ᠤᠯᠤᠰ᠎ᠤ᠋ᠨ ᠳᠣᠣᠷ᠎ᠠ ᠠᠭᠠᠷ᠎ᠤ᠋ᠨ ᠠᠵᠤ ᠠᠬᠤᠢ᠎ᠶᠢᠨ ᠬᠥᠭ᠌ᠵᠢᠯᠲᠡ᠎ᠶᠢᠨ ᠪᠠᠢᠯᠳᠤᠬᠤ ᠪᠣᠳᠣᠯᠭ᠎ᠠ᠎ᠶᠢᠨ ᠠᠵᠠ ᠲᠣᠬᠢᠶᠠᠯ᠎ᠢ᠋ ᠵᠠᠪᠳᠤᠨ ᠠᠳᠭᠤᠵᠤ᠂ ᠥᠪᠥᠷ ᠮᠣᠩᠭᠣᠯ ᠭᠤᠸᠠᠩᠳᠦ᠋ᠩ ᠬᠣᠶᠠᠷ ᠭᠠᠵᠠᠷ᠎ᠤ᠋ᠨ ᠠᠵᠤ ᠦᠢᠯᠡᠰ᠎ᠦ᠋ᠨ ᠡᠬᠢ ᠪᠠᠶᠠᠯᠢᠭ᠎ᠤ᠋ᠨ ᠬᠠᠷᠢᠯᠴᠠᠨ ᠨᠥᠬᠥᠪᠥᠷᠢᠯᠡᠬᠦ᠌ ᠳᠠᠯᠳᠠ ᠬᠦᠴᠦᠨ᠎ᠢ᠋ ᠬᠥᠭ᠌ᠵᠢᠭᠡᠵᠦ᠍᠂ ᠣᠷᠣᠨ ᠪᠦᠰᠡ᠎ᠶᠢᠨ ᠳᠣᠣᠷ᠎ᠠ ᠠᠭᠠᠷ᠎ᠤ᠋ᠨ ᠠᠵᠤ ᠠᠬᠤᠢ᠎ᠶᠢᠨ ᠴᠢᠨᠠᠷ ᠰᠠᠢᠲᠠᠢ ᠬᠥᠭ᠌ᠵᠢᠯᠲᠡ᠎ᠶᠢ ᠬᠠᠩᠭᠠᠬᠤ᠎ᠶᠢᠨ ᠲᠤᠰᠠᠳᠠ᠂ 12 ᠳ᠋ᠤᠭ᠋ᠠᠷ ᠰᠠᠷ᠎ᠠ᠎ᠶᠢᠨ 22 ᠤ᠋ ᠡᠳᠦᠷ᠎ᠦ᠋ᠨ ᠦᠳᠡ᠎ᠶᠢᠨ ᠡᠮᠦᠨ᠎ᠡ᠂ ᠥᠪᠥᠷ ᠮᠣᠩᠭᠣᠯ᠎ᠤ᠋ᠨ ᠥᠪᠡᠷᠲᠡᠭᠡᠨ ᠵᠠᠰᠠᠬᠤ ᠣᠷᠣᠨ᠎ᠤ᠋ ᠠᠷᠠᠳ᠎ᠤ᠋ᠨ ᠵᠠᠰᠠᠭ᠎ᠤ᠋ᠨ ᠣᠷᠳᠣᠨ᠎ᠤ᠋ ᠱᠧᠨᠵᠧᠨᠳ᠋ᠦ᠍ ᠰᠠᠭᠤᠭ᠎ᠠ ᠬᠡᠷᠡᠭ ᠡᠷᠬᠢᠯᠡᠬᠦ᠌ ᠭᠠᠵᠠᠷ ᠪᠠ ᠱᠧᠨᠵᠧᠨ ᠬᠣᠲᠠ᠎ᠶᠢᠨ ᠵᠢᠯᠣᠭᠣᠴᠢ ᠦᠭᠡᠢ ᠨᠢᠰᠭᠡᠯᠦ᠋ᠨ ᠠᠵᠢᠯ ᠲᠥᠷᠥᠯ᠎ᠦ᠋ᠨ ᠨᠡᠢᠭᠡᠮᠯᠢᠭ᠂ ᠹᠧᠩ ᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ( ᠱᠧᠨᠵᠧᠨ) ᠬᠢᠵᠠᠭᠠᠷᠲᠤ ᠺᠣᠮᠫᠠᠨᠢ ( ᠳᠣᠷᠣᠭ᠍ᠱᠢ 《 ᠹᠧᠩ ᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ》 ᠭᠡᠵᠦ᠍ ᠲᠣᠪᠴᠢᠯᠠᠨ᠎ᠠ ) ᠲᠠᠢ ᠶᠠᠷᠢᠯᠴᠠᠬᠤ ᠬᠤᠷᠠᠯ ᠬᠤᠷᠠᠯᠳᠤᠭᠤᠯᠪᠠ᠃ ᠭᠤᠷᠪᠠᠨ ᠲᠠᠯ᠎ᠠ᠎ᠪᠠᠷ᠎ᠢᠶᠠᠨ ᠳᠣᠣᠷ᠎ᠠ ᠠᠭᠠᠷ᠎ᠤᠨ ᠠᠵᠤ ᠠᠬᠤᠢ᠎ᠶ᠋ᠢᠨ ᠠᠵᠤ ᠦᠢᠯᠡᠰ᠎ᠤᠨ ᠠᠮᠢ ᠠᠬᠤᠢ᠎ᠶ᠋ᠢᠨ ᠪᠠᠢᠭᠤᠯᠤᠯᠲᠠ᠂ ᠡᠬᠢ ᠪᠠᠶᠠᠯᠢᠭ᠎ᠢ ᠨᠢᠭᠡᠳᠦᠭᠦᠯᠬᠦ᠂ ᠬᠡᠷᠡᠭ᠌ᠯᠡᠭᠡᠨ᠎ᠤ ᠪᠠᠢᠳᠠᠯ᠎ᠢ ᠥᠷᠭᠡᠳᠭᠡᠬᠦ᠌ ᠵᠡᠷᠭᠡ ᠭᠤᠣᠯ ᠴᠢᠭ᠌ᠯᠡᠯ᠎ᠤᠨ ᠲᠣᠭᠤᠷᠢᠨ᠎ᠳᠤ ᠭᠦᠨᠵᠡᠭᠡᠢ ᠰᠣᠯᠢᠯᠴᠠᠵᠤ᠂ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠬᠦ᠂ ᠠᠵᠤ ᠦᠢᠯᠡᠰ᠎ᠤᠨ ᠬᠥᠭ᠌ᠵᠢᠯᠲᠡ᠎ᠶ᠋ᠢ ᠬᠠᠮᠲᠤ᠎ᠪᠠᠷ ᠠᠬᠢᠭᠤᠯᠬᠤ ᠬᠠᠮᠲᠤ᠎ᠶ᠋ᠢᠨ ᠲᠠᠨᠢᠯᠲᠠ᠎ᠲᠠᠢ ᠪᠣᠯᠪᠠ᠃
ᠶᠠᠷᠢᠯᠴᠠᠬᠤ ᠬᠤᠷᠠᠯ ᠳᠡᠭᠡᠷ᠎ᠡ᠂ ᠹᠧᠩ ᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠠᠵᠤ ᠠᠬᠤᠢᠯᠠᠯ᠎ᠤᠨ ᠵᠢᠯᠣᠭᠤᠴᠢ ᠥᠬᠡᠶ ᠨᠢᠰᠭᠡᠯ᠎ᠢ ᠰᠤᠳᠤᠯᠤᠨ ᠨᠡᠭᠡᠭᠡᠵᠦ᠍ ᠦᠶ᠋ᠯᠡᠳᠬᠦ᠂ ᠳᠣᠤᠷ᠎ᠠ ᠠᠭᠠᠷ᠎ᠤᠨ ᠪᠠᠷᠠᠭᠠᠨ᠎ᠤ ᠭᠦᠶ᠋ᠯᠭᠡᠭᠡᠨ᠎ᠤ ᠠᠶᠠᠯᠠᠯ᠎ᠤᠨ ᠱᠤᠭᠤᠮ᠎ᠤᠨ ᠡᠵᠡᠩᠨᠡᠯᠲᠡ᠂ ᠲᠤᠰᠭᠠᠶ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ᠌ ᠱᠢᠰᠲ᠋ᠧᠮ᠎ᠤᠨ ᠪᠠᠢᠭᠤᠯᠤᠯᠲᠠ ᠵᠡᠷᠭᠡ ᠲᠠᠯ᠎ᠠ᠎ᠪᠠᠷ ᠪᠥᠷᠢᠳᠦᠭ᠌ᠰᠡᠨ ᠮᠡᠷᠭᠡᠵᠢᠯ᠎ᠤᠨ ᠪᠣᠳᠠᠲᠤ ᠬᠦᠴᠦᠨ ᠪᠣᠯᠤᠨ ᠦᠶ᠋ᠯᠡᠳᠦᠯᠭᠡ᠎ᠶ᠋ᠢᠨ ᠬᠤᠷᠠᠮᠳᠤᠭᠤᠯᠤᠯ᠎ᠢ ᠲᠠᠨᠢᠯᠴᠠᠭᠤᠯᠤᠭ᠍ᠰᠠᠨ ᠪᠥᠭᠡᠳ ᠥᠪᠥᠷ ᠮᠣᠩᠭᠤᠯ᠎ᠯᠤᠭ᠎ᠠ᠎ᠶ᠋ᠢᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠬᠦ᠌ ᠬᠦᠰᠡᠯ ᠡᠷᠡᠮᠡᠯᠵᠡᠯ᠎ᠢᠶᠠᠨ ᠲᠣᠳᠣᠷᠬᠠᠢᠯᠠᠨ ᠥᠭᠦᠯᠡᠪᠡ᠃ ᠬᠤᠶᠠᠷ ᠲᠠᠯ᠎ᠠ᠎ᠪᠠᠷ᠎ᠢᠶᠠᠨ᠂ ᠥᠪᠥᠷ ᠮᠣᠩᠭᠤᠯ᠎ᠤᠨ ᠡᠯᠪᠡᠭ ᠪᠠᠶᠠᠯᠢᠭ ᠠᠭᠠᠷ᠎ᠤᠨ ᠣᠷᠣᠨ ᠪᠦᠰᠡ᠎ᠶ᠋ᠢᠨ ᠡᠬᠢ ᠪᠠᠶᠠᠯᠢᠭ᠂ ᠥᠷᠭᠡᠨ ᠠᠭᠤᠳᠠᠮ ᠬᠡᠷᠡᠭ᠌ᠯᠡᠭᠡᠨ᠎ᠤ ᠦᠵᠡᠭ᠌ᠳᠡᠯ ᠵᠢᠴᠢ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ᠎ᠳᠤ ᠲᠦᠱᠢᠭ᠌ᠯᠡᠨ᠂ ᠹᠧᠩ ᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠬᠢᠭᠡᠳ ᠡᠵᠡᠩᠨᠡᠯᠲᠡ᠎ᠶ᠋ᠢᠨ ᠳᠠᠪᠠᠭᠤᠯᠢᠭ᠎ᠲᠠᠢ ᠤᠶᠠᠯᠳᠤᠭᠤᠯᠤᠨ᠂ ᠳᠣᠤᠷ᠎ᠠ ᠠᠭᠠᠷ᠎ᠤᠨ ᠪᠠᠷᠠᠭᠠᠨ᠎ᠤ ᠭᠦᠢᠯᠭᠡᠭᠡᠨ᠎ᠤ ᠲᠣᠤᠷ ᠰᠦᠯᠵᠢᠶ᠎ᠡ᠎ᠶ᠋ᠢ ᠪᠠᠢᠭᠤᠯᠬᠤ᠂ ᠲᠤᠰᠭᠠᠶ ᠮᠡᠷᠭᠡᠵᠢᠯ᠎ᠤᠨ ᠴᠢᠳᠠᠪᠤᠷᠢᠲᠠᠨ᠎ᠢ ᠬᠠᠮᠲᠤᠷᠠᠨ ᠪᠤᠢᠵᠢᠭᠤᠯᠬᠤ᠂ ᠣᠨᠴᠠᠯᠢᠭ᠍ᠲᠤ ᠠᠬᠤᠶ ᠲᠠᠯᠠᠪᠠᠶ᠎ᠶ᠋ᠢᠨ ᠬᠡᠷᠡᠭ᠌ᠯᠡᠯᠲᠡ᠎ᠶ᠋ᠢ ᠨᠠᠢᠳᠠᠪᠤᠷᠢᠵᠢᠭᠤᠯᠬᠤ ᠵᠡᠷᠭᠡ ᠬᠦᠷᠢᠶᠡᠨ᠎ᠳᠤ ᠣᠯᠠᠨ ᠬᠦᠷᠢᠶᠡᠨ᠎ᠤ ᠬᠠᠮᠲᠤᠷᠠᠯᠴᠠᠭ᠎ᠠ ᠶᠢ ᠥᠷᠨᠢᠭᠦᠯᠦᠨ᠎ᠡ᠂ ᠪᠣᠳᠠᠲᠠᠶ᠎ᠪᠠᠷ ᠰᠤᠷᠭᠠᠭᠤᠯᠢ ᠪᠠ ᠠᠵᠤ ᠠᠬᠤᠢᠯᠠᠯ᠎ᠤᠨ ᠬᠠᠮᠵᠢᠯᠴᠠᠨ ᠬᠥᠮᠦᠨ᠎ᠢ ᠬᠥᠮᠦᠵᠢᠭᠦᠯᠬᠦ᠌᠎ᠪᠠᠷ ᠭᠠᠷᠳᠠᠬᠤ ᠴᠡᠭ ᠪᠣᠯᠭᠠᠵᠤ᠂ ᠴᠢᠳᠠᠪᠤᠷᠢᠲᠠᠨ᠎ᠤ ᠲᠤᠯᠭᠠᠭᠤᠷᠢᠯᠠᠬᠤ ᠲᠤᠭᠲᠠᠯᠴᠠᠭ᠎ᠠ᠎ᠶ᠋ᠢ ᠪᠠᠢᠭᠤᠯᠤᠨ᠂ ᠡᠮᠴᠢᠯᠡᠭᠡᠨ᠎ᠤ ᠪᠠᠷᠠᠭᠠᠨ᠎ᠤ ᠭᠦᠢᠯᠭᠡᠭᠡ᠂ ᠪᠠᠴᠢᠮ ᠪᠠᠢᠳᠠᠯ᠎ᠢ ᠠᠷᠭ᠋ᠠᠴᠠᠭ᠋ᠠᠬᠤ ᠪᠠᠲᠤᠯᠠᠭ᠎ᠠ ᠵᠡᠷᠭᠡ ᠣᠨᠴᠠᠯᠢᠭ᠍ᠲᠤ ᠲᠠᠯᠠᠪᠠᠶ᠎ᠶ᠋ᠢᠨ ᠵᠢᠱ᠌ᠢᠶ᠎ᠡ ᠦᠵᠡᠭᠦᠯᠬᠦ᠌ ᠬᠡᠷᠡᠭ᠌ᠯᠡᠯᠲᠡ᠎ᠶ᠋ᠢ ᠵᠡᠷᠭᠡ᠎ᠪᠡᠷ ᠠᠬᠢᠭᠤᠯᠵᠤ᠂ ᠣᠯᠠᠨ ᠬᠦᠷᠢᠶᠡᠨ᠎ᠤ ᠳᠣᠤᠷ᠎ᠠ ᠠᠭᠠᠷ᠎ᠤᠨ ᠠᠵᠤ ᠠᠬᠤᠶ᠎ᠶ᠋ᠢᠨ ᠦᠢᠯᠡᠴᠢᠯᠡᠭᠡᠨ᠎ᠤ ᠲᠣᠤᠷ ᠰᠦᠯᠵᠢᠶ᠎ᠡ᠎ᠶ᠋ᠢ ᠠᠯᠬᠤᠮ ᠠᠯᠬᠤᠮ᠎ᠢᠶᠠᠷ ᠥᠷᠭᠡᠳᠭᠡᠨ ᠪᠣᠶ ᠪᠣᠯᠭᠠᠵᠤ ᠪᠣᠯᠤᠨ᠎ᠠ ᠭᠡᠵᠦ᠍ ᠰᠠᠨᠠᠯ ᠨᠢᠭᠡᠲᠡᠶ ᠦᠵᠡᠪᠡ᠃
ᠱᠧᠨᠵᠧᠨ ᠬᠤᠳᠠ᠎ᠶ᠋ᠢᠨ ᠵᠢᠯᠣᠭᠤᠴᠢ ᠦᠭᠡᠢ ᠨᠢᠰᠭᠡᠯ᠎ᠤᠨ ᠠᠵᠢᠯ ᠲᠦᠷᠦᠯ᠎ᠤᠨ ᠨᠡᠢᠭᠡᠮᠯᠢᠭ᠎ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠎ᠠᠴᠠ ᠨᠡᠢᠭᠡᠮᠯᠢᠭ᠎ᠤᠨ ᠱᠧᠨᠵᠧᠨ᠎ᠤ ᠳᠣᠣᠷ᠎ᠠ ᠠᠭᠠᠷ᠎ᠤᠨ ᠠᠵᠤ ᠠᠬᠤᠢ᠎ᠶ᠋ᠢᠨ ᠬᠦᠷᠢᠶᠡᠨ᠎ᠳᠠᠬᠢ ᠴᠢᠨᠠᠷ ᠰᠠᠢᠲᠠᠢ ᠡᠬᠢ ᠪᠠᠶᠠᠯᠢᠭ᠎ᠢ ᠲᠠᠨᠢᠯᠴᠠᠭᠤᠯᠤᠭ᠍ᠰᠠᠨ ᠪᠥᠭᠡᠳ ᠠᠵᠤ ᠦᠢᠯᠡᠰ᠎ᠤᠨ ᠬᠠᠮᠵᠢᠯᠴᠠᠨ ᠬᠠᠮᠲᠤᠷᠠᠯᠴᠠᠬᠤ᠂ ᠠᠵᠢᠯ ᠲᠦᠷᠦᠯ᠎ᠤᠨ ᠪᠠᠷᠢᠮᠵᠢᠶ᠎ᠠ᠎ᠶ᠋ᠢ ᠲᠣᠭ᠍ᠲᠠᠭᠠᠬᠤ ᠵᠡᠷᠭᠡ ᠲᠠᠯ᠎ᠠ᠎ᠶ᠋ᠢᠨ ᠡᠬᠢ ᠪᠠᠶᠠᠯᠢᠭ᠎ᠢ ᠨᠢᠭᠡᠳᠦᠭᠦᠯᠬᠦ ᠪᠠ ᠠᠵᠢᠯ ᠲᠦᠷᠦᠯ᠎ᠤᠨ ᠬᠦᠳᠦᠯᠦᠨ ᠳᠠᠭᠠᠭᠤᠯᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠹᠧᠩ ᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠵᠡᠷᠭᠡ ᠱᠧᠨᠵᠧᠨ᠎ᠤ ᠴᠢᠨᠠᠷ ᠰᠠᠢᠲᠠᠢ ᠠᠵᠤ ᠠᠬᠤᠢᠯᠠᠯ᠎ᠤᠨ ᠥᠪᠥᠷ ᠮᠣᠩᠭᠤᠯ᠎ᠤᠨ ᠵᠠᠬ᠎ᠠ ᠳᠡᠯᠭᠡᠭᠦᠷ᠎ᠤᠨ ᠡᠬᠢ ᠪᠠᠶᠠᠯᠢᠭ ᠪᠣᠯᠤᠨ ᠬᠡᠷᠡᠭ᠌ᠯᠡᠭᠡᠨ᠎ᠤ ᠬᠡᠷᠡᠭ᠌ᠴᠡᠭᠡ᠎ᠶ᠋ᠢ ᠤᠨᠢᠨ ᠳᠡᠭᠡᠷ᠎ᠡ᠎ᠨᠢ ᠵᠣᠯᠭᠠᠭᠤᠯᠬᠤ᠎ᠳᠤ ᠬᠦᠴᠦ᠍ ᠨᠡᠮᠡᠷᠢᠯᠡᠵᠦ᠍᠂ ᠡᠭᠦᠨ᠎ᠤ ᠬᠠᠮᠲᠤ ᠱᠧᠨᠵᠧᠨ᠎ᠤ ᠳᠣᠣᠷ᠎ᠠ ᠠᠭᠠᠷ᠎ᠤᠨ ᠠᠵᠤ ᠠᠬᠤᠢ᠎ᠶ᠋ᠢᠨ ᠠᠵᠤ ᠦᠢᠯᠡᠰ᠎ᠤᠨ ᠬᠥᠭ᠌ᠵᠢᠯᠲᠡ᠎ᠶ᠋ᠢᠨ ᠪᠣᠯᠪᠠᠰᠤᠷᠠᠩᠭᠤᠢ ᠲᠤᠷᠱᠢᠯᠭ᠎ᠠ ᠪᠣᠯᠤᠨ ᠠᠵᠢᠯ ᠲᠦᠷᠦᠯ᠎ᠤᠨ ᠵᠢᠷᠤᠮᠵᠢᠯ᠎ᠢ ᠣᠷᠣᠭᠤᠯᠤᠨ ᠠᠪᠴᠢᠷᠠᠵᠤ᠂ ᠣᠷᠣᠨ ᠪᠦᠰᠡ᠎ᠶ᠋ᠢᠨ ᠳᠣᠣᠷ᠎ᠠ ᠠᠭᠠᠷ᠎ᠤᠨ ᠠᠵᠤ ᠠᠬᠤᠢ᠎ᠶ᠋ᠢᠨ ᠠᠵᠤ ᠦᠢᠯᠡᠰ᠎ᠤᠨ ᠠᠮᠢ ᠠᠬᠤᠢ᠎ᠶ᠋ᠢ ᠪᠠᠢᠭᠤᠯᠬᠤ᠎ᠳᠤ ᠯᠠᠪᠯᠠᠯᠲᠠ ᠬᠠᠩᠭᠠᠵᠤ᠂ ᠬᠤᠶᠠᠷ ᠭᠠᠵᠠᠷ᠎ᠤᠨ ᠠᠵᠤ ᠦᠢᠯᠡᠰ᠎ᠤᠨ ᠬᠡᠯᠬᠢᠶ᠎ᠡ᠎ᠶ᠋ᠢᠨ ᠳᠡᠭᠡᠳᠦ ᠳᠤᠤᠷᠠᠳᠤ ᠤᠷᠤᠰᠭᠠᠯ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠤᠨ᠎ᠠ ᠭᠡᠵᠦ᠍ ᠢᠯᠡᠳᠭᠡᠪᠡ᠃
ᠬᠤᠷᠠᠯ ᠳᠡᠭᠡᠷ᠎ᠡ᠂ ᠥᠪᠥᠷ ᠮᠣᠩᠭᠤᠯ᠎ᠤᠨ ᠳᠣᠤᠷ᠎ᠠ ᠠᠭᠠᠷ᠎ᠤᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠣᠷᠴᠢᠨ ᠲᠣᠭᠤᠷᠢᠨ᠂ ᠡᠬᠢ ᠪᠠᠶᠠᠯᠢᠭ᠎ᠤᠨ ᠳᠠᠪᠠᠭᠤᠯᠢᠭ ᠵᠢᠴᠢ ᠭᠤᠤᠯᠳᠠᠯᠭ᠎ᠠ᠎ᠲᠠᠢ ᠬᠥᠭ᠌ᠵᠢᠯᠲᠡ᠎ᠶ᠋ᠢᠨ ᠴᠢᠭ᠌ᠯᠡᠯ᠎ᠢ ᠥᠪᠡᠷᠲᠡᠭᠡᠨ ᠵᠠᠰᠠᠬᠤ ᠣᠷᠣᠨ᠎ᠤ ᠱᠸᠨᠵᠸᠨ᠎ᠳᠦ ᠰᠠᠭᠤᠭ᠎ᠠ ᠬᠡᠷᠡᠭ ᠡᠷᠬᠢᠯᠡᠬᠦ᠌ ᠭᠠᠵᠠᠷ ᠡᠴᠡ ᠱᠢᠰᠲ᠋ᠧᠮ᠎ᠲᠠᠢ ᠲᠠᠨᠢᠯᠴᠠᠭᠤᠯᠵᠤ᠂ ᠬᠤᠶᠠᠷ ᠲᠠᠯ᠎ᠠ᠎ᠶ᠋ᠢᠨ ᠨᠠᠷᠢᠯᠢᠭ ᠣᠨᠣᠴᠠᠲᠠᠶ᠎ᠪᠠᠷ ᠵᠣᠯᠭᠠᠭᠤᠯᠬᠤ᠎ᠳᠤ ᠵᠢᠯᠣᠭᠤᠳᠣᠯᠭ᠎ᠠ ᠳᠡᠮᠵᠢᠯᠭᠡ ᠬᠠᠩᠭᠠᠪᠠ᠃ ᠳᠠᠷᠠᠭᠠᠴᠢ᠎ᠶ᠋ᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠱᠸᠨᠵᠸᠨ᠎ᠳᠦ ᠰᠠᠭᠤᠭ᠎ᠠ ᠬᠡᠷᠡᠭ ᠡᠷᠬᠢᠯᠡᠬᠦ᠌ ᠭᠠᠵᠠᠷ ᠨᠢ ᠬᠥᠭᠦᠷᠭᠡ ᠬᠤᠯᠪᠣᠭᠠᠰᠤ᠎ᠶ᠋ᠢᠨ ᠦᠢᠯᠡᠳᠦᠯ᠎ᠢᠶᠠᠨ ᠦᠷᠭᠦᠯᠵᠢᠯᠡᠨ ᠪᠠᠳᠠᠷᠠᠭᠤᠯᠵᠤ᠂ ᠵᠣᠬᠢᠴᠠᠭᠤᠯᠤᠨ ᠦᠢᠯᠡᠴᠢᠯᠡᠬᠦ᠌ ᠪᠠᠲᠤᠯᠠᠭ᠎ᠠ᠎ᠶ᠋ᠢ ᠯᠠᠪᠳᠠᠭᠤᠨ ᠪᠠᠲᠤᠲᠠᠢ ᠰᠠᠢᠲᠤᠷ ᠬᠢᠵᠦ᠍᠂ ᠬᠠᠮᠲᠤᠷᠠᠯᠴᠠᠭᠠᠨ᠎ᠤ ᠬᠡᠷᠡᠭ ᠶᠠᠪᠤᠳᠠᠯ᠎ᠢ ᠪᠣᠳᠠᠲᠠᠢ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠠᠬᠢᠭᠤᠯᠵᠤ᠂ ᠥᠪᠥᠷ ᠮᠣᠩᠭᠤᠯ ᠭᠤᠸᠠᠩᠳᠦ᠋ᠩ ᠬᠤᠶᠠᠷ ᠭᠠᠵᠠᠷ᠎ᠤᠨ ᠡᠬᠢ ᠪᠠᠶᠠᠯᠢᠭ᠎ᠤᠨ ᠳᠠᠪᠠᠭᠤᠯᠢᠭ᠂ ᠮᠡᠷᠭᠡᠵᠢᠯ᠎ᠤᠨ ᠳᠠᠪᠠᠭᠤᠯᠢᠭ᠎ᠢ ᠠᠵᠤ ᠦᠢᠯᠡᠰ᠎ᠤᠨ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠬᠤ᠎ᠳᠤ ᠬᠦᠴᠦᠨ ᠨᠡᠮᠡᠷᠢᠯᠡᠵᠦ᠍᠂ ᠳᠣᠣᠷ᠎ᠠ ᠠᠭᠠᠷ᠎ᠤᠨ ᠠᠵᠤ ᠠᠬᠤᠢ᠎ᠶ᠋ᠢᠨ ᠬᠠᠮᠵᠢᠯᠴᠠᠨ ᠬᠥᠭ᠌ᠵᠢᠬᠦ᠌᠎ᠶ᠋ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠠᠬᠢᠭᠤᠯᠤᠨ᠎ᠠ᠃

ᠺᠤᠳ᠋᠎ᠢ ᠱᠢᠷᠪᠢᠵᠦ᠍ ᠭᠠᠷ ᠤᠲᠠᠰᠤᠨ ᠳᠡᠭᠡᠷ᠎ᠡ ᠣᠳᠣᠬᠢ ᠨᠢᠭᠤᠷ᠎ᠢ ᠪᠠᠢᠴᠠᠭᠠᠨ ᠦᠵᠡᠭᠡᠷᠡᠢ