2021 ᠣᠨ ᠤ 1 — 6 ᠰᠠᠷ᠎ᠠ ᠶᠢᠨ ᠪᠥᠬᠦ ᠣᠷᠣᠨ ᠤ ᠬᠤᠳᠠᠯᠳᠤᠭᠠᠨ ᠤ ᠶᠠᠪᠤᠳᠠᠯ ᠵᠢᠴᠢ ᠪᠣᠭᠤᠮᠲᠠ ᠶᠢᠨ ᠠᠵᠢᠯ ᠤᠨ ᠠᠵᠢᠯᠯᠠᠭᠠᠨ ᠤ ᠪᠠᠶᠢᠳᠠᠯ ᠤᠨ ᠲᠤᠬᠠᠶ  ᠵᠠᠷᠯᠠᠯ
ᠨᠡᠶᠢᠲᠡᠯᠡᠭᠰᠡᠨ ᠴᠠᠭ᠄
2021/12/13
         ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠮᠠᠨᠵᠤᠤᠷ ᠬᠤᠲᠠ᠂ ᠡᠷᠢᠶᠡᠨ ᠬᠤᠲᠠ ᠶᠢᠨ ᠠᠷᠠᠳ ᠤᠨ ᠵᠠᠰᠠᠭ ᠤᠨ ᠣᠷᠳᠣᠨ᠄    ᠡᠳᠦᠭᠡ 2021 ᠣᠨ ᠤ 1 — 6 ᠰᠠᠷ᠎ᠠ ᠶᠢᠨ ᠪᠥᠬᠦ ᠣᠷᠣᠨ ᠤ ᠬᠤᠳᠠᠯᠳᠤᠭᠠᠨ ᠤ ᠶᠠᠪᠤᠳᠠᠯ ᠵᠢᠴᠢ ᠪᠣᠭᠤᠮᠲᠠ ᠶᠢᠨ ᠠᠵᠢᠯ ᠤᠨ ᠠᠵᠢᠯᠯᠠᠭᠠᠨ ᠤ ᠪᠠᠶᠢᠳᠠᠯ ᠢ ᠳᠣᠤᠷᠠᠬᠢ ᠮᠡᠲᠦ ᠵᠠᠷᠯᠠᠶ᠎ᠠ᠄    ᠨᠢᠭᠡ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ    1 — 6 ᠰᠠᠷ᠎ᠠ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠤᠶᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠠᠳᠠᠯᠢ ᠬᠤᠭᠤᠴᠠᠭᠠᠨ ᠤ ᠬᠢ ᠠᠴᠠ 14% ᠨᠡᠮᠡᠭᠳᠡᠪᠠ᠃ ᠡᠭᠦᠨ ᠳᠤ᠄ ᠬᠤᠲᠠ‌‍ᠪᠠᠯᠭᠠᠰᠤᠨ ᠤ ᠬᠡᠷᠡᠭᠯᠡᠭᠡᠨ ᠤ ᠵᠤᠶᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 14.4% ᠨᠡᠮᠡᠭᠳᠡᠪᠡ︔ ᠬᠥᠳᠡᠭᠡ‌‍ᠲ᠋ᠣᠰᠬᠤᠨ ᠤ ᠬᠡᠷᠡᠭᠯᠡᠭᠡᠨ ᠤ ᠵᠤᠶᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 11.7 % ᠨᠡᠮᠡᠭᠳᠡᠪᠠ᠃    ᠠᠵᠢᠯᠯᠠᠭᠠᠨ ᠤ ᠭᠤᠣᠯ ᠣᠨᠴᠠᠯᠢᠭ ᠪᠣᠯ᠄ 1 — 6 ᠰᠠᠷ᠎ᠠ ᠳᠤ᠂ ᠬᠡᠷᠡᠭᠯᠡᠭᠡᠨ ᠤ ᠵᠠᠬ᠎ᠠ ᠳᠡᠯᠭᠡᠭᠦᠷ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠵᠤ᠂ ᠵᠠᠬ᠎ᠠ ᠳᠡᠯᠭᠡᠭᠦᠷ ᠤᠨ ᠵᠢᠱᠢᠯᠲᠡ ᠦᠷᠭᠦᠯᠵᠢᠯᠡᠨ ᠰᠠᠶᠢᠨ ᠬᠠᠨᠳᠤᠰᠢ  ᠲᠠᠢ᠃ ᠢᠳᠡᠭᠡᠨ ᠤᠮᠳᠠᠭᠠᠨ ᠤ ᠬᠡᠷᠡᠭᠯᠡᠭᠡ ᠲᠦᠷᠭᠡᠨ ᠢᠶᠠᠷ ᠰᠠᠶᠢᠵᠢᠷᠠᠨ ᠬᠡᠰᠡᠭ ᠲᠠᠰ ᠳᠡᠪᠰᠢᠭᠰᠡᠨ ᠲᠥᠷᠥᠯ ᠤᠨ ᠲᠠᠸᠠᠷ ᠤᠨ ᠬᠡᠷᠭᠯᠡᠭᠡ ᠨᠡᠯᠢᠶᠡᠳ ᠲᠦᠷᠭᠡᠨ ᠨᠡᠮᠡᠭᠳᠡᠵᠦ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠲᠦᠷᠭᠡᠨ ᠬᠥᠭᠵᠢᠯᠲᠡ ᠶᠢᠨ ᠬᠠᠯᠠᠮᠰᠢᠯ ᠤᠨ ᠬᠡᠮᠵᠢᠶ᠎ᠡ ᠪᠠᠭᠤᠷᠠᠭᠰᠠᠨ ᠥᠬᠡᠶ᠃ ᠬᠡᠷᠡᠭᠯᠡᠭᠡᠨ ᠤ ᠪᠠᠶᠢᠳᠠᠯ ᠪᠠᠷ ᠬᠤᠪᠢᠶᠠᠪᠠᠯ᠂ ᠢᠳᠡᠭᠡᠨ ᠤᠮᠳᠠᠭᠠᠨ ᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 36.6% ᠪᠠᠷ ᠨᠡᠮᠡᠭᠳᠡᠪᠡ︔ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ12% ᠪᠠᠷ ᠨᠡᠮᠡᠭᠳᠡᠪᠡ︔ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠲᠠᠸᠠᠷ ᠤᠨ ᠬᠡᠷᠡᠭᠯᠡᠭᠡᠨ ᠤ ᠲᠥᠷᠥᠯ ᠤᠨ ᠥᠷᠲᠡᠭ ᠠᠴᠠ ᠦᠵᠡᠪᠡᠯ᠂ ᠠᠯᠲᠠ ᠮᠥᠩᠭᠦ ᠰᠤᠪᠤᠳ ᠡᠷᠳᠡᠨᠢ ᠶᠢᠨ ᠲᠥᠷᠥᠯ ᠠᠳᠠᠯᠢ ᠬᠤᠭᠤᠴᠠᠭᠠᠨ ᠤ ᠬᠢ ᠠᠴᠠ 53.9% ᠨᠡᠮᠡᠭᠳᠡᠵᠡᠶ︔ ᠵᠠᠰᠠᠯ ᠴᠢᠮᠡᠭᠯᠡᠯ ᠤᠨ ᠲᠥᠷᠥᠯ ᠠᠳᠠᠯᠢ ᠬᠤᠭᠤᠴᠠᠭᠠᠨ ᠤ ᠬᠢ ᠠᠴᠠ 33.7% ᠨᠡᠮᠡᠭᠳᠡᠪᠡ᠃ ᠮᠠᠰᠢᠨ ᠲᠡᠷᠭᠡᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 34.3% ᠪᠠᠷ ᠨᠡᠮᠡᠭᠳᠡᠵᠦ᠂ ᠤᠯᠤᠰ ᠤᠨ ᠳᠣᠲᠣᠭᠠᠳᠤ ᠶᠢᠨ ᠪᠣᠯᠪᠠᠰᠤᠷᠠᠭᠤᠯᠤᠭᠰᠠᠨ ᠲᠣᠰᠣᠨ ᠤ ᠦᠨ᠎ᠡ ᠵᠠᠯᠭᠠᠭᠠᠪᠡᠷ ᠥᠰᠦᠭᠰᠡᠨ ᠵᠡᠷᠭᠡ  ᠰᠢᠯᠳᠠᠭᠠᠨ ᠠᠴᠠ ᠨᠦᠯᠦᠭᠡᠯᠡᠭᠳᠡᠵᠤ᠂ ᠴᠢᠯᠠᠭᠤᠨ ᠲᠣᠰᠣ ᠵᠢᠴᠢ  ᠦᠢᠯᠡᠳᠭᠦᠨ ᠤ ᠲᠥᠷᠥᠯ ᠤᠨ ᠲᠠᠸᠠᠷ ᠤᠨ ᠬᠡᠷᠡᠭᠯᠡᠭᠡ ᠠᠳᠠᠯᠢ ᠬᠤᠭᠤᠴᠠᠭᠠᠨ ᠤ ᠬᠢ ᠠᠴᠠ 10.8% ᠪᠠᠷ ᠨᠡᠮᠡᠭᠳᠡᠵᠡᠶ᠃    ᠠᠶᠢᠮᠠᠭ ᠬᠤᠳᠠ ᠶᠢᠨ ᠪᠠᠶᠢᠳᠠᠯ ᠠᠴᠠ ᠦᠵᠡᠪᠡᠯ᠂ ᠬᠥᠬᠡᠬᠤᠲᠠ᠂ ᠰᠢᠯᠢ ᠶᠢᠨ ᠭᠤᠣᠯ ᠠᠶᠢᠮᠠᠭ᠂ ᠪᠤᠭᠤᠲᠤ ᠬᠤᠳᠠ᠂ ᠬᠥᠯᠥᠨ ᠪᠤᠶᠢᠷ ᠬᠤᠳᠠ᠂ ᠤᠷᠳᠤᠰ ᠬᠤᠳᠠ᠂ ᠦᠬᠠᠢ ᠬᠤᠳᠠ ᠵᠡᠷᠭᠡ 6 ᠠᠶᠢᠮᠠᠭ ᠬᠤᠳᠠ ᠶᠢᠨ ᠨᠡᠮᠡᠭᠳᠡᠯ ᠤᠨ ᠬᠤᠷᠳᠤᠴᠠ ᠨᠢ ᠪᠦᠬᠦ ᠣᠷᠣᠨ ᠤ ᠳᠤᠮᠳᠠᠴᠢ ᠲᠦᠪᠰᠢᠨ ᠠᠴᠠ ᠳᠠᠪᠠᠵᠤ᠂  ᠪᠤᠰᠤᠳ 6 ᠠᠶᠢᠮᠠᠭ ᠬᠤᠳᠠ ᠶᠢᠨ ᠨᠡᠮᠡᠭᠳᠡᠯ ᠤᠨ ᠬᠤᠷᠳᠤᠴᠠ ᠨᠢ ᠪᠦᠬᠦ ᠣᠷᠣᠨ ᠤ ᠲᠦᠪᠰᠢᠨ ᠠᠴᠠ ᠳᠣᠣᠷ᠎ᠠ  ᠪᠠᠶᠢᠪᠠ᠃    ᠬᠤᠶᠠᠷ᠂ ᠭᠠᠳᠠᠭᠠᠳᠤ ᠠᠷᠠᠯᠵᠢᠶ᠎ᠠ    ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ 1 — 6  ᠰᠠᠷ᠎ᠠ ᠳᠤ᠂ ᠪᠥᠬᠦ ᠣᠷᠣᠨ ᠤ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ ᠨᠡᠶᠢᠲᠡ 576.1 ᠳ᠋ᠦᠩᠰᠢᠭᠤᠷ ᠲᠥᠭᠦᠷᠢᠭ   ᠢ ᠪᠠᠶᠡᠯᠡᠬᠦᠯᠵᠤ᠂ ᠠᠳᠠᠯᠢ ᠬᠤᠭᠤᠴᠠᠭᠠᠨ ᠤ ᠬᠢ ᠠᠴᠠ 16.1% ᠪᠠᠷ ᠨᠡᠮᠡᠭᠳᠡᠨ᠂ 2019 ᠣᠨ ᠤ 1 — 6 ᠰᠠᠷ᠎ᠠ ᠶᠢᠨ ᠬᠢ ᠠᠴᠠ 5.3% ᠪᠠᠷ ᠨᠡᠮᠡᠭᠳᠡᠵᠡᠶ᠃ ᠡᠭᠦᠨ ᠳᠤ᠄ ᠭᠠᠳᠠᠭᠠᠳᠤ ᠠᠴᠠ ᠣᠷᠣᠭᠤᠯᠤᠭᠰᠠᠨ ᠲᠤᠭ᠎ᠠ ᠨᠡᠶᠢᠲᠡ 353.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.8% ᠨᠡᠮᠡᠭᠳᠡᠵᠡᠶ︔ ᠭᠠᠳᠠᠭᠠᠳᠤ ᠳᠤ ᠭᠠᠷᠭᠠᠭᠰᠠᠨ ᠲᠤᠭ᠎ᠠ ᠨᠡᠶᠢᠲᠡ 222.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 32.3% ᠪᠠᠷ ᠨᠡᠮᠡᠭᠳᠡᠵᠡᠶ᠃    ᠳ᠋ᠣᠯᠯᠠᠷ ᠤᠨ ᠪᠠᠷᠢᠮᠵᠢᠶ᠎ᠠ ᠪᠠᠷ ᠪᠣᠯ᠂ ᠪᠥᠬᠦ ᠣᠷᠣᠨ ᠤ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ ᠨᠡᠶᠢᠲᠡ 88.8 ᠳ᠋ᠦᠩᠰᠢᠭᠤᠷ ᠳ᠋ᠣᠯᠯᠠᠷ  ᠢ ᠪᠠᠶᠡᠯᠡᠬᠦᠯᠵᠤ᠂ ᠠᠳᠠᠯᠢ ᠬᠤᠭᠤᠴᠠᠭᠠᠨ ᠤ ᠬᠢ ᠠᠴᠠ 25.5% ᠨᠡᠮᠡᠭᠳᠡᠪᠡ᠂ ᠡᠭᠦᠨ ᠳᠤ᠄ ᠭᠠᠳᠠᠭᠠᠳᠤ ᠠᠴᠠ ᠣᠷᠣᠭᠤᠯᠤᠭᠰᠠᠨ 54.5 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.6% ᠨᠡᠮᠡᠭᠳᠡᠪᠡ︔ ᠭᠠᠳᠠᠭᠠᠳᠤ ᠳᠤ ᠭᠠᠷᠭᠠᠭᠰᠠᠨ  34.3 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 43.1% ᠪᠠᠷ ᠨᠡᠮᠡᠭᠳᠡᠵᠡᠶ᠃    ᠠᠵᠢᠯᠯᠠᠭᠠᠨ ᠤ ᠭᠤᠣᠯ ᠣᠨᠴᠠᠯᠢᠭ ᠭᠡᠪᠡᠯ᠄ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠥᠰᠥᠯᠲᠡ ᠰᠠᠶᠢᠨ ᠪᠠᠶᠢᠨ᠎ᠠ᠃ 1 — 6 ᠰᠠᠷ᠎ᠠ ᠳᠤ᠂ ᠮᠠᠨ ᠤ ᠣᠷᠣᠨ ᠤ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ᠂ ᠭᠠᠳᠠᠭᠠᠳᠤ ᠳᠤ ᠭᠠᠷᠭᠠᠬᠤ᠂ ᠭᠠᠳᠠᠭᠠᠳᠤ ᠠᠴᠠ ᠣᠷᠣᠭᠤᠯᠬᠤ ᠨᠢ ᠠᠳᠠᠯᠢ ᠬᠤᠭᠤᠴᠠᠭᠠᠨ ᠤ ᠬᠢ ᠠᠴᠠ ᠲᠣᠰ ᠲᠣᠰ 16.1%᠂ 32.3% ᠪᠠ 7.8% ᠪᠠᠷ ᠨᠡᠮᠡᠭᠳᠡᠪᠡ᠃ ᠡᠭᠦᠨ ᠳᠤ᠂ ᠪᠥᠬᠦ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠭᠠᠷᠭᠠᠯᠲᠠ ᠶᠢᠨ ᠨᠡᠮᠡᠭᠳᠡᠯ ᠨᠢ ᠪᠥᠬᠦ ᠤᠯᠤᠰ ᠤᠨ ᠬᠢ ᠠᠴᠠ 4.2 ᠵᠠᠭᠤᠨ ᠤ ᠨᠢᠭᠡᠴᠢ ᠥᠨᠳᠥᠷ ᠪᠠᠶᠢᠵᠤ᠂ ᠪᠥᠬᠦ ᠤᠯᠤᠰ ᠲᠤ 14  ᠲᠤ ᠵᠢᠭᠰᠠᠭᠠᠭᠳᠠᠵᠠᠶ᠃ ᠪᠣᠯᠪᠠᠰᠤᠷᠠᠭᠤᠯᠬᠤ ᠠᠷᠠᠯᠵᠢᠶ᠎ᠠ ᠲᠦᠷᠭᠡᠨ ᠢᠶᠠᠷ  ᠬᠦᠭᠵᠢᠪᠠ᠃ 1 — 6 ᠰᠠᠷ᠎ᠠ ᠳᠤ᠂ ᠪᠥᠬᠦ ᠣᠷᠣᠨ ᠤ  ᠪᠣᠯᠪᠠᠰᠤᠷᠠᠭᠤᠯᠬᠤ ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ 24.8 ᠳ᠋ᠦᠩᠰᠢᠭᠤᠷ ᠲᠥᠭᠦᠷᠢᠭ  ᠢ ᠪᠠᠶᠡᠯᠡᠬᠦᠯᠵᠤ᠂ ᠠᠳᠠᠯᠢ ᠬᠤᠭᠤᠴᠠᠭᠠᠨ ᠤ ᠬᠢ ᠠᠴᠠ 244.4% ᠨᠡᠮᠡᠭᠳᠡᠪᠡ︔ ᠡᠩ ᠤᠨ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ 381.0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.1% ᠨᠡᠮᠡᠭᠳᠡᠵᠦ᠂ ᠪᠥᠬᠦ ᠣᠷᠣᠨ ᠤ ᠠᠷᠠᠯᠵᠢᠶᠠᠨ ᠤ ᠶᠡᠷᠦᠩᠬᠡᠶ ᠲᠣᠭᠠᠨ ᠤ 66.1% ᠶᠢ ᠡᠵᠡᠯᠡᠪᠡ᠃ ᠬᠢᠯᠢ ᠶᠢᠨ ᠪᠠᠭ᠎ᠠ ᠬᠡᠮᠵᠢᠶᠠᠨ ᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠨᠡᠶᠢᠲᠡ 105.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.6% ᠪᠠᠷ ᠪᠠᠭᠤᠷᠠᠪᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠨᠢ ᠦᠷᠬᠦᠯᠵᠢᠯᠠᠨ ᠨᠡᠮᠡᠭᠳᠡᠯ ᠢ ᠪᠠᠳᠤᠯᠠᠪᠠ᠃ 1 — 6 ᠰᠠᠷ᠎ᠠ ᠳᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ 165.3 ᠳ᠋ᠦᠩᠰᠢᠭᠤᠷ ᠲᠥᠭᠦᠷᠢᠭ ᠢ ᠪᠠᠶᠡᠯᠡᠬᠦᠯᠵᠤ᠂ ᠠᠳᠠᠯᠢ ᠬᠤᠭᠤᠴᠠᠭᠠᠨ ᠤ ᠬᠢ ᠠᠴᠠ 39.9% ᠨᠡᠮᠡᠭᠳᠡᠵᠡᠶ︔ ᠠᠷᠠᠳ  ᠠᠴᠠ ᠡᠵᠡᠩᠨᠡᠭᠰᠡᠨ‌ᠠᠵᠤ ᠠᠬᠤᠶᠢᠯᠠᠯ ᠤᠨ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ ᠦᠷᠳᠡᠭ 371.2 ᠳ᠋ᠦᠩᠰᠢᠭᠤᠷ ᠲᠥᠭᠦᠷᠢᠭ  ᠢ ᠪᠠᠶᠡᠯᠡᠬᠦᠯᠵᠤ᠂ ᠠᠳᠠᠯᠢ ᠬᠤᠭᠤᠴᠠᠭᠠᠨ ᠤ ᠬᠢ ᠠᠴᠠ8.9% ᠨᠡᠮᠡᠭᠳᠡᠪᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠨᠢ ᠨᠢᠭᠡᠳᠦᠭᠡᠷ ᠲᠣᠮᠣ ᠡᠵᠡᠩᠨᠡᠯᠲᠡ ᠶᠢᠨ ᠭᠤᠤᠯ ᠴᠣᠭᠴᠠ ᠶᠢᠨ ᠪᠠᠶᠢᠷᠢ ᠰᠠᠭᠤᠷᠢ  ᠪᠠᠨ ᠦᠷᠭᠦᠯᠵᠢᠯᠡᠨ ᠪᠠᠲᠤᠯᠠᠵᠤ᠂ ᠪᠥᠬᠦ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠶ ᠥᠷᠲᠡᠭ ᠲᠤ ᠡᠵᠡᠯᠡᠬᠦ ᠬᠤᠪᠢ  ᠨᠢ 64.3% ᠳᠤ ᠬᠦᠷᠪᠠ᠃ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠭᠰᠠᠨ ᠠᠵᠤ ᠠᠬᠤᠶᠢᠯᠠᠯ ᠤᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠬᠡᠮᠵᠢᠶ᠎ᠡ 38.4 ᠳ᠋ᠦᠩᠰᠢᠭᠤᠷ ᠲᠥᠭᠦᠷᠢᠭ  ᠢ ᠪᠠᠶᠡᠯᠡᠬᠦᠯᠵᠤ᠂ ᠠᠳᠠᠯᠢ ᠬᠤᠭᠤᠴᠠᠭᠠᠨ ᠤ ᠬᠢ ᠠᠴᠠ 7.6% ᠪᠠᠷ ᠨᠡᠮᠡᠭᠳᠡᠪᠡ᠃ ᠪᠥᠬᠦ ᠣᠷᠣᠨ ᠤ ᠭᠤᠤᠯ ᠪᠣᠯᠬᠤ ᠲᠠᠸᠠᠷ ᠤᠨ ᠥᠰᠥᠯᠲᠡ ᠪᠠᠭᠤᠷᠠᠯᠲᠠ ᠢᠯᠡᠷᠬᠡᠢ ᠪᠠᠶᠢᠪᠠ᠃ 1 — 6 ᠰᠠᠷ᠎ᠠ ᠳᠤ᠂ ᠲᠦᠷᠦᠭᠦᠤ ᠠᠷᠪᠠ ᠳᠤ ᠤᠷᠤᠬᠤ ᠭᠠᠳᠠᠭᠠᠳᠤ ᠠᠴᠠ ᠣᠷᠣᠭᠤᠯᠤᠭᠰᠠᠨ ᠲᠠᠸᠠᠷ ᠤᠨ ᠳᠣᠲᠣᠷ᠎ᠠ᠂ ᠵᠡᠰ ᠤᠨ ᠬᠦᠳᠡᠷ᠂ ᠲᠡᠮᠦᠷ ᠤᠨ ᠬᠦᠳᠡᠷ ᠂ ᠺᠠᠯᠢ ᠶᠢᠨ ᠪᠣᠷᠲᠣᠭᠤᠷ᠂  ᠰᠦ ᠵᠢᠴᠢ ᠵᠥᠭᠡᠬᠡᠢ ᠶᠢᠨ ᠲᠣᠰᠣ ᠵᠡᠷᠭᠡ ᠳᠥᠷᠪᠡᠨ ᠶᠡᠭᠡ ᠲᠠᠸᠠᠷ ᠤᠨ ᠭᠠᠳᠠᠭᠠᠳᠤ ᠠᠴᠠ ᠣᠷᠣᠭᠤᠯᠤᠭᠰᠠᠨ ᠬᠡᠮᠵᠢᠶ᠎ᠠ  ᠦᠨ᠎ᠠ   ᠨᠢ ᠴᠦᠮ ᠨᠡᠮᠡᠭᠳᠡᠯ ᠲᠠᠢ ᠪᠠᠶᠢᠵᠤ᠂ ᠭᠠᠳᠠᠭᠠᠳᠤ ᠠᠴᠠ ᠣᠷᠣᠭᠤᠯᠤᠭᠰᠠᠨ ᠬᠡᠮᠵᠢᠶ᠎ᠡ ᠲᠣᠰ ᠲᠣᠰ 11.1%᠂ 5.0%᠂ 52.5%᠂ 13.5% ᠨᠡᠮᠡᠭᠳᠡᠵᠦ᠂ ᠭᠠᠳᠠᠭᠠᠳᠤ ᠠᠴᠠ ᠣᠷᠣᠭᠤᠯᠤᠭᠰᠠᠨ ᠲᠤᠭ᠎ᠠ ᠲᠣᠰ ᠲᠣᠰ 93.7%᠂ 78.2%᠂ 30.6%᠂ 3.8% ᠨᠡᠮᠡᠭᠳᠡᠵᠡᠶ︔ ᠨᠡᠭᠦᠷᠡᠰᠦ᠂ ᠮᠣᠳᠣᠨ ᠮᠠᠲ᠋ᠧᠷᠢᠶᠠᠯ᠂ ᠴᠠᠶᠢᠷ ᠤᠨ ᠬᠦᠳᠡᠷ ᠭᠤᠷᠪᠠᠨ ᠶᠡᠭᠡ ᠲᠠᠸᠠᠷ ᠤᠨ ᠭᠠᠳᠠᠭᠠᠳᠤ ᠠᠴᠠ ᠣᠷᠣᠭᠤᠯᠬᠤ ᠬᠡᠮᠵᠢᠶ᠎ᠡ ᠪᠠᠭᠤᠷᠠᠵᠤ᠂ ᠭᠠᠳᠠᠭᠠᠳᠤ ᠠᠴᠠ ᠣᠷᠣᠭᠤᠯᠬᠤ ᠬᠡᠮᠵᠢᠶ᠎ᠡ ᠲᠤᠰ ᠲᠤᠰ 15.4%᠂ 29.0%᠂ 39.9% ᠪᠠᠭᠤᠷᠠᠵᠤ᠂ ᠭᠠᠳᠠᠭᠠᠳᠤ ᠠᠴᠠ ᠣᠷᠣᠭᠤᠯᠬᠤ  ᠲᠤᠭ᠎ᠠ ᠲᠤᠰ ᠲᠤᠰ 8.4%᠂ 33.1%᠂ 13.2% ᠢᠶᠠᠷ ᠪᠠᠭᠤᠷᠠᠪᠠ᠃ ᠲᠦᠷᠦᠭᠦᠦ ᠠᠷᠪᠠ ᠳᠤ ᠤᠷᠤᠬᠤ ᠭᠠᠳᠠᠭᠠᠳᠤ ᠳᠤ ᠭᠠᠷᠭᠠᠬᠤ ᠲᠠᠸᠠᠷ ᠤᠨ ᠳᠣᠲᠣᠷ᠎ᠠ ᠪᠣᠯᠣᠳ ᠮᠠᠲ᠋ᠧᠷᠢᠶᠠᠯ᠂ ᠾᠯᠣᠷᠲᠤ ᠡᠲ᠋ᠢᠯᠸᠡ ᠪᠥᠭᠡᠭᠡᠨᠡᠪᠦᠷᠢ᠂ ᠪᠠᠷᠠᠭ᠎ᠠ ᠲᠡᠭᠡᠭᠡᠪᠦᠷᠢᠯᠡᠬᠦ ᠮᠠᠰᠢᠨ ᠲᠡᠷᠭᠡ ᠵᠡᠷᠭᠡ ᠭᠤᠷᠪᠠᠨ ᠶᠡᠭᠡ ᠲᠠᠸᠠᠷ ᠤᠨ ᠭᠠᠳᠠᠭᠠᠳᠤ ᠳᠤ ᠭᠠᠷᠭᠠᠬᠤ  ᠬᠡᠮᠵᠢᠶ᠎ᠠ ᠦᠨ᠎ᠡ ᠨᠢ ᠶᠡᠭᠡ ᠪᠠᠷ ᠳᠡᠭᠡᠭᠰᠢᠯᠡᠵᠦ ᠂ ᠭᠠᠳᠠᠭᠠᠳᠤ ᠳᠤ ᠭᠠᠷᠭᠠᠬᠤ ᠬᠡᠮᠵᠢᠶ᠎ᠡ ᠲᠤᠰ ᠲᠤᠰ 59.8%᠂ 43.6 ᠳᠠᠬᠢᠨ᠂ 2.97 ᠳᠠᠬᠢᠨ ᠨᠡᠮᠡᠭᠳᠡᠵᠦ᠂ ᠭᠠᠳᠠᠭᠠᠳᠤ ᠳᠤ ᠭᠠᠷᠭᠠᠬᠤ  ᠲᠤᠭ᠎ᠠ ᠲᠤᠰ ᠲᠤᠰ 86.6%᠂ 28.2 ᠳᠠᠬᠢᠨ᠂ 5.6 ᠳᠠᠬᠢᠨ ᠨᠡᠮᠡᠭᠳᠡᠵᠡᠶ᠃ ᠨᠡᠷᠡᠨ ᠬᠤᠸᠠᠷ ᠤᠨ ᠦᠷ᠎ᠡ᠂ ᠴᠠᠬᠢᠯᠭᠠᠨ ᠬᠦᠴᠦ᠂ ᠪᠠᠺᠲ᠋ᠧᠷᠢ ᠳᠠᠷᠤᠬᠤ ᠡᠳ᠋ ᠵᠡᠷᠭᠡ ᠭᠤᠷᠪᠠᠨ ᠶᠡᠭᠡ ᠲᠠᠸᠠᠷ ᠤᠨ ᠬᠡᠮᠵᠢᠶ᠎ᠠ ᠦᠨ᠎ᠡ   ᠨᠢ ᠪᠠᠭ᠎ᠠ  ᠬᠡᠮᠵᠢᠶ᠎ᠡ ᠪᠠᠷ ᠪᠠᠭᠤᠷᠠᠵᠤ᠂ ᠭᠠᠳᠠᠭᠠᠳᠤ ᠳᠤ ᠭᠠᠷᠭᠠᠬᠤ ᠬᠡᠮᠵᠢᠶ᠎ᠡ ᠲᠣᠰ ᠲᠣᠰ 7.3%᠂ 2.4%᠂ 21.5% ᠪᠠᠭᠤᠷᠠᠵᠤ᠂ ᠭᠠᠳᠠᠭᠠᠳᠤ ᠳᠤ ᠭᠠᠷᠭᠠᠬᠤ  ᠲᠤᠭ᠎ᠠ ᠲᠣᠰ ᠲᠣᠰ 13.5%᠂ 2.4%᠂ 24.1% ᠪᠠᠭᠤᠷᠠᠪᠠ᠃  ᠮᠠᠰᠢᠨ ᠴᠠᠬᠢᠯᠭᠠᠨ ᠤ ᠦᠢᠯᠡᠳᠬᠦᠨ᠂ ᠳᠡᠭᠡᠳᠦ ᠰᠢᠨ᠎ᠡ ᠮᠡᠷᠭᠡᠵᠢᠯ ᠤᠨ ᠦᠢᠯᠡᠳᠬᠦᠨ ᠤ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠬᠡᠮᠵᠢᠶ᠎ᠡ ᠨᠡᠯᠢᠶᠡᠳ ᠲᠦᠷᠭᠡᠨ ᠨᠡᠮᠡᠭᠳᠡᠵᠦ᠂ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ  ᠲᠤᠭ᠎ᠠ 45.5 ᠳ᠋ᠦᠩᠰᠢᠭᠤᠷ ᠲᠥᠭᠦᠷᠢᠭ ᠪᠠ 36.9 ᠳ᠋ᠦᠩᠰᠢᠭᠤᠷ ᠲᠥᠭᠦᠷᠢᠭ  ᠢ ᠪᠠᠶᠡᠯᠡᠬᠦᠯᠵᠤ᠂ ᠠᠳᠠᠯᠢ ᠬᠤᠭᠤᠴᠠᠭᠠᠨ ᠤ ᠬᠢ ᠠᠴᠠ 40.3%᠂ 45.4% ᠪᠠᠷ ᠨᠡᠮᠡᠭᠳᠡᠪᠡ᠃ ᠭᠤᠣᠯ ᠪᠣᠯᠬᠤ ᠠᠷᠠᠯᠵᠢᠶᠠᠨ ᠤ ᠬᠠᠨᠢᠲᠠᠨ ᠲᠠᠬᠢ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ  ᠬᠡᠮᠵᠢᠶ᠎ᠠ  ᠵᠢᠨ‌ᠥᠰᠥᠯᠲᠡ ᠰᠠᠶᠢᠨ᠃ 1 — 6 ᠰᠠᠷ᠎ᠠ ᠳᠤ᠂ ᠲᠦᠷᠦᠭᠦᠤ ᠠᠷᠪᠠ ᠳᠤ ᠤᠷᠤᠬᠤ ᠠᠷᠠᠯᠵᠢᠶᠠᠨ ᠤ ᠬᠠᠨᠢᠲᠠᠨ ᠤ ᠳᠣᠲᠣᠷ᠎ᠠ᠂ ᠣᠷᠣᠰ ᠢ ᠭᠠᠷᠭᠠᠪᠠᠯ᠂ ᠮᠠᠨ ᠤ ᠣᠷᠣᠨ ᠤ ᠪᠤᠰᠤᠳ ᠶᠢᠰᠦᠨ ᠶᠡᠭᠡ ᠠᠷᠠᠯᠵᠢᠶᠠᠨ ᠤ ᠬᠠᠨᠢᠲᠠᠨ ᠲᠠᠬᠢ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠲᠤᠭ᠎ᠠ ᠨᠡᠮᠡᠭᠳᠡᠯ ᠲᠠᠢ᠃ ᠡᠭᠦᠨ ᠳᠤ᠂ ᠮᠠᠨ ᠤ ᠣᠷᠣᠨ ᠤ ᠮᠣᠩᠭᠤᠯ ᠤᠯᠤᠰ ᠲᠠᠬᠢ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ 148.1 ᠳ᠋ᠦᠩᠰᠢᠭᠤᠷ ᠲᠥᠭᠦᠷᠢᠭ  ᠢ ᠪᠠᠶᠡᠯᠡᠬᠦᠯᠵᠤ᠂ ᠠᠳᠠᠯᠢ ᠬᠤᠭᠤᠴᠠᠭᠠᠨ ᠤ ᠬᠢ ᠠᠴᠠ 40.6% ᠨᠡᠮᠡᠭᠳᠡᠪᠡ︔ ᠤᠷᠤᠰ ᠲᠠᠬᠢ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ ᠦᠷᠳᠡᠭ 85.0 ᠳ᠋ᠦᠩᠰᠢᠭᠤᠷ ᠲᠥᠭᠦᠷᠢᠭ  ᠢ ᠪᠠᠶᠡᠯᠡᠬᠦᠯᠵᠤ᠂ ᠠᠳᠠᠯᠢ ᠬᠤᠭᠤᠴᠠᠭᠠᠨ ᠤ ᠬᠢ ᠠᠴᠠ 2.1% ᠪᠠᠭᠤᠷᠠᠪᠠ︔ ᠠᠦ᠋ᠰᠲᠷᠠᠯᠢᠶ᠎ᠠ᠂ ᠺᠣᠷᠢᠶᠠ᠂ ᠸᠢᠶᠧᠲᠨᠠᠮ᠂ ᠴᠢᠯᠢ᠂ ᠡᠨᠡᠳᠬᠡᠭ  ᠲᠠᠬᠢ ᠠᠷᠠᠯᠵᠢᠶᠠᠨ ᠤ  ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ 53.8%᠂ 64.7%᠂ 129.6%᠂ 58.1%᠂ 42.5% ᠢᠶᠠᠷ ᠨᠡᠮᠡᠭᠳᠡᠵᠡᠢ᠃ ᠣᠯᠠᠩᠬᠢ ᠠᠶᠢᠮᠠᠭ ᠬᠤᠳᠠ ᠶᠢᠨ ᠬᠢᠨ  ᠨᠡᠮᠡᠭᠳᠡᠯ ᠢ ᠪᠡᠶᠡᠯᠡᠭᠦᠯᠪᠡ᠃ 1 — 6 ᠰᠠᠷ᠎ᠠ ᠳᠤ᠂ 12 ᠠᠶᠢᠮᠠᠭ ᠬᠤᠲᠠ ᠶᠢᠨ ᠳᠣᠲᠣᠷ᠎ᠠ ᠬᠥᠯᠥᠨ ᠪᠤᠶᠢᠷ ᠬᠤᠲᠠ ︵ᠮᠠᠨᠵᠤᠤᠷ ᠬᠤᠲᠠ ᠶᠢ ᠪᠠᠭᠲᠠᠭᠠᠨ᠎ᠠ︶᠂ ᠰᠢᠯᠢ ᠶᠢᠨ ᠭᠤᠤᠯ ᠠᠶᠢᠮᠠᠭ ︵ᠡᠷᠢᠶᠡᠨ ᠬᠤᠲᠠ ᠶᠢ ᠪᠠᠭᠲᠠᠭᠠᠨ᠎ᠠ︶ 2 ᠠᠶᠢᠮᠠᠭ ᠬᠤᠲᠠ ᠶᠢ ᠭᠠᠷᠭᠠᠪᠠᠯ᠂ ᠪᠤᠰᠤᠳ 10 ᠠᠶᠢᠮᠠᠭ ᠬᠤᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠡᠮᠵᠢᠶ᠎ᠡ ᠴᠥᠮ ᠨᠡᠮᠡᠭᠳᠡᠯ ᠤᠨ ᠬᠠᠨᠳᠤᠰᠢ ᠲᠠᠢ᠃ ᠪᠤᠭᠤᠲᠤ ᠬᠤᠲᠠ᠂ ᠪᠠᠶᠠᠨᠨᠠᠭᠤᠷ ᠬᠤᠲᠠ᠂ ᠬᠥᠬᠡᠬᠤᠲᠠ ᠵᠡᠷᠭᠡ ᠭᠤᠷᠪᠠᠨ ᠠᠶᠢᠮᠠᠭ ᠬᠤᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠭ᠎ᠠ ᠪᠥᠬᠦ ᠣᠷᠣᠨ ᠤ ᠡᠮᠦᠨ᠎ᠡ ᠭᠤᠷᠪᠠ ᠳᠤ ᠵᠢᠭᠰᠠᠭᠠᠭᠳᠠᠪᠠ᠃    ᠭᠤᠷᠪᠠ᠂ ᠭᠠᠳᠠᠭᠠᠳᠤ ᠶᠢᠨ ᠪᠡᠯᠡ ᠮᠥᠩᠭᠦ ᠶᠢ ᠰᠢᠭᠤᠳ ᠠᠰᠢᠭᠯᠠᠭᠰᠠᠨ   1 — 6 ᠰᠠᠷ᠎ᠠ ᠳᠤ᠂ ᠪᠥᠬᠦ ᠣᠷᠣᠨ ᠤ ᠰᠢᠨ᠎ᠡ ᠪᠠᠷ ᠪᠠᠶᠢᠭᠤᠯᠤᠭᠰᠠᠨ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠭᠰᠠᠨ ᠠᠵᠤ ᠠᠬᠤᠶᠢᠯᠠᠯ 17 ᠪᠣᠯᠵᠣ᠂ ᠠᠳᠠᠯᠢ ᠬᠤᠭᠤᠴᠠᠭᠠᠨ ᠤ ᠬᠢ ᠠᠴᠠ 4 ᠪᠠᠭᠠᠰᠪᠠ︔ ᠬᠤᠳᠠᠯᠳᠤᠭᠠᠨ ᠤ ᠶᠠᠪᠤᠳᠠᠯ ᠤᠨ ᠶᠠᠮᠤᠨ ᠤ ᠪᠦᠷᠢᠳᠬᠡᠭᠰᠡᠨ ᠢᠶᠠᠷ᠂ ᠮᠠᠨ ᠤ ᠣᠷᠣᠨ ᠤ ᠪᠣᠳᠠᠲᠠᠶ ᠬᠡᠷᠡᠭᠯᠡᠭᠰᠡᠨ ᠭᠠᠳᠠᠭᠠᠳᠤ ᠪᠠᠯᠠ ᠶᠢᠨ ᠲᠤᠭ᠎ᠠ 1.66 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 23.39% ᠪᠠᠷ ᠪᠠᠭᠤᠷᠠᠪᠠ ︵ᠠᠷᠠᠳ ᠤᠨ ᠵᠣᠭᠤᠰ ᠢᠶᠠᠷ ᠨᠤᠭᠤᠯᠵᠤ ᠪᠤᠳᠤᠪᠠᠯ 11.72 ᠳ᠋ᠦᠩᠰᠢᠭᠤᠷ ᠲᠥᠭᠦᠷᠢᠭ᠂ 23.3% ᠪᠠᠷ ᠪᠠᠭᠤᠷᠠᠪᠠ︶᠃ ᠤᠯᠤᠰ  ︵ᠭᠠᠵᠠᠷ ᠣᠷᠣᠨ︶ ᠠᠴᠠ ᠦᠵᠡᠪᠡᠯ᠂ ᠪᠠᠯᠠ ᠣᠷᠣᠭᠤᠯᠤᠯᠲᠠ ᠨᠢ ᠭᠤᠤᠯᠳᠠᠭᠤ ᠰᠢᠶᠠᠩᠭᠠᠩ ᠣᠷᠣᠨ ᠠᠴᠠ ᠢᠷᠡᠵᠦ᠂ 93% ᠶᠢ ᠡᠵᠡᠯᠡᠪᠠ︔ ᠪᠡᠯᠡ ᠣᠷᠣᠭᠤᠯᠤᠯᠲᠠ ᠶᠢᠨ ᠠᠵᠢᠯ ᠲᠦᠷᠦᠯ ᠠᠴᠠ ᠦᠵᠡᠪᠡᠯ᠂ ᠭᠤᠣᠯᠳᠠᠭᠤ ᠲᠠᠷᠢᠶᠠᠯᠠᠩ᠂ ᠤᠢ ᠰᠢᠭᠤᠶ᠂ ᠮᠠᠯ ᠠᠵᠤ ᠠᠬᠤᠶ᠂ ᠵᠢᠭᠠᠰᠤᠨ ᠠᠵᠤ ᠠᠬᠤᠶ᠂ ᠦᠢᠯᠡᠳᠬᠦ ᠦᠢᠯᠡᠰ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠦᠢᠯᠡᠰ ᠲᠤ ᠲᠦᠪᠯᠡᠷᠡᠪᠠ︔ ᠪᠠᠯᠠ ᠮᠥᠩᠭᠦᠨ ᠤ ᠲᠠᠷᠬᠠᠯᠲᠠ ᠶᠢᠨ ᠪᠠᠶᠢᠳᠠᠯ ᠠᠴᠠ ᠦᠵᠡᠪᠡᠯ᠂ ᠭᠤᠤᠯᠳᠠᠭᠤ ᠬᠥᠬᠡᠬᠤᠲᠠ ᠳᠤ ᠲᠥᠪᠯᠡᠷᠡᠵᠦ᠂ 85% ᠶᠢ  ᠡᠵᠡᠯᠡᠪᠠ᠃    ᠳᠥᠷᠪᠡ᠂ ᠭᠠᠳᠠᠭᠠᠳᠤ ᠳᠤ ᠪᠠᠯᠠ ᠣᠷᠣᠭᠤᠯᠤᠨ ᠬᠠᠮᠳᠤᠷᠠᠯᠴᠠᠭᠰᠠᠨ    1 — 6 ᠰᠠᠷ᠎ᠠ ᠳᠤ᠂ ᠮᠠᠨ ᠤ ᠣᠷᠣᠨ ᠤ ᠰᠢᠨ᠎ᠡ ᠪᠠᠷ ᠨᠡᠮᠡᠭᠳᠡᠭᠰᠡᠨ ᠭᠠᠳᠠᠭᠠᠳᠤ ᠳᠠᠬᠢ ᠪᠠᠯᠠ ᠣᠷᠣᠭᠤᠯᠤᠯᠲᠠ ᠶᠢᠨ ᠲᠥᠷᠥᠯ ᠵᠤᠶᠢᠯ 26 ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠲᠡᠩᠴᠡᠪᠡ᠂ ᠳᠤᠮᠳᠠᠳᠤ ᠤᠯᠤᠰ ᠤᠨ ᠲᠠᠯ᠎ᠠ ᠶᠢᠨ ᠵᠥᠪᠳᠡᠯᠴᠡᠬᠡᠷ ᠤᠨ ᠪᠠᠯᠠ ᠣᠷᠣᠭᠤᠯᠤᠯᠲᠠ ᠶᠢᠨ ᠲᠤᠭ᠎ᠠ 2.91 ᠳ᠋ᠦᠩᠰᠢᠭᠤᠷ ᠳ᠋ᠣᠯᠯᠠᠷ ︵ᠨᠡᠮᠡᠭᠳᠡᠯ ᠬᠠᠰᠤᠭᠳᠠᠯ ᠪᠠᠭᠲᠠᠨ᠎ᠠ︶ ᠬᠦᠷᠴᠦ᠂ ᠠᠳᠠᠯᠢ ᠬᠤᠭᠤᠴᠠᠭᠠᠨ ᠤ ᠬᠢ ᠠᠴᠠ 46.11% ᠪᠠᠷ ᠪᠠᠭᠤᠷᠠᠪᠠ᠃ ᠪᠠᠯᠠ ᠣᠷᠣᠭᠤᠯᠤᠯᠲᠠ ᠶᠢᠨ ᠤᠯᠤᠰ  ︵ᠭᠠᠵᠠᠷ ᠣᠷᠣᠨ︶ ᠨᠢ ᠭᠤᠤᠯᠳᠠᠭᠤ ᠮᠣᠩᠭᠤᠯ ᠤᠯᠤᠰ᠂ ᠣᠷᠣᠰ᠂ ᠠᠷᠠᠪ ᠤᠨ ᠬᠤᠯᠪᠣᠭᠠᠲᠤ ᠠᠬᠠᠮᠠᠳᠳᠤ ᠤᠯᠤᠰ᠂ ᠲᠦᠷᠺ ᠵᠢᠴᠢ ᠰᠢᠶᠠᠩᠭᠠᠩ ᠣᠷᠣᠨ ᠵᠡᠷᠭᠡ ᠪᠠᠶᠢᠪᠠ᠃ ᠭᠤᠣᠯ ᠪᠣᠯᠬᠤ ᠪᠡᠯᠡ ᠣᠷᠣᠭᠤᠯᠤᠯᠲᠠ ᠶᠢᠨ ᠠᠵᠢᠯ ᠲᠦᠷᠦᠯ ᠪᠣᠯ ᠲᠡᠭᠡᠭᠡᠪᠦᠷᠢ ᠬᠥᠮᠥᠷᠭᠡ ᠶᠢᠨ ᠦᠢᠯᠡᠰ᠂ ᠠᠭᠤᠷᠬᠠᠶ ᠮᠠᠯᠲᠠᠬᠤ ᠦᠢᠯᠡᠰ᠂ ᠲᠠᠷᠢᠶᠠᠯᠠᠩ᠂ ᠮᠣᠳᠣᠨ ᠮᠠᠲ᠋ᠧᠷᠢᠶᠠᠯ ᠪᠣᠯᠪᠠᠰᠤᠷᠠᠭᠤᠯᠬᠤ᠂ ᠢᠳᠡᠭᠡᠨ ᠪᠣᠯᠪᠠᠰᠤᠷᠠᠭᠤᠯᠬᠤ᠂ ᠤᠯᠠᠨ ᠤᠯᠤᠰ ᠤᠨ ᠠᠷᠠᠯᠵᠢᠶ᠎ᠠ ᠵᠡᠷᠭᠡ  ᠪᠠᠶᠢᠪᠠ᠃     ᠲᠠᠪᠤ᠂ ᠪᠣᠭᠤᠮᠲᠠ ᠶᠢᠨ ᠲᠡᠭᠡᠭᠡᠪᠦᠷᠢ ᠶᠢᠨ ᠬᠡᠮᠵᠢᠶ᠎ᠡ ᠶᠢᠨ ᠪᠠᠶᠢᠳᠠᠯ    1 — 6 ᠰᠠᠷ᠎ᠠ ᠳᠤ᠂ ᠪᠥᠬᠦ ᠣᠷᠣᠨ ᠤ ᠪᠣᠭᠤᠮᠲᠠ ᠶᠢᠨ ᠬᠢᠯᠢ ᠪᠠᠷ ᠣᠷᠣᠭᠤᠯᠵᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 2858.61 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.3% ᠨᠡᠮᠡᠭᠳᠡᠪᠡ᠃ ᠡᠭᠦᠨ ᠳᠤ᠄ ᠬᠢᠯᠢ ᠪᠠᠷ ᠣᠷᠣᠭᠤᠯᠤᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 2419.25 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.5% ᠪᠠᠷ ᠨᠡᠮᠡᠭᠳᠡᠪᠡ︔ ᠬᠢᠯᠢ ᠪᠠᠷ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 439.36 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.4% ᠨᠡᠮᠡᠭᠳᠡᠪᠡ᠃    ᠮᠣᠩᠭᠤᠯ ᠤᠯᠤᠰ ᠤᠨ ᠪᠣᠭᠤᠮᠲᠠ ᠳᠠᠬᠢ ᠬᠢᠯᠢ ᠪᠠᠷ ᠣᠷᠣᠭᠤᠯᠵᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1842.31 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.1% ᠪᠠᠷ ᠨᠡᠮᠡᠭᠳᠡᠪᠡ ᠂ ᠡᠭᠦᠨ ᠳᠤ᠄ ᠬᠢᠯᠢ ᠪᠠᠷ ᠣᠷᠣᠭᠤᠯᠤᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1627.95 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.5% ᠪᠠᠷ ᠨᠡᠮᠡᠭᠳᠡᠪᠡ︔ ᠬᠢᠯᠢ  ᠪᠠᠷ ᠭᠠᠷᠭᠠᠭᠰᠠᠨ‌‍ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 214.36 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.7% ᠪᠠᠷ ᠪᠠᠭᠤᠷᠠᠪᠠ᠃ ᠣᠷᠣᠰ ᠤᠨ ᠪᠣᠭᠤᠮᠲᠠ ᠳᠠᠬᠢ ᠬᠢᠯᠢ ᠪᠠᠷ ᠣᠷᠣᠭᠤᠯᠵᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1016.3 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.9% ᠪᠠᠷ ᠨᠡᠮᠡᠭᠳᠡᠪᠡ᠂ ᠡᠭᠦᠨ ᠳᠤ᠄ ᠬᠢᠯᠢ ᠪᠠᠷ ᠣᠷᠣᠭᠤᠯᠵᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 791.3 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.4% ᠪᠠᠷ ᠪᠠᠭᠤᠷᠠᠪᠠ︔  ᠬᠢᠯᠢ  ᠪᠠᠷ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 225 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 19.4% ᠨᠡᠮᠡᠭᠳᠡᠪᠡ᠃     1 — 6 ᠰᠠᠷ᠎ᠠ ᠳᠤ᠂ ᠪᠥᠬᠦ ᠣᠷᠣᠨ ᠤ ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 30.17 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 50.8% ᠪᠠᠷ ᠪᠠᠭᠤᠷᠠᠪᠠ᠂ ᠡᠭᠦᠨ ᠳᠤ᠂ ᠬᠢᠯᠢ ᠪᠠᠷ ᠣᠷᠣᠵᠤ ᠢᠷᠡᠭᠰᠡᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 15.15 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 51.6% ᠪᠠᠷ ᠪᠠᠭᠤᠷᠠᠵᠤ᠂ ᠬᠢᠯᠢ ᠪᠠᠷ  ᠭᠠᠷᠤᠭᠰᠠᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 15.02 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 50.1% ᠪᠠᠷ ᠪᠠᠭᠤᠷᠠᠪᠠ᠃    1 — 6 ᠰᠠᠷ᠎ᠠ ᠳᠤ᠂ ᠪᠥᠬᠦ ᠣᠷᠣᠨ ᠤ ᠪᠣᠭᠤᠮᠲᠠ ᠶᠢᠨ ᠬᠢᠯᠢ ᠪᠠᠷ ᠣᠷᠣᠭᠤᠯᠵᠤ ᠭᠠᠷᠭᠠᠬᠤ ᠵᠠᠮ ᠬᠠᠷᠢᠯᠴᠠᠭᠠᠨ ᠤ ᠪᠠᠭᠠᠵᠢ ᠬᠡᠷᠡᠭᠰᠡᠯ 26.81 ᠲᠦᠮᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 6.6% ᠪᠠᠷ ᠪᠠᠭᠤᠷᠠᠪᠠ᠂ ᠡᠭᠦᠨ ᠳᠤ᠂ ᠬᠢᠯᠢ ᠪᠠᠷ ᠤᠷᠤᠭᠤᠯᠤᠭᠰᠠᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ 12.97 ᠲᠦᠮᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 9.9% ᠪᠠᠷ ᠪᠠᠭᠤᠷᠠᠵᠤ᠂ ᠬᠢᠯᠢ ᠪᠠᠷ  ᠭᠠᠷᠭᠠᠭᠰᠠᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ 13.84  ᠲᠦᠮᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 3.2% ᠢᠶᠠᠷ ᠪᠠᠭᠤᠷᠠᠪᠠ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠬᠤᠳᠠᠯᠳᠣᠭᠠᠨ ᠤ ᠶᠠᠪᠤᠳᠠᠯ ᠤᠨ ᠲᠢᠩᠬᠢᠮ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号