10 ᠳ᠋ᠤᠭᠠᠷ ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ | ᠮᠡᠳᠡᠭᠡᠨ ᠤ ᠠᠯᠪᠠᠨ ᠬᠡᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠤᠯᠲᠠ | ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠬᠠᠮᠢᠶᠠᠷᠤᠯᠲᠠ ᠶᠢᠨ ᠠᠷᠭ᠎ᠠ︾ ᠶᠢᠨ | ᠰᠣᠨᠢᠨ ᠮᠡᠳᠡᠭᠡ ᠨᠡᠶᠢᠲᠡᠯᠡᠬᠦ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ | ᠲᠢᠩᠬᠢᠮ ᠤᠨ ᠳᠡᠳ᠋ ᠳᠠᠷᠤᠭ᠎ᠠ ᠵᠢᠶᠠ ᠯᠢ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠶᠢᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠹᠧᠩ ᠶᠧ ᠭᠤᠣᠯ | ᠰᠡᠳᠦᠪ ᠢ ᠨᠡᠶᠢᠲᠡᠯᠡᠪᠡ᠃ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠪᠠ ᠪᠠᠷᠢᠮᠵᠢᠶᠠᠵᠢᠭᠤᠯᠤᠯᠲᠠ ᠶᠢᠨ | ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠵᠢᠶᠠ ᠱᠤᠸᠠᠩ ᠸᠧᠨ᠂ ᠥᠪᠡᠷᠲᠡᠭᠡᠨ ᠵᠠᠰᠠᠬᠤ ᠣᠷᠣᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠤᠯᠢ ᠲᠣᠭᠲᠠᠭᠠᠯ ᠤᠨ ᠭᠠᠵᠠᠷ ᠤᠨ ᠬᠤᠶᠠᠳᠤᠭᠠᠷ | ᠳᠡᠰ ᠤᠨ ᠪᠠᠶᠢᠴᠠᠭᠠᠨ ᠰᠤᠳᠤᠯᠤᠭᠴᠢ ᠮᠢᠶᠣᠣ ᠰᠢᠤᠸᠠᠢ ᠵᠢᠶᠦ᠋ᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ | ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | | | | | | | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ | ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠬᠠᠮᠢᠶᠠᠷᠤᠯᠲᠠ ᠶᠢᠨ ᠠᠷᠭ᠎ᠠ︾ ᠶᠢᠨ ᠰᠣᠨᠢᠨ ᠮᠡᠳᠡᠭᠡ | ᠨᠡᠶᠢᠲᠡᠯᠡᠬᠦ ᠬᠤᠷᠠᠯ ᠳᠤ ᠨᠡᠶᠢᠲᠡᠯᠡᠭᠰᠡᠨ ᠦᠭᠡ | ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠳᠡᠳ᠋ ᠳᠠᠷᠤᠭ᠎ᠠ ᠵᠢᠶᠠ ᠯᠢ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ | ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠠᠷᠭ᠎ᠠ︾ | ᠭᠡᠵᠦ ᠲᠣᠪᠴᠢᠯᠠᠨ᠎ᠠ︶ ᠶᠢ 2021 ᠣᠨ ᠤ 9 ᠳ᠋ᠦ᠋ᠭᠡᠷ ᠰᠠᠷ᠎ᠠ ᠶᠢᠨ 8 ᠤ ᠡᠳᠦᠷ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ 18 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠶᠠᠷᠢᠯᠴᠠᠨ ᠪᠠᠲᠤᠯᠠᠵᠤ | ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 251 ᠳ᠋ᠦ᠋ᠭᠡᠷ | ᠵᠠᠷᠯᠢᠭ ᠢᠶᠠᠷ ᠨᠡᠶᠢᠲᠡᠯᠡᠵᠦ᠂ 2021 ᠣᠨ ᠤ 11 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ ᠳᠣᠣᠷ᠎ᠠ ᠪᠢ ︽ᠠᠷᠭ᠎ᠠ︾ ᠶᠢ ᠨᠡᠶᠢᠲᠡᠯᠡᠭᠰᠡᠨ ᠬᠤᠯᠪᠣᠭᠳᠠᠯ ᠪᠦᠬᠦᠢ ᠪᠠᠶᠢᠳᠠᠯ ᠤᠨ ᠲᠤᠬᠠᠶ | ᠲᠣᠪᠴᠢᠬᠠᠨ ᠲᠠᠨᠢᠯᠴᠠᠭᠤᠯᠤᠶ᠎ᠠ᠃ | ᠨᠢᠭᠡ᠂ ︽ᠠᠷᠭ᠎ᠠ︾ ᠶᠢ ᠲᠣᠭᠲᠠᠭᠠᠬᠤ ᠶᠢᠨ ᠴᠢᠬᠤᠯᠠ ᠴᠢᠨᠠᠷ | ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠳᠤ | ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠺᠣᠳ᠋ ᠢᠶᠠᠷ ᠰᠠᠭᠤᠷᠢᠯᠠᠭᠰᠠᠨ ᠬᠠᠤᠯᠢ ᠶᠢᠨ ᠡᠷᠬᠡᠲᠡᠨ ᠪᠠ ᠪᠤᠰᠤᠳ | ᠵᠣᠬᠢᠶᠠᠨ ᠪᠠᠶᠢᠭᠤᠯᠤᠯᠲᠠ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠲᠦᠷᠢᠮ ᠢ ᠪᠠᠶᠢᠭᠤᠯᠤᠨ᠎ᠠ | ᠭᠡᠵᠦ ᠳᠤᠷᠠᠳᠴᠠᠢ᠃ 2015 ᠣᠨ ᠤ 6 ᠳ᠋ᠤᠭᠠᠷ ᠰᠠᠷ᠎ᠠ ᠶᠢᠨ 11 ᠤ ᠡᠳᠦᠷ ᠤᠨ ︽ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠨ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ | ᠪᠠᠶᠢᠭᠤᠯᠤᠯᠲᠠ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠲᠦᠷᠢᠮ ᠤᠨ ᠪᠠᠶᠢᠭᠤᠯᠤᠯᠲᠠ ᠶᠢᠨ | ᠶᠡᠷᠦᠩᠬᠡᠶ ᠲᠥᠰᠦᠯ ᠢ ᠴᠤᠬᠤᠯᠠᠪᠤᠷᠢᠯᠠᠨ ᠤᠯᠠᠮᠵᠢᠯᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ | ︵ᠲᠥᠷᠥ ᠲᠠᠷᠬᠠᠭᠠᠭᠰᠠᠨ ﹇2015﹈ 33 ᠳ᠋ᠤᠭᠠᠷ ᠲᠣᠭᠠᠲᠤ︶ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ | ︶ ᠳᠤ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠺᠣᠳ᠋ ᠢᠶᠠᠷ ᠰᠠᠭᠤᠷᠢᠯᠠᠭᠰᠠᠨ ᠬᠠᠤᠯᠢ ᠶᠢᠨ ᠡᠷᠬᠡᠲᠡᠨ ᠪᠠ | ᠪᠤᠰᠤᠳ ᠵᠣᠬᠢᠶᠠᠨ ᠪᠠᠶᠢᠭᠤᠯᠤᠯᠲᠠ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠲᠦᠷᠢᠮ ᠢ | ᠬᠡᠷᠡᠭᠵᠢᠭᠦᠯᠬᠦ ᠪᠠᠷ ᠵᠢᠩᠬᠢᠨᠢ ᠪᠠᠷ ᠲᠣᠭᠲᠠᠪᠠ᠃ 2020 ᠣᠨ ᠤ 8 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ | ᠣᠷᠣᠨ ᠤ ᠨᠡᠭᠦᠷᠡᠰᠦᠨ ᠳᠤ ᠬᠤᠯᠪᠣᠭᠳᠠᠬᠤ ᠬᠦᠷᠢᠶᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ | ᠲᠥᠪᠯᠡᠷᠡᠭᠦᠯᠦᠨ ᠢᠯᠭᠠᠷᠠᠭᠤᠯᠬᠤ ᠠᠵᠢᠯ ᠤᠨ ᠳᠤᠭᠤᠶᠢᠯᠠᠩ ᠤᠨ ᠲᠤᠰᠬᠠᠶ ᠴᠡᠭᠴᠡᠯᠡᠨ ᠵᠠᠰᠠᠬᠤ ᠠᠵᠢᠯ ᠤᠨ ᠳᠤᠮᠳᠠ | ᠢᠯᠡᠷᠡᠭᠦᠯᠦᠭᠰᠡᠨ ᠠᠵᠤ ᠠᠬᠤᠶᠢᠯᠠᠯ ᠤᠨ ᠭᠠᠶᠢᠯᠢ ᠲᠠᠲᠠᠪᠤᠷᠢᠯᠠᠬᠤ᠂ ᠠᠭᠤᠷᠬᠠᠶ ᠶᠢᠨ ᠦᠢᠯᠡᠰ ᠤᠨ ᠡᠷᠬᠡᠲᠦ ᠬᠥᠮᠦᠨ ᠤ | ᠳᠠᠩᠰᠠᠯᠠᠯᠲᠠ ᠶᠢ ᠬᠤᠪᠢᠷᠠᠭᠤᠯᠬᠤ᠂ ᠰᠲ᠋ᠣᠺ ᠤᠨ ᠡᠷᠬᠡ ᠶᠢ ᠬᠤᠪᠢᠷᠠᠭᠤᠯᠬᠤ ᠵᠡᠷᠭᠡ ᠲᠠᠯ᠎ᠠ ᠶᠢᠨ ᠠᠰᠠᠭᠤᠳᠠᠯ ᠢ | ᠢᠯᠡᠷᠡᠭᠦᠯᠵᠦ᠂ ᠣᠷᠣᠨ ᠨᠤᠲᠤᠭ ᠤᠨ ᠬᠠᠤᠯᠢ ᠲᠣᠭᠲᠠᠭᠠᠬᠤ ᠪᠠᠷ ᠳᠠᠮᠵᠢᠭᠤᠯᠤᠨ ᠨᠡᠶᠢᠭᠡᠮ ᠤᠨ ᠢᠲᠡᠭᠡᠮᠵᠢ ᠶᠢᠨ | ᠨᠢᠭᠡᠳᠦᠯᠲᠡᠢ ᠺᠣᠳ᠋ ᠤᠨ ᠰᠠᠭᠤᠷᠢ ᠮᠡᠳᠡᠭᠡ ᠵᠠᠩᠭᠢ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ | ᠬᠢᠨᠠᠨ ᠬᠠᠮᠢᠶᠠᠷᠬᠤ ᠰᠠᠯᠠᠭ᠎ᠠ ᠮᠥᠴᠢᠷ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠪᠠ ᠠᠵᠢᠯ | ᠲᠥᠷᠥᠯ ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠨ ᠳᠠᠩᠰᠠᠯᠠᠬᠤ ᠵᠦᠢᠯᠡᠰ ᠤᠨ ᠭᠠᠷᠴᠠᠭ ᠢ ᠬᠥᠳᠡᠯᠦᠩᠭᠦᠶ ᠪᠠᠷ | ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠦᠨ᠎ᠡ ᠭᠡᠵᠦ ᠳᠤᠷᠠᠳᠪᠠ᠃ ᠨᠡᠶᠢᠭᠡᠮ ᠤᠨ ᠢᠲᠡᠭᠡᠮᠵᠢ ᠶᠢᠨ | ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ ᠬᠢ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ | ᠺᠣᠳ᠋ ᠤᠨ ᠢᠳᠡᠪᠬᠢᠲᠡᠶ ᠦᠢᠯᠡᠳᠦᠯ ᠢ ᠪᠥᠬᠦ ᠲᠠᠯ᠎ᠠ ᠪᠠᠷ ᠪᠠᠳᠠᠷᠠᠭᠤᠯᠬᠤ ᠶᠢᠨ ᠲᠤᠰᠠᠳᠠ᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ | ᠨᠢᠭᠡᠳᠦᠯᠲᠡᠢ ᠺᠣᠳ᠋ ᠤᠨ ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠬᠦ ᠨᠢ ᠲᠦᠢᠯ ᠤᠨ ᠴᠢᠬᠤᠯᠠ ᠪᠠᠶᠢᠳᠠᠭ᠃ | ᠬᠤᠶᠠᠷ᠂ ︽ᠠᠷᠭ᠎ᠠ︾ ᠶᠢ ᠲᠣᠭᠲᠠᠭᠠᠭᠰᠠᠨ ᠶᠠᠪᠤᠴᠠ ᠪᠣᠯᠤᠨ ᠭᠤᠣᠯ ᠠᠭᠤᠯᠭ᠎ᠠ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2021 ᠣᠨ ᠤ ᠬᠠᠤᠯᠢ ᠲᠣᠭᠲᠠᠭᠠᠬᠤ | ᠲᠥᠯᠥᠪᠯᠡᠭᠡ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠢ ᠲᠥᠯᠥᠭᠡᠯᠡᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ | ᠨᠢᠭᠡᠳᠦᠯᠲᠡᠢ ᠺᠣᠳ᠋ ᠤᠨ ᠬᠠᠮᠢᠶᠠᠷᠤᠯᠲᠠ ᠶᠢᠨ ᠠᠷᠭ᠎ᠠ ︵ᠲᠥᠰᠦᠯ︶︾ ᠶᠢ ᠬᠢᠨᠠᠭᠤᠯᠬᠤ ᠨᠣᠣᠷᠠᠭ ᠢ ᠲᠤᠭᠤᠷᠪᠢᠵᠤ᠂ | ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠨᠠᠷᠢᠯᠢᠭ ᠬᠢᠨᠠᠵᠤ᠂ ᠵᠣᠬᠢᠴᠠᠭᠤᠯᠬᠤ ᠪᠠ ᠵᠠᠰᠠᠪᠤᠷᠢ | ᠣᠷᠣᠭᠤᠯᠵᠤ᠂ ᠡᠯ᠎ᠡ ᠠᠶᠢᠮᠠᠭ ᠬᠤᠳᠠ᠂ ᠡᠯ᠎ᠡ ᠰᠠᠯᠠᠭ᠎ᠠ ᠮᠥᠴᠢᠷ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠰᠠᠨᠠᠯ ᠢ | ᠥᠷᠭᠡᠨ ᠢᠶᠠᠷ ᠬᠤᠷᠢᠶᠠᠭᠰᠠᠨ ᠤ ᠬᠠᠮᠲᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ᠂ | ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠬᠦᠷᠢᠶᠡᠨ ᠳᠤ ᠬᠤᠯᠪᠣᠭᠳᠠᠬᠤ ᠲᠥᠷᠥ ᠶᠢᠨ ᠪᠤᠳᠤᠯᠭ᠎ᠠ ᠬᠠᠤᠯᠢ | ᠲᠣᠭᠲᠠᠭᠠᠯ ᠢ ᠲᠥᠪᠯᠡᠷᠡᠭᠦᠯᠦᠨ ᠢᠯᠭᠠᠷᠠᠭᠤᠯᠬᠤ ᠠᠵᠢᠯ ᠤᠨ ᠳᠤᠭᠤᠶᠢᠯᠠᠩ ᠢᠶᠠᠷ ᠬᠢᠨᠠᠭᠤᠯᠵᠤ᠂ ︽ᠠᠷᠭ᠎ᠠ︾ ᠶᠢ | ᠬᠡᠷᠡᠭᠵᠢᠭᠦᠯᠬᠦᠶᠢᠴᠡ ᠴᠢᠨᠠᠷ ᠲᠠᠢ ᠪᠣᠯᠭᠠᠬᠤ ᠪᠠᠷ ᠴᠢᠷᠮᠠᠶᠢᠵᠤ᠂ ᠥᠪᠡᠷᠲᠡᠭᠡᠨ ᠵᠠᠰᠠᠬᠤ ᠣᠷᠣᠨ ᠤ ᠪᠣᠳᠠᠲᠤ | ᠪᠠᠶᠢᠳᠠᠯ ᠲᠠᠢ ᠨᠡᠶᠢᠴᠡᠭᠦᠯᠪᠡ᠃ | ︽ᠠᠷᠭ᠎ᠠ︾ ᠨᠢ ᠨᠡᠶᠢᠲᠡ ᠬᠤᠷᠢᠨ ᠲᠠᠪᠤᠨ ᠵᠤᠷᠪᠤᠰ ᠲᠠᠢ᠂ ᠣᠯᠠᠨ ᠪᠢᠰᠢ ᠪᠣᠯᠪᠠᠴᠤ ᠠᠭᠤᠯᠭ᠎ᠠ ᠨᠢ | ᠨᠡᠯᠢᠶᠡᠳ ᠪᠦᠷᠢᠨ ᠪᠠᠶᠢᠵᠤ᠂ ᠭᠤᠤᠯᠳᠠᠭᠤ ᠳᠣᠤᠷᠠᠬᠢ ᠮᠡᠲᠦ ᠬᠡᠳᠦᠨ ᠲᠠᠯ᠎ᠠ ᠶᠢᠨ ᠠᠭᠤᠯᠭ᠎ᠠ ᠶᠢ ᠪᠠᠭᠲᠠᠭᠠᠨ᠎ᠠ᠄ | ︵ᠨᠢᠭᠡ︶ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠬᠠᠮᠢᠶᠠᠷᠤᠯᠲᠠ ᠳᠠᠬᠢ ᠬᠤᠯᠪᠣᠭᠳᠠᠯ ᠪᠥᠬᠦᠶ | ᠰᠠᠯᠠᠭ᠎ᠠ ᠮᠥᠴᠢᠷ ᠤᠨ ᠡᠷᠬᠡ ᠮᠡᠳᠡᠯ ᠢ ᠲᠣᠳᠣᠷᠬᠠᠶᠢᠯᠠᠪᠠ | ︽ᠮᠡᠳᠡᠭᠳᠡᠯ︾ ᠢ ᠨᠡᠶᠢᠲᠡᠯᠡᠭᠰᠡᠨ ᠤ ᠳᠠᠷᠠᠭ᠎ᠠ᠂ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ | ᠬᠠᠮᠢᠶᠠᠷᠤᠯᠲᠠ ᠶᠢᠨ ᠲᠦᠷᠢᠮ ᠤᠨ ᠠᠵᠢᠯᠯᠠᠬᠤ ᠵᠠᠭᠪᠤᠷ ᠪᠠ ᠬᠠᠮᠢᠶᠠᠷᠤᠯᠲᠠ ᠶᠢᠨ ᠠᠷᠭ᠎ᠠ ᠳᠤ ᠡᠳᠦᠶ ᠲᠡᠳᠦᠶ | ᠬᠤᠪᠢᠷᠠᠯᠲᠠ ᠭᠠᠷᠴᠤ᠂ ᠬᠤᠯᠪᠣᠭᠳᠠᠭᠰᠠᠨ ᠰᠠᠯᠠᠭ᠎ᠠ ᠮᠥᠴᠢᠷ ᠨᠡᠯᠢᠶᠡᠳ ᠣᠯᠠᠨ ᠪᠣᠯᠵᠣ᠂ ᠨᠡᠶᠢᠭᠡᠮ ᠤᠨ | ᠢᠲᠡᠭᠡᠮᠵᠢ ᠶᠢᠨ ᠨᠢᠭᠡᠳᠦᠯᠲᠡᠢ ᠺᠣᠳ᠋ ᠤᠨ ᠳᠡᠩᠰᠡᠯᠡᠯᠲᠡ ᠶᠢᠨ ᠬᠠᠮᠢᠶᠠᠷᠤᠯᠲᠠ ᠪᠠ ᠺᠣᠳ᠋ ᠤᠨ ᠬᠠᠮᠢᠶᠠᠷᠤᠯᠲᠠ ᠵᠡᠷᠭᠡ | ᠰᠠᠯᠠᠭ᠎ᠠ ᠮᠥᠴᠢᠷ ᠤᠨ ᠠᠵᠢᠯ ᠤᠨ ᠡᠭᠦᠷᠭᠡ ᠬᠠᠷᠢᠭᠤᠴᠠᠯᠭ᠎ᠠ ᠲᠣᠳᠣᠷᠬᠠᠶ ᠥᠬᠡᠶ ᠪᠣᠯᠪᠠ᠃ ︽ᠠᠷᠭ᠎ᠠ︾ ᠨᠢ | ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠨᠢᠭᠲᠠ ᠤᠶᠠᠯᠳᠤᠭᠤᠯᠤᠨ᠂ ᠡᠯ᠎ᠡ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠵᠢᠯ ᠤᠨ ᠬᠤᠪᠢᠶᠠᠷᠢᠯᠠᠯ ᠲᠣᠳᠣᠷᠬᠠᠶ᠂ ᠡᠷᠬᠡ | ᠬᠠᠷᠢᠭᠤᠴᠠᠯᠭ᠎ᠠ ᠲᠣᠳᠣᠷᠬᠠᠶ᠂ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠪᠡᠶᠡᠯᠡᠭᠦᠯᠪᠡ᠃ | ︵ᠬᠤᠶᠠᠷ︶ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠪᠠ ᠮᠡᠳᠡᠭᠡ ᠵᠠᠩᠭᠢ ᠶᠢ ᠬᠠᠮᠲᠤ ᠳᠤ ᠪᠠᠨ | ᠬᠦᠷᠲᠡᠬᠦ ᠶᠢ ᠪᠡᠶᠡᠯᠡᠭᠦᠯᠦᠨ᠎ᠡ | ᠮᠡᠳᠡᠭᠡ ᠵᠠᠩᠭᠢ ᠶᠢᠨ ᠥᠨᠥᠴᠢᠨ ᠠᠷᠠᠯ ᠢ ᠡᠪᠳᠡᠬᠦ ᠶᠢᠨ ᠲᠥᠯᠥᠭᠡ᠂ ᠪᠦᠲᠦᠮᠵᠢᠲᠡᠶ ᠵᠣᠬᠢᠴᠠᠭᠤᠯᠤᠨ | ᠬᠠᠮᠢᠶᠠᠷᠬᠤ ᠪᠠ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠲᠣᠭᠲᠠᠴᠠ ᠶᠢ ᠪᠠᠶᠢᠭᠤᠯᠵᠤ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ | ᠢᠲᠡᠭᠡᠮᠵᠢ ᠶᠢᠨ ᠨᠢᠭᠡᠳᠦᠯᠲᠡᠢ ᠺᠣᠳ᠋ ᠤᠨ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠲᠦᠷᠢᠮ ᠢ | ᠲᠡᠭᠦᠯᠳᠡᠷᠵᠢᠭᠦᠯᠵᠦ᠂ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠲᠠᠪᠴᠠᠩ ᠢᠶᠠᠷ ᠳᠠᠮᠵᠢᠭᠤᠯᠤᠨ ᠵᠠᠰᠠᠭ ᠤᠨ | ᠣᠷᠳᠣᠨ ᠵᠢᠴᠢ ᠲᠡᠭᠦᠨ ᠤ ᠰᠠᠯᠠᠭ᠎ᠠ ᠮᠥᠴᠢᠷ ᠯᠦᠭᠡ ᠮᠡᠳᠡᠭᠡ ᠵᠠᠩᠭᠢ ᠶᠢ ᠴᠠᠭ ᠲᠤᠬᠠᠶ ᠳᠤ ᠨᠢ ᠬᠠᠮᠲᠤ ᠳᠤ ᠪᠠᠨ | ᠬᠦᠷᠲᠡᠬᠦ᠂ ᠬᠠᠮᠵᠢᠯᠴᠠᠨ ᠬᠢᠨᠠᠨ ᠬᠠᠮᠢᠶᠠᠷᠬᠤ ᠶᠢ ᠪᠡᠶᠡᠯᠡᠭᠦᠯᠦᠨ᠎ᠡ᠃ | ︵ᠭᠤᠷᠪᠠ︶ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠮᠡᠳᠡᠭᠡ ᠵᠠᠩᠭᠢ ᠶᠢᠨ ᠬᠡᠷᠡᠭᠯᠡᠯᠲᠡ ᠶᠢ | ᠴᠢᠩᠭᠠᠳᠬᠠᠨ᠎ᠠ | ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠮᠡᠳᠡᠭᠡ ᠵᠠᠩᠭᠢ ᠨᠢ ᠤᠯᠤᠰ ᠤᠨ ᠬᠠᠤᠯᠢ ᠶᠢᠨ | ᠡᠷᠬᠡᠲᠡᠨ ᠤ ᠳ᠋ᠠᠶᠢᠲ᠋ᠠ ᠶᠢᠨ ᠬᠥᠮᠥᠷᠭᠡ ᠶᠢᠨ ᠰᠠᠭᠤᠷᠢ ᠮᠡᠳᠡᠭᠡ ᠵᠠᠩᠭᠢ ᠪᠣᠯᠤᠭᠰᠠᠨ ᠤ ᠬᠤᠪᠢ ᠳᠤ᠂ ᠴᠢᠬᠤᠯᠠ ᠮᠡᠳᠡᠭᠡ | ᠵᠠᠩᠭᠢ ᠶᠢᠨ ᠡᠬᠢ ᠪᠠᠶᠠᠯᠢᠭ ᠪᠣᠯᠤᠨ᠎ᠠ᠃ ︽ᠠᠷᠭ᠎ᠠ︾ ᠳᠤ ᠳᠡᠩᠰᠡᠯᠡᠨ ᠬᠠᠮᠢᠶᠠᠷᠬᠤ ᠰᠠᠯᠠᠭ᠎ᠠ ᠮᠥᠴᠢᠷ᠂ ᠺᠣᠳ᠋ ᠤᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠳ᠋ᠠᠶᠢᠲ᠋ᠠ ᠶᠢᠨ ᠬᠥᠮᠥᠷᠭᠡ ᠶᠢᠨ ᠪᠠᠶᠢᠭᠤᠯᠤᠯᠲᠠ᠂ ᠲᠤᠬᠠᠶᠢᠯᠠᠭᠰᠠᠨ | ᠠᠵᠢᠯ ᠤᠨ ᠬᠠᠮᠵᠢᠯᠴᠠᠭ᠎ᠠ ᠶᠢᠨ ᠲᠠᠯ᠎ᠠ ᠶᠢᠨ ᠪᠣᠳᠠᠲᠠᠶ ᠠᠵᠢᠯ ᠤᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ | ᠲᠣᠳᠣᠷᠬᠠᠶᠢᠯᠠᠵᠤ᠂ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ | ᠺᠣᠳ᠋ ᠢ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠪᠠᠶᠢᠴᠠᠭᠠᠨ ᠯᠠᠪᠯᠠᠬᠤ᠂ ᠵᠠᠰᠠᠭ ᠵᠠᠬᠢᠷᠭᠠᠨ ᠤ ᠵᠥᠪᠰᠢᠶᠡᠷᠡᠯ᠂ | ᠲᠤᠬᠠᠶᠢᠯᠠᠭᠰᠠᠨ ᠠᠵᠢᠯ ᠤᠨ ᠪᠦᠷᠢᠳᠬᠡᠯ᠂ ᠨᠡᠶᠢᠭᠡᠮ ᠤᠨ ᠢᠲᠡᠭᠡᠮᠵᠢ ᠵᠡᠷᠭᠡ ᠶᠢᠨ ᠬᠡᠷᠡᠭᠯᠡᠭᠡᠨ ᠤ ᠭᠤᠤᠯ ᠴᠣᠭᠴᠠ ᠶᠢᠨ | ᠲᠡᠮᠳᠡᠭ ᠪᠣᠯᠭᠠᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠳᠡᠮᠵᠢᠯᠭᠡ | ᠦᠢᠯᠡᠴᠢᠯᠡᠭᠡ ᠬᠠᠩᠭᠠᠵᠤ᠂ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ | ᠭᠤᠷᠪᠠ᠂ ︽ᠠᠷᠭ᠎ᠠ︾ ᠶᠢ ᠤᠬᠠᠭᠤᠯᠬᠤ ᠪᠠ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ | ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠬᠠᠮᠢᠶᠠᠷᠤᠯᠲᠠ ᠶᠢᠨ ᠠᠵᠢᠯ ᠢ ᠨᠢᠭᠡᠳᠬᠡᠬᠦ ᠶᠢᠨ ᠴᠢᠬᠤᠯᠠ ᠶᠡᠭᠡ | ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ︽ᠠᠷᠭ᠎ᠠ︾ ᠶᠢ ᠰᠤᠷᠤᠯᠴᠠᠬᠤ᠂ ᠤᠬᠠᠭᠤᠯᠬᠤ᠂ ᠲᠤᠭᠤᠰᠢᠯᠠᠭᠤᠯᠬᠤ ᠶᠢ | ᠨᠢᠭᠡ ᠵᠦᠢᠯ ᠤᠨ ᠴᠢᠬᠤᠯᠠ ᠠᠵᠢᠯ ᠪᠣᠯᠭᠠᠨ ᠠᠳᠬᠤᠬᠤ ᠬᠡᠷᠡᠭᠲᠡᠶ᠃ ︽ᠠᠷᠭ᠎ᠠ︾ ᠶᠢᠨ ᠬᠠᠤᠯᠢ ᠲᠣᠭᠲᠠᠭᠠᠬᠤ | ᠵᠣᠷᠢᠯᠲᠠ ᠪᠠ ᠪᠣᠳᠠᠲᠠᠶ ᠠᠭᠤᠯᠭ᠎ᠠ ᠶᠢ ᠬᠢᠨᠠᠮᠠᠭᠠᠶ ᠰᠤᠷᠤᠯᠴᠠᠨ ᠭᠦᠨᠵᠡᠭᠡᠶ ᠣᠶᠢᠯᠠᠭᠠᠵᠤ᠂ ᠡᠯ᠎ᠡ ᠵᠦᠢᠯ ᠤᠨ | ᠱᠠᠭᠠᠷᠳᠠᠯᠭ᠎ᠠ ᠶᠢ ᠣᠨᠣᠪᠴᠢᠲᠠᠶ ᠡᠵᠡᠮᠳᠡᠨ᠂ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ | ᠢᠲᠡᠭᠡᠮᠵᠢ ᠶᠢᠨ ᠨᠢᠭᠡᠳᠦᠯᠲᠡᠢ ᠺᠣᠳ᠋ ᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ | ᠪᠠ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠵᠠᠭᠤᠴᠢᠯᠠᠭᠤᠷ ᠢ ᠢᠳᠡᠪᠬᠢᠲᠡᠶ ᠪᠠᠷ ᠠᠰᠢᠭᠯᠠᠨ ︽ | ᠠᠷᠭ᠎ᠠ︾ ᠶᠢ ᠥᠷᠭᠡᠨ ᠢᠶᠠᠷ ᠤᠬᠠᠭᠤᠯᠵᠤ᠂ ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠤᠯᠲᠠ | ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠬᠠᠮᠢᠶᠠᠷᠤᠯᠲᠠ ᠶᠢᠨ ᠠᠵᠢᠯ ᠢ ᠠᠬᠢᠭᠤᠯᠬᠤ | ᠬᠡᠷᠡᠭᠲᠡᠶ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯᠤᠨ ᠬᠤᠯᠪᠣᠭᠳᠠᠯ ᠪᠥᠬᠦᠶ ᠡᠭᠦᠷᠭᠡ | ᠴᠢᠳᠠᠪᠤᠷᠢᠲᠤ ᠰᠠᠯᠠᠭ᠎ᠠ ᠮᠥᠴᠢᠷ ᠤᠳ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠣᠯᠠᠨ | ᠵᠦᠢᠯ ᠤᠨ ᠬᠡᠯᠪᠡᠷᠢ᠂ ᠣᠯᠠᠨ ᠵᠦᠢᠯ ᠤᠨ ᠠᠷᠭ᠎ᠠ ᠵᠠᠮ ᠢᠶᠠᠷ ᠨᠡᠶᠢᠭᠡᠮ ᠨᠡᠶᠢᠲᠡ ᠳᠤ ᠥᠷᠭᠡᠨ ᠳᠡᠯᠭᠡᠷ ᠭᠦᠨ ᠭᠦᠨᠵᠡᠭᠡᠶ | ᠤᠬᠠᠭᠤᠯᠭ᠎ᠠ ᠬᠢᠵᠦ᠂ ︽ᠠᠷᠭ᠎ᠠ︾ ᠶᠢᠨ ᠡᠯ᠎ᠡ ᠵᠦᠢᠯ ᠤᠨ ᠲᠣᠭᠲᠠᠭᠠᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ | ᠦᠨᠡᠨ ᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠰᠣᠨᠢᠨ ᠮᠡᠳᠡᠭᠡᠨ ᠤ ᠵᠠᠭᠤᠴᠢᠯᠠᠭᠤᠷ ᠤᠨ ᠬᠢᠨ ︽ᠠᠷᠭ᠎ᠠ︾ | ᠶᠢᠨ ᠬᠤᠯᠪᠣᠭᠳᠠᠯ ᠪᠥᠬᠦᠶ ᠲᠣᠭᠲᠠᠭᠠᠯ ᠢ ᠬᠠᠪᠰᠤᠷᠤᠨ ᠤᠬᠠᠭᠤᠯᠵᠤ᠂ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ | ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠬᠠᠮᠢᠶᠠᠷᠤᠯᠲᠠ ᠶᠢᠨ ᠠᠵᠢᠯ ᠢ ᠨᠡᠶᠢᠭᠡᠮ ᠳᠠᠶᠠᠭᠠᠷ ᠲᠤ | ᠣᠶᠢᠯᠠᠭᠠᠭᠤᠯᠬᠤ ᠶᠢ ᠬᠦᠰᠡᠵᠦ ᠪᠠᠶᠢᠨ᠎ᠠ᠃ ᠰᠣᠨᠢᠨ ᠮᠡᠳᠡᠭᠡᠨ ᠤ ᠵᠠᠭᠤᠴᠢᠯᠠᠭᠤᠷ ᠪᠠ ᠨᠡᠶᠢᠭᠡᠮ ᠤᠨ ᠡᠯ᠎ᠡ | ᠡᠲᠡᠭᠡᠳ ᠤᠨ ᠬᠢᠨ ᠤ ᠬᠠᠮᠲᠤ ᠪᠠᠷ ᠬᠢᠨᠠᠯᠲᠠ ᠲᠠᠯᠪᠢᠬᠤ ᠶᠢ ᠪᠠᠶᠠᠷᠯᠠᠨ ᠤᠭᠲᠤᠵᠤ᠂ ᠵᠣᠬᠢᠶᠠᠨ ᠪᠠᠶᠢᠭᠤᠯᠤᠯᠲᠠ | ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠨᠢᠭᠡᠳᠦᠯᠲᠡᠢ ᠬᠠᠮᠢᠶᠠᠷᠤᠯᠲᠠ ᠵᠢᠴᠢ | ᠬᠡᠷᠡᠭᠯᠡᠭᠡᠨ ᠤ ᠲᠤᠬᠠᠢ ᠪᠦᠬᠦ ᠨᠡᠶᠢᠭᠡᠮ ᠤᠨ ᠠᠩᠬᠠᠷᠤᠯ ᠤᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ | ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠹᠧᠩ ᠶᠧ | ᠨᠢᠭᠡ᠂ ︽ᠠᠷᠭ᠎ᠠ︾ ᠶᠢᠨ ᠭᠤᠣᠯ ᠠᠭᠤᠯᠭ᠎ᠠ | ︵ᠨᠢᠭᠡ︶ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ | ᠵᠢᠴᠢ ᠡᠭᠦᠷᠭᠡ ᠬᠠᠷᠢᠭᠤᠴᠠᠯᠭ᠎ᠠ ᠶᠢᠨ ᠲᠤᠬᠠᠶ | ︽ᠠᠷᠭ᠎ᠠ︾ ᠳᠤ ᠲᠣᠭᠲᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠰᠠᠯᠠᠭ᠎ᠠ ᠮᠥᠴᠢᠷ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ | ᠨᠢᠭᠡᠳᠦᠯᠲᠡᠢ ᠺᠣᠳ᠋ ᠤᠨ ᠠᠵᠢᠯ ᠢ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠵᠣᠬᠢᠶᠠᠨ ᠪᠠᠶᠢᠭᠤᠯᠤᠯᠲᠠ | ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠠᠵᠢᠯ ᠤᠨ ᠳᠤᠮᠳᠠ ᠲᠤᠯᠭᠠᠷᠠᠭᠰᠠᠨ | ᠴᠢᠬᠤᠯᠠ ᠶᠡᠭᠡ ᠠᠰᠠᠭᠤᠳᠠᠯ ᠢ ᠬᠠᠮᠵᠢᠯᠴᠠᠨ ᠰᠢᠢᠳᠪᠦᠷᠢᠯᠡᠬᠦ ᠬᠡᠷᠡᠭᠲᠡᠶ︔ ᠥᠪᠡᠷᠲᠡᠭᠡᠨ ᠵᠠᠰᠠᠬᠤ ᠣᠷᠣᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠦᠬᠦ ᠣᠷᠣᠨ ᠤ ᠵᠣᠬᠢᠶᠠᠨ ᠪᠠᠶᠢᠭᠤᠯᠤᠯᠲᠠ | ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠬᠠᠮᠢᠶᠠᠷᠤᠯᠲᠠ ᠶᠢᠨ ᠠᠵᠢᠯ ᠢ | ᠬᠠᠷᠢᠭᠤᠴᠠᠵᠤ᠂ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ | ᠮᠡᠳᠡᠭᠡ ᠵᠠᠩᠭᠢ ᠶᠢ ᠳᠠᠮᠵᠢᠭᠤᠯᠬᠤ᠂ ᠬᠠᠮᠲᠤ ᠳᠤ ᠪᠠᠨ ᠬᠦᠷᠲᠡᠬᠦ ᠵᠡᠷᠭᠡ ᠪᠠᠷᠢᠮᠵᠢᠶ᠎ᠠ ᠶᠢ ᠲᠣᠭᠲᠠᠭᠠᠵᠤ᠂ ᠺᠣᠳ᠋ ᠤᠨ | ᠮᠡᠳᠡᠭᠡ ᠵᠠᠩᠭᠢ ᠲᠤᠭ᠎ᠠ ᠪᠠᠷᠢᠮᠲᠠ ᠶᠢᠨ ᠰᠢᠰᠲ᠋ᠧᠮ ᠢ ᠲᠡᠭᠦᠯᠳᠡᠷᠵᠢᠭᠦᠯᠬᠦ᠂ ᠠᠵᠢᠯᠯᠠᠭᠤᠯᠬᠤ ᠪᠠ ᠬᠠᠮᠠᠭᠠᠯᠠᠵᠤ᠂ | ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠺᠣᠳ᠋ ᠤᠨ ᠮᠡᠳᠡᠭᠡ ᠵᠠᠩᠭᠢ ᠶᠢ ᠬᠠᠷᠭᠤᠭᠤᠯᠵᠤ᠂ ᠺᠣᠳ᠋ ᠣᠯᠭᠤᠬᠤ ᠪᠠ | ᠪᠤᠴᠠᠭᠠᠨ ᠳᠠᠮᠵᠢᠭᠤᠯᠬᠤ ᠮᠡᠳᠡᠭᠡ ᠵᠠᠩᠭᠢ ᠶᠢ ᠬᠢᠨᠠᠨ ᠰᠢᠨᠵᠢᠯᠡᠵᠦ ᠦᠨᠡᠯᠡᠨ ᠵᠢᠱᠢᠵᠦ᠂ ᠵᠠᠰᠠᠭ ᠤᠨ ᠣᠷᠳᠣᠨ ᠵᠢᠴᠢ | ᠲᠡᠭᠦᠨ ᠤ ᠰᠠᠯᠠᠭ᠎ᠠ ᠮᠥᠴᠢᠷ᠂ ᠠᠵᠤ ᠠᠬᠤᠶᠢᠯᠠᠯ ᠵᠡᠷᠭᠡ ᠭᠤᠤᠯ ᠴᠣᠭᠴᠠ ᠳᠤ ᠮᠡᠳᠡᠭᠡ ᠵᠠᠩᠭᠢ ᠶᠢᠨ ᠦᠢᠯᠡᠴᠢᠯᠡᠭᠡ | ᠬᠠᠩᠭᠠᠨ᠎ᠠ︔ ᠳᠠᠩᠰᠠᠯᠠᠨ ᠬᠠᠮᠢᠶᠠᠷᠬᠤ ᠰᠠᠯᠠᠭ᠎ᠠ ᠮᠥᠴᠢᠷ ᠨᠢ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠨᠡᠶᠢᠭᠡᠮ ᠤᠨ | ᠢᠲᠡᠭᠡᠮᠵᠢ ᠶᠢᠨ ᠨᠢᠭᠡᠳᠦᠯᠲᠡᠢ ᠺᠣᠳ᠋ ᠤᠨ ᠮᠡᠳᠡᠭᠡ ᠵᠠᠩᠭᠢ ᠶᠢ ᠴᠤᠭᠯᠠᠭᠤᠯᠬᠤ᠂ ᠡᠮᠬᠢᠳᠬᠡᠬᠦ᠂ ᠴᠠᠭ ᠲᠤᠬᠠᠶ ᠳᠤ ᠨᠢ | ᠺᠣᠳ᠋ ᠣᠯᠭᠤᠬᠤ᠂ ᠮᠡᠳᠡᠭᠡ ᠵᠠᠩᠭᠢ ᠶᠢ ᠪᠤᠴᠠᠭᠠᠨ ᠳᠠᠮᠵᠢᠭᠤᠯᠬᠤ ᠶᠢ ᠵᠣᠬᠢᠶᠠᠨ ᠪᠠᠶᠢᠭᠤᠯᠵᠤ᠂ ᠰᠢᠰᠲ᠋ᠧᠮ ᠤᠨ | ᠳ᠋ᠠᠶᠢᠲ᠋ᠠ ᠶᠢᠨ ᠬᠥᠮᠥᠷᠭᠡ ᠪᠠᠶᠢᠭᠤᠯᠬᠤ ᠪᠠ ᠲᠡᠭᠦᠯᠳᠡᠷᠵᠢᠭᠦᠯᠬᠦ ᠶᠢ ᠬᠠᠷᠢᠭᠤᠴᠠᠨ᠎ᠠ᠃ | ︵ᠬᠤᠶᠠᠷ︶ ᠴᠤᠷ ᠤᠨ ᠭᠠᠭᠴᠠ ᠴᠢᠨᠠᠷ ᠤᠨ ᠲᠤᠬᠠᠶ ᠵᠠᠷᠴᠢᠮ | ︽ᠠᠷᠭ᠎ᠠ︾ ᠳᠤ ᠲᠣᠳᠣᠷᠬᠠᠶᠢᠯᠠᠭᠰᠠᠨ ᠢᠶᠠᠷ᠂ ᠨᠢᠭᠡ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠳᠤ ᠵᠥᠪᠬᠡᠨ | ᠴᠣᠷ ᠤᠨ ᠭᠠᠭᠴᠠ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ | ᠺᠣᠳ᠋ ᠲᠠᠢ ᠪᠠᠶᠢᠬᠤ ᠬᠡᠷᠡᠭᠲᠡᠶ ᠭᠡᠵᠦ ᠲᠣᠳᠣᠷᠬᠠᠶ ᠲᠣᠭᠲᠠᠭᠠᠵᠠᠶ᠃ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ | ᠦᠷᠭᠦᠯᠵᠢᠯᠡᠨ ᠣᠷᠣᠰᠢᠬᠤ ᠬᠤᠭᠤᠴᠠᠭᠠᠨ ᠳᠠᠬᠢ ᠦᠨᠳᠦᠰᠦᠨ ᠮᠡᠳᠡᠭᠡ ᠵᠠᠩᠭᠢ ᠳᠤ ᠶᠠᠮᠠᠷᠪᠠ ᠬᠤᠪᠢᠷᠠᠯᠲᠠ | ᠭᠠᠷᠤᠭᠰᠠᠨ ᠴᠤ ᠲᠡᠭᠦᠨ ᠤ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ | ᠺᠣᠳ᠋ ᠢ ᠬᠤᠪᠢᠷᠠᠭᠤᠯᠬᠤ ᠥᠬᠡᠶ᠃ | ︵ᠭᠤᠷᠪᠠ︶ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠳᠡᠭᠡᠭᠰᠢ ᠳᠠᠮᠵᠢᠭᠤᠯᠬᠤ᠂ ᠡᠮᠬᠢᠳᠬᠡᠬᠦ᠂ | ᠬᠠᠷᠭᠤᠭᠤᠯᠬᠤ ᠪᠠ ᠵᠠᠯᠠᠷᠠᠭᠤᠯᠬᠤ ᠵᠢᠷᠤᠮ ᠤᠨ ᠲᠦᠷᠢᠮ ᠤᠨ ᠲᠤᠬᠠᠶ | ︽ᠠᠷᠭ᠎ᠠ︾ ᠳᠤ ᠳᠠᠩᠰᠠᠯᠠᠨ ᠬᠠᠮᠢᠶᠠᠷᠬᠤ ᠰᠠᠯᠠᠭ᠎ᠠ ᠮᠥᠴᠢᠷ ᠨᠢ ᠵᠣᠬᠢᠶᠠᠨ ᠪᠠᠶᠢᠭᠤᠯᠤᠯᠲᠠ | ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠮᠡᠳᠡᠭᠡ ᠵᠠᠩᠭᠢ ᠶᠢ ᠪᠤᠴᠠᠭᠠᠨ | ᠳᠠᠮᠵᠢᠭᠤᠯᠬᠤ ᠬᠡᠷᠡᠭᠲᠡᠶ ᠭᠡᠵᠦ ᠲᠣᠳᠣᠷᠬᠠᠶ ᠲᠣᠭᠲᠠᠭᠠᠵᠠᠶ᠃ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠭᠥᠯᠢᠶᠡᠨ ᠠᠪᠤᠭᠰᠠᠨ ᠵᠣᠬᠢᠶᠠᠨ ᠪᠠᠶᠢᠭᠤᠯᠤᠯᠲᠠ | ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠮᠡᠳᠡᠭᠡ ᠵᠠᠩᠭᠢ ᠶᠢ ᠬᠠᠷᠭᠤᠭᠤᠯᠬᠤ᠂ | ᠴᠤᠭᠯᠠᠭᠤᠯᠬᠤ ᠵᠢᠴᠢ ᠳᠠᠪᠬᠤᠷ ᠺᠣᠳ᠋ ᠪᠤᠶᠤ ᠪᠤᠷᠤᠭᠤ ᠺᠣᠳ᠋ ᠢ ᠣᠯᠵᠤ ᠮᠡᠳᠡᠭᠰᠡᠨ ᠵᠡᠷᠭᠡ ᠪᠠᠶᠢᠳᠠᠯ ᠢ ᠥᠪᠡᠷᠲᠡᠭᠡᠨ | ᠵᠠᠰᠠᠬᠤ ᠣᠷᠣᠨ ᠤ ᠱᠠᠲᠤᠨ ᠤ ᠳᠡᠩᠰᠡᠯᠡᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠳᠡᠵᠦ ᠵᠠᠯᠠᠷᠠᠭᠤᠯᠬᠤ ᠠᠯᠬᠤᠮ | ᠪᠠ ᠬᠤᠭᠤᠴᠠᠭ᠎ᠠ ᠶᠢ ᠲᠣᠳᠣᠷᠬᠠᠢ ᠲᠣᠭᠲᠠᠭᠠᠪᠠ᠃ | ︵ᠲᠦᠷᠪᠡ︶ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠲᠣᠭᠲᠠᠴᠠ ᠶᠢᠨ ᠲᠤᠬᠠᠶ | ︽ᠠᠷᠭ᠎ᠠ︾ ᠳᠤ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ | ᠺᠣᠳ᠋ ᠤᠨ ᠮᠡᠳᠡᠭᠡ ᠵᠠᠩᠭᠢ ᠶᠢ ᠨᠢᠭᠡᠳᠦᠯᠲᠡᠶ ᠪᠣᠯᠭᠠᠬᠤ ᠳᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ | ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠲᠤᠭ᠎ᠠ | ᠪᠠᠷᠢᠮᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠵᠣᠬᠢᠶᠠᠨ ᠪᠠᠶᠢᠭᠤᠯᠤᠯᠲᠠ | ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠬᠠᠮᠲᠤ ᠳᠤ ᠪᠠᠨ ᠬᠦᠷᠲᠡᠬᠦ ᠳᠦᠷᠢᠮ ᠢ | ᠲᠡᠭᠦᠯᠳᠡᠷᠵᠢᠭᠦᠯᠬᠦ ᠶᠢ ᠱᠠᠭᠠᠷᠳᠠᠪᠠ᠃ | ︵ᠲᠠᠪᠤ︶ ᠮᠡᠳᠡᠭᠡ ᠵᠠᠩᠭᠢ ᠶᠢᠨ ᠬᠡᠷᠡᠭᠯᠡᠯᠲᠡ ᠶᠢᠨ ᠲᠤᠬᠠᠶ | ︽ᠠᠷᠭ᠎ᠠ︾ ᠳᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠠ ᠬᠤᠯᠪᠣᠭᠳᠠᠯ ᠪᠥᠬᠦᠶ ᠵᠣᠬᠢᠶᠠᠨ | ᠪᠠᠶᠢᠭᠤᠯᠤᠯᠲᠠ ᠪᠠᠶᠢᠭᠤᠯᠤᠮᠵᠢ ᠶᠢᠨ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠳᠠᠬᠢ ᠨᠡᠶᠢᠭᠡᠮ ᠤᠨ ᠢᠲᠡᠭᠡᠮᠵᠢ ᠶᠢᠨ | ᠨᠢᠭᠡᠳᠦᠯᠲᠡᠢ ᠺᠣᠳ᠋ ᠤᠨ ᠲᠤᠭ᠎ᠠ ᠪᠠᠷᠢᠮᠲᠠ ᠶᠢ ᠨᠢᠭᠡᠳᠦᠯᠲᠡᠶ ᠬᠡᠷᠡᠭᠯᠡᠬᠦ ᠲᠤᠰᠢᠶᠠᠯ ᠬᠠᠷᠢᠭᠤᠴᠠᠯᠭ᠎ᠠ ᠪᠠ ᠡᠭᠦᠷᠭᠡ ᠶᠢ | ᠲᠣᠳᠣᠷᠬᠠᠶ ᠲᠣᠭᠲᠠᠭᠠᠵᠠᠶ᠃ ︽ᠠᠷᠭ᠎ᠠ︾ ᠳᠤ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ | ᠨᠢᠭᠡᠳᠦᠯᠲᠡᠢ ᠺᠣᠳ᠋ ᠤᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢᠨ ᠬᠡᠷᠡᠭᠯᠡᠭᠡᠨ ᠤ ᠪᠠᠷᠢᠮᠵᠢᠶ᠎ᠠ ᠶᠢᠨ ᠰᠤᠳᠤᠯᠭᠠᠨ ᠢ | ᠲᠤᠭ᠎ᠠ ᠪᠠᠷᠢᠮᠲᠠ ᠶᠢᠨ ᠪᠠᠷᠢᠮᠵᠢᠶ᠎ᠠ ᠪᠠ ᠲᠠᠪᠴᠠᠩ ᠤᠨ ᠦᠢᠯᠡᠴᠢᠯᠡᠭᠡᠨ ᠤ ᠵᠠᠯᠭᠠᠰᠤ ᠶᠢ ᠨᠢᠭᠡᠳᠦᠯᠲᠡᠶ ᠪᠣᠯᠭᠠᠵᠤ᠂ | ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠲᠠᠷᠬᠠᠯᠲᠠ ᠶᠢᠨ ᠪᠠᠶᠢᠳᠠᠯ᠂ ᠠᠵᠢᠯ ᠲᠥᠷᠥᠯ ᠤᠨ ᠣᠨᠴᠠᠯᠢᠭ᠂ ᠠᠵᠤ | ᠠᠬᠤᠶ ᠶᠢᠨ ᠲᠥᠷᠥᠯ ᠵᠡᠷᠭᠡ ᠠᠭᠤᠯᠭ᠎ᠠ ᠶᠢ ᠵᠠᠳᠠᠯᠵᠤ᠂ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠥᠴᠢᠷ ᠤᠨ | ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠲᠤᠭ᠎ᠠ ᠪᠠᠷᠢᠮᠲᠠ ᠶᠢᠨ ᠳᠡᠮᠵᠢᠯᠭᠡ ᠬᠠᠩᠭᠠᠵᠤ᠂ ᠠᠵᠤ ᠠᠬᠤᠶᠢᠯᠠᠯ ᠤᠨ | ᠬᠥᠭᠵᠢᠯᠲᠡ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠲᠥᠬᠦᠮ ᠦᠵᠡᠭᠦᠯᠬᠦ ᠬᠡᠷᠡᠭᠲᠡᠢ︔ | ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠥᠴᠢᠷ ᠨᠢ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ | ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠢ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠪᠠᠶᠢᠴᠠᠭᠠᠨ | ᠯᠠᠪᠯᠠᠬᠤ᠂ ᠵᠠᠰᠠᠭ ᠵᠠᠬᠢᠷᠭᠠᠨ ᠤ ᠵᠥᠪᠰᠢᠶᠡᠷᠡᠯ᠂ ᠲᠤᠬᠠᠶᠢᠯᠠᠭᠰᠠᠨ ᠠᠵᠢᠯ ᠤᠨ ᠪᠦᠷᠢᠳᠬᠡᠯ᠂ ᠨᠡᠶᠢᠭᠡᠮ ᠤᠨ ᠢᠲᠡᠭᠡᠮᠵᠢ | ᠵᠡᠷᠭᠡ ᠶᠢᠨ ᠬᠡᠷᠡᠭᠯᠡᠭᠡᠨ ᠤ ᠭᠤᠤᠯ ᠴᠣᠭᠴᠠ ᠶᠢᠨ ᠲᠡᠮᠳᠡᠭ ᠪᠠ ᠰᠢᠰᠲ᠋ᠧᠮ ᠢ ᠨᠡᠶᠢᠳᠬᠡᠬᠦ᠂ ᠲᠤᠭ᠎ᠠ ᠪᠠᠷᠢᠮᠲᠠ ᠶᠢ | ᠬᠠᠮᠲᠤ ᠳᠤ ᠪᠠᠨ ᠬᠦᠷᠲᠡᠬᠦ᠂ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢᠨ ᠰᠠᠭᠤᠷᠢ ᠲᠤᠭ᠎ᠠ ᠪᠠᠷᠢᠮᠲᠠ ᠪᠣᠯᠭᠠᠬᠤ | ᠬᠡᠷᠡᠭᠲᠡᠶ︔ ᠳᠡᠩᠰᠡᠯᠡᠨ ᠬᠠᠮᠢᠶᠠᠷᠬᠤ ᠰᠠᠯᠠᠭ᠎ᠠ ᠮᠥᠴᠢᠷ ᠨᠢ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ | ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠢ ᠡᠯᠧᠺᠲᠷᠣᠨ ᠵᠠᠰᠠᠭ ᠤᠨ ᠶᠠᠪᠤᠳᠠᠯ᠂ ᠡᠯᠧᠺᠲᠷᠣᠨ | ᠬᠤᠳᠠᠯᠳᠤᠭᠠᠨ ᠤ ᠶᠠᠪᠤᠳᠠᠯ ᠪᠠ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠳᠠᠬᠢ ᠨᠢᠭᠡᠳᠦᠯᠲᠡᠶ | ᠬᠡᠷᠡᠭᠯᠡᠬᠦ ᠶᠢ ᠠᠬᠢᠭᠤᠯᠬᠤ ᠬᠡᠷᠡᠭᠲᠡᠶ︔ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠨᠢ ᠬᠤᠯᠪᠣᠭᠳᠠᠯ ᠪᠦᠬᠦᠢ | ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠪᠠᠨ᠂ ᠬᠠᠤᠯᠢ ᠶᠣᠰᠣᠭᠠᠷ ᠪᠡᠶ᠎ᠡ ᠶᠢᠨ ᠦᠨᠡᠮᠯᠡᠯ ᠭᠠᠷᠭᠠᠬᠤ ᠴᠢᠬᠤᠯᠠ | ᠲᠠᠢ ᠪᠠᠶᠢᠪᠠᠯ᠂ ᠭᠦᠢᠴᠡᠳᠬᠡᠬᠦ ᠨᠢᠭᠡᠴᠢ ᠨᠢ ᠲᠡᠭᠦᠨ ᠤ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠢ ᠨᠡᠮᠡᠭᠰᠡᠨ | ᠭᠡᠷᠡᠴᠢ ᠦᠨᠡᠮᠯᠡᠯ ᠢ ᠪᠠᠶᠢᠴᠠᠭᠠᠨ ᠰᠢᠯᠭᠠᠬᠤ ᠬᠡᠷᠡᠭᠲᠡᠶ︔ ᠵᠠᠰᠠᠭ ᠤᠨ ᠣᠷᠳᠣᠨ ᠤ ᠰᠠᠯᠠᠭ᠎ᠠ ᠮᠥᠴᠢᠷ ᠨᠢ | ᠬᠠᠮᠢᠶᠠᠷᠤᠯᠲᠠ ᠪᠠ ᠦᠢᠯᠡᠴᠢᠯᠡᠭᠡᠨ ᠤ ᠠᠵᠢᠯ ᠢ ᠥᠷᠨᠢᠭᠦᠯᠬᠦ ᠳᠤᠮᠳᠠ᠂ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ | ᠪᠡᠶ᠎ᠡ ᠬᠡᠮ ᠤᠨ ᠢᠯᠡᠳᠬᠡᠮᠵᠢ ᠳᠤ ᠬᠤᠯᠪᠣᠭᠳᠠᠪᠠᠯ᠂ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ | ᠢᠲᠡᠭᠡᠮᠵᠢ ᠶᠢᠨ ᠨᠢᠭᠡᠳᠦᠯᠲᠡᠢ ᠺᠣᠳ᠋ ᠢ ᠬᠡᠷᠡᠭᠯᠡᠬᠦ ᠬᠡᠷᠡᠭᠲᠡᠶ ᠭᠡᠵᠦ ᠱᠠᠭᠠᠷᠳᠠᠵᠠᠢ᠃ | ᠬᠤᠶᠠᠷ᠂ ᠤᠬᠠᠭᠤᠯᠬᠤ ᠶᠢ ᠬᠢᠨᠠᠮᠠᠭᠠᠢ ᠰᠠᠶᠢᠲᠤᠷ ᠨᠠᠶᠢᠳᠠᠪᠤᠷᠢᠵᠢᠭᠤᠯᠤᠨ᠎ᠠ | ︵ᠨᠢᠭᠡ︶ ︽ᠠᠷᠭ᠎ᠠ︾ ᠶᠢᠨ ᠤᠬᠠᠭᠤᠯᠭ᠎ᠠ ᠪᠣᠯᠪᠠᠰᠤᠷᠠᠯ ᠤᠨ ᠡᠷᠴᠢᠮ ᠢ ᠴᠢᠩᠭᠠᠯᠠᠨ᠎ᠠ | ᠤᠯᠠᠮᠵᠢᠯᠠᠯᠲᠤ ᠵᠠᠭᠤᠴᠢᠯᠠᠭᠤᠷ ᠬᠢᠭᠡᠳ ᠰᠢᠨ᠎ᠡ ᠵᠠᠭᠤᠴᠢᠯᠠᠭᠤᠷ ᠢ ᠭᠦᠢᠴᠡᠳ ᠠᠰᠢᠭᠯᠠᠨ ᠥᠷᠭᠡᠨ ᠳᠡᠯᠭᠡᠷ | ᠤᠬᠠᠭᠤᠯᠭ᠎ᠠ ᠶᠢ ᠥᠷᠨᠢᠭᠦᠯᠵᠦ᠂ ᠤᠬᠠᠭᠤᠯᠭ᠎ᠠ ᠶᠢᠨ ᠰᠡᠳᠬᠢᠴᠡ ᠪᠠ ᠠᠷᠭ᠎ᠠ ᠮᠠᠶ᠋ᠢᠭ ᠢ ᠲᠠᠰᠤᠷᠠᠯᠲᠠ ᠥᠬᠡᠶ | ᠪᠠᠶᠠᠯᠢᠭᠵᠢᠭᠤᠯᠤᠨ᠂ ᠣᠯᠠᠨ ᠲᠦᠮᠡᠨ ᠤ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ | ᠨᠢᠭᠡᠳᠦᠯᠲᠡᠢ ᠺᠣᠳ᠋ ᠤᠨ ᠬᠠᠮᠢᠶᠠᠷᠤᠯᠲᠠ ᠪᠠ ᠬᠡᠷᠡᠭᠯᠡᠯᠲᠡ ᠶᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠦᠨ᠎ᠡ᠃ | ᠢᠲᠡᠭᠡᠮᠵᠢ ᠶᠢᠨ ᠺᠣᠳ᠋ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠳᠡᠩᠰᠡᠯᠡᠨ ᠲᠡᠮᠳᠡᠭᠯᠡᠬᠦ ᠬᠠᠮᠢᠶᠠᠷᠤᠯᠲᠠ ᠶᠢᠨ | ᠰᠠᠯᠠᠭ᠎ᠠ ᠮᠥᠴᠢᠷ ᠪᠣᠯᠤᠨ ᠠᠵᠢᠯᠲᠠᠨ ᠤ ᠪᠣᠯᠪᠠᠰᠤᠷᠠᠯ ᠢ ᠴᠢᠩᠭᠠᠳᠬᠠᠵᠤ᠂ ︽ᠠᠷᠭ᠎ᠠ︾ ᠶᠢᠨ ᠠᠭᠤᠯᠭ᠎ᠠ ᠶᠢ | ᠲᠤᠭᠤᠷᠠᠳᠠᠯ᠎ᠠ ᠶᠠᠷᠢᠵᠤ᠂ ᠣᠨᠣᠪᠴᠢᠲᠠᠶ ᠬᠡᠷᠡᠭᠯᠡᠬᠦ ᠶᠢ ᠦᠨᠡᠨ ᠬᠦ ᠪᠠᠲᠤᠯᠠᠵᠤ᠂ ᠬᠠᠮᠢᠶᠠᠷᠤᠯᠲᠠ ᠶᠢᠨ ᠡᠭᠦᠷᠭᠡ | ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠬᠦ ᠬᠡᠷᠡᠭᠲᠡᠶ᠃ ᠡᠯ᠎ᠡ ᠲᠥᠷᠥᠯ ᠤᠨ ᠵᠣᠬᠢᠶᠠᠨ ᠪᠠᠶᠢᠭᠤᠯᠤᠯᠲᠠ | ᠪᠠᠶᠢᠭᠤᠯᠤᠮᠵᠢ᠂ ᠺᠣᠳ᠋ ᠤᠨ ᠬᠠᠮᠢᠶᠠᠷᠤᠯᠲᠠ᠂ ᠳᠡᠩᠰᠡᠯᠡᠨ ᠲᠡᠮᠳᠡᠭᠯᠡᠬᠦ ᠰᠠᠯᠠᠭ᠎ᠠ ᠮᠥᠴᠢᠷ ᠪᠠ ᠬᠡᠷᠡᠭᠯᠡᠭᠡᠨ ᠤ ᠰᠠᠯᠠᠭ᠎ᠠ | ᠮᠥᠴᠢᠷ ᠤᠨ ᠬᠠᠤᠯᠢ ᠴᠠᠭᠠᠵᠠ ᠶᠢᠨ ᠦᠵᠡᠯ ᠤᠬᠠᠮᠰᠠᠷ ᠢ ᠳᠡᠭᠡᠭᠰᠢᠯᠡᠭᠦᠯᠵᠦ᠂ ᠺᠣᠳ᠋ ᠤᠨ ᠬᠠᠮᠢᠶᠠᠷᠤᠯᠲᠠ ᠪᠠ | ᠬᠡᠷᠡᠭᠯᠡᠯᠲᠡ ᠪᠠᠷ ᠳᠠᠮᠵᠢᠭᠤᠯᠤᠨ ᠮᠡᠳᠡᠭᠡ ᠵᠠᠩᠭᠢ ᠶᠢᠨ ᠪᠠᠬᠢᠯᠡᠯᠲᠡ ᠶᠢ ᠡᠪᠳᠡᠵᠦ᠂ ᠨᠡᠶᠢᠭᠡᠮ ᠤᠨ ᠢᠲᠡᠭᠡᠮᠵᠢ ᠶᠢᠨ | ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠬᠤ ᠰᠠᠶᠢᠨ ᠰᠠᠶᠢᠬᠠᠨ ᠬᠠᠮᠢᠶᠠᠷᠤᠯᠲᠠ ᠶᠢᠨ ᠣᠷᠴᠢᠨ ᠲᠣᠭᠤᠷᠢᠨ ᠢ | ᠪᠣᠶ ᠪᠣᠯᠭᠠᠬᠤ ᠬᠡᠷᠡᠭᠲᠡᠢ᠃ | ︵ᠬᠤᠶᠠᠷ︶ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ | ᠺᠣᠳ᠋ ᠤᠨ ᠬᠠᠮᠢᠶᠠᠷᠤᠯᠲᠠ ᠪᠠ ᠬᠡᠷᠡᠭᠯᠡᠯᠲᠡ ᠶᠢᠨ ᠠᠵᠢᠯ ᠢ ᠰᠠᠶᠢᠲᠤᠷ ᠬᠢᠨ᠎ᠠ | ᠡᠨᠡ ᠵᠢᠯ ᠪᠢᠳᠡ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ | ᠂ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠢ ᠳᠠᠩᠰᠠᠯᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠵᠡᠷᠭᠡ ᠲᠠᠢ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠢᠭᠡᠳᠦᠯᠲᠡᠢ | ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠲᠤ ᠺᠣᠳ᠋ ᠣᠯᠭᠤᠬᠤ᠂ ᠳᠡᠭᠡᠭᠰᠢ ᠳᠠᠮᠵᠢᠭᠤᠯᠬᠤ᠂ ᠬᠢᠨᠠᠨ | ᠬᠠᠷᠭᠤᠭᠤᠯᠬᠤ᠂ ᠴᠤᠭᠯᠠᠭᠤᠯᠬᠤ ᠪᠠ ᠬᠡᠷᠡᠭᠯᠡᠬᠦ ᠵᠡᠷᠭᠡ ᠠᠵᠢᠯ ᠤᠨ ᠬᠦᠷᠢᠶᠡᠨ ᠳᠤ ᠦᠷᠭᠦᠯᠵᠢᠯᠡᠨ ᠨᠢᠭᠲᠠ | ᠬᠠᠮᠵᠢᠯᠴᠠᠨ᠎ᠠ᠃ ᠺᠣᠳ᠋ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠ ᠠᠵᠢᠯ ᠤᠨ ᠴᠤᠪᠤᠷᠠᠯ ᠢ ᠤᠯᠠᠮ ᠨᠢᠭᠡ | ᠠᠯᠬᠤᠮ ᠰᠢᠯᠤᠭᠤᠳᠬᠠᠵᠤ᠂ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠦᠨᠳᠦᠰᠦᠨ ᠮᠡᠳᠡᠭᠡ | ᠵᠠᠩᠭᠢ ᠶᠢᠨ ᠲᠤᠭ᠎ᠠ ᠪᠠᠷᠢᠮᠲᠠ ᠪᠠ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠪᠣᠶ ᠪᠣᠯᠭᠠᠭᠰᠠᠨ ᠪᠤᠶᠤ | ᠬᠠᠳᠠᠭᠠᠯᠠᠭᠰᠠᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢᠨ ᠬᠤᠭᠤᠷᠣᠨᠳᠣᠬᠢ ᠬᠦᠨᠳᠦ ᠨᠣᠴᠢᠲᠠᠶ ᠮᠡᠳᠡᠭᠡ | ᠵᠠᠩᠭᠢ ᠶᠢᠨ ᠥᠨᠥᠴᠢᠨ ᠠᠷᠠᠯ ᠤᠨ ᠠᠰᠠᠭᠤᠳᠠᠯ ᠢ ᠰᠢᠢᠳᠪᠦᠷᠢᠯᠡᠵᠦ᠂ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ | ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠬᠠᠮᠢᠶᠠᠷᠤᠯᠲᠠ ᠪᠠ ᠬᠡᠷᠡᠭᠯᠡᠭᠡᠨ ᠤ ᠲᠦᠪᠰᠢᠨ ᠢ | ᠳᠡᠭᠡᠭᠰᠢᠯᠡᠭᠦᠯᠬᠦ ᠪᠠᠷ ᠳᠠᠮᠵᠢᠭᠤᠯᠤᠨ᠂ ᠪᠥᠬᠦ ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ | ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠪᠣᠯᠤᠨ ᠬᠤᠰᠢᠭᠤ ᠰᠢᠶᠠᠨ ︵ᠬᠤᠲᠠ᠂ | ᠲᠣᠭᠤᠷᠢᠭ︶ ᠤ ᠡᠯ᠎ᠡ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ | ᠺᠣᠳ᠋ ᠲᠤ ᠺᠣᠳ᠋ ᠣᠯᠭᠤᠬᠤ ᠨᠢᠭᠡᠴᠢ ᠨᠦᠭᠦᠳ ᠡᠮᠬᠢ ᠵᠢᠷᠤᠮ ᠲᠠᠢ ᠪᠠᠷ ᠬᠠᠮᠵᠢᠯᠴᠠᠵᠤ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠨᠠᠩ ᠶᠡᠭᠡ ᠬᠡᠪᠴᠢᠶ᠎ᠡ᠂ ᠨᠠᠩ ᠭᠦᠨ ᠲᠠᠰ ᠳᠠᠪᠬᠤᠷᠭ᠎ᠠ ᠳᠤ ᠵᠠᠬ᠎ᠠ | ᠳᠡᠯᠭᠡᠭᠦᠷ ᠤᠨ ᠭᠤᠤᠯ ᠴᠣᠭᠴᠠ ᠶᠢᠨ ᠰᠠᠭᠤᠷᠢ ᠮᠡᠳᠡᠭᠡ ᠵᠠᠩᠭᠢ᠂ ᠬᠤᠯᠪᠣᠭᠳᠠᠯ ᠪᠦᠬᠦᠢ ᠢᠲᠡᠭᠡᠮᠵᠢ ᠶᠢᠨ ᠮᠡᠳᠡᠭᠡ | ᠵᠠᠩᠭᠢ᠂ ᠬᠠᠤᠯᠢ ᠲᠣᠭᠲᠠᠭᠠᠯ ᠠᠴᠠ ᠵᠥᠷᠢᠴᠡᠭᠰᠡᠨ ᠮᠡᠳᠡᠭᠡ ᠵᠠᠩᠭᠢ ᠵᠡᠷᠭᠡ ᠶᠢ ᠴᠤᠭᠯᠠᠭᠤᠯᠬᠤ᠂ ᠬᠠᠮᠲᠤ ᠳᠤ ᠪᠠᠨ | ᠬᠦᠷᠲᠡᠬᠦ ᠪᠠ ᠲᠤᠬᠠᠶᠢᠯᠠᠭᠰᠠᠨ ᠠᠵᠢᠯ ᠤᠨ ᠬᠠᠮᠵᠢᠯᠴᠠᠬᠤ ᠶᠢ ᠪᠡᠶᠡᠯᠡᠭᠦᠯᠬᠦ ᠬᠡᠷᠡᠭᠲᠡᠶ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ | ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠬᠠᠮᠢᠶᠠᠷᠤᠯᠲᠠ ᠶᠢᠨ ᠠᠷᠭ᠎ᠠ︾ ᠶᠢᠨ ᠲᠥᠷᠥ ᠶᠢᠨ | ᠪᠣᠳᠣᠯᠭ᠎ᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠠᠭᠰᠠᠨ | ᠨᠢ | ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠰᠤᠷᠪᠤᠯᠵᠢᠯᠠᠭᠴᠢ᠄ ︽ᠠᠷᠭ᠎ᠠ︾ ᠶᠢᠨ ᠲᠣᠭᠲᠠᠭᠠᠯ ᠢ | ᠦᠨᠳᠦᠰᠦᠯᠡᠪᠡᠯ᠂ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ | ᠺᠣᠳ᠋ ᠤᠨ ᠬᠠᠮᠢᠶᠠᠷᠤᠯᠲᠠ ᠳᠤ ᠶᠠᠮᠠᠷ ᠶᠠᠮᠠᠷ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠠᠢ ᠬᠤᠯᠪᠣᠭᠳᠠᠬᠤ ᠪᠣᠶ᠂ ᠡᠲᠡᠭᠡᠷ | ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠶᠠᠮᠠᠷ ᠶᠠᠮᠠᠷ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ | ᠭᠦᠢᠴᠡᠳᠬᠡᠪᠡᠯ ᠵᠣᠬᠢᠬᠤ ᠪᠣᠶ︖ | ᠮᠢᠶᠣᠣ ᠰᠢᠤᠸᠠᠢ ᠵᠢᠶᠦ᠋ᠨ᠄ ︽ᠠᠷᠭ᠎ᠠ︾ ᠳᠤ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ | ᠢᠲᠡᠭᠡᠮᠵᠢ ᠶᠢᠨ ᠨᠢᠭᠡᠳᠦᠯᠲᠡᠢ ᠺᠣᠳ᠋ ᠤᠨ ᠬᠠᠮᠢᠶᠠᠷᠤᠯᠲᠠ ᠳᠠᠬᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ | ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠲᠤᠬᠠᠶ ᠲᠣᠳᠣᠷᠬᠠᠶ | ᠲᠣᠭᠲᠠᠭᠠᠯ ᠭᠠᠷᠭᠠᠪᠠ᠃ | ᠨᠢᠭᠡᠳᠦᠭᠡᠷ ᠲᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠳ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ | ᠢᠲᠡᠭᠡᠮᠵᠢ ᠶᠢᠨ ᠨᠢᠭᠡᠳᠦᠯᠲᠡᠢ ᠺᠣᠳ᠋ ᠤᠨ ᠠᠵᠢᠯ ᠤᠨ ᠵᠣᠬᠢᠴᠠᠭᠤᠯᠬᠤ ᠳᠦᠷᠢᠮ ᠢ ᠪᠠᠶᠢᠭᠤᠯᠵᠤ᠂ ᠵᠣᠬᠢᠶᠠᠨ | ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠠᠵᠢᠯ ᠤᠨ ᠳᠤᠮᠳᠠ | ᠲᠤᠯᠭᠠᠷᠠᠭᠰᠠᠨ ᠴᠢᠬᠤᠯᠠ ᠶᠡᠭᠡ ᠠᠰᠠᠭᠤᠳᠠᠯ ᠢ ᠬᠠᠮᠵᠢᠯᠴᠠᠨ ᠰᠢᠢᠳᠪᠦᠷᠢᠯᠡᠵᠦ᠂ ᠬᠤᠯᠪᠣᠭᠳᠠᠯ ᠪᠥᠬᠦᠶ ᠰᠠᠯᠠᠭ᠎ᠠ | ᠮᠥᠴᠢᠷ ᠲᠠᠢ ᠬᠠᠮᠲᠤᠷᠠᠨ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ | ᠺᠣᠳ᠋ ᠢᠶᠠᠷ ᠭᠤᠤᠯ ᠴᠣᠭᠴᠠ ᠶᠢᠨ ᠢᠯᠡᠷᠬᠡᠶᠢᠯᠡᠭᠴᠢ ᠪᠣᠯᠭᠠᠭᠰᠠᠨ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ | ᠵᠠᠩᠭᠢ ᠶᠢᠨ ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠵᠦ᠂ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠣᠯᠠᠨ | ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠶᠢ ᠠᠬᠢᠭᠤᠯᠤᠨ᠎ᠠ᠃ | ᠬᠤᠶᠠᠳᠤᠭᠠᠷ ᠲᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠪᠦᠬᠦ ᠣᠷᠣᠨ ᠤ ᠵᠣᠬᠢᠶᠠᠨ ᠪᠠᠶᠢᠭᠤᠯᠤᠯᠲᠠ | ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠢ ᠬᠠᠮᠢᠶᠠᠷᠬᠤ ᠠᠵᠢᠯ ᠢ ᠬᠠᠷᠢᠭᠤᠴᠠᠵᠤ᠂ | ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠮᠡᠳᠡᠭᠡ | ᠵᠠᠩᠭᠢ ᠶᠢ ᠳᠠᠮᠵᠢᠭᠤᠯᠬᠤ᠂ ᠬᠠᠮᠲᠤ ᠳᠤ ᠪᠠᠨ ᠬᠦᠷᠲᠡᠬᠦ ᠵᠡᠷᠭᠡ ᠪᠠᠷᠢᠮᠵᠢᠶ᠎ᠠ ᠶᠢ ᠲᠣᠭᠲᠠᠭᠠᠵᠤ᠂ ᠵᠣᠬᠢᠶᠠᠨ | ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠮᠡᠳᠡᠭᠡ ᠵᠠᠩᠭᠢ ᠶᠢᠨ | ᠲᠤᠭ᠎ᠠ ᠪᠠᠷᠢᠮᠲᠠ ᠶᠢᠨ ᠰᠢᠰᠲ᠋ᠧᠮ ᠢ ᠲᠡᠭᠦᠯᠳᠡᠷᠵᠢᠭᠦᠯᠬᠦ᠂ ᠠᠵᠢᠯᠯᠠᠭᠤᠯᠬᠤ ᠪᠠ ᠬᠠᠮᠠᠭᠠᠯᠠᠵᠤ᠂ ᠵᠣᠬᠢᠶᠠᠨ | ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠮᠡᠳᠡᠭᠡ ᠵᠠᠩᠭᠢ ᠶᠢ ᠬᠢᠨᠠᠨ | ᠬᠠᠷᠭᠤᠭᠤᠯᠵᠤ᠂ ᠺᠣᠳ᠋ ᠣᠯᠭᠤᠬᠤ ᠪᠠ ᠪᠤᠴᠠᠭᠠᠨ ᠳᠠᠮᠵᠢᠭᠤᠯᠬᠤ ᠮᠡᠳᠡᠭᠡ ᠵᠠᠩᠭᠢ ᠳᠤ ᠬᠢᠨᠠᠨ ᠰᠢᠨᠵᠢᠯᠡᠵᠦ ᠦᠨᠡᠯᠡᠨ | ᠵᠢᠱᠢᠯᠲᠡ ᠬᠢᠵᠦ᠂ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠥᠴᠢᠷ᠂ ᠠᠵᠤ ᠠᠬᠤᠶᠢᠯᠠᠯ ᠵᠡᠷᠭᠡ ᠭᠤᠤᠯ | ᠴᠣᠭᠴᠠ ᠳᠤ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠨ᠎ᠠ᠃ | ᠭᠤᠷᠪᠠᠳᠤᠭᠠᠷ ᠲᠤ᠂ ᠪᠠᠶᠢᠭᠤᠯᠤᠮᠵᠢ ᠶᠢᠨ ᠣᠷᠣᠨ ᠲᠤᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ | ᠠᠷᠠᠳ ᠤᠨ ᠶᠠᠪᠤᠳᠠᠯ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ᠂ ᠲᠠᠷᠢᠶᠠᠯᠠᠩ ᠮᠠᠯ ᠠᠵᠤ ᠠᠬᠤᠶ᠂ ᠵᠠᠰᠠᠭ ᠤᠨ | ᠶᠠᠪᠤᠳᠠᠯ ᠤᠨ ᠦᠢᠯᠡᠴᠢᠯᠡᠭᠡ᠂ ᠱᠠᠰᠢᠨ ᠰᠤᠷᠲᠠᠬᠤᠨ ᠤ ᠬᠡᠷᠡᠭ ᠶᠠᠪᠤᠳᠠᠯ᠂ ᠠᠵᠢᠯᠴᠢᠨ ᠤ ᠡᠪᠯᠡᠯ ᠵᠡᠷᠭᠡ ᠵᠣᠬᠢᠶᠠᠨ | ᠪᠠᠶᠢᠭᠤᠯᠤᠯᠲᠠ ᠪᠠᠶᠢᠭᠤᠯᠤᠮᠵᠢ ᠶᠢᠨ ᠺᠣᠳ᠋ ᠣᠯᠭᠤᠬᠤ ᠡᠷᠬᠡ ᠲᠠᠢ ᠪᠤᠶᠤ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ | ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠮᠡᠳᠡᠭᠡ ᠵᠠᠩᠭᠢ ᠶᠢ ᠨᠢᠭᠡᠳᠦᠯᠲᠡᠶ ᠴᠤᠭᠯᠠᠭᠤᠯᠬᠤ ᠶᠢ | ᠬᠠᠷᠢᠭᠤᠴᠠᠬᠤ ᠰᠠᠯᠠᠭ᠎ᠠ ᠮᠥᠴᠢᠷ ᠪᠣᠯ ᠳᠡᠩᠰᠡᠯᠡᠨ ᠬᠠᠮᠢᠶᠠᠷᠬᠤ ᠰᠠᠯᠠᠭ᠎ᠠ ᠮᠥᠴᠢᠷ ᠪᠣᠯᠤᠨ᠎ᠠ᠃ ᠡᠲᠡᠭᠡᠷ | ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ ᠪᠠᠶᠢᠭᠠᠳ ᠨᠡᠶᠢᠭᠡᠮ ᠤᠨ | ᠢᠲᠡᠭᠡᠮᠵᠢ ᠶᠢᠨ ᠨᠢᠭᠡᠳᠦᠯᠲᠡᠢ ᠺᠣᠳ᠋ ᠤᠨ ᠮᠡᠳᠡᠭᠡ ᠵᠠᠩᠭᠢ ᠶᠢ ᠴᠤᠭᠯᠠᠭᠤᠯᠬᠤ᠂ ᠡᠮᠬᠢᠯᠡᠬᠦ᠂ ᠴᠠᠭ ᠲᠤᠬᠠᠶ ᠳᠤ ᠨᠢ | ᠺᠣᠳ᠋ ᠣᠯᠭᠤᠬᠤ᠂ ᠮᠡᠳᠡᠭᠡ ᠵᠠᠩᠭᠢ ᠶᠢ ᠪᠤᠴᠠᠭᠠᠨ ᠳᠠᠮᠵᠢᠭᠤᠯᠬᠤ ᠶᠢ ᠨᠢᠭᠡᠳᠦᠯᠲᠡᠶ ᠵᠣᠬᠢᠶᠠᠨ ᠪᠠᠶᠢᠭᠤᠯᠵᠤ᠂ ᠲᠣᠰ | ᠰᠢᠰᠲ᠋ᠧᠮ ᠤᠨ ᠳ᠋ᠠᠶᠢᠲ᠋ᠠ ᠶᠢᠨ ᠬᠥᠮᠥᠷᠭᠡ ᠶᠢ ᠪᠠᠶᠢᠭᠤᠯᠤᠨ ᠲᠡᠭᠦᠯᠳᠡᠷᠵᠢᠭᠦᠯᠬᠦ ᠶᠢ ᠬᠠᠷᠢᠭᠤᠴᠠᠨ᠎ᠠ᠃ | ᠲᠥᠪ ᠷᠠᠳᠢᠣ᠋ ᠰᠦᠯᠵᠢᠶ᠎ᠡ ᠶᠢᠨ ᠥᠪᠥᠷ ᠮᠣᠩᠭᠤᠯ ᠥᠷᠲᠡᠭᠡ ᠶᠢᠨ ᠰᠤᠷᠪᠤᠯᠵᠢᠯᠠᠭᠴᠢ᠄ ︽ᠠᠷᠭ᠎ᠠ︾ ᠶᠢᠨ | ᠲᠣᠭᠲᠠᠭᠠᠯ ᠢ ᠦᠨᠳᠦᠰᠦᠯᠡᠪᠡᠯ᠂ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ | ᠨᠢᠭᠡᠳᠦᠯᠲᠡᠢ ᠺᠣᠳ᠋ ᠤᠨ ᠬᠠᠮᠢᠶᠠᠷᠤᠯᠲᠠ ᠶᠢ ᠬᠡᠷᠬᠢᠨ ᠪᠡᠶᠡᠯᠡᠭᠦᠯᠬᠦ ᠪᠣᠶ︖ | ᠵᠢᠶᠠ ᠱᠤᠸᠠᠩ ᠸᠧᠨ᠄ ᠡᠩ ᠲᠡᠷᠢᠭᠦᠨ ᠳᠤ᠂ ᠳᠡᠩᠰᠡᠯᠡᠨ ᠬᠠᠮᠢᠶᠠᠷᠬᠤ ᠰᠠᠯᠠᠭ᠎ᠠ ᠮᠥᠴᠢᠷ ᠠᠴᠠ ᠪᠠᠶᠢᠭᠤᠯᠬᠤ | ᠭᠤᠶᠤᠴᠢᠯᠠᠯ ᠭᠠᠷᠭᠠᠭᠰᠠᠨ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠳᠤ ᠵᠣᠬᠢᠶᠠᠨ ᠪᠠᠶᠢᠭᠤᠯᠤᠯᠲᠠ | ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠢ ᠨᠢᠭᠡᠳᠦᠯᠲᠡᠶ ᠪᠣᠯᠭᠠᠬᠤ ᠶᠢᠨ ᠬᠠᠮᠲᠤ᠂ | ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠮᠡᠳᠡᠭᠡ | ᠵᠠᠩᠭᠢ ᠶᠢ ᠥᠪᠡᠷᠲᠡᠭᠡᠨ ᠵᠠᠰᠠᠬᠤ ᠣᠷᠣᠨ ᠤ ᠳᠡᠩᠰᠡᠯᠡᠨ ᠬᠠᠮᠢᠶᠠᠷᠬᠤ ᠵᠣᠬᠢᠴᠠᠩᠭᠤᠶ ᠰᠠᠯᠠᠭ᠎ᠠ ᠮᠥᠴᠢᠷ ᠲᠤ | ᠳᠠᠮᠵᠢᠭᠤᠯᠤᠨ᠎ᠠ︔ ᠥᠪᠡᠷᠲᠡᠭᠡᠨ ᠵᠠᠰᠠᠬᠤ ᠣᠷᠣᠨ ᠤ ᠳᠡᠩᠰᠡᠯᠡᠨ ᠬᠠᠮᠢᠶᠠᠷᠬᠤ ᠰᠠᠯᠠᠭ᠎ᠠ ᠮᠥᠴᠢᠷ ᠨᠢ ᠵᠣᠬᠢᠶᠠᠨ | ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠮᠡᠳᠡᠭᠡ ᠵᠠᠩᠭᠢ ᠶᠢ | ᠬᠤᠶᠠᠷ ᠠᠵᠢᠯᠯᠠᠬᠤ ᠡᠳᠦᠷ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠮᠵᠢᠭᠤᠯᠤᠨ᠎ᠠ᠃ | ᠳᠠᠷᠠᠭᠠᠯᠠᠪᠠᠯ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ | ᠮᠡᠳᠡᠭᠡ ᠵᠠᠩᠭᠢ ᠶᠢ ᠣᠯᠤᠭᠰᠠᠨ ᠤ ᠳᠠᠷᠠᠭ᠎ᠠ ᠬᠤᠶᠠᠷ ᠠᠵᠢᠯᠯᠠᠬᠤ ᠡᠳᠦᠷ ᠤᠨ ᠳᠣᠲᠣᠷ᠎ᠠ ᠳᠠᠪᠬᠤᠷ ᠺᠣᠳ᠋᠂ ᠪᠤᠷᠤᠭᠤ | ᠺᠣᠳ᠋ ᠢ ᠬᠠᠷᠭᠤᠭᠤᠯᠬᠤ᠂ ᠮᠡᠳᠡᠭᠡ ᠵᠠᠩᠭᠢ ᠶᠢ ᠴᠤᠭᠯᠠᠭᠤᠯᠬᠤ ᠵᠡᠷᠭᠡ ᠬᠤᠯᠪᠣᠭᠳᠠᠯ ᠪᠦᠬᠦᠢ ᠠᠵᠢᠯ ᠢ ᠪᠡᠶᠡᠯᠡᠭᠦᠯᠵᠦ᠂ | ᠳᠠᠪᠬᠤᠷ ᠺᠣᠳ᠋᠂ ᠪᠤᠷᠤᠭᠤ ᠺᠣᠳ᠋ ᠵᠡᠷᠭᠡ ᠪᠠᠶᠢᠳᠠᠯ ᠣᠷᠣᠰᠢᠵᠤ ᠪᠠᠶᠢᠬᠤ ᠶᠢ ᠣᠯᠵᠤ ᠮᠡᠳᠡᠪᠡᠯ᠂ ᠥᠪᠡᠷᠲᠡᠭᠡᠨ ᠵᠠᠰᠠᠬᠤ | ᠣᠷᠣᠨ ᠤ ᠳᠡᠩᠰᠡᠯᠡᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠳᠡᠵᠦ᠂ ᠥᠪᠡᠷᠲᠡᠭᠡᠨ ᠵᠠᠰᠠᠬᠤ ᠣᠷᠣᠨ ᠤ ᠳᠡᠩᠰᠡᠯᠡᠨ | ᠬᠠᠮᠢᠶᠠᠷᠬᠤ ᠰᠠᠯᠠᠭ᠎ᠠ ᠮᠥᠴᠢᠷ ᠮᠡᠳᠡᠭᠳᠡᠯ ᠢ ᠣᠯᠤᠭᠰᠠᠨ ᠡᠳᠦᠷ ᠠᠴᠠ ᠡᠬᠢᠯᠡᠨ ᠭᠤᠷᠪᠠᠨ ᠠᠵᠢᠯᠯᠠᠬᠤ ᠡᠳᠦᠷ ᠤᠨ | ᠳᠣᠲᠣᠷ᠎ᠠ ᠵᠠᠯᠠᠷᠠᠭᠤᠯᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠤᠯᠠᠮᠵᠢᠯᠠᠬᠤ ᠬᠡᠷᠡᠭᠲᠡᠶ᠃ | ᠳᠠᠷᠠᠭᠠᠯᠠᠪᠠᠯ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠨᠢ ᠳᠡᠩᠰᠡᠯᠡᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠵᠣᠬᠢᠶᠠᠨ ᠪᠠᠶᠢᠭᠤᠯᠤᠯᠲᠠ | ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠳᠠᠪᠬᠤᠷ ᠺᠣᠳ᠋᠂ ᠪᠤᠷᠤᠭᠤ ᠺᠣᠳ᠋ ᠢ | ᠬᠠᠷᠭᠤᠭᠤᠯᠤᠨ ᠪᠠᠶᠢᠴᠠᠭᠠᠬᠤ ᠪᠠ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠲᠣᠭᠲᠠᠴᠠ ᠶᠢ ᠪᠠᠶᠢᠭᠤᠯᠵᠤ᠂ | ᠲᠣᠭᠲᠠᠮᠠᠯ ᠬᠤᠭᠤᠴᠠᠭ᠎ᠠ ᠲᠠᠢ ᠪᠠᠷ ᠺᠣᠳ᠋ ᠣᠯᠭᠤᠭᠰᠠᠨ ᠪᠠ ᠮᠡᠳᠡᠭᠡ ᠵᠠᠩᠭᠢ ᠶᠢ ᠪᠤᠴᠠᠭᠠᠨ ᠳᠠᠮᠵᠢᠭᠤᠯᠤᠭᠰᠠᠨ | ᠪᠠᠶᠢᠳᠠᠯ ᠢ ᠨᠡᠪᠲᠡᠷᠡᠭᠦᠯᠬᠦ ᠬᠡᠷᠡᠭᠲᠡᠶ᠃ | ᠡᠴᠦᠰ ᠲᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ | ᠢᠲᠡᠭᠡᠮᠵᠢ ᠶᠢᠨ ᠨᠢᠭᠡᠳᠦᠯᠲᠡᠢ ᠺᠣᠳ᠋ ᠤᠨ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠲᠦᠷᠢᠮ ᠢ | ᠲᠡᠭᠦᠯᠳᠡᠷᠵᠢᠭᠦᠯᠵᠦ᠂ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠲᠠᠪᠴᠠᠩ ᠢᠶᠠᠷ ᠳᠠᠮᠵᠢᠭᠤᠯᠤᠨ ᠵᠠᠰᠠᠭ ᠤᠨ | ᠣᠷᠳᠣᠨ ᠵᠢᠴᠢ ᠰᠠᠯᠠᠭ᠎ᠠ ᠮᠥᠴᠢᠷ ᠯᠦᠭᠡ ᠮᠡᠳᠡᠭᠡ ᠵᠠᠩᠭᠢ ᠶᠢ ᠴᠠᠭ ᠲᠤᠬᠠᠶ ᠳᠤ ᠨᠢ ᠬᠠᠮᠲᠤ ᠳᠤ ᠪᠠᠨ ᠬᠦᠷᠲᠡᠬᠦ᠂ | ᠬᠠᠮᠵᠢᠯᠴᠠᠨ ᠬᠢᠨᠠᠨ ᠬᠠᠮᠢᠶᠠᠷᠬᠤ ᠪᠠᠷ ᠳᠠᠮᠵᠢᠭᠤᠯᠤᠨ᠂ ᠲᠤᠬᠠᠶᠢᠯᠠᠭᠰᠠᠨ ᠠᠵᠢᠯ ᠤᠨ ᠬᠤᠯᠪᠣᠭᠠᠯᠠᠨ ᠬᠥᠳᠡᠯᠦᠯᠴᠡᠬᠦ ᠶᠢ | ᠪᠡᠶᠡᠯᠡᠭᠦᠯᠦᠨ᠎ᠡ᠃ | ᠥᠪᠥᠷ ᠮᠣᠩᠭᠤᠯ ᠤᠨ ᠥᠷᠯᠥᠭᠡ ᠶᠢᠨ ᠰᠣᠨᠢᠨ ᠤ ᠰᠤᠷᠪᠤᠯᠵᠢᠯᠠᠭᠴᠢ᠄ ︽ᠠᠷᠭ᠎ᠠ︾ ᠶᠢ ᠨᠡᠶᠢᠲᠡᠯᠡᠭᠰᠡᠨ ᠨᠢ | ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ | ᠬᠠᠮᠢᠶᠠᠷᠤᠯᠲᠠ ᠶᠢᠨ ᠠᠵᠢᠯ ᠳᠤ ᠶᠠᠮᠠᠷ ᠶᠠᠮᠠᠷ ᠢᠳᠡᠪᠬᠢᠲᠡᠶ ᠦᠢᠯᠡᠳᠦᠯ ᠪᠠ ᠨᠥᠯᠥᠭᠡ ᠲᠠᠢ ᠪᠣᠶ︖ | ᠮᠢᠶᠣᠣ ᠰᠢᠤᠸᠠᠢ ᠵᠢᠶᠦ᠋ᠨ᠄ ᠨᠢᠭᠡ ᠳᠤ᠂ ᠮᠡᠳᠡᠭᠡ ᠵᠠᠩᠭᠢ ᠶᠢᠨ ᠥᠨᠥᠴᠢᠨ ᠠᠷᠠᠯ ᠤᠨ ᠦᠵᠡᠭᠳᠡᠯ ᠢ | ᠰᠢᠢᠳᠪᠦᠷᠢᠯᠡᠪᠡ᠃ ︽ᠠᠷᠭ᠎ᠠ︾ ᠶᠢ ᠨᠡᠶᠢᠲᠡᠯᠡᠨ ᠬᠡᠷᠡᠭᠵᠢᠭᠦᠯᠦᠭᠰᠡᠨ ᠨᠢ ᠵᠣᠬᠢᠶᠠᠨ ᠪᠠᠶᠢᠭᠤᠯᠤᠯᠲᠠ | ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠲᠤᠭ᠎ᠠ ᠪᠠᠷᠢᠮᠲᠠ ᠶᠢᠨ ᠬᠥᠮᠥᠷᠭᠡ ᠶᠢᠨ | ᠶᠠᠰᠤ ᠴᠢᠨᠠᠷ ᠢ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ | ᠨᠢᠭᠡᠳᠦᠯᠲᠡᠢ ᠺᠣᠳ᠋ ᠤᠨ ᠴᠣᠷ ᠤᠨ ᠭᠠᠭᠴᠠ ᠴᠢᠨᠠᠷ᠂ ᠪᠠᠭᠲᠠᠭᠠᠮᠵᠢᠲᠤ ᠴᠢᠨᠠᠷ᠂ ᠲᠣᠭᠲᠠᠪᠤᠷᠢᠲᠤ ᠴᠢᠨᠠᠷ ᠪᠠ ᠪᠦᠬᠦᠨ ᠢ | ᠬᠠᠮᠤᠷᠬᠤ ᠴᠢᠨᠠᠷ ᠢ ᠪᠠᠲᠤᠯᠠᠭᠰᠠᠨ ᠪᠠᠶᠢᠨ᠎ᠠ᠃ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ | ᠢᠲᠡᠭᠡᠮᠵᠢ ᠶᠢᠨ ᠨᠢᠭᠡᠳᠦᠯᠲᠡᠢ ᠺᠣᠳ᠋ ᠤᠨ ᠬᠠᠮᠢᠶᠠᠷᠤᠯᠲᠠ ᠶᠢ ᠨᠢᠭᠡᠳᠬᠡᠬᠦ ᠡᠷᠬᠡ ᠲᠤᠰᠢᠶᠠᠯ ᠡᠭᠦᠷᠭᠡ ᠬᠠᠷᠢᠭᠤᠴᠠᠯᠭ᠎ᠠ ᠶᠢ | ᠲᠣᠳᠣᠷᠬᠠᠶᠢᠯᠠᠵᠤ᠂ ᠮᠡᠳᠡᠭᠡ ᠵᠠᠩᠭᠢ ᠶᠢ ᠴᠠᠭ ᠲᠤᠬᠠᠢ ᠳᠤ ᠨᠢ ᠳᠠᠮᠵᠢᠭᠤᠯᠬᠤ ᠶᠢ ᠪᠠᠲᠤᠯᠠᠵᠤ᠂ ᠮᠡᠳᠡᠭᠡ ᠵᠠᠩᠭᠢ ᠶᠢ | ᠬᠠᠮᠲᠤ ᠳᠤ ᠪᠠᠨ ᠬᠦᠷᠲᠡᠵᠦ ᠬᠠᠮᠲᠤ ᠪᠠᠷ ᠬᠡᠷᠡᠭᠯᠡᠬᠦ ᠶᠢ ᠴᠢᠩᠭᠠᠳᠬᠠᠵᠤ᠂ ᠮᠡᠳᠡᠭᠡ ᠵᠠᠩᠭᠢ ᠶᠢᠨ ᠥᠨᠥᠴᠢᠨ ᠠᠷᠠᠯ ᠢ | ᠡᠪᠳᠡᠪᠡ᠃ | ᠬᠤᠶᠠᠷ ᠲᠤ᠂ ᠨᠡᠶᠢᠭᠡᠮ ᠤᠨ ᠢᠲᠡᠭᠡᠮᠵᠢ ᠶᠢᠨ ᠬᠠᠮᠢᠶᠠᠷᠤᠯᠲᠠ ᠶᠢ ᠠᠬᠢᠭᠤᠯᠪᠠ᠃ ︽ᠠᠷᠭ᠎ᠠ︾ ᠳᠤ ᠵᠣᠬᠢᠶᠠᠨ | ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠬᠠᠮᠢᠶᠠᠷᠤᠯᠲᠠ ᠪᠠ | ᠬᠡᠷᠡᠭᠯᠡᠯᠲᠡ ᠶᠢ ᠨᠢᠭᠡᠳᠬᠡᠬᠦ ᠴᠣᠷ ᠤᠨ ᠭᠠᠭᠴᠠ ᠴᠢᠨᠠᠷ ᠤᠨ ᠵᠠᠷᠴᠢᠮ ᠢ ᠲᠣᠭᠲᠠᠭᠠᠵᠤ᠂ ᠵᠠᠰᠠᠭ ᠤᠨ ᠣᠷᠳᠣᠨ ᠵᠢᠴᠢ | ᠲᠡᠭᠦᠨ ᠤ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠦᠢᠯᠡᠴᠢᠯᠡᠭᠡ ᠪᠠ ᠬᠠᠮᠢᠶᠠᠷᠤᠯᠲᠠ ᠶᠢᠨ ᠰᠢᠰᠲ᠋ᠧᠮ ᠤᠨ | ᠬᠡᠷᠡᠭᠯᠡᠯᠲᠡ ᠳᠠᠬᠢ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ | ᠺᠣᠳ᠋ ᠤᠨ ᠪᠡᠶᠡᠴᠢ ᠴᠣᠭᠴᠠ ᠶᠢᠨ ᠢᠯᠡᠷᠬᠡᠶᠢᠯᠡᠯ ᠤᠨ ᠪᠠᠶᠢᠷᠢ ᠰᠠᠭᠤᠷᠢ ᠶᠢ ᠲᠣᠳᠣᠷᠬᠠᠶ ᠲᠣᠭᠲᠠᠭᠠᠵᠤ᠂ ᠳᠡᠩᠰᠡᠯᠡᠨ | ᠬᠠᠮᠢᠶᠠᠷᠬᠤ ᠰᠠᠯᠠᠭ᠎ᠠ ᠮᠥᠴᠢᠷ ᠢ ᠱᠠᠭᠠᠷᠳᠠᠵᠤ ᠪᠠᠶᠢᠭᠠᠳ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ | ᠢᠲᠡᠭᠡᠮᠵᠢ ᠶᠢᠨ ᠨᠢᠭᠡᠳᠦᠯᠲᠡᠢ ᠺᠣᠳ᠋ ᠤᠨ ᠡᠯᠧᠺᠲᠷᠣᠨ ᠵᠠᠰᠠᠭ ᠤᠨ ᠶᠠᠪᠤᠳᠠᠯ᠂ ᠡᠯᠧᠺᠲᠷᠣᠨ ᠬᠤᠳᠠᠯᠳᠤᠭᠠᠨ ᠤ | ᠶᠠᠪᠤᠳᠠᠯ ᠪᠠ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠳᠤ ᠬᠡᠷᠡᠭᠯᠡᠬᠦ ᠠᠵᠢᠯ ᠤᠨ ᠡᠭᠦᠷᠭᠡ ᠬᠠᠷᠢᠭᠤᠴᠠᠯᠭ᠎ᠠ ᠶᠢ | ᠠᠬᠢᠭᠤᠯᠬᠤ ᠵᠡᠷᠭᠡ ᠪᠣᠯᠤᠨ᠎ᠠ᠃ ︽ᠠᠷᠭ᠎ᠠ︾ ᠨᠢ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ | ᠢᠲᠡᠭᠡᠮᠵᠢ ᠶᠢᠨ ᠨᠢᠭᠡᠳᠦᠯᠲᠡᠢ ᠺᠣᠳ᠋ ᠤᠨ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠨᠡᠶᠢᠭᠡᠮ ᠤᠨ ᠢᠲᠡᠭᠡᠮᠵᠢ ᠶᠢᠨ | ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠤᠯᠠᠮ ᠨᠢᠭᠡ | ᠠᠯᠬᠤᠮ ᠰᠢᠯᠢᠳᠡᠭᠵᠢᠭᠦᠯᠬᠦ ᠳᠤ ᠨᠥᠬᠦᠴᠡᠯ ᠪᠦᠷᠢᠯᠳᠦᠭᠦᠯᠵᠦ ᠥᠭᠴᠡᠶ᠃ | ᠭᠤᠷᠪᠠ ᠳᠤ᠂ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ | ᠺᠣᠳ᠋ ᠤᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠪᠠ ᠵᠠᠰᠠᠬᠤ ᠴᠢᠳᠠᠪᠤᠷᠢ ᠶᠢ | ᠳᠡᠭᠡᠭᠰᠢᠯᠡᠭᠦᠯᠪᠡ᠃ ᠵᠠᠰᠠᠭ ᠤᠨ ᠣᠷᠳᠣᠨ ᠵᠢᠴᠢ ᠲᠡᠭᠦᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠵᠣᠬᠢᠶᠠᠨ | ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠲᠤᠭ᠎ᠠ ᠪᠠᠷᠢᠮᠲᠠ ᠪᠠᠷ | ᠰᠠᠭᠤᠷᠢ ᠪᠣᠯᠭᠠᠵᠤ᠂ ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ | ︔ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠵᠢᠴᠢ ᠲᠡᠭᠦᠨ ᠤ | ᠰᠠᠭᠤᠷᠢ ᠮᠡᠳᠡᠭᠡ ᠵᠠᠩᠭᠢ ᠶᠢ ᠠᠰᠢᠭᠯᠠᠨ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠮᠡᠳᠡᠭᠡ ᠵᠠᠩᠭᠢ ᠶᠢᠨ | ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠶᠢ ᠠᠬᠢᠭᠤᠯᠬᠤ ᠶᠢᠨ ᠬᠠᠮᠲᠤ᠂ ᠨᠡᠶᠢᠭᠡᠮ ᠪᠠ ᠵᠠᠬ᠎ᠠ ᠳᠡᠯᠭᠡᠭᠦᠷ ᠤᠨ ᠡᠯ᠎ᠡ | ᠲᠠᠯ᠎ᠠ ᠶᠢᠨ ᠮᠡᠳᠡᠭᠡ ᠵᠠᠩᠭᠢ ᠶᠢ ᠰᠣᠯᠢᠯᠴᠠᠵᠤ ᠡᠮᠬᠢᠯᠡᠨ ᠨᠡᠶᠢᠯᠡᠭᠦᠯᠵᠦ᠂ ᠠᠰᠢᠭᠯᠠᠵᠤ ᠪᠣᠯᠬᠤᠶᠢᠴᠠ ᠲᠣᠮᠣ | ᠳ᠋ᠠᠶᠢᠲ᠋ᠠ ᠶᠢᠨ ᠡᠬᠢ ᠪᠠᠶᠠᠯᠢᠭ ᠢ ᠪᠣᠶ ᠪᠣᠯᠭᠠᠨ᠂ ᠭᠦᠨ ᠲᠠᠰ ᠳᠠᠪᠬᠤᠷᠭ᠎ᠠ ᠶᠢᠨ ᠬᠡᠷᠡᠭᠯᠡᠯᠲᠡ ᠶᠢ ᠳᠡᠯᠭᠡᠷᠡᠭᠦᠯᠵᠦ᠂ | ᠥᠪᠡᠷᠲᠡᠭᠡᠨ ᠵᠠᠰᠠᠬᠤ ᠣᠷᠣᠨ ᠤ ᠠᠵᠤ ᠠᠬᠤᠶ᠂ ᠨᠡᠶᠢᠭᠡᠮ ᠤᠨ ᠪᠥᠲᠥᠭᠡᠨ ᠪᠠᠶᠢᠭᠤᠯᠤᠯᠲᠠ ᠳᠤ ᠰᠢᠢᠳᠪᠦᠷᠢᠲᠦ | ᠪᠣᠳᠣᠯᠭ᠎ᠠ ᠶᠢᠨ ᠦᠨᠳᠦᠰᠦᠯᠡᠯ ᠬᠠᠩᠭᠠᠵᠤ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠠᠵᠢᠯ ᠦᠢᠯᠡᠰ ᠤᠨ | ᠬᠥᠭᠵᠢᠯᠲᠡ ᠶᠢ ᠬᠠᠮᠠᠭᠠᠯᠠᠨ᠎ᠠ᠃ | ᠲᠦᠷᠪᠡ ᠳᠤ᠂ ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠢᠭᠡᠳᠦᠯᠲᠡᠢ | ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠢᠶᠠᠷ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠪᠡᠶ᠎ᠡ ᠶᠢᠨ | ᠭᠠᠷᠤᠯ ᠢ ᠢᠯᠭᠠᠬᠤ ᠺᠣᠳ᠋ ᠪᠣᠯᠭᠠᠬᠤ ᠨᠡᠶᠢᠭᠡᠮ ᠤᠨ ᠪᠣᠳᠠᠲᠤ ᠬᠡᠷᠡᠭᠴᠡᠭᠡ ᠳᠤ ᠬᠠᠷᠢᠭᠤᠯᠲᠠ ᠥᠭᠴᠡᠢ᠃ ᠥᠪᠡᠷᠲᠡᠭᠡᠨ | ᠵᠠᠰᠠᠬᠤ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ | ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠶᠠᠪᠤᠴᠠ ᠳᠤ᠂ ᠵᠣᠬᠢᠶᠠᠨ ᠪᠠᠶᠢᠭᠤᠯᠤᠯᠲᠠ | ᠪᠠᠶᠢᠭᠤᠯᠤᠮᠵᠢ ᠶᠢᠨ ᠪᠡᠶ᠎ᠡ ᠶᠢᠨ ᠭᠠᠷᠤᠯ ᠢ ᠢᠯᠭᠠᠨ ᠲᠠᠨᠢᠬᠤ ᠨᠢᠭᠡᠳᠦᠯᠲᠡᠶ ᠪᠠᠷᠢᠮᠵᠢᠶ᠎ᠠ ᠳᠤᠲᠠᠭᠳᠠᠵᠤ᠂ ᠵᠣᠬᠢᠶᠠᠨ | ᠪᠠᠶᠢᠭᠤᠯᠤᠯᠲᠠ ᠪᠠᠶᠢᠭᠤᠯᠤᠮᠵᠢ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠳᠡᠩᠰᠡᠯᠡᠨ ᠲᠡᠮᠳᠡᠭᠯᠡᠭᠰᠡᠨ ᠵᠦᠢᠯᠡᠰ | ᠪᠦᠷᠢᠨ ᠪᠤᠰᠤ᠂ ᠦᠢᠯᠡᠳᠪᠦᠷᠢᠯᠡᠯ ᠡᠵᠡᠩᠨᠡᠯᠲᠡ ᠶᠢᠨ ᠮᠡᠳᠡᠭᠡ ᠵᠠᠩᠭᠢ ᠪᠦᠷᠢᠨ ᠪᠤᠰᠤ ᠪᠠᠶᠢᠬᠤ ᠠᠴᠠ ᠪᠣᠯᠤᠭᠰᠠᠨ | ᠭᠠᠶᠢᠯᠢ ᠲᠠᠲᠠᠪᠤᠷᠢ᠂ ᠰᠲ᠋ᠣᠺ ᠤᠨ ᠡᠷᠬᠡ ᠶᠢ ᠰᠢᠯᠵᠢᠭᠦᠯᠦᠨ ᠥᠭᠬᠦ ᠵᠡᠷᠭᠡ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢᠨ | ᠲᠠᠯ᠎ᠠ ᠪᠠᠷ ᠬᠢ ᠳᠤᠲᠠᠭᠳᠠᠯ ᠲᠠᠢ ᠦᠵᠡᠭᠳᠡᠯ ᠢ ᠢᠯᠡᠷᠡᠭᠦᠯᠵᠦ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ | ᠠᠯᠳᠠᠭᠳᠠᠯ ᠲᠠᠢ ᠪᠣᠯᠭᠠᠪᠠ᠃ ᠡᠶᠢᠮᠦ ᠠᠴᠠ᠂ ᠬᠠᠤᠯᠢ ᠲᠣᠭᠲᠠᠭᠠᠬᠤ ᠪᠠᠷ ᠳᠠᠮᠵᠢᠭᠤᠯᠤᠨ ᠵᠣᠬᠢᠶᠠᠨ ᠪᠠᠶᠢᠭᠤᠯᠤᠯᠲᠠ | ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠬᠠᠮᠢᠶᠠᠷᠤᠯᠲᠠ ᠶᠢᠨ ᠠᠷᠭ᠎ᠠ ᠮᠠᠶ᠋ᠢᠭ ᠪᠠ | ᠲᠠᠰ ᠳᠠᠷᠠᠭᠠᠯᠠᠯ ᠢ ᠨᠢᠭᠡᠳᠦᠯᠲᠡᠶ ᠪᠣᠯᠭᠠᠬᠤ ᠵᠡᠷᠭᠡ ᠠᠭᠤᠯᠭ᠎ᠠ ᠶᠢ ᠲᠣᠳᠣᠷᠬᠠᠶᠢᠯᠠᠵᠤ᠂ ᠬᠢᠨᠠᠨ ᠬᠠᠮᠢᠶᠠᠷᠬᠤ ᠠᠷᠭ᠎ᠠ | ᠬᠡᠮᠵᠢᠶ᠎ᠡ ᠶᠢ ᠲᠡᠭᠦᠯᠳᠡᠷᠵᠢᠭᠦᠯᠦᠨ᠂ ᠲᠦᠷᠢᠮ ᠤᠨ ᠠᠯᠳᠠᠰᠢ ᠭᠠᠷᠬᠤ ᠶᠢ ᠬᠤᠷᠢᠭᠯᠠᠵᠤ᠂ ᠥᠪᠡᠷᠲᠡᠭᠡᠨ ᠵᠠᠰᠠᠬᠤ | ᠣᠷᠣᠨ ᠤ ᠨᠡᠭᠦᠷᠡᠰᠦᠨ ᠤ ᠡᠬᠢ ᠪᠠᠶᠠᠯᠢᠭ ᠢ ᠡᠮᠬᠢ ᠵᠢᠷᠤᠮ ᠲᠠᠢ ᠪᠠᠷ ᠨᠡᠭᠡᠭᠡᠨ ᠠᠰᠢᠭᠯᠠᠬᠤ ᠶᠢ ᠳᠥᠯᠭᠢᠨ ᠠᠬᠢᠭᠤᠯᠵᠤ᠂ | ᠨᠡᠭᠦᠷᠡᠰᠦ ᠵᠡᠷᠭᠡ ᠡᠬᠢ ᠪᠠᠶᠠᠯᠢᠭ ᠤᠨ ᠠᠵᠤ ᠦᠢᠯᠡᠰ ᠢ ᠬᠦᠴᠦᠷᠬᠡᠭᠵᠢᠭᠦᠯᠦᠨ ᠪᠤᠵᠠᠭᠠᠶᠢᠷᠠᠭᠤᠯᠬᠤ ᠨᠢ ᠪᠣᠳᠠᠲᠤ ᠠᠴᠢ | ᠬᠤᠯᠪᠣᠭᠳᠠᠯ ᠲᠠᠢ ᠶᠤᠮ᠃ | ᠲᠠᠪᠤ ᠳᠤ᠂ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ | ᠺᠣᠳ᠋ ᠤᠨ ᠬᠠᠮᠢᠶᠠᠷᠤᠯᠲᠠ ᠶᠢᠨ ᠬᠠᠤᠯᠢ ᠴᠠᠭᠠᠵᠠ ᠶᠢᠨ ᠲᠦᠷᠢᠮ ᠢ ᠨᠢᠭᠡᠳᠦᠯᠲᠡᠢ ᠪᠣᠯᠭᠠᠬᠤ ᠪᠠᠷ ᠳᠠᠮᠵᠢᠭᠤᠯᠤᠨ | ᠤᠳᠤ ᠶᠢᠨ ᠬᠡᠷᠡᠭᠵᠢᠭᠦᠯᠵᠦ ᠪᠠᠶᠢᠭ᠎ᠠ ᠬᠠᠤᠯᠢ ᠲᠣᠭᠲᠠᠭᠠᠯᠲᠠ ᠶᠢᠨ ᠥᠪᠡᠷᠲᠡᠭᠡᠨ ᠵᠠᠰᠠᠬᠤ ᠣᠷᠣᠨ ᠤ ᠤᠤᠯ ᠤᠨ | ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠺᠣᠳ᠋ ᠤᠨ ᠬᠠᠮᠢᠶᠠᠷᠤᠯᠲᠠ ᠳᠤ ᠲᠣᠬᠢᠷᠠᠭᠤᠯᠤᠯᠲᠠ ᠬᠢᠭᠰᠡᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠺᠣᠳ᠋ ᠤᠨ | ᠬᠠᠮᠢᠶᠠᠷᠤᠯᠲᠠ ᠶᠢᠨ ᠠᠷᠭ᠎ᠠ︾ ᠪᠣᠯ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠺᠣᠳ᠋ ᠤᠨ ᠠᠵᠢᠯ ᠢ | ᠵᠢᠷᠤᠮᠵᠢᠭᠤᠯᠬᠤ ᠵᠠᠰᠠᠭ ᠤᠨ ᠣᠷᠳᠣᠨ ᠤ ᠨᠢᠭᠡᠨ ᠴᠢᠬᠤᠯᠠ ᠲᠦᠷᠢᠮ ᠲᠣᠭᠲᠠᠭᠠᠯ ᠪᠣᠯᠤᠨ᠎ᠠ᠂ ᠲᠣᠰ ᠠᠷᠭ᠎ᠠ ᠶᠢ | 2018 ᠣᠨ ᠳᠤ ᠬᠦᠴᠦᠨ ᠥᠬᠡᠶ ᠪᠣᠯᠭᠠᠪᠠ᠃ ᠡᠶᠢᠮᠦ ᠠᠴᠠ᠂ ︽ᠠᠷᠭ᠎ᠠ︾ ᠶᠢᠨ ᠬᠤᠯᠪᠣᠭᠳᠠᠯ ᠪᠦᠬᠦᠢ | ᠲᠣᠭᠲᠠᠭᠠᠯ ᠪᠣᠯ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ | ᠬᠠᠮᠢᠶᠠᠷᠤᠯᠲᠠ ᠶᠢᠨ ᠲᠦᠷᠢᠮ ᠤᠨ ᠦᠢᠯᠡᠳᠦᠯᠭᠡ ᠶᠢᠨ ᠲᠤᠷᠰᠢᠯᠭ᠎ᠠ ᠶᠢᠨ ᠳ᠋ᠦᠩᠨᠡᠯᠲᠡ ᠪᠣᠯᠬᠤ ᠪᠥᠭᠡᠳ | ᠪᠠᠷᠠᠭᠠᠯᠬᠢᠯᠠᠯ ᠤᠨ ᠴᠢᠨᠠᠷᠲᠠᠶ ᠬᠠᠤᠯᠢ ᠴᠠᠭᠠᠵᠠ ᠶᠢᠨ ᠲᠦᠷᠢᠮ ᠤᠨ ᠵᠢᠷᠤᠭ ᠲᠥᠯᠥᠪᠯᠡᠭᠡ ᠪᠠᠷ ᠳᠠᠮᠵᠢᠭᠤᠯᠤᠨ | ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋ ᠤᠨ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠵᠤ᠂ ᠬᠠᠤᠯᠢ ᠪᠠᠷ | ᠵᠠᠰᠠᠬᠤ ᠶᠢ ᠬᠥᠲᠥᠯᠦᠨ ᠵᠢᠯᠣᠭᠤᠳᠴᠤ ᠪᠠᠶᠢᠳᠠᠭ᠃ | |