ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠣᠨᠴᠠᠯᠢᠭᠲᠤ᠌ ᠳᠠᠪᠴᠠᠩ   -   ᠬᠤᠳᠠᠯᠳᠤᠭᠠᠴᠢᠨ ᠤᠷᠢᠵᠤ ᠪᠡᠯᠡ ᠲᠠᠲᠠᠬᠤ
ᠲᠦᠷᠦᠯ ᠵᠦᠢᠯ᠎ᠢ ᠠᠵᠢᠯᠯᠠᠭᠤᠯᠬᠤ — ᠮᠠᠨ᠎ᠤ ᠤᠯᠤᠰ᠎ᠤᠨ ᠪᠡᠶ᠎ᠡ᠎ᠪᠡᠨ ᠳᠠᠭᠠᠭᠠᠵᠤ ᠰᠤᠳᠤᠯᠤᠨ ᠨᠡᠭᠡᠭᠡᠭᠰᠡᠨ ᠬᠠᠮᠤᠭ᠎ᠤᠨ ᠲᠣᠮᠣ᠌ ᠲᠠᠩ ᠮᠠᠰᠢᠨ᠎ᠤ ᠬᠠᠭᠤᠷᠠᠢ ᠳᠡᠭᠡᠷᠡᠬᠢ ᠰᠠᠯᠬᠢᠨ ᠬᠦᠴᠦᠨ᠎ᠦ ᠴᠠᠬᠢᠯᠭᠠᠨ᠎ᠤ ᠮᠠᠰᠢᠨ ᠴᠣᠭᠴᠠᠯᠠᠪᠤᠷᠢ 10 ᠰᠠᠷ᠎ᠠ ᠲᠣᠭᠲᠠᠭᠤᠨ᠎ᠢᠶᠠᠷ ᠠᠵᠢᠯᠯᠠᠪᠠ
ᠨᠡᠶ᠋ᠢᠲᠡᠯᠡᠭᠰᠡᠨ ᠴᠠᠭ᠄ 2026-01-12

  ᠬᠦᠬᠡᠭᠡ ᠡᠪᠦᠯ᠎ᠤᠨ ᠤᠯᠠᠷᠢᠯ᠎ᠳᠤ᠂ ᠤᠯᠠᠭᠠᠨᠬᠠᠳᠠ ᠬᠤᠲᠠ᠎ᠶ᠋ᠢᠨ ᠬᠡᠱᠢᠭ᠌ᠲᠡᠨ ᠬᠤᠱᠢᠭᠤᠨ᠎ᠤ ᠥᠨᠳᠥᠷ ᠳᠠᠯᠠᠶ᠎ᠶ᠋ᠢᠨ ᠲᠦᠪᠱᠢᠨ᠎ᠠᠴᠠ ᠳᠡᠭᠡᠭ᠌ᠰᠢ ᠲᠠᠯ᠎ᠠ ᠨᠤᠲᠤᠭ᠎ᠲᠤ ᠮᠥᠷ ᠮᠥᠷ ᠲᠣᠮᠣ ᠬᠡᠯᠪᠡᠷᠢ᠎ᠶ᠋ᠢᠨ ᠰᠠᠯᠬᠢᠨ ᠬᠦᠴᠦᠨ᠎ᠤ ᠴᠠᠬᠢᠯᠭᠠᠨ᠎ᠤ ᠮᠠᠱᠢᠨ ᠴᠣᠭ᠍ᠴᠠᠯᠠᠪᠤᠷᠢ ᠨᠤᠭᠤᠳ ᠲᠡᠰᠭᠢᠮ᠎ᠡ ᠬᠦᠢ᠍ᠲᠡᠨ ᠰᠠᠯᠬᠢᠨ᠎ᠤ ᠠᠶ᠎ᠠ᠎ᠪᠠᠷ ᠡᠷᠭᠢᠯᠳᠦᠨ᠎ᠡ᠃ ᠤᠯᠠᠭᠠᠨᠬᠠᠳᠠ ᠬᠤᠲᠠ᠎ᠶ᠋ᠢᠨ ᠬᠡᠱᠢᠭ᠌ᠲᠡᠨ ᠬᠤᠱᠢᠭᠤᠨ᠎ᠤ ᠱᠢᠩ ᠯᠦᠩ᠎ᠤᠨ 20 ᠲᠦᠮᠡᠨ ᠺᠢᠯᠣᠸᠠᠲ᠎ᠤᠨ ᠰᠠᠯᠬᠢᠨ ᠬᠦᠴᠦᠨ᠎ᠤ ᠴᠠᠬᠢᠯᠭᠠᠨ᠎ᠤ ᠲᠥᠷᠥᠯ ᠵᠦᠢᠯ ᠪᠣᠯ ᠮᠠᠨ᠎ᠤ ᠤᠯᠤᠰ᠎ᠤᠨ ᠣᠳᠣᠬᠠᠨ᠎ᠤ ᠡᠵᠡᠩᠨᠡᠯᠲᠡ᠎ᠪᠠᠨ ᠪᠡᠶᠡᠯᠡᠭᠦᠯᠦᠭ᠌ᠰᠡᠨ ᠬᠠᠮᠤᠭ᠎ᠤᠨ ᠶᠡᠭᠡ ᠲᠠᠩ ᠮᠠᠱᠢᠨ᠎ᠤ ᠬᠠᠭᠤᠷᠠᠶ ᠳᠡᠭᠡᠷᠡᠬᠢ ᠰᠠᠯᠬᠢᠨ ᠬᠦᠴᠦᠨ᠎ᠤ ᠴᠠᠬᠢᠯᠭᠠᠨ᠎ᠤ ᠮᠠᠱᠢᠨ ᠴᠣᠭ᠍ᠴᠠᠯᠠᠪᠤᠷᠢ ᠮᠥᠨ᠂ ᠪᠠᠰᠠ ᠴᠤ᠌ ᠪᠥᠬᠦ᠌ ᠤᠯᠤᠰ᠎ᠤᠨ ᠠᠩᠬᠠᠳᠠᠭ᠍ᠴᠢ ᠬᠠᠭᠤᠷᠠᠶ ᠭᠠᠵᠠᠷ᠎ᠤᠨ ᠲᠡᠯᠡᠶ᠎ᠶ᠋ᠢᠨ ᠲᠦᠪᠱᠢᠨ᠎ᠠᠴᠠ ᠳᠡᠭᠡᠭ᠌ᠰᠢᠬᠢ ᠭᠠᠵᠠᠷ ᠣᠷᠣᠨ᠎ᠤ ᠲᠣᠤᠷ᠎ᠲᠤ ᠨᠡᠢᠯᠡᠭᠦᠯᠬᠦ᠌ ᠲᠥᠷᠥᠯ ᠵᠦᠢᠯ ᠪᠤᠯᠤᠨ᠎ᠠ᠂ 2025 ᠣᠨ᠎ᠤ 3 ᠳ᠋ᠤᠭ᠋ᠠᠷ ᠰᠠᠷ᠎ᠠ᠎ᠳᠤ ᠲᠣᠤᠷ᠎ᠲᠤ ᠨᠡᠢᠯᠡᠭᠦᠯᠦᠨ ᠠᠵᠢᠯᠯᠠᠭᠤᠯᠤᠭ᠍ᠰᠠᠨ 10 ᠰᠠᠷ᠎ᠠ᠎ᠠᠴᠠ ᠨᠠᠭ᠋ᠠᠰᠢ᠂ ᠲᠥᠷᠥᠯ ᠵᠦᠢᠯ᠎ᠤᠨ ᠪᠣᠶ ᠪᠣᠯᠤᠭ᠍ᠰᠠᠨ ᠴᠡᠪᠡᠷ ᠴᠠᠬᠢᠯᠭᠠᠨ ᠬᠦᠴᠦᠨ᠎ᠢ ᠨᠢᠭᠡᠨᠲᠡ ᠪᠥᠬᠦ᠌ ᠲᠠᠯ᠎ᠠ᠎ᠪᠠᠷ ᠣᠷᠣᠨ ᠪᠦᠰᠡ᠎ᠶ᠋ᠢᠨ ᠴᠠᠬᠢᠯᠭᠠᠨ ᠲᠣᠤᠷ᠎ᠲᠤ ᠵᠠᠯᠭᠠᠨ ᠣᠷᠣᠭᠤᠯᠵᠤ᠂ ᠢᠵᠢ ᠪᠥᠷᠢᠳᠦᠭᠦᠯᠦᠨ ᠪᠥᠲᠥᠭᠡᠨ ᠪᠠᠢᠭᠤᠯᠤᠭ᠍ᠰᠠᠨ ᠴᠡᠪᠡᠷ ᠢᠯᠴᠢ ᠬᠠᠩᠭᠠᠬᠤ ᠱᠢᠰᠲ᠋ᠧᠮ ᠨᠢ ᠬᠡᠱᠢᠭ᠌ᠲᠡᠨ ᠬᠤᠱᠢᠭᠤᠨ᠎ᠤ ᠭᠠᠯᠳᠠᠰᠤᠲᠠᠢ ᠷᠠᠱᠢᠶᠠᠨ᠎ᠳᠤ 32 ᠲᠦᠮᠡᠨ ᠲᠡᠭ᠌ᠰᠢ ᠳᠥᠷᠪᠡᠯᠵᠢᠨ ᠮᠧᠲᠷ ᠴᠡᠪᠡᠷ ᠳᠤᠯᠠᠭᠠᠯᠭ᠎ᠠ᠎ᠶᠢᠨ ᠳᠡᠮᠵᠢᠯᠭᠡ ᠬᠦᠷᠭᠡᠭ᠌ᠰᠡᠨ ᠪᠠᠢᠨ᠎ᠠ᠃

  ᠤᠯᠠᠭᠠᠨᠬᠠᠳᠠ ᠬᠤᠲᠠ᠎ᠶ᠋ᠢᠨ ᠬᠡᠱᠢᠭ᠌ᠲᠡᠨ ᠬᠤᠱᠢᠭᠤᠨ᠎ᠤ ᠭᠦᠸᠧ ᠾᠧ ᠱᠢᠨ᠎ᠡ ᠡᠨᠧᠷᠭᠢ᠎ᠶ᠋ᠢᠨ ᠱᠢᠩ ᠯᠦᠩ ᠰᠠᠯᠬᠢᠨ ᠬᠦᠴᠦᠨ᠎ᠤ ᠴᠠᠬᠢᠯᠭᠠᠨ᠎ᠤ ᠲᠠᠯᠠᠪᠠᠶ᠎ᠶ᠋ᠢᠨ ᠳᠠᠷᠤᠭ᠎ᠠ ᠳ᠋ᠦᠩ ᠯᠢ ᠪᠥᠸᠧ ᠲᠠᠨᠢᠯᠴᠠᠭᠤᠯᠬᠤ᠎ᠳᠤ᠎ᠪᠠᠨ᠄ 《ᠲᠥᠷᠥᠯ ᠵᠦᠢᠯ ᠠᠱᠢᠭ᠍ᠯᠠᠯᠲᠠ᠎ᠳᠤ ᠤᠷᠤᠭ᠍ᠰᠠᠨ᠎ᠤ ᠳᠠᠷᠠᠭ᠎ᠠ᠂ ᠪᠢᠳᠡ ᠪᠠᠢᠩᠭᠤ᠎ᠶ᠋ᠢᠨ ᠴᠢᠨᠠᠷᠲᠠᠶ ᠠᠵᠢᠯᠯᠠᠭᠤᠯᠵᠤ ᠬᠠᠮᠠᠭᠠᠯᠠᠬᠤ ᠲᠣᠭ᠍ᠲᠠᠴᠠ᠎ᠶ᠋ᠢ ᠪᠠᠢᠭᠤᠯᠵᠤ᠂ ᠳᠠᠯᠠᠢ᠎ᠠᠴᠠ ᠳᠡᠭᠡᠭ᠌ᠰᠢ ᠡᠷᠭᠦᠭᠳᠡᠴᠡ ᠲᠠᠢ ᠭᠠᠵᠠᠷ ᠣᠷᠣᠨ᠎ᠤ ᠠᠭᠤᠷ ᠠᠮᠢᠰᠭᠤᠯ᠎ᠤᠨ ᠣᠨᠴᠠᠯᠢᠭ᠎ᠲᠠᠢ ᠤᠶᠠᠯᠳᠤᠭᠤᠯᠤᠨ ᠲᠥᠬᠦᠭᠡᠷᠦᠮᠵᠢ᠎ᠶ᠋ᠢᠨ ᠲᠣᠭᠤᠷᠢᠨ ᠪᠠᠢᠴᠠᠭᠠᠬᠤ ᠪᠠ ᠬᠠᠮᠠᠭᠠᠯᠠᠬᠤ ᠲᠥᠰᠦᠯ᠎ᠢ ᠱᠢᠯᠢᠳᠡᠭ᠌ᠵᠢᠭᠦᠯᠵᠦ᠍᠂ ᠮᠠᠱᠢᠨ ᠴᠣᠭ᠍ᠴᠠᠯᠠᠪᠤᠷᠢ᠎ᠶ᠋ᠢᠨ ᠢᠮᠠᠭ᠍ᠲᠠ ᠥᠨᠳᠥᠷ ᠪᠦᠲᠦᠮᠵᠢᠲᠡᠶ ᠲᠣᠭ᠍ᠲᠠᠭᠤᠨ᠎ᠢᠶᠠᠷ ᠠᠵᠢᠯᠯᠠᠬᠤ᠎ᠶ᠋ᠢ ᠦᠨᠡᠨ ᠬᠦ᠌ ᠪᠠᠲᠤᠯᠠᠨ᠎ᠠ》  ᠭᠡᠪᠡ᠃

  ᠲᠥᠰᠦᠭᠡᠯᠡᠨ ᠪᠤᠳᠤᠭ᠍ᠰᠠᠨ᠎ᠢᠶᠠᠷ᠂ ᠲᠣᠰ ᠲᠥᠷᠥᠯ ᠵᠦᠶ᠋ᠯ᠎ᠤᠨ ᠪᠥᠬᠦ᠌ ᠠᠮᠢ ᠨᠠᠰᠤᠨ᠎ᠤ ᠦᠶᠡᠯᠡᠯ᠎ᠤᠨ ᠬᠤᠭᠤᠴᠠᠭᠠᠨ᠎ᠳᠤ 50 ᠳ᠋ᠦᠩᠱᠢᠭᠤᠷ ᠲᠥᠭᠦᠷᠢᠭ᠎ᠢ ᠳᠠᠪᠠᠭ᠍ᠰᠠᠨ ᠪᠣᠬᠢᠷᠲᠤᠯ ᠥᠬᠡᠶ ᠠᠵᠤ ᠠᠬᠤᠶ᠎ᠶ᠋ᠢᠨ ᠦᠨ᠎ᠡ ᠥᠷᠲᠡᠭ᠎ᠢ ᠡᠭᠦᠳᠴᠦ᠍᠂ ᠥᠪᠥᠷ ᠮᠣᠩᠭᠤᠯ᠎ᠤᠨ ᠵᠡᠭᠦᠨ ᠬᠡᠰᠡᠭ᠎ᠤᠨ ᠭᠠᠵᠠᠷ ᠣᠷᠣᠨ᠎ᠤ ᠡᠨᠧᠷᠭᠢ᠎ᠶ᠋ᠢᠨ ᠪᠦᠲᠦᠴᠡ᠎ᠶ᠋ᠢᠨ ᠬᠡᠯᠪᠡᠷᠢ᠎ᠶ᠋ᠢ ᠬᠤᠪᠢᠷᠠᠭᠤᠯᠬᠤ᠎ᠶ᠋ᠢ ᠠᠬᠢᠭᠤᠯᠬᠤ᠎ᠳᠤ ᠵᠢᠱ᠌ᠢᠶ᠎ᠡ ᠦᠵᠡᠭᠦᠯᠬᠦ᠌ ᠠᠴᠢ ᠬᠤᠯᠪᠣᠭ᠍ᠳᠠᠯ᠎ᠲᠠᠢ ᠪᠠᠢᠵᠤ᠂ ᠤᠮᠠᠷᠠᠲᠤ᠎ᠶ᠋ᠢᠨ ᠬᠠᠬᠢᠷ ᠬᠦᠢᠲᠡᠨ ᠭᠠᠵᠠᠷ ᠣᠷᠣᠨ᠎ᠤ ᠱᠢᠨ᠎ᠡ ᠡᠨᠧᠷᠭᠢ᠎ᠶ᠋ᠢᠨ ᠪᠥᠲᠥᠭᠡᠨ ᠪᠠᠢᠭᠤᠯᠤᠯᠲᠠ᠎ᠳᠤ ᠮᠡᠷᠭᠡᠵᠢᠯ᠎ᠤᠨ ᠬᠡᠪ ᠳᠠᠭᠤᠷᠢᠶᠠᠯ ᠪᠣᠯᠤᠭ᠍ᠰᠠᠨ ᠪᠠᠢᠨ᠎ᠠ᠃

 

 

  ᠺᠣᠳ᠋᠎ᠢ ᠱᠢᠷᠪᠢᠵᠦ᠍ ᠭᠠᠷ ᠤᠲᠠᠰᠤᠨ ᠳᠡᠭᠡᠷ᠎ᠡ ᠣᠳᠣᠬᠢ ᠨᠢᠭᠤᠷ᠎ᠢ ᠪᠠᠢᠴᠠᠭᠠᠨ ᠦᠵᠡᠭᠡᠷᠡᠢ

ᠢᠷᠡᠯᠲᠡ᠄ ᠥᠪᠥᠷ ᠮᠣᠩᠭᠤᠯ᠎ᠤᠨ ᠰᠣᠨᠢᠨ ᠮᠡᠳᠡᠭᠡᠨ᠎ᠤ ᠬᠠᠮᠲᠤᠷᠠᠭᠰᠠᠨ ᠨᠡᠪᠲᠡᠷᠡᠭᠦᠯᠭᠡ
          
ᠬᠠᠮᠢᠶ᠎ᠡ ᠪᠦᠬᠦᠢ ᠰᠣᠨᠢᠨ
 
            