ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠣᠨᠴᠠᠯᠢᠭᠲᠤ᠌ ᠳᠠᠪᠴᠠᠩ   -   ᠬᠤᠳᠠᠯᠳᠤᠭᠠᠴᠢᠨ ᠤᠷᠢᠵᠤ ᠪᠡᠯᠡ ᠲᠠᠲᠠᠬᠤ
ᠲᠥᠷᠥᠯ ᠵᠦᠢᠯ᠎ᠢ ᠠᠱᠢᠭ᠍ᠯᠠᠯᠲᠠ᠎ᠳᠤ ᠣᠷᠤᠭᠤᠯᠬᠤ — ᠶᠡᠷᠦᠩᠬᠡᠶ ᠪᠡᠯᠡ ᠣᠷᠣᠭᠤᠯᠤᠯᠲᠠ᠎ᠨᠢ 4.5 ᠳ᠋ᠦᠩᠱᠢᠭᠤᠷ ᠲᠥᠭᠦᠷᠢᠭ ᠣᠷᠳᠣᠰ᠎ᠤᠨ ᠣᠳᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠱᠢᠨ᠎ᠡ᠎ᠶ᠋ᠢ ᠡᠭᠦᠳᠬᠦ᠌ ᠮᠡᠷᠭᠡᠵᠢᠯ᠎ᠤᠨ ᠲᠤᠷᠱᠢᠯᠲᠠ᠎ᠶ᠋ᠢᠨ ᠰᠠᠭᠤᠷᠢᠨ ᠭᠠᠵᠠᠷ᠎ᠤᠨ ᠠᠩᠬᠠᠳᠠᠭ᠍ᠴᠢ ᠲᠥᠷᠥᠯ ᠵᠦᠢᠯ᠎ᠢ ᠵᠢᠩᠬᠢᠨᠢ᠎ᠪᠠᠷ ᠠᠱᠢᠭ᠍ᠯᠠᠯᠲᠠ᠎ᠳᠤ ᠣᠷᠣᠭᠤᠯᠪᠠ
ᠨᠡᠶ᠋ᠢᠲᠡᠯᠡᠭᠰᠡᠨ ᠴᠠᠭ᠄ 2025-12-26

  ᠰᠤᠷᠪᠤᠯᠵᠢᠯᠠᠭ᠍ᠴᠢ ᠣᠢᠷ᠎ᠠ᠎ᠳ᠋ᠤ ᠥᠪᠥᠷ ᠮᠣᠩᠭᠣᠯ᠎ᠤ᠋ᠨ ᠥᠪᠡᠷᠲᠡᠭᠡᠨ ᠵᠠᠰᠠᠬᠤ ᠣᠷᠣᠨ᠎ᠤ᠋ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠲᠢᠩᠬᠢᠮ᠎ᠡᠴᠡ ᠣᠢᠯᠠᠭᠠᠭ᠍ᠰᠠᠨ᠎ᠢᠶᠠᠷ᠂ ᠤᠯᠤᠰ᠎ᠤ᠋ᠨ ᠴᠠᠬᠢᠯᠭᠠᠨ ᠬᠦᠴᠦᠨ᠎ᠦ᠌ ᠪᠡᠯᠡ ᠣᠷᠣᠭᠤᠯᠤᠯᠲᠠ᠎ᠶᠢᠨ ᠡᠯᠧᠺᠲ᠋ᠷᠣᠨ ᠪᠠᠭ᠍ᠴᠠ᠎ᠶᠢᠨ ᠰᠠᠴᠤᠷᠠᠭ ᠨᠢ ᠬᠠᠮᠵᠢᠯᠴᠠᠨ ᠨᠡᠭᠦᠷᠡᠰᠦ ᠬᠢᠮᠢ᠎ᠶᠢᠨ ᠠᠵᠤ ᠦᠢᠯᠡᠳᠪᠦᠷᠢ᠎ᠶᠢᠨ ᠬᠠᠶᠠᠭ᠍ᠳᠠᠮᠠᠯ ᠤᠰᠤ᠎ᠶᠢ ᠰᠢᠢ᠍ᠳᠪᠦᠷᠢᠯᠡᠬᠦ ᠵᠠᠪᠰᠠᠷ᠎ᠤᠨ ᠲᠤᠷᠰᠢᠯᠲᠠ᠎ᠶᠢᠨ ᠲᠥᠷᠥᠯ ᠵᠦᠢᠯ ᠨᠢ ᠣᠢᠷ᠎ᠠ᠎ᠳ᠋ᠤ ᠣᠷᠳᠣᠰ᠎ᠤ᠋ᠨ ᠣᠳᠣ ᠦᠶ᠎ᠡ᠎ᠶᠢᠨ ᠨᠡᠭᠦᠷᠡᠰᠦ ᠬᠢᠮᠢ᠎ᠶᠢᠨ ᠠᠵᠤ ᠦᠢᠯᠡᠳᠪᠦᠷᠢ᠎ᠶᠢᠨ ᠰᠢᠨ᠎ᠡ᠎ᠶᠢ ᠡᠭᠦᠳᠬᠦ᠌ ᠮᠡᠷᠭᠡᠵᠢᠯ᠎ᠦ᠋ᠨ ᠵᠠᠪᠰᠠᠷ᠎ᠤᠨ ᠲᠤᠷᠰᠢᠯᠲᠠ᠎ᠶᠢᠨ ᠰᠠᠭᠤᠷᠢᠨ ᠭᠠᠵᠠᠷ᠎ᠲᠤ᠌ ᠠᠰᠢᠭᠯᠠᠯᠲᠠ᠎ᠳ᠋ᠤ ᠣᠷᠣᠵᠤ᠂ ᠲᠤᠰ ᠰᠠᠭᠤᠷᠢᠨ ᠭᠠᠵᠠᠷ᠎ᠤ᠋ᠨ ᠵᠢᠩᠬᠢᠨᠢ᠎ᠪᠡᠷ ᠠᠵᠢᠯᠯᠠᠵᠤ ᠪᠠᠢᠭ᠎ᠠ ᠠᠩᠬᠠᠳᠠᠭ᠍ᠴᠢ ᠲᠥᠷᠥᠯ ᠵᠦᠢᠯ ᠪᠣᠯᠪᠠ᠃

  ᠤᠯᠤᠰ᠎ᠤᠨ ᠠᠩᠬᠠᠳᠠᠭ᠍ᠴᠢ ᠪᠦᠯᠦᠭ ᠭᠤᠤᠯᠳᠠᠯᠭ᠎ᠠ᠎ᠲᠠᠢ ᠪᠤᠢᠵᠢᠭᠤᠯᠤᠭ᠍ᠰᠠᠨ ᠵᠠᠪᠰᠠᠷ᠎ᠤᠨ ᠲᠤᠷᠱᠢᠯᠲᠠ᠎ᠶ᠋ᠢᠨ ᠲᠠᠪᠴᠠᠩ ᠪᠣᠯᠤᠭ᠍ᠰᠠᠨ᠎ᠤ ᠬᠤᠪᠢ᠎ᠳᠤ᠂ ᠣᠷᠳᠣᠰ᠎ᠤᠨ ᠣᠲᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠱᠢᠨ᠎ᠡ᠎ᠶ᠋ᠢ ᠡᠭᠦᠳᠬᠦ᠌ ᠮᠡᠷᠭᠡᠵᠢᠯ᠎ᠤᠨ ᠲᠤᠷᠱᠢᠯᠲᠠ᠎ᠶ᠋ᠢᠨ ᠰᠠᠭᠤᠷᠢᠨ ᠭᠠᠵᠠᠷ᠎ᠤᠨ ᠶᠡᠷᠦᠩᠬᠡᠶ ᠪᠠᠯᠠ ᠣᠷᠣᠭᠤᠯᠤᠯᠲᠠ᠎ᠨᠢ 4.5 ᠳ᠋ᠦᠩᠱᠢᠭᠤᠷ ᠲᠥᠭᠦᠷᠢᠭ᠂ 309 ᠮᠥ᠍ ᠲᠠᠯᠠᠪᠠᠶ ᠡᠵᠡᠯᠡᠨ᠂ ᠡᠭᠦᠨ᠎ᠳᠤ ᠪᠥᠲᠥᠭᠡᠨ ᠪᠠᠢᠭᠤᠯᠤᠯᠲᠠ᠎ᠶ᠋ᠢᠨ ᠣᠷᠣᠨ ᠨᠢ 246 ᠮᠥ᠍᠂ ᠤᠷᠢᠳᠴᠢᠯᠠᠨ ᠦᠯᠡᠳᠡᠭᠡᠬᠦ᠌ ᠣᠷᠣᠨ ᠨᠢ 63 ᠮᠥ᠍᠂ ᠡᠭᠦᠨ᠎ᠦ ᠵᠡᠷᠭᠡ᠎ᠳᠦ 35 ᠬᠣᠰᠢᠭᠤᠷᠠᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠵᠦᠢᠯᠡᠰ᠎ᠢ ᠠᠴᠢᠶᠠᠯᠠᠨ ᠵᠠᠪᠰᠠᠷ᠎ᠤᠨ ᠲᠤᠷᠰᠢᠯᠲᠠ ᠦᠷᠨᠢᠭᠦᠯᠵᠦ ᠪᠣᠯᠣᠨ᠎ᠠ᠃ ᠰᠠᠭᠤᠷᠢᠨ ᠭᠠᠵᠠᠷ᠎ᠤᠨ ᠳᠣᠲᠣᠷ᠎ᠠ ᠶᠡᠷᠦᠩᠬᠡᠢᠯᠡᠭ᠌ᠰᠡᠨ ᠠᠰᠠᠷ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠰᠠᠷ᠂ ᠵᠠᠪᠰᠠᠷ᠎ᠤᠨ ᠲᠤᠷᠱᠢᠯᠲᠠ᠎ᠶ᠋ᠢᠨ ᠭᠡᠷ ᠪᠠᠢᠱᠢᠩ ᠵᠢᠴᠢ ᠢᠵᠢ ᠪᠦᠷᠢᠳᠦᠭ᠌ᠰᠡᠨ ᠬᠥᠮᠥᠷᠭᠡ᠂ ᠡᠵᠡᠮᠳᠡᠯ᠎ᠤᠨ ᠲᠠᠰᠤᠭ ᠵᠡᠷᠭᠡ ᠲᠥᠬᠦᠭᠡᠷᠦᠮᠵᠢ᠎ᠲᠠᠢ᠂ ᠪᠦᠷᠢᠨ ᠪᠦᠲᠦᠨ ᠰᠤᠳᠤᠯᠤᠨ ᠨᠡᠭᠡᠭᠡᠬᠦ᠂ ᠵᠠᠪᠰᠠᠷ᠎ᠤᠨ ᠲᠤᠷᠱᠢᠯᠲᠠ ᠬᠢᠬᠦ᠂ ᠪᠠᠢᠴᠠᠭᠠᠨ ᠬᠡᠮᠵᠢᠬᠦ᠌ ᠪᠠ ᠠᠵᠤ ᠦᠢᠯᠡᠰᠵᠢᠭᠦᠯᠬᠦ᠌ ᠦᠢᠯᠡᠴᠢᠯᠡᠭᠡᠨ᠎ᠤ ᠴᠢᠳᠠᠪᠤᠷᠢ᠎ᠲᠠᠢ ᠪᠣᠯᠪᠠ᠃ ᠲᠣᠰ ᠤᠳᠠᠭᠠᠨ᠎ᠤ ᠠᠩᠬᠠᠳᠠᠭ᠍ᠴᠢ ᠲᠥᠷᠥᠯ ᠵᠦᠢᠯ᠎ᠢ ᠤᠷᠤᠭ᠍ᠰᠢᠲᠠᠶ ᠠᠱᠢᠭ᠍ᠯᠠᠯᠲᠠ᠎ᠳᠤ ᠣᠷᠣᠭᠤᠯᠤᠭ᠍ᠰᠠᠨ᠎ᠨᠢ ᠲᠣᠰ ᠳᠤᠮᠳᠠᠳᠤ ᠤᠯᠤᠰ᠎ᠤᠨ ᠲᠤᠷᠱᠢᠯᠲᠠ᠎ᠶ᠋ᠢᠨ ᠰᠠᠭᠤᠷᠢᠨ ᠭᠠᠵᠠᠷ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠠᠵᠤ ᠦᠢᠯᠡᠰ᠎ᠤᠨ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠪᠠ ᠦᠷ᠎ᠡ ᠪᠦᠲᠦᠭᠡᠯ᠎ᠢ ᠬᠤᠪᠢᠷᠠᠭᠤᠯᠬᠤ᠎ᠶ᠋ᠢ ᠠᠬᠢᠭᠤᠯᠬᠤ ᠲᠠᠯ᠎ᠠ᠎ᠪᠠᠷ ᠮᠥᠨ ᠴᠢᠨᠠᠷ᠎ᠤᠨ ᠠᠬᠢᠴᠠ᠎ᠲᠠᠢ ᠪᠣᠯᠤᠭ᠍ᠰᠠᠨ᠎ᠢ ᠬᠠᠷᠠᠭᠤᠯᠵᠤ᠂ ᠬᠤᠢᠱᠢᠳᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠤᠱᠢᠭᠤᠷᠠᠯ ᠮᠡᠷᠭᠡᠵᠢᠯ᠎ᠤᠨ ᠬᠦᠷᠢᠶ᠎ᠡ ᠴᠠᠷᠠᠭ᠎ᠠ ᠪᠠ ᠣᠲᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠠᠵᠤ ᠦᠢᠯᠡᠰ᠎ᠤᠨ ᠬᠥᠭ᠌ᠵᠢᠯᠲᠡ᠎ᠶ᠋ᠢᠨ ᠪᠣᠳᠠᠲᠠᠶ ᠬᠡᠷᠡᠭ᠌ᠴᠡᠭᠡ᠎ᠳᠤ ᠦᠷᠭᠦᠯᠵᠢᠯᠡᠨ ᠠᠩᠬᠠᠷᠤᠯ᠎ᠢᠶᠠᠨ ᠲᠥᠪᠯᠡᠷᠡᠭᠦᠯᠵᠦ᠍᠂ ᠨᠢᠭᠡ ᠪᠦᠯᠦᠭ ᠥᠨᠳᠥᠷ ᠬᠢᠷᠢ ᠲᠦᠪᠱᠢᠨ ᠪᠥᠬᠦᠶ ᠵᠠᠪᠰᠠᠷ᠎ᠤᠨ ᠲᠤᠷᠱᠢᠯᠲᠠ᠎ᠶ᠋ᠢᠨ ᠲᠥᠷᠥᠯ ᠵᠦᠢᠯ᠎ᠢ ᠪᠥᠬᠦ᠌ ᠬᠦᠴᠦᠨ᠎ᠢᠶᠠᠷ᠎ᠢᠶᠠᠨ ᠣᠷᠣᠭᠤᠯᠤᠨ ᠠᠪᠴᠢᠷᠠᠵᠤ᠂ ᠠᠵᠤ ᠦᠢᠯᠡᠳᠪᠦᠷᠢ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠤ ᠬᠦᠴᠦᠲᠡᠶ ᠮᠡᠷᠭᠡᠵᠢᠯ᠎ᠤᠨ ᠳᠡᠮᠵᠢᠯᠭᠡ ᠬᠠᠩᠭᠠᠬᠤ ᠪᠣᠯᠤᠨ᠎ᠠ᠃

 

 

   ᠺᠤᠳ᠋᠎ᠢ ᠱᠢᠷᠪᠢᠵᠦ᠍ ᠭᠠᠷ ᠤᠲᠠᠰᠤᠨ ᠳᠡᠭᠡᠷ᠎ᠡ ᠣᠳᠣᠬᠢ ᠨᠢᠭᠤᠷ᠎ᠢ ᠪᠠᠢᠴᠠᠭᠠᠨ ᠦᠵᠡᠭᠡᠷᠡᠢ

ᠢᠷᠡᠯᠲᠡ᠄ ᠲᠠᠯ᠎ᠠ ᠨᠤᠲᠤᠭ᠎ᠤᠨ ᠡᠭᠦᠯᠡ
          
ᠬᠠᠮᠢᠶ᠎ᠡ ᠪᠦᠬᠦᠢ ᠰᠣᠨᠢᠨ
 
            