ᠵᠠᠰᠠᠭ ᠤᠨ ᠣᠷᠳᠣᠨ ᠤ ᠬᠡᠰᠡᠭ ᠲᠦᠷᠢᠮ ᠲᠣᠭᠲᠠᠭᠠᠯ ᠢ ᠬᠦᠴᠦᠨ ᠥᠬᠡᠶ ᠪᠣᠯᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ
ᠨᠡᠶᠢᠲᠡᠯᠡᠭᠰᠡᠨ ᠴᠠᠭ᠄
2021/12/16
          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ        

                            253 ᠳ᠋ᠤᠭᠠᠷ ᠲᠣᠭᠠᠲᠤ

       ︽ᠵᠠᠰᠠᠭ ᠤᠨ ᠣᠷᠳᠣᠨ ᠤ ᠬᠡᠰᠡᠭ ᠲᠦᠷᠢᠮ ᠲᠣᠭᠲᠠᠭᠠᠯ ᠢ ᠬᠦᠴᠦᠨ ᠥᠬᠡᠶ ᠪᠣᠯᠭᠠᠬᠤ ᠲᠤᠬᠠᠶ ᠥᠪᠥᠷ

ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ 2021

ᠣᠨ ᠤ 11 ᠳ᠋ᠦ᠋ᠭᠡᠷ ᠰᠠᠷ᠎ᠠ ᠶᠢᠨ 17 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ

ᠣᠷᠳᠣᠨ ᠤ 23 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ

ᠨᠡᠶᠢᠲᠡᠯᠡᠪᠡ᠂ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃

                                ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ

                                2021 ᠣᠨ ᠤ 11 ᠳ᠋ᠦ᠋ᠭᠡᠷ ᠰᠠᠷ᠎ᠠ ᠶᠢᠨ 25 ᠤ ᠡᠳᠦᠷ     

     

       ᠵᠠᠰᠠᠭ ᠤᠨ ᠣᠷᠳᠣᠨ ᠤ ᠬᠡᠰᠡᠭ ᠲᠦᠷᠢᠮ ᠲᠣᠭᠲᠠᠭᠠᠯ ᠢ ᠬᠦᠴᠦᠨ ᠥᠬᠡᠶ ᠪᠣᠯᠭᠠᠬᠤ ᠲᠤᠬᠠᠶ

       ᠥᠪᠥᠷ ‍ᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ

 

       ᠨᠡᠶᠢᠭᠡᠮ ᠵᠢᠷᠤᠮ ᠤᠨ ᠬᠠᠤᠯᠢ ᠲᠦᠷᠢᠮ ᠤᠨ ᠨᠢᠭᠡᠳᠦᠯᠲᠡᠶ ᠪᠠᠶᠢᠬᠤ ᠶᠢ ᠬᠠᠮᠠᠭᠠᠯᠠᠬᠤ ᠶᠢᠨ ᠲᠤᠰᠠᠳᠠ᠂

ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 2021 ᠣᠨ ᠤ 11 ᠳ᠋ᠦ᠋ᠭᠡᠷ ᠰᠠᠷ᠎ᠠ ᠶᠢᠨ

17 ᠤ ᠡᠳᠦᠷ ᠤᠨ 23 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠶᠠᠷᠢᠯᠴᠠᠨ ᠪᠠᠲᠤᠯᠠᠭᠠᠳ᠂ ᠳᠤᠤᠷᠠᠬᠢ

ᠵᠠᠰᠠᠭ ᠤᠨ ᠣᠷᠳᠣᠨ ᠤ ᠲᠦᠷᠢᠮ ᠲᠣᠭᠲᠠᠭᠠᠯ ᠢ ᠬᠦᠴᠦᠨ ᠥᠬᠡᠶ ᠪᠣᠯᠭᠠᠬᠤ ᠪᠠᠷ ᠲᠣᠭᠲᠠᠭᠠᠪᠠ᠄

       ᠨᠢᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠦᠬᠡᠳ ᠤᠨ ᠴᠡᠴᠡᠷᠯᠢᠭ ᠤᠨ

ᠬᠠᠮᠢᠶᠠᠷᠤᠯᠲᠠ ᠶᠢᠨ ᠲᠦᠷᠢᠮ ᠤᠨ ᠬᠡᠷᠡᠭᠵᠢᠭᠦᠯᠬᠦ ᠠᠷᠭ᠎ᠠ︾ ︵1990 ᠣᠨ ᠤ 11 ᠳ᠋ᠦ᠋ᠭᠡᠷ ᠰᠠᠷ᠎ᠠ ᠶᠢᠨ 10 ᠤ

ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 14

ᠳ᠋ᠦ᠋ᠭᠡᠷ ᠲᠣᠭᠠᠲᠤ ᠪᠠᠷ ᠨᠡᠶᠢᠲᠡᠯᠡᠵᠦ᠂ 2010 ᠣᠨ ᠤ 11 ᠳ᠋ᠦ᠋ᠭᠡᠷ ᠰᠠᠷ᠎ᠠ ᠶᠢᠨ 26 ᠤ ᠡᠳᠦᠷ ᠥᠪᠥᠷ

ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 175 ᠳ᠋ᠤᠭᠠᠷ

ᠲᠣᠭᠠᠲᠤ ᠪᠠᠷ ᠵᠠᠰᠠᠪᠤᠷᠢ ᠣᠷᠣᠭᠤᠯᠪᠠ︶︔

       ᠬᠤᠶᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠪᠤᠰᠤᠨ ᠤ ᠦᠢᠯᠡᠰ ᠤᠨ

ᠬᠠᠮᠢᠶᠠᠷᠤᠯᠲᠠ ᠶᠢᠨ ᠲᠦᠷᠢᠮ ᠢ ᠬᠡᠷᠡᠭᠵᠢᠭᠦᠯᠬᠦ ᠠᠷᠭ᠎ᠠ︾ ︵1990 ᠣᠨ ᠤ 12 ᠳ᠋ᠤᠭᠠᠷ ᠰᠠᠷ᠎ᠠ ᠶᠢᠨ 18 ᠤ

ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 21

ᠳ᠋ᠦ᠋ᠭᠡᠷ ᠲᠣᠭᠠᠲᠤ ᠪᠠᠷ ᠨᠡᠶᠢᠲᠡᠯᠡᠵᠦ᠂ 1998 ᠣᠨ ᠤ 8 ᠳ᠋ᠤᠭᠠᠷ ᠰᠠᠷ᠎ᠠ ᠶᠢᠨ 13 ᠤ ᠡᠳᠦᠷ ᠥᠪᠥᠷ ᠮᠣᠩᠭᠤᠯ ᠤᠨ

ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 87 ᠳ᠋ᠤᠭᠠᠷ ᠲᠣᠭᠠᠲᠤ ᠪᠠᠷ ᠵᠠᠰᠠᠪᠤᠷᠢ

ᠣᠷᠣᠭᠤᠯᠵᠤ᠂ 2010 ᠣᠨ ᠤ 11 ᠳ᠋ᠦ᠋ᠭᠡᠷ ᠰᠠᠷ᠎ᠠ ᠶᠢᠨ 26 ᠤ ᠡᠳᠦᠷ ᠥᠪᠥᠷ ᠮᠣᠩᠭᠤᠯ ᠤᠨ ᠥᠪᠡᠷᠲᠡᠭᠡᠨ

ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 175 ᠳ᠋ᠤᠭᠠᠷ ᠲᠣᠭᠠᠲᠤ ᠪᠠᠷ ᠵᠠᠰᠠᠪᠤᠷᠢ

ᠣᠷᠣᠭᠤᠯᠪᠠ︶︔

       ᠭᠤᠷᠪᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠤᠰᠤ ᠶᠢ ᠠᠷᠪᠢᠯᠠᠵᠤ

ᠬᠡᠷᠡᠭᠯᠡᠬᠦ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾ ︵1991 ᠣᠨ ᠤ 2 ᠳ᠋ᠤᠭᠠᠷ ᠰᠠᠷ᠎ᠠ ᠶᠢᠨ 23 ᠤ ᠡᠳᠦᠷ

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 23 ᠳ᠋ᠤᠭᠠᠷ

ᠲᠣᠭᠠᠲᠤ ᠪᠠᠷ ᠨᠡᠶᠢᠲᠡᠯᠡᠵᠦ᠂ 2010 ᠣᠨ ᠤ 11 ᠳ᠋ᠦ᠋ᠭᠡᠷ ᠰᠠᠷ᠎ᠠ ᠶᠢᠨ 26 ᠤ ᠡᠳᠦᠷ ᠥᠪᠥᠷ ᠮᠣᠩᠭᠤᠯ ᠤᠨ

ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 175 ᠳ᠋ᠤᠭᠠᠷ ᠲᠣᠭᠠᠲᠤ ᠪᠠᠷ

ᠵᠠᠰᠠᠪᠤᠷᠢ ᠣᠷᠣᠭᠤᠯᠪᠠ︶︔

       ᠳᠥᠷᠪᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠪᠡᠶ᠎ᠡ ᠶᠢᠨ

ᠲᠠᠮᠢᠷ ᠤᠨ ᠠᠵᠢᠯ ᠤᠨ ᠳᠦᠷᠢᠮ ᠤᠨ ᠬᠡᠷᠡᠭᠵᠢᠭᠦᠯᠬᠦ ᠠᠷᠭ᠎ᠠ︾ 1992 ᠣᠨ ᠤ 6 ᠳ᠋ᠤᠭᠠᠷ ᠰᠠᠷ᠎ᠠ ᠶᠢᠨ 11 ᠤ

ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 41

ᠳ᠋ᠦ᠋ᠭᠡᠷ ᠲᠣᠭᠠᠲᠤ ᠪᠠᠷ ᠨᠡᠶᠢᠲᠡᠯᠡᠵᠦ᠂ 2001 ᠣᠨ ᠤ 10 ᠳ᠋ᠤᠭᠠᠷ ᠰᠠᠷ᠎ᠠ ᠶᠢᠨ 11 ᠤ ᠡᠳᠦᠷ ᠥᠪᠥᠷ

ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 115 ᠳ᠋ᠤᠭᠠᠷ

ᠲᠣᠭᠠᠲᠤ ᠪᠠᠷ ᠵᠠᠰᠠᠪᠤᠷᠢ ᠣᠷᠣᠭᠤᠯᠪᠠ︶︔

       ᠲᠠᠪᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠢᠭᠤᠴᠠ ᠶᠢ

ᠬᠠᠮᠠᠭᠠᠯᠠᠬᠤ ᠬᠠᠤᠯᠢ ᠶᠢᠨ ᠬᠡᠷᠡᠭᠵᠢᠭᠦᠯᠬᠦ ᠨᠠᠷᠢᠨ ᠳᠥᠷᠢᠮ︾ ︵1994 ᠣᠨ ᠤ 1 ᠳ᠋ᠦ᠋ᠭᠡᠷ ᠰᠠᠷ᠎ᠠ ᠶᠢᠨ 3 ᠤ

ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 55

ᠳ᠋ᠤᠭᠠᠷ ᠲᠣᠭᠠᠲᠤ ᠪᠠᠷ ᠨᠡᠶᠢᠲᠡᠯᠡᠵᠦ᠂ 2010 ᠣᠨ ᠤ 11 ᠳ᠋ᠦ᠋ᠭᠡᠷ ᠰᠠᠷ᠎ᠠ ᠶᠢᠨ 26 ᠤ ᠡᠳᠦᠷ ᠥᠪᠥᠷ

ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 175 ᠳ᠋ᠤᠭᠠᠷ

ᠲᠣᠭᠠᠲᠤ ᠪᠠᠷ ᠵᠠᠰᠠᠪᠤᠷᠢ ᠣᠷᠣᠭᠤᠯᠪᠠ︶︔

       ᠵᠢᠷᠭᠤᠭ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ

ᠪᠠᠷᠢᠯᠭ᠎ᠠ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠭᠠᠯ︾ ︵1994 ᠣᠨ ᠤ 4 ᠳ᠋ᠦ᠋ᠭᠡᠷ

ᠰᠠᠷ᠎ᠠ ᠶᠢᠨ 7 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ

ᠣᠷᠳᠣᠨ ᠤ ᠵᠠᠷᠯᠢᠭ 57 ᠳ᠋ᠤᠭᠠᠷ ᠲᠣᠭᠠᠲᠤ ᠪᠠᠷ ᠨᠡᠶᠢᠲᠡᠯᠡᠵᠦ᠂ 1998 ᠣᠨ ᠤ 8 ᠳ᠋ᠤᠭᠠᠷ ᠰᠠᠷ᠎ᠠ ᠶᠢᠨ 13 ᠤ

ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 87

ᠳ᠋ᠤᠭᠠᠷ ᠲᠣᠭᠠᠲᠤ ᠪᠠᠷ ᠵᠠᠰᠠᠪᠤᠷᠢ ᠣᠷᠣᠭᠤᠯᠵᠤ᠂ 2010 ᠣᠨ ᠤ 11 ᠳ᠋ᠦ᠋ᠭᠡᠷ ᠰᠠᠷ᠎ᠠ ᠶᠢᠨ 26 ᠤ ᠡᠳᠦᠷ ᠥᠪᠥᠷ

ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 175 ᠳ᠋ᠤᠭᠠᠷ

ᠲᠣᠭᠠᠲᠤ ᠪᠠᠷ ᠵᠠᠰᠠᠪᠤᠷᠢ ᠣᠷᠣᠭᠤᠯᠪᠠ︶︔

       ᠳᠣᠯᠤᠭ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ ᠭᠠᠷᠤᠯᠲᠠ ᠶᠢᠨ

ᠡᠬᠢ ᠪᠠᠶᠠᠯᠢᠭ ᠤᠨ ᠨᠦᠬᠦᠪᠦᠷᠢᠯᠡᠬᠦ ᠰᠦᠢᠳᠬᠡᠯ ᠲᠠᠲᠠᠪᠤᠷᠢᠯᠠᠬᠤ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾ ︵

1994 ᠣᠨ ᠤ 6 ᠳ᠋ᠤᠭᠠᠷ ᠰᠠᠷ᠎ᠠ ᠶᠢᠨ 29 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠠᠷᠠᠳ ᠤᠨ ᠵᠠᠰᠠᠭ ᠤᠨ ᠣᠷᠳᠣᠨ ᠤ ᠵᠠᠷᠯᠢᠭ 59 ᠳ᠋ᠦ᠋ᠭᠡᠷ ᠲᠣᠭᠠᠲᠤ ᠪᠠᠷ ᠨᠡᠶᠢᠲᠡᠯᠡᠵᠦ᠂ 1998 ᠣᠨ ᠤ 8

ᠳ᠋ᠤᠭᠠᠷ ᠰᠠᠷ᠎ᠠ ᠶᠢᠨ 13 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ

ᠣᠷᠳᠣᠨ ᠤ ᠵᠠᠷᠯᠢᠭ 87 ᠳ᠋ᠤᠭᠠᠷ ᠲᠣᠭᠠᠲᠤ ᠪᠠᠷ ᠵᠠᠰᠠᠪᠤᠷᠢ ᠣᠷᠣᠭᠤᠯᠵᠤ᠂ 2010 ᠣᠨ ᠤ 11 ᠳ᠋ᠦ᠋ᠭᠡᠷ

ᠰᠠᠷ᠎ᠠ ᠶᠢᠨ 26 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ

ᠣᠷᠳᠣᠨ ᠤ ᠵᠠᠷᠯᠢᠭ 175 ᠳ᠋ᠤᠭᠠᠷ ᠲᠣᠭᠠᠲᠤ ᠪᠠᠷ ᠵᠠᠰᠠᠪᠤᠷᠢ ᠣᠷᠣᠭᠤᠯᠪᠠ︶︔

       ᠨᠠᠢᠮᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ ᠠᠮᠤᠷ ᠲᠦᠪᠰᠢᠨ ᠤ

ᠬᠠᠤᠯᠢ ᠲᠣᠭᠲᠠᠭᠠᠯ ᠠᠴᠠ ᠵᠥᠷᠢᠴᠡᠭᠰᠡᠨ ᠢ ᠵᠣᠭᠤᠰ ᠢᠶᠠᠷ ᠲᠣᠷᠭᠠᠬᠤ ᠠᠷᠭ᠎ᠠ︾ ︵1994 ᠣᠨ ᠤ 9 ᠳ᠋ᠦ᠋ᠭᠡᠷ

ᠰᠠᠷ᠎ᠠ ᠶᠢᠨ 19 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ

ᠣᠷᠳᠣᠨ ᠤ ᠵᠠᠷᠯᠢᠭ 60 ᠳ᠋ᠤᠭᠠᠷ ᠲᠣᠭᠠᠲᠤ ᠪᠠᠷ ᠨᠡᠶᠢᠲᠡᠯᠡᠵᠦ᠂ 2010 ᠣᠨ ᠤ 11 ᠳ᠋ᠦ᠋ᠭᠡᠷ ᠰᠠᠷ᠎ᠠ ᠶᠢᠨ 26 ᠤ

ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 175

ᠳ᠋ᠤᠭᠠᠷ ᠲᠣᠭᠠᠲᠤ ᠪᠠᠷ ᠵᠠᠰᠠᠪᠤᠷᠢ ᠣᠷᠣᠭᠤᠯᠪᠠ︶︔

       ᠶᠢᠰᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠬᠦᠨ ᠤ ᠪᠠᠷᠢᠮᠵᠢᠶ᠎ᠠ ᠶᠢᠨ

ᠬᠠᠮᠢᠶᠠᠷᠤᠯᠲᠠ ᠶᠢᠨ ᠠᠷᠭ᠎ᠠ︾ ︵1996 ᠣᠨ ᠤ 5 ᠳ᠋ᠤᠭᠠᠷ ᠰᠠᠷ᠎ᠠ ᠶᠢᠨ 8 ᠤ ᠡᠳᠦᠷ ᠥᠪᠥᠷ ᠮᠣᠩᠭᠤᠯ ᠤᠨ

ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 69 ᠳ᠋ᠦ᠋ᠭᠡᠷ ᠲᠣᠭᠠᠲᠤ ᠪᠠᠷ

ᠨᠡᠶᠢᠲᠡᠯᠡᠵᠦ᠂ 1998 ᠣᠨ ᠤ 12 ᠳ᠋ᠤᠭᠠᠷ ᠰᠠᠷ᠎ᠠ ᠶᠢᠨ 28 ᠤ ᠡᠳᠦᠷ ᠥᠪᠥᠷ ᠮᠣᠩᠭᠤᠯ ᠤᠨ ᠥᠪᠡᠷᠲᠡᠭᠡᠨ

ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 95 ᠳ᠋ᠤᠭᠠᠷ ᠲᠣᠭᠠᠲᠤ ᠪᠠᠷ ᠵᠠᠰᠠᠪᠤᠷᠢ ᠣᠷᠣᠭᠤᠯᠵᠤ

᠂ 2010 ᠣᠨ ᠤ 11 ᠳ᠋ᠦ᠋ᠭᠡᠷ ᠰᠠᠷ᠎ᠠ ᠶᠢᠨ 26 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠠᠷᠠᠳ ᠤᠨ ᠵᠠᠰᠠᠭ ᠤᠨ ᠣᠷᠳᠣᠨ ᠤ ᠵᠠᠷᠯᠢᠭ 175 ᠳ᠋ᠤᠭᠠᠷ ᠲᠣᠭᠠᠲᠤ ᠪᠠᠷ ᠵᠠᠰᠠᠪᠤᠷᠢ ᠣᠷᠣᠭᠤᠯᠪᠠ︶︔

       ᠠᠷᠪᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠨᠳᠦ ᠶᠡᠭᠡ᠂ ᠣᠨᠴᠠ ᠶᠡᠭᠡ

ᠭᠠᠯ ᠤᠨ ᠠᠶᠤᠯ ᠤᠨ ᠠᠳᠡᠯ ᠤᠨ ᠬᠠᠷᠢᠭᠤᠴᠠᠯᠭ᠎ᠠ ᠶᠢ ᠪᠠᠶᠢᠴᠠᠭᠠᠨ ᠰᠢᠢᠳᠪᠦᠷᠢᠯᠡᠬᠦ ᠲᠣᠭᠲᠠᠭᠠᠯ︾ ︵1998

ᠣᠨ ᠤ 7 ᠳ᠋ᠤᠭᠠᠷ ᠰᠠᠷ᠎ᠠ ᠶᠢᠨ 20 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ

ᠵᠠᠰᠠᠭ ᠤᠨ ᠣᠷᠳᠣᠨ ᠤ ᠵᠠᠷᠯᠢᠭ 85 ᠳ᠋ᠤᠭᠠᠷ ᠲᠣᠭᠠᠲᠤ ᠪᠠᠷ ᠨᠡᠶᠢᠲᠡᠯᠡᠪᠡ︶︔

       ᠠᠷᠪᠠᠨ ᠨᠢᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ

ᠰᠢᠢᠳᠬᠡᠯ ᠲᠣᠷᠭᠠᠭᠤᠯᠢ ᠶᠢᠨ ᠭᠡᠷᠡᠴᠢᠯᠡᠭᠡ ᠰᠣᠨᠣᠰᠬᠤ ᠲᠠᠰ ᠳᠠᠷᠠᠭᠠᠯᠠᠯ ᠤᠨ ᠲᠣᠭᠲᠠᠭᠠᠯ︾ ︵1998 ᠣᠨ ᠤ 10

ᠳ᠋ᠤᠭᠠᠷ ᠰᠠᠷ᠎ᠠ ᠶᠢᠨ 29 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ

ᠣᠷᠳᠣᠨ ᠤ ᠵᠠᠷᠯᠢᠭ 90 ᠳ᠋ᠦ᠋ᠭᠡᠷ ᠲᠣᠭᠠᠲᠤ ᠪᠠᠷ ᠨᠡᠶᠢᠲᠡᠯᠡᠵᠦ᠂ 2010 ᠣᠨ ᠤ 11 ᠳ᠋ᠦ᠋ᠭᠡᠷ ᠰᠠᠷ᠎ᠠ ᠶᠢᠨ 26 ᠤ

ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 175

ᠳ᠋ᠤᠭᠠᠷ ᠲᠣᠭᠠᠲᠤ ᠪᠠᠷ ᠵᠠᠰᠠᠪᠤᠷᠢ ᠣᠷᠣᠭᠤᠯᠪᠠ︶︔

       ᠠᠷᠪᠠᠨ ᠬᠤᠶᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠶ ᠠᠰᠢᠭ ᠢᠶᠠᠷ

ᠬᠠᠭᠤᠷᠮᠠᠭᠯᠠᠭᠰᠠᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠠᠷᠭ᠎ᠠ︾ ︵1998 ᠣᠨ ᠤ 10 ᠳ᠋ᠤᠭᠠᠷ

ᠰᠠᠷ᠎ᠠ ᠶᠢᠨ 29 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ

ᠣᠷᠳᠣᠨ ᠤ ᠵᠠᠷᠯᠢᠭ 89 ᠳ᠋ᠦ᠋ᠭᠡᠷ ᠲᠣᠭᠠᠲᠤ ᠪᠠᠷ ᠨᠡᠶᠢᠲᠡᠯᠡᠵᠦ᠂ 2010 ᠣᠨ ᠤ 11 ᠳ᠋ᠦ᠋ᠭᠡᠷ ᠰᠠᠷ᠎ᠠ ᠶᠢᠨ 26 ᠤ

ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 175

ᠳ᠋ᠤᠭᠠᠷ ᠲᠣᠭᠠᠲᠤ ᠪᠠᠷ ᠵᠠᠰᠠᠪᠤᠷᠢ ᠣᠷᠣᠭᠤᠯᠪᠠ︶︔

       ᠠᠷᠪᠠᠨ ᠭᠤᠷᠪᠠ᠂ ︽ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠲᠤᠬᠠᠶ

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ︵

1999 ᠣᠨ ᠤ 12 ᠳ᠋ᠤᠭᠠᠷ ᠰᠠᠷ᠎ᠠ ᠶᠢᠨ 9 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠠᠷᠠᠳ ᠤᠨ ᠵᠠᠰᠠᠭ ᠤᠨ ᠣᠷᠳᠣᠨ ᠤ ᠵᠠᠷᠯᠢᠭ 100 ᠳ᠋ᠤᠭᠠᠷ ᠲᠣᠭᠠᠲᠤ ᠪᠠᠷ ᠨᠡᠶᠢᠲᠡᠯᠡᠪᠡ︶︔

       ᠠᠷᠪᠠᠨ ᠳᠥᠷᠪᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠤᠭᠯᠠᠬᠤ ᠠᠴᠠ

ᠡᠮᠦᠨᠡᠬᠢ ᠠᠨᠠᠭᠠᠬᠤ ᠤᠬᠠᠭᠠᠨ ᠤ ᠰᠢᠯᠭᠠᠨ ᠪᠠᠶᠢᠴᠠᠭᠠᠯᠲᠠ ᠶᠢᠨ ᠬᠠᠮᠢᠶᠠᠷᠤᠯᠲᠠ ᠶᠢᠨ ᠠᠷᠭ᠎ᠠ︾ ︵2000 ᠣᠨ ᠤ

2 ᠳ᠋ᠤᠭᠠᠷ ᠰᠠᠷ᠎ᠠ ᠶᠢᠨ 24 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ

ᠵᠠᠰᠠᠭ ᠤᠨ ᠣᠷᠳᠣᠨ ᠤ ᠵᠠᠷᠯᠢᠭ 103 ᠳ᠋ᠤᠭᠠᠷ ᠲᠣᠭᠠᠲᠤ ᠪᠠᠷ ᠨᠡᠶᠢᠲᠡᠯᠡᠪᠡ︶︔

       ᠠᠷᠪᠠᠨ ᠲᠠᠪᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠭᠤᠴᠢᠯᠠᠭᠴᠢ ᠶᠢᠨ

ᠬᠠᠮᠢᠶᠠᠷᠤᠯᠲᠠ ᠶᠢᠨ ᠠᠷᠭ᠎ᠠ︾ ︵2003 ᠣᠨ ᠤ 1 ᠳ᠋ᠦ᠋ᠭᠡᠷ ᠰᠠᠷ᠎ᠠ ᠶᠢᠨ 24 ᠤ ᠡᠳᠦᠷ ᠥᠪᠥᠷ ᠮᠣᠩᠭᠤᠯ ᠤᠨ

ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 125 ᠳ᠋ᠤᠭᠠᠷ ᠲᠣᠭᠠᠲᠤ ᠪᠠᠷ

ᠨᠡᠶᠢᠲᠡᠯᠡᠪᠡ︶︔

       ᠠᠷᠪᠠᠨ ᠵᠢᠷᠭᠤᠭ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠢ

ᠬᠠᠷᠢᠴᠠᠯ ᠲᠠᠢ ᠲᠣᠬᠢᠷᠠᠭᠤᠯᠤᠨ ᠠᠵᠢᠯ ᠣᠯᠭᠤᠬᠤ ᠠᠷᠭ᠎ᠠ︾ ︵2005 ᠣᠨ ᠤ 12 ᠳ᠋ᠤᠭᠠᠷ ᠰᠠᠷ᠎ᠠ ᠶᠢᠨ 27 ᠤ

ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 140

ᠳ᠋ᠦ᠋ᠭᠡᠷ ᠲᠣᠭᠠᠲᠤ ᠪᠠᠷ ᠨᠡᠶᠢᠲᠡᠯᠡᠪᠡ︶︔

       ᠠᠷᠪᠠᠨ ᠳᠣᠯᠤᠭ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠢ

ᠡᠵᠡᠯᠡᠨ ᠬᠡᠷᠡᠭᠯᠡᠭᠰᠡᠨ ᠭᠠᠶᠢᠯᠢ ᠶᠢᠨ ᠬᠡᠷᠡᠭᠵᠢᠭᠦᠯᠬᠦ ᠠᠷᠭ᠎ᠠ︾ ︵2008 ᠣᠨ ᠤ 5 ᠳ᠋ᠤᠭᠠᠷ ᠰᠠᠷ᠎ᠠ ᠶᠢᠨ 30 ᠤ

ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 158

ᠳ᠋ᠤᠭᠠᠷ ᠲᠣᠭᠠᠲᠤ ᠪᠠᠷ ᠨᠡᠶᠢᠲᠡᠯᠡᠵᠦ᠂ 2014 ᠣᠨ ᠤ 11 ᠳ᠋ᠦ᠋ᠭᠡᠷ ᠰᠠᠷ᠎ᠠ ᠶᠢᠨ 18 ᠤ ᠡᠳᠦᠷ ᠥᠪᠥᠷ

ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 204 ᠳ᠋ᠦ᠋ᠭᠡᠷ

ᠲᠣᠭᠠᠲᠤ ᠪᠠᠷ ᠵᠠᠰᠠᠪᠤᠷᠢ ᠣᠷᠣᠭᠤᠯᠪᠠ︶︔

       ᠠᠷᠪᠠᠨ ᠨᠠᠢᠮᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠠᠷᠠᠳ ᠤᠨ

ᠵᠠᠰᠠᠭ ᠤᠨ ᠣᠷᠳᠣᠨ ᠤ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠤᠨ

ᠲᠣᠭᠲᠠᠭᠠᠯ︾ ︵2008 ᠣᠨ ᠤ 12 ᠳ᠋ᠤᠭᠠᠷ ᠰᠠᠷ᠎ᠠ ᠶᠢᠨ 22 ᠤᠨ ᠡᠳᠦᠷ ᠥᠪᠥᠷ ᠮᠣᠩᠭᠤᠯ ᠤᠨ ᠥᠪᠡᠷᠲᠡᠭᠡᠨ

ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 161 ᠳ᠋ᠦ᠋ᠭᠡᠷ ᠲᠣᠭᠠᠲᠤ ᠪᠠᠷ ᠨᠡᠶᠢᠲᠡᠯᠡᠪᠡ︶︔

       ᠠᠷᠪᠠ ᠶᠢᠰᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ

ᠢᠳᠡᠭᠡᠨ ᠤᠮᠳᠠᠭᠠᠨ ᠵᠤᠭ᠎ᠠ ᠴᠡᠩᠭᠡᠯ ᠤᠨ ᠦᠢᠯᠡᠴᠢᠯᠡᠭᠡᠨ ᠤ ᠦᠢᠯᠡᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ

ᠬᠠᠮᠢᠶᠠᠷᠤᠯᠲᠠ ᠶᠢᠨ ᠠᠷᠭ᠎ᠠ︾ ︵2009 ᠣᠨ ᠤ 1 ᠳ᠋ᠦ᠋ᠭᠡᠷ ᠰᠠᠷ᠎ᠠ ᠶᠢᠨ 13 ᠤ ᠡᠳᠦᠷ ᠥᠪᠥᠷ ᠮᠣᠩᠭᠤᠯ ᠤᠨ

ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 164 ᠳ᠋ᠦ᠋ᠭᠡᠷ ᠲᠣᠭᠠᠲᠤ ᠪᠠᠷ

ᠨᠡᠶᠢᠲᠡᠯᠡᠵᠦ᠂ 2016 ᠣᠨ ᠤ 5 ᠳ᠋ᠤᠭᠠᠷ ᠰᠠᠷ᠎ᠠ ᠶᠢᠨ 10 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ

ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 219 ᠳ᠋ᠦ᠋ᠭᠡᠷ ᠲᠣᠭᠠᠲᠤ ᠪᠠᠷ ᠵᠠᠰᠠᠪᠤᠷᠢ ᠣᠷᠣᠭᠤᠯᠵᠤ᠂

2018 ᠣᠨ ᠤ 1 ᠳ᠋ᠦ᠋ᠭᠡᠷ ᠰᠠᠷ᠎ᠠ ᠶᠢᠨ 16 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠠᠷᠠᠳ ᠤᠨ ᠵᠠᠰᠠᠭ ᠤᠨ ᠣᠷᠳᠣᠨ ᠤ ᠵᠠᠷᠯᠢᠭ 230 ᠳ᠋ᠤᠭᠠᠷ ᠲᠣᠭᠠᠲᠤ ᠪᠠᠷ ᠵᠠᠰᠠᠪᠤᠷᠢ ᠣᠷᠣᠭᠤᠯᠪᠠ︶︔

       ᠬᠤᠷᠢ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ᠤ ᠭᠦᠢᠯᠭᠡᠭᠡᠨ ᠤ

ᠬᠠᠮᠢᠶᠠᠷᠤᠯᠲᠠ ᠶᠢᠨ ᠠᠷᠭ᠎ᠠ︾ ︵2009 ᠣᠨ ᠤ 2 ᠳ᠋ᠤᠭᠠᠷ ᠰᠠᠷ᠎ᠠ ᠶᠢᠨ 10 ᠤ ᠡᠳᠦᠷ ᠥᠪᠥᠷ ᠮᠣᠩᠭᠤᠯ ᠤᠨ

ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 165 ᠳ᠋ᠤᠭᠠᠷ ᠲᠣᠭᠠᠲᠤ ᠪᠠᠷ

ᠨᠡᠶᠢᠲᠡᠯᠡᠵᠦ᠂ 2018 ᠣᠨ ᠤ 1 ᠳ᠋ᠦ᠋ᠭᠡᠷ ᠰᠠᠷ᠎ᠠ ᠶᠢᠨ 16 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ

ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 230 ᠳ᠋ᠤᠭᠠᠷ ᠲᠣᠭᠠᠲᠤ ᠪᠠᠷ ᠵᠠᠰᠠᠪᠤᠷᠢ ᠣᠷᠣᠭᠤᠯᠪᠠ︶︔

       ᠬᠤᠷᠢᠨ ᠨᠢᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠡ ᠵᠠᠩᠭᠢᠴᠢᠯᠠᠯᠲᠠ ᠶᠢ

ᠠᠬᠢᠭᠤᠯᠬᠤ ᠠᠷᠭ᠎ᠠ︾ ︵2010 ᠣᠨ ᠤ 1 ᠳ᠋ᠦ᠋ᠭᠡᠷ ᠰᠠᠷ᠎ᠠ ᠶᠢᠨ 27 ᠤ ᠡᠳᠦᠷ ᠥᠪᠥᠷ ᠮᠣᠩᠭᠤᠯ ᠤᠨ

ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 169 ᠳ᠋ᠦ᠋ᠭᠡᠷ ᠲᠣᠭᠠᠲᠤ ᠪᠠᠷ

ᠨᠡᠶᠢᠲᠡᠯᠡᠪᠡ︶︔

       ᠬᠤᠷᠢᠨ ᠬᠤᠶᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠣᠬᠢᠶᠠᠯ ᠪᠦᠲᠦᠭᠡᠯ ᠤᠨ

ᠡᠷᠬᠡ ᠶᠢᠨ ᠬᠠᠮᠢᠶᠠᠷᠤᠯᠲᠠ ᠶᠢᠨ ᠠᠷᠭ᠎ᠠ︾ ︵2010 ᠣᠨ ᠤ 5 ᠳ᠋ᠤᠭᠠᠷ ᠰᠠᠷ᠎ᠠ ᠶᠢᠨ 25 ᠤ ᠡᠳᠦᠷ ᠥᠪᠥᠷ

ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 171 ᠳ᠋ᠦ᠋ᠭᠡᠷ

ᠲᠣᠭᠠᠲᠤ ᠪᠠᠷ ᠨᠡᠶᠢᠲᠡᠯᠡᠪᠡ︶︔

       ᠬᠤᠷᠢᠨ ᠭᠤᠷᠪᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ

ᠣᠷᠣᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠴᠢᠯᠡᠭᠡ ᠶᠢᠨ ᠬᠠᠮᠢᠶᠠᠷᠤᠯᠲᠠ ᠶᠢᠨ ᠠᠷᠭ᠎ᠠ︾ ︵2013 ᠣᠨ ᠤ 2

ᠳ᠋ᠤᠭᠠᠷ ᠰᠠᠷ᠎ᠠ ᠶᠢᠨ 20 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ

ᠣᠷᠳᠣᠨ ᠤ ᠵᠠᠷᠯᠢᠭ 194 ᠳ᠋ᠦ᠋ᠭᠡᠷ ᠲᠣᠭᠠᠲᠤ ᠪᠠᠷ ᠨᠡᠶᠢᠲᠡᠯᠡᠪᠡ︶︔

       ᠬᠤᠷᠢᠨ ᠳᠥᠷᠪᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ

ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠷᠭ᠎ᠠ︾ ︵2018 ᠣᠨ ᠤ 6 ᠳ᠋ᠤᠭᠠᠷ ᠰᠠᠷ᠎ᠠ ᠶᠢᠨ

13 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ

234 ᠳ᠋ᠦ᠋ᠭᠡᠷ ᠲᠣᠭᠠᠲᠤ ᠪᠠᠷ ᠨᠡᠶᠢᠲᠡᠯᠡᠪᠡ︶᠃

       ᠲᠤᠰ ᠲᠣᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃

       ᠬᠤᠪᠢᠳᠠᠨ ᠬᠦᠷᠭᠡᠬᠦ ᠨᠢ᠄   ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ

ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠵᠠᠰᠠᠭ ᠤᠨ ᠣᠷᠳᠣᠨ ᠤ ᠨᠠᠷᠢᠨ ᠪᠢᠴᠢᠭ ᠤᠨ

ᠳᠠᠷᠤᠭ᠎ᠠ᠂ ᠳᠡᠳ᠋ ᠨᠠᠷᠢᠨ ᠪᠢᠴᠢᠭ ᠤᠨ ᠳᠠᠷᠤᠭ᠎ᠠ᠂ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠡᠷᠬᠢᠯᠡᠭᠴᠢ᠂

ᠳᠡᠳ᠋ ᠡᠷᠬᠢᠯᠡᠭᠴᠢ᠃

       ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠡᠯ᠎ᠡ ᠬᠤᠰᠢᠭᠤ

ᠰᠢᠶᠠᠨ ᠤ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠤᠷᠤᠨ ᠤ ᠡᠯ᠎ᠡ ᠵᠥᠪᠯᠡᠯ᠂ ᠠᠯᠪᠠᠨ ᠭᠡᠷ᠂

ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ᠃

       ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠦᠴᠢᠷ᠂ ᠥᠪᠥᠷ ᠮᠣᠩᠭᠤᠯ

ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ᠃

       ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ

ᠲᠥᠷᠥ ᠶᠢᠨ ᠵᠦᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠦᠪᠯᠡᠯ᠂

ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃

       ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃

— — — — — — — — — — — — — — — — —

                   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

                   ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ

                      2021 ᠣᠨ ᠤ 11 ᠳ᠋ᠦ᠋ᠭᠡᠷ ᠰᠠᠷ᠎ᠠ ᠶᠢᠨ 29 ᠤ ᠡᠳᠦᠷ ᠳᠠᠷᠤᠮᠠᠯᠯᠠᠨ ᠲᠠᠷᠬᠠᠭᠠᠪᠠ

 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号