| 10 ᠳ᠋ᠤᠭᠠᠷ ᠰᠠᠷ᠎ᠠ ᠶᠢᠨ 19 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ | ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ 2021 ᠣᠨ ᠤ ᠪᠥᠬᠦ ᠣᠷᠣᠨ ᠤ ᠲᠦᠷᠦᠭᠦᠦ ᠭᠤᠷᠪᠠᠨ | ᠤᠯᠠᠷᠢᠯ ᠤᠨ ᠠᠵᠤ ᠠᠬᠤᠶ ᠶᠢᠨ ᠡᠷᠭᠢᠯᠲᠡ ᠶᠢᠨ ᠪᠠᠶᠢᠳᠠᠯ ᠤᠨ ᠲᠤᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ᠃ | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠳᠡᠳ᠋ ᠳᠠᠷᠤᠭ᠎ᠠ ᠰᠢᠶᠠ ᠷᠦᠩ ᠬᠤᠸᠠ | ᠭᠤᠤᠯ ᠰᠡᠳᠦᠪᠲᠦ ᠢᠯᠡᠳᠬᠡᠯ ᠬᠢᠭᠰᠡᠨ ᠪᠥᠭᠡᠳ ᠰᠣᠷᠪᠤᠯᠵᠢᠯᠠᠬᠴᠢᠳ ᠤᠨ ᠠᠰᠠᠭᠤᠯᠲᠠ ᠨᠤᠭᠤᠳ ᠢ ᠬᠠᠷᠢᠭᠤᠯᠪᠠ᠃ | | 2021 ᠣᠨ ᠤ ᠪᠥᠬᠦ ᠣᠷᠣᠨ ᠤ ᠲᠦᠷᠦᠭᠦᠦ ᠭᠤᠷᠪᠠᠨ ᠤᠯᠠᠷᠢᠯ ᠤᠨ ᠠᠵᠤ ᠠᠬᠤᠶ | ᠶᠢᠨ ᠡᠷᠭᠢᠯᠲᠡ ᠶᠢᠨ | ᠪᠠᠶᠢᠳᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷᠡᠬᠢ ᠨᠡᠶᠢᠲᠡᠯᠡᠯᠲᠡ ᠶᠢᠨ ᠦᠭᠡ | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ | ᠲᠣᠪᠴᠢᠶ᠎ᠠ ᠶᠢᠨ ᠳᠡᠳ᠋ ᠳᠠᠷᠤᠭ᠎ᠠ ᠰᠢᠶᠠ ᠷᠦᠩ ᠬᠤᠸᠠ | ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠢᠭᠡᠳᠦᠯᠲᠡᠶ ᠲᠣᠭᠠᠴᠠᠭ᠎ᠠ ᠬᠢᠭᠰᠡᠨ ᠦᠷ᠎ᠡ | ᠳ᠋ᠦᠩ ᠢ ᠦᠨᠳᠦᠰᠦᠯᠡᠪᠡᠯ᠂ 2021 ᠣᠨ ᠤ ᠲᠦᠷᠦᠭᠦᠦ ᠭᠤᠷᠪᠠᠨ ᠤᠯᠠᠷᠢᠯ ᠳᠤ ᠪᠥᠬᠦ ᠣᠷᠣᠨ ᠤ ᠭᠠᠵᠠᠷ ᠣᠷᠣᠨ | ᠤ ᠦᠶᠯᠡᠳᠪᠦᠷᠢᠯᠡᠯ ᠤᠨ ᠶᠡᠷᠦᠩᠬᠡᠶ ᠥᠷᠲᠡᠭ 14491.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 7.8% ᠨᠡᠮᠡᠭᠳᠡᠵᠡᠢ᠃ ᠡᠭᠦᠨ ᠳᠤ᠂ ᠨᠢᠭᠡᠳᠦᠭᠡᠷ ᠠᠵᠤ ᠦᠶᠯᠡᠰ ᠤᠨ ᠨᠡᠮᠡᠭᠳᠡᠯ | ᠥᠷᠲᠡᠭ 784.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.1% | ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 2.1% ᠨᠡᠮᠡᠭᠳᠡᠪᠡ︔ ᠬᠤᠶᠠᠳᠤᠭᠠᠷ ᠠᠵᠤ ᠦᠶᠯᠡᠰ ᠤᠨ ᠨᠡᠮᠡᠭᠳᠡᠯ | ᠥᠷᠲᠡᠭ 6679.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.5% | ᠥᠰᠴᠦ᠂ ᠬᠤᠶᠠᠷ ᠵᠢᠯ ᠳᠤ ᠳᠤᠮᠳᠠᠴᠢ ᠪᠠᠷ 3.2% ᠨᠡᠮᠡᠭᠳᠡᠪᠡ︔ ᠭᠤᠷᠪᠠᠳᠤᠭᠠᠷ ᠠᠵᠤ ᠦᠶᠯᠡᠰ ᠤᠨ ᠨᠡᠮᠡᠭᠳᠡᠯ | ᠥᠷᠲᠡᠭ 7027.0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.4% | ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 2.6% ᠨᠡᠮᠡᠭᠳᠡᠪᠡ᠃ | ᠨᠢᠭᠡ᠂ ᠲᠠᠷᠢᠶᠠᠯᠠᠩ ᠤᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠵᠦ᠂ ᠮᠠᠯ ᠠᠵᠤ ᠠᠬᠤᠶ ᠶᠢᠨ | ᠬᠥᠭᠵᠢᠯᠲᠡ ᠲᠣᠭᠲᠠᠭᠤᠨ ᠢᠶᠠᠷ ᠰᠠᠶᠢᠵᠢᠷᠠᠪᠠ | ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠲᠠᠷᠢᠶᠠᠯᠠᠩ ᠣᠶ ᠰᠢᠭᠤᠶ ᠮᠠᠯ ᠠᠵᠤ ᠠᠬᠤᠶ | ᠵᠢᠭᠠᠰᠤᠨ ᠠᠵᠤ ᠠᠬᠤᠶ ᠶᠢᠨ ᠦᠶᠯᠡᠳᠬᠦᠨ ᠤ ᠶᠡᠷᠦᠩᠬᠡᠢ ᠥᠷᠲᠡᠭ 1450.4 ᠳ᠋ᠦᠩᠰᠢᠭᠤᠷ ᠲᠥᠭᠦᠷᠢᠭ ᠲᠤ | ᠬᠦᠷᠴᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 4.8% | ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 2.5% ᠨᠡᠮᠡᠭᠳᠡᠪᠡ᠃ ᠮᠠᠯ ᠠᠵᠤ ᠠᠬᠤᠢ ᠶᠢᠨ ᠦᠢᠯᠡᠳᠪᠦᠷᠢᠯᠡᠯ ᠤᠨ | ᠪᠠᠶᠢᠳᠠᠯ ᠰᠠᠶᠢᠵᠢᠷᠠᠪᠠ᠃ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠭᠠᠭ᠋ᠠᠶ ᠦᠬᠡᠷ ᠬᠤᠨᠢ ᠵᠢᠭᠦᠷᠲᠡᠨ ᠤ | ᠮᠢᠬᠠᠨ ᠭᠠᠷᠤᠯᠲᠠ 172.8 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.5% | ᠨᠡᠮᠡᠭᠳᠡᠪᠡ᠃ ᠭᠠᠭ᠋ᠠᠢ ᠲᠡᠵᠢᠭᠡᠬᠦ ᠦᠢᠯᠡᠳᠪᠦᠷᠢᠯᠡᠯ ᠤᠨ ᠴᠢᠳᠠᠪᠤᠷᠢ ᠶᠢ ᠦᠷᠭᠦᠯᠵᠢᠯᠡᠨ ᠰᠡᠷᠭᠦᠭᠡᠪᠡ᠃ ᠠᠮᠢᠳᠤ ᠭᠠᠭ᠋ᠠᠶ | ᠶᠢᠨ ᠲᠤᠭ᠎ᠠ 570.3 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.8% ᠨᠡᠮᠡᠭᠳᠡᠪᠡ︔ | ᠭᠠᠭ᠋ᠠᠢ ᠶᠢᠨ ᠮᠢᠬᠠᠨ ᠤ ᠭᠠᠷᠤᠯᠲᠠ 50.3 ᠲᠦᠮᠡᠨ ᠲᠣᠨ ᠳᠤ ᠬᠦᠷᠴᠦ᠂ 10.9% ᠨᠡᠮᠡᠭᠳᠡᠪᠡ᠃ ︽ᠬᠤᠨᠢᠨ | ᠲᠤᠭ᠎ᠠ ᠶᠢ ᠲᠣᠭᠲᠠᠪᠤᠷᠢᠵᠢᠭᠤᠯᠤᠨ ᠦᠬᠡᠷ ᠤᠨ ᠲᠤᠭ᠎ᠠ ᠶᠢ ᠨᠡᠮᠡᠭᠳᠡᠭᠦᠯᠬᠦ︾ ᠲᠥᠷᠥ ᠶᠢᠨ ᠪᠣᠳᠣᠯᠭ᠎ᠠ ᠶᠢᠨ | ᠵᠢᠯᠣᠭᠤᠳᠣᠯᠭ᠎ᠠ ᠳᠠᠭᠠᠤ᠂ ᠪᠥᠬᠦ ᠣᠷᠣᠨ ᠳᠤ 770.5 ᠲᠦᠮᠡᠨ ᠲᠣᠯᠤᠭᠠᠢ ᠦᠬᠡᠷ ᠪᠠᠶᠢᠵᠤ᠂ ᠠᠳᠠᠯᠢ | ᠬᠤᠭᠤᠴᠠᠭᠠᠨ ᠤ ᠬᠢ ᠠᠴᠠ 10.7% ᠨᠡᠮᠡᠭᠳᠡᠵᠦ᠂ ᠦᠬᠡᠷ ᠤᠨ ᠮᠢᠬᠠᠨ ᠤ ᠭᠠᠷᠤᠯᠲᠠ | 38.3 ᠲᠦᠮᠡᠨ ᠲᠣᠨ ᠳᠤ ᠬᠦᠷᠴᠦ᠂ 0.4% ᠥᠰᠪᠡ︔ ᠬᠤᠨᠢᠨ ᠲᠤᠭ᠎ᠠ 6400.1 ᠲᠦᠮᠡ ᠲᠣᠯᠤᠭᠠᠢ ᠳᠤ | ᠬᠦᠷᠴᠦ᠂ 1.4% ᠨᠡᠮᠡᠭᠳᠡᠨ᠂ ᠬᠤᠨᠢᠨ ᠮᠢᠬᠠᠨ ᠤ ᠭᠠᠷᠤᠯᠲᠠ 71.4 ᠲᠦᠮᠡᠨ ᠲᠣᠨ ᠳᠤ ᠬᠦᠷᠴᠦ᠂ 0.5% | ᠨᠡᠮᠡᠭᠳᠡᠪᠡ᠃ ᠴᠠᠭᠠᠨ ᠢᠳᠡᠭᠡᠨ ᠤ ᠦᠶᠯᠡᠰ ᠡᠷᠡᠭᠦᠯ ᠪᠥᠭᠡᠳ ᠡᠮᠬᠢ ᠵᠢᠷᠤᠮ ᠲᠠᠢ ᠭᠥᠭᠵᠢᠵᠡᠢ᠃ ᠲᠦᠷᠦᠭᠦᠦ | ᠭᠤᠷᠪᠠᠨ ᠤᠯᠠᠷᠢᠯ ᠳᠤ᠂ ᠰᠠᠭᠠᠯᠢ ᠶᠢᠨ ᠦᠨᠢᠶ᠎ᠡ 147.6 ᠲᠦᠮᠡ ᠲᠣᠯᠤᠭᠠᠢ ᠳᠤ ᠬᠦᠷᠴᠦ᠂ 17.8% ᠨᠡᠮᠡᠭᠳᠡᠪᠡ︔ | ᠦᠨᠢᠶᠡᠨ ᠰᠦ ᠶᠢᠨ ᠭᠠᠷᠤᠯᠲᠠ 388.1 ᠲᠦᠮᠡᠨ ᠲᠣᠨ ᠳᠤ ᠬᠦᠷᠴᠦ᠂ 19.0% ᠨᠡᠮᠡᠭᠳᠡᠪᠡ᠃ | ᠬᠤᠶᠠᠷ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠨᠡᠮᠡᠭᠳᠡᠯ ᠢ ᠪᠠᠲᠤᠯᠠᠵᠤ᠂ ᠶᠠᠰᠤ ᠴᠢᠨᠠᠷ ᠦᠷ᠎ᠡ ᠠᠰᠢᠭ | ᠢᠯᠡᠳᠲᠡ ᠳᠡᠭᠡᠭᠰᠢᠯᠡᠪᠡ | ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ | ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.4% ᠨᠡᠮᠡᠭᠳᠡᠵᠦ᠂ ᠬᠤᠶᠠᠷ ᠵᠢᠯ ᠳᠤ ᠳᠤᠮᠳᠠᠴᠢ | ᠪᠠᠷ 2.6% ᠥᠰᠪᠡ᠃ ᠭᠤᠷᠪᠠᠨ ᠶᠡᠭᠡ ᠲᠥᠷᠥᠯ ᠵᠦᠶᠯ ᠳᠤ᠂ ᠦᠶᠯᠡᠳᠬᠦ ᠦᠶᠯᠡᠰ ᠲᠤᠯᠭᠠᠭᠤᠷᠢᠯᠠᠬᠤ ᠦᠶᠯᠡᠳᠦᠯ | ᠪᠠᠳᠠᠷᠠᠭᠤᠯᠵᠤ᠂ ᠦᠶᠯᠡᠳᠬᠦ ᠦᠶᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 14.1% | ᠨᠡᠮᠡᠭᠳᠡᠵᠦ᠂ ᠠᠭᠤᠷᠬᠠᠶ ᠮᠠᠯᠲᠠᠬᠤ ᠦᠶᠯᠡᠰ 4.9% ᠨᠡᠮᠡᠭᠳᠡᠨ᠂ ᠴᠠᠬᠢᠯᠭᠠᠨ ᠬᠦᠴᠦᠨ᠂ ᠢᠯᠴᠢ᠂ ᠰᠢᠲᠠᠮᠠᠬᠠᠶ ᠬᠡᠶ | ᠵᠢᠴᠢ ᠤᠰᠤᠨ ᠤ ᠦᠶᠯᠡᠳᠪᠦᠷᠢᠯᠡᠯ ᠪᠠ ᠬᠠᠩᠭᠠᠯᠭ᠎ᠠ ᠶᠢᠨ ᠦᠶᠯᠡᠰ | 0.3% ᠪᠠᠭᠤᠷᠠᠭᠰᠠᠨ ᠪᠠᠶᠢᠨ᠎ᠠ᠃ ᠰᠢᠨ᠎ᠡ ᠪᠠᠷ ᠬᠥᠭᠵᠢᠭᠰᠡᠨ ᠠᠵᠤ ᠦᠢᠯᠡᠰ ᠲᠦᠷᠭᠡᠨ ᠢᠶᠠᠷ ᠦᠰᠦᠨ ᠪᠣᠶᠢᠵᠢᠪᠠ᠃ | ᠠᠵᠤ ᠦᠶᠯᠡᠳᠪᠦᠷᠢ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠶᠯᠡᠰ ᠤᠨ | ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 14.4% ᠨᠡᠮᠡᠭᠳᠡᠵᠦ᠂ ᠳᠡᠭᠡᠳᠦ ᠮᠡᠷᠭᠡᠵᠢᠯ ᠤᠨ ᠦᠶᠯᠡᠳᠬᠦ | ᠦᠶᠯᠡᠰ 27.0% ᠨᠡᠮᠡᠭᠳᠡᠵᠡᠢ᠃ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠠᠵᠤ | ᠦᠶᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 9.0% ᠨᠡᠮᠡᠭᠳᠡᠵᠦ᠂ ᠨᠡᠭᠦᠷᠡᠰᠦᠨ ᠤ ᠪᠤᠰᠤ | ᠠᠵᠤ ᠦᠶᠯᠡᠰ 9.8% ᠨᠡᠮᠡᠭᠳᠡᠪᠡ᠃ ᠦᠢᠯᠡᠳᠬᠦᠨ ᠤ ᠭᠠᠷᠤᠯᠲᠠ ᠠᠴᠠ ᠦᠵᠡᠪᠡᠯ᠂ ᠡᠯᠧᠺᠲᠷᠣᠨ ᠲᠤᠨᠤᠭ | 5494.5 ᠲᠦᠮᠡ ᠳᠤ ᠬᠦᠷᠴᠦ᠂ 86.8% ᠨᠡᠮᠡᠭᠳᠡᠪᠡ︔ ᠮᠠᠰᠢᠨ ᠲᠡᠷᠭᠡ 4.0 ᠲᠦᠮᠡ ᠳᠤ ᠬᠦᠷᠴᠦ᠂ 1.7 | ᠳᠠᠬᠢᠨ ᠨᠡᠮᠡᠭᠳᠡᠪᠡ︔ ᠴᠠᠭᠠᠨ ᠢᠳᠡᠭᠡ 268.9 ᠲᠦᠮᠡᠨ ᠲᠣᠨ ᠳᠤ ᠬᠦᠷᠴᠦ᠂ 8.5% ᠨᠡᠮᠡᠭᠳᠡᠵᠡᠢ᠃ ᠳᠠᠬᠢᠨ | ᠡᠭᠦᠰᠴᠦ ᠪᠣᠯᠬᠤ ᠡᠨᠧᠷᠭᠢ ᠶᠢᠨ ᠡᠵᠡᠯᠡᠬᠦ ᠬᠠᠷᠢᠴᠠᠯ ᠳᠡᠭᠡᠭᠰᠢᠯᠡᠪᠡ᠃ ᠲᠦᠷᠦᠭᠦᠦ ᠭᠤᠷᠪᠠᠨ ᠤᠯᠠᠷᠢᠯ ᠳᠤ᠂ ᠳᠠᠬᠢᠨ | ᠡᠭᠦᠰᠴᠦ ᠪᠣᠯᠬᠤ ᠡᠨᠧᠷᠭᠢ ᠪᠠᠷ ᠴᠠᠬᠢᠯᠭᠠᠨ ᠭᠠᠷᠭᠠᠭᠰᠠᠨ ᠬᠡᠮᠵᠢᠶ᠎ᠡ 764.1 ᠳ᠋ᠦᠩᠰᠢᠭᠤᠷ ᠺᠢᠯᠣᠸᠠᠲ ᠴᠠᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 24.4% ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ | ᠦᠶᠯᠡᠳᠪᠦᠷᠢ ᠶᠢᠨ ᠠᠵᠤ ᠠᠬᠤᠶᠢᠯᠠᠯ ᠤᠨ ᠴᠠᠬᠢᠯᠭᠠᠨ ᠭᠠᠷᠭᠠᠭᠰᠠᠨ ᠬᠡᠮᠵᠢᠶ᠎ᠡ ᠶᠢᠨ 17.4% ᠶᠢ ᠡᠵᠡᠯᠡᠵᠦ᠂ | ᠠᠳᠠᠯᠢ ᠬᠤᠭᠤᠴᠠᠭᠠᠨ ᠤ ᠬᠢ ᠠᠴᠠ 2.8 ᠵᠠᠭᠤᠨ ᠤ ᠴᠡᠭ ᠳᠡᠭᠡᠭᠰᠢᠯᠡᠪᠡ᠃ | ᠦᠶᠯᠡᠳᠪᠦᠷᠢᠯᠡᠯ ᠪᠣᠷᠣᠯᠠᠭᠤᠯᠭ᠎ᠠ ᠨᠡᠯᠢᠶᠡᠳ ᠰᠠᠶᠢᠨ ᠵᠣᠯᠭᠠᠯᠳᠤᠪᠠ᠃ ᠪᠥᠬᠦ ᠣᠷᠣᠨ ᠤ ᠬᠡᠪᠴᠢᠶᠡᠵᠢᠯ ᠠᠴᠠ | ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠦᠶᠯᠡᠳᠬᠦᠨ ᠤ ᠪᠣᠷᠣᠯᠠᠭᠤᠯᠭ᠎ᠠ ᠶᠢᠨ ᠨᠣᠷᠮ᠎ᠠ 7 | ᠰᠠᠷ᠎ᠠ ᠳᠠᠷᠠᠭᠠᠯᠠᠨ 100% ᠶᠢ ᠳᠠᠪᠠᠵᠤ᠂ ᠲᠦᠷᠦᠭᠦᠦ ᠭᠤᠷᠪᠠᠨ ᠤᠯᠠᠷᠢᠯ ᠳᠤ ᠬᠡᠪᠴᠢᠶᠡᠵᠢᠯ ᠠᠴᠠ ᠳᠡᠭᠡᠭᠰᠢᠬᠢ | ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠦᠶᠯᠡᠳᠬᠦᠨ ᠤ ᠪᠣᠷᠣᠯᠠᠭᠤᠯᠭ᠎ᠠ ᠶᠢᠨ ᠨᠣᠷᠮ᠎ᠠ 100.4% ᠳᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 0.6 ᠵᠠᠭᠤᠨ ᠤ ᠴᠡᠭ ᠳᠡᠭᠡᠭᠰᠢᠯᠡᠪᠡ᠃ | 1 ᠠᠴᠠ 8 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ | ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 14385.8 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 35.6% ᠥᠰᠴᠦ᠂ ᠬᠤᠶᠠᠷ ᠵᠢᠯ ᠳᠤ ᠳᠤᠮᠳᠠᠴᠢ ᠪᠠᠷ 14.6% ᠨᠡᠮᠡᠭᠳᠡᠪᠡ︔ | ᠠᠰᠢᠭ ᠬᠤᠨᠵᠢᠪᠣᠷᠢ 1914.4 ᠳ᠋ᠦᠩᠰᠢᠭᠤᠷ ᠲᠥᠭᠦᠷᠢᠭ ᠲᠤ ᠬᠦᠷᠴᠦ᠂ 1.7 ᠳᠠᠬᠢᠨ ᠢᠶᠠᠷ ᠨᠡᠮᠡᠭᠳᠡᠨ᠂ ᠬᠤᠶᠠᠷ | ᠵᠢᠯ ᠳᠤ ᠳᠤᠮᠳᠠᠴᠢ ᠪᠠᠷ 38.3% ᠥᠰᠴᠡᠢ︔ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ | ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠶᠢᠨ ᠠᠰᠢᠭ ᠬᠤᠨᠵᠢᠪᠣᠷᠢ ᠶᠢᠨ ᠨᠣᠷᠮ᠎ᠠ 13.3% ᠪᠠᠶᠢᠵᠤ᠂ ᠠᠳᠠᠯᠢ | ᠬᠤᠭᠤᠴᠠᠭᠠᠨ ᠤ ᠬᠢ ᠠᠴᠠ 6.5 ᠵᠠᠭᠤᠨ ᠤ ᠴᠡᠭ ᠳᠡᠭᠡᠭᠰᠢᠯᠡᠪᠡ᠃ | ᠭᠤᠷᠪᠠ᠂ ᠦᠢᠯᠡᠴᠢᠯᠡᠭᠡᠨ ᠤ ᠦᠢᠯᠡᠰ ᠦᠷᠭᠦᠯᠵᠢᠯᠡᠨ ᠰᠡᠷᠭᠦᠵᠦ᠂ ᠬᠡᠰᠡᠭ ᠠᠵᠢᠯ ᠲᠥᠷᠥᠯ ᠨᠡᠯᠢᠶᠡᠳ ᠰᠠᠶᠢᠨ | ᠬᠠᠨᠳᠤᠰᠢ ᠲᠠᠢ ᠪᠣᠯᠵᠠᠢ | ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠦᠶᠯᠡᠴᠢᠯᠡᠭᠡᠨ ᠤ ᠦᠶᠯᠡᠰ ᠰᠡᠷᠭᠦᠯᠲᠡ ᠶᠢᠨ | ᠴᠢᠨᠠᠷᠲᠠᠶ ᠨᠡᠮᠡᠭᠳᠡᠯ ᠲᠠᠢ ᠪᠣᠯᠪᠠ᠂ ᠡᠭᠦᠨ ᠳᠤ᠂ ᠵᠠᠮ ᠬᠠᠷᠢᠯᠴᠠᠭ᠎ᠠ ᠲᠡᠭᠡᠭᠡᠪᠦᠷᠢ᠂ ᠰᠠᠩ ᠬᠥᠮᠦᠷᠭᠡ ᠶᠢᠨ ᠦᠢᠯᠡᠰ ᠪᠠ | ᠰᠢᠦᠳᠠᠨ ᠤ ᠦᠶᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 12.3% ᠨᠡᠮᠡᠭᠳᠡᠵᠦ᠂ ᠬᠤᠶᠠᠷ | ᠵᠢᠯ ᠳᠤ ᠳᠤᠮᠳᠠᠴᠢ ᠪᠠᠷ 3.2% ᠨᠡᠮᠡᠭᠳᠡᠪᠡ᠃ 1 ᠠᠴᠠ 8 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ | ᠠᠴᠠ ᠳᠡᠭᠡᠭᠰᠢᠬᠢ ᠦᠶᠯᠡᠴᠢᠯᠡᠭᠡᠨ ᠤ ᠦᠶᠯᠡᠰ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠠᠳᠠᠯᠢ | ᠬᠤᠭᠤᠴᠠᠭᠠᠨ ᠤ ᠬᠢ ᠠᠴᠠ 10.5% ᠨᠡᠮᠡᠭᠳᠡᠪᠡ᠃ ᠠᠵᠢᠯ ᠲᠥᠷᠥᠯ ᠢᠶᠠᠷ ᠬᠤᠪᠢᠶᠠᠵᠤ ᠦᠵᠡᠪᠡᠯ᠂ 26 | ᠦᠶᠯᠡᠴᠢᠯᠡᠭᠡᠨ ᠤ ᠦᠶᠯᠡᠰ ᠤᠨ ᠠᠵᠢᠯ ᠲᠥᠷᠥᠯ ᠤᠨ ᠲᠣᠮᠣ ᠲᠥᠷᠥᠯ ᠤᠨ ᠡᠵᠡᠩᠨᠡᠯᠲᠡ ᠶᠢᠨ ᠣᠷᠣᠯᠭ᠎ᠠ ᠠᠳᠠᠯᠢ | ᠬᠤᠭᠤᠴᠠᠭᠠᠨ ᠤ ᠬᠢ ᠠᠴᠠ ᠨᠡᠮᠡᠭᠳᠡᠪᠡ᠂ ᠡᠭᠦᠨ ᠳᠤ 22 ᠠᠵᠢᠯ ᠲᠥᠷᠥᠯ ᠨᠢ ᠬᠤᠶᠠᠷ ᠣᠷᠣᠨᠲᠤ ᠲᠤᠭ᠎ᠠ ᠪᠠᠷ | ᠨᠡᠮᠡᠭᠳᠡᠵᠡᠢ᠃ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠦᠢᠯᠡᠰ ᠤᠨ | ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 10.5% ᠨᠡᠮᠡᠭᠳᠡᠵᠦ᠂ ᠬᠤᠶᠠᠷ ᠵᠢᠯ ᠳᠤ | ᠳᠤᠮᠳᠠᠴᠢ ᠪᠠᠷ 4.2% ᠨᠡᠮᠡᠭᠳᠡᠪᠡ᠃ ᠠᠮᠢ ᠠᠬᠤᠢ ᠶᠢᠨ ᠬᠠᠮᠠᠭᠠᠯᠠᠯᠲᠠ ᠪᠠ ᠣᠷᠴᠢᠨ ᠲᠣᠭᠤᠷᠢᠨ ᠤ ᠵᠠᠰᠠᠯᠲᠠ ᠶᠢᠨ | ᠦᠢᠯᠡᠰ ᠤᠨ ᠡᠵᠡᠩᠨᠡᠯᠲᠡ ᠶᠢᠨ ᠣᠷᠣᠯᠭ᠎ᠠ 72.8% ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 18 . 7% | ᠨᠡᠮᠡᠭᠳᠡᠪᠡ᠃ | ᠳᠥᠷᠪᠡ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠲᠣᠭᠲᠠᠭᠤᠨ ᠢᠶᠠᠷ ᠰᠡᠷᠭᠦᠵᠦ᠂ ᠭᠤᠤᠯᠳᠠᠯᠭ᠎ᠠ | ᠲᠠᠢ ᠬᠦᠷᠢᠶᠡᠨ ᠤ ᠪᠡᠯᠡ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠪᠡ | ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ | ︵ᠲᠠᠷᠢᠶᠠᠴᠢᠨ ᠡᠷᠦᠬᠡ ᠶᠢᠨ ᠢ ᠪᠠᠭᠲᠠᠭᠠᠬᠤ ᠥᠬᠡᠶ︶ ᠠᠳᠠᠯᠢ ᠬᠤᠭᠤᠴᠠᠭᠠᠨ ᠤ ᠬᠢ ᠠᠴᠠ 9.8% ᠨᠡᠮᠡᠭᠳᠡᠭᠰᠡᠨ | ᠪᠠᠶᠢᠨ᠎ᠠ᠃ ᠬᠦᠷᠢᠶ᠎ᠡ ᠴᠠᠷᠠᠭ᠎ᠠ ᠬᠤᠪᠢᠶᠠᠵᠤ ᠦᠵᠡᠪᠡᠯ᠂ ᠰᠠᠭᠤᠷᠢ ᠪᠡᠯᠡᠳᠬᠡᠮᠵᠢ ᠶᠢᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 0.4% ᠨᠡᠮᠡᠭᠳᠡᠪᠡ᠃ ᠦᠶᠯᠡᠳᠬᠦ ᠦᠶᠯᠡᠰ ᠤᠨ ᠪᠠᠯᠠ ᠣᠷᠣᠭᠤᠯᠤᠯᠲᠠ 31.9% | ᠨᠡᠮᠡᠭᠳᠡᠵᠡᠢ᠃ ᠠᠵᠤ ᠦᠶᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠶᠯᠡᠰ ᠤᠨ ᠪᠠᠯᠠ ᠣᠷᠣᠭᠤᠯᠤᠯᠲᠠ | ᠠᠳᠠᠯᠢ ᠬᠤᠭᠤᠴᠠᠭᠠᠨ ᠤ ᠬᠢ ᠠᠴᠠ 4.6%᠂ ᠬᠤᠶᠠᠳᠤᠭᠠᠷ ᠠᠵᠤ ᠦᠶᠯᠡᠰ ᠤᠨ ᠪᠠᠯᠠ ᠣᠷᠣᠭᠤᠯᠤᠯᠲᠠ 24. | 2%᠂ ᠭᠤᠷᠪᠠᠳᠤᠭᠠᠷ ᠠᠵᠤ ᠦᠶᠯᠡᠰ ᠤᠨ ᠪᠠᠯᠠ ᠣᠷᠣᠭᠤᠯᠤᠯᠲᠠ 0.9% ᠨᠡᠮᠡᠭᠳᠡᠪᠡ᠃ ᠠᠷᠠᠳ ᠤᠨ ᠪᠠᠯᠠ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ ᠪᠠᠨ 17.4% ᠨᠡᠮᠡᠭᠳᠡᠵᠦ᠂ ᠬᠤᠶᠠᠷ ᠵᠢᠯ ᠳᠤ ᠳᠤᠮᠳᠠᠴᠢ | ᠪᠠᠷ 4.6% ᠨᠡᠮᠡᠭᠳᠡᠪᠡ᠃ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ 40.2% | ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 17.5% ᠨᠡᠮᠡᠭᠳᠡᠪᠡ᠃ ᠨᠡᠶᠢᠭᠡᠮ ᠤᠨ ᠬᠦᠷᠢᠶᠡᠨ ᠳᠠᠬᠢ ᠪᠠᠯᠠ | ᠣᠷᠣᠭᠤᠯᠤᠯᠲᠠ 16.0% ᠢᠶᠠᠷ ᠨᠡᠮᠡᠭᠳᠡᠵᠡᠢ᠃ | ᠭᠡᠷ ᠭᠠᠵᠠᠷ ᠰᠢᠷᠣᠶ ᠶᠢᠨ ᠬᠥᠷᠥᠩᠭᠡ ᠶᠢᠨ ᠨᠡᠭᠡᠭᠡᠯᠲᠡ ᠶᠢᠨ ᠪᠡᠯᠡ ᠣᠷᠣᠭᠤᠯᠤᠯᠲᠠ ᠨᠡᠮᠡᠭᠳᠡᠯ ᠢᠶᠠᠨ ᠪᠠᠲᠤᠯᠠᠪᠠ | ᠃ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠬᠡᠷ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠠᠯᠠ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ ᠪᠠᠨ 4.3% ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ | 6.6% ᠨᠡᠮᠡᠭᠳᠡᠪᠡ᠃ ᠪᠥᠬᠦ ᠣᠷᠣᠨ ᠤ ᠲᠠᠸᠠᠷ ᠤᠨ ᠬᠡᠷ ᠪᠠᠶᠢᠰᠢᠩ ᠤᠨ ᠪᠣᠷᠣᠯᠠᠭᠤᠯᠤᠭᠰᠠᠨ ᠲᠠᠯᠠᠪᠠᠶ 1383.8 | ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ 6.5% ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 3.6% | ᠨᠡᠮᠡᠭᠳᠡᠵᠡᠢ︔ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠬᠡᠮᠵᠢᠶ᠎ᠡ 930.5 ᠳ᠋ᠦᠩᠰᠢᠭᠤᠷ | ᠲᠥᠭᠦᠷᠢᠭ ᠲᠤ ᠬᠦᠷᠴᠦ᠂ 4.5% ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 9.6% ᠨᠡᠮᠡᠭᠳᠡᠪᠡ᠃ | ᠲᠠᠪᠤ᠂ ᠬᠡᠷᠡᠭᠯᠡᠭᠡᠨ ᠤ ᠵᠠᠬ᠎ᠠ ᠳᠡᠯᠭᠡᠭᠦᠷ ᠦᠷᠭᠦᠯᠵᠢᠯᠡᠨ ᠰᠡᠷᠭᠦᠵᠦ᠂ ᠳᠡᠰ ᠳᠡᠪᠰᠢᠭᠰᠡᠨ ᠲᠥᠷᠥᠯ ᠤᠨ ᠲᠠᠸᠠᠷ | ᠤᠨ ᠪᠣᠷᠣᠯᠠᠭᠤᠯᠭ᠎ᠠ ᠶᠢᠨ ᠬᠠᠨᠳᠤᠰᠢ ᠰᠠᠶᠢᠨ ᠪᠣᠯᠵᠠᠢ | ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ | ᠬᠤᠳᠠᠯᠳᠤᠭᠰᠠᠨ ᠶᠡᠷᠦᠩᠬᠡᠶ ᠲᠤᠭ᠎ᠠ 3548.0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 9.2% ᠨᠡᠮᠡᠭᠳᠡᠪᠡ᠃ ᠡᠵᠡᠩᠨᠡᠯᠲᠡ ᠶᠢᠨ ᠨᠢᠭᠡᠴᠢ ᠶᠢᠨ ᠪᠠᠶᠢᠭ᠎ᠠ ᠭᠠᠵᠠᠷ ᠢᠶᠠᠷ ᠬᠤᠪᠢᠶᠠᠪᠠᠯ᠂ ᠬᠤᠲᠠ | ᠪᠠᠯᠭᠠᠰᠤᠨ ᠤ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠲᠤᠭ᠎ᠠ 9.6% ᠨᠡᠮᠡᠭᠳᠡᠵᠦ᠂ ᠬᠥᠳᠡᠭᠡ | ᠲᠣᠰᠬᠤᠨ ᠤ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠲᠤᠭ᠎ᠠ 7.0% ᠨᠡᠮᠡᠭᠳᠡᠪᠡ᠃ ᠳᠡᠰ | ᠳᠠᠪᠰᠢᠭᠰᠠᠨ ᠲᠥᠷᠥᠯ ᠤᠨ ᠲᠠᠸᠠᠷ ᠨᠡᠯᠢᠶᠡᠳ ᠲᠦᠷᠭᠡᠨ ᠨᠡᠮᠡᠭᠳᠡᠪᠡ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ | ᠨᠢᠭᠡᠴᠢ ᠶᠢᠨ ᠠᠯᠲᠠ ᠮᠥᠩᠭᠦ ᠰᠤᠪᠤᠳ ᠡᠷᠳᠡᠨᠢ ᠶᠢᠨ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ 31.9% | ᠨᠡᠮᠡᠭᠳᠡᠨ᠂ ᠪᠡᠶ᠎ᠡ ᠶᠢᠨ ᠲᠠᠮᠢᠷ ᠵᠤᠭ᠎ᠠ ᠴᠡᠩᠭᠡᠯ ᠤᠨ ᠬᠡᠷᠡᠭᠰᠡᠯ ᠤᠨ ᠲᠥᠷᠥᠯ 13. 9%ᠨᠡᠮᠡᠭᠳᠡᠵᠦ᠂ ᠨᠣᠮ ᠰᠣᠨᠢᠨ | ᠰᠡᠳᠬᠦᠯ ᠤᠨ ᠲᠥᠷᠥᠯ 54 . 5% ᠨᠡᠮᠡᠭᠳᠡᠭᠰᠡᠨ ᠪᠠᠶᠢᠨ᠎ᠠ᠃ | ᠰᠦᠯᠵᠢᠶᠡᠨ ᠳᠡᠭᠡᠷᠡᠬᠢ ᠪᠣᠷᠣᠯᠠᠭᠤᠯᠭ᠎ᠠ ᠨᠡᠯᠢᠶᠡᠳ ᠲᠦᠷᠭᠡᠨ ᠨᠡᠮᠡᠭᠳᠡᠯ ᠢ ᠪᠠᠲᠤᠯᠠᠪᠠ᠃ ᠲᠦᠷᠦᠭᠦᠦ ᠭᠤᠷᠪᠠᠨ | ᠤᠯᠠᠷᠢᠯ ᠳᠤ᠂ ᠪᠥᠬᠦ ᠣᠷᠣᠨ ᠤ ᠪᠣᠳᠠᠲᠤ ᠲᠠᠸᠠᠷ ᠤᠨ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠲᠤᠭ᠎ᠠ | 216.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 23.9% ᠨᠡᠮᠡᠭᠳᠡᠪᠡ︔ | ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠶᠢᠨ ᠣᠯᠠᠨ ᠨᠡᠶᠢᠲᠡ ᠶᠢᠨ ᠰᠦᠯᠵᠢᠶ᠎ᠡ ᠪᠠᠷ ᠳᠡᠮᠵᠢᠨ | ᠪᠡᠶᠡᠯᠡᠭᠦᠯᠦᠭᠰᠡᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 51.6% ᠨᠡᠮᠡᠭᠳᠡᠪᠡ᠃ | ᠵᠢᠷᠭᠤᠭ᠎ᠠ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠨᠠᠮᠵᠢᠭᠤᠨ ᠥᠰᠴᠦ᠂ ᠠᠵᠤ ᠦᠢᠯᠡᠳᠪᠦᠷᠢ | ᠶᠢᠨ ᠦᠢᠯᠡᠳᠪᠦᠷᠢᠯᠡᠭᠴᠢᠳ ᠤᠨ ᠦᠨ᠎ᠡ ᠮᠥᠨ ᠯᠡ ᠥᠨᠳᠥᠷ ᠪᠠᠶᠢᠷᠢᠨ ᠳᠤ ᠪᠠᠶᠢᠨ᠎ᠠ | ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ | ᠠᠳᠠᠯᠢ ᠬᠤᠭᠤᠴᠠᠭᠠᠨ ᠤ ᠬᠢ ᠠᠴᠠ 0.6% ᠥᠰᠴᠦ᠂ ᠥᠰᠥᠯᠲᠡ ᠶᠢᠨ ᠬᠡᠮᠵᠢᠶ᠎ᠡ ᠨᠢ ᠳᠡᠭᠡᠷ᠎ᠡ ᠬᠠᠭᠠᠰ ᠵᠢᠯ ᠤᠨ | ᠬᠢ ᠠᠴᠠ 0.1 ᠵᠠᠭᠤᠨ ᠤ ᠴᠡᠭ ᠥᠰᠴᠡᠢ᠃ ᠨᠠᠶᠮᠠᠨ ᠶᠡᠭᠡ ᠲᠥᠷᠥᠯ ᠤᠨ ᠦᠨ᠎ᠡ ᠬᠠᠩᠰᠢ ᠠᠴᠠ ︽ᠲᠠᠪᠤ | ᠲᠥᠷᠦᠯ ᠤᠨ ᠦᠨ᠎ᠡ ᠥᠰᠴᠦ ᠭᠤᠷᠪᠠ ᠲᠥᠷᠦᠯ ᠤᠨ ᠦᠨ᠎ᠡ ᠪᠠᠭᠤᠷᠠᠭᠰᠠᠨ︾ ᠪᠠᠶᠢᠨ᠎ᠠ᠂ ᠡᠭᠦᠨ ᠳᠤ ᠢᠳᠡᠭᠡᠨ | ᠠᠷᠢᠬᠢ ᠲᠠᠮᠠᠬᠢᠨ ᠤ ᠲᠥᠷᠥᠯ 0.4%᠂ ᠣᠷᠣᠨ ᠰᠠᠭᠤᠴᠠ ᠶᠢᠨ ᠲᠥᠷᠥᠯ 0.2%᠂ ᠵᠠᠮ ᠬᠠᠷᠢᠯᠴᠠᠭ᠎ᠠ ᠪᠠ | ᠮᠡᠳᠡᠭᠡ ᠬᠤᠯᠪᠣᠭᠠᠨ ᠤ ᠲᠥᠷᠥᠯ 3.1%᠂ ᠰᠤᠷᠭᠠᠨ ᠬᠥᠮᠦᠵᠢᠯ ᠰᠣᠶᠣᠯ ᠪᠠ ᠵᠤᠭ᠎ᠠ ᠴᠡᠩᠭᠡᠯ ᠤᠨ ᠲᠥᠷᠥᠯ 0. | 7%᠂ ᠡᠮ ᠡᠮᠨᠡᠯᠭᠡ ᠡᠷᠡᠭᠦᠯᠵᠢᠯ ᠤᠨ ᠲᠥᠷᠥᠯ 0.3% ᠥᠰᠴᠡᠶ︔ ᠬᠤᠪᠴᠠᠰᠤ ᠬᠤᠨᠠᠷ ᠤᠨ ᠲᠥᠷᠥᠯ 1.1%᠂ | ᠠᠮᠢᠳᠤᠷᠠᠯ ᠤᠨ ᠬᠡᠷᠡᠭᠰᠡᠯ ᠵᠢᠴᠢ ᠦᠶᠯᠡᠴᠢᠯᠡᠭᠡᠨ ᠤ ᠲᠥᠷᠥᠯ 0.3%᠂ ᠪᠤᠰᠤᠳ ᠬᠡᠷᠡᠭᠰᠡᠯ ᠪᠠ ᠦᠶᠯᠡᠴᠢᠯᠡᠭᠡᠨ ᠤ | ᠲᠥᠷᠥᠯ 0.7% ᠪᠠᠭᠤᠷᠠᠪᠠ᠃ ᠪᠥᠬᠦ ᠣᠷᠣᠨ ᠤ ᠠᠵᠤ ᠦᠶᠯᠡᠳᠪᠦᠷᠢ ᠶᠢᠨ ᠦᠶᠯᠡᠳᠪᠦᠷᠢᠯᠡᠭᠴᠢᠳ ᠤᠨ | ᠦᠶᠯᠡᠳᠪᠦᠷᠢ ᠠᠴᠠ ᠭᠠᠷᠭᠠᠬᠤ ᠦᠨ᠎ᠡ ᠠᠳᠠᠯᠢ ᠬᠤᠭᠤᠴᠠᠭᠠᠨ ᠤ ᠬᠢ ᠠᠴᠠ 22.4% ᠥᠰᠴᠦ᠂ ᠠᠵᠤ | ᠦᠶᠯᠡᠳᠪᠦᠷᠢ ᠶᠢᠨ ᠦᠶᠯᠡᠳᠪᠦᠷᠢᠯᠡᠭᠴᠢᠳ ᠤᠨ ᠬᠤᠳᠠᠯᠳᠤᠨ ᠠᠪᠬᠤ ᠦᠨ᠎ᠡ 21.1% ᠥᠰᠴᠦ᠂ ᠥᠰᠥᠯᠲᠡ | ᠶᠢᠨ ᠬᠡᠮᠵᠢᠶ᠎ᠡ ᠨᠢ ᠳᠡᠭᠡᠷ᠎ᠡ ᠬᠠᠭᠠᠰ ᠵᠢᠯ ᠤᠨ ᠬᠢ ᠠᠴᠠ ᠲᠣᠰ ᠲᠣᠰ | 6.6 ᠪᠠ 5.3 ᠵᠠᠭᠤᠨ ᠤ ᠴᠡᠭ ᠥᠰᠪᠡ᠃ | ᠳᠣᠯᠤᠭ᠎ᠠ᠂ ᠰᠠᠭᠤᠭᠠᠯᠢ ᠠᠷᠠᠳ ᠤᠨ ᠣᠷᠣᠯᠭ᠎ᠠ ᠦᠷᠭᠦᠯᠵᠢᠯᠡᠨ ᠨᠡᠮᠡᠭᠳᠡᠵᠦ᠂ ᠲᠠᠷᠢᠶᠠᠯᠠᠬᠤ ᠮᠠᠯᠵᠢᠬᠤ ᠣᠷᠣᠨ | ᠤ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠠᠴᠠ | ᠲᠦᠷᠭᠡᠨ ᠥᠰᠪᠡ | ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ | ᠶᠢᠨ ᠡᠵᠡᠮᠳᠡᠵᠦ ᠪᠣᠯᠬᠤ ᠣᠷᠣᠯᠭ᠎ᠠ 25132 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9. | 5% ᠨᠡᠮᠡᠭᠳᠡᠪᠡ᠃ ᠪᠠᠶᠢᠩᠭᠤ ᠰᠠᠭᠤᠭ᠎ᠠ ᠭᠠᠵᠠᠷ ᠢᠶᠠᠷ ᠬᠤᠪᠢᠶᠠᠪᠠᠯ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ | ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 33767 ᠲᠥᠭᠦᠷᠢᠭ ᠲᠤ | ᠬᠦᠷᠴᠦ᠂ 8. % ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ | ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 12031 ᠲᠥᠭᠦᠷᠢᠭ ᠲᠤ ᠬᠦᠷᠴᠦ᠂ 11.4% | ᠨᠡᠮᠡᠭᠳᠡᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠣᠷᠣᠯᠭ᠎ᠠ ᠶᠢᠨ ᠬᠠᠷᠢᠴᠠᠯ 2. | 81 ᠪᠣᠯᠵᠣ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 0 . 07 ᠪᠠᠭᠤᠷᠠᠵᠠᠢ᠃ | ᠶᠡᠷᠦᠩᠬᠡᠶ ᠳᠤ ᠨᠢ ᠠᠪᠴᠤ ᠦᠵᠡᠪᠡᠯ᠂ ᠲᠦᠷᠦᠭᠦᠦ ᠭᠤᠷᠪᠠᠨ ᠤᠯᠠᠷᠢᠯ ᠳᠤ ᠪᠥᠬᠦ ᠣᠷᠣᠨ ᠤ ᠠᠵᠤ ᠠᠬᠤᠶ | ᠦᠷᠭᠦᠯᠵᠢᠯᠡᠨ ᠰᠡᠷᠭᠦᠵᠦ ᠪᠠᠶᠢᠭ᠎ᠠ ᠪᠣᠯᠪᠠᠴᠤ ᠠᠵᠤ ᠠᠬᠤᠶ ᠶᠢᠨ ᠰᠡᠷᠭᠦᠯᠲᠡ ᠶᠢᠨ ᠰᠠᠭᠤᠷᠢ ᠬᠠᠷᠠᠬᠠᠨ ᠪᠠᠲᠤ ᠪᠠᠬᠢ | ᠪᠢᠰᠢ᠂ ᠭᠠᠳᠠᠭᠠᠳᠤ ᠣᠷᠴᠢᠨ ᠨᠥᠭᠦᠴᠡᠯ ᠳᠤ ᠮᠠᠰᠢ ᠣᠯᠠᠨ ᠲᠣᠭᠲᠠᠭᠤᠨ ᠪᠤᠰᠤ ᠲᠣᠳᠤᠷᠬᠠᠢ ᠪᠤᠰᠤ ᠬᠦᠴᠦᠨ | ᠵᠦᠶᠯ ᠤᠳ ᠣᠷᠣᠰᠢᠵᠤ᠂ ᠬᠡᠰᠡᠭ ᠲᠦᠭᠦᠬᠡᠶ ᠮᠠᠲ᠋ᠧᠷᠢᠶᠠᠯ ᠤᠨ ᠦᠨ᠎ᠡ ᠬᠠᠩᠰᠢ ᠥᠨᠳᠥᠷ ᠪᠠᠶᠢᠷᠢᠨ ᠳᠤ ᠡᠷᠭᠢᠯᠳᠦᠨ᠂ | ᠠᠵᠤ ᠠᠬᠤᠶ ᠶᠢᠨ ᠲᠣᠭᠲᠠᠭᠤᠨ ᠨᠡᠮᠡᠭᠳᠡᠯ ᠤᠨ ᠳᠠᠷᠤᠯᠲᠠ ᠨᠡᠯᠢᠶᠡᠳ ᠶᠡᠭᠡ ᠪᠠᠶᠢᠨ᠎ᠠ᠃ ᠳᠠᠷᠠᠭᠠᠴᠢ ᠶᠢᠨ ᠠᠯᠬᠤᠮ ᠳᠤ | ᠂ ᠪᠦᠬᠦ ᠣᠷᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ᠂ ᠠᠮᠢ ᠠᠬᠤᠶ ᠶᠢ ᠲᠡᠷᠢᠭᠦᠨ ᠳᠤ ᠲᠠᠯᠪᠢᠭᠰᠠᠨ᠂ ᠪᠣᠬᠢᠷᠲᠤᠯ ᠦᠭᠡᠢ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠨ᠂ ︽ | ᠬᠤᠶᠠᠷ ᠬᠠᠯᠬᠠᠪᠴᠢ︾᠂ ︽ᠬᠤᠶᠠᠷ ᠰᠠᠭᠤᠷᠢᠨ︾ ᠪᠠ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ | ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ | ᠪᠠᠶᠢᠩᠭᠤᠵᠢᠭᠤᠯᠬᠤ ᠠᠵᠢᠯ ᠢ ᠰᠠᠶᠢᠲᠤᠷ ᠠᠳᠬᠤᠵᠤ᠂ ᠡᠯ᠎ᠡ ᠲᠥᠷᠥᠯ ᠤᠨ ᠠᠶᠤᠯ ᠲᠦᠭᠰᠢᠭᠦᠷᠢ ᠥᠷᠢᠰᠥᠯᠳᠦᠭᠡᠨ ᠢ | ᠢᠳᠡᠪᠬᠢᠲᠡᠶ ᠠᠷᠭᠠᠴᠠᠭᠠᠵᠤ᠂ ᠡᠨᠧᠷᠭᠢ ᠶᠢᠨ ᠰᠤᠷᠪᠤᠯᠵᠢ ᠶᠢᠨ ᠬᠠᠩᠭᠠᠯᠭ᠎ᠠ ᠶᠢ ᠪᠠᠲᠤᠯᠠᠬᠤ ᠡᠯ᠎ᠡ ᠵᠦᠢᠯ ᠤᠨ | ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠭᠢᠵᠦ᠂ ᠬᠡᠷᠡᠭᠴᠡᠭᠡ ᠶᠢᠨ ᠳᠠᠯᠳᠠ ᠬᠦᠴᠦᠨ ᠢ | ᠭᠦᠢᠴᠡᠳ ᠠᠭᠤᠳᠠᠯᠤᠨ ᠪᠠᠳᠠᠷᠠᠭᠤᠯᠵᠤ᠂ ᠠᠵᠤ ᠠᠬᠤᠢ ᠶᠢᠨ ᠡᠷᠭᠢᠯᠲᠡ ᠶᠢ ᠢᠮᠠᠭᠲᠠ ᠵᠦᠢ ᠵᠣᠬᠢᠰᠲᠠᠢ ᠣᠷᠣᠨ | ᠪᠠᠶᠢᠷᠢ ᠳᠤ ᠪᠠᠶᠢᠯᠭᠠᠨ᠂ ᠪᠦᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠡᠭᠦᠷᠭᠡ | ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠪᠠᠶᠢᠨ᠎ᠠ᠃ | | 2021 ᠣᠨ ᠤ ᠪᠥᠬᠦ ᠣᠷᠣᠨ ᠤ ᠲᠦᠷᠦᠭᠦᠦ ᠭᠤᠷᠪᠠᠨ ᠤᠯᠠᠷᠢᠯ ᠤᠨ ᠠᠵᠤ | ᠠᠬᠤᠶ ᠶᠢᠨ ᠡᠷᠭᠢᠯᠲᠡ ᠶᠢᠨ | ᠪᠠᠶᠢᠳᠠᠯ ᠤᠨ ᠲᠤᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷᠡᠬᠢ | ᠠᠰᠠᠭᠤᠯᠲᠠ ᠬᠠᠷᠢᠭᠤᠯᠲᠠ | | ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠰᠤᠷᠪᠤᠯᠵᠢᠯᠠᠭᠴᠢ᠄ ᠣᠶᠢᠷ᠎ᠠ ᠶᠢᠨ ᠬᠤᠭᠤᠴᠠᠭᠠᠨ ᠳᠤ | ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠪᠣᠯ ᠣᠯᠠᠨ ᠤ ᠶᠡᠬᠡᠪᠡᠷ ᠠᠩᠬᠠᠷᠴᠤ ᠪᠠᠶᠢᠭ᠎ᠠ ᠨᠢᠭᠡᠨ ᠶᠠᠷᠢᠶᠠᠨ ᠤ ᠰᠡᠳᠦᠪ | ᠮᠥᠨ᠂ ᠥᠪᠥᠷ ᠮᠣᠩᠭᠤᠯ ᠪᠣᠯ ᠤᠯᠤᠰ ᠤᠨ ᠡᠨᠧᠷᠭᠢ ᠶᠢᠨ ᠴᠢᠬᠤᠯᠠ ᠰᠠᠭᠤᠷᠢᠨ ᠭᠠᠵᠠᠷ ᠪᠣᠯᠤᠨ᠎ᠠ᠂ ᠲᠠ | ᠲᠦᠷᠦᠭᠦᠦ ᠭᠤᠷᠪᠠᠨ ᠤᠯᠠᠷᠢᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦ ᠪᠠ ᠴᠠᠬᠢᠯᠭᠠᠨ ᠬᠦᠴᠦᠨ ᠤ | ᠦᠶᠯᠡᠳᠪᠦᠷᠢᠯᠡᠯ ᠤᠨ ᠪᠠᠶᠢᠳᠠᠯ ᠢ ᠲᠠᠨᠢᠯᠴᠠᠭᠤᠯᠵᠤ ᠥᠭᠭᠦᠨᠡᠦ︖ | ᠰᠢᠶᠠ ᠷᠦᠩ ᠬᠤᠸᠠ᠄ ᠬᠡᠯᠡᠯᠬᠡᠨ ᠦᠭᠡᠢ᠂ ᠨᠡᠭᠦᠷᠡᠰᠦ ᠴᠠᠬᠢᠯᠭᠠᠨ ᠤ ᠭᠠᠷᠤᠯᠲᠠ ᠪᠠ ᠬᠠᠩᠭᠠᠯᠭ᠎ᠠ ᠶᠢ | ᠨᠡᠮᠡᠭᠳᠡᠭᠦᠯᠬᠦ ᠨᠢ ᠣᠳᠣᠬᠠᠨ ᠤ ᠡᠯ᠎ᠡ ᠲᠠᠯ᠎ᠠ ᠶᠢᠨ ᠬᠢᠨ ᠤ ᠨᠡᠯᠢᠶᠡᠳ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ | ᠪᠣᠯᠤᠨ᠎ᠠ᠃ ᠲᠦᠭᠦᠬᠡᠶ ᠨᠡᠭᠦᠷᠡᠰᠦᠨ ᠤ ᠭᠠᠷᠤᠯᠲᠠ ᠠᠴᠠ ᠦᠵᠡᠪᠡᠯ᠂ ᠲᠦᠷᠦᠭᠦᠦ ᠭᠤᠷᠪᠠᠨ ᠤᠯᠠᠷᠢᠯ ᠳᠤ᠂ ᠪᠥᠬᠦ | ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠲᠦᠭᠦᠬᠡᠶ ᠨᠡᠭᠦᠷᠡᠰᠦᠨ | ᠤ ᠭᠠᠷᠤᠯᠲᠠ 7.33 ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠠᠴᠠ 0.6% ᠨᠡᠮᠡᠭᠳᠡᠵᠦ᠂ | 1 ᠠᠴᠠ 8 ᠳ᠋ᠤᠭᠠᠷ ᠰᠠᠷ᠎ᠠ ᠶᠢᠨ ᠠᠴᠠ 0.6 ᠵᠠᠭᠤᠨ ᠤ ᠴᠡᠭ ᠲᠦᠷᠭᠡᠳᠪᠡ᠃ 9 ᠳ᠋ᠦ᠋ᠭᠡᠷ ᠰᠠᠷ᠎ᠠ ᠳᠤ᠂ ᠨᠡᠭᠦᠷᠡᠰᠦᠨ | ᠤ ᠭᠠᠷᠤᠯᠲᠠ 8205.1 ᠲᠦᠮᠡᠨ ᠲᠣᠨ ᠳᠤ ᠬᠦᠷᠴᠦ᠂ 8 ᠳ᠋ᠤᠭᠠᠷ ᠰᠠᠷ᠎ᠠ ᠶᠢᠨ ᠬᠢ ᠠᠴᠠ 47 ᠲᠦᠮᠡᠨ ᠲᠣᠨ | ᠴᠡᠪᠡᠷ ᠨᠡᠮᠡᠭᠳᠡᠵᠦ᠂ ᠠᠳᠠᠯᠢ ᠬᠤᠭᠤᠴᠠᠭᠠᠨ ᠤ ᠠᠴᠠ 3.5% ᠨᠡᠮᠡᠭᠳᠡᠪᠡ︔ 9 ᠳ᠋ᠦ᠋ᠭᠡᠷ ᠰᠠᠷ᠎ᠠ ᠶᠢᠨ ᠡᠳᠦᠷ ᠤᠨ | ᠳᠤᠮᠳᠠᠴᠢ ᠭᠠᠷᠤᠯᠲᠠ 273.5 ᠲᠦᠮᠡᠨ ᠲᠣᠨ ᠳᠤ ᠬᠦᠷᠴᠦ᠂ 8 ᠳ᠋ᠤᠭᠠᠷ ᠰᠠᠷ᠎ᠠ ᠶᠢᠨ ᠠᠴᠠ 10.3 ᠲᠦᠮᠡᠨ | ᠲᠣᠨ ᠨᠡᠮᠡᠭᠳᠡᠪᠡ᠃ ᠴᠠᠬᠢᠯᠭᠠᠨ ᠬᠦᠴᠦᠨ ᠤ ᠦᠶᠯᠡᠳᠪᠦᠷᠢᠯᠡᠯ ᠠᠴᠠ ᠦᠵᠡᠪᠡᠯ᠂ ᠲᠦᠷᠦᠭᠦᠦ ᠭᠤᠷᠪᠠᠨ ᠤᠯᠠᠷᠢᠯ ᠳᠤ | ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠴᠠᠬᠢᠯᠭᠠᠨ | ᠭᠠᠷᠭᠠᠭᠰᠠᠨ ᠬᠡᠮᠵᠢᠶ᠎ᠡ 4398.9 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠠᠴᠠ | 4.9% ᠨᠡᠮᠡᠭᠳᠡᠪᠡ᠃ ᠵᠡᠭᠦᠨ ᠬᠡᠰᠡᠭ ᠤᠨ ᠭᠠᠵᠠᠷ ᠣᠷᠣᠨ ᠤ ᠴᠠᠬᠢᠯᠭᠠᠨ ᠭᠠᠷᠭᠠᠭᠰᠠᠨ ᠬᠡᠮᠵᠢᠶ᠎ᠡ ᠠᠳᠠᠯᠢ | ᠬᠤᠭᠤᠴᠠᠭᠠᠨ ᠤ ᠠᠴᠠ 11.3% ᠨᠡᠮᠡᠭᠳᠡᠵᠦ᠂ 1 ᠠᠴᠠ 8 ᠳ᠋ᠤᠭᠠᠷ ᠰᠠᠷ᠎ᠠ ᠶᠢᠨ ᠠᠴᠠ 0.7 ᠵᠠᠭᠤᠨ ᠤ ᠴᠢᠭ | ᠳᠡᠭᠡᠭᠰᠢᠯᠡᠪᠡ᠃ 9 ᠳ᠋ᠦ᠋ᠭᠡᠷ ᠰᠠᠷ᠎ᠠ ᠳᠤ᠂ ᠵᠡᠭᠦᠨ ᠬᠡᠰᠡᠭ ᠤᠨ ᠭᠠᠵᠠᠷ ᠣᠷᠣᠨ ᠤ ᠴᠠᠬᠢᠯᠭᠠᠨ ᠭᠠᠷᠭᠠᠭᠰᠠᠨ ᠬᠡᠮᠵᠢᠶ᠎ᠡ | ᠠᠳᠠᠯᠢ ᠬᠤᠭᠤᠴᠠᠭᠠᠨ ᠤ ᠠᠴᠠ 16.9% ᠨᠡᠮᠡᠭᠳᠡᠵᠦ᠂ 8 ᠳ᠋ᠤᠭᠠᠷ ᠰᠠᠷ᠎ᠠ ᠶᠢᠨ ᠠᠴᠠ 8.2 ᠵᠠᠭᠤᠨ ᠤ ᠴᠢᠭ | ᠳᠡᠭᠡᠭᠰᠢᠯᠡᠵᠦ᠂ ᠴᠠᠬᠢᠯᠭᠠᠨ ᠭᠠᠷᠭᠠᠬᠤ ᠬᠡᠮᠵᠢᠶ᠎ᠡ ᠶᠢᠨ ᠨᠡᠮᠡᠭᠳᠡᠯ ᠤᠨ ᠬᠤᠷᠳᠤᠴᠠ ᠢᠯᠡᠳᠲᠡ ᠲᠦᠷᠭᠡᠳᠪᠡ᠃ | ᠴᠠᠬᠢᠯᠭᠠᠨ ᠭᠠᠷᠭᠠᠬᠤ ᠲᠥᠷᠥᠯ ᠬᠡᠯᠪᠡᠷᠢ ᠠᠴᠠ ᠦᠵᠡᠪᠡᠯ᠂ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ | ᠬᠡᠪᠴᠢᠶᠡᠵᠢᠯ ᠠᠴᠠ ᠳᠡᠭᠡᠭᠰᠢᠬᠢ ᠢᠯᠴᠢ ᠶᠢᠨ ᠬᠦᠴᠦᠨ ᠤ ᠴᠠᠬᠢᠯᠭᠠᠨ ᠭᠠᠷᠭᠠᠬᠤ ᠬᠡᠮᠵᠢᠶ᠎ᠡ ᠠᠳᠠᠯᠢ ᠬᠤᠭᠤᠴᠠᠭᠠᠨ ᠤ | ᠠᠴᠠ 1.5% ᠨᠡᠮᠡᠭᠳᠡᠵᠦ᠂ ᠰᠠᠯᠬᠢᠨ ᠬᠦᠴᠦᠨ ᠤ ᠴᠠᠬᠢᠯᠭᠠᠨ ᠭᠠᠷᠭᠠᠬᠤ ᠬᠡᠮᠵᠢᠶ᠎ᠡ 31.4% ᠨᠡᠮᠡᠭᠳᠡᠵᠦ᠂ ᠨᠡᠷᠡᠨ | ᠤ ᠡᠨᠧᠷᠭᠢ ᠶᠢᠨ ᠴᠠᠬᠢᠯᠭᠠᠨ ᠭᠠᠷᠭᠠᠬᠤ ᠬᠡᠮᠵᠢᠶ᠎ᠡ 2.3% ᠨᠡᠮᠡᠭᠳᠡᠵᠡᠢ᠃ | ᠵᠥᠩ ᠬᠤᠩ ᠰᠦᠯᠵᠢᠶ᠎ᠡ ᠶᠢᠨ ᠰᠤᠷᠪᠤᠯᠵᠢᠯᠠᠭᠴᠢ᠄ ᠥᠪᠡᠷᠲᠡᠭᠡᠨ ᠵᠠᠰᠠᠬᠤ ᠣᠷᠣᠨ ᠤ ᠲᠦᠷᠦᠭᠦᠦ ᠭᠤᠷᠪᠠᠨ | ᠤᠯᠠᠷᠢᠯ ᠤᠨ ᠠᠵᠤ ᠦᠶᠯᠡᠳᠪᠦᠷᠢ ᠶᠢᠨ ᠠᠵᠤ ᠠᠬᠤᠶ ᠶᠢᠨ ᠡᠷᠭᠢᠯᠲᠡ ᠶᠢᠨ ᠪᠠᠶᠢᠳᠠᠯ ᠢ ᠬᠡᠷᠬᠢᠨ ᠦᠨᠡᠯᠡᠬᠦ ᠪᠣᠶ︖ | ᠪᠦᠬᠦ ᠣᠷᠣᠨ ᠤ ᠠᠵᠤ ᠦᠶᠯᠡᠳᠪᠦᠷᠢ ᠶᠢᠨ ᠲᠣᠭᠲᠠᠭᠤᠨ ᠡᠷᠭᠢᠯᠲᠡ ᠶᠢ ᠲᠤᠯᠭᠠᠭᠤᠷᠢᠯᠠᠬᠤ ᠬᠦᠴᠦᠨ ᠵᠦᠢᠯᠡᠰ ᠶᠠᠭᠤ | ᠶᠠᠭᠤ ᠪᠠᠶᠬᠤ ᠪᠤᠢ︖ | ᠰᠢᠶᠠ ᠷᠦᠩ ᠬᠤᠸᠠ᠄ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠠᠵᠤ ᠦᠶᠯᠡᠳᠪᠦᠷᠢ ᠶᠢᠨ | ᠦᠶᠯᠡᠳᠪᠦᠷᠢᠯᠡᠯ ᠶᠡᠷᠦᠩᠬᠡᠶ ᠳᠤ ᠪᠠᠨ ᠲᠣᠭᠲᠠᠭᠤᠨ ᠢᠶᠠᠷ ᠨᠡᠮᠡᠭᠳᠡᠵᠦ᠂ ᠠᠵᠤ ᠠᠬᠤᠶᠢᠯᠠᠯ ᠤᠨ ᠦᠷ᠎ᠡ ᠠᠰᠢᠭ ᠶᠡᠭᠡ | ᠪᠠᠷ ᠳᠡᠭᠡᠭᠰᠢᠯᠡᠪᠡ᠃ ᠲᠤᠯᠭᠠᠭᠤᠷᠢᠯᠠᠬᠤ ᠬᠦᠴᠦᠨ ᠵᠦᠢᠯ ᠭᠤᠣᠯᠳᠠᠭᠤ ᠲᠠᠪᠤᠨ ᠲᠠᠯ᠎ᠠ ᠳᠤ ᠢᠯᠡᠷᠡᠵᠦ ᠪᠠᠶᠢᠨ᠎ᠠ᠄ | ᠨᠢᠭᠡ ᠳᠤ ᠦᠢᠯᠡᠳᠬᠦ ᠦᠢᠯᠡᠰ ᠨᠡᠮᠡᠭᠳᠡᠯ ᠢ ᠬᠦᠳᠦᠯᠦᠨ ᠳᠠᠭᠠᠭᠤᠯᠪᠠ᠃ ᠲᠦᠷᠦᠭᠦᠦ ᠭᠤᠷᠪᠠᠨ ᠤᠯᠠᠷᠢᠯ ᠳᠤ᠂ | ᠪᠥᠬᠦ ᠣᠷᠣᠨ ᠤ ᠦᠶᠯᠡᠳᠬᠦ ᠦᠶᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 14.1% | ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 9.9% ᠨᠡᠮᠡᠭᠳᠡᠪᠡ᠃ ᠡᠨᠡ ᠵᠢᠯ ᠠᠴᠠ ᠨᠠᠰᠢ᠂ ᠦᠶᠯᠡᠳᠬᠦ ᠦᠶᠯᠡᠰ | ᠤᠨ ᠨᠡᠮᠡᠭᠳᠡᠯ ᠥᠷᠲᠡᠭ ᠤᠨ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠳᠤ ᠡᠵᠡᠯᠡᠬᠦ | ᠬᠤᠪᠢ ᠶᠢᠨ ᠵᠢᠩ ᠨᠢ ᠬᠡᠵᠢᠶᠡᠳᠡ 35% ᠠᠴᠠ ᠥᠨᠳᠥᠷ ᠪᠠᠶᠢᠵᠤ᠂ ᠨᠡᠮᠡᠭᠳᠡᠯ ᠤᠨ ᠬᠤᠷᠳᠤᠴᠠ ᠨᠢ ᠶᠡᠷᠦ ᠠᠴᠠ | ᠪᠥᠬᠦ ᠣᠷᠣᠨ ᠤ ᠳᠤᠮᠳᠠᠴᠢ ᠬᠢᠷᠢ ᠲᠦᠪᠰᠢᠨ ᠠᠴᠠ ᠥᠨᠳᠥᠷ ᠪᠠᠶᠢᠵᠤ᠂ ᠬᠡᠪᠴᠢᠶᠡᠵᠢᠯ ᠠᠴᠠ ᠳᠡᠭᠡᠭᠰᠢᠬᠢ ᠠᠵᠤ | ᠦᠶᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠶᠢ 5.4 ᠵᠠᠭᠤᠨ ᠤ ᠴᠡᠭ ᠢᠶᠠᠷ ᠳᠠᠶᠢᠴᠢᠯᠠᠵᠤ | ᠂ ᠬᠤᠪᠢ ᠨᠡᠮᠡᠷᠢ ᠦᠵᠡᠭᠦᠯᠦᠭᠰᠡᠨ ᠨᠣᠷᠮ᠎ᠠ ᠨᠢ 73.3% ᠳᠤ ᠬᠦᠷᠴᠦ᠂ ᠪᠥᠬᠦ ᠣᠷᠣᠨ ᠤ ᠠᠵᠤ ᠦᠶᠯᠡᠳᠪᠦᠷᠢ | ᠶᠢᠨ ᠠᠵᠤ ᠠᠬᠤᠶ ᠶᠢᠨ ᠲᠣᠭᠲᠠᠭᠤᠨ ᠡᠷᠭᠢᠯᠲᠡ ᠶᠢ ᠲᠤᠯᠭᠠᠭᠤᠷᠢᠯᠠᠬᠤ ᠴᠢᠬᠤᠯᠠ ᠬᠦᠴᠦᠨ ᠪᠣᠯᠤᠭᠰᠠᠨ ᠪᠠᠶᠢᠨ᠎ᠠ᠃ | ᠬᠤᠶᠠᠷ ᠲᠤ ᠠᠵᠢᠯ ᠲᠥᠷᠥᠯ ᠤᠨ ᠨᠡᠮᠡᠭᠳᠡᠯ ᠤᠨ ᠬᠡᠪᠴᠢᠶ᠎ᠡ ᠤᠯᠠᠮ ᠨᠢᠭᠡ ᠠᠯᠬᠤᠮ ᠥᠷᠭᠡᠵᠢᠪᠡ᠃ | ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ 37 ᠠᠵᠤ ᠦᠶᠯᠡᠳᠪᠦᠷᠢ ᠶᠢᠨ ᠲᠣᠮᠣ ᠠᠵᠢᠯ ᠲᠥᠷᠥᠯ ᠤᠨ | ᠳᠣᠲᠣᠷ᠎ᠠ᠂ 29 ᠠᠵᠢᠯ ᠲᠥᠷᠥᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ ᠨᠡᠮᠡᠭᠳᠡᠵᠦ᠂ | ᠨᠡᠮᠡᠭᠳᠡᠯ ᠤᠨ ᠬᠡᠪᠴᠢᠶ᠎ᠡ ᠨᠢ 78.4% ᠳᠤ ᠬᠦᠷᠴᠦ᠂ ᠳᠡᠭᠡᠷ᠎ᠡ ᠬᠠᠭᠠᠰ ᠵᠢᠯ ᠤᠨ ᠬᠢ ᠠᠴᠠ 8.1 ᠵᠠᠭᠤᠨ ᠤ ᠴᠡᠭ | ᠥᠷᠭᠡᠳᠴᠦ᠂ 20 ᠠᠵᠢᠯ ᠲᠥᠷᠥᠯ ᠤᠨ ᠨᠡᠮᠡᠭᠳᠡᠯ ᠥᠷᠲᠡᠭ ᠬᠤᠶᠠᠷ ᠣᠷᠣᠨᠲᠤ ᠲᠤᠭ᠎ᠠ ᠨᠡᠮᠡᠭᠳᠡᠪᠡ᠃ | ᠭᠤᠷᠪᠠ ᠳᠤ ᠰᠢᠨ᠎ᠡ ᠠᠵᠤ ᠦᠢᠯᠡᠰ ᠰᠢᠨ᠎ᠡ ᠦᠢᠯᠡᠳᠬᠦᠨ ᠨᠡᠯᠢᠶᠡᠳ ᠲᠦᠷᠭᠡᠨ ᠨᠡᠮᠡᠭᠳᠡᠵᠡᠢ᠃ ᠲᠦᠷᠦᠭᠦᠦ | ᠭᠤᠷᠪᠠᠨ ᠤᠯᠠᠷᠢᠯ ᠳᠤ᠂ ᠪᠥᠬᠦ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠦᠶᠯᠡᠰ ᠤᠨ ᠨᠡᠮᠡᠭᠳᠡᠯ ᠥᠷᠲᠡᠭ 31. | 2% ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠤᠨ ᠬᠤᠷᠳᠤᠴᠠ ᠠᠴᠠ | 23.8 ᠵᠠᠭᠤᠨ ᠤ ᠴᠡᠭ ᠲᠦᠷᠭᠡᠨ ᠪᠣᠯᠪᠠ᠃ ᠡᠭᠦᠨ ᠳᠤ᠂ ᠺᠣᠮᠫᠢᠦ᠋ᠲ᠋ᠧᠷ᠂ ᠮᠡᠳᠡᠭᠡ ᠬᠤᠯᠪᠣᠭ᠎ᠠ ᠪᠠ ᠪᠤᠰᠤᠳ | ᠡᠯᠧᠺᠲᠷᠣᠨ ᠲᠥᠬᠦᠭᠡᠷᠦᠮᠵᠢ ᠦᠶᠯᠡᠳᠬᠦ ᠦᠶᠯᠡᠰ 22.7%᠂ ᠡᠮ ᠡᠮᠨᠡᠯᠭᠡ ᠶᠢᠨ ᠦᠶᠯᠡᠳᠬᠦ ᠦᠶᠯᠡᠰ 31.0%᠂ | ᠮᠠᠰᠢᠨ ᠲᠡᠷᠭᠡ ᠦᠶᠯᠡᠳᠬᠦ ᠦᠶᠯᠡᠰ 14.3% ᠨᠡᠮᠡᠭᠳᠡᠪᠡ᠃ ᠰᠢᠨ᠎ᠡ ᠦᠶᠯᠡᠳᠬᠦᠨ ᠤ ᠭᠠᠷᠤᠯᠲᠠ ᠴᠤ ᠨᠡᠯᠢᠶᠡᠳ | ᠲᠦᠷᠭᠡᠨ ᠨᠡᠮᠡᠭᠳᠡᠵᠦ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠠᠳᠠᠯᠢ ᠬᠤᠭᠤᠴᠠᠭᠠᠨ | ᠤ ᠬᠢ ᠠᠴᠠ 3 . 5 ᠳᠠᠬᠢᠨ ᠨᠡᠮᠡᠭᠳᠡᠵᠦ᠂ ᠲᠠᠩ ᠲᠠᠯᠠᠰᠲᠤ ᠴᠠᠬᠢᠭᠤᠷ 93.5% ᠨᠡᠮᠡᠭᠳᠡᠵᠦ᠂ ᠬᠤᠪᠣᠷ ᠰᠢᠷᠣᠶ | ᠶᠢᠨ ᠰᠣᠷᠢᠨᠵᠢᠨ ᠴᠢᠨᠠᠷᠲᠠᠶ ᠮᠠᠲ᠋ᠧᠷᠢᠶᠠᠯ 39.7% ᠨᠡᠮᠡᠭᠳᠡᠭᠰᠡᠨ ᠪᠠᠶᠢᠨ᠎ᠠ᠃ | ᠳᠥᠷᠪᠡ ᠳᠤ ᠠᠵᠤ ᠠᠬᠤᠶᠢᠯᠠᠯ ᠤᠨ ᠠᠰᠢᠭ ᠬᠤᠨᠵᠢᠪᠣᠷᠢ ᠲᠦᠷᠭᠡᠨ ᠢᠶᠠᠷ ᠨᠡᠮᠡᠭᠳᠡᠪᠡ᠃ 1 ᠠᠴᠠ 8 ᠳ᠋ᠤᠭᠠᠷ | ᠰᠠᠷ᠎ᠠ ᠳᠤ᠂ ᠪᠥᠬᠦ ᠣᠷᠣᠨ ᠤ 37 ᠠᠵᠤ ᠦᠶᠯᠡᠳᠪᠦᠷᠢ ᠶᠢᠨ ᠲᠣᠮᠣ ᠠᠵᠢᠯ ᠲᠥᠷᠥᠯ ᠤᠨ ᠳᠣᠲᠣᠷ᠎ᠠ᠂ 24 ᠠᠵᠢᠯ | ᠲᠥᠷᠥᠯ ᠤᠨ ᠪᠡᠶᠡᠯᠡᠭᠦᠯᠦᠭᠰᠡᠨ ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ | ︵ᠪᠤᠶᠤ ᠠᠯᠳᠠᠭᠳᠠᠯ ᠲᠠᠢ ᠪᠠᠶᠢᠭᠰᠠᠨ ᠠᠴᠠ ᠪᠠᠨ ᠣᠯᠵᠠᠪᠤᠷᠢ ᠲᠠᠢ ᠪᠣᠯᠤᠭᠰᠠᠨ︶ ᠨᠡᠮᠡᠭᠳᠡᠵᠦ᠂ ᠨᠡᠮᠡᠭᠳᠡᠯ ᠤᠨ | ᠬᠡᠪᠴᠢᠶ᠎ᠡ ᠨᠢ 64.9% ᠳᠤ ᠬᠥᠷᠪᠡ᠃ ᠡᠭᠦᠨ ᠳᠤ᠂ 18 ᠠᠵᠢᠯ ᠲᠥᠷᠥᠯ ᠤᠨ ᠠᠰᠢᠭ ᠬᠤᠨᠵᠢᠪᠣᠷᠢ ᠬᠤᠶᠠᠷ | ᠣᠷᠣᠨᠲᠤ ᠲᠤᠭ᠎ᠠ ᠵᠢᠴᠢ ᠲᠡᠭᠦᠨ ᠠᠴᠠ ᠳᠡᠭᠡᠭᠰᠢᠬᠢ ᠨᠡᠮᠡᠭᠳᠡᠯ ᠢ ᠪᠡᠶᠡᠯᠡᠭᠦᠯᠪᠡ᠃ ᠬᠤᠶᠠᠷ ᠵᠢᠯ ᠤᠨ ᠳᠤᠮᠳᠠᠴᠢ | ᠨᠡᠮᠡᠭᠳᠡᠯ ᠤᠨ ᠬᠤᠷᠳᠤᠴᠠ ᠠᠴᠠ ᠦᠵᠡᠪᠡᠯ᠂ 18 ᠠᠵᠢᠯ ᠲᠥᠷᠥᠯ ᠤᠨ ᠪᠡᠶᠡᠯᠡᠭᠦᠯᠦᠭᠰᠡᠨ ᠠᠰᠢᠭ ᠬᠤᠨᠵᠢᠪᠣᠷᠢ ᠶᠢᠨ | ᠪᠥᠬᠦ ᠲᠤᠭ᠎ᠠ ᠶᠢᠨ ᠨᠡᠮᠡᠭᠳᠡᠯ ᠤᠨ ᠡᠵᠡᠯᠡᠬᠦ ᠬᠠᠷᠢᠴᠠᠯ ᠨᠢ 48.6% ᠳᠤ ᠬᠦᠷᠴᠡᠶ᠃ | ᠲᠠᠪᠤ ᠳᠤ ᠳᠤᠮᠳᠠ ᠬᠡᠰᠡᠭ ᠤᠨ ᠭᠠᠵᠠᠷ ᠣᠷᠣᠨ ᠤ ᠠᠵᠤ ᠦᠢᠯᠡᠳᠪᠦᠷᠢ ᠶᠢᠨ ᠨᠡᠮᠡᠭᠳᠡᠯ ᠨᠡᠯᠢᠶᠡᠳ ᠢᠯᠡᠷᠬᠡᠢ | ᠪᠣᠯᠪᠠ᠃ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ 12 ᠠᠶᠢᠮᠠᠭ ᠬᠤᠲᠠ ᠶᠢᠨ ᠳᠣᠲᠣᠷ᠎ᠠ᠂ 11 | ᠠᠶᠢᠮᠠᠭ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠡᠴᠡᠥᠰᠪᠡ᠃ ᠳᠤᠮᠳᠠ ᠬᠡᠰᠡᠭ ᠤᠨ ᠭᠠᠵᠠᠷ ᠣᠷᠣᠨ ᠤ ᠬᠡᠪᠴᠢᠶᠡᠵᠢᠯ ᠠᠴᠠ ᠳᠡᠭᠡᠭᠰᠢᠬᠢ | ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 10.4% ᠨᠡᠮᠡᠭᠳᠡᠵᠦ᠂ | ᠪᠠᠷᠠᠭᠤᠨ ᠬᠡᠰᠡᠭ ᠤᠨ ᠭᠠᠵᠠᠷ ᠣᠷᠣᠨ ᠪᠠ ᠵᠡᠭᠦᠨ ᠬᠡᠰᠡᠭ ᠤᠨ ᠭᠠᠵᠠᠷ ᠣᠷᠣᠨ ᠤ 7.4 ᠪᠠ 4.9 ᠵᠠᠭᠤᠨ ᠤ ᠴᠡᠭ | ᠠᠴᠠ ᠲᠣᠰ ᠲᠣᠰ ᠥᠨᠳᠥᠷ ᠪᠣᠯᠵᠣ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ | ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠶᠢ 6.1 ᠵᠠᠭᠤᠨ ᠤ ᠴᠡᠭ ᠳᠠᠶᠢᠴᠢᠯᠠᠪᠠ᠃ | ᠥᠪᠥᠷ ᠮᠣᠩᠭᠤᠯ ᠤᠨ ᠥᠷᠯᠥᠭᠡ ᠶᠢᠨ ᠰᠣᠨᠢᠨ ᠤ ᠰᠤᠷᠪᠤᠯᠵᠢᠯᠠᠭᠴᠢ᠄ ᠮᠠᠨ ᠤ ᠣᠷᠣᠨ ᠪᠠᠯᠠ | ᠣᠷᠣᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠬᠦ ᠲᠠᠯ᠎ᠠ ᠪᠠᠷ ᠶᠠᠮᠠᠷ ᠶᠠᠮᠠᠷ ᠰᠢᠨ᠎ᠡ ᠢᠯᠡᠷᠡᠯ ᠲᠠᠢ ᠪᠣᠶ︖ | ᠰᠢᠶᠠ ᠷᠦᠩ ᠬᠤᠸᠠ᠄ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠪᠠᠯᠠ ᠣᠷᠣᠭᠤᠯᠤᠯᠲᠠ ᠶᠢᠨ | ᠪᠦᠲᠦᠴᠡ ᠲᠠᠰᠤᠷᠠᠯᠲᠠ ᠥᠬᠡᠶ ᠰᠢᠯᠢᠳᠡᠭᠵᠢᠪᠡ᠂ ᠭᠤᠤᠯᠳᠠᠭᠤ ᠳᠠᠷᠠᠭᠠᠬᠢ ᠭᠤᠷᠪᠠᠨ ᠲᠠᠯ᠎ᠠ ᠪᠠᠷ ᠢᠯᠡᠷᠡᠵᠦ ᠪᠣᠶ᠄ | ᠨᠢᠭᠡ ᠳᠤ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠶᠢᠨ ᠬᠤᠪᠢ ᠶᠢᠨ ᠵᠢᠩ ᠳᠡᠭᠡᠭᠰᠢᠯᠡᠪᠡ᠃ | ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠦᠶᠯᠡᠳᠬᠦ ᠦᠶᠯᠡᠰ ᠤᠨ ᠪᠠᠯᠠ ᠣᠷᠣᠭᠤᠯᠤᠯᠲᠠ ᠨᠢ ᠪᠥᠬᠦ | ᠣᠷᠣᠨ ᠤ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ 5.3 ᠵᠠᠭᠤᠨ ᠤ ᠴᠡᠭ ᠳᠠᠶᠢᠴᠢᠯᠠᠵᠤ᠂ ᠪᠥᠬᠦ | ᠪᠠᠯᠠ ᠣᠷᠣᠭᠤᠯᠤᠯᠲᠠ ᠶᠢᠨ 20.2% ᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 3.4 ᠵᠠᠭᠤᠨ ᠤ ᠴᠡᠭ | ᠳᠡᠭᠡᠭᠰᠢᠯᠡᠪᠡ᠃ ᠡᠭᠦᠨ ᠳᠤ᠂ ᠲᠣᠨᠣᠭᠯᠠᠯ ᠦᠶᠯᠡᠳᠬᠦ ᠦᠶᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ | ᠬᠢ ᠠᠴᠠ 63.4% ᠨᠡᠮᠡᠭᠳᠡᠵᠦ᠂ ᠬᠡᠷᠡᠭᠯᠡᠭᠡᠨ ᠤ ᠵᠦᠶᠯ ᠤᠨ ᠦᠶᠯᠡᠳᠬᠦ ᠦᠶᠯᠡᠰ | 32 . 6% ᠨᠡᠮᠡᠭᠳᠡᠪᠡ | ᠬᠤᠶᠠᠷ ᠲᠤ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠨᠡᠯᠢᠶᠡᠳ ᠲᠦᠷᠭᠡᠨ | ᠨᠡᠮᠡᠭᠳᠡᠪᠡ᠃ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠳᠡᠭᠡᠳᠦ ᠮᠡᠷᠭᠡᠵᠢᠯ ᠤᠨ ᠠᠵᠤ ᠦᠶᠯᠡᠰ ᠤᠨ | ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ ᠪᠠᠯᠠ ᠣᠷᠣᠭᠤᠯᠤᠯᠲᠠ ᠠᠴᠠ 30.4 | ᠵᠠᠭᠤᠨ ᠤ ᠴᠡᠭ ᠥᠨᠳᠥᠷ ᠪᠠᠶᠢᠵᠤ᠂ ᠪᠥᠬᠦ ᠣᠷᠣᠨ ᠤ ᠪᠠᠯᠠ ᠣᠷᠣᠭᠤᠯᠤᠯᠲᠠ ᠶᠢᠨ 5.9% ᠶᠢ ᠡᠵᠡᠯᠡᠵᠦ᠂ ᠠᠳᠠᠯᠢ | ᠬᠤᠭᠤᠴᠠᠭᠠᠨ ᠤ ᠬᠢ ᠠᠴᠠ | 1.3 ᠵᠠᠭᠤᠨ ᠤ ᠴᠡᠭ ᠳᠡᠭᠡᠭᠰᠢᠯᠡᠪᠡ᠃ ᠡᠭᠦᠨ ᠳᠤ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠪᠡᠯᠡ | ᠣᠷᠣᠭᠤᠯᠤᠯᠲᠠ ᠶᠢ 96.4% ᠪᠠᠷ ᠨᠡᠮᠡᠭᠳᠡᠭᠦᠯᠵᠦ᠂ ᠳᠡᠭᠡᠳᠦ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠪᠡᠯᠡ | ᠣᠷᠣᠭᠤᠯᠤᠯᠲᠠ ᠶᠢ 12.2% ᠢᠶᠠᠷ ᠨᠡᠮᠡᠭᠳᠡᠭᠦᠯᠵᠡᠢ᠃ ᠳᠡᠭᠡᠳᠦ ᠮᠡᠷᠭᠡᠵᠢᠯ ᠤᠨ ᠦᠶᠯᠡᠳᠬᠦ ᠦᠶᠯᠡᠰ ᠤᠨ ᠪᠠᠯᠠ | ᠣᠷᠣᠭᠤᠯᠤᠯᠲᠠ ᠳᠤ᠂ ᠡᠯᠧᠺᠲᠷᠣᠨ ᠵᠢᠴᠢ ᠴᠢᠮᠡᠭᠡ ᠬᠤᠯᠪᠣᠭᠠᠨ ᠤ ᠲᠥᠬᠦᠭᠡᠷᠦᠮᠵᠢ ᠦᠶᠯᠡᠳᠬᠦ ᠦᠶᠯᠡᠰ ᠤᠨ ᠪᠠᠯᠠ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 1.8 ᠳᠠᠬᠢᠨ ᠨᠡᠮᠡᠭᠳᠡᠪᠡ᠃ ᠳᠡᠭᠡᠳᠦ ᠮᠡᠷᠭᠡᠵᠢᠯ ᠤᠨ | ᠦᠢᠯᠡᠴᠢᠯᠡᠭᠡᠨ ᠤ ᠦᠢᠯᠡᠰ ᠤᠨ ᠪᠡᠯᠡ ᠣᠷᠣᠭᠤᠯᠤᠯᠲᠠ ᠳᠤ᠂ ᠣᠷᠴᠢᠨ ᠠᠬᠤᠢ ᠶᠢ ᠬᠢᠨᠠᠨ ᠬᠡᠮᠵᠢᠬᠦ ᠵᠢᠴᠢ ᠵᠠᠰᠠᠬᠤ | ᠦᠢᠯᠡᠴᠢᠯᠡᠭᠡᠨ ᠤ ᠪᠡᠯᠡ ᠣᠷᠣᠭᠤᠯᠤᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠤᠯᠠᠷᠢᠭᠤᠯᠤᠯᠲᠠ ᠶᠢᠨ ᠦᠢᠯᠡᠴᠢᠯᠡᠭᠡᠨ ᠤ ᠪᠡᠯᠡ ᠣᠷᠣᠭᠤᠯᠤᠯᠲᠠ ᠶᠢ ᠲᠤᠰ ᠪᠦᠷᠢ 26.1%᠂ 89.5% ᠪᠠᠷ | ᠨᠡᠮᠡᠭᠳᠡᠭᠦᠯᠪᠡ᠃ | ᠭᠤᠷᠪᠠ ᠳᠤ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠪᠡᠯᠡ ᠣᠷᠣᠭᠤᠯᠤᠯᠲᠠ ᠶᠢᠨ ᠡᠷᠴᠢᠮ ᠢᠶᠠᠨ | ᠴᠢᠩᠭᠠᠷᠠᠭᠤᠯᠪᠠ᠃ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠡᠷᠡᠭᠦᠯ ᠬᠠᠮᠠᠭᠠᠯᠠᠯ ᠪᠠ ᠨᠡᠶᠢᠭᠡᠮ ᠤᠨ | ᠠᠵᠢᠯ᠂ ᠰᠤᠷᠭᠠᠨ ᠬᠥᠮᠦᠵᠢᠯ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ ᠲᠣᠰ ᠲᠣᠰ 47. | 4%᠂ 6.3% ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ ᠲᠣᠰ ᠲᠣᠰ 11.9%᠂ 5.6% ᠨᠡᠮᠡᠭᠳᠡᠪᠡ᠃ | ᠰᠠᠭᠤᠷᠢ ᠪᠡᠯᠡᠳᠬᠡᠮᠵᠢ ᠶᠢᠨ ᠪᠡᠯᠡ ᠣᠷᠣᠭᠤᠯᠤᠯᠲᠠ ᠶᠢᠨ ᠬᠦᠷᠢᠶᠡᠨ ᠳᠤ᠂ ᠠᠮᠢ ᠠᠬᠤᠢ ᠶᠢᠨ ᠬᠠᠮᠠᠭᠠᠯᠠᠯᠲᠠ ᠪᠠ | ᠣᠷᠴᠢᠨ ᠲᠣᠭᠤᠷᠢᠨ ᠤ ᠵᠠᠰᠠᠯᠲᠠ ᠶᠢᠨ ᠦᠢᠯᠡᠰ ᠤᠨ ᠪᠡᠯᠡ ᠣᠷᠣᠭᠤᠯᠤᠯᠲᠠ 30.3% ᠨᠡᠮᠡᠭᠳᠡᠵᠦ᠂ ᠰᠠᠭᠤᠷᠢ | ᠪᠡᠯᠡᠳᠬᠡᠮᠵᠢ ᠶᠢᠨ ᠪᠡᠯᠡ ᠣᠷᠣᠭᠤᠯᠤᠯᠲᠠ ᠶᠢᠨ 7.3% ᠶᠢ ᠡᠵᠡᠯᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ | ᠬᠢ ᠠᠴᠠ ᠵᠠᠭᠤᠨ ᠤ ᠬᠠᠷᠢᠴᠠᠯ ᠢᠶᠠᠷ 1.7 ᠬᠤᠪᠢ ᠳᠡᠭᠡᠭᠰᠢᠯᠡᠪᠡ︔ ᠤᠰᠤᠨ ᠠᠰᠢᠭᠯᠠᠯᠲᠠ ᠶᠢᠨ ᠣᠷᠴᠢᠨ | ᠲᠣᠭᠤᠷᠢᠨ ᠪᠠ ᠣᠯᠠᠨ ᠨᠡᠶᠢᠲᠡ ᠶᠢᠨ ᠪᠡᠯᠡᠳᠬᠡᠮᠵᠢ ᠶᠢᠨ ᠬᠠᠮᠢᠶᠠᠷᠤᠯᠲᠠ ᠶᠢᠨ ᠦᠶᠯᠡᠰ ᠤᠨ ᠪᠠᠯᠠ ᠣᠷᠣᠭᠤᠯᠤᠯᠲᠠ | 13.2% ᠨᠡᠮᠡᠭᠳᠡᠵᠦ᠂ 1 ᠠᠴᠠ 8 ᠳ᠋ᠤᠭᠠᠷ ᠰᠠᠷ᠎ᠠ ᠶᠢᠨ ᠬᠢ ᠠᠴᠠ 5.7 ᠵᠠᠭᠤᠨ ᠤ ᠴᠡᠭ ᠳᠡᠭᠡᠭᠰᠢᠯᠡᠪᠡ᠃ | ᠴᠠᠬᠢᠯᠭᠠᠨ ᠬᠦᠴᠦᠨ᠂ ᠢᠯᠴᠢ᠂ ᠰᠢᠲᠠᠮᠠᠬᠠᠶ ᠬᠡᠶ ᠵᠢᠴᠢ ᠤᠰᠤᠨ ᠤ ᠦᠶᠯᠡᠳᠪᠦᠷᠢᠯᠡᠯ ᠪᠠ ᠬᠠᠩᠭᠠᠯᠭ᠎ᠠ ᠶᠢᠨ ᠦᠶᠯᠡᠰ | ᠤᠨ ᠪᠠᠯᠠ ᠣᠷᠣᠭᠤᠯᠤᠯᠲᠠ 10.5% ᠨᠡᠮᠡᠭᠳᠡᠵᠦ᠂ 1 ᠠᠴᠠ 8 ᠳ᠋ᠤᠭᠠᠷ ᠰᠠᠷ᠎ᠠ ᠶᠢᠨ ᠬᠢ ᠲᠠᠢ ᠬᠠᠷᠢᠴᠠᠭᠤᠯᠪᠠᠯ 8. | 7 ᠵᠠᠭᠤᠨ ᠤ ᠴᠡᠭ ᠳᠡᠭᠡᠭᠰᠢᠯᠡᠪᠡ᠃ | ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠰᠤᠷᠪᠤᠯᠵᠢᠯᠠᠭᠴᠢ᠄ ᠨᠡᠶᠢᠲᠡᠯᠡᠭᠰᠡᠨ ᠲᠤᠭ᠎ᠠ ᠪᠠᠷᠢᠮᠲᠠ | ᠠᠴᠠ ᠦᠵᠡᠪᠡᠯ᠂ ᠪᠥᠬᠦ ᠣᠷᠣᠨ ᠤ ᠬᠡᠷᠡᠭᠯᠡᠭᠡᠨ ᠤ ᠵᠠᠬ᠎ᠠ ᠳᠡᠯᠭᠡᠭᠦᠷ ᠤᠨ ᠠᠵᠢᠯᠯᠠᠭᠠᠨ ᠲᠣᠭᠲᠠᠭᠤᠨ ᠪᠠᠶᠢᠵᠤ᠂ | ᠰᠡᠷᠭᠦᠯᠲᠡ ᠶᠢᠨ ᠪᠠᠶᠢᠳᠠᠯ ᠰᠠᠶᠢᠵᠢᠷᠠᠬᠤ ᠬᠠᠨᠳᠤᠰᠢ ᠲᠠᠢ ᠪᠠᠶᠢᠨ᠎ᠠ᠂ ᠣᠳᠣᠬᠠᠨ ᠤ ᠬᠡᠷᠡᠭᠯᠡᠭᠡᠨ ᠤ ᠵᠠᠬ᠎ᠠ ᠳᠡᠯᠭᠡᠭᠦᠷ ᠨᠢ | ᠶᠠᠮᠠᠷ ᠣᠨᠴᠠᠯᠢᠭ ᠲᠠᠢ ᠪᠣᠶ︖ | ᠰᠢᠶᠠ ᠷᠦᠩ ᠬᠤᠸᠠ᠄ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠬᠡᠷᠡᠭᠯᠡᠭᠡᠨ ᠤ ᠵᠠᠬ᠎ᠠ | ᠳᠡᠯᠭᠡᠭᠦᠷ ᠦᠷᠭᠦᠯᠵᠢᠯᠡᠨ ᠰᠡᠷᠭᠦᠵᠦ᠂ ᠰᠦᠯᠵᠢᠶᠡᠨ ᠳᠡᠭᠡᠷᠡᠬᠢ ᠬᠡᠷᠡᠭᠯᠡᠭᠡᠨ ᠤ ᠬᠡᠷᠡᠭᠴᠡᠭᠡ ᠲᠠᠰᠤᠷᠠᠯᠲᠠ ᠥᠬᠡᠶ | ᠢᠯᠡᠷᠡᠪᠡ᠃ | ᠵᠠᠬ᠎ᠠ ᠳᠡᠯᠭᠡᠭᠦᠷ ᠤᠨ ᠬᠡᠪᠴᠢᠶ᠎ᠡ ᠠᠴᠠ ᠦᠵᠡᠪᠡᠯ᠄ ᠭᠤᠷᠪᠠᠳᠤᠭᠠᠷ ᠤᠯᠠᠷᠢᠯ ᠳᠤ ᠨᠡᠶᠢᠭᠡᠮ ᠤᠨ ᠬᠡᠷᠡᠭᠯᠡᠭᠡᠨ ᠤ | ᠵᠦᠶᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 1258.0 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ | ᠶᠡᠷᠦᠩᠬᠡᠶ ᠬᠡᠮᠵᠢᠶ᠎ᠡ ᠨᠢ ᠬᠤᠶᠠᠳᠤᠭᠠᠷ ᠤᠯᠠᠷᠢᠯ ᠤᠨ ᠬᠢ ᠠᠴᠠ 134.2 ᠳ᠋ᠦᠩᠰᠢᠭᠤᠷ ᠲᠥᠭᠦᠷᠢᠭ ᠨᠡᠮᠡᠭᠳᠡᠪᠡ︔ | ᠡᠭᠦᠨ ᠠᠴᠠ ᠭᠠᠳᠠᠨ᠎ᠠ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠶᠢᠨ ᠵᠢᠵᠢᠭᠯᠡᠨ ᠬᠤᠳᠠᠯᠳᠤᠭᠰᠠᠨ | ᠲᠤᠭ᠎ᠠ ᠮᠥᠨ ᠬᠦ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠢ ᠪᠠᠲᠤᠯᠠᠵᠤ᠂ ᠠᠳᠠᠯᠢ ᠬᠤᠭᠤᠴᠠᠭᠠᠨ ᠤ ᠬᠢ ᠠᠴᠠ | 14.8% ᠨᠡᠮᠡᠭᠳᠡᠵᠡᠢ᠃ | ᠪᠦᠲᠦᠴᠡ ᠠᠴᠠ ᠨᠢ ᠦᠵᠡᠪᠡᠯ᠄ ᠲᠦᠷᠦᠭᠦᠦ ᠭᠤᠷᠪᠠᠨ ᠤᠯᠠᠷᠢᠯ ᠳᠤ᠂ ᠨᠡᠶᠢᠭᠡᠮ ᠤᠨ ᠬᠡᠷᠡᠭᠯᠡᠭᠡᠨ ᠤ ᠵᠦᠶᠯ | ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠶᠢᠨ ᠳᠣᠲᠣᠷ᠎ᠠ᠂ ᠰᠠᠭᠤᠭᠠᠯᠢ ᠠᠷᠠᠳ ᠤᠨ ᠡᠳᠦᠷ ᠲᠤᠲᠤᠮ ᠤᠨ | ᠠᠮᠢᠳᠤᠷᠠᠯ ᠲᠠᠢ ᠬᠤᠯᠪᠣᠭᠳᠠᠬᠤ ᠲᠠᠸᠠᠷ ᠤᠨ ᠵᠢᠵᠢᠭᠯᠡᠨ ᠬᠤᠳᠠᠯᠳᠤᠬᠤ ᠨᠡᠮᠡᠭᠳᠡᠯ ᠤᠨ ᠬᠠᠨᠳᠤᠰᠢ ᠶᠡᠷᠦᠩᠬᠡᠶ ᠳᠤ ᠪᠠᠨ | ᠲᠣᠭᠲᠠᠭᠤᠨ ᠪᠠᠶᠢᠬᠤ ᠶᠢ ᠪᠠᠲᠤᠯᠠᠵᠤ᠂ ᠪᠥᠬᠦ ᠣᠷᠣᠨ ᠤ ᠬᠡᠷᠡᠭᠯᠡᠭᠡᠨ ᠤ ᠵᠠᠬ᠎ᠠ ᠳᠡᠯᠭᠡᠭᠦᠷ ᠤᠨ ᠦᠷᠭᠦᠯᠵᠢᠯᠡᠨ | ᠰᠡᠷᠭᠦᠬᠦ ᠴᠢᠬᠤᠯᠠ ᠲᠤᠯᠭᠠᠭᠤᠷᠢᠯᠠᠯ ᠪᠣᠯᠤᠭᠰᠠᠨ ᠪᠠᠶᠢᠨ᠎ᠠ᠃ ᠪᠥᠬᠦ ᠣᠷᠣᠨ ᠤ ᠬᠢᠵᠠᠭᠠᠷᠯᠠᠭᠰᠠᠨ ᠲᠤᠭ᠎ᠠ ᠠᠴᠠ | ᠳᠡᠭᠡᠭᠰᠢᠬᠢ ᠨᠢᠭᠡᠴᠢ ᠶᠢᠨ ᠠᠮᠤ ᠲᠣᠰᠣ ᠢᠳᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ | ᠬᠤᠭᠤᠴᠠᠭᠠᠨ ᠤ ᠬᠢ ᠠᠴᠠ 10.6% ᠨᠡᠮᠡᠭᠳᠡᠵᠦ᠂ ᠬᠤᠪᠴᠠᠰᠤ ᠬᠤᠨᠠᠷ᠂ ᠱᠠᠬᠠᠶ ᠮᠠᠯᠠᠭᠠᠶ᠂ ᠨᠡᠬᠡᠮᠡᠯ ᠤᠨ ᠵᠦᠶᠯ | ᠤᠨ ᠲᠥᠷᠥᠯ 6.3%᠂ ᠡᠳᠦᠷ ᠲᠤᠲᠤᠮ ᠤᠨ ᠬᠡᠷᠡᠭᠯᠡᠭᠡᠨ ᠤ ᠵᠦᠶᠯ ᠤᠨ ᠲᠥᠷᠥᠯ 19.7%᠂ ᠴᠢᠯᠠᠭᠤᠨ ᠲᠣᠰᠣ | ᠵᠢᠴᠢ ᠦᠶᠯᠡᠳᠬᠦᠨ ᠤ ᠲᠥᠷᠥᠯ 15.6% ᠨᠡᠮᠡᠭᠳᠡᠵᠦ᠂ ᠭᠤᠷᠪᠠᠳᠤᠭᠠᠷ ᠤᠯᠠᠷᠢᠯ ᠳᠤ ᠤᠷᠤᠭᠰᠠᠨ ᠠᠴᠠ ᠨᠠᠭᠠᠰᠢᠬᠢ | ᠨᠡᠮᠡᠭᠳᠡᠯ ᠤᠨ ᠬᠠᠨᠳᠤᠰᠢ ᠪᠠᠨ ᠦᠷᠭᠦᠯᠵᠢᠯᠡᠭᠦᠯᠪᠡ᠃ ᠡᠭᠦᠨ ᠤ ᠬᠠᠮᠲᠤ᠂ ᠲᠡᠰ ᠳᠡᠪᠰᠢᠭᠰᠡᠨ ᠲᠦᠷᠦᠯ ᠤᠨ ᠲᠠᠸᠠᠷ | ᠤᠨ ᠬᠡᠷᠡᠭᠯᠡᠭᠡ ᠨᠡᠯᠢᠶᠡᠳ ᠲᠦᠷᠭᠡᠨ ᠨᠡᠮᠡᠭᠳᠡᠯ ᠢᠶᠠᠨ ᠪᠠᠲᠤᠯᠠᠵᠠᠢ᠃ ᠰᠢᠨ᠎ᠡ ᠡᠨᠧᠷᠭᠢ ᠶᠢᠨ ᠮᠠᠰᠢᠨ ᠲᠡᠷᠭᠡ ᠪᠠᠷ | ᠲᠥᠯᠥᠭᠡᠯᠡᠭᠦᠯᠦᠭᠰᠡᠨ ᠪᠣᠬᠢᠷᠲᠤᠯ ᠥᠬᠡᠶ ᠣᠶᠤᠨᠴᠢ ᠬᠡᠷᠡᠭᠯᠡᠭᠡ ᠦᠷᠭᠦᠯᠵᠢᠯᠡᠨ ᠨᠡᠮᠡᠭᠳᠡᠵᠦ᠂ ᠬᠢᠵᠠᠭᠠᠷᠯᠠᠭᠰᠠᠨ ᠲᠤᠭ᠎ᠠ | ᠠᠴᠠ ᠳᠡᠭᠡᠭᠰᠢᠬᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ ᠠᠳᠠᠯᠢ | ᠬᠤᠭᠤᠴᠠᠭᠠᠨ ᠤ ᠬᠢ ᠠᠴᠠ 1.4 ᠳᠠᠬᠢᠨ ᠨᠡᠮᠡᠭᠳᠡᠵᠦ᠂ ᠡᠮᠦᠰᠴᠦ ᠵᠡᠭᠦᠵᠦ ᠪᠣᠯᠬᠤ ᠣᠶᠤᠨᠴᠢ ᠲᠥᠬᠦᠭᠡᠷᠦᠮᠵᠢ | ᠠᠳᠠᠯᠢ ᠬᠤᠭᠤᠴᠠᠭᠠᠨ ᠤ ᠬᠢ ᠠᠴᠠ 13.2% ᠨᠡᠮᠡᠭᠳᠡᠪᠡ᠃ | ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠠᠴᠠ ᠦᠵᠡᠪᠡᠯ᠄ ᠰᠦᠯᠵᠢᠶᠡᠨ ᠳᠡᠭᠡᠷᠡᠬᠢ ᠬᠡᠷᠡᠭᠯᠡᠭᠡ ᠬᠥᠭᠵᠢᠶᠡᠨ | ᠲᠠᠢ ᠪᠠᠶᠢᠭᠰᠠᠭᠠᠷ ᠪᠠᠶᠢᠨ᠎ᠠ᠃ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠰᠦᠯᠵᠢᠶᠡᠨ ᠳᠡᠭᠡᠷ᠎ᠡ | ᠵᠢᠵᠢᠭᠯᠡᠨ ᠪᠣᠷᠣᠯᠠᠭᠤᠯᠤᠭᠰᠠᠨ ᠲᠤᠭ᠎ᠠ 375.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 39.5% ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠶ | ᠲᠤᠭ᠎ᠠ ᠶᠢᠨ ᠨᠡᠮᠡᠭᠳᠡᠯ ᠤᠨ ᠬᠤᠷᠳᠤᠴᠠ ᠠᠴᠠ 30.3 ᠵᠠᠭᠤᠨ ᠤ ᠴᠡᠭ ᠥᠨᠳᠥᠷ ᠪᠣᠯᠵᠠᠶ᠃ ᠬᠢᠵᠠᠭᠠᠷᠯᠠᠭᠰᠠᠨ | ᠲᠤᠭ᠎ᠠ ᠠᠴᠠ ᠳᠡᠭᠡᠭᠰᠢᠬᠢ ᠪᠥᠭᠡᠮ ᠢᠶᠠᠷ ᠪᠠ ᠵᠢᠵᠢᠭᠯᠡᠨ ᠬᠤᠳᠠᠯᠳᠤᠬᠤ ᠪᠠ ᠬᠤᠨᠤᠭ ᠬᠤᠭᠤᠯᠠᠨ ᠤ ᠠᠵᠤ ᠠᠬᠤᠶᠢᠯᠠᠯ | ᠤᠨ ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠥᠷᠨᠢᠭᠦᠯᠬᠦ ᠨᠢᠭᠡᠴᠢ ᠶᠢᠨ ᠲᠤᠭ᠎ᠠ ᠲᠠᠰᠤᠷᠠᠯᠲᠠ ᠥᠬᠡᠶ | ᠨᠡᠮᠡᠭᠳᠡᠪᠡ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠣᠯᠠᠨ ᠨᠡᠶᠢᠲᠡ ᠶᠢᠨ ᠰᠦᠯᠵᠢᠶ᠎ᠡ ᠪᠠᠷ ᠳᠡᠮᠵᠢᠨ | ᠪᠡᠶᠡᠯᠡᠭᠦᠯᠦᠭᠰᠡᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ᠂ ᠵᠣᠴᠢᠳ ᠤᠨ ᠥᠷᠥᠭᠡ ᠶᠢᠨ ᠣᠷᠣᠯᠭ᠎ᠠ ᠵᠢᠴᠢ | ᠬᠤᠭᠤᠯᠠᠨ ᠰᠦᠶᠳᠬᠡᠯ ᠤᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ ᠲᠣᠰ ᠲᠣᠰ 51.6%᠂ 70.4% | ᠪᠠ 41.7% ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠶᠢᠨ ᠵᠢᠵᠢᠭᠯᠡᠨ ᠬᠤᠳᠠᠯᠳᠤᠭᠰᠠᠨ | ᠲᠤᠭ᠎ᠠ ᠠᠴᠠ ᠲᠣᠰ ᠲᠣᠰ 36.8᠂ 55.6 ᠪᠠ 26.9 ᠵᠠᠭᠤᠨ ᠤ ᠴᠡᠭ ᠥᠨᠳᠥᠷ ᠪᠣᠯᠵᠠᠢ᠃ | |