ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠣᠨᠴᠠᠯᠢᠭᠲᠤ᠌ ᠳᠠᠪᠴᠠᠩ   -   ᠬᠤᠳᠠᠯᠳᠤᠭᠠᠴᠢᠨ ᠤᠷᠢᠵᠤ ᠪᠡᠯᠡ ᠲᠠᠲᠠᠬᠤ
ᠠᠢᠮᠠᠭ ᠬᠤᠲᠠ᠎ᠶ᠋ᠢᠨ ᠬᠦᠳᠡᠯᠦᠩᠭᠦᠢ ᠪᠠᠢᠳᠠᠯ — ᠤᠯᠤᠰ᠎ᠤᠨ ᠴᠠᠬᠢᠯᠭᠠᠨ ᠬᠦᠴᠦᠨ᠎ᠤ ᠪᠠᠯᠠ ᠣᠷᠣᠭᠤᠯᠤᠯᠲᠠ᠎ᠶ᠋ᠢᠨ ᠪᠦᠯᠦᠭ᠌ᠯᠡᠯ ᠪᠤᠭᠤᠲᠤ ᠬᠤᠲᠠ᠎ᠲᠠᠢ ᠠᠵᠢᠯ᠎ᠤᠨ ᠬᠡᠯᠡᠯᠴᠡᠭᠡ ᠬᠢᠪᠠ
ᠨᠡᠶ᠋ᠢᠲᠡᠯᠡᠭᠰᠡᠨ ᠴᠠᠭ᠄ 2025-11-28

  11 ᠳ᠋ᠦ᠍ᠭᠡᠷ ᠰᠠᠷ᠎ᠠ᠎ᠶ᠋ᠢᠨ 25 ᠎ᠤ ᠡᠳᠦᠷ᠂ ᠤᠯᠤᠰ᠎ᠤᠨ ᠴᠠᠬᠢᠯᠭᠠᠨ ᠬᠦᠴᠦᠨ᠎ᠤ ᠪᠡᠯᠡ ᠣᠷᠣᠭᠤᠯᠤᠯᠲᠠ᠎ᠶ᠋ᠢᠨ ᠪᠦᠯᠦᠭ᠌ᠯᠡᠯ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠬᠡᠷᠡᠭ ᠮᠡᠳᠡᠭ᠌ᠴᠢᠳ᠎ᠤᠨ ᠳᠠᠷᠤᠭ᠎ᠠ ᠯᠢᠦ ᠮᠢᠩ ᠱᠧᠩ ᠪᠡᠭᠡᠵᠢᠩ᠎ᠳᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠢᠩᠭᠤ᠎ᠶ᠋ᠢᠨ ᠭᠡᠱᠢᠭᠦᠨ᠂ ᠪᠤᠭᠤᠲᠤ ᠬᠤᠳᠠ᠎ᠶ᠋ᠢᠨ ᠨᠠᠮ᠎ᠤᠨ ᠬᠤᠷᠢᠶᠠᠨ᠎ᠤ ᠱᠦᠵᠢ ᠴᠧᠨ ᡁᠢ ᠴᠠᠩ᠎ᠲᠠᠢ ᠬᠡᠯᠡᠯᠴᠡᠭᠡ ᠬᠢᠵᠦ᠍᠂ ᠲᠥᠪ ᠪᠠ ᠣᠷᠣᠨ ᠨᠤᠲᠤᠭ᠎ᠤᠨ ᠬᠠᠮᠲᠤᠷᠠᠯᠴᠠᠭ᠎ᠠ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ᠌ ᠲᠤᠬᠠᠢ ᠰᠠᠨᠠᠯ᠎ᠢᠶᠠᠨ ᠰᠣᠯᠢᠯᠴᠠᠪᠠ᠃ ᠪᠤᠭᠤᠲᠤ ᠬᠤᠳᠠ᠎ᠶ᠋ᠢᠨ ᠤᠳᠤᠷᠢᠳᠤᠯᠭ᠎ᠠ ᠯᠢᠨ ᠯᠢ᠂ ᠭᠠᠢ ᠯᠢᠶᠠᠨ ᠢᠦᠢ ᠬᠡᠯᠡᠯᠴᠡᠭᠡ᠎ᠳᠤ ᠣᠷᠣᠯᠴᠠᠪᠠ᠃

  ᠴᠧᠨ ᡁᠢ ᠴᠠᠩ᠂ ᠯᠢᠦ ᠮᠢᠩ ᠱᠧᠩ ᠲᠤᠰ ᠲᠤᠰ ᠪᠤᠭᠤᠲᠤ ᠬᠤᠳᠠ ᠪᠣᠯᠤᠨ ᠤᠯᠤᠰ᠎ᠤᠨ ᠴᠠᠬᠢᠯᠭᠠᠨ ᠬᠦᠴᠦᠨ᠎ᠤ ᠪᠡᠯᠡ ᠣᠷᠣᠭᠤᠯᠤᠯᠲᠠ᠎ᠶ᠋ᠢᠨ ᠪᠦᠯᠦᠭ᠌ᠯᠡᠯ᠎ᠤᠨ ᠬᠥᠭ᠌ᠵᠢᠯᠲᠡ᠎ᠶ᠋ᠢᠨ ᠪᠠᠢᠳᠠᠯ ᠵᠢᠴᠢ ᠪᠠᠢᠯᠳᠤᠬᠤ ᠪᠤᠳᠤᠯᠭ᠎ᠠ᠎ᠶ᠋ᠢᠨ ᠲᠥᠯᠥᠪᠵᠢᠭᠦᠯᠭᠡ᠎ᠶ᠋ᠢ ᠲᠠᠨᠢᠯᠴᠠᠭᠤᠯᠵᠤ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢᠨ ᠲᠣᠭᠤᠷᠢᠨ᠎ᠳᠤ᠂ 《ᠠᠷᠪᠠᠨ ᠲᠠᠪᠤᠳᠤᠭᠠᠷ ᠲᠠᠪᠤᠨ ᠵᠢᠯ》 ᠎ᠤᠨ ᠬᠤᠭᠤᠴᠠᠭᠠᠨ᠎ᠳᠠᠬᠢ ᠭᠤᠣᠯᠳᠠᠯᠭ᠎ᠠ᠎ᠲᠠᠢ ᠲᠦᠷᠦᠯ ᠵᠦᠢᠯ᠎ᠤᠨ ᠬᠠᠮᠲᠤᠷᠠᠯᠴᠠᠭ᠎ᠠ ᠰᠣᠯᠢᠯᠴᠠᠭ᠎ᠠ᠎ᠶ᠋ᠢ ᠴᠢᠨᠠᠭ᠍ᠰᠢᠳᠠ ᠰᠠᠢᠲᠤᠷ ᠲᠥᠯᠥᠪᠵᠢᠭᠦᠯᠪᠡ᠃ ᠬᠤᠶᠠᠷ ᠲᠠᠯ᠎ᠠ᠎ᠪᠠᠷ᠎ᠢᠶᠠᠨ ᠥᠩᠭᠡᠷᠡᠭ᠌ᠰᠡᠨ᠎ᠤ ᠰᠠᠢᠨ ᠰᠠᠢᠬᠠᠨ ᠬᠠᠮᠲᠤᠷᠠᠯᠴᠠᠭᠠᠨ᠎ᠤ ᠰᠠᠭᠤᠷᠢᠨ ᠳᠡᠭᠡᠷ᠎ᠡ᠂ ᠤᠯᠤᠯᠴᠠᠭ᠎ᠠ ᠰᠣᠯᠢᠯᠴᠠᠭ᠎ᠠ᠎ᠪᠠᠨ ᠴᠢᠨᠠᠭ᠍ᠰᠢᠳᠠ ᠴᠢᠩᠭᠠᠳᠭᠠᠵᠤ᠂ 《ᠠᠷᠪᠠᠨ ᠲᠠᠪᠤᠳᠤᠭᠠᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢ ᠵᠣᠯᠭᠠᠭᠤᠯᠬᠤ᠎ᠶ᠋ᠢ ᠰᠠᠢᠲᠤᠷ ᠬᠢᠵᠦ᠍᠂ ᠡᠬᠢ ᠪᠠᠶᠠᠯᠢᠭ᠎ᠢ ᠬᠠᠮᠲᠤᠪᠠᠷ ᠡᠳ᠋ᠯᠡᠬᠦ᠂ ᠳᠠᠪᠠᠭᠤᠯᠢᠭ᠎ᠢᠶᠠᠨ ᠬᠠᠷᠢᠯᠴᠠᠨ ᠨᠥᠬᠦᠪᠥᠷᠢᠯᠡᠬᠦ᠌᠎ᠶ᠋ᠢ ᠪᠡᠶᠡᠯᠡᠭᠦᠯᠵᠦ᠍᠂ ᠪᠣᠬᠢᠷᠲᠤᠯ ᠦᠭᠡᠢ ᠤᠰᠤᠲᠥ᠋ᠷᠥᠭ᠌ᠴᠢ᠎ᠶ᠋ᠢᠨ ᠪᠦᠯᠦᠭ᠎ᠤᠨ ᠡᠨᠧᠷᠭᠢ᠂ ᠡᠨᠧᠷᠭᠢ᠎ᠶ᠋ᠢᠨ ᠲᠣᠨᠣᠭ᠍ᠯᠠᠯ ᠦᠢᠯᠡᠳᠬᠦ᠌ ᠵᠡᠷᠭᠡ ᠬᠦᠷᠢᠶᠡᠨ᠎ᠳᠠᠬᠢ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠪᠠᠨ ᠦᠷᠭᠦᠯᠵᠢᠯᠡᠨ ᠭᠦᠨᠵᠡᠭᠡᠢᠷᠡᠭᠦᠯᠵᠦ᠍᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠳᠠ᠎ᠶ᠋ᠢᠨ ᠠᠵᠤ ᠠᠬᠤᠢ ᠨᠡᠢᠭᠡᠮ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠳᠤ ᠨᠡᠩ ᠤᠯᠠᠨ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠭᠡᠪᠡ᠃

  ᠪᠤᠭᠤᠲᠤ ᠬᠤᠲᠠ᠎ᠶ᠋ᠢᠨ ᠬᠤᠯᠪᠣᠭ᠍ᠳᠠᠯ ᠪᠥᠬᠦᠶ ᠰᠠᠯᠠᠭ᠎ᠠ ᠮᠥᠴᠢᠷ ᠨᠢᠭᠡᠴᠢ᠎ᠶ᠋ᠢᠨ ᠬᠠᠷᠢᠭᠤᠴᠠᠯᠭᠠᠲᠠᠨ ᠨᠥᠬᠦᠳ; ᠤᠯᠤᠰ᠎ᠤᠨ ᠴᠠᠬᠢᠯᠭᠠᠨ ᠬᠦᠴᠦᠨ᠎ᠤ ᠪᠠᠯᠠ ᠣᠷᠣᠭᠤᠯᠤᠯᠲᠠ᠎ᠶ᠋ᠢᠨ ᠪᠦᠯᠦᠭ᠌ᠯᠡᠯ᠎ᠤᠨ ᠳᠡᠳ᠋ ᠶᠡᠷᠦᠩᠬᠡᠶ ᠢᠨᠵᠧᠨᠧᠷ ᠪᠥᠭᠡᠳ ᠴᠥᠮ᠎ᠡ᠎ᠶ᠋ᠢᠨ ᠡᠨᠧᠷᠭᠢ᠎ᠶ᠋ᠢᠨ ᠶᠠᠮᠤᠨ᠎ᠤ ᠡᠷᠬᠢᠯᠡᠭ᠌ᠴᠢ ᠡᠤ ᠹᠠᠩ᠂ ᠠᠯᠪᠠᠨ ᠬᠡᠷ᠂ ᠪᠠᠢ᠌ᠯᠳᠤᠬᠤ ᠪᠤᠳᠤᠯᠭ᠎ᠠ᠎ᠶᠢᠨ ᠬᠥᠭ᠌ᠵᠢᠭᠦᠯᠦᠯᠲᠡ᠎ᠶ᠋ᠢᠨ ᠬᠡᠯᠲᠡᠰ᠂ ᠡᠵᠡᠩᠨᠡᠯᠲᠡ᠎ᠶ᠋ᠢᠨ ᠬᠡᠯᠲᠡᠰ᠂ ᠥᠪᠥᠷ ᠮᠣᠩᠭᠤᠯ᠎ᠤᠨ ᠺᠣᠮᠫᠠᠨᠢ᠎ᠶ᠋ᠢᠨ ᠬᠤᠯᠪᠣᠭ᠍ᠳᠠᠯ ᠪᠥᠬᠦᠶ ᠬᠥᠮᠦᠰ ᠬᠡᠯᠡᠯᠴᠡᠭᠡ᠎ᠳᠤ ᠣᠷᠣᠯᠴᠠᠪᠠ᠃

  

ᠢᠷᠡᠯᠲᠡ᠄ ᠣᠯᠥᠰ᠎ᠤᠨ ᠴᠠᠬᠢᠯᠭᠠᠨ ᠬᠦᠴᠣᠨ᠎ᠤ ᠪᠡᠯᠡ ᠣᠷᠣᠭᠤᠯᠥᠯᠳᠡ᠎ᠶ᠋ᠢᠨ ᠪᠦᠯᠥᠭ᠌ᠯᠡᠯ᠎ᠤᠨ ᠬᠢᠵᠠᠭᠠᠷᠳᠦ ᠺᠣᠮᠫᠠᠨᠢ
          
ᠬᠠᠮᠢᠶ᠎ᠡ ᠪᠦᠬᠦᠢ ᠰᠣᠨᠢᠨ
 
            