ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠣᠨᠴᠠᠯᠢᠭᠲᠤ᠌ ᠳᠠᠪᠴᠠᠩ   -   ᠬᠤᠳᠠᠯᠳᠤᠭᠠᠴᠢᠨ ᠤᠷᠢᠵᠤ ᠪᠡᠯᠡ ᠲᠠᠲᠠᠬᠤ
ᠲᠥᠷᠥᠯ ᠵᠦᠢᠯ᠎ᠤᠨ ᠭᠡᠷ᠎ᠡ ᠲᠣᠭ᠍ᠲᠠᠬᠤ — ᠳ᠋ᠦᠩ ᠹᠠᠩ ᠰᠣᠶᠣᠯ ᠵᠢᠭᠤᠯᠴᠢᠯᠠᠯ᠎ᠤᠨ ᠪᠦᠯᠦᠭ᠌ᠯᠡᠯ᠎ᠤᠨ ᠳᠡᠭᠡᠳᠦ ᠲᠠᠰ᠎ᠤᠨ ᠠᠷᠠᠳ᠎ᠤᠨ ᠭᠡᠷ ᠪᠠᠭᠤᠳᠠᠯ᠎ᠤᠨ ᠲᠥᠷᠥᠯ ᠵᠦᠢᠯ ᠥᠪᠥᠷ ᠮᠣᠩᠭᠤᠯ᠎ᠤᠨ ᠬᠢᠩᠭᠠᠨ ᠠᠢᠮᠠᠭ᠎ᠲᠤ ᠨᠠᠢᠳᠠᠪᠤᠷᠢᠵᠢᠭᠤᠯᠪᠠ
ᠨᠡᠶ᠋ᠢᠲᠡᠯᠡᠭᠰᠡᠨ ᠴᠠᠭ᠄ 2025-12-24

  ᠣᠢᠷ᠎ᠠ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠤᠨ ᠵᠣᠬᠢᠶᠠᠨ ᠪᠠᠢᠭᠤᠯᠤᠯᠲᠠ᠎ᠶ᠋ᠢᠨ ᠠᠬᠢᠭᠤᠯᠤᠯ ᠳᠣᠤᠷ᠎ᠠ᠂ ᠬᠢᠩᠭᠠᠨ ᠠᠢᠮᠠᠭ ᠭᠤᠸᠠᠩᠳᠦ᠋ᠩ ᠱᠢᠶᠠᠩᠭᠠᠩ ᠣᠣᠮᠧᠨ᠎ᠤ ᠲᠣᠮᠣ ᠪᠤᠯᠤᠩ᠎ᠤᠨ ᠣᠷᠣᠨ᠎ᠳᠤ ᠬᠦᠷᠴᠦ᠍ ᠱᠢᠨᠵᠢᠯᠡᠨ ᠪᠠᠢᠴᠠᠭᠠᠵᠤ ᠵᠣᠯᠭᠠᠭᠤᠯᠬᠤ᠎ᠪᠠᠷ ᠳᠡᠮᠵᠢᠨ᠂ ᠬᠢᠩᠭᠠᠨ ᠠᠢᠮᠠᠭ᠎ᠤᠨ ᠷᠠᠱᠢᠶᠠᠨ ᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠱᠢᠭᠤᠨ᠎ᠤ ᠠᠷᠠᠳ᠎ᠤᠨ ᠵᠠᠰᠠᠭ᠎ᠤᠨ ᠣᠷᠳᠣᠨ ᠲᠣᠰ ᠲᠣᠰ ᠭᠤᠸᠠᠩᠳᠦ᠋ᠩ᠎ᠤᠨ ᠳ᠋ᠦᠩ ᠹᠠᠩ ᠰᠣᠶᠣᠯ ᠵᠢᠭᠤᠯᠴᠢᠯᠠᠯ᠎ᠤᠨ ᠪᠦᠯᠦᠭ᠌ᠯᠡᠯ᠎ᠲᠠᠢ ᠪᠠᠢᠯᠳᠤᠬᠤ ᠪᠣᠳᠣᠯᠭ᠎ᠠ᠎ᠶ᠋ᠢᠨ ᠬᠠᠮᠲᠤᠷᠠᠯᠴᠠᠭᠠᠨ᠎ᠤ ᠬᠡᠯᠡᠯᠴᠡᠭᠡᠷ ᠲᠣᠭ᠍ᠲᠠᠵᠤ᠂ ᠥᠪᠥᠷ ᠮᠣᠩᠭᠤᠯ ᠣᠷᠣᠨ᠎ᠤ ᠬᠠᠮᠤᠭ᠎ᠤᠨ ᠶᠡᠭᠡ ᠨᠥᠯᠥᠭᠡᠯᠡᠬᠦ᠌ ᠬᠦᠴᠦᠨ᠎ᠲᠠᠢ ᠪᠥᠬᠦ᠌ ᠣᠷᠣᠨ ᠪᠦᠰᠡ᠎ᠶ᠋ᠢᠨ ᠵᠢᠭᠤᠯᠴᠢᠯᠠᠯ ᠠᠮᠠᠷᠠᠯᠲᠠ᠎ᠶ᠋ᠢᠨ ᠲᠥᠷᠥᠯ ᠵᠦᠢᠯ᠎ᠢ ᠬᠠᠮᠲᠤᠷᠠᠨ ᠪᠠᠢᠭᠤᠯᠪᠠ᠃

  ᠲᠤᠰ ᠲᠥᠷᠥᠯ ᠵᠦᠢᠯ᠎ᠨᠢ ᠷᠠᠱᠢᠶᠠᠨ ᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠱᠢᠭᠤᠨ᠎ᠤ ᠵᠢᠭᠤᠯᠴᠢᠯᠠᠯ᠎ᠤᠨ ᠭᠤᠤᠯ ᠣᠷᠣᠨ᠎ᠳᠤ ᠳᠡᠭᠡᠳᠦ ᠲᠠᠰ᠎ᠤᠨ ᠠᠷᠠᠳ᠎ᠤᠨ ᠭᠡᠷ ᠪᠠᠭᠤᠳᠠᠯ᠂ ᠪᠦᠯᠬᠦᠮ ᠪᠠᠢᠭᠤᠯᠬᠤ ᠰᠠᠭᠤᠷᠢᠨ ᠭᠠᠵᠠᠷ᠎ᠤᠨ ᠣᠨᠴᠠᠯᠢᠭ᠍ᠲᠤ ᠬᠤᠭᠤᠯᠠᠨ ᠬᠡᠷ᠂ ᠰᠤᠳᠤᠯᠤᠨ ᠰᠤᠷᠤᠯᠴᠠᠬᠤ ᠬᠤᠸᠠᠷᠠᠨ᠂ ᠬᠥᠳᠡᠯᠭᠡᠭᠡᠨ᠎ᠤ ᠺᠯᠦᠪ ᠵᠡᠷᠭᠡ ᠣᠯᠠᠨ ᠵᠦᠢᠯ᠎ᠤᠨ ᠰᠡᠯᠡᠭᠦᠴᠡᠯ ᠠᠮᠠᠷᠠᠯᠲᠠ᠎ᠶ᠋ᠢᠨ ᠦᠢᠯᠡᠰ᠎ᠤᠨ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠢ ᠭᠤᠤᠯᠳᠠᠯᠭ᠎ᠠ᠎ᠲᠠᠢ ᠪᠠᠭ᠍ᠲᠠᠭᠠᠵᠤ᠂ ᠬᠡᠭᠡᠷᠯᠡᠨ ᠵᠢᠭᠤᠯᠴᠢᠯᠠᠬᠤ᠂ ᠵᠢᠭᠤᠯᠴᠢᠯᠠᠨ ᠲᠣᠭᠤᠷᠢᠬᠤ᠂ ᠰᠣᠶᠣᠯ᠎ᠢ ᠪᠡᠶᠡᠴᠢᠯᠡᠨ ᠣᠢᠯᠠᠭᠠᠬᠤ᠂ ᠡᠷᠡᠭᠦᠯᠵᠢᠯ ᠰᠤᠪᠢᠯᠠᠯᠲᠠ᠎ᠶ᠋ᠢᠨ ᠵᠢᠭᠤᠯᠴᠢᠯᠠᠨ ᠬᠤᠨᠣᠬᠤ᠂ ᠰᠡᠯᠡᠭᠦᠴᠡᠯ ᠵᠤᠭ᠎ᠠ ᠴᠡᠩᠭᠡᠯ᠎ᠢ ᠨᠢᠭᠡ ᠴᠣᠭ᠍ᠴᠠᠵᠢᠭᠤᠯᠤᠭ᠍ᠰᠠᠨ ᠶᠡᠷᠦᠩᠬᠡᠢᠯᠡᠭ᠌ᠰᠡᠨ ᠴᠢᠨᠠᠷᠲᠠᠶ ᠳᠡᠭᠡᠳᠦ ᠲᠠᠰ᠎ᠤᠨ ᠠᠮᠠᠷᠠᠯᠲᠠ᠎ᠶ᠋ᠢᠨ ᠲᠥᠷᠥᠯ ᠵᠦᠢᠯ ᠪᠣᠯᠭᠠᠨ ᠪᠠᠢᠷᠢ ᠲᠣᠭ᠍ᠲᠠᠭᠠᠵᠤ᠂ 《ᠠᠮᠠᠷᠠᠬᠤ + ᠵᠢᠭᠤᠯᠴᠢᠯᠠᠯ》 ᠎ᠤᠨ ᠱᠢᠨ᠎ᠡ ᠲᠥᠷᠥᠯ ᠵᠦᠢᠯ᠎ᠢ ᠪᠣᠶ ᠪᠣᠯᠭᠠᠵᠤ᠂ ᠬᠢᠩᠭᠠᠨ ᠠᠢᠮᠠᠭ᠎ᠤᠨ ᠪᠥᠬᠦ᠌ ᠴᠠᠷᠠᠭᠠᠨ᠎ᠤ ᠵᠢᠭᠤᠯᠴᠢᠯᠠᠯ ᠠᠮᠠᠷᠠᠯᠲᠠ᠎ᠶ᠋ᠢᠨ ᠵᠢᠱ᠌ᠢᠶ᠎ᠡ ᠦᠵᠡᠭᠦᠯᠬᠦ᠌ ᠴᠢᠨᠠᠷᠲᠠᠶ ᠬᠡᠪ ᠳᠠᠭᠤᠷᠢᠶᠠᠯ᠎ᠤᠨ ᠲᠥᠷᠥᠯ ᠵᠦᠢᠯ᠎ᠢ ᠪᠣᠶ ᠪᠣᠯᠭᠠᠨ᠎ᠠ᠃

  ᠳ᠋ᠦᠩ ᠹᠠᠩ ᠰᠣᠶᠣᠯ ᠵᠢᠭᠤᠯᠴᠢᠯᠠᠯ᠎ᠤᠨ ᠪᠦᠯᠦᠭ᠌ᠯᠡᠯ ᠪᠣᠯ ᠶᠡᠷᠦᠩᠬᠡᠢᠯᠡᠭ᠌ᠰᠡᠨ ᠴᠢᠨᠠᠷᠲᠠᠢ ᠰᠣᠶᠣᠯ ᠵᠢᠭᠤᠯᠴᠢᠯᠠᠯ᠎ᠤᠨ ᠠᠵᠤ ᠦᠢᠯᠡᠰ᠎ᠤᠨ ᠪᠦᠯᠦᠭ᠌ᠯᠡᠯ ᠮᠥᠨ᠂ ᠵᠢᠭᠤᠯᠴᠢᠯᠠᠯ ᠠᠮᠠᠷᠠᠯᠲᠠ᠎ᠶ᠋ᠢᠨ ᠠᠵᠤ ᠦᠢᠯᠡᠰ᠎ᠤᠨ ᠪᠡᠯᠡ ᠣᠷᠣᠭᠤᠯᠤᠯᠲᠠ᠂ ᠨᠡᠭᠡᠭᠡᠯᠲᠡ ᠪᠠ ᠡᠳ᠋ ᠬᠥᠷᠥᠩᠭᠡ᠎ᠶ᠋ᠢᠨ ᠬᠠᠮᠢᠶᠠᠷᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠦᠨ᠎ᠡ᠃ ᠣᠢᠷ᠎ᠠ᠎ᠶ᠋ᠢᠨ ᠵᠢᠯ᠎ᠠᠴᠠ᠂ ᠳ᠋ᠦᠩ ᠹᠠᠩ ᠰᠣᠶᠣᠯ ᠵᠢᠭᠤᠯᠴᠢᠯᠠᠯ᠎ᠤᠨ ᠪᠦᠯᠦᠭ᠌ᠯᠡᠯ ᠪᠥᠬᠦ᠌ ᠴᠠᠷᠠᠭᠠᠨ᠎ᠤ ᠵᠢᠭᠤᠯᠴᠢᠯᠠᠯ ᠠᠮᠠᠷᠠᠯᠲᠠ᠎ᠶ᠋ᠢᠨ ᠲᠤᠬᠠᠢᠯᠠᠭ᠍ᠰᠠᠨ ᠠᠵᠢᠯ᠎ᠢ ᠶᠡᠬᠡᠪᠡᠷ ᠬᠥᠭ᠌ᠵᠢᠭᠦᠯᠵᠦ᠍᠂ ᠪᠥᠬᠦ᠌ ᠤᠯᠤᠰ᠎ᠤᠨ ᠵᠢᠭᠤᠯᠴᠢᠯᠠᠯ ᠠᠮᠠᠷᠠᠯᠲᠠ᠎ᠶ᠋ᠢᠨ ᠲᠣᠮᠣ ᠲᠠᠪᠴᠠᠩ — 《ᠳᠣᠷᠣᠨᠠᠳᠠᠬᠢᠨ᠎ᠤ ᠵᠢᠭᠤᠯᠴᠢᠯᠠᠯ᠎ᠤᠨ ᠬᠤᠯᠪᠣᠭ᠎ᠠ》 ᠎ᠶ᠋ᠢ ᠢᠳᠡᠪᠬᠢᠲᠡᠶ ᠪᠠᠢᠭᠤᠯᠵᠤ᠂ ᠪᠥᠬᠦ᠌ ᠤᠯᠤᠰ᠎ᠤᠨ ᠬᠡᠪᠴᠢᠶᠡᠨ᠎ᠳᠤ ᠪᠠᠯᠠ ᠣᠷᠣᠭᠤᠯᠤᠭ᠍ᠰᠠᠨ ᠠᠮᠠᠷᠠᠯᠲᠠ᠎ᠶ᠋ᠢᠨ ᠲᠣᠰᠭᠤᠨ᠎ᠢᠶᠠᠷ ᠵᠠᠩᠭᠢᠯᠠᠭ᠎ᠠ᠎ᠶ᠋ᠢᠨ ᠴᠡᠭ ᠪᠣᠯᠭᠠᠵᠤ᠂ ᠲᠤᠬᠠᠶ᠎ᠶ᠋ᠢᠨ ᠭᠠᠵᠠᠷ᠎ᠤᠨ ᠬᠤᠲᠠ᠎ᠶ᠋ᠢᠨ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ᠎ᠲᠠᠢ ᠬᠤᠯᠪᠣᠭᠠᠯᠠᠨ ᠬᠥᠳᠡᠯᠦᠯᠴᠡᠵᠦ᠍᠂ 《ᠳ᠋ᠦᠩ ᠹᠠᠩ᠎ᠳᠤ ᠰᠠᠭᠤᠵᠤ᠂ ᠪᠥᠬᠦ᠌ ᠤᠯᠤᠰ᠎ᠢᠶᠠᠷ ᠵᠢᠭᠤᠯᠴᠢᠯᠠᠬᠤ》 ᠱᠢᠷᠢᠰ ᠦᠶ᠋ᠯᠡᠳᠬᠦᠨ᠎ᠢ ᠭᠠᠷᠭᠠᠵᠤ᠂ ᠪᠥᠬᠦ᠌ ᠤᠯᠤᠰ᠎ᠤᠨ ᠵᠢᠭᠤᠯᠴᠢᠯᠠᠯ ᠠᠮᠠᠷᠠᠯᠲᠠ᠎ᠶ᠋ᠢᠨ ᠪᠦᠷᠢᠨ ᠺᠠᠷᠲ᠎ᠢ ᠪᠡᠶᠡᠯᠡᠭᠦᠯᠵᠦ᠍᠂ ᠥᠨᠳᠥᠷ ᠴᠢᠨᠠᠷ ᠴᠢᠨᠰᠠᠭ᠎ᠠ᠎ᠲᠠᠢ ᠬᠣᠨᠣᠭ᠎ᠤᠨ ᠥᠩᠭᠡᠷᠡᠯᠲᠡ ᠪᠠ ᠡᠯᠪᠡᠭ ᠪᠠᠶᠠᠯᠢᠭ᠋ ᠵᠢᠭᠤᠯᠴᠢᠯᠠᠯ᠎ᠤᠨ ᠵᠠᠮ ᠱᠤᠭᠤᠮ᠎ᠢᠶᠠᠷ ᠳᠡᠮᠵᠢᠨ᠂ ᠵᠢᠭᠤᠯᠴᠢᠯᠠᠭ᠍ᠴᠢᠳ᠎ᠲᠤ ᠲᠠᠭᠠᠯᠠᠮᠵᠢᠲᠠᠶ ᠬᠤᠨᠣᠭ᠍ᠯᠠᠬᠤ ᠪᠦᠲᠦᠭᠡᠭ᠌ᠳᠡᠬᠦᠨ᠎ᠢ ᠬᠦᠷᠲᠡᠭᠡᠬᠦ᠌᠎ᠶ᠋ᠢᠨ ᠬᠠᠮᠲᠤ᠌᠂ ᠲᠤᠬᠠᠶ᠎ᠶ᠋ᠢᠨ ᠭᠠᠵᠠᠷ᠎ᠤᠨ ᠪᠠᠢᠭᠠᠯᠢ᠎ᠶ᠋ᠢᠨ ᠥᠩᠭᠡ ᠦᠵᠡᠮᠵᠢ ᠪᠠ ᠰᠣᠶᠣᠯ ᠢᠷᠭᠡᠨᠱᠢᠯ᠎ᠤᠨ ᠷᠢᠳᠢ ᠱᠢᠳᠢ᠎ᠶ᠋ᠢ ᠭᠦᠨᠵᠡᠭᠡᠶ ᠣᠢᠯᠠᠭᠠᠭᠤᠯᠪᠠ᠃

 

 

   ᠺᠤᠳ᠋᠎ᠢ ᠱᠢᠷᠪᠢᠵᠦ᠍ ᠭᠠᠷ ᠤᠲᠠᠰᠤᠨ ᠳᠡᠭᠡᠷ᠎ᠡ ᠣᠳᠣᠬᠢ ᠨᠢᠭᠤᠷ᠎ᠢ ᠪᠠᠢᠴᠠᠭᠠᠨ ᠦᠵᠡᠭᠡᠷᠡᠢ

ᠢᠷᠡᠯᠲᠡ᠄ ᠬᠢᠩᠭᠠᠨ ᠠᠢᠮᠠᠭ᠎ᠤᠨ ᠣᠷᠣᠨ ᠪᠦᠰᠡ᠎ᠶ᠋ᠢᠨ ᠠᠵᠤ ᠠᠬᠤᠶ᠎ᠶ᠋ᠢᠨ ᠬᠠᠮᠲᠤᠷᠠᠯᠴᠠᠭᠠᠨ᠎ᠤ ᠲᠣᠪᠴᠢᠶ᠎ᠠ᠎ᠶ᠋ᠢᠨ ᠠᠯᠪᠠᠨ᠎ᠤ ᠸᠢᠴᠠᠲ
          
ᠬᠠᠮᠢᠶ᠎ᠡ ᠪᠦᠬᠦᠢ ᠰᠣᠨᠢᠨ
 
            