢᠭ ᠦᠷ᠎ᠡ ᠪᠦᠲᠦᠭᠡᠯ ᠤᠯᠬᠤ᠎ᠶ᠋ᠢ ᠠᠬᠢᠭᠤᠯᠤᠨ᠎ᠠ ᠭᠡᠵᠦ᠍ ᠢᠯᠡᠳᠭᠡᠪᠡ᠃
ᠡᠨᠡ ᠬᠤᠭᠤᠴᠠᠭᠠᠨ᠎ᠳᠤ᠂ ᠪᠠᠰᠠ ᠱᠢᠶᠠᠩᠭᠠᠩ ᠶᠡᠭᠡ ᠰᠤᠷᠭᠠᠭᠤᠯᠢ᠎ᠶ᠋ᠢᠨ ᠠᠮᠢ ᠨᠠᠰᠤᠨ᠎ᠤ ᠱᠢᠨᠵᠢᠯᠡᠬᠦ᠌ ᠤᠬᠠᠭᠠᠨ ᠬᠢᠭᠡᠳ ᠡᠨᠧᠷᠭᠢ᠎ᠶ᠋ᠢᠨ ᠮᠠᠲ᠋ᠧᠷᠢᠶᠠᠯ᠎ᠤᠨ ᠱᠢᠨ᠎ᠡ᠎ᠶ᠋ᠢ ᠡᠭᠦᠳᠬᠦ᠌ ᠰᠤᠳᠤᠯᠭᠠᠨ᠎ᠤ ᠬᠦᠷᠢᠶᠡᠯᠡᠩ᠂ ᠭᠤᠸᠠᠩᠳᠦ᠋ᠩ ᠱᠢᠶᠠᠩᠭᠠᠩ ᠣᠣᠮᠧᠨ᠎ᠤ ᠲᠣᠮᠣ ᠪᠤᠯᠤᠩ᠎ᠤᠨ ᠣᠷᠣᠨ᠎ᠤ ᠳ᠋ᠢᠬᠢᠲ ᠠᠵᠤ ᠠᠬᠤᠶ᠎ᠶ᠋ᠢᠨ ᠰᠤᠳᠤᠯᠭᠠᠨ᠎ᠤ ᠬᠦᠷᠢᠶᠡᠯᠡᠩ᠎ᠢᠶᠠᠷ ᠱᠢᠨᠵᠢᠯᠡᠨ ᠪᠠᠢᠴᠠᠭᠠᠵᠤ᠂ ᠣᠷᠳᠣᠰ (ᠱᠧᠨᠵᠧᠨ) ᠤᠨ ᠴᠢᠳᠠᠪᠤᠷᠢᠲᠠᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠲᠥᠪ᠎ᠲᠤ ᠪᠠᠢᠴᠠᠭᠠᠨ ᠰᠤᠳᠤᠯᠤᠯᠲᠠ ᠬᠢᠪᠠ᠃
ᠡᠷᠳᠡᠨᠢᠪᠢᠯᠢᠭ᠂ ᠦ᠋ ᠵᠢᠶᠠᠨ ᠱᠢᠶᠦ᠋ᠨ ᠤᠷᠤᠯᠴᠠᠪᠠ᠃