2021 ᠣᠨ ᠤ 1 — 7 ᠳ᠋ᠤᠭᠠᠷ ᠰᠠᠷ᠎ᠠ ᠶᠢᠨ ᠪᠥᠬᠦ ᠣᠷᠣᠨ ᠤ ᠬᠤᠳᠠᠯᠳᠤᠭᠠᠨ ᠤ ᠶᠠᠪᠤᠳᠠᠯ ᠵᠢᠴᠢ ᠪᠣᠭᠤᠮᠲᠠ ᠶᠢᠨ ᠠᠵᠢᠯ ᠤᠨ ᠠᠵᠢᠯᠯᠠᠭᠠᠨ ᠤ ᠪᠠᠶᠢᠳᠠᠯ ᠤᠨ ᠲᠤᠬᠠᠶ ᠵᠠᠷᠯᠠᠯ
ᠨᠡᠶᠢᠲᠡᠯᠡᠭᠰᠡᠨ ᠴᠠᠭ᠄
2021/12/13
     ᠡᠳᠦᠭᠡ 2021 ᠣᠨ ᠤ 1 — 7 ᠳ᠋ᠤᠭᠠᠷ ᠰᠠᠷ᠎ᠠ ᠶᠢᠨ ᠪᠥᠬᠦ ᠣᠷᠣᠨ ᠤ ᠬᠤᠳᠠᠯᠳᠤᠭᠠᠨ ᠤ ᠶᠠᠪᠤᠳᠠᠯ ᠵᠢᠴᠢ ᠪᠣᠭᠤᠮᠲᠠ ᠶᠢᠨ ᠠᠵᠢᠯ ᠤᠨ ᠠᠵᠢᠯᠯᠠᠭᠠᠨ ᠤ ᠪᠠᠶᠢᠳᠠᠯ ᠢ ᠳᠣᠤᠷᠠᠬᠢ ᠮᠡᠲᠦ ᠵᠠᠷᠯᠠᠶ᠎ᠠ᠄    ᠨᠢᠭᠡ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ    1 — 7 ᠳ᠋ᠤᠭᠠᠷ ᠰᠠᠷ᠎ᠠ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ  ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 12.7% ᠨᠡᠮᠡᠭᠳᠡᠪᠡ᠃ ᠡᠭᠦᠨ ᠳᠤ᠄ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 12.9% ᠨᠡᠮᠡᠭᠳᠡᠪᠡ᠂ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 11.2%  ᠨᠡᠮᠡᠭᠳᠡᠪᠡ᠃    ᠠᠵᠢᠯᠯᠠᠭᠠᠨ ᠤ ᠭᠤᠣᠯ ᠣᠨᠴᠠᠯᠢᠭ ᠪᠣᠯ᠄ ᠬᠡᠷᠡᠭᠯᠡᠭᠡᠨ ᠤ ᠵᠠᠬ᠎ᠠ ᠳᠡᠯᠭᠡᠭᠦᠷ ᠦᠷᠭᠦᠯᠵᠢᠯᠡᠨ ᠰᠠᠶᠢᠵᠢᠷᠠᠵᠤ᠂ ᠡᠳᠦᠷ ᠲᠤᠳᠤᠮ ᠤᠨ ᠬᠡᠷᠡᠭᠯᠡᠭᠡᠨ ᠤ ᠵᠦᠢᠯ ᠪᠠ ᠲᠡᠰ ᠳᠡᠪᠰᠢᠬᠦ ᠲᠦᠷᠦᠯ ᠤᠨ ᠲᠠᠸᠠᠷ ᠤᠨ ᠬᠡᠷᠡᠭᠯᠡᠭᠡᠨ ᠤ ᠨᠡᠮᠡᠭᠳᠡᠯ ᠤᠨ ᠬᠠᠨᠳᠤᠰᠢ ᠰᠠᠶᠢᠨ ᠪᠠᠶᠢᠨ᠎ᠠ᠃ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 12.7% ᠪᠠᠷ ᠨᠡᠮᠡᠭᠳᠡᠵᠦ᠂ 1 — 6 ᠳ᠋ᠤᠭᠠᠷ ᠰᠠᠷ᠎ᠠ ᠶᠢᠨ ᠬᠢ ᠠᠴᠠ 1.7 ᠵᠠᠭᠤᠨ ᠤ ᠨᠢᠭᠡᠴᠢ ᠪᠠᠭᠤᠷᠠᠵᠤ᠂ 2019 ᠣᠨ᠂ 2020 ᠣᠨ ᠤ ᠠᠳᠠᠯᠢ ᠬᠤᠭᠤᠴᠠᠭᠠᠨ ᠤ ᠨᠡᠮᠡᠭᠳᠡᠯ ᠤᠨ ᠬᠤᠷᠳᠤᠴᠠ ᠠᠴᠠ ᠥᠨᠳᠥᠷ ᠪᠣᠯᠤᠭᠰᠠᠨ ᠪᠠᠶᠢᠨ᠎ᠠ᠃ ᠬᠡᠷᠡᠭᠯᠡᠭᠡᠨ ᠤ ᠬᠡᠯᠪᠡᠷᠢ ᠪᠠᠷ ᠬᠤᠪᠢᠶᠠᠪᠠᠯ᠂ ᠪᠥᠬᠦ ᠣᠷᠣᠨ ᠤ ᠢᠳᠡᠭᠡᠨ ᠤᠮᠳᠠᠭᠠᠨ ᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 30.3% ᠨᠡᠮᠡᠭᠳᠡᠵᠦ᠂ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 11.0% ᠨᠡᠮᠡᠭᠳᠡᠵᠡᠶ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠡ ᠶᠢᠨ ᠬᠡᠷᠡᠭᠯᠡᠭᠡᠨ ᠤ ᠵᠦᠢᠯ ᠤᠨ ᠲᠥᠷᠥᠯ ᠤᠨ ᠥᠷᠲᠡᠭ ᠠᠴᠠ ᠦᠵᠡᠪᠡᠯ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠡ ᠶᠢᠨ 11 ᠬᠡᠷᠡᠭᠯᠡᠭᠡᠨ ᠤ ᠵᠦᠢᠯ ᠤᠨ ᠲᠥᠷᠥᠯ ᠢᠯᠭᠠᠯ ᠤᠨ ᠳᠣᠲᠣᠷ᠎ᠠ᠂ 10 ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ ᠬᠡᠪ ᠤᠨ ᠨᠡᠮᠡᠭᠳᠡᠯ ᠢᠶᠠᠨ ᠪᠠᠲᠤᠯᠠᠪᠠ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠣᠭᠠᠨ ᠤ ᠳᠣᠲᠣᠷ᠎ᠠ᠂ ᠠᠮᠤ ᠪᠤᠳᠠᠭ᠎ᠠ ᠲᠣᠰᠣ ᠢᠳᠡᠭᠡᠨ ‍ᠤ‌ᠵᠦ᠋ᠢᠯ᠂ ᠤᠮᠳᠠᠭᠠᠨ ᠤ ᠵᠦᠢᠯ᠂ ᠬᠢᠲᠠᠳ ᠧᠦ᠋ᠷᠣᠫᠠ ᠡᠮᠨᠡᠯᠭᠡ ᠶᠢᠨ ᠡᠮ ‍ᠤᠨ‌ᠵᠦ᠋ᠢᠯ ᠠᠳᠠᠯᠢ ᠬᠤᠭᠤᠴᠠᠭᠠᠨ ᠤ ᠬᠢ ᠠᠴᠠ ᠲᠣᠰ ᠲᠣᠰ 10.5%᠂ 8.2%᠂ 8.3% ᠪᠠᠷ ᠨᠡᠮᠡᠭᠳᠡᠵᠦ᠂ ᠠᠯᠲᠠ ᠮᠥᠩᠭᠦ ᠰᠤᠪᠤᠳ ᠡᠷᠳᠡᠨᠢ ᠶᠢᠨ ᠵᠦᠢᠯ᠂ ᠮᠠᠰᠢᠨ ᠲᠡᠷᠭᠡᠨ ᠤ ᠵᠦᠢᠯ᠂ ᠵᠠᠰᠠᠯ ᠴᠢᠮᠡᠭ ᠤᠨ ᠡᠳ᠋ ᠤᠨ ᠵᠦᠢᠯ ᠠᠳᠠᠯᠢ ᠬᠤᠭᠤᠴᠠᠭᠠᠨ ᠤ ᠬᠢ ᠠᠴᠠ ᠲᠣᠰ ᠲᠣᠰ 44.5%᠂ 27.4%᠂ 26.9% ᠪᠠᠷ ᠨᠡᠮᠡᠭᠳᠡᠵᠡᠶ᠃    ᠠᠶᠢᠮᠠᠭ ᠬᠤᠳᠠ ᠶᠢᠨ ᠪᠠᠶᠢᠳᠠᠯ ᠠᠴᠠ ᠦᠵᠡᠪᠡᠯ᠂ ᠬᠥᠬᠡᠬᠤᠲᠠ᠂ ᠰᠢᠯᠢ ᠶᠢᠨ ᠭᠤᠣᠯ ᠠᠶᠢᠮᠠᠭ᠂ ᠪᠤᠭᠤᠲᠤ ᠬᠤᠳᠠ᠂ ᠬᠥᠯᠥᠨ ᠪᠤᠶᠢᠷ ᠬᠤᠳᠠ᠂ ᠤᠷᠳᠤᠰ ᠬᠤᠳᠠ᠂ ᠦᠬᠠᠢ ᠬᠤᠳᠠ ᠵᠡᠷᠭᠡ 6 ᠠᠶᠢᠮᠠᠭ ᠬᠤᠳᠠ ᠶᠢᠨ ᠨᠡᠮᠡᠭᠳᠡᠯ ᠤᠨ ᠬᠤᠷᠳᠤᠴᠠ ᠨᠢ ᠪᠦᠬᠦ ᠣᠷᠣᠨ ᠤ ᠲᠦᠪᠰᠢᠨ ᠠᠴᠠ ᠳᠠᠪᠠᠵᠤ᠂ ᠦᠯᠡᠳᠡᠭᠰᠡᠨ 6 ᠠᠶᠢᠮᠠᠭ ᠬᠤᠳᠠ ᠶᠢᠨ ᠨᠡᠮᠡᠭᠳᠡᠯ ᠤᠨ ᠬᠤᠷᠳᠤᠴᠠ ᠨᠢ ᠪᠦᠬᠦ ᠣᠷᠣᠨ ᠤ ᠲᠦᠪᠰᠢᠨ ᠠᠴᠠ ᠳᠣᠣᠷ᠎ᠠ ᠪᠣᠯᠪᠠ᠃    ᠬᠤᠶᠠᠷ᠂ ᠭᠠᠳᠠᠭᠠᠳᠤ ᠠᠷᠠᠯᠵᠢᠶ᠎ᠠ    ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ 1 — 7 ᠳ᠋ᠤᠭᠠᠷ ᠰᠠᠷ᠎ᠠ ᠳᠤ᠂ ᠪᠥᠬᠦ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ ᠨᠡᠶᠢᠲᠡ 675.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.8% ᠪᠠᠷ ᠨᠡᠮᠡᠭᠳᠡᠪᠡ᠃ ᠡᠭᠦᠨ ᠳᠤ᠄ ᠭᠠᠳᠠᠭᠠᠳᠤ ᠠᠴᠠ ᠣᠷᠣᠭᠤᠯᠤᠭᠰᠠᠨ ᠨᠡᠶᠢᠲᠡ ᠲᠤᠭ᠎ᠠ 415.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.1% ᠨᠡᠮᠡᠭᠳᠡᠵᠡᠶ︔ ᠭᠠᠳᠠᠭᠠᠳᠤ ᠳᠤ ᠭᠠᠷᠭᠠᠭᠰᠠᠨ ᠲᠤᠭ᠎ᠠ ᠨᠡᠶᠢᠲᠡ 259.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 30.8% ᠪᠠᠷ ᠨᠡᠮᠡᠭᠳᠡᠵᠡᠶ᠃    ᠳ᠋ᠣᠯᠯᠠᠷ ᠤᠨ ᠪᠠᠷᠢᠮᠵᠢᠶ᠎ᠠ ᠪᠠᠷ ᠪᠣᠯ᠂ ᠪᠥᠬᠦ ᠣᠷᠣᠨ ᠤ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ ᠨᠡᠶᠢᠲᠡ 104.3 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 25.6% ᠨᠡᠮᠡᠭᠳᠡᠪᠡ᠃ ᠡᠭᠦᠨ ᠳᠤ᠄ ᠭᠠᠳᠠᠭᠠᠳᠤ ᠠᠴᠠ ᠣᠷᠣᠭᠤᠯᠤᠭᠰᠠᠨ ᠨᠡᠶᠢᠲᠡ ᠲᠤᠭ᠎ᠠ 64.2 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.2% ᠢᠶᠠᠷ ᠨᠡᠮᠡᠭᠳᠡᠵᠡᠶ︔ ᠭᠠᠳᠠᠭᠠᠳᠤ ᠳᠤ ᠭᠠᠷᠭᠠᠭᠰᠠᠨ ᠲᠤᠭ᠎ᠠ ᠨᠡᠶᠢᠲᠡ 40.1 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 41.8% ᠪᠠᠷ ᠨᠡᠮᠡᠭᠳᠡᠵᠡᠶ᠃    ᠠᠵᠢᠯᠯᠠᠭᠠᠨ ᠤ ᠭᠤᠣᠯ ᠣᠨᠴᠠᠯᠢᠭ ᠪᠣᠯ᠄ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ᠂ ᠭᠠᠳᠠᠭᠠᠳᠤ ᠳᠤ ᠭᠠᠷᠭᠠᠬᠤ ᠬᠡᠮᠵᠢᠶ᠎ᠡ ᠶᠢᠨ ᠨᠡᠮᠡᠭᠳᠡᠬᠦ ᠬᠠᠨᠳᠤᠰᠢ ᠨᠢ ᠬᠢᠵᠢᠭ ᠤᠨ ᠪᠠᠶᠢᠳᠠᠯ ᠠᠴᠠ ᠡᠮᠦᠨᠡᠬᠢ ᠠᠴᠠ ᠰᠠᠶᠢᠨ ᠪᠠᠶᠢᠨ᠎ᠡ᠃ 1 — 7 ᠰᠠᠷ᠎ᠠ ᠳᠤ᠂ 2019 ᠣᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ᠂ ᠭᠠᠳᠠᠭᠠᠳᠤ ᠳᠤ ᠭᠠᠷᠭᠠᠬᠤ ᠬᠡᠮᠵᠢᠶ᠎ᠡ ᠲᠣᠰ ᠲᠣᠰ 6.6%᠂ 21.1% ᠪᠠᠷ ᠨᠡᠮᠡᠭᠳᠡᠵᠡᠶ᠃ ᠡᠭᠦᠨ ᠳᠤ᠄ ᠪᠥᠬᠦ ᠣᠷᠣᠨ ᠤ ᠭᠠᠳᠠᠭᠠᠳᠤ ᠭᠠᠷᠭᠠᠯᠲᠠ ᠶᠢᠨ ᠨᠡᠮᠡᠭᠳᠡᠯ ᠤᠨ ᠬᠡᠮᠵᠢᠶ᠎ᠡ ᠨᠢ ᠪᠥᠬᠦ ᠤᠯᠤᠰ ᠤᠨ ᠬᠢ ᠠᠴᠠ 6.3 ᠵᠠᠭᠤᠨ ᠤ ᠨᠢᠭᠡᠴᠢ ᠥᠨᠳᠥᠷ ᠪᠠᠶᠢᠵᠤ᠂ ᠭᠠᠳᠠᠭᠠᠳᠤ ᠭᠠᠷᠭᠠᠯᠲᠠ ᠶᠢᠨ ᠭᠠᠳᠠᠭᠠᠳᠤ ᠠᠷᠠᠯᠵᠢᠶᠠᠨ ᠤ ᠨᠡᠮᠡᠭᠳᠡᠯ ᠳᠤ ᠦᠵᠡᠭᠦᠯᠬᠦ ᠳᠠᠶᠢᠴᠢᠯᠠᠬᠤ ᠦᠶ᠋ᠯᠡᠳᠦᠯ ᠨᠢ ᠢᠯᠡᠷᠬᠡᠶ ᠪᠠᠶᠢᠨ᠎ᠠ᠃ ᠪᠣᠯᠪᠠᠰᠤᠷᠠᠭᠤᠯᠬᠤ ᠠᠷᠠᠯᠵᠢᠶ᠎ᠠ ᠲᠦᠷᠭᠡᠨ ᠢᠶᠠᠷ ᠨᠡᠮᠡᠭᠳᠡᠪᠡ᠃ 1 — 7 ᠳ᠋ᠤᠭᠠᠷ ᠰᠠᠷ᠎ᠠ ᠳᠤ᠂ ᠪᠥᠬᠦ ᠣᠷᠣᠨ ᠤ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ 29.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 251.7% ᠪᠠᠷ ᠨᠡᠮᠡᠭᠳᠡᠪᠡ︔ ᠡᠩ ᠤᠨ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠦᠷᠳᠡᠭ 446.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.0% ᠨᠡᠮᠡᠭᠳᠡᠪᠡ︔ ᠬᠢᠯᠢ ᠶᠢᠨ ᠪᠠᠭ᠎ᠠ ᠲᠣᠭᠠᠨ ᠤ ᠠᠷᠠᠯᠵᠢᠶ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ 120.0 ᠳ᠋ᠦᠩᠰᠢᠭᠤᠷ ᠲᠥᠭᠦᠷᠢᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 6.6% ᠪᠠᠷ ᠪᠠᠭᠤᠷᠠᠪᠠ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠨᠡᠮᠡᠭᠳᠡᠨ ᠬᠦᠴᠦᠷᠭᠵᠢᠵᠦ᠂ ᠭᠤᠣᠯ ᠴᠣᠭᠴᠠ ᠨᠢ ᠪᠣᠵᠠᠭᠠᠶᠢᠷᠠᠵᠦ ᠪᠠᠶᠢᠨ᠎ᠡ ᠃ 1 — 7 ᠳ᠋ᠤᠭᠠᠷ ᠰᠠᠷ᠎ᠠ ᠳᠤ᠂ ᠪᠥᠬᠦ ᠣᠷᠣᠨ ᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ ᠨᠡᠶᠢᠲᠡ 432.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.3% ᠨᠡᠮᠡᠭᠳᠡᠪᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠳ ᠨᠢᠭᠡᠳᠦᠭᠡᠷ ᠲᠣᠮᠣ ᠡᠵᠡᠩᠨᠡᠯᠲᠡ ᠶᠢᠨ ᠭᠤᠤᠯ ᠴᠣᠭᠴᠠ ᠶᠢᠨ ᠪᠠᠶᠢᠷᠢ ᠰᠠᠭᠤᠷᠢ ᠪᠠᠨ ᠦᠷᠭᠦᠯᠵᠢᠯᠡᠨ ᠪᠠᠲᠤᠯᠠᠵᠤ᠂ ᠪᠥᠬᠦ ᠣᠷᠣᠨ ᠤ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠶ ᠥᠷᠲᠡᠭ ᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠦᠬᠦ ᠲᠤᠭ᠎ᠠ 195.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠭᠰᠠᠨ ᠠᠵᠤ ᠠᠬᠤᠶᠢᠯᠠᠯ ᠤᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠬᠡᠮᠵᠢᠶ᠎ᠡ 46.0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.0% ᠨᠡᠮᠡᠭᠳᠡᠪᠡ᠃ ᠪᠥᠬᠦ ᠣᠷᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠤᠤᠯ ᠪᠣᠯᠬᠤ ᠲᠠᠸᠠᠷ ᠤᠨ ᠥᠰᠥᠯᠲᠡ ᠪᠠᠭᠤᠷᠠᠯᠲᠠ ᠬᠠᠷᠢᠯᠴᠠᠨ ᠢᠯᠡᠷᠠᠵᠦ ᠪᠠᠶᠢᠨ᠎ᠠ᠃ 1 — 7 ᠰᠠᠷ᠎ᠠ ᠳᠤ᠂ ᠲᠦᠷᠦᠭᠦᠤ ᠠᠷᠪᠠᠨ ᠶᠡᠭᠡ ᠭᠠᠳᠠᠭᠠᠳᠤ ᠠᠴᠠ ᠣᠷᠣᠭᠤᠯᠤᠭᠰᠠᠨ ᠲᠠᠸᠠᠷ ᠤᠨ ᠳᠣᠲᠣᠷ᠎ᠠ᠂ ᠵᠡᠰ ᠤᠨ ᠬᠦᠳᠡᠷ ᠤᠨ ᠡᠯᠡᠰᠦ᠂ ᠲᠡᠮᠦᠷ ᠤᠨ ᠬᠦᠳᠡᠷ ᠤᠨ ᠡᠯᠡᠰᠦ᠂  ᠰᠦ ᠵᠢᠴᠢ ᠵᠥᠭᠡᠬᠡᠶ᠂ ᠬᠠᠷ᠎ᠠ ᠲᠤᠭᠤᠯᠭ᠎ᠠ ᠶᠢᠨ ᠬᠦᠳᠡᠷ ᠤᠨ ᠡᠯᠡᠰᠦ᠂ ᠡᠷᠦᠳᠡᠰᠦ ᠶᠢᠨ ᠺᠠᠯᠢ ᠪᠣᠷᠲᠣᠭᠤᠷ ᠵᠡᠷᠭᠡ ᠲᠠᠪᠤᠨ ᠶᠡᠭᠡ ᠲᠠᠸᠠᠷ  ᠡᠶᠠᠷᠬᠦ ᠪᠠᠷ ᠨᠡᠮᠡᠭᠳᠡᠵᠦ᠂ ᠲᠣᠰ ᠲᠣᠰ 90.6%᠂ 80.0%᠂ 3.7%᠂ 19.6%᠂ 26.9% ᠨᠡᠮᠡᠭᠳᠡᠵᠡᠶ︔ ᠭᠠᠳᠠᠭᠠᠳᠤ ᠳᠤ ᠭᠠᠷᠭᠠᠬᠤ ᠲᠠᠸᠠᠷ ᠤᠨ ᠳᠣᠲᠣᠷ᠎ᠠ᠂ ᠪᠣᠯᠣᠳ ᠮᠠᠲ᠋ᠧᠷᠢᠶᠠᠯ᠂ ᠬᠦᠴᠢᠯᠲᠥ᠋ᠷᠥᠭᠴᠢᠲᠦ ᠠᠮᠢᠨᠣ᠋ ᠪᠦᠯᠦᠭᠲᠦ ᠨᠢᠭᠡᠳᠪᠦᠷᠢ᠂ ᠾᠯᠣᠷᠲᠤ ᠡᠲ᠋ᠧᠨ ᠤ ᠪᠥᠭᠡᠭᠡᠨᠡᠪᠦᠷᠢ᠂ ᠺᠤᠲ᠋ᠤᠨ ᠵᠢᠴᠢ ᠺᠤᠶᠢᠨᠣᠨ᠂ ᠪᠠᠷᠠᠭᠠᠨ ᠤ ᠲᠡᠭᠡᠭᠡᠪᠦᠷᠢ ᠶᠢᠨ ᠮᠠᠰᠢᠨ ᠲᠡᠷᠭᠡ ᠵᠡᠷᠭᠡ ᠲᠠᠪᠤᠨ ᠲᠣᠮᠣ ᠲᠠᠸᠠᠷ ᠤᠨ ᠨᠡᠮᠡᠭᠳᠡᠯ ᠨᠡᠯᠢᠶᠡᠳ ᠲᠦᠷᠭᠡᠨ ᠪᠠᠶᠢᠵᠤ᠂ ᠲᠣᠰ ᠲᠣᠰ 57.0%᠂ 17.9%᠂ 24.7 ᠳᠠᠬᠢᠨ᠂ 14.6%᠂ 5.5 ᠳᠠᠬᠢᠨ ᠨᠡᠮᠡᠭᠳᠡᠪᠡ᠃ ᠮᠠᠰᠢᠨ ᠴᠠᠬᠢᠯᠭᠠᠨ ᠤ ᠦᠢᠯᠡᠳᠬᠦᠨ᠂ ᠳᠡᠭᠡᠳᠦ ᠰᠢᠨ᠎ᠡ ᠮᠡᠷᠭᠡᠵᠢᠯ ᠤᠨ ᠦᠢᠯᠡᠳᠬᠦᠨ ᠤ ᠨᠡᠮᠡᠭᠳᠡᠯ ᠨᠡᠯᠢᠶᠡᠳ ᠲᠦᠷᠭᠡᠨ ᠪᠠᠶᠢᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ ᠨᠡᠶᠢᠲᠡ 54.1᠂ 43.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 40.6% ᠂ 42.0% ᠨᠡᠮᠡᠭᠳᠡᠵᠦ᠂ ᠬᠤᠶᠠᠭᠤᠯᠠ ᠪᠠᠨ ᠨᠡᠶᠢᠯᠡᠭᠡᠳ ᠪᠥᠬᠦ ᠣᠷᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ ᠤᠨ 14.5% ᠶᠢ ᠡᠵᠡᠯᠡᠪᠡ᠃ ᠭᠤᠣᠯ ᠪᠣᠯᠬᠤ ᠠᠷᠠᠯᠵᠢᠶᠠᠨ ᠤ ᠬᠠᠨᠢᠲᠠᠨ ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠨᠡᠮᠡᠭᠳᠡᠯ ᠤᠨ ᠬᠠᠨᠳᠤᠰᠢ ᠰᠠᠶᠢᠨ᠃ 1 — 7 ᠰᠠᠷ᠎ᠠ ᠳᠤ᠂ ᠭᠤᠤᠯ ᠪᠣᠯᠬᠤ ᠠᠷᠠᠯᠵᠢᠶᠠᠨ ᠤ ᠬᠠᠨᠢᠲᠠᠨ ᠠᠴᠠ ᠠᠪᠴᠤ ᠦᠵᠡᠪᠡᠯ᠂ ᠮᠣᠩᠭᠤᠯ ᠤᠯᠤᠰ ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ 172.7 ᠳ᠋ᠦᠩᠰᠢᠭᠤᠷ ᠲᠥᠭᠦᠷᠢᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 33.3% ᠪᠠᠷ ᠨᠡᠮᠡᠭᠳᠡᠨ᠂ ᠪᠥᠬᠦ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠥᠷᠲᠡᠭ ︵ᠳᠣᠷᠣᠭᠰᠢ ᠠᠳᠠᠯᠢ︶ ᠤᠨ 25.6% ᠶᠢ ᠡᠵᠡᠯᠡᠪᠡ︔ ᠣᠷᠣᠰ ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ 100.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.1% ᠪᠠᠷ ᠪᠠᠭᠤᠷᠠᠵᠤ᠂ 14.9% ᠶᠢ ᠡᠵᠡᠯᠡᠪᠡ ᠃ ᠡᠨᠡ ᠬᠤᠶᠠᠷ ᠢ ᠨᠡᠶᠢᠯᠡᠭᠦᠯᠵᠦ ᠪᠤᠳᠤᠪᠠᠯ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ 121.4 ᠳ᠋ᠦᠩᠰᠢᠭᠤᠷ ᠲᠥᠭᠦᠷᠢᠭ ᠲᠤ ᠬᠦᠷᠴᠦ᠂ 40.4% ᠶᠢ ᠡᠵᠡᠯᠡᠵᠡᠶ᠃ ᠲᠦᠷᠦᠭᠦᠦ ᠠᠷᠪᠠᠨ ᠶᠡᠭᠡ ᠠᠷᠠᠯᠵᠢᠶᠠᠨ ᠤ ᠤᠯᠤᠰ ᠤᠨ ᠳᠣᠲᠣᠷ᠎ᠠ᠂ ᠤᠷᠤᠰ᠂ ᠲᠠᠢ ᠤᠯᠤᠰ ᠢ ᠭᠠᠷᠭᠠᠪᠠᠯ᠂ ᠪᠤᠰᠤᠳ ᠨᠠᠢᠮᠠᠨ ᠶᠡᠭᠡ ᠠᠷᠠᠯᠵᠢᠶᠠᠨ ᠤ ᠬᠠᠨᠢᠲᠠᠨ ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ  ᠬᠡᠮᠵᠢᠶ᠎ᠠ ᠴᠥᠮ ᠡᠶᠡᠷᠭᠦ ᠨᠡᠮᠡᠭᠳᠡᠯ ᠢ ᠪᠡᠶᠡᠯᠡᠭᠦᠯᠵᠡᠢ᠃ ᠣᠯᠠᠩᠬᠢ ᠠᠶᠢᠮᠠᠭ ᠬᠤᠳᠠ ᠶᠢᠨ ᠬᠢᠨ ᠡᠶᠡᠷᠭᠦ ᠨᠡᠮᠡᠭᠳᠡᠯ ᠢ ᠪᠡᠶᠡᠯᠡᠭᠦᠯᠪᠡ᠃ 1 — 7 ᠳ᠋ᠤᠭᠠᠷ ᠰᠠᠷ᠎ᠠ ᠳᠤ᠂ 12 ᠠᠶᠢᠮᠠᠭ ᠬᠤᠲᠠ ᠶᠢᠨ ᠳᠣᠲᠣᠷ᠎ᠠ ᠬᠥᠯᠥᠨ ᠪᠤᠶᠢᠷ ᠬᠤᠲᠠ ︵ᠮᠠᠨᠵᠤᠤᠷ ᠬᠤᠲᠠ ᠪᠠᠭᠲᠠᠨ᠎ᠠ ︶᠂ ᠰᠢᠯᠢ ᠶᠢᠨ ᠭᠤᠤᠯ ᠠᠶᠢᠮᠠᠭ ︵ᠡᠷᠢᠶᠡᠨ ᠬᠤᠲᠠ ᠪᠠᠭᠲᠠᠨ᠎ᠠ︶ 2 ᠠᠶᠢᠮᠠᠭ ᠬᠤᠲᠠ ᠶᠢ ᠭᠠᠷᠭᠠᠪᠠᠯ᠂ ᠪᠤᠰᠤᠳ ᠠᠶᠢᠮᠠᠭ ᠬᠤᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠶ ᠥᠷᠲᠡᠭ ᠴᠥᠮ ᠡᠶᠡᠷᠭᠦ ᠨᠡᠮᠡᠭᠳᠡᠯ ᠲᠠᠢ ᠪᠣᠯᠤᠭᠰᠠᠨ ᠪᠠᠶᠢᠨ᠎ᠠ᠃ ᠪᠤᠭᠤᠲᠤ ᠬᠤᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ 143.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 63.1% ᠪᠠᠷ ᠨᠡᠮᠡᠭᠳᠡᠨ᠂ ᠪᠥᠬᠦ ᠣᠷᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠲᠣᠭᠠᠨ ᠤ 21.2% ᠢ ᠡᠵᠡᠯᠡᠵᠦ᠂ ᠪᠥᠬᠦ ᠣᠷᠣᠨ ᠤ ᠨᠢᠭᠡᠳᠦᠭᠡᠷ ᠲᠤ ᠣᠷᠣᠪᠠ᠃    ᠭᠤᠷᠪᠠ᠂ ᠭᠠᠳᠠᠭᠠᠳᠤ ᠶᠢᠨ ᠪᠡᠯᠡ ᠮᠥᠩᠭᠦ ᠶᠢ ᠰᠢᠭᠤᠳ  ᠠᠰᠢᠭᠯᠠᠬᠤ ᠲᠠᠯ᠎ᠠ ᠪᠠᠷ   1 — 7 ᠰᠠᠷ᠎ᠠ ᠳᠤ᠂ ᠪᠥᠬᠦ ᠣᠷᠣᠨ ᠤ ᠰᠢᠨ᠎ᠡ ᠪᠠᠷ ᠪᠠᠶᠢᠭᠤᠯᠤᠭᠰᠠᠨ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠭᠰᠠᠨ ᠠᠵᠤ ᠠᠬᠤᠶᠢᠯᠠᠯ 20 ᠪᠣᠯᠵᠣ᠂ ᠠᠳᠠᠯᠢ ᠬᠤᠭᠤᠴᠠᠭᠠᠨ ᠤ ᠬᠢ ᠠᠴᠠ 3 ᠬᠠᠰᠤᠭᠳᠠᠪᠠ︔ ᠬᠤᠳᠠᠯᠳᠤᠭᠠᠨ ᠤ ᠶᠠᠪᠤᠳᠠᠯ ᠤᠨ ᠶᠠᠮᠤᠨ ᠤ ᠪᠦᠷᠢᠳᠬᠡᠭᠰᠡᠨ ᠢᠶᠠᠷ᠂ ᠮᠠᠨ ᠤ ᠣᠷᠣᠨ ᠤ ᠪᠣᠳᠠᠲᠠᠶ ᠬᠡᠷᠡᠭᠯᠡᠭᠰᠡᠨ ᠭᠠᠳᠠᠭᠠᠳᠤ ᠪᠠᠯᠠ ᠶᠢᠨ ᠵᠣᠭᠤᠰᠣᠨ ᠲᠤᠭ᠎ᠠ 1.79 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 21.87% ᠪᠠᠭᠤᠷᠠᠪᠠ ︵ᠠᠷᠠᠳ ᠤᠨ ᠵᠣᠭᠤᠰ ᠢᠶᠠᠷ 12.55 ᠳ᠋ᠦᠩᠰᠢᠭᠤᠷ ᠲᠥᠭᠦᠷᠢᠭ ᠨᠤᠭᠤᠯᠵᠤ ᠪᠤᠳᠤᠪᠠᠯ 22.29% ᠪᠠᠷ ᠪᠠᠭᠤᠷᠠᠪᠠ︶᠃ ᠪᠡᠯᠡ ᠣᠷᠣᠭᠤᠯᠤᠯᠲᠠ ᠶᠢᠨ ᠭᠤᠣᠯ ᠢᠷᠡᠯᠳᠡ ᠶᠢᠨ ᠲᠠᠯ᠎ᠠ ᠠᠴᠠ ᠦᠵᠡᠪᠡᠯ᠂ ᠪᠡᠯᠡ ᠣᠷᠣᠭᠤᠯᠤᠯᠲᠠ ᠨᠢ ᠭᠤᠣᠯᠳᠠᠭᠤ ᠰᠢᠶᠠᠩᠭᠠᠩ ᠣᠷᠣᠨ ᠠᠴᠠ ᠢᠷᠡᠵᠤ᠂ 93% ᠶᠢ ᠡᠵᠡᠯᠡᠵᠦ ᠪᠠᠶᠢᠨ᠎ᠠ︔ ᠪᠡᠯᠡ ᠣᠷᠣᠭᠤᠯᠤᠯᠲᠠ ᠶᠢᠨ ᠠᠵᠢᠯ ᠲᠦᠷᠦᠯ ᠠᠴᠠ ᠦᠵᠡᠪᠡᠯ᠂ ᠭᠤᠣᠯᠳᠠᠭᠤ ᠲᠠᠷᠢᠶᠠᠯᠠᠩ᠂ ᠤᠢ ᠰᠢᠭᠤᠶ᠂ ᠮᠠᠯ ᠠᠵᠤ ᠠᠬᠤᠶ᠂ ᠵᠢᠭᠠᠰᠤᠨ ᠠᠵᠤ ᠠᠬᠤᠶ᠂ ᠦᠢᠯᠡᠳᠬᠦ ᠦᠢᠯᠡᠰ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠦᠢᠯᠡᠰ ᠲᠤ ᠲᠥᠪᠯᠡᠷᠡᠵᠦ ᠪᠠᠶᠢᠨ᠎ᠠ︔ ᠪᠠᠯᠠ ᠮᠥᠩᠭᠦᠨ ᠤ ᠲᠠᠷᠬᠠᠯᠲᠠ ᠶᠢᠨ ᠪᠠᠶᠢᠳᠠᠯ ᠠᠴᠠ ᠦᠵᠡᠪᠡᠯ᠂ ᠭᠤᠤᠯᠳᠠᠭᠤ ᠬᠥᠬᠡᠬᠤᠲᠠ ᠳᠤ ᠲᠥᠪᠯᠡᠷᠡᠵᠦ᠂ 79% ᠶᠢ ᠡᠵᠡᠯᠡᠵᠦ ᠪᠠᠶᠢᠨ᠎ᠠ᠃    ᠳᠥᠷᠪᠡ᠂ ᠭᠠᠳᠠᠭᠠᠳᠤ ᠳᠤ ᠪᠠᠯᠠ ᠣᠷᠣᠭᠤᠯᠤᠨ ᠬᠠᠮᠲᠤᠷᠠᠯᠴᠠᠬᠤ    1 — 7 ᠳ᠋ᠤᠭᠠᠷ ᠰᠠᠷ᠎ᠠ ᠳᠤ᠂ ᠮᠠᠨ ᠤ ᠣᠷᠣᠨ ᠤ ᠰᠢᠨ᠎ᠡ ᠪᠠᠷ ᠨᠡᠮᠡᠭᠳᠡᠭᠰᠡᠨ ᠭᠠᠳᠠᠭᠠᠳᠤ ᠳᠤ ᠪᠠᠯᠠ ᠣᠷᠣᠭᠤᠯᠬᠤ ᠲᠥᠷᠥᠯ  ᠵᠦᠢᠯ 31 ︵1 ᠪᠠᠶᠢᠭᠤᠯᠤᠮᠵᠢ ᠪᠠᠭᠲᠠᠨ᠎ᠠ︶ ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠲᠡᠩᠴᠡᠪᠡ︔ ᠳᠤᠮᠳᠠᠳᠤ ᠶᠢᠨ ᠲᠠᠯ᠎ᠠ ᠶᠢᠨ ᠬᠡᠯᠡᠯᠴᠡᠭᠡᠷ ᠢᠶᠠᠷ ᠪᠠᠯᠠ ᠣᠷᠣᠭᠤᠯᠤᠭᠰᠠᠨ ᠲᠤᠭ᠎ᠠ ︵ᠨᠡᠮᠡᠭᠳᠡᠯ ᠬᠠᠰᠤᠭᠳᠠᠯ ᠪᠠᠭᠲᠠᠨ᠎ᠠ︶ 3.66 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 34.53% ᠪᠠᠷ ᠪᠠᠭᠤᠷᠠᠪᠠ᠃ ᠪᠠᠯᠠ ᠣᠷᠣᠭᠤᠯᠤᠭᠰᠠᠨ ᠤᠯᠤᠰ ᠤᠨ ᠢᠯᠭᠠᠯ ︵ᠭᠠᠵᠠᠷ ᠣᠷᠣᠨ︶ ᠨᠢ ᠭᠤᠤᠯᠳᠠᠭᠤ ᠮᠣᠩᠭᠤᠯ ᠤᠯᠤᠰ᠂ ᠣᠷᠣᠰ᠂ ᠠᠷᠠᠪ ᠤᠨ ᠬᠤᠯᠪᠣᠭᠠᠲᠤ ᠠᠬᠠᠮᠠᠳᠳᠤ ᠤᠯᠤᠰ ᠵᠡᠷᠭᠡ ᠪᠣᠯᠤᠨ᠎ᠠ᠃ ᠭᠤᠣᠯ ᠪᠡᠯᠡ ᠣᠷᠣᠭᠤᠯᠤᠯᠲᠠ ᠶᠢᠨ ᠠᠵᠢᠯ ᠲᠥᠷᠥᠯ ᠭᠡᠪᠡᠯ ᠲᠡᠭᠡᠭᠡᠪᠦᠷᠢ ᠶᠢᠨ ᠦᠢᠯᠡᠰ᠂ ᠠᠭᠤᠷᠬᠠᠶ ᠮᠠᠯᠲᠠᠬᠤ ᠦᠢᠯᠡᠰ᠂ ᠲᠠᠷᠢᠶᠠᠯᠠᠩ᠂ ᠮᠣᠳᠣᠨ ᠮᠠᠲ᠋ᠧᠷᠢᠶᠠᠯ ᠪᠣᠯᠪᠠᠰᠤᠷᠠᠭᠤᠯᠬᠤ᠂ ᠢᠳᠡᠭᠡᠨ ᠪᠣᠯᠪᠠᠰᠤᠷᠠᠭᠤᠯᠬᠤ᠂ ᠣᠯᠠᠨ ᠤᠯᠤᠰ ᠤᠨ ᠠᠷᠠᠯᠵᠢᠶ᠎ᠠ ᠵᠡᠷᠭᠡ ᠪᠣᠯᠤᠨ᠎ᠠ᠃ ᠬᠤᠳᠠᠯᠳᠤᠭᠠᠨ ᠤ ᠶᠠᠪᠤᠳᠠᠯ ᠤᠨ ᠶᠠᠮᠤᠨ ᠤ ᠪᠦᠷᠢᠳᠬᠡᠭᠰᠡᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 1 — 7 ᠰᠠᠷ᠎ᠠ ᠳᠤ ᠪᠥᠬᠦ ᠣᠷᠣᠨ ᠤ ᠠᠵᠤ ᠠᠬᠤᠶᠢᠯᠠᠯ ᠤᠨ ᠭᠠᠳᠠᠭᠠᠳᠤ ᠳᠠᠬᠢ ᠪᠣᠳᠠᠲᠠᠶ ᠪᠠᠯᠠ ᠣᠷᠣᠭᠤᠯᠤᠯᠲᠠ ᠶᠢᠨ ᠲᠤᠭ᠎ᠠ 1.16 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 43.69% ᠪᠠᠷ ᠪᠠᠭᠤᠷᠠᠵᠤ᠂ ᠪᠥᠬᠦ ᠤᠯᠤᠰ ᠲᠤ 25 ᠳ᠋ᠤᠭᠠᠷ ᠲᠤ ᠵᠢᠭᠰᠠᠭᠠᠭᠳᠠᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2 ᠳ᠋ᠤᠭᠠᠷ ᠲᠤ ᠪᠠᠭᠤᠷᠠᠪᠠ᠃    ᠲᠠᠪᠤ᠂ ᠪᠣᠭᠤᠮᠲᠠ ᠶᠢᠨ ᠲᠡᠭᠡᠭᠡᠪᠦᠷᠢ ᠶᠢᠨ ᠬᠡᠮᠵᠢᠶ᠎ᠡ ᠶᠢᠨ ᠪᠠᠶᠢᠳᠠᠯ    1 — 7 ᠳ᠋ᠤᠭᠠᠷ ᠰᠠᠷ᠎ᠠ ᠳᠤ᠂ ᠪᠥᠬᠦ ᠣᠷᠣᠨ ᠤ ᠪᠣᠭᠤᠮᠲᠠ ᠶᠢᠨ ᠬᠢᠯᠢ ᠪᠠᠷ ᠣᠷᠣᠭᠤᠯᠵᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 3241.18 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.2% ᠢᠶᠠᠷ ᠪᠠᠭᠤᠷᠠᠪᠠ᠃ ᠡᠭᠦᠨ ᠳᠤ᠄ ᠬᠢᠯᠢ ᠪᠠᠷ ᠣᠷᠣᠭᠤᠯᠤᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 2729.87 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.4% ᠪᠠᠭᠤᠷᠠᠪᠠ︔ ᠬᠢᠯᠢ ᠠᠴᠠ ᠭᠠᠷᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 511.31 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.6% ᠪᠠᠷ ᠨᠡᠮᠡᠭᠳᠡᠪᠡ᠃    ᠮᠣᠩᠭᠤᠯ ᠣᠯᠣᠰ ᠠᠴᠠ ᠪᠣᠭᠤᠮᠲᠠ ᠶᠢᠨ ᠬᠢᠯᠢ ᠪᠠᠷ ᠣᠷᠣᠭᠤᠯᠵᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 2056.38 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.9% ᠪᠠᠷ ᠪᠠᠭᠤᠷᠠᠪᠠ ᠂ ᠡᠭᠦᠨ ᠳᠤ᠄ ᠬᠢᠯᠢ ᠪᠠᠷ ᠣᠷᠣᠭᠤᠯᠵᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1807.17 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.4% ᠪᠠᠷ ᠪᠠᠭᠤᠷᠠᠪᠠ︔ ᠬᠢᠯᠢ ᠠᠴᠠ ᠭᠠᠷᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 249.21 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.9% ᠪᠠᠷ ᠨᠡᠮᠡᠭᠳᠡᠪᠡ᠃ ᠣᠷᠣᠰ ᠤᠨ ᠪᠣᠭᠤᠮᠲᠠ ᠳᠠᠬᠢ ᠬᠢᠯᠢ ᠪᠠᠷ ᠣᠷᠣᠭᠤᠯᠵᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1184.8 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.8% ᠪᠠᠷ ᠪᠠᠭᠤᠷᠠᠪᠠ᠂ ᠡᠭᠦᠨ ᠳᠤ᠄ ᠬᠢᠯᠢ ᠪᠠᠷ ᠣᠷᠣᠭᠤᠯᠵᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 922.7 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.1% ᠪᠠᠷ ᠪᠠᠭᠤᠷᠠᠪᠠ︔ ᠬᠢᠯᠢ ᠠᠴᠠ ᠭᠠᠷᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 262.1 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.2% ᠨᠡᠮᠡᠭᠳᠡᠪᠡ᠃   1 — 7 ᠳ᠋ᠤᠭᠠᠷ ᠰᠠᠷ᠎ᠠ ᠳᠤ᠂ ᠪᠥᠬᠦ ᠣᠷᠣᠨ ᠤ ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 34.43 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 49.8% ᠪᠠᠷ ᠪᠠᠭᠤᠷᠠᠪᠠ᠂ ᠡᠭᠦᠨ ᠳᠤ᠂ ᠬᠢᠯᠢ ᠪᠠᠷ ᠣᠷᠣᠵᠤ ᠢᠷᠡᠬᠦ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 17.33 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 50.6% ᠪᠠᠷ ᠪᠠᠭᠤᠷᠠᠵᠤ᠂ ᠬᠢᠯᠢ ᠪᠠᠷ ᠭᠠᠷᠬᠤ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 17.1 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 49% ᠪᠠᠷ ᠪᠠᠭᠤᠷᠠᠪᠠ᠃    1 — 7 ᠳ᠋ᠤᠭᠠᠷ ᠰᠠᠷ᠎ᠠ ᠳᠤ᠂ ᠪᠥᠬᠦ ᠣᠷᠣᠨ ᠤ ᠪᠣᠭᠤᠮᠲᠠ ᠶᠢᠨ ᠬᠢᠯᠢ ᠪᠠᠷ ᠣᠷᠣᠭᠤᠯᠵᠤ ᠭᠠᠷᠭᠠᠬᠤ ᠵᠠᠮ ᠬᠠᠷᠢᠯᠴᠠᠭᠠᠨ ᠤ ᠪᠠᠭᠠᠵᠢ ᠬᠡᠷᠡᠭᠰᠡᠯ 30.53 ᠲᠦᠮᠡᠨ ᠤᠳᠠᠭ᠎ᠠ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 12.9% ᠪᠠᠷ ᠪᠠᠭᠤᠷᠠᠪᠠ᠂ ᠡᠭᠦᠨ ᠳᠤ᠂ ᠬᠢᠯᠢ ᠪᠠᠷ ᠣᠷᠣᠭᠤᠯᠵᠤ ᠭᠠᠷᠭᠠᠬᠤ ᠵᠠᠮ ᠬᠠᠷᠢᠯᠴᠠᠭᠠᠨ ᠤ ᠪᠠᠭᠠᠵᠢ ᠬᠡᠷᠡᠭᠰᠡᠯ 14.65 ᠲᠦᠮᠡᠨ ᠤᠳᠠᠭ᠎ᠠ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 16.5% ᠪᠠᠷ ᠪᠠᠭᠤᠷᠠᠵᠤ᠂ ᠬᠢᠯᠢ ᠪᠠᠷ ᠭᠠᠷᠭᠠᠬᠤ ᠵᠠᠮ ᠬᠠᠷᠢᠯᠴᠠᠭᠠᠨ ᠤ ᠪᠠᠭᠠᠵᠢ ᠬᠡᠷᠡᠭᠰᠡᠯ 15.88 ᠲᠦᠮᠡᠨ ᠤᠳᠠᠭ᠎ᠠ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 9.5% ᠪᠠᠷ ᠪᠠᠭᠤᠷᠠᠪᠠ᠃    
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠬᠤᠳᠠᠯᠳᠣᠭᠠᠨ ᠤ ᠶᠠᠪᠤᠳᠠᠯ ᠤᠨ ᠲᠢᠩᠬᠢᠮ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号