ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠣᠨᠴᠠᠯᠢᠭᠲᠤ᠌ ᠳᠠᠪᠴᠠᠩ   -   ᠬᠤᠳᠠᠯᠳᠤᠭᠠᠴᠢᠨ ᠤᠷᠢᠵᠤ ᠪᠡᠯᠡ ᠲᠠᠲᠠᠬᠤ
ᠲᠥᠷᠥᠯ ᠵᠦᠢᠯ᠎ᠤᠨ ᠪᠦᠲᠦᠭᠡᠨ ᠪᠠᠢᠭᠤᠯᠤᠯᠲᠠ — ᠨᠢᠭᠡᠳᠦᠭᠡᠷ ᠬᠤᠭᠤᠴᠠᠭᠠᠨ᠎ᠤ ᠶᠡᠷᠦᠩᠬᠡᠶ ᠪᠡᠯᠡ ᠣᠷᠣᠭᠤᠯᠤᠯᠲᠠ᠎ᠨᠢ 0.5 ᠳ᠋ᠦᠩᠱᠢᠭᠤᠷ ᠲᠥᠭᠦᠷᠢᠭ ᠥᠪᠥᠷ ᠮᠣᠩᠭᠤᠯ᠎ᠤᠨ ᠠᠩᠬᠠᠳᠠᠭ᠍ᠴᠢ ᠨᠠᠢ᠍ᠮᠠᠯᠵᠢ᠎ᠶ᠋ᠢ ᠭᠠᠳᠠᠭᠠᠳᠤ᠎ᠳᠤ ᠭᠠᠷᠭᠠᠬᠤ ᠰᠠᠭᠤᠷᠢᠨ ᠭᠠᠵᠠᠷ᠎ᠤᠨ ᠳᠠᠯᠠᠳ ᠬᠤᠱᠢᠭᠤᠨ᠎ᠤ ᠶᠡᠬᠡ ᠲᠤᠬᠤᠢ᠎ᠶᠢᠨ ᠨᠠᠢ᠍ᠮᠠᠯᠵᠢ᠎ᠶᠢᠨ ᠸᠠᠩ ᠶᠡᠬᠡ ᠬᠠᠭ᠋ᠠᠯᠲᠠ᠎ᠶᠢᠨ ᠨᠠᠢ᠍ᠮᠠᠯᠵᠢ᠎ᠶᠢᠨ ᠠᠵᠤ ᠦᠢᠯᠡᠰ᠎ᠤᠨ ᠬᠦᠷᠢᠶᠡᠯᠡᠩ᠎ᠤᠨ ᠲᠥᠷᠥᠯ ᠵᠦᠢᠯ᠎ᠤᠨ ᠪᠦᠲᠦᠭᠡᠨ ᠪᠠᠢᠭᠤᠯᠤᠯᠲᠠ᠎ᠶ᠋ᠢ ᠪᠦᠬᠦ᠌ ᠬᠦᠴᠦᠨ᠎ᠢᠶᠠᠷ᠎ᠢᠶᠠᠨ ᠠᠬᠢᠭᠤᠯᠪᠠ
ᠨᠡᠶ᠋ᠢᠲᠡᠯᠡᠭᠰᠡᠨ ᠴᠠᠭ᠄ 2025-12-08

  ᠣᠢᠷ᠎ᠠ᠎ᠳ᠋ᠤ ᠂ ᠣᠷᠳᠣᠰ ᠬᠣᠲᠠ᠎ᠶᠢᠨ ᠳᠠᠯᠠᠳ ᠬᠤᠱᠢᠭᠤᠨ᠎ᠤ ᠶᠡᠬᠡ ᠲᠤᠬᠤᠢ᠎ᠶᠢᠨ ᠨᠠᠢ᠍ᠮᠠᠯᠵᠢ᠎ᠶᠢᠨ ᠸᠠᠩ ᠶᠡᠬᠡ ᠬᠠᠭ᠋ᠠᠯᠲᠠ᠎ᠶᠢᠨ ᠨᠠᠢ᠍ᠮᠠᠯᠵᠢ᠎ᠶᠢᠨ ᠠᠵᠤ ᠦᠢᠯᠡᠰ᠎ᠤᠨ ᠬᠦᠷᠢᠶᠡᠯᠡᠩ᠎ᠤᠨ ᠲᠥᠷᠥᠯ ᠵᠦᠢᠯ᠎ᠦ᠋ᠨ ᠪᠦᠲᠦᠭᠡᠨ ᠪᠠᠢᠭᠤᠯᠤᠯᠲᠠ ᠶᠠᠭ ᠪᠠᠴᠢᠮ ᠶᠠᠭᠠᠷᠠᠯᠲᠠᠢ ᠶᠠᠪᠤᠭ᠍ᠳᠠᠵᠤ ᠪᠠᠢᠨ᠎ᠠ᠃

  2025 ᠤᠨ᠎ᠤ 7  ᠳ᠋ᠤᠭ᠋ᠠᠷ ᠰᠠᠷ᠎ᠡ᠎ᠳᠤ ᠳᠠᠯᠠᠳ ᠬᠤᠱᠢᠭᠤ ᠵᠢᠶᠠᠩᠰᠦ ᠮᠤᠵᠢ᠎ᠶ᠋ᠢᠨ ᠶᠠᠨ ᠴᠧᠩ ᠬᠤᠳᠠ᠎ᠶ᠋ᠢᠨ ᠱᠤᠤ ᠤᠪᠤᠭ᠍ᠳᠤ᠎ᠶ᠋ᠢᠨ ᠶᠡᠬᠡ ᠬᠠᠭ᠋ᠠᠯᠲᠠ᠎ᠶᠢᠨ ᠨᠠᠢᠮᠠᠯᠵᠢ᠎ᠶ᠋ᠢᠨ ᠬᠢᠵᠠᠭᠠᠷᠳᠤ ᠺᠤᠮᠫᠠᠨᠢ᠎ᠶ᠋ᠢ ᠠᠮᠵᠢᠯᠳᠠ᠎ᠲᠠᠢ᠎ᠪᠠᠷ ᠳᠠᠳᠠᠨ ᠤᠷᠤᠭᠤᠯᠵᠤ᠂ ᠸᠠᠩ ᠠᠢ ᠵᠤᠤ ᠪᠠᠯᠭᠠᠰᠤᠨ᠎ᠤ ᠳ᠋ᠧ ᠱᠧᠩ ᠶᠢᠩᠽᠢ ᠳᠤᠰᠭᠤᠨ᠎ᠳᠤ ᠳᠠᠯᠠᠳ ᠬᠤᠱᠢᠭᠤᠨ᠎ᠤ ᠶᠡᠬᠡ ᠲᠤᠬᠤᠢ᠎ᠶᠢᠨ ᠨᠠᠢᠮᠠᠯᠵᠢ᠎ᠶ᠋ᠢᠨ ᠸᠠᠩ ᠶᠡᠬᠡ ᠬᠠᠭ᠋ᠠᠯᠲᠠ᠎ᠶᠢᠨ ᠨᠠᠢ᠍ᠮᠠᠯᠵᠢ᠎ᠶᠢᠨ ᠠᠵᠥ᠍ ᠦᠢᠯᠡᠰ᠎ᠤᠨ ᠬᠦᠷᠢᠶᠡᠯᠡᠩ᠎ᠤᠨ ᠳᠦᠷᠦᠯ ᠵᠦᠢᠯ᠎ᠢ ᠡᠬᠢᠯᠡᠨ ᠪᠠᠢᠭᠤᠯᠪᠠ᠃ ᠲᠣᠰ ᠲᠥᠷᠥᠯ ᠵᠦᠢᠯ᠎ᠢ ᠥᠪᠥᠷ ᠮᠣᠩᠭᠤᠯ᠎ᠤᠨ ᠱᠣᠤ ᠤᠪᠤᠭ᠍ᠳᠤ᠎ᠶ᠋ᠢᠨ ᠠᠮᠢ ᠠᠬᠤᠶ᠎ᠶ᠋ᠢᠨ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠥᠭ᠌ᠵᠢᠯᠲᠡ᠎ᠶ᠋ᠢᠨ ᠬᠢᠵᠠᠭᠠᠷᠲᠤ ᠺᠣᠮᠫᠠᠨᠢ᠎ᠠᠴᠠ ᠪᠠᠯᠠ ᠣᠷᠣᠭᠤᠯᠤᠨ ᠪᠠᠢᠭᠤᠯᠵᠤ᠂ ᠲᠥᠷᠥᠯ ᠵᠦᠢᠯ᠎ᠢ ᠭᠤᠷᠪᠠᠨ ᠬᠤᠭᠤᠴᠠᠭ᠎ᠠ ᠬᠤᠪᠢᠶᠠᠨ ᠬᠡᠷᠡᠭ᠌ᠵᠢᠭᠦᠯᠦᠨ᠎ᠡ᠃ ᠲᠥᠷᠥᠯ ᠵᠦᠶ᠋ᠯ ᠪᠥᠬᠦ᠌ ᠲᠠᠯ᠎ᠠ᠎ᠪᠠᠷ ᠪᠠᠢᠭᠤᠯᠤᠭ᠍ᠳᠠᠭ᠍ᠰᠠᠨ᠎ᠤ ᠳᠠᠷᠠᠭ᠎ᠠ᠂ ᠲᠣᠰ ᠭᠠᠵᠠᠷ᠎ᠤᠨ ᠠᠵᠢᠯ ᠣᠯᠭᠤᠯᠲᠠ᠎ᠶ᠋ᠢ ᠱᠢᠭᠤᠳ ᠠᠬᠢᠭᠤᠯᠵᠤ ᠪᠣᠯᠬᠤ᠎ᠪᠠᠷ ᠪᠠᠷᠠᠬᠤ ᠥᠬᠡᠶ ᠪᠠᠰᠠ ᠲᠡᠵᠢᠭᠡᠯ ᠪᠣᠷᠳᠣᠭᠠᠨ᠎ᠤ ᠦᠶ᠋ᠯᠡᠳᠪᠦᠷᠢᠯᠡᠯ᠂ ᠪᠠᠷᠠᠭᠠᠨ᠎ᠤ ᠭᠦᠶ᠋ᠯᠭᠡᠭᠡᠨ᠎ᠤ ᠲᠡᠭᠡᠭᠡᠪᠦᠷᠢ᠂ ᠬᠥᠳᠡᠭᠡ ᠲᠣᠰᠭᠤᠨ᠎ᠤ ᠵᠢᠭᠤᠯᠴᠢᠯᠠᠯ ᠵᠡᠷᠭᠡ ᠳᠡᠭᠡᠳᠦ ᠳᠣᠤᠷᠠᠳᠤ ᠤᠷᠤᠰᠭᠠᠯ᠎ᠤᠨ ᠠᠵᠤ ᠦᠶ᠋ᠯᠡᠰ᠎ᠤᠨ ᠬᠠᠮᠵᠢᠯᠴᠠᠨ ᠬᠥᠭ᠌ᠵᠢᠬᠦ᠌᠎ᠶ᠋ᠢ ᠨᠥᠯᠥᠭᠡᠯᠡᠨ ᠳᠠᠢᠴᠢᠯᠠᠵᠤ᠂ 《ᠨᠢᠭᠡ ᠠᠵᠢᠯ ᠦᠢᠯᠡᠰ ᠮᠠᠨᠳᠤᠪᠠᠯ᠂ ᠠᠯᠢᠪᠠ ᠠᠵᠢᠯ ᠦᠢᠯᠡᠰ ᠬᠥᠭᠵᠢᠬᠦ》 ᠰᠠᠢᠨ ᠣᠷᠴᠢᠯ᠎ᠢ ᠪᠤᠢ ᠪᠣᠯᠭᠠᠨ᠎ᠠ᠃ 

  《ᠣᠳᠣᠬᠠᠨ᠎ᠳᠤ ᠨᠠᠢ᠍ᠮᠠᠯᠵᠢ᠎ᠶ᠋ᠢᠨ ᠴᠥᠭᠦᠷᠥᠮ᠎ᠤᠨ ᠪᠦᠲᠦᠭᠡᠨ ᠪᠠᠢᠭᠤᠯᠤᠯᠲᠠ ᠨᠢᠭᠡᠨᠲᠡ 95% ᠎ᠶ᠋ᠢ ᠪᠡᠶᠡᠯᠡᠭᠦᠯᠵᠦ᠍᠂ ᠬᠤᠪᠢᠶᠠᠨ ᠢᠯᠭᠠᠬᠤ ᠲᠥᠪ᠂ ᠦᠵᠡᠭᠦᠯᠭᠡ᠎ᠶ᠋ᠢᠨ ᠲᠢᠩᠬᠢᠮ᠂ ᠠᠵᠢᠯᠯᠠᠬᠤ ᠲᠣᠭᠤᠷᠢᠭ ᠵᠡᠷᠭᠡ ᠢᠵᠢ ᠪᠦᠷᠢᠳᠦᠭᠦᠯᠬᠦ᠌ ᠢᠨᠵᠸᠨ᠋ᠸᠷᠢᠩ ᠨᠢ ᠴᠤ᠌ ᠶᠠᠭ ᠲᠦᠷᠭᠡᠨ ᠠᠭᠢᠵᠤ᠂ ᠵᠢᠱ᠌ᠢᠯᠲᠡ᠎ᠪᠠᠷ 12 ᠳ᠋ᠤᠭ᠋ᠠᠷ ᠰᠠᠷ᠎ᠠ᠎ᠶ᠋ᠢᠨ ᠰᠡᠭᠦᠯᠴᠢ᠎ᠪᠠᠷ ᠪᠦᠬᠦ᠌ ᠲᠠᠯ᠎ᠠ᠎ᠪᠠᠷ ᠪᠠᠷᠢᠵᠤ ᠳᠠᠭᠤᠰᠭᠠᠨ᠎ᠠ᠃ ᠢᠷᠡᠬᠦ᠌ ᠵᠢᠯ᠎ᠤᠨ 3 ᠳ᠋ᠤᠭ᠋ᠠᠷ ᠰᠠᠷ᠎ᠠ᠎ᠳᠤ ᠦᠷᠢ ᠬᠠᠶᠠᠵᠤ᠂ 9 ᠳ᠋ᠦ᠍ᠭᠡᠷ ᠰᠠᠷ᠎ᠠ᠎ᠳᠤ ᠲᠦᠷᠦᠭᠦᠦ ᠪᠦᠯᠦᠭ ᠲᠣᠮᠣ ᠨᠠᠢ᠍ᠮᠠᠯᠵᠢ ᠬᠤᠷᠢᠶᠠᠵᠤ ᠪᠣᠯᠤᠨ᠎ᠠ᠃ ᠸᠠᠩ ᠠᠢ ᠵᠤᠤ ᠪᠠᠯᠭᠠᠰᠤᠨ᠎ᠤ ᠰᠠᠭᠤᠷᠢᠨ ᠭᠠᠵᠠᠷ᠎ᠠᠴᠠ ᠭᠠᠳᠠᠨ᠎ᠠ᠂ ᠪᠢᠳᠡ ᠵᠡᠭᠡᠰᠦᠲᠡᠶ ᠪᠠᠯᠭᠠᠰᠤ᠂ ᠵᠦᠩ ᠾᠧ ᠪᠠᠷᠠᠭᠤᠨ ᠪᠠᠯᠭᠠᠰᠤᠨ᠎ᠳᠤ ᠪᠠᠰᠠ 2200 ᠮᠦ᠍ ᠪᠠ 1500 ᠮᠦ᠍ ᠲᠡᠵᠢᠭᠡᠨ ᠦᠷᠡᠵᠢᠭᠦᠯᠬᠦ᠌ ᠲᠦᠷᠦᠯ ᠵᠦᠢᠯ᠎ᠢ ᠲᠥᠯᠥᠪᠵᠢᠭᠦᠯᠵᠦ᠍᠂ 〈ᠡᠮᠦᠨ᠎ᠡ᠎ᠪᠠᠨ ᠶᠠᠩ ᠴᠧᠩ ᠬᠤ᠌᠎ᠲᠠᠢ᠂ ᠬᠤᠢ᠌ᠨ᠎ᠠ᠎ᠪᠠᠨ ᠶᠡᠬᠡ ᠲᠣᠬᠤᠢ ᠲᠠᠢ〉 ᠠᠵᠤ ᠦᠢᠯᠡᠰ᠎ᠤᠨ ᠬᠦᠰᠡᠯ ᠡᠷᠡᠮᠡᠯᠵᠡᠯ᠎ᠢ ᠡᠷᠲᠡᠬᠡᠨ ᠪᠡᠶᠡᠯᠡᠭᠦᠯᠬᠦ᠌᠎ᠪᠠᠷ ᠴᠢᠷᠮᠠᠢᠨ᠎ᠠ》 ᠭᠡᠵᠦ᠍ ᠥᠪᠥᠷ ᠮᠣᠩᠭᠤᠯ᠎ᠤᠨ ᠱᠤᠤ ᠤᠪᠤᠭ᠍ᠳᠤ᠎ᠶ᠋ᠢᠨ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠥᠭ᠌ᠵᠢᠯᠲᠡ᠎ᠶ᠋ᠢᠨ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠢ ᠳᠠᠭᠠᠭᠠᠮᠠᠯ ᠯᠢ ᠶᠦᠩ ᠲᠠᠨᠢᠯᠴᠠᠭᠤᠯᠪᠠ᠃

  ᠣᠢᠯᠠᠭᠠᠭ᠍ᠰᠠᠨ᠎ᠢᠶᠠᠷ᠂ ᠲᠥᠷᠥᠯ ᠵᠦᠢᠯ᠎ᠤᠨ ᠨᠢᠭᠡᠳᠦᠭᠡᠷ ᠬᠤᠭᠤᠴᠠᠭᠠᠨ᠎ᠤ ᠶᠡᠷᠦᠩᠬᠡᠶ ᠪᠠᠯᠠ ᠣᠷᠣᠭᠤᠯᠤᠯᠲᠠ᠎ᠨᠢ 5000 ᠲᠦᠮᠡᠨ ᠲᠥᠭᠦᠷᠢᠭ ᠪᠠᠢᠵᠤ᠂ 1675 ᠮᠥ᠍ ᠪᠠᠷᠢᠮᠵᠢᠶᠠᠵᠢᠭᠤᠯᠤᠭ᠍ᠰᠠᠨ ᠲᠡᠵᠢᠭᠡᠨ ᠦᠷᠡᠵᠢᠭᠦᠯᠬᠦ᠌ ᠴᠥᠭᠦᠷᠥᠮ᠎ᠢ ᠪᠠᠢᠭᠤᠯᠵᠤ᠂ ᠤᠶᠤᠨᠴᠢᠯᠠᠭ᠍ᠰᠠᠨ ᠤᠰᠤᠨ᠎ᠤ ᠴᠢᠨᠠᠷ᠎ᠢ ᠬᠢᠨᠠᠨ ᠬᠡᠮᠵᠢᠬᠦ᠂ ᠠᠦ᠋ᠲ᠋ᠣ᠋ ᠠᠱᠢᠭ᠍ᠯᠠᠯᠲᠠ᠎ᠳᠤ ᠣᠷᠣᠭᠤᠯᠬᠤ ᠱᠢᠰᠲ᠋ᠧᠮ ᠪᠠ ᠪᠥᠬᠦ᠌ ᠶᠠᠪᠤᠴᠠ᠎ᠶ᠋ᠢᠨ ᠶᠠᠰᠤ ᠴᠢᠨᠠᠷ᠎ᠢ ᠮᠥᠷᠳᠡᠬᠦ᠌ ᠲᠤᠭᠲᠠᠯᠴᠠᠭ᠎ᠠ᠎ᠶᠢ ᠵᠡᠷᠭᠡᠪᠡᠷ ᠣᠷᠣᠭᠤᠯᠤᠨ ᠠᠪᠴᠢᠷᠠᠵᠤ᠂ ᠥᠪᠥᠷ ᠮᠣᠩᠭᠤᠯ᠎ᠤᠨ ᠠᠩᠬᠠᠳᠠᠭ᠍ᠴᠢ ᠨᠠᠢ᠍ᠮᠠᠯᠵᠢ᠎ᠶ᠋ᠢᠨ ᠭᠠᠳᠠᠭᠠᠳᠤ᠎ᠳᠤ ᠭᠠᠷᠭᠠᠬᠤ ᠰᠠᠭᠤᠷᠢᠨ ᠭᠠᠵᠠᠷ᠎ᠢ ᠪᠠᠢᠭᠤᠯᠵᠤ᠂ ᠵᠢᠱ᠌ᠢᠯᠲᠡ᠎ᠪᠠᠷ 2026 ᠣᠨ᠎ᠤ 7 ᠳ᠋ᠤᠭ᠋ᠠᠷ ᠰᠠᠷ᠎ᠠ᠎ᠳᠤ ᠪᠥᠬᠦ᠌ ᠲᠠᠯ᠎ᠠ᠎ᠪᠠᠷ ᠳᠠᠭᠤᠰᠭᠠᠨ᠎ᠠ᠃ ᠨᠢᠭᠡᠳᠦᠭᠡᠷ ᠬᠤᠭᠤᠴᠠᠭᠠᠨ᠎ᠤ ᠲᠥᠷᠥᠯ ᠵᠦᠢᠯ᠎ᠢ ᠵᠢᠱ᠌ᠢᠯᠲᠡ᠎ᠪᠠᠷ 2025 ᠣᠨ᠎ᠤ 12 ᠳ᠋ᠤᠭᠠᠷ ᠰᠠᠷ᠎ᠠ᠎ᠶ᠋ᠢᠨ ᠰᠡᠭᠦᠯᠴᠢ᠎ᠠᠴᠠ ᠡᠮᠦᠨ᠎ᠡ ᠭᠤᠤᠯ ᠴᠣᠭ᠍ᠴᠠ᠎ᠶ᠋ᠢᠨ ᠪᠣᠷᠣ ᠲᠥᠯᠥᠪ᠎ᠢ ᠪᠠᠢᠭᠤᠯᠵᠤ᠂ 2026 ᠣᠨ᠎ᠤ ᠨᠠᠮᠤᠷ᠎ᠤᠨ ᠤᠯᠠᠷᠢᠯ᠎ᠤᠨ ᠠᠩᠬᠠᠳᠠᠭ᠍ᠴᠢ ᠪᠦᠯᠦᠭ ᠨᠠᠢᠮᠠᠯᠵᠢ᠎ᠶ᠋ᠢ ᠵᠠᠬ᠎ᠠ ᠳᠡᠯᠭᠡᠭᠦᠷ᠎ᠲᠤ ᠭᠠᠷᠭᠠᠵᠤ᠂ ᠵᠢᠯ᠎ᠳᠤ ᠪᠠᠷᠤᠭ 234 ᠲᠣᠨ ᠰᠢᠯᠢᠳᠡᠭ ᠲᠣᠮᠣ ᠨᠠᠢ᠍ᠮᠠᠯᠵᠢ᠎ᠶᠢ ᠦᠶ᠋ᠯᠡᠳᠪᠦᠷᠢᠯᠡᠨ᠎ᠡ᠃ ᠬᠤᠶᠠᠳᠤᠭᠠᠷ ᠬᠤᠭᠤᠴᠠᠭ᠎ᠠ᠂ ᠭᠤᠷᠪᠠᠳᠤᠭᠠᠷ ᠬᠤᠭᠤᠴᠠᠭᠠᠨ᠎ᠤ ᠢᠨᠵᠧᠨᠧᠷᠢᠩ᠎ᠢ ᠲᠤᠰ ᠲᠤᠰ 2028 ᠣᠨ᠂ 2030 ᠣᠨ᠎ᠳᠤ ᠪᠠᠢᠭᠤᠯᠬᠤ᠎ᠪᠠᠷ ᠲᠥᠯᠥᠪᠯᠡᠵᠦ᠍᠂ ᠲᠡᠵᠢᠭᠡᠨ ᠦᠷᠡᠵᠢᠭᠦᠯᠬᠦ᠌ ᠬᠡᠪᠴᠢᠶ᠎ᠡ᠎ᠶ᠋ᠢ ᠦᠷᠭᠦᠯᠵᠢᠯᠡᠨ ᠥᠷᠭᠡᠳᠭᠡᠭ᠌ᠰᠡᠨ ᠰᠠᠭᠤᠷᠢᠨ ᠳᠡᠭᠡᠷ᠎ᠡ᠂ ᠰᠣᠶᠣᠯ ᠵᠢᠭᠤᠯᠴᠢᠯᠠᠯ᠎ᠤᠨ ᠲᠥᠪ ᠬᠢᠭᠡᠳ ᠨᠠᠷᠢᠯᠢᠭ ᠭᠦᠨᠵᠡᠭᠡᠶ ᠪᠣᠯᠪᠠᠰᠤᠷᠠᠭᠤᠯᠬᠤ ᠦᠢᠯᠡᠳᠪᠦᠷᠢ᠎ᠶ᠋ᠢᠨ ᠲᠠᠰᠤᠭ᠎ᠢ ᠭᠤᠤᠯᠳᠠᠯᠭ᠎ᠠ᠎ᠲᠠᠢ ᠪᠠᠢᠭᠤᠯᠵᠤ᠂ 3 ᠎ᠠᠴᠠ 5 ᠣᠷᠣᠨ ᠪᠦᠰᠡ᠎ᠶ᠋ᠢᠨ ᠴᠢᠨᠠᠷᠲᠠᠶ ᠨᠠᠷᠠᠲᠤ ᠲᠡᠮᠳᠡᠭ ᠎ᠢ ᠪᠤᠢᠵᠢᠭᠤᠯᠤᠨ᠂ 《ᠦᠢᠯᠡᠳᠪᠦᠷᠢᠯᠡᠬᠦ᠌ — ᠪᠣᠯᠪᠠᠰᠤᠷᠠᠭᠤᠯᠬᠤ — ᠪᠣᠷᠣᠯᠠᠭᠤᠯᠬᠤ — ᠵᠢᠭᠤᠯᠴᠢᠯᠠᠯ》 ᠎ᠢ ᠨᠢᠭᠡ ᠴᠤᠭ᠍ᠴᠠᠵᠢᠭᠤᠯᠤᠨ ᠬᠥᠭ᠌ᠵᠢᠭᠦᠯᠬᠦ᠌ ᠱᠢᠨ᠎ᠡ ᠪᠠᠢᠷᠢᠱᠢᠯ᠎ᠢ ᠪᠠᠢᠭᠤᠯᠤᠨ᠎ᠠ᠃

  《ᠳᠠᠯᠠᠳ ᠬᠤᠱᠢᠭᠤᠨ᠎ᠤ ᠶᠡᠬᠡ ᠲᠣᠬᠤᠢ᠎ᠶᠢᠨ ᠨᠠᠢ᠍ᠮᠠᠯᠵᠢ᠎ᠶᠢᠨ ᠸᠠᠩ ᠶᠡᠬᠡ ᠬᠠᠭ᠋ᠠᠯᠲᠠ᠎ᠶᠢᠨ ᠨᠠᠢ᠍ᠮᠠᠯᠵᠢ᠎ᠶᠢᠨ ᠠᠵᠤ ᠦᠢᠯᠡᠰ᠎ᠤᠨ ᠬᠦᠷᠢᠶᠡᠯᠡᠩ᠎ᠤᠨ ᠲᠦᠷᠦᠯ ᠵᠦᠢᠯ᠎ᠢ ᠳ᠋ᠸ ᠱᠸᠩ ᠶᠢᠩᠽᠢ ᠲᠤᠰᠬᠤᠨ᠎ᠳᠤ ᠪᠠᠢ᠌ᠷᠢᠰᠢᠭᠤᠯᠵᠤ᠂ ᠬᠤᠶᠠᠷ ᠮᠢᠩᠭᠠᠨ ᠮᠦ᠍ ᠰᠤᠯᠠ ᠲᠠᠯᠪᠢᠭᠳᠠᠵᠤ ᠪᠠᠢᠭ᠎ᠠ ᠭᠠᠵᠠᠷ ᠱᠢᠷᠣᠢ᠎ᠶ᠋ᠢ ᠠᠰᠢᠭᠯᠠᠭᠰᠠᠨ᠎ᠢᠶᠠᠷ ᠪᠠᠷᠠᠬᠤ ᠦᠭᠡᠢ᠂ ᠤᠷᠳᠤᠰ᠎ᠤᠨ ᠬᠡᠪᠴᠢᠶ᠎ᠡ᠎ᠪᠠᠷ ᠬᠠᠮᠤᠭ᠎ᠤᠨ ᠶᠡᠭᠡ᠂ ᠪᠠᠷᠢᠮᠵᠢᠶ᠎ᠠ᠎ᠪᠠᠷ ᠬᠠᠮᠤᠭ᠎ᠤᠨ ᠥᠨᠳᠥᠷ ᠨᠠᠢ᠍ᠮᠠᠯᠵᠢ᠎ᠶ᠋ᠢᠨ ᠲᠡᠵᠢᠭᠡᠨ ᠦᠷᠡᠵᠢᠭᠦᠯᠬᠦ᠌ ᠰᠠᠭᠤᠷᠢᠨ᠎ᠢ ᠪᠠᠢᠭᠤᠯᠵᠤ᠂ ᠨᠡᠩ ᠴᠤ᠌ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠳᠤ ᠦᠨᠡᠨ ᠪᠣᠳᠠᠲᠠᠢ ᠵᠠᠮ᠎ᠢ ᠳᠡᠪᠢᠰᠴᠦ᠍ ᠥᠭ᠌ᠴᠡᠢ》 ᠭᠡᠵᠦ᠍ ᠬᠡᠯᠡᠪᠡ᠃ ᠸᠠᠩ ᠠᠢ ᠵᠤᠤ ᠪᠠᠯᠭᠠᠰᠤᠨ᠎ᠤ ᠳ᠋ᠧ ᠱᠧᠩ ᠶᠢᠩᠽᠢ ᠲᠣᠰᠭᠤᠨ᠎ᠤ ᠨᠠᠮ᠎ᠤᠨ ᠬᠤᠷᠢᠶᠠᠨ᠎ᠤ ᠱᠦᠵᠢ ᠾᠧ ᠱᠤᠤ ᠹᠧᠩ ᠢᠯᠡᠷᠬᠡᠢᠯᠡᠬᠦ᠌᠎ᠳᠡᠭᠡᠨ᠂ 《ᠲᠣᠰᠭᠤᠨ᠎ᠳᠤ ᠪᠠᠰᠠ ᠲᠦᠮᠡ ᠭᠠᠷᠤᠢ ᠮᠦ᠍ ᠬᠤᠵᠢᠷᠯᠢᠭ ᠭᠠᠵᠠᠷ ᠪᠠᠢᠨ᠎ᠠ᠂ ᠲᠠᠷᠠᠭᠠᠴᠢ᠎ᠶ᠋ᠢᠨ ᠠᠯᠬᠤᠮ᠎ᠳᠤ ᠪᠠᠰᠠ ᠠᠯᠬᠤᠮ ᠠᠯᠬᠤᠮ᠎ᠢᠶᠠᠷ ᠤᠰᠤᠨ ᠭᠠᠷᠤᠯᠲᠠ᠎ᠶ᠋ᠢᠨ ᠲᠡᠵᠢᠭᠡᠨ ᠦᠷᠡᠵᠢᠭᠦᠯᠬᠦ᠌᠎ᠳᠤ ᠬᠡᠷᠡᠭ᠌ᠯᠡᠬᠦ᠌ ᠪᠣᠯᠤᠨ᠎ᠠ᠃ ᠲᠥᠷᠥᠯ ᠵᠦᠢᠯ ᠪᠠᠢᠭᠤᠯᠤᠭ᠍ᠳᠠᠭ᠍ᠰᠠᠨ᠎ᠤ ᠳᠠᠷᠠᠭ᠎ᠠ᠂ ᠵᠢᠱ᠌ᠢᠯᠲᠡ᠎ᠪᠠᠷ 300 - 500 ᠠᠵᠢᠯ᠎ᠤᠨ ᠪᠠᠢᠷᠢ ᠬᠠᠩᠭᠠᠵᠤ᠂ ᠲᠣᠰ ᠭᠠᠵᠠᠷ᠎ᠤᠨ ᠬᠥᠳᠡᠯᠮᠦᠷᠢ ᠬᠦᠴᠦᠨ᠎ᠤ ᠠᠵᠢᠯ ᠣᠯᠭᠤᠯᠲᠠ᠎ᠶ᠋ᠢ ᠱᠢᠢᠳᠪᠦᠷᠢᠯᠡᠵᠦ᠍ ᠴᠢᠳᠠᠬᠤ ᠮᠥᠷᠲᠡᠭᠡᠨ ᠪᠠᠰᠠ ᠪᠠᠢᠳᠠᠯ᠎ᠢ ᠠᠱᠢᠭ᠍ᠯᠠᠨ ᠬᠥᠳᠡᠭᠡ ᠲᠣᠰᠭᠤᠨ᠎ᠤ ᠵᠢᠭᠤᠯᠴᠢᠯᠠᠯ᠎ᠢ ᠬᠥᠭ᠌ᠵᠢᠭᠦᠯᠵᠦ᠍᠂ ᠠᠷᠠᠳ ᠣᠯᠠᠨ᠎ᠤ 〈ᠵᠣᠭᠤᠰᠣᠨ ᠤᠭᠤᠲᠠ〉 ᠎ᠶ᠋ᠢ ᠦᠨᠡᠨ ᠬᠦ᠌ ᠭᠦᠳᠦᠢ᠌ᠯᠭᠡᠬᠦ ᠪᠣᠯᠤᠨ᠎ᠠ》 ᠭᠡᠵᠡᠶ᠃

  ᠪᠠᠷᠢᠯᠭ᠎ᠠ᠎ᠶ᠋ᠢᠨ ᠠᠬᠤᠢ ᠲᠠᠯᠠᠪᠠᠢ᠎ᠳᠤ᠂ ᠰᠤᠷᠪᠤᠯᠵᠢᠯᠠᠭ᠍ᠴᠢ ᠠᠳᠡ ᠬᠥᠯᠥᠰᠥᠨ ᠠᠵᠢᠯ ᠬᠢᠵᠦ᠍ ᠪᠠᠢᠭ᠎ᠠ ᠳ᠋ᠧ ᠱᠧᠩ ᠶᠢᠩᠽᠢ ᠲᠣᠰᠭᠤᠨ᠎ᠤ ᠴᠢᠶᠣᠤ ᠯᠠᠢ ᠭᠧ ᠳ᠋ᠠᠨ ᠬᠤᠷᠢᠶᠠᠨ᠎ᠤ ᠲᠣᠰᠭᠤᠨ᠎ᠤ ᠠᠷᠠᠳ ᠷᠧᠨ ᠬᠠᠢ ᠯᠢᠶᠠᠩ᠎ᠲᠠᠢ ᠠᠭᠤᠯᠵᠠᠪᠠ᠃ ᠷᠧᠨ ᠬᠠᠢ ᠯᠢᠶᠠᠩ᠄ 《ᠨᠢᠭᠡᠨ ᠰᠠᠢᠨ ᠲᠦᠷᠦᠯ ᠵᠦᠢᠯ ᠢᠷᠡᠪᠡ᠂ ᠰᠤᠯᠠ ᠲᠠᠯᠪᠢᠭᠳᠠᠵᠤ ᠪᠠᠢᠬᠤ ᠭᠠᠵᠠᠷ ᠱᠢᠷᠣᠢ᠎ᠶ᠋ᠢ ᠠᠱᠢᠭ᠍ᠯᠠᠬᠤ᠎ᠪᠠᠷ ᠪᠠᠷᠠᠬᠤ ᠦᠭᠡᠢ᠂ ᠪᠢᠳᠡ ᠪᠠᠰᠠ ᠤᠢ᠍ᠢᠷ᠎ᠠ ᠬᠠᠪᠢ᠎ᠳᠠᠭᠠᠨ ᠬᠥᠯᠥᠰᠥᠨ ᠠᠵᠢᠯ ᠬᠢᠵᠦ᠍ ᠣᠷᠣᠯᠭ᠎ᠠ᠎ᠪᠠᠨ ᠨᠡᠮᠡᠭ᠌ᠳᠡᠭᠦᠯᠵᠦ᠍ ᠴᠢᠳᠠᠨ᠎ᠠ᠃ ᠨᠠᠢ᠍ᠮᠠᠯᠵᠢ᠎ᠶ᠋ᠢ ᠲᠡᠵᠢᠭᠡᠵᠦ᠍ ᠪᠠᠷᠠᠭ᠍ᠰᠠᠨ᠎ᠤ ᠳᠠᠷᠠᠭ᠎ᠠ ᠪᠢᠳᠡ ᠪᠠᠰᠠ ᠠᠵᠤ ᠠᠬᠤᠢᠯᠠᠯ᠎ᠢ ᠳᠠᠭᠠᠵᠤ ᠮᠡᠷᠭᠡᠵᠢᠯ ᠰᠤᠷᠴᠤ᠌᠂ ᠪᠠᠭ᠎ᠠ ᠰᠠᠭ᠎ᠠ ᠤᠰᠤᠨ ᠭᠠᠷᠤᠯᠲᠠ᠎ᠶ᠋ᠢᠨ ᠲᠡᠵᠢᠭᠡᠨ ᠦᠷᠡᠵᠢᠭᠦᠯᠬᠦ᠌ ᠠᠵᠢᠯ ᠬᠢᠵᠦ᠍᠂ ᠣᠷᠣᠯᠭ᠎ᠠ᠎ᠪᠠᠨ ᠪᠠᠰᠠ ᠳᠡᠭᠡᠭᠰᠢᠯᠡᠭᠦᠯᠵᠦ ᠪᠣᠯᠤᠨ᠎ᠠ》 ᠭᠡᠵᠡᠢ᠃

  ᠳᠠᠯᠠᠳ ᠬᠤᠱᠢᠭᠤ ᠨᠢ ᠬᠠᠲᠤᠨ ᠭᠤᠤᠯ᠎ᠤᠨ ᠶᠡᠬᠡ ᠲᠤᠬᠤᠢ᠎ᠶᠢᠨ ᠬᠠᠮᠤᠭ᠎ᠤᠨ ᠥᠨᠳᠥᠷ ᠬᠡᠰᠡᠭ᠎ᠲᠤ ᠪᠠᠢᠷᠢᠯᠠᠵᠤ᠂ ᠬᠠᠲᠤᠨ ᠭᠤᠤᠯ 190 ᠭᠠᠷᠤᠶ ᠺᠢᠯᠣᠮᠧᠲᠷ ᠬᠢᠯᠢ᠎ᠪᠡᠷ ᠦᠩᠭᠡᠷᠡᠵᠦ᠂ ᠳᠣᠲᠣᠭᠠᠳᠤ ᠬᠠᠭᠤᠷᠠᠶ᠎ᠶ᠋ᠢᠨ ᠵᠢᠭᠠᠰᠤᠨ ᠠᠵᠤ ᠠᠬᠤᠶ᠎ᠶ᠋ᠢ ᠬᠥᠭ᠌ᠵᠢᠭᠦᠯᠬᠦ᠌ ᠲᠠᠯ᠎ᠠ᠎ᠪᠠᠷ ᠥᠪᠡᠷᠮᠢᠴᠡ ᠡᠬᠢ ᠪᠠᠶᠠᠯᠢᠭ᠎ᠤᠨ ᠳᠠᠪᠠᠭᠤᠯᠢᠭ ᠪᠠ ᠣᠷᠣᠨ ᠪᠠᠢᠷᠢ᠎ᠶ᠋ᠢᠨ ᠳᠠᠪᠠᠭᠤᠯᠢᠭ᠎ᠲᠠᠢ ᠶᠤᠮ᠃ ᠲᠣᠰ ᠲᠥᠷᠥᠯ ᠵᠦᠢᠯ᠎ᠢ ᠨᠠᠢᠳᠠᠪᠤᠷᠢᠵᠢᠭᠤᠯᠤᠭ᠍ᠰᠠᠨ᠎ᠨᠢ ᠳᠠᠯᠠᠳ ᠬᠤᠱᠢᠭᠤ ᠵᠢᠩᠬᠢᠨᠢ᠎ᠪᠠᠷ 《ᠡᠮᠦᠨᠡᠲᠦ ᠣᠷᠣᠨ᠎ᠤ ᠨᠠᠢ᠍ᠮᠠᠯᠵᠢ᠎ᠶ᠋ᠢ ᠤᠮᠠᠷᠠᠲᠦ ᠤᠷᠤᠨ᠎ᠳᠤ ᠲᠡᠵᠢᠭᠡᠬᠦ᠌》 ᠠᠵᠤ ᠦᠢᠯᠡᠰ᠎ᠤᠨ ᠬᠥᠭ᠌ᠵᠢᠯᠲᠡ᠎ᠶ᠋ᠢᠨ ᠱᠢᠨ᠎ᠡ ᠱᠠᠲᠤᠨ᠎ᠳᠤ ᠣᠷᠣᠭ᠍ᠰᠠᠨ᠎ᠢ ᠬᠠᠷᠠᠭᠤᠯᠵᠤ ᠪᠠᠢᠬᠤ ᠪᠥᠭᠡᠳ ᠪᠠᠰᠠ ᠲᠠᠷᠢᠶᠠᠯᠠᠩ ᠮᠠᠯ ᠠᠵᠤ ᠠᠬᠤᠶ᠎ᠶ᠋ᠢᠨ ᠣᠷᠣᠨ ᠵᠠᠶ᠎ᠶ᠋ᠢ ᠥᠷᠭᠡᠳᠭᠡᠬᠦ᠂ ᠮᠠᠯᠴᠢᠨ ᠲᠠᠷᠢᠶᠠᠴᠢᠨ᠎ᠤ ᠣᠷᠣᠯᠭ᠎ᠠ᠎ᠶ᠋ᠢ ᠨᠡᠮᠡᠭ᠌ᠳᠡᠭᠦᠯᠬᠦ᠌ ᠱᠢᠨ᠎ᠡ ᠠᠷᠭ᠎ᠠ ᠵᠠᠮ᠎ᠢ ᠬᠠᠢᠨ ᠰᠦᠪᠡᠭ᠌ᠴᠢᠯᠡᠬᠦ᠌᠎ᠳᠤ ᠠᠱᠢᠭ᠍ᠲᠠᠶ ᠲᠤᠷᠱᠢᠯᠲᠠ ᠪᠠ ᠰᠦᠪᠡᠭ᠌ᠴᠢᠯᠡᠯᠲᠡ ᠬᠠᠩᠭᠠᠭ᠍ᠰᠠᠨ ᠪᠠᠢᠨ᠎ᠠ᠃

 

 

   ᠺᠣᠳ᠋᠎ᠶᠢ ᠱᠢᠷᠪᠢᠵᠦ᠍ ᠭᠠᠷ ᠤᠲᠠᠰᠤᠨ ᠳᠡᠭᠡᠷ᠎ᠡ ᠣᠳᠣᠬᠢ ᠨᠢᠭᠤᠷ᠎ᠢ ᠪᠠᠢᠴᠠᠭᠠᠨ ᠦᠵᠡᠭᠡᠷᠡᠢ

ᠢᠷᠡᠯᠲᠡ᠄ ᠲᠠᠯᠠᠳ ᠬᠤᠱᠢᠭᠤᠨ᠎ᠤ ᠬᠠᠮ ᠵᠠᠭᠤᠴᠢᠯᠠᠭᠤᠷ᠎ᠤᠨ ᠲᠦᠪ
          
ᠬᠠᠮᠢᠶ᠎ᠡ ᠪᠦᠬᠦᠢ ᠰᠣᠨᠢᠨ
 
            