2020 ᠣᠨ ᠳᠤ ᠪᠥᠬᠦ ᠣᠷᠣᠨ ᠤ ᠬᠤᠲᠠ ᠪᠠᠯᠭᠠᠰᠤ ᠶᠢᠨ ᠰᠢᠨ᠎ᠡ ᠪᠠᠷ ᠠᠵᠢᠯ ᠣᠯᠤᠭᠰᠠᠨ ᠬᠦᠮᠦᠨ 23.22 ᠲᠦᠮᠡ ᠨᠡᠮᠡᠭᠳᠡᠪᠡ
ᠨᠡᠶᠢᠲᠡᠯᠡᠭᠰᠡᠨ ᠴᠠᠭ᠄
2021/1/14
     1 ᠳ᠋ᠦ᠋ᠭᠡᠷ ᠰᠠᠷ᠎ᠠ ᠶᠢᠨ 13 ᠤ ᠡᠳᠦᠷ᠂ 2020 ᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠢ ᠪᠡᠶᠡᠯᠡᠭᠦᠯᠦᠭᠰᠡᠨ ᠪᠠᠶᠢᠳᠠᠯ ᠤᠨ ᠲᠤᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ 2020 ᠣᠨ ᠳᠤ ᠮᠠᠨ ᠤ ᠣᠷᠣᠨ ᠠᠷᠭ᠎ᠠ ᠪᠦᠬᠦᠨ ᠢ ᠰᠦᠪᠡᠭᠴᠢᠯᠡᠨ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠥᠷᠭᠡᠳᠬᠡᠵᠦ᠂ ᠪᠥᠬᠦ ᠣᠷᠣᠨ ᠤ ᠬᠤᠲᠠ ᠪᠠᠯᠭᠠᠰᠤ ᠶᠢᠨ ᠰᠢᠨ᠎ᠡ ᠪᠠᠷ ᠠᠵᠢᠯ ᠣᠯᠤᠭᠰᠠᠨ ᠬᠦᠮᠦᠨ 23.22 ᠲᠦᠮᠡ ᠨᠡᠮᠡᠭᠳᠡᠵᠦ᠂ ᠣᠨ ᠤ ᠬᠠᠷᠠᠯᠲᠠ ᠪᠠᠨ 105.5 % ᠪᠠᠷ ᠪᠡᠶᠡᠯᠡᠭᠦᠯᠪᠡ᠃ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠨ ᠨᠣᠷᠮ᠎ᠠ 3.8 % ᠪᠣᠯᠵᠤ᠂ ᠣᠨ ᠤ ᠬᠢᠵᠠᠭᠠᠷᠯᠠᠬᠤ ᠬᠠᠷᠠᠯᠲᠠ ᠠᠴᠠ 0.7 ᠵᠠᠭᠤᠨ ᠤ ᠴᠡᠭ ᠳᠣᠤᠷ᠎ᠠ ᠪᠣᠯᠵᠤ᠂ ᠪᠥᠬᠦ ᠣᠷᠣᠨ ᠤ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠶ ᠳᠤ ᠪᠠᠨ ᠲᠣᠭᠲᠠᠭᠤᠨ ᠪᠠᠶᠢᠵᠤ᠂ ᠵᠢᠱᠢᠯᠲᠡ ᠠᠴᠠ ᠰᠠᠶᠢᠨ ᠪᠣᠯᠪᠠ᠃      2020 ᠣᠨ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠨᠢ ᠠᠵᠢᠯ ᠣᠯᠭᠤᠯᠲᠠ ᠶᠢᠨ ᠠᠵᠢᠯ ᠳᠤ ᠤᠷᠢᠳ ᠡᠮᠦᠨ᠎ᠡ ᠪᠠᠶᠢᠭ᠎ᠠ ᠦᠭᠡᠢ ᠥᠷᠢᠰᠥᠯᠳᠦᠭᠡᠨ ᠠᠪᠴᠢᠷᠠᠪᠠ᠃ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠬᠤ ᠶᠢ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠪᠠᠨ ᠪᠣᠯᠭᠠᠨ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠠᠷᠤᠭᠠᠰᠤ ᠶᠢ ᠬᠥᠩᠭᠡᠯᠡᠬᠦ᠂ ᠠᠵᠢᠯ ᠤᠨ ᠪᠠᠶᠢᠷᠢ ᠶᠢ ᠲᠣᠭᠲᠠᠭᠤᠨ ᠪᠠᠶᠢᠯᠭᠠᠬᠤ᠂ ᠠᠵᠢᠯ ᠣᠯᠭᠤᠯᠲᠠ ᠶᠢ ᠥᠷᠭᠡᠳᠬᠡᠬᠦ ᠶᠢ ᠵᠡᠷᠭᠡ ᠪᠠᠷ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ 20 ᠵᠤᠷᠪᠤᠰ᠂ ᠬᠢᠵᠢᠭ ᠤᠨ ᠪᠠᠶᠢᠳᠠᠯ ᠤᠨ ᠨᠦᠯᠦᠭᠡ ᠶᠢ ᠠᠷᠭᠠᠴᠠᠭᠠᠬᠤ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠶᠢ ᠴᠢᠩᠭᠠᠳᠬᠠᠬᠤ 28 ᠵᠣᠷᠪᠤᠰ ᠢᠶᠠᠷ ᠶᠡᠷᠦᠩᠬᠡᠢ ᠬᠦᠲᠦᠯᠪᠦᠷᠢ ᠪᠣᠯᠭᠠᠵᠤ᠂ ᠠᠵᠢᠯ ᠣᠯᠭᠤᠯᠲᠠ ᠶᠢᠨ ᠦᠶᠯᠡᠴᠢᠯᠡᠭᠡ᠂ ᠠᠵᠢᠯ ᠠᠯᠳᠠᠭᠰᠠᠨ ᠳᠠᠭᠠᠳᠬᠠᠯ ᠢᠶᠠᠷ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠵᠤ ᠠᠵᠢᠯ ᠣᠯᠭᠤᠬᠤ᠂ ᠬᠦᠴᠦ ᠶᠠᠪᠤᠭᠴᠢ ᠮᠠᠯᠴᠢᠨ ᠲᠠᠷᠢᠶᠠᠴᠢᠨ ᠢ ᠵᠣᠬᠢᠶᠠᠨ ᠪᠠᠶᠢᠭᠤᠯᠤᠨ ᠠᠵᠢᠯ ᠤᠨ ᠪᠠᠶᠢᠷᠢ ᠳᠤ ᠨᠢ ᠪᠤᠴᠠᠭᠠᠨ ᠠᠵᠢᠯ ᠰᠡᠷᠭᠦᠭᠡᠬᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠵᠣᠷᠢᠭᠵᠢᠭᠤᠯᠤᠨ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠣᠴᠢᠭᠤᠯᠤᠨ ᠠᠵᠢᠯᠯᠠᠭᠤᠯᠬᠤ ᠵᠡᠷᠭᠡ ᠶᠢ ᠴᠢᠩᠭᠠᠳᠬᠠᠬᠤ ᠪᠠᠷ ᠭᠠᠷᠳᠠᠯ ᠪᠣᠯᠭᠠᠭᠰᠠᠨ ᠰᠢᠷᠢᠰ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠨᠡᠶᠢᠲᠡᠯᠡᠵᠦ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠵᠢᠴᠢ ᠠᠵᠢᠯ ᠤᠯᠭᠤᠯᠲᠠ ᠳᠤ ᠦᠢᠯᠡᠴᠢᠯᠡᠬᠦ ᠶᠢ ᠴᠢᠩᠭᠠᠷᠠᠭᠤᠯᠤᠨ᠂ ᠠᠵᠢᠯ ᠣᠯᠭᠤᠬᠤ ᠦᠶᠯᠡᠰ ᠴᠣᠭᠴᠠᠯᠠᠬᠤ ᠦᠶᠯᠡᠴᠢᠯᠡᠭᠡᠨ ᠤ ᠪᠡᠷᠬᠡ ᠰᠡᠳᠦᠪ ᠢ ᠰᠢᠶᠳᠪᠦᠷᠢᠯᠡᠬᠦ ᠤᠯᠠᠷᠢᠯ ᠤᠨ ᠠᠵᠢᠯᠯᠠᠭ᠎ᠠ ᠶᠢ ᠦᠷᠨᠢᠭᠦᠯᠵᠦ᠂ ᠪᠥᠬᠦ ᠣᠷᠣᠨ ᠳᠤ ᠡᠯ᠎ᠡ ᠲᠥᠷᠥᠯ ᠤᠨ ᠠᠵᠢᠯᠲᠠᠨ ᠡᠯᠰᠡᠬᠦ ᠴᠤᠭᠯᠠᠭᠠᠨ ᠢ ᠨᠡᠶᠢᠲᠡ 596 ᠲᠠᠯᠠᠪᠠᠶ ᠡᠷᠭᠢᠯᠡᠪᠡ᠃ 12 ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂ 13.96 ᠲᠦᠮᠡᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠭᠰᠠᠨ ᠪᠤᠶᠤ ᠠᠵᠢᠯ ᠣᠯᠭᠤᠬᠤ ᠬᠠᠨᠳᠤᠰᠢ ᠶᠢ ᠨᠠᠶᠢᠳᠠᠪᠤᠷᠢᠵᠢᠭᠤᠯᠵᠤ᠂ ᠣᠨ ᠤ ᠲᠦᠯᠦᠪᠯᠡᠭᠡ ᠪᠠᠨ 107 % ᠪᠠᠷ ᠪᠡᠶᠡᠯᠡᠭᠦᠯᠪᠡ᠃ ᠮᠠᠯᠵᠢᠬᠤ ᠲᠠᠷᠢᠶᠠᠯᠠᠬᠤ ᠣᠷᠣᠨ ᠤ 248.2 ᠲᠦᠮᠡᠨ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠵᠤ᠂ ᠣᠨ ᠤ ᠬᠠᠷᠠᠯᠲᠠᠲᠤ ᠡᠭᠦᠷᠭᠡ ᠪᠠᠨ 101 % ᠪᠠᠷ ᠪᠡᠶᠡᠯᠡᠭᠦᠯᠪᠡ᠃ ᠠᠵᠢᠯ ᠤᠯᠬᠤ ᠳᠤ ᠬᠦᠴᠢᠷᠲᠡᠢ 7.38 ᠲᠦᠮᠡᠨ ᠬᠦᠮᠦᠰ ᠲᠤ ᠠᠵᠢᠯ ᠣᠯᠭᠤᠵᠤ᠂ ᠣᠨ ᠤ ᠲᠥᠯᠥᠪᠯᠡᠭᠡ ᠪᠠᠨ 147.6 % ᠪᠠᠷ ᠪᠡᠶᠡᠯᠡᠭᠦᠯᠪᠡ᠃ ᠠᠵᠢᠯ ᠠᠯᠳᠠᠭᠰᠠᠨ 10.45 ᠲᠦᠮᠡᠨ ᠬᠦᠮᠦᠨ ᠳᠤ ᠳᠠᠬᠢᠨ ᠠᠵᠢᠯ ᠣᠯᠭᠤᠵᠤ᠂ ᠣᠨ ᠤ ᠲᠥᠯᠥᠪᠯᠡᠭᠡ ᠪᠠᠨ 209 % ᠪᠠᠷ ᠪᠡᠶᠡᠯᠡᠭᠦᠯᠪᠡ᠃      ᠡᠭᠦᠨ ᠤ ᠬᠠᠮᠲᠤ᠂ ᠨᠡᠶᠢᠭᠡᠮ ᠤᠨ ᠳᠠᠭᠠᠳᠬᠠᠯ ᠤᠨ ᠰᠦᠶᠳᠬᠡᠯ ᠢ ᠱᠠᠲᠤᠴᠢ ᠴᠢᠨᠠᠷᠲᠠᠶ ᠪᠠᠷ ᠬᠠᠰᠤᠵᠤ ᠬᠡᠯᠲᠦᠷᠢᠭᠦᠯᠦᠨ ᠬᠤᠶᠢᠰᠢᠯᠠᠭᠤᠯᠬᠤ᠂ ᠠᠵᠢᠯ ᠠᠯᠳᠠᠭᠰᠠᠨ ᠳᠠᠭᠠᠳᠬᠠᠯ ᠢᠶᠠᠷ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠵᠤ ᠠᠵᠢᠯ ᠣᠯᠭᠤᠬᠤ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠪᠥᠬᠦ ᠬᠦᠴᠦᠨ ᠢᠶᠠᠷ ᠢᠶᠠᠨ ᠠᠵᠤ ᠠᠬᠤᠶᠢᠯᠠᠯ ᠢ ᠲᠣᠭᠲᠠᠪᠤᠷᠢᠵᠢᠭᠤᠯᠤᠨ᠂ ᠠᠵᠢᠯ ᠣᠯᠭᠤᠯᠲᠠ ᠶᠢ ᠲᠣᠭᠲᠠᠪᠤᠷᠢᠵᠢᠭᠤᠯᠪᠠ᠃ ᠪᠥᠬᠦ ᠵᠢᠯ ᠳᠤ ᠨᠠᠰᠤᠵᠢᠯ ᠤᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠪᠠ ᠠᠵᠢᠯ ᠠᠯᠳᠠᠭᠰᠠᠨ ᠳᠠᠭᠠᠳᠬᠠᠯ ᠵᠡᠷᠭᠡ ᠭᠤᠷᠪᠠᠨ ᠵᠦᠶᠯ ᠤᠨ ᠨᠡᠶᠢᠭᠡᠮ ᠤᠨ ᠳᠠᠭᠠᠳᠬᠠᠯ ᠤᠨ ᠨᠢᠭᠡᠴᠢ ᠶᠢᠨ ᠲᠤᠰᠢᠶᠠᠬᠤ ᠰᠦᠶᠳᠬᠡᠯ ᠢ 158.1 ᠳ᠋ᠦᠩᠰᠢᠭᠤᠷ ᠲᠥᠭᠦᠷᠢᠭ ᠬᠠᠰᠤᠵᠤ ᠬᠡᠯᠲᠦᠷᠢᠭᠦᠯᠦᠨ᠂ 7.1 ᠲᠦᠮᠡᠨ ᠠᠵᠤ ᠠᠬᠤᠶᠢᠯᠠᠯ ᠳᠤ ᠠᠰᠢᠭ ᠬᠦᠷᠲᠡᠭᠡᠪᠡ᠃ 2.44 ᠲᠦᠮᠡᠨ ᠡᠷᠦᠬᠡ ᠠᠵᠤ ᠠᠬᠤᠶᠢᠯᠠᠯ ᠳᠤ ᠠᠵᠢᠯ ᠠᠯᠳᠠᠭᠰᠠᠨ ᠳᠠᠭᠠᠳᠬᠠᠯ ᠤᠨ ᠰᠦᠢᠳᠬᠡᠯ ᠢ ᠨᠡᠶᠢᠲᠡ 18.8 ᠳ᠋ᠦᠩᠰᠢᠭᠤᠷ ᠲᠥᠭᠦᠷᠢᠭ ᠪᠤᠴᠠᠭᠠᠨ ᠥᠭᠴᠦ᠂ 171.8 ᠲᠦᠮᠡᠨ ᠠᠵᠢᠯᠴᠢᠨ ᠳᠤ ᠠᠰᠢᠭ ᠬᠦᠷᠲᠡᠭᠡᠪᠡ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠲᠥᠷᠥ ᠶᠢᠨ ᠪᠣᠳᠣᠯᠭ᠎ᠠ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠰᠢᠰᠲ᠋ᠧᠮ ᠢ ᠲᠡᠭᠦᠯᠳᠡᠷᠵᠢᠭᠦᠯᠵᠦ᠂ ᠪᠣᠯᠪᠠᠰᠤᠷᠠᠭᠤᠯᠤᠯ ᠤᠨ ᠨᠦᠬᠦᠪᠦᠷᠢ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠰᠦᠯᠵᠢᠶᠡᠨ ᠳᠡᠭᠡᠷᠡᠬᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠲᠠᠪᠴᠠᠩ 199 ᠶᠢ ᠨᠡᠭᠡᠭᠡᠵᠦ᠂ ᠨᠦᠬᠦᠪᠦᠷᠢ ᠶᠢᠨ ᠴᠢᠨᠠᠷᠲᠠᠶ ᠪᠣᠯᠪᠠᠰᠤᠷᠠᠭᠤᠯᠤᠯ ᠢ 81.3 ᠲᠦᠮᠡᠨ ᠬᠦᠮᠦᠨ ᠤᠳᠠᠭ᠎ᠠ ᠪᠡᠶᠡᠯᠡᠭᠦᠯᠦᠨ᠂ ᠨᠦᠬᠦᠪᠦᠷᠢ ᠶᠢᠨ ᠪᠠᠯᠠ ᠮᠥᠩᠭᠦ ᠶᠢ 9.98 ᠳ᠋ᠦᠩᠰᠢᠭᠤᠷ ᠲᠥᠭᠦᠷᠢᠭ ᠰᠠᠯᠭᠠᠨ ᠥᠭᠴᠦ᠂ ᠪᠥᠬᠦ ᠵᠢᠯ ᠳᠤ 25 ᠲᠦᠮᠡᠨ ᠬᠥᠮᠦᠨ ᠤᠳᠠᠭ᠎ᠠ ᠪᠡᠶᠡᠯᠡᠭᠦᠯᠬᠦ ᠬᠠᠷᠠᠯᠲᠠᠲᠤ ᠡᠭᠦᠷᠭᠡ ᠪᠠᠨ 325.2 % ᠢᠶᠠᠷ ᠪᠡᠶᠡᠯᠡᠭᠦᠯᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号