2021 ᠣᠨ ᠤ 1 — 8 ᠳ᠋ᠤᠭᠠᠷ ᠰᠠᠷ᠎ᠠ ᠶᠢᠨ ᠪᠥᠬᠦ ᠣᠷᠣᠨ ᠤ ᠬᠤᠳᠠᠯᠳᠤᠭᠠᠨ ᠤ ᠶᠠᠪᠤᠳᠠᠯ ᠵᠢᠴᠢ ᠪᠣᠭᠤᠮᠲᠠ ᠶᠢᠨ ᠠᠵᠢᠯ ᠤᠨ ᠠᠵᠢᠯᠯᠠᠭᠠᠨ ᠤ ᠪᠠᠶᠢᠳᠠᠯ ᠤᠨ ᠲᠤᠬᠠᠶ  ᠵᠠᠷᠯᠠᠯ
ᠨᠡᠶᠢᠲᠡᠯᠡᠭᠰᠡᠨ ᠴᠠᠭ᠄
2021/12/13
     ᠨᠢᠭᠡ᠂ ᠠᠷᠠᠯᠵᠢᠶ᠎ᠠ ᠬᠤᠳᠠᠯᠳᠤᠭᠠᠨ   ᠤ ᠭᠦᠢᠯᠭᠡᠭᠡᠨ    1 — 8 ᠳ᠋ᠤᠭᠠᠷ ᠰᠠᠷ᠎ᠠ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 10.7% ᠪᠠᠷ ᠨᠡᠮᠡᠭᠳᠡᠵᠦ᠂ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠢ ᠦᠷᠭᠦᠯᠵᠢᠯᠡᠨ ᠪᠠᠲᠤᠯᠠᠵᠤ᠂ ᠨᠡᠮᠡᠭᠳᠡᠯ ᠤᠨ ᠬᠤᠷᠳᠤᠴᠠ ᠨᠢ 1 — 7 ᠳ᠋ᠤᠭᠠᠷ ᠰᠠᠷ᠎ᠠ ᠶᠢᠨ ᠬᠢ ᠠᠴᠠ 2.0 ᠵᠠᠭᠤᠨ ᠤ ᠨᠢᠭᠡᠴᠢ ᠪᠠᠭᠤᠷᠠᠪᠠ᠃    ᠠᠵᠢᠯᠯᠠᠭᠠᠨ ᠤ ᠭᠤᠤᠯ ᠣᠨᠴᠠᠯᠢᠭ ᠪᠣᠯ᠄ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ᠂ ᠦᠶᠡᠷ ᠤᠨ ᠪᠠᠶᠢᠳᠠᠯ ᠵᠡᠷᠭᠡ ᠣᠬᠤᠷ ᠬᠤᠭᠤᠴᠠᠭᠠᠨ ᠤ ᠨᠦᠯᠦᠭᠡᠯᠡᠬᠦ ᠬᠦᠴᠦᠨ ᠵᠦᠢᠯ ᠤᠨ ᠨᠥᠯᠥᠭᠡ ᠠᠴᠠ ᠪᠣᠯᠵᠣ᠂ ᠮᠠᠨ ᠤ ᠣᠷᠣᠨ ᠤ ᠬᠡᠰᠡᠭ ᠭᠠᠵᠠᠷ ᠣᠷᠣᠨ ᠤ ᠲᠥᠪᠯᠡᠷᠡᠯ ᠤᠨ ᠴᠢᠨᠠᠷᠲᠠᠶ᠂ ᠬᠥᠳᠡᠯᠦᠩᠭᠦᠶ ᠴᠢᠨᠠᠷᠲᠠᠶ᠂ ᠬᠦᠷᠦᠯᠴᠡᠬᠦ ᠴᠢᠨᠠᠷᠲᠠᠶ ᠬᠡᠷᠡᠭᠯᠡᠭᠡ ᠨᠥᠯᠥᠭᠡᠯᠡᠭᠳᠡᠵᠦ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠨᠡᠮᠡᠭᠳᠡᠯ ᠤᠨ ᠬᠤᠷᠳᠤᠴᠠ ᠶᠡᠷᠦᠩᠬᠡᠶ ᠳᠡᠭᠡᠨ ᠤᠳᠠᠭᠠᠰᠢᠷᠠᠪᠠ᠃ ᠣᠷᠣᠨ ᠪᠦᠰᠡ ᠠᠴᠠ ᠦᠵᠡᠪᠡᠯ᠂ ᠬᠤᠲᠠ ᠪᠠᠯᠭᠠᠰᠤᠨ ᠤ ᠬᠡᠷᠡᠭᠯᠡᠭᠡᠨ ᠤ  ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 10.9% ᠪᠠᠷ ᠨᠡᠮᠡᠭᠳᠡᠪᠡ︔ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ9.5%   ᠪᠠᠷ ᠨᠡᠮᠡᠭᠳᠡᠪᠡ᠃ ᠬᠡᠷᠡᠭᠯᠡᠭᠡᠨ ᠤ ᠬᠡᠯᠪᠡᠷᠢ ᠠᠴᠠ ᠦᠵᠡᠪᠡᠯ᠂ ᠪᠥᠬᠦ ᠣᠷᠣᠨ ᠤ ᠢᠳᠡᠭᠡᠨ ᠤᠮᠳᠠᠭᠠᠨ ᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 25.3% ᠨᠡᠮᠡᠭᠳᠡᠵᠦ᠂ ᠳᠡᠭᠡᠷ᠎ᠡ ᠰᠠᠷ᠎ᠠ ᠶᠢᠨ ᠬᠢ ᠠᠴᠠ 5.0 ᠵᠠᠭᠤᠨ ᠤ ᠨᠢᠭᠡᠴᠢ ᠪᠠᠭᠤᠷᠠᠪᠠ᠃ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 9.3% ᠨᠡᠮᠡᠭᠳᠡᠵᠦ᠂ ᠲᠦᠷᠦᠭᠦᠤ ᠰᠠᠷ᠎ᠠ ᠶᠢᠨ ᠬᠢ ᠠᠴᠠ 1.7 ᠵᠠᠭᠤᠨ ᠤ ᠨᠢᠭᠡᠴᠢ ᠪᠠᠭᠤᠷᠠᠪᠠ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠶᠢᠨ 11 ᠬᠡᠷᠡᠭᠯᠡᠭᠡᠨ ᠤ  ᠵᠦᠢᠯ ᠤᠨ ᠲᠥᠷᠥᠯ ᠤᠨ ᠥᠷᠲᠡᠭ ᠠᠴᠠ ᠦᠵᠡᠪᠡᠯ᠂ 10 ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠨᠡᠮᠡᠭᠳᠡᠯ ᠢ  ᠪᠠᠳᠣᠯᠠᠪᠠ᠃ ᠦᠨᠳᠦᠰᠦᠨ ᠠᠮᠢᠳᠤᠷᠠᠯ ᠤᠨ ᠲᠥᠷᠥᠯ ᠤᠨ ᠲᠠᠸᠠᠷ ᠤᠨ ᠬᠡᠷᠡᠭᠯᠡᠭᠡ ᠦᠷᠭᠦᠯᠵᠢᠯᠡᠨ ᠲᠣᠭᠲᠠᠭᠤᠨ ᠪᠠᠶᠢᠵᠤ᠂ ᠠᠮᠤ ᠪᠤᠳᠠᠭ᠎ᠠ ᠲᠣᠰᠣ ᠢᠳᠡᠭᠡᠨ ᠤ  ᠵᠦᠢᠯ᠂ ᠤᠮᠳᠠᠭᠠᠨ ᠤ ᠵᠦᠢᠯ᠂ ᠠᠷᠢᠬᠢ ᠲᠠᠮᠠᠬᠢᠨ ᠤ  ᠵᠦᠢᠯ ᠠᠳᠠᠯᠢ ᠬᠤᠭᠤᠴᠠᠭᠠᠨ ᠤ ᠬᠢ ᠠᠴᠠ ᠲᠣᠰ ᠲᠣᠰ 11.1%᠂ 7.7%᠂ 28.8% ᠪᠠᠷ ᠨᠡᠮᠡᠭᠳᠡᠪᠡ᠃ ᠲᠠᠰ ᠳᠡᠪᠰᠢᠬᠦ ᠲᠥᠷᠥᠯ ᠤᠨ ᠲᠠᠸᠠᠷ ᠤᠨ ᠬᠡᠷᠡᠭᠯᠡᠭᠡ ᠨᠡᠯᠢᠶᠡᠳ ᠲᠦᠷᠭᠡᠨ ᠨᠡᠮᠡᠭᠳᠡᠯ ᠢᠶᠠᠨ ᠪᠠᠲᠤᠯᠠᠵᠤ᠂ ᠠᠯᠲᠠ ᠮᠥᠩᠭᠦ ᠰᠤᠪᠤᠳ ᠡᠷᠳᠡᠨᠢ ᠶᠢᠨ ᠲᠥᠷᠥᠯ᠂ ᠵᠠᠰᠠᠯ ᠴᠢᠮᠡᠭ ᠤᠨ ᠡᠳ᠋ ᠤᠨ ᠲᠥᠷᠥᠯ᠂ ᠬᠢᠲᠠᠳ ᠧᠦ᠋ᠷᠣᠫᠠ ᠡᠮᠨᠡᠯᠭᠡ ᠶᠢᠨ ᠡᠮ ᠤᠨ  ᠵᠦᠢᠯ ᠤᠨ ᠲᠥᠷᠥᠯ ᠠᠳᠠᠯᠢ ᠬᠤᠭᠤᠴᠠᠭᠠᠨ ᠤ ᠬᠢ ᠠᠴᠠ ᠲᠣᠰ ᠲᠣᠰ 36.9%᠂ 20.4%᠂ 9.2% ᠢᠶᠠᠷ ᠨᠡᠮᠡᠭᠳᠡᠪᠡ᠃ ᠶᠡᠭᠡ ᠬᠡᠮᠵᠢᠶᠡᠨ ᠤ ᠲᠠᠸᠠᠷ ᠤᠨ ᠪᠣᠷᠣᠯᠠᠭᠤᠯᠭ᠎ᠠ ᠶᠢᠨ ᠥᠰᠥᠯᠲᠡ ᠪᠠᠭᠤᠷᠠᠯᠲᠠ ᠬᠠᠷᠢᠯᠴᠠᠨ ᠢᠯᠡᠷᠡᠵᠦ᠂ ᠮᠠᠰᠢᠨ ᠲᠡᠷᠭᠡᠨ ᠤ ᠲᠥᠷᠥᠯ᠂ ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠥᠷᠥᠯ ᠠᠳᠠᠯᠢ ᠬᠤᠭᠤᠴᠠᠭᠠᠨ ᠤ ᠬᠢ ᠠᠴᠠ ᠲᠣᠰ ᠲᠣᠰ 21.6%᠂ 14.0% ᠨᠡᠮᠡᠭᠳᠡᠪᠡ᠃ ᠬᠡᠷ ᠤᠨ ᠡᠳ᠋ᠯᠡᠯ ᠬᠡᠷᠡᠭᠰᠡᠯ ᠤᠨ ᠲᠥᠷᠥᠯ ᠤᠨ ᠪᠠᠭᠤᠷᠠᠯᠲᠠ ᠶᠢᠨ ᠬᠡᠮᠵᠢᠶ᠎ᠡ ᠨᠡᠯᠢᠶᠡᠳ ᠶᠡᠭᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 28.0% ᠪᠠᠷ ᠪᠠᠭᠤᠷᠠᠪᠠ᠃    ᠠᠶᠢᠮᠠᠭ ᠬᠤᠳᠠ ᠶᠢᠨ ᠪᠠᠶᠢᠳᠠᠯ ᠠᠴᠠ ᠦᠵᠡᠪᠡᠯ᠂ ᠰᠢᠯᠢ ᠶᠢᠨ ᠭᠤᠣᠯ ᠠᠶᠢᠮᠠᠭ᠂ ᠬᠥᠬᠡᠬᠤᠲᠠ᠂ ᠪᠤᠭᠤᠲᠤ ᠬᠤᠳᠠ᠂ ᠤᠷᠳᠤᠰ ᠬᠤᠳᠠ᠂ ᠦᠬᠠᠢ ᠬᠤᠳᠠ᠂ ᠬᠥᠯᠥᠨ ᠪᠤᠶᠢᠷ ᠬᠤᠳᠠ ᠵᠡᠷᠭᠡ 6 ᠠᠶᠢᠮᠠᠭ ᠬᠤᠳᠠ ᠶᠢᠨ ᠨᠡᠮᠡᠭᠳᠡᠯ ᠤᠨ ᠬᠤᠷᠳᠤᠴᠠ ᠨᠢ ᠪᠦᠬᠦ ᠣᠷᠣᠨ ᠤ ᠲᠦᠪᠰᠢᠨ ᠠᠴᠠ ᠳᠠᠪᠠᠵᠤ᠂ ᠦᠯᠡᠳᠡᠭᠰᠡᠨ 6 ᠠᠶᠢᠮᠠᠭ ᠬᠤᠳᠠ ᠶᠢᠨ ᠨᠡᠮᠡᠭᠳᠡᠯ ᠤᠨ ᠬᠤᠷᠳᠤᠴᠠ ᠨᠢ ᠪᠦᠬᠦ ᠣᠷᠣᠨ ᠤ ᠲᠦᠪᠰᠢᠨ ᠠᠴᠠ ᠳᠣᠣᠷ᠎ᠠ ᠪᠣᠯᠪᠠ᠃    ᠬᠤᠶᠠᠷ᠂ ᠭᠠᠳᠠᠭᠠᠳᠤ ᠠᠷᠠᠯᠵᠢᠶ᠎ᠠ    ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ 1 — 8 ᠰᠠᠷ᠎ᠠ ᠳᠤ᠂ ᠪᠥᠬᠦ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ ᠨᠡᠶᠢᠲᠡ 783.0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.9% ᠪᠠᠷ ᠨᠡᠮᠡᠭᠳᠡᠪᠡ᠃ ᠡᠭᠦᠨ ᠳᠤ᠄ ᠭᠠᠳᠠᠭᠠᠳᠤ ᠠᠴᠠ ᠣᠷᠣᠭᠤᠯᠤᠭᠰᠠᠨ ᠨᠡᠶᠢᠲᠡ ᠲᠤᠭ᠎ᠠ 482.7 ᠳ᠋ᠦᠩᠰᠢᠭᠤᠷ ᠲᠥᠭᠦᠷᠢᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 8.7% ᠨᠡᠮᠡᠭᠳᠡᠵᠡᠶ︔ ᠭᠠᠳᠠᠭᠠᠳᠤ ᠳᠤ ᠭᠠᠷᠭᠠᠭᠰᠠᠨ ᠲᠤᠭ᠎ᠠ ᠨᠡᠶᠢᠲᠡ 300.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 33.0% ᠨᠡᠮᠡᠭᠳᠡᠵᠡᠶ᠃    ᠳ᠋ᠣᠯᠯᠠᠷ ᠤᠨ ᠪᠠᠷᠢᠮᠵᠢᠶ᠎ᠠ ᠪᠠᠷ᠂ ᠪᠥᠬᠦ ᠣᠷᠣᠨ ᠤ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ ᠨᠡᠶᠢᠲᠡ 120.9 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 26.7% ᠪᠠᠷ ᠨᠡᠮᠡᠭᠳᠡᠪᠡ᠃ ᠡᠭᠦᠨ ᠳᠤ᠄ ᠭᠠᠳᠠᠭᠠᠳᠤ ᠠᠴᠠ ᠣᠷᠣᠭᠤᠯᠤᠭᠰᠠᠨ ᠨᠡᠶᠢᠲᠡ ᠲᠤᠭ᠎ᠠ 74.6 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.9% ᠨᠡᠮᠡᠭᠳᠡᠵᠡᠶ︔ ᠭᠠᠳᠠᠭᠠᠳᠤ ᠳᠤ ᠭᠠᠷᠭᠠᠭᠰᠠᠨ ᠲᠤᠭ᠎ᠠ ᠨᠡᠶᠢᠲᠡ 46.4 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 44.2% ᠢᠶᠠᠷ ᠨᠡᠮᠡᠭᠳᠡᠵᠡᠶ᠃    ᠠᠵᠢᠯᠯᠠᠭᠠᠨ ᠤ ᠭᠤᠣᠯ ᠣᠨᠴᠠᠯᠢᠭ ᠪᠣᠯ᠄ ᠭᠠᠳᠠᠭᠠᠳᠤ ᠠᠷᠠᠯᠵᠢᠶᠠᠨ ᠤ ᠨᠡᠯᠢᠶᠡᠳ ᠲᠦᠷᠭᠡᠨ ᠨᠡᠮᠡᠭᠳᠡᠯ ᠢ ᠦᠷᠭᠦᠯᠵᠢᠯᠡᠨ ᠪᠠᠲᠤᠯᠠᠵᠤ ᠪᠠᠶᠢᠨ᠎ᠠ᠃ 8 ᠳ᠋ᠤᠭᠠᠷ ᠰᠠᠷ᠎ᠠ ᠳᠤ᠂ ᠪᠥᠬᠦ ᠣᠷᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ 108.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 24.9% ᠨᠡᠮᠡᠭᠳᠡᠪᠡ᠂ ᠡᠭᠦᠨ ᠳᠤ᠄ ᠭᠠᠳᠠᠭᠠᠳᠤ ᠳᠤ ᠭᠠᠷᠭᠠᠭᠰᠠᠨ ᠲᠤᠭ᠎ᠠ 42.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 55.3% ᠨᠡᠮᠡᠭᠳᠡᠪᠡ︔ ᠭᠠᠳᠠᠭᠠᠳᠤ ᠠᠴᠠ ᠣᠷᠣᠭᠤᠯᠤᠭᠰᠠᠨ ᠲᠤᠭ᠎ᠠ 66.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.0% ᠨᠡᠮᠡᠭᠳᠡᠵᠡᠶ᠃ ᠭᠠᠳᠠᠭᠠᠳᠤ ᠭᠠᠷᠭᠠᠯᠲᠠ ᠶᠢᠨ ᠭᠠᠳᠠᠭᠠᠳᠤ ᠠᠷᠠᠯᠵᠢᠶᠠᠨ ᠤ ᠨᠡᠮᠡᠭᠳᠡᠯ ᠳᠤ ᠦᠵᠡᠭᠦᠯᠬᠦ ᠳᠠᠶᠢᠴᠢᠯᠠᠬᠤ ᠦᠢᠯᠡᠳᠦᠯ ᠢᠯᠡᠳᠲᠡ ᠪᠣᠯᠪᠠ᠃ 1 — 8 ᠳ᠋ᠤᠭᠠᠷ ᠰᠠᠷ᠎ᠠ ᠳᠤ᠂ ᠪᠥᠬᠦ ᠣᠷᠣᠨ ᠤ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠭᠠᠷᠭᠠᠯᠲᠠ ᠶᠢᠨ ᠨᠡᠶᠢᠲᠡ ᠲᠤᠭ᠎ᠠ 300.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 33% ᠪᠠᠷ ᠨᠡᠮᠡᠭᠳᠡᠨ᠂ ᠭᠠᠳᠠᠭᠠᠳᠤ ᠭᠠᠷᠭᠠᠯᠲᠠ ᠶᠢᠨ ᠨᠡᠮᠡᠭᠳᠡᠯ ᠤᠨ ᠬᠤᠷᠳᠤᠴᠠ 8 ᠰᠠᠷ᠎ᠠ ᠳᠠᠷᠠᠭᠠᠯᠠᠨ ᠬᠤᠶᠠᠷ ᠣᠷᠣᠨᠲᠤ ᠲᠤᠭ᠎ᠠ ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠲᠣᠰ ᠲᠣᠰ 41.6%᠂ 56.1%᠂ 15.1%᠂ 11.2%᠂ 33.1%᠂ 48.7%᠂ 22.1%᠂ 55.3% ᠪᠠᠶᠢᠪᠠ᠃ ᠨᠡᠮᠡᠭᠳᠡᠯ ᠤᠨ ᠬᠡᠮᠵᠢᠶ᠎ᠡ ᠨᠢ ᠪᠥᠬᠦ ᠤᠯᠤᠰ ᠤᠨ ᠬᠢ ᠠᠴᠠ 9.8 ᠵᠠᠭᠤᠨ ᠤ ᠨᠢᠭᠡᠴᠢ ᠥᠨᠳᠥᠷ ᠪᠠᠶᠢᠵᠤ᠂ ᠪᠥᠬᠦ ᠤᠯᠤᠰ ᠤᠨ ᠡᠯ᠎ᠡ ᠮᠤᠵᠢ ᠣᠷᠣᠨ ᠤ 12 ᠳ᠋ᠤᠭᠠᠷ ᠲᠤ ᠣᠷᠣᠵᠤ᠂ ᠲᠦᠷᠦᠭᠦᠤ ᠰᠠᠷ᠎ᠠ ᠶᠢᠨ ᠬᠢ ᠠᠴᠠ 2 ᠨᠡᠷᠡᠰ ᠳᠡᠭᠡᠭᠰᠢᠯᠡᠵᠡᠶ᠃ ᠡᠩ ᠤᠨ ᠠᠷᠠᠯᠵᠢᠶᠠᠨ ᠤ ᠭᠠᠳᠠᠭᠠᠳᠤ ᠠᠴᠠ ᠣᠷᠣᠭᠤᠯᠬᠤ ᠪᠠ 1 — 8 ᠳ᠋ᠤᠭᠠᠷ ᠰᠠᠷ᠎ᠠ ᠳᠤ᠂ ᠡᠩ ᠤᠨ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ 512.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.6% ᠨᠡᠮᠡᠭᠳᠡᠵᠦ᠂ ᠪᠥᠬᠦ ᠣᠷᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠲᠣᠭᠠᠨ ᠤ 65.4% ᠶᠢ ᠡᠵᠡᠯᠡᠪᠡ︔ ᠪᠥᠬᠦ ᠣᠷᠣᠨ ᠤ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ 34.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 256.1% ᠨᠡᠮᠡᠭᠳᠡᠪᠡ︔ ᠬᠢᠯᠢ ᠶᠢᠨ ᠪᠠᠭ᠎ᠠ ᠲᠣᠭᠠᠨ ᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ 137.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.6% ᠪᠠᠷ ᠪᠠᠭᠤᠷᠠᠪᠠ᠃ ᠪᠤᠰᠤᠳ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠦᠷᠳᠡᠭ 98.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 98.3% ᠪᠠᠷ ᠨᠡᠮᠡᠭᠳᠡᠪᠡ᠃ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠨᠡᠮᠡᠭᠳᠡᠯ ᠨᠡᠯᠢᠶᠡᠳ ᠲᠦᠷᠭᠡᠨ ᠪᠠᠶᠢᠨ᠎ᠠ᠃ 1 — 8 ᠳ᠋ᠤᠭᠠᠷ ᠰᠠᠷ᠎ᠠ ᠳᠤ᠂ ᠪᠥᠬᠦ ᠣᠷᠣᠨ ᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ ᠨᠡᠶᠢᠲᠡ 503.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.5% ᠪᠠᠷ ᠨᠡᠮᠡᠭᠳᠡᠨ᠂ ᠪᠥᠬᠦ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ ᠤᠨ 64.3% ᠶᠢ ᠡᠵᠡᠯᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 0.3 ᠵᠠᠭᠤᠨ ᠤ ᠨᠢᠭᠡᠴᠢ ᠳᠡᠭᠡᠭᠰᠢᠯᠡᠨ᠂ ᠮᠠᠨ ᠤ ᠣᠷᠣᠨ ᠤ ᠨᠢᠭᠡᠳᠦᠭᠡᠷ ᠲᠣᠮᠣ ᠭᠠᠳᠠᠭᠠᠳᠤ ᠠᠷᠠᠯᠵᠢᠶᠠᠨ ᠤ ᠡᠵᠡᠩᠨᠡᠯᠲᠡ ᠶᠢᠨ ᠭᠤᠤᠯ ᠴᠣᠭᠴᠠ ᠳᠤ ᠦᠷᠭᠦᠯᠵᠢᠯᠡᠨ ᠣᠷᠣᠪᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠬᠡᠮᠵᠢᠶ᠎ᠡ 225.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 38.3% ᠨᠡᠮᠡᠭᠳᠡᠪᠡ᠃ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠭᠰᠠᠨ ᠠᠵᠤ ᠠᠬᠤᠶᠢᠯᠠᠯ ᠤᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠪᠥᠬᠦ ᠲᠤᠭ᠎ᠠ 52.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.2% ᠨᠡᠮᠡᠭᠳᠡᠪᠡ᠃ ᠪᠥᠭᠡᠮ ᠲᠠᠸᠠᠷ ᠤᠨ ᠭᠠᠳᠠᠭᠠᠳᠤ ᠭᠠᠷᠭᠠᠯᠲᠠ ᠶᠢᠨ ᠨᠡᠮᠡᠭᠳᠡᠯ ᠨᠡᠯᠢᠶᠡᠳ ᠲᠦᠷᠭᠡᠨ ᠪᠠᠶᠢᠨ᠎ᠠ᠃ 1 — 8 ᠰᠠᠷ᠎ᠠ ᠳᠤ᠂ ᠲᠦᠷᠦᠭᠦᠤ ᠠᠷᠪᠠᠨ ᠶᠡᠭᠡ ᠭᠠᠳᠠᠭᠠᠳᠤ ᠳᠤ ᠭᠠᠷᠭᠠᠬᠤ ᠲᠠᠸᠠᠷ ᠤᠨ ᠳᠣᠲᠣᠷ᠎ᠠ᠂ ᠪᠣᠯᠣᠳ ᠮᠠᠲ᠋ᠧᠷᠢᠶᠠᠯ᠂ ᠾᠯᠣᠷᠲᠤ ᠡᠲ᠋ᠧᠨ ᠤ ᠪᠥᠭᠡᠭᠡᠨᠡᠪᠦᠷᠢ᠂ ᠪᠠᠷᠠᠭᠠᠨ ᠤ ᠲᠡᠭᠡᠭᠡᠪᠦᠷᠢ ᠶᠢᠨ ᠮᠠᠰᠢᠨ ᠲᠡᠷᠭᠡ ᠵᠡᠷᠭᠡ ᠭᠤᠷᠪᠠᠨ ᠶᠡᠭᠡ ᠲᠠᠸᠠᠷ ᠤᠨ ᠭᠠᠳᠠᠭᠠᠳᠤ ᠳᠤ ᠭᠠᠷᠭᠠᠭᠰᠠᠨ ᠬᠡᠮᠵᠢᠶ᠎ᠡ ᠵᠡᠷᠭᠡ ᠪᠠᠷ ᠳᠡᠭᠡᠭᠰᠢᠯᠡᠵᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 66.1%᠂ 21 ᠳᠠᠬᠢᠨ᠂ 86.1% ᠪᠠᠷ ᠨᠡᠮᠡᠭᠳᠡᠪᠡ︔ ᠬᠦᠴᠢᠯᠲᠥ᠋ᠷᠥᠭᠴᠢ ᠠᠭᠤᠯᠤᠭᠰᠠᠨ ᠠᠮᠢᠨᠣ᠋ ᠪᠦᠯᠦᠭ ᠤᠨ ᠨᠢᠭᠡᠳᠪᠦᠷᠢ᠂ ᠺᠤᠲ᠋ᠤᠨ ᠵᠢᠴᠢ ᠺᠤᠶᠢᠨᠣᠨ ᠬᠤᠶᠠᠷ ᠶᠡᠭᠡ ᠲᠠᠸᠠᠷ ᠤᠨ ᠭᠠᠳᠠᠭᠠᠳᠤ ᠳᠤ ᠭᠠᠷᠭᠠᠬᠤ ᠬᠡᠮᠵᠢᠶ᠎ᠡ ᠡᠳᠦᠶ ᠲᠡᠳᠦᠶ ᠳᠣᠷᠣᠭᠰᠢᠯᠠᠵᠤ᠂ ᠭᠠᠳᠠᠭᠠᠳᠤ ᠳᠤ ᠭᠠᠷᠭᠠᠬᠤ ᠬᠡᠮᠵᠢᠶ᠎ᠡ ᠨᠢ ᠰᠥᠷᠭᠡᠦ ᠨᠡᠮᠡᠭᠳᠡᠯ ᠲᠠᠢ ᠪᠣᠯᠪᠠ︔ ᠨᠡᠷᠡᠨ ᠬᠤᠸᠠᠷ ᠤᠨ ᠦᠷ᠎ᠡ᠂ ᠪᠠᠺᠲ᠋ᠧᠷᠢ ᠳᠠᠷᠤᠬᠤ ᠡᠳ᠋᠂ ᠴᠠᠬᠢᠯᠭᠠᠨ ᠬᠦᠴᠦᠨ ᠤ ᠭᠠᠳᠠᠭᠠᠳᠤ ᠳᠤ ᠭᠠᠷᠭᠠᠬᠤ ᠬᠡᠮᠵᠢᠶ᠎ᠡ  ᠵᠡᠷᠭᠡ ᠪᠠᠷ ᠪᠠᠭᠤᠷᠠᠪᠠ᠃ ᠮᠠᠰᠢᠨ ᠴᠠᠬᠢᠯᠭᠠᠨ ᠤ  ᠦᠢᠯᠡᠳᠬᠦᠨ᠂ ᠳᠡᠭᠡᠳᠦ ᠰᠢᠨ᠎ᠡ ᠮᠡᠷᠭᠡᠵᠢᠯ ᠤᠨ  ᠦᠢᠯᠡᠳᠬᠦᠨ ᠤ ᠨᠡᠮᠡᠭᠳᠡᠯ ᠨᠡᠯᠢᠶᠡᠳ ᠲᠦᠷᠭᠡᠨ ᠪᠠᠶᠢᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ ᠨᠡᠶᠢᠲᠡ 64.2 ᠳ᠋ᠦᠩᠰᠢᠭᠤᠷ ᠲᠥᠭᠦᠷᠢᠭ᠂ 52.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 40.9%᠂ 46.0% ᠨᠡᠮᠡᠭᠳᠡᠪᠡ᠃ ᠡᠭᠦᠨ ᠳᠤ᠂ ᠭᠠᠳᠠᠭᠠᠳᠤ ᠳᠤ ᠭᠠᠷᠭᠠᠭᠰᠠᠨ ᠲᠤᠭ᠎ᠠ 43.8 ᠳ᠋ᠦᠩᠰᠢᠭᠤᠷ ᠲᠥᠭᠦᠷᠢᠭ᠂ 42.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 70.5%᠂ 46.8% ᠪᠠᠷ ᠨᠡᠮᠡᠭᠳᠡᠪᠡ︔ ᠭᠠᠳᠠᠭᠠᠳᠤ ᠠᠴᠠ ᠣᠷᠣᠭᠤᠯᠤᠭᠰᠠᠨ ᠲᠤᠭ᠎ᠠ 20.4 ᠳ᠋ᠦᠩᠰᠢᠭᠤᠷ ᠲᠥᠭᠦᠷᠢᠭ᠂ 10.0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 2.6%᠂ 42.7% ᠪᠠᠷ ᠨᠡᠮᠡᠭᠳᠡᠵᠡᠶ᠃ ᠭᠤᠣᠯ ᠪᠣᠯᠬᠤ ᠠᠷᠠᠯᠵᠢᠶᠠᠨ ᠤ ᠬᠠᠨᠢᠲᠠᠨ ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠨᠡᠮᠡᠭᠳᠡᠯ ᠤᠨ ᠬᠠᠨᠳᠤᠰᠢ ᠰᠠᠶᠢᠨ ᠪᠠᠶᠢᠨ᠎ᠡ᠃ 1 — 8 ᠰᠠᠷ᠎ᠠ ᠳᠤ᠂ ᠭᠤᠤᠯ ᠪᠣᠯᠬᠤ ᠠᠷᠠᠯᠵᠢᠶᠠᠨ ᠤ ᠬᠠᠨᠢᠲᠠᠨ ᠠᠴᠠ ᠠᠪᠴᠤ ᠦᠵᠡᠪᠡᠯ᠂ ᠮᠣᠩᠭᠤᠯ ᠤᠯᠤᠰ ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ 205.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 27.6% ᠪᠠᠷ ᠨᠡᠮᠡᠭᠳᠡᠨ᠂ ᠪᠥᠬᠦ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠥᠷᠲᠡᠭ ︵ᠳᠣᠷᠣᠭᠰᠢ ᠠᠳᠠᠯᠢ︶ ᠤᠨ 26.2% ᠢ ᠡᠵᠡᠯᠡᠪᠡ︔ ᠣᠷᠣᠰ ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ 116.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.4% ᠪᠠᠭᠤᠷᠠᠵᠤ᠂ 14.9% ᠶᠢ ᠡᠵᠡᠯᠡᠪᠡ᠃ ᠡᠨᠡ ᠬᠤᠶᠠᠷ ᠢ ᠨᠡᠶᠢᠯᠡᠭᠦᠯᠵᠦ ᠪᠤᠳᠤᠪᠠᠯ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ 322.1 ᠳ᠋ᠦᠩᠰᠢᠭᠤᠷ ᠲᠥᠭᠦᠷᠢᠭ ᠲᠤ ᠬᠦᠷᠴᠦ᠂ 41.1% ᠶᠢ ᠡᠵᠡᠯᠡᠵᠡᠶ᠃ ᠲᠦᠷᠦᠭᠦᠦ ᠠᠷᠪᠠᠨ ᠶᠡᠭᠡ ᠠᠷᠠᠯᠵᠢᠶᠠᠨ ᠤ ᠬᠠᠨᠢᠲᠠᠨ ᠤ ᠳᠣᠲᠣᠷ᠎ᠠ᠂ ᠤᠷᠤᠰ᠂ ᠲᠠᠢ ᠤᠯᠤᠰ ᠢ ᠭᠠᠷᠭᠠᠪᠠᠯ᠂ ᠪᠤᠰᠤᠳ ᠨᠠᠢᠮᠠᠨ ᠶᠡᠭᠡ ᠠᠷᠠᠯᠵᠢᠶᠠᠨ ᠤ ᠬᠠᠨᠢᠲᠠᠨ ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠬᠡᠮᠵᠢᠶ᠎ᠡ ᠴᠥᠮ ᠵᠥᠪ ᠨᠡᠮᠡᠭᠳᠡᠯ ᠢ ᠪᠡᠶᠡᠯᠡᠭᠦᠯᠵᠡᠢ᠃ ᠣᠯᠠᠩᠬᠢ ᠠᠶᠢᠮᠠᠭ ᠬᠤᠳᠠ ᠶᠢᠨ ᠬᠢᠨ ᠡᠶᠡᠷᠭᠦ ᠨᠡᠮᠡᠭᠳᠡᠯ ᠢ ᠪᠡᠶᠡᠯᠡᠭᠦᠯᠪᠡ᠃ 1 — 8 ᠳ᠋ᠤᠭᠠᠷ ᠰᠠᠷ᠎ᠠ ᠳᠤ᠂ 12 ᠠᠶᠢᠮᠠᠭ ᠬᠤᠲᠠ ᠶᠢᠨ ᠳᠣᠲᠣᠷ᠎ᠠ ᠬᠥᠯᠥᠨ ᠪᠤᠶᠢᠷ ᠬᠤᠲᠠ ︵ᠮᠠᠨᠵᠤᠤᠷ ᠬᠤᠲᠠ ᠪᠠᠭᠲᠠᠨ᠎ᠠ ︶᠂ ᠰᠢᠯᠢ ᠶᠢᠨ ᠭᠤᠤᠯ ᠠᠶᠢᠮᠠᠭ ︵ᠡᠷᠢᠶᠡᠨ ᠬᠤᠲᠠ ᠪᠠᠭᠲᠠᠨ᠎ᠠ︶ 2 ᠠᠶᠢᠮᠠᠭ ᠬᠤᠲᠠ ᠶᠢ ᠭᠠᠷᠭᠠᠪᠠᠯ᠂ ᠪᠤᠰᠤᠳ 10 ᠠᠶᠢᠮᠠᠭ ᠬᠤᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠶ ᠥᠷᠲᠡᠭ ᠴᠥᠮ ᠡᠶᠡᠷᠭᠦ ᠨᠡᠮᠡᠭᠳᠡᠯ ᠲᠠᠢ ᠪᠣᠯᠤᠭᠰᠠᠨ ᠪᠠᠶᠢᠨ᠎ᠠ᠃ ᠪᠤᠭᠤᠲᠤ ᠬᠤᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ 166.8 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠣᠷᠣᠨ ᠤ ᠨᠢᠭᠡᠳᠦᠭᠡᠷ ᠲᠤ ᠣᠷᠣᠪᠠ︔ ᠭᠠᠳᠠᠭᠠᠳᠤ ᠳᠤ ᠭᠠᠷᠭᠠᠭᠰᠠᠨ ᠲᠤᠭ᠎ᠠ 76.4 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠣᠷᠣᠨ ᠤ ᠨᠢᠭᠡᠳᠦᠭᠡᠷ ᠲᠤ ᠣᠷᠣᠪᠠ᠃ ᠪᠠᠶᠠᠨᠨᠠᠭᠤᠷ ᠬᠤᠲᠠ ᠶᠢᠨ ᠭᠠᠳᠠᠭᠠᠳᠤ ᠠᠴᠠ ᠣᠷᠣᠭᠤᠯᠤᠭᠰᠠᠨ ᠲᠤᠭ᠎ᠠ 114.6 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠣᠷᠣᠨ ᠤ ᠨᠢᠭᠡᠳᠦᠭᠡᠷ ᠲᠤ ᠣᠷᠣᠪᠠ᠃    ᠭᠤᠷᠪᠠ᠂ ᠭᠠᠳᠠᠭᠠᠳᠤ ᠶᠢᠨ ᠪᠡᠯᠡ ᠮᠥᠩᠭᠦ ᠶᠢ ᠰᠢᠭᠤᠳ ᠠᠰᠢᠭᠯᠠᠬᠤ   1 — 8 ᠰᠠᠷ᠎ᠠ ᠳᠤ᠂ ᠪᠥᠬᠦ ᠣᠷᠣᠨ ᠤ ᠰᠢᠨ᠎ᠡ ᠪᠠᠷ ᠪᠠᠶᠢᠭᠤᠯᠤᠭᠰᠠᠨ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠭᠰᠠᠨ ᠠᠵᠤ ᠠᠬᠤᠶᠢᠯᠠᠯ 27 ᠪᠣᠯᠵᠣ᠂ ᠠᠳᠠᠯᠢ ᠬᠤᠭᠤᠴᠠᠭᠠᠨ ᠤ ᠬᠢ ᠠᠴᠠ 3 ᠨᠡᠮᠡᠭᠳᠡᠵᠡᠶ᠃ ᠬᠤᠳᠠᠯᠳᠤᠭᠠᠨ ᠤ ᠶᠠᠪᠤᠳᠠᠯ ᠤᠨ ᠶᠠᠮᠤᠨ ᠤ ᠪᠦᠷᠢᠳᠬᠡᠭᠰᠡᠨ ᠢᠶᠠᠷ᠂ ᠮᠠᠨ ᠤ ᠣᠷᠣᠨ ᠤ ᠪᠣᠳᠠᠲᠠᠶ ᠬᠡᠷᠡᠭᠯᠡᠭᠰᠡᠨ ᠭᠠᠳᠠᠭᠠᠳᠤ ᠪᠠᠯᠠ ᠶᠢᠨ ᠵᠣᠭᠤᠰᠣᠨ ᠲᠤᠭ᠎ᠠ 1.99 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 24.32% ᠪᠠᠭᠤᠷᠠᠪᠠ ︵13.8 ᠳ᠋ᠦᠩᠰᠢᠭᠤᠷ ᠲᠥᠭᠦᠷᠢᠭ ᠠᠷᠠᠳ ᠤᠨ ᠵᠣᠭᠤᠰ ᠢᠶᠠᠷ ᠨᠤᠭᠤᠯᠵᠤ ᠪᠤᠳᠤᠪᠠᠯ᠂ 25.32% ᠪᠠᠭᠤᠷᠠᠪᠠ︶᠃ ᠪᠡᠯᠡ ᠣᠷᠣᠭᠤᠯᠤᠯᠲᠠ ᠶᠢᠨ ᠭᠤᠣᠯ ᠢᠷᠡᠯᠳᠡ ᠶᠢᠨ ᠲᠠᠯ᠎ᠠ ᠠᠴᠠ ᠦᠵᠡᠪᠡᠯ᠂ ᠪᠡᠯᠡ ᠣᠷᠣᠭᠤᠯᠤᠯᠲᠠ ᠨᠢ ᠭᠤᠣᠯᠳᠠᠭᠤ ᠰᠢᠶᠠᠩᠭᠠᠩ ᠣᠷᠣᠨ ᠠᠴᠠ ᠢᠷᠡᠵᠤ᠂ 94% ᠶᠢ ᠡᠵᠡᠯᠡᠵᠦ ᠪᠠᠶᠢᠨ᠎ᠠ︔ ᠪᠡᠯᠡ ᠣᠷᠣᠭᠤᠯᠤᠯᠲᠠ ᠶᠢᠨ ᠠᠵᠢᠯ ᠲᠦᠷᠦᠯ ᠢᠶᠠᠷ ᠠᠪᠴᠤ ᠦᠵᠡᠪᠡᠯ᠂ ᠭᠤᠣᠯᠳᠠᠭᠤ ᠲᠠᠷᠢᠶᠠᠯᠠᠩ᠂ ᠤᠢ ᠰᠢᠭᠤᠶ᠂ ᠮᠠᠯ ᠠᠵᠤ ᠠᠬᠤᠶ᠂ ᠵᠢᠭᠠᠰᠤᠨ ᠠᠵᠤ ᠠᠬᠤᠶ᠂ ᠦᠢᠯᠡᠳᠬᠦ ᠦᠢᠯᠡᠰ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠦᠢᠯᠡᠰ ᠲᠤ ᠲᠥᠪᠯᠡᠷᠡᠵᠦ ᠪᠠᠶᠢᠨ᠎ᠠ᠃ ᠪᠠᠯᠠ ᠮᠥᠩᠭᠦᠨ ᠤ ᠲᠠᠷᠬᠠᠯᠲᠠ ᠶᠢᠨ ᠪᠠᠶᠢᠳᠠᠯ ᠠᠴᠠ ᠦᠵᠡᠪᠡᠯ᠂ ᠭᠤᠤᠯᠳᠠᠭᠤ ᠬᠥᠬᠡᠬᠤᠲᠠ ᠳᠤ ᠲᠥᠪᠯᠡᠷᠡᠵᠦ᠂ 71% ᠶᠢ ᠡᠵᠡᠯᠡᠵᠦ ᠪᠠᠶᠢᠨ᠎ᠠ᠃    ᠳᠥᠷᠪᠡ᠂ ᠭᠠᠳᠠᠭᠠᠳᠤ ᠳᠤ ᠪᠠᠯᠠ ᠣᠷᠣᠭᠤᠯᠤᠨ ᠬᠠᠮᠲᠤᠷᠠᠯᠴᠠᠬᠤ  1 — 8 ᠳ᠋ᠤᠭᠠᠷ ᠰᠠᠷ᠎ᠠ ᠳᠤ᠂ ᠮᠠᠨ ᠤ ᠣᠷᠣᠨ ᠭᠠᠳᠠᠭᠠᠳᠤ ᠳᠤ ᠪᠠᠯᠠ ᠣᠷᠣᠭᠤᠯᠬᠤ ᠲᠥᠷᠥᠯ ᠵᠦᠶ᠋ᠯ ᠢ 39 ︵1 ᠪᠠᠶᠢᠭᠤᠯᠤᠮᠵᠢ ᠪᠠᠭᠲᠠᠨ᠎ᠠ︶ ᠰᠢᠨ᠎ᠡ ᠪᠠᠷ ᠨᠡᠮᠡᠭᠳᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 3 ᠨᠡᠮᠡᠭᠳᠡᠪᠡ᠃ ᠳᠤᠮᠳᠠᠳᠤ ᠶᠢᠨ ᠲᠠᠯ᠎ᠠ ᠶᠢᠨ ᠬᠡᠯᠡᠯᠴᠡᠭᠡᠷ ᠢᠶᠠᠷ ᠪᠠᠯᠠ ᠣᠷᠣᠭᠤᠯᠤᠭᠰᠠᠨ ᠲᠤᠭ᠎ᠠ 4.28 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 23.84% ᠪᠠᠷ ᠪᠠᠭᠤᠷᠠᠪᠠ᠃ ᠭᠤᠣᠯ ᠪᠡᠯᠡ ᠣᠷᠣᠭᠤᠯᠤᠯᠲᠠ ᠶᠢᠨ ᠠᠵᠢᠯ ᠲᠥᠷᠥᠯ ᠭᠡᠪᠡᠯ ᠲᠡᠭᠡᠭᠡᠪᠦᠷᠢ ᠶᠢᠨ ᠦᠢᠯᠡᠰ᠂ ᠠᠭᠤᠷᠬᠠᠶ ᠮᠠᠯᠲᠠᠬᠤ ᠦᠢᠯᠡᠰ᠂ ᠲᠠᠷᠢᠶᠠᠯᠠᠩ᠂ ᠮᠣᠳᠣᠨ ᠮᠠᠲ᠋ᠧᠷᠢᠶᠠᠯ ᠪᠣᠯᠪᠠᠰᠤᠷᠠᠭᠤᠯᠬᠤ᠂ ᠢᠳᠡᠭᠡᠨ ᠪᠣᠯᠪᠠᠰᠤᠷᠠᠭᠤᠯᠬᠤ᠂ ᠣᠯᠠᠨ ᠤᠯᠤᠰ ᠤᠨ ᠠᠷᠠᠯᠵᠢᠶ᠎ᠠ ᠵᠡᠷᠭᠡ ᠪᠣᠯᠤᠨ᠎ᠠ᠃ ᠬᠤᠳᠠᠯᠳᠤᠭᠠᠨ ᠤ ᠶᠠᠪᠤᠳᠠᠯ ᠤᠨ ᠶᠠᠮᠤᠨ ᠤ ᠪᠦᠷᠢᠳᠬᠡᠭᠰᠡᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 1 — 8 ᠰᠠᠷ᠎ᠠ ᠳᠤ ᠪᠥᠬᠦ ᠣᠷᠣᠨ ᠤ ᠠᠵᠤ ᠠᠬᠤᠶᠢᠯᠠᠯ ᠤᠨ ᠭᠠᠳᠠᠭᠠᠳᠤ ᠳᠠᠬᠢ ᠪᠣᠳᠠᠲᠠᠶ ᠪᠠᠯᠠ ᠣᠷᠣᠭᠤᠯᠤᠯᠲᠠ ᠶᠢᠨ ᠲᠤᠭ᠎ᠠ 3.9 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 77.27% ᠪᠠᠷ ᠨᠡᠮᠡᠭᠳᠡᠨ᠂ ᠪᠥᠬᠦ ᠤᠯᠤᠰ ᠲᠤ 21 ᠳ᠋ᠤᠭᠠᠷ ᠲᠤ ᠵᠢᠭᠰᠠᠭᠠᠭᠳᠠᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2 ᠳ᠋ᠤᠭᠠᠷ ᠲᠤ ᠣᠷᠣᠵᠠᠶ᠃    ᠲᠠᠪᠤ᠂ ᠪᠣᠭᠤᠮᠲᠠ ᠶᠢᠨ ᠲᠡᠭᠡᠭᠡᠪᠦᠷᠢ ᠶᠢᠨ ᠬᠡᠮᠵᠢᠶ᠎ᠡ ᠶᠢᠨ ᠪᠠᠶᠢᠳᠠᠯ 1 — 8 ᠳ᠋ᠤᠭᠠᠷ ᠰᠠᠷ᠎ᠠ ᠳᠤ᠂ ᠪᠥᠬᠦ ᠣᠷᠣᠨ ᠤ ᠪᠣᠭᠤᠮᠲᠠ ᠶᠢᠨ ᠬᠢᠯᠢ ᠪᠠᠷ ᠣᠷᠣᠭᠤᠯᠵᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 3676.43 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.4% ᠪᠠᠭᠤᠷᠠᠪᠠ᠃ ᠡᠭᠦᠨ ᠳᠤ᠄ ᠬᠢᠯᠢ ᠪᠠᠷ ᠣᠷᠣᠭᠤᠯᠤᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 3092.02 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.2% ᠢᠶᠠᠷ ᠪᠠᠭᠤᠷᠠᠪᠠ︔ ᠬᠢᠯᠢ ᠠᠴᠠ ᠭᠠᠷᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 584.41 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8% ᠪᠠᠷ ᠨᠡᠮᠡᠭᠳᠡᠪᠡ᠃    ᠥᠪᠥᠷ ᠮᠣᠩᠭᠤᠯ ᠤᠨ ᠬᠢᠯᠢ ᠶᠢᠨ ᠪᠣᠭᠤᠮᠲᠠ ᠳᠠᠬᠢ ᠬᠢᠯᠢ ᠪᠠᠷ ᠣᠷᠣᠭᠤᠯᠵᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 2329.33 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.9% ᠪᠠᠷ ᠪᠠᠭᠤᠷᠠᠪᠠ᠃ ᠡᠭᠦᠨ ᠳᠤ᠄ ᠬᠢᠯᠢ ᠪᠠᠷ ᠣᠷᠣᠭᠤᠯᠤᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 2041.72 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.1% ᠪᠠᠷ ᠪᠠᠭᠤᠷᠠᠪᠠ︔ ᠬᠢᠯᠢ ᠠᠴᠠ ᠭᠠᠷᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 287.61 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.5% ᠨᠡᠮᠡᠭᠳᠡᠪᠡ᠃ ᠣᠷᠣᠰ ᠤᠨ ᠬᠢᠯᠢ ᠶᠢᠨ ᠪᠣᠭᠤᠮᠲᠠ ᠳᠠᠬᠢ ᠬᠢᠯᠢ ᠪᠠᠷ ᠣᠷᠣᠭᠤᠯᠵᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1347.1 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.44% ᠪᠠᠷ ᠪᠠᠭᠤᠷᠠᠪᠠ᠃ ᠡᠭᠦᠨ ᠳᠤ᠄ ᠬᠢᠯᠢ ᠪᠠᠷ ᠣᠷᠣᠭᠤᠯᠤᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1050.3 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.38% ᠪᠠᠷ ᠪᠠᠭᠤᠷᠠᠪᠠ︔ ᠬᠢᠯᠢ ᠠᠴᠠ ᠭᠠᠷᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 296.8 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.56% ᠪᠠᠷ ᠨᠡᠮᠡᠭᠳᠡᠪᠡ᠃    1 — 8 ᠳ᠋ᠤᠭᠠᠷ ᠰᠠᠷ᠎ᠠ ᠳᠤ᠂ ᠪᠥᠬᠦ ᠣᠷᠣᠨ ᠤ ᠪᠣᠭᠤᠮᠲᠠ ᠶᠢᠨ ᠬᠢᠯᠢ ᠪᠠᠷ ᠣᠷᠣᠭᠤᠯᠵᠤ ᠭᠠᠷᠭᠠᠬᠤ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 39.23 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 50.4% ᠪᠠᠭᠤᠷᠠᠪᠠ᠃ ᠡᠭᠦᠨ ᠳᠤ᠂ ᠬᠢᠯᠢ ᠪᠠᠷ ᠣᠷᠣᠵᠤ ᠢᠷᠡᠭᠰᠡᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 19.73 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 51.9% ᠪᠠᠷ ᠪᠠᠭᠤᠷᠠᠵᠤ᠂ ᠬᠢᠯᠢ ᠠᠴᠠ ᠭᠠᠷᠬᠤ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 19.5 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 48.8% ᠪᠠᠷ ᠪᠠᠭᠤᠷᠠᠪᠠ᠃    1 — 8 ᠳ᠋ᠤᠭᠠᠷ ᠰᠠᠷ᠎ᠠ ᠳᠤ᠂ ᠪᠥᠬᠦ ᠣᠷᠣᠨ ᠤ ᠪᠣᠭᠤᠮᠲᠠ ᠶᠢᠨ ᠬᠢᠯᠢ ᠪᠠᠷ ᠣᠷᠣᠭᠤᠯᠵᠤ ᠭᠠᠷᠭᠠᠬᠤ ᠵᠠᠮ ᠬᠠᠷᠢᠯᠴᠠᠭᠠᠨ ᠤ ᠪᠠᠭᠠᠵᠢ 34.72 ᠲᠦᠮᠡᠨ ᠲᠡᠷᠭᠡ ᠤᠳᠠᠭ᠎ᠠ ᠳᠤ ᠣᠷᠣᠵᠤ᠂ ᠠᠳᠠᠯᠢ ᠬᠤᠭᠤᠴᠠᠭᠠᠨ ᠤ ᠬᠢ ᠠᠴᠠ 21.3% ᠪᠠᠷ ᠪᠠᠭᠤᠷᠠᠪᠠ᠃ ᠡᠭᠦᠨ ᠳᠤ᠂ ᠬᠢᠯᠢ ᠪᠠᠷ ᠣᠷᠣᠭᠤᠯᠬᠤ ᠵᠠᠮ ᠬᠠᠷᠢᠯᠴᠠᠭᠠᠨ ᠤ ᠪᠠᠭᠠᠵᠢ 16.74 ᠲᠦᠮᠡᠨ ᠴᠤᠪᠤᠭ᠎ᠠ ᠲᠡᠷᠭᠡ ᠤᠳᠠᠭ᠎ᠠ ᠣᠷᠣᠵᠤ᠂ ᠠᠳᠠᠯᠢ ᠬᠤᠭᠤᠴᠠᠭᠠᠨ ᠤ ᠬᠢ ᠠᠴᠠ 24.6% ᠪᠠᠷ ᠪᠠᠭᠤᠷᠠᠪᠠ︔ ᠬᠢᠯᠢ ᠠᠴᠠ ᠭᠠᠷᠬᠤ ᠵᠠᠮ ᠬᠠᠷᠢᠯᠴᠠᠭᠠᠨ ᠤ ᠪᠠᠭᠠᠵᠢ 17.98 ᠲᠦᠮᠡᠨ ᠲᠡᠷᠭᠡ ᠤᠳᠠᠭ᠎ᠠ ᠳᠤ ᠣᠷᠣᠵᠤ᠂ ᠠᠳᠠᠯᠢ ᠬᠤᠭᠤᠴᠠᠭᠠᠨ ᠤ ᠬᠢ ᠠᠴᠠ 17.9% ᠪᠠᠷ ᠪᠠᠭᠤᠷᠠᠪᠠ᠃    
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠬᠤᠳᠠᠯᠳᠣᠭᠠᠨ ᠤ ᠶᠠᠪᠤᠳᠠᠯ ᠤᠨ ᠲᠢᠩᠬᠢᠮ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号