ᠥᠪᠥᠷ ᠬᠤᠳᠠᠯᠳᠤᠭ᠎ᠠ ᠲᠡᠭᠡᠭᠡᠪᠦᠷᠢ ᠦᠰᠦᠭ ﹇2021﹈ 133 ᠳ᠋ᠤᠭᠠᠷ ᠲᠣᠭᠠᠲᠤ | | | ᠡᠯ᠎ᠡ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠄ | ︽ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ ᠬᠤᠷᠢᠶᠠᠨ ᠠᠪᠬᠤ ᠬᠠᠮᠢᠶᠠᠷᠤᠯᠲᠠ ᠶᠢᠨ ᠠᠷᠭ᠎ᠠ | ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 715 ᠳ᠋ᠤᠭᠠᠷ ᠲᠣᠭᠠᠲᠤ︶ ︵ᠳᠣᠷᠣᠭᠰᠢ ︽ | ᠬᠠᠮᠢᠶᠠᠷᠤᠯᠲᠠ ᠶᠢᠨ ᠠᠷᠭ᠎ᠠ︾ ᠭᠡᠵᠦ ᠲᠣᠪᠴᠢᠯᠠᠨ᠎ᠠ︶᠂ ︽ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ | ᠬᠤᠷᠢᠶᠠᠨ ᠠᠪᠬᠤ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠬᠦ ᠨᠠᠷᠢᠨ ᠳᠦᠷᠢᠮ︾ ︵ᠬᠤᠳᠠᠯᠳᠤᠭᠠᠨ ᠤ | ᠶᠠᠪᠤᠳᠠᠯ ᠤᠨ ᠶᠠᠮᠤᠨ ᠤ ᠵᠠᠷᠯᠢᠭ 2020 ᠣᠨ ᠤ 2 ᠳ᠋ᠤᠭᠠᠷ ᠲᠣᠭᠠᠲᠤ︶ ︵ᠳᠣᠷᠣᠭᠰᠢ ︽ᠬᠡᠷᠡᠭᠵᠢᠭᠦᠯᠬᠦ ᠨᠠᠷᠢᠨ | ᠳᠦᠷᠢᠮ︾ ᠭᠡᠵᠦ ᠲᠣᠪᠴᠢᠯᠠᠨ᠎ᠠ︶ ᠵᠢᠴᠢ ︽ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ ᠬᠤᠷᠢᠶᠠᠨ | ᠠᠪᠴᠦ ᠵᠠᠳᠠᠯᠤᠨ ᠰᠠᠯᠭᠠᠬᠤ ᠠᠵᠢᠯ ᠲᠥᠷᠥᠯ ᠤᠨ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠠᠵᠢᠯ ᠢ ᠰᠠᠶᠢᠲᠤᠷ | ᠬᠢᠬᠦ ᠲᠤᠬᠠᠶ ᠬᠤᠳᠠᠯᠳᠤᠭᠠᠨ ᠤ ᠶᠠᠪᠤᠳᠠᠯ ᠤᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠬᠤᠳᠠᠯᠳᠤᠭᠠᠨ ᠤ | ᠠᠯᠪᠠᠨ ᠬᠡᠷ ᠤᠨ ᠬᠡᠷᠡᠭᠯᠡᠭᠡᠨ ᠤ ᠵᠠᠬᠢᠳᠠᠯ〔2020〕289 ᠳ᠋ᠦᠭᠡᠷ ᠲᠣᠭᠠᠲᠤ︶ ᠢ ᠲᠤᠭᠤᠰᠢᠭᠤᠯᠤᠨ | ᠨᠠᠶᠢᠳᠠᠪᠤᠷᠢᠵᠢᠭᠤᠯᠵᠦ᠂ ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ ᠬᠤᠷᠢᠶᠠᠨ ᠠᠪᠴᠦ ᠵᠠᠳᠠᠯᠤᠨ | ᠰᠠᠯᠭᠠᠬᠤ ᠠᠵᠤ ᠠᠬᠤᠶᠢᠯᠠᠯ ︵ᠳᠣᠷᠣᠭᠰᠢ ᠬᠤᠷᠢᠶᠠᠨ ᠠᠪᠴᠦ ᠵᠠᠳᠠᠯᠤᠨ ᠰᠠᠯᠭᠠᠬᠤ ᠠᠵᠤ ᠠᠬᠤᠶᠢᠯᠠᠯ ᠭᠡᠵᠦ | ᠲᠣᠪᠴᠢᠯᠠᠨ᠎ᠠ︶ ᠤᠨ ᠬᠢᠷᠢ ᠬᠡᠮ ᠢ ᠨᠤᠲᠠᠯᠠᠨ ᠲᠤᠭᠲᠠᠭᠠᠬᠤ ᠠᠵᠢᠯ ᠢ ᠡᠮᠬᠢ ᠵᠢᠷᠤᠮ ᠲᠠᠢ ᠥᠷᠨᠢᠭᠦᠯᠬᠦ ᠶᠢ ᠪᠠᠲᠤᠯᠠᠵᠤ | ᠂ ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ ᠬᠤᠷᠢᠶᠠᠨ ᠠᠪᠴᠦ ᠵᠠᠳᠠᠯᠤᠨ ᠰᠠᠯᠭᠠᠬᠤ ᠠᠵᠢᠯ | ᠲᠥᠷᠥᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠦᠯᠦᠭᠡ᠂ ᠡᠳᠦᠭᠡ ᠬᠤᠯᠪᠣᠭᠳᠠᠯ | ᠪᠥᠬᠦᠶ ᠠᠵᠢᠯ ᠢ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠬᠢᠷᠢ ᠬᠡᠮ ᠢ ᠨᠤᠲᠠᠯᠠᠨ ᠲᠤᠭᠲᠠᠭᠠᠬᠤ ᠠᠵᠢᠯ ᠶᠢ ᠬᠠᠤᠯᠢ ᠶᠣᠰᠣᠭᠠᠷ ᠥᠷᠨᠢᠭᠦᠯᠬᠦ ᠬᠡᠷᠡᠭᠲᠡᠶ | ᠤᠯᠤᠰ ᠠᠴᠠ ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ ᠬᠤᠷᠢᠶᠠᠨ ᠠᠪᠴᠦ ᠵᠠᠳᠠᠯᠤᠨ | ᠰᠠᠯᠭᠠᠬᠤ ᠠᠵᠤ ᠠᠬᠤᠶᠢᠯᠠᠯ ︵ᠳᠣᠷᠣᠭᠰᠢ ᠬᠤᠷᠢᠶᠠᠨ ᠠᠪᠴᠦ ᠵᠠᠳᠠᠯᠤᠨ ᠰᠠᠯᠭᠠᠬᠤ ᠠᠵᠤ ᠠᠬᠤᠶᠢᠯᠠᠯ ᠭᠡᠵᠦ | ᠲᠣᠪᠴᠢᠯᠠᠨ᠎ᠠ︶ ᠳᠤ ᠬᠢᠷᠢ ᠬᠡᠮ ᠢ ᠨᠤᠲᠠᠯᠠᠨ ᠲᠤᠭᠲᠠᠭᠠᠬᠤ ᠲᠦᠷᠢᠮ ᠢ ᠬᠡᠷᠡᠭᠵᠢᠭᠦᠯᠵᠦ᠂ ᠡᠯ᠎ᠡ ᠱᠠᠲᠤᠨ ᠤ | ᠬᠤᠳᠠᠯᠳᠤᠭᠠᠨ ᠤ ᠶᠠᠪᠤᠳᠠᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠬᠤᠷᠢᠶᠠᠨ ᠠᠪᠴᠦ ᠵᠠᠳᠠᠯᠤᠨ | ᠰᠠᠯᠭᠠᠬᠤ ᠠᠵᠤ ᠠᠬᠤᠶᠢᠯᠠᠯ ᠤᠨ ᠬᠢᠷᠢ ᠬᠡᠮ ᠢ ᠨᠢ ᠨᠤᠲᠠᠯᠠᠨ ᠲᠤᠭᠲᠠᠭᠠᠬᠤ ᠪᠠ ᠬᠢᠨᠠᠯᠲᠠ ᠲᠠᠯᠪᠢᠵᠤ ᠬᠠᠮᠢᠶᠠᠷᠬᠤ | ᠠᠵᠢᠯ ᠢ ᠬᠠᠤᠯᠢ ᠶᠣᠰᠣᠭᠠᠷ ᠰᠠᠶᠢᠲᠤᠷ ᠬᠢᠬᠦ ᠬᠡᠷᠡᠭᠲᠡᠶ᠃ | 1. ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠪᠥᠬᠦ ᠣᠷᠣᠨ ᠤ | ᠬᠤᠷᠢᠶᠠᠨ ᠠᠪᠴᠦ ᠵᠠᠳᠠᠯᠤᠨ ᠰᠠᠯᠭᠠᠬᠤ ᠠᠵᠤ ᠠᠬᠤᠶᠢᠯᠠᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | 2. ᠬᠤᠷᠢᠶᠠᠨ ᠠᠪᠴᠦ ᠵᠠᠳᠠᠯᠤᠨ ᠰᠠᠯᠭᠠᠬᠤ ᠠᠵᠤ ᠠᠬᠤᠶᠢᠯᠠᠯ ᠤᠨ ᠬᠢᠷᠢ ᠬᠡᠮ ᠢ ᠨᠤᠲᠠᠯᠠᠨ ᠲᠤᠭᠲᠠᠭᠠᠬᠤ | ᠠᠵᠢᠯ ᠢ ᠬᠠᠷᠢᠭᠤᠴᠠᠵᠦ᠂ ᠨᠤᠲᠠᠯᠠᠨ ᠲᠤᠭᠲᠠᠭᠠᠯᠲᠠ ᠪᠠᠷ ᠬᠢᠷᠢ ᠲᠡᠩᠴᠡᠭᠰᠡᠨ ᠬᠤᠷᠢᠶᠠᠨ ᠠᠪᠴᠦ ᠵᠠᠳᠠᠯᠤᠨ ᠰᠠᠯᠭᠠᠬᠤ | ᠠᠵᠤ ᠠᠬᠤᠶᠢᠯᠠᠯ ᠳᠤ ︽ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ ᠬᠤᠷᠢᠶᠠᠨ ᠠᠪᠴᠦ ᠵᠠᠳᠠᠯᠤᠨ | ᠰᠠᠯᠭᠠᠬᠤ ᠠᠵᠤ ᠠᠬᠤᠶᠢᠯᠠᠯ ᠤᠨ ᠬᠢᠷᠢ ᠬᠡᠮ ᠶᠢ ᠨᠤᠲᠠᠯᠠᠨ ᠲᠤᠭᠲᠠᠭᠠᠭᠰᠠᠨ ᠦᠨᠡᠮᠯᠡᠯ︾ ︵ᠳᠣᠷᠣᠭᠰᠢ ︽ᠬᠢᠷᠢ | ᠬᠡᠮ ᠶᠢ ᠨᠤᠲᠠᠯᠠᠨ ᠲᠤᠭᠲᠠᠭᠠᠭᠰᠠᠨ ᠦᠨᠡᠮᠯᠡᠯ︾ ᠭᠡᠵᠦ ᠲᠣᠪᠴᠢᠯᠠᠨ᠎ᠠ︶ ᠣᠯᠭᠤᠨ᠎ᠠ᠃ ᠬᠡᠷᠡᠭᠴᠡᠭᠡᠨ ᠠᠴᠠ ᠪᠠᠨ | ᠭᠠᠷᠤᠭᠰᠠᠨ ᠮᠠᠰᠢᠨ ᠲᠡᠷᠭᠡ ᠶᠢ ᠵᠠᠳᠠᠯᠤᠨ ᠰᠠᠯᠭᠠᠬᠤ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ᠂ | ᠡᠳ᠋ ᠤᠨ ᠶᠠᠪᠤᠳᠠᠯ ᠵᠡᠷᠭᠡ ᠬᠠᠮᠢᠶ᠎ᠠ ᠪᠥᠬᠦᠶ ᠬᠦᠷᠢᠶ᠎ᠡ ᠴᠠᠷᠠᠭ᠎ᠠ ᠶᠢᠨ ᠲᠤᠰᠬᠠᠶ ᠮᠡᠷᠭᠡᠵᠢᠯᠲᠠᠨ ᠢᠶᠠᠷ ᠪᠦᠷᠢᠯᠳᠦᠭᠰᠡᠨ | ᠲᠤᠰᠬᠠᠶ ᠮᠡᠷᠭᠡᠵᠢᠯᠲᠡᠨ ᠤ ᠬᠥᠮᠥᠷᠭᠡ ᠶᠢ ᠵᠣᠬᠢᠶᠠᠨ ᠪᠠᠶᠢᠭᠤᠯᠬᠤ ᠶᠢᠨ ᠬᠠᠮᠲᠤ ᠬᠥᠳᠡᠯᠦᠩᠭᠦᠶ ᠲᠣᠬᠢᠷᠠᠭᠤᠯᠤᠯᠲᠠ ᠬᠢᠬᠦ | ᠵᠡᠷᠭᠡ ᠠᠵᠢᠯ ᠢ ᠬᠡᠷᠡᠭᠵᠢᠭᠦᠯᠦᠨ᠎ᠡ᠃ | ︵ᠬᠤᠶᠠᠷ︶ ᠠᠶᠢᠮᠠᠭ ᠬᠤᠳᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠲᠤᠰ ᠵᠠᠰᠠᠭ ᠵᠠᠬᠢᠷᠭᠠᠨ | ᠤ ᠣᠷᠣᠨ ᠤ ᠪᠠᠨ ᠳᠣᠲᠣᠷᠠᠬᠢ ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ ᠬᠤᠷᠢᠶᠠᠨᠠᠪᠴᠦ ᠵᠠᠳᠠᠯᠤᠨ | ᠰᠠᠯᠭᠠᠬᠤ ᠠᠵᠢᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ | ᠶᠢ ᠬᠤᠷᠢᠶᠠᠨ ᠠᠪᠴᠦ ᠵᠠᠳᠠᠯᠤᠨ ᠰᠠᠯᠭᠠᠬᠤ ᠠᠵᠤ ᠠᠬᠤᠶᠢᠯᠠᠯ ᠤᠨ ᠬᠢᠷᠢ ᠬᠡᠮ ᠢ ᠮᠠᠭᠠᠳᠯᠠᠨ ᠲᠣᠭᠲᠠᠭᠠᠬᠤ | ᠠᠩᠬᠠᠨ ᠤ ᠬᠢᠨᠠᠯᠲᠠ ᠶᠢᠨ ᠠᠵᠢᠯ ᠢ ᠬᠠᠷᠢᠭᠤᠴᠠᠵᠤ᠂ ᠮᠠᠲ᠋ᠧᠷᠢᠶᠠᠯ ᠨᠢ ᠪᠦᠷᠢᠨ ᠬᠦᠢᠴᠡᠳ ᠪᠠᠶᠢᠬᠤ ᠡᠰᠡᠬᠦ᠂ | ᠬᠠᠤᠯᠢ ᠪᠠᠷ ᠲᠣᠭᠲᠠᠭᠠᠭᠰᠠᠨ ᠬᠡᠯᠪᠡᠷᠢ ᠳᠤ ᠨᠡᠶᠢᠴᠡᠬᠦ ᠡᠰᠡᠬᠦ ᠶᠢ ᠬᠢᠨᠠᠨ ᠬᠠᠷᠭᠤᠭᠤᠯᠬᠤ ᠬᠡᠷᠡᠭᠲᠡᠶ︔ ︽ᠬᠡᠷᠡᠭᠴᠡᠭᠡᠨ | ᠠᠴᠠ ᠪᠠᠨ ᠭᠠᠷᠤᠭᠰᠠᠨ ᠮᠠᠰᠢᠨ ᠲᠡᠷᠭᠡ ᠶᠢ ᠬᠤᠷᠢᠶᠠᠨ ᠠᠪᠤᠭᠰᠠᠨ ᠭᠡᠷᠡᠴᠢ︾ ︵ᠨᠡᠶᠢᠳᠡ ᠵᠢᠷᠭᠤᠭᠠᠨ ᠬᠠᠭᠤᠳᠠᠰᠦ︶ | ᠶᠢ ᠳᠠᠷᠤᠮᠠᠯᠯᠠᠬᠤ᠂ ᠲᠠᠮᠠᠭ᠎ᠠ ᠳᠠᠷᠤᠬᠤ ᠪᠠ ᠣᠯᠭᠤᠬᠤ ᠠᠵᠢᠯ ᠢ ᠬᠠᠷᠢᠭᠤᠴᠠᠨ᠎ᠠ︔ ᠠᠵᠤ ᠠᠬᠤᠶᠢᠯᠠᠯ ᠤᠨ ᠲᠠᠩᠰᠠ | ᠡᠪᠬᠡᠮᠡᠯ ᠢ ᠬᠤᠷᠢᠶᠠᠨ ᠠᠪᠴᠤ ᠵᠠᠳᠠᠯᠬᠤ᠂ ᠮᠡᠳᠡᠭᠡ ᠵᠠᠩᠭᠢ ᠶᠢᠨ ᠬᠠᠮᠢᠶᠠᠷᠤᠯᠲᠠ ᠶᠢ ᠬᠠᠷᠢᠭᠤᠴᠠᠨ᠎ᠠ︔ ᠬᠤᠷᠢᠶᠠᠨ | ᠠᠪᠴᠦ ᠵᠠᠳᠠᠯᠤᠨ ᠰᠠᠯᠭᠠᠬᠤ ᠠᠵᠤ ᠠᠬᠤᠶᠢᠯᠠᠯ ᠳᠤ ᠬᠢᠨᠠᠯᠲᠠ ᠬᠠᠮᠢᠶᠠᠷᠤᠯᠲᠠ ᠲᠠᠯᠪᠢᠬᠤ ᠵᠡᠷᠭᠡ ᠠᠵᠢᠯ ᠢ | ᠬᠠᠷᠢᠭᠤᠴᠠᠨ᠎ᠠ᠃ | ︵ᠭᠤᠷᠪᠠ︶ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠬᠤᠳᠠᠯᠳᠤᠭᠠᠨ ᠤ | ᠶᠠᠪᠤᠳᠠᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ | ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ ᠬᠤᠷᠢᠶᠠᠨ ᠠᠪᠴᠦ ᠵᠠᠳᠠᠯᠤᠨ ᠰᠠᠯᠭᠠᠬᠤ ᠠᠵᠢᠯᠯᠠᠭ᠎ᠠ ᠳᠤ | ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ | ᠡᠯ᠎ᠡ ᠭᠠᠵᠠᠷ ᠤᠨ ᠬᠤᠳᠠᠯᠳᠤᠭᠠᠨ ᠤ ᠶᠠᠪᠤᠳᠠᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ | ᠬᠥᠭᠵᠢᠭᠦᠯᠦᠯᠲᠡ ᠪᠤᠯᠤᠨ ᠥᠭᠡᠷᠡᠴᠢᠯᠡᠯᠲᠡ᠂ ᠠᠵᠤ ᠦᠢᠯᠡᠳᠪᠤᠷᠢ ᠮᠡᠳᠡᠭᠡ ᠵᠠᠩᠭᠢᠵᠢᠯᠲᠠ᠂ ᠳᠣᠲᠣᠭᠠᠳᠤ ᠶᠢ | ᠬᠠᠮᠠᠭᠠᠯᠠᠬᠤ᠂ ᠠᠮᠢ ᠠᠬᠤᠶ ᠣᠷᠴᠢᠨ ᠲᠣᠭᠤᠷᠢᠨ᠂ ᠵᠠᠮ ᠬᠠᠷᠢᠯᠴᠠᠭ᠎ᠠ ᠲᠡᠭᠡᠭᠡᠪᠦᠷᠢ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠳ ᠲᠠᠢ ᠬᠠᠮᠲᠤᠷᠠᠨ᠂ ᠰᠠᠯᠠᠭ᠎ᠠ ᠮᠥᠴᠢᠷ ᠤᠨ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠬᠠᠷᠢᠶ᠎ᠠ ᠤᠷᠤᠨ ᠤ ᠬᠠᠮᠢᠶᠠᠷᠤᠯᠲᠠ ᠪᠠᠷ ᠵᠠᠷᠴᠢᠮ | ᠪᠣᠯᠭᠠᠵᠤ᠂ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠵᠡᠷᠭᠡ ᠠᠷᠭ᠎ᠠ ᠬᠡᠯᠪᠡᠷᠢ ᠶᠢ | ᠠᠪᠴᠤ᠂ ᠬᠠᠷᠢᠶ᠎ᠠ ᠣᠷᠣᠨ ᠤ ᠪᠠᠨ ᠳᠣᠲᠣᠷᠠᠬᠢ ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ ᠬᠤᠷᠢᠶᠠᠨ | ᠠᠪᠴᠦ ᠵᠠᠳᠠᠯᠤᠨ ᠰᠠᠯᠭᠠᠬᠤ ᠠᠵᠢᠯᠯᠯᠠᠭ᠎ᠠ ᠳᠤ ᠦᠷᠬᠦᠯᠵᠢ ᠶᠢᠨ ᠬᠢᠨᠠᠯᠲᠠ ᠲᠠᠯᠪᠢᠵᠤ ᠬᠢᠨᠠᠨ ᠪᠠᠶᠢᠴᠠᠭᠠᠬᠤ ᠶᠢ | ᠬᠡᠷᠡᠭᠵᠢᠭᠦᠯᠦᠨ᠎ᠡ᠃ | ᠬᠤᠶᠠᠷ᠂ ᠬᠢᠷᠢ ᠬᠡᠮ ᠢ ᠮᠠᠭᠠᠳᠯᠠᠨ ᠲᠣᠭᠲᠠᠭᠠᠬᠤ ᠳᠤ ᠪᠦᠷᠢᠯᠳᠦᠭᠦᠯᠪᠡᠰᠦ ᠵᠣᠬᠢᠬᠤ ᠨᠥᠬᠦᠴᠡᠯ ᠪᠠ | ᠮᠠᠲ᠋ᠧᠷᠢᠶᠠᠯ ᠤᠨ ᠱᠠᠭᠠᠷᠳᠠᠯᠭ᠎ᠠ | ︵ᠨᠢᠭᠡ︶ ᠬᠤᠷᠢᠶᠠᠨ ᠠᠪᠴᠦ ᠵᠠᠳᠠᠯᠤᠨ ᠰᠠᠯᠭᠠᠬᠤ ᠬᠢᠷᠢ ᠬᠡᠮ ᠢᠶᠠᠷ ᠮᠠᠭᠠᠳᠯᠠᠨ ᠲᠤᠭᠲᠠᠭᠠᠯᠲᠠ ᠶᠢ | ᠤᠯᠬᠤ ᠳᠤ᠂ ᠳᠣᠣᠷ᠎ᠠ ᠵᠢᠭᠰᠠᠭᠠᠭᠰᠠᠨ ᠨᠥᠬᠦᠴᠡᠯ ᠤᠳ ᠢ ᠪᠦᠷᠢᠳᠦᠭᠦᠯᠦᠭᠰᠡᠨ ᠪᠠᠶᠢᠬᠤ ᠬᠡᠷᠡᠭᠲᠡᠶ | 1.ᠠᠵᠤ ᠠᠬᠤᠶᠢᠯᠠᠯ ᠤᠨ ᠬᠠᠤᠯᠢ ᠶᠢᠨ ᠬᠥᠮᠦᠨ ᠤ ᠬᠢᠷᠢ ᠬᠡᠮ ᠲᠠᠢ ᠪᠠᠶᠢᠬᠤ︔ | 2. ᠵᠠᠳᠠᠯᠤᠨ ᠰᠠᠯᠭᠠᠵᠤ ᠡᠵᠡᠩᠨᠡᠬᠦ ᠲᠠᠯᠠᠪᠤᠷ ᠤᠨ ᠪᠠᠶᠢᠭ᠎ᠠ ᠭᠠᠵᠠᠷ ᠨᠢ ᠬᠤᠲᠠ ᠶᠢᠨ ᠶᠡᠷᠦᠩᠬᠡᠶ | ᠲᠥᠯᠥᠪᠵᠢᠭᠦᠯᠭᠡ ᠪᠤᠶᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠵᠢᠴᠢ ᠠᠮᠤᠷ | ᠲᠦᠪᠰᠢᠨ ᠤ ᠱᠠᠭᠠᠷᠳᠠᠯᠭ᠎ᠠ ᠳᠤ ᠨᠡᠶᠢᠴᠡᠭᠰᠡᠨ ᠪᠠᠶᠢᠪᠠᠯ᠂ ᠰᠠᠭᠤᠭᠠᠯᠢ ᠠᠷᠠᠳ ᠤᠨ ᠲᠣᠭᠤᠷᠢᠭ᠂ ᠬᠤᠳᠠᠯᠳᠤᠭᠠᠨ ᠤ | ᠲᠣᠭᠤᠷᠢᠭ᠂ ᠢᠳᠡᠬᠦ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠵᠢᠴᠢ ᠪᠤᠰᠤᠳ ᠣᠷᠴᠢᠨ | ᠲᠣᠭᠤᠷᠢᠨ ᠤ ᠰᠡᠷᠭᠡᠭ ᠣᠷᠣᠨ ᠲᠤᠲᠤᠷ᠎ᠠ ᠪᠠᠶᠢᠭᠤᠯᠵᠤ ᠪᠣᠯᠬᠤ ᠥᠬᠡᠶ︔ | 3.ᠤᠯᠤᠰ ᠤᠨ ᠪᠠᠷᠢᠮᠵᠢᠶ᠎ᠠ ᠶᠢᠨ ︽ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ ᠬᠤᠷᠢᠶᠠᠨ | ᠠᠪᠴᠦ ᠵᠠᠳᠠᠯᠤᠨ ᠰᠠᠯᠭᠠᠬᠤ ᠠᠵᠤ ᠠᠬᠤᠶᠢᠯᠠᠯ ᠤᠨ ᠮᠡᠷᠭᠡᠵᠢᠯ ᠤᠨ ᠲᠦᠷᠢᠮᠵᠢᠯ︾ ︵GB22128︶ ᠤᠨ ᠭᠠᠵᠠᠷ | ᠂ ᠪᠡᠯᠡᠳᠬᠡᠮᠵᠢ ᠲᠥᠬᠦᠭᠡᠷᠦᠮᠵᠢ᠂ ᠬᠠᠳᠠᠭᠠᠯᠠᠬᠤ᠂ ᠰᠠᠯᠭᠠᠨ ᠵᠠᠳᠠᠯᠬᠤ ᠮᠡᠷᠭᠡᠵᠢᠯ ᠤᠨ ᠲᠦᠷᠢᠮᠵᠢᠯ ᠵᠢᠴᠢ | ᠲᠤᠬᠢᠷᠠᠯᠴᠠᠭᠰᠠᠨ ᠲᠤᠰᠬᠠᠶ ᠮᠡᠷᠭᠡᠵᠢᠯ ᠤᠨ ᠠᠵᠢᠯᠳᠠᠨ ᠤ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ︔ | 4. ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠷᠢᠮᠵᠢᠶ᠎ᠠ ᠶᠢᠨ ︽ᠬᠡᠷᠡᠭᠴᠡᠭᠡᠨ ᠠᠴᠠ ᠪᠠᠨ ᠭᠠᠷᠤᠭᠰᠠᠨ | ᠮᠠᠰᠢᠨ ᠲᠡᠷᠭᠡ ᠶᠢ ᠵᠠᠳᠠᠯᠤᠨ ᠰᠠᠯᠭᠠᠬᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠮᠡᠷᠭᠡᠵᠢᠯ ᠤᠨ ᠲᠦᠷᠢᠮᠵᠢᠯ︾ ︵ | HJ348︶ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ︔ | 5.ᠤᠯᠤᠰ ᠤᠨ ᠲᠣᠭᠲᠠᠭᠠᠯ ᠳᠤ ᠨᠡᠶᠢᠴᠡᠭᠰᠡᠨ ᠠᠮᠢ ᠠᠬᠤᠶ ᠶᠢᠨ ᠣᠷᠴᠢᠨ ᠨᠥᠬᠦᠴᠡᠯ ᠢ ᠬᠠᠮᠠᠭᠠᠯᠠᠬᠤ | ᠲᠦᠷᠢᠮ ᠲᠤᠭᠲᠠᠭᠠᠯ ᠲᠠᠢ ᠪᠠᠶᠢᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠲᠤᠬᠢᠷᠠᠯᠴᠠᠭᠰᠠᠨ ᠠᠷᠭ᠎ᠠ ᠬᠡᠮᠵᠢᠶ᠎ᠡ ᠶᠢ | ᠪᠦᠷᠢᠳᠦᠭᠦᠯᠵᠦ᠂ ᠵᠠᠳᠠᠯᠤᠨ ᠰᠠᠯᠭᠠᠵᠤ ᠭᠠᠷᠭᠠᠭᠰᠠᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠲᠣᠬᠢᠲᠠᠶ | ᠰᠢᠢᠳᠪᠤᠷᠢᠯᠡᠬᠦ ᠲᠥᠰᠦᠯ ᠲᠠᠢ ᠪᠠᠶᠢᠵᠤ᠂ ᠰᠢᠢᠳᠪᠤᠷᠢᠯᠡᠬᠦ ᠠᠷᠭ᠎ᠠ ᠬᠡᠯᠪᠡᠷᠢ ᠨᠢ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠠᠬᠤᠶ ᠶᠢ ᠪᠣᠬᠢᠷᠲᠤᠭᠤᠯᠬᠤ ᠶᠢ | ᠰᠡᠷᠭᠡᠶᠢᠯᠡᠨ ᠵᠠᠰᠠᠬᠤ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃ | ︵ᠬᠤᠶᠠᠷ︶ ᠬᠢᠷᠢ ᠬᠡᠮ ᠤᠨ ᠮᠠᠭᠠᠳᠯᠠᠨ ᠲᠤᠭᠲᠠᠭᠠᠯᠲᠠ ᠶᠢ ᠭᠤᠶᠤᠴᠢᠯᠠᠬᠤ ᠳᠤ ᠲᠤᠰᠢᠶᠠᠪᠠᠰᠤ ᠵᠣᠬᠢᠬᠤ | ᠮᠠᠲ᠋ᠧᠷᠢᠶᠠᠯ | ᠬᠢᠷᠢ ᠬᠡᠮ ᠤᠨ ᠮᠠᠭᠠᠳᠯᠠᠨ ᠲᠤᠭᠲᠠᠭᠠᠯᠲᠠ ᠶᠢ ᠭᠤᠶᠤᠴᠢᠯᠠᠬᠤ ᠠᠵᠤ ᠠᠬᠤᠶᠢᠯᠠᠯ ᠨᠢ ᠵᠠᠳᠠᠯᠤᠨ ᠰᠠᠯᠭᠠᠬᠤ | ᠡᠵᠡᠩᠨᠡᠯᠲᠡ ᠶᠢᠨ ᠭᠠᠵᠠᠷ ᠤᠨ ᠪᠠᠶᠢᠭ᠎ᠠ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠭᠤᠤᠯᠯᠠᠨ ᠬᠠᠮᠢᠶᠠᠷᠬᠤ | ᠰᠠᠯᠠᠭ᠎ᠠ ᠮᠥᠴᠢᠷ ᠪᠤᠶᠤ ᠬᠤᠳᠠᠯᠳᠤᠭᠠᠨ ᠤ ᠶᠠᠪᠤᠳᠠᠯ ᠤᠨ ᠶᠠᠮᠤᠨ ᠤ ︽ᠪᠥᠬᠦ ᠤᠯᠤᠰ ᠤᠨ ᠮᠠᠰᠢᠨ ᠲᠡᠷᠭᠡᠨ ᠤ | ᠬᠦᠢᠯᠭᠡᠭᠡᠨ ᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠬᠡᠷᠡᠭᠯᠡᠭᠡᠨ ᠤ ᠦᠢᠯᠡᠴᠢᠯᠡᠭᠡ︾ ᠶᠢᠨ ᠰᠢᠰᠲ᠋ᠧᠮ ᠢᠶᠠᠷ | ᠳᠠᠮᠵᠢᠭᠤᠯᠤᠨ ᠭᠤᠶᠤᠴᠢᠯᠠᠬᠤ ᠶᠢᠨ ᠬᠠᠮᠲᠤ ᠳᠣᠤᠷᠠᠬᠢ ᠮᠡᠲᠦ ᠪᠢᠴᠢᠭ ᠤᠨ ᠮᠠᠲ᠋ᠧᠷᠢᠶᠠᠯ ᠢ ᠲᠤᠰᠢᠶᠠᠬᠤ ᠬᠡᠷᠡᠭᠲᠡᠶ᠄ | 1.ᠪᠠᠶᠢᠭᠤᠯᠬᠤ ᠭᠤᠶᠤᠴᠢᠯᠠᠯ ᠤᠨ ᠮᠡᠳᠡᠭᠦᠯᠦᠯᠲᠡ ︵ᠭᠤᠶᠤᠴᠢᠯᠠᠭᠰᠠᠨ ᠠᠵᠤ ᠠᠬᠤᠶᠢᠯᠠᠯ ᠤᠨ ᠨᠡᠷᠡᠶᠢᠳᠦᠯ᠂ | ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠳᠠᠩᠰᠠᠯᠠᠭᠤᠯᠤᠭᠰᠠᠨ ᠬᠦᠷᠦᠩᠭᠡ᠂ ᠣᠷᠣᠨ ᠰᠠᠭᠤᠴᠠ᠂ ᠵᠠᠳᠠᠯᠤᠨ | ᠰᠠᠯᠭᠠᠬᠤ ᠭᠠᠵᠠᠷ᠂ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ ᠵᠡᠷᠭᠡ ᠠᠭᠤᠯᠭ᠎ᠠ ᠪᠠᠨ | ᠲᠣᠳᠣᠷᠬᠠᠶ ᠪᠢᠴᠢᠬᠦ ᠬᠡᠷᠡᠭᠲᠡᠶ︶︔ | 2 .ᠠᠵᠤ ᠠᠬᠤᠶᠢᠯᠠᠯ ᠤᠨ ︽ᠡᠵᠡᠩᠨᠡᠯᠲᠡ ᠶᠢᠨ ᠦᠨᠡᠮᠯᠡᠯ︾ ᠢ ᠭᠤᠶᠤᠴᠢᠯᠠᠬᠤ︔ | 3.ᠠᠵᠤ ᠠᠬᠤᠶᠢᠯᠠᠯ ᠤᠨ ᠲᠦᠷᠢᠮ ᠲᠤᠭᠲᠠᠭᠠᠯ ᠢ ᠭᠤᠶᠤᠴᠢᠯᠠᠬᠤ︔ | 4. ᠭᠤᠶᠤᠴᠢᠯᠠᠵᠦ ᠪᠠᠶᠢᠭ᠎ᠠ ᠠᠵᠤ ᠠᠬᠤᠶᠢᠯᠠᠯ ᠤᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ | ᠪᠡᠶ᠎ᠡ ᠶᠢᠨ ᠦᠨᠡᠮᠯᠡᠯ ᠪᠤᠶᠤ ᠪᠤᠰᠤᠳ ᠬᠦᠴᠦᠨ ᠪᠥᠬᠦᠶ ᠪᠡᠶ᠎ᠡ ᠶᠢᠨ ᠦᠨᠡᠮᠯᠡᠯ ︔ | 5.ᠵᠠᠳᠠᠯᠤᠨ ᠰᠠᠯᠭᠠᠬᠤ ᠡᠵᠡᠩᠨᠡᠯᠲᠡ ᠶᠢᠨ ᠭᠠᠵᠠᠷ ᠤᠨ ᠭᠠᠵᠠᠷ ᠰᠢᠷᠣᠶ ᠶᠢ ᠬᠡᠷᠡᠭᠯᠡᠬᠦ ᠡᠷᠬᠡ᠂ ᠭᠡᠷ | ᠪᠠᠶᠢᠰᠢᠩ ᠤᠨ ᠥᠮᠴᠢᠯᠡᠬᠦ ᠡᠷᠬᠡ ᠶᠢᠨ ᠭᠡᠷᠡᠴᠢ ᠪᠤᠶᠤ ᠲᠦᠷᠢᠶᠡᠰᠦᠯᠡᠬᠦ ᠬᠤᠭᠤᠴᠠᠭ᠎ᠠ ᠨᠢ 10 ᠵᠢᠯ ᠠᠴᠠ ᠳᠡᠭᠡᠭᠰᠢ | ᠪᠠᠶᠢᠬᠤ ᠭᠠᠵᠠᠷ ᠰᠢᠷᠣᠶ ᠶᠢ ᠲᠦᠷᠢᠶᠡᠰᠦᠯᠡᠬᠦ ᠭᠡᠷ᠎ᠡ ᠪᠤᠶᠤ ᠭᠠᠵᠠᠷ ᠰᠢᠷᠣᠶ ᠶᠢ ᠬᠡᠷᠡᠭᠯᠡᠬᠦ ᠡᠷᠬᠡ ᠶᠢ ᠲᠦᠷᠢᠶᠡᠰᠦᠯᠡᠭᠦᠯᠬᠦ | ᠭᠡᠷ᠎ᠡ ᠵᠢᠴᠢ ᠭᠡᠷ ᠪᠠᠶᠢᠰᠢᠩ ᠢ ᠲᠦᠷᠢᠶᠡᠰᠦᠯᠡᠭᠦᠯᠬᠦ ᠶᠢ ᠭᠡᠷᠡᠴᠢᠯᠡᠬᠦ ᠮᠠᠲ᠋ᠧᠷᠢᠶᠠᠯ ︔ | 6.ᠠᠵᠤ ᠠᠬᠤᠶᠢᠯᠠᠯ ᠶᠢᠨ ᠬᠤᠳᠠᠯᠳᠤᠨ ᠠᠪᠬᠤ ᠪᠠᠷ ᠭᠤᠶᠤᠴᠢᠯᠠᠭᠰᠠᠨ ᠪᠤᠶᠤ ᠪᠡᠯᠡ ᠲᠤᠬᠢᠷᠠᠭᠤᠯᠭ᠎ᠠ ᠶᠢᠨ | ᠲᠦᠷᠢᠶᠡᠰᠦᠯᠡᠭᠰᠡᠨ ᠠᠷᠭ᠎ᠠ ᠮᠠᠶ᠋ᠢᠭ ᠢᠶᠠᠷ ᠣᠯᠤᠭᠰᠠᠨ ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢᠨ | ᠵᠠᠳᠠᠯᠬᠤ ᠪᠠ ᠪᠣᠬᠢᠷᠲᠤᠯ ᠢ ᠰᠡᠷᠭᠡᠶᠢᠯᠡᠨ ᠵᠠᠰᠠᠬᠤ ᠳᠤ ᠬᠡᠷᠡᠭᠯᠡᠬᠦ ᠲᠥᠬᠦᠭᠡᠷᠦᠮᠵᠢ᠂ ᠲᠥᠬᠦᠭᠡᠷᠦᠮᠵᠢ ᠶᠢᠨ ᠲᠣᠳᠣᠷᠬᠠᠶ | ᠬᠠᠭᠤᠳᠠᠰᠤ ᠵᠢᠴᠢ ᠪᠠᠷᠢᠮᠲᠠ ᠪᠤᠶᠤ ᠪᠡᠯᠡ ᠲᠤᠬᠢᠷᠠᠭᠤᠯᠭ᠎ᠠ ᠶᠢᠨ ᠲᠦᠷᠢᠶᠡᠰᠦᠯᠡᠭᠰᠡᠨ ᠭᠡᠷ᠎ᠡ ᠵᠡᠷᠭᠡ ᠥᠮᠴᠢᠯᠡᠯ ᠤᠨ | ᠡᠷᠬᠡ ᠶᠢ ᠭᠡᠷᠡᠴᠢᠯᠡᠬᠦ ᠪᠢᠴᠢᠭ ᠮᠠᠲ᠋ᠧᠷᠢᠶᠠᠯ︔ | 7. ᠠᠮᠢ ᠠᠬᠤᠶ ᠶᠢᠨ ᠣᠷᠴᠢᠨ ᠲᠣᠭᠤᠷᠢᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠭᠠᠷᠭᠠᠭᠰᠠᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠪᠢᠴᠢᠭ | ᠮᠠᠲ᠋ᠧᠷᠢᠶᠠᠯ ᠤᠨ ᠬᠢᠨᠠᠨ ᠵᠥᠪᠰᠢᠶᠡᠷᠡᠭᠰᠡᠨ ᠪᠢᠴᠢᠭ ᠮᠠᠲ᠋ᠧᠷᠢᠶᠠᠯ︔ | 8.ᠭᠤᠶᠤᠴᠢᠯᠠᠵᠦ ᠪᠠᠶᠢᠭ᠎ᠠ ᠠᠵᠤ ᠠᠬᠤᠶᠢᠯᠠᠯ ᠤᠨ ᠳᠡᠭᠡᠳᠦ ᠵᠡᠷᠭᠡ ᠶᠢᠨ ᠬᠠᠮᠢᠶᠠᠷᠤᠯᠲᠠ ᠪᠠ ᠲᠤᠰᠬᠠᠶ | ᠮᠡᠷᠭᠡᠵᠢᠯ ᠤᠨ ᠠᠵᠢᠯᠳᠠᠨ ᠤ ᠨᠡᠷᠡᠰ︔ | 9. ᠭᠤᠶᠤᠴᠢᠯᠠᠵᠦ ᠪᠠᠶᠢᠭ᠎ᠠ ᠠᠵᠤ ᠠᠬᠤᠶᠢᠯᠠᠯ ᠤᠨᠵᠠᠳᠠᠯᠤᠨ ᠰᠠᠯᠭᠠᠬᠤ ᠠᠵᠢᠯᠯᠠᠭᠠᠨ ᠤ ᠲᠦᠷᠢᠮᠵᠢᠯ᠂ | ᠠᠶᠤᠯᠭᠦᠶ ᠶᠢᠨ ᠲᠦᠷᠢᠮ ᠲᠤᠭᠲᠠᠭᠠᠯ ᠪᠠ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠠᠰᠢᠭᠯᠠᠨ ᠰᠢᠢᠳᠪᠤᠷᠢᠯᠡᠬᠦ | ᠲᠥᠰᠦᠯ ᠃ | ᠳᠡᠭᠡᠷ᠎ᠡ ᠳᠤᠷᠠᠳᠤᠭᠰᠠᠨ ᠮᠠᠲ᠋ᠧᠷᠢᠶᠠᠯ ᠢ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠰᠢᠰᠲ᠋ᠧᠮ ᠢᠶᠠᠷ | ᠳᠠᠮᠵᠢᠭᠤᠯᠤᠨ ᠣᠯᠵᠤ ᠪᠤᠯᠪᠠᠯ᠂ ᠬᠢᠨᠠᠨ ᠬᠠᠷᠭᠤᠭᠤᠯᠬᠤ ᠪᠠᠶᠢᠭᠤᠯᠭ᠎ᠠ ᠠᠴᠠ ᠠᠵᠤ ᠠᠬᠤᠶᠢᠯᠠᠯ ᠢᠶᠠᠷ ᠲᠠᠬᠢᠨ | ᠲᠤᠰᠢᠶᠠᠬᠤ ᠪᠠᠷ ᠱᠠᠭᠠᠷᠳᠠᠬᠤ ᠦᠭᠡᠢ ᠪᠠᠶᠢᠵᠤ ᠪᠣᠯᠤᠨ᠎ᠠ᠃ | ᠭᠤᠷᠪᠠ᠂ ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ ᠬᠤᠷᠢᠶᠠᠨ ᠠᠪᠴᠦ ᠵᠠᠳᠠᠯᠤᠨ | ᠰᠠᠯᠭᠠᠬᠤ ᠠᠵᠤ ᠠᠬᠤᠶᠢᠯᠠᠯ ᠤᠨ ᠬᠢᠷᠢ ᠬᠡᠮ ᠢ ᠮᠠᠭᠠᠳᠯᠠᠨ ᠲᠣᠭᠲᠠᠭᠠᠬᠤ ᠶᠢ ᠬᠦᠢᠴᠡᠳᠭᠡᠬᠦ ᠲᠠᠷᠠᠭᠠᠯᠠᠯ | ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠠᠩᠬᠠᠨ ᠤ ᠬᠢᠨᠠᠯᠲᠠ | 1. ᠭᠤᠶᠤᠴᠢᠯᠠᠵᠦ ᠪᠠᠶᠢᠭ᠎ᠠ ᠠᠵᠤ ᠠᠬᠤᠶᠢᠯᠠᠯ ᠨᠢ ︽ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ | ᠲᠡᠷᠭᠡ ᠶᠢ ᠬᠤᠷᠢᠶᠠᠨ ᠠᠪᠬᠤ ᠬᠠᠮᠢᠶᠠᠷᠤᠯᠲᠠ ᠶᠢᠨ ᠠᠷᠭ᠎ᠠ︾᠂ ︽ᠬᠡᠷᠡᠭᠵᠢᠭᠦᠯᠬᠦ ᠨᠠᠷᠢᠨ ᠲᠦᠷᠢᠮ︾᠂ ︽ | ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ ᠬᠤᠷᠢᠶᠠᠨ ᠠᠪᠴᠦ ᠵᠠᠳᠠᠯᠤᠨ ᠰᠠᠯᠭᠠᠬᠤ ᠠᠵᠤ | ᠠᠬᠤᠶᠢᠯᠠᠯ ᠤᠨ ᠮᠡᠷᠭᠡᠵᠢᠯ ᠤᠨ ᠲᠦᠷᠢᠮᠵᠢᠯ︾ ᠪᠣᠯᠤᠨ ᠲᠣᠰ ᠮᠡᠳᠡᠭᠳᠡᠯ ᠤᠨ ᠬᠤᠯᠪᠣᠭᠳᠠᠯ ᠪᠥᠬᠦᠶ ᠲᠣᠭᠲᠠᠭᠠᠯ | ᠶᠣᠰᠣᠭᠠᠷ᠂ ᠰᠠᠯᠭᠠᠨ ᠵᠠᠳᠠᠯᠬᠤ ᠡᠵᠡᠩᠨᠡᠯᠲᠡ ᠶᠢᠨ ᠲᠠᠯᠠᠪᠤᠷ ᠤᠨ ᠪᠠᠶᠢᠭ᠎ᠠ ᠭᠠᠵᠠᠷ ᠤᠨ ᠢᠶᠠᠨ ᠠᠶᠢᠮᠠᠭ ᠬᠤᠲᠠ ᠶᠢᠨ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠳᠤ ᠭᠤᠶᠤᠴᠢᠯᠠᠬᠤ ᠮᠠᠲ᠋ᠧᠷᠢᠶᠠᠯ ᠢᠶᠠᠨ ᠬᠠᠩᠭᠠᠬᠤ ᠬᠡᠷᠡᠭᠲᠡᠶ︔ | 2. ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠢ ᠭᠤᠶᠤᠴᠢᠯᠠᠭᠰᠠᠨ | ᠮᠠᠲ᠋ᠧᠷᠢᠶᠠᠯ ᠨᠢ ᠪᠦᠷᠢᠨ ᠬᠦᠢᠴᠡᠳ ᠪᠠᠶᠢᠬᠤ ᠡᠰᠡᠬᠦ᠂ ᠬᠠᠤᠯᠢ ᠪᠠᠷ ᠲᠣᠭᠲᠠᠭᠠᠭᠰᠠᠨ ᠬᠡᠯᠪᠡᠷᠢ ᠳᠤ ᠨᠡᠶᠢᠴᠡᠬᠦ ᠡᠰᠡᠬᠦ ᠶᠢ | ᠬᠢᠨᠠᠨ ᠬᠠᠷᠭᠤᠭᠤᠯᠬᠤ ᠬᠡᠷᠡᠭᠲᠡᠶ᠃ ᠮᠠᠲ᠋ᠧᠷᠢᠶᠠᠯ ᠨᠢ ᠪᠦᠷᠢᠨ ᠪᠤᠰᠤ ᠪᠤᠶᠤ ᠬᠠᠤᠯᠢ ᠪᠠᠷ ᠲᠣᠭᠲᠠᠭᠠᠭᠰᠠᠨ ᠬᠡᠯᠪᠡᠷᠢ ᠳᠤ | ᠨᠡᠶᠢᠴᠡᠬᠦ ᠥᠬᠡᠶ ᠭᠡᠵᠦ ᠦᠵᠡᠪᠡᠯ᠂ ᠨᠥᠬᠦᠪᠥᠷᠢᠯᠡᠨ ᠵᠠᠯᠠᠷᠠᠭᠤᠯᠬᠤ ᠴᠢᠬᠤᠯᠠᠲᠠᠶ ᠪᠥᠬᠦ ᠠᠭᠤᠯᠭ᠎ᠠ ᠶᠢ 5 ᠠᠵᠢᠯᠯᠠᠬᠤ | ᠡᠳᠦᠷ ᠤᠨ ᠳᠣᠲᠣᠷ᠎ᠠ ᠨᠢᠭᠡ ᠯᠡ ᠤᠳᠠᠭ᠎ᠠ ᠳᠤ ᠮᠡᠳᠡᠭᠳᠡᠨ᠎ᠡ︔ ᠭᠤᠶᠤᠴᠢᠯᠠᠭᠰᠠᠨ ᠮᠠᠲ᠋ᠧᠷᠢᠶᠠᠯ ᠨᠢ ᠪᠦᠷᠢᠨ ᠭᠦᠢᠴᠡᠳ | ᠂ ᠬᠠᠤᠯᠢ ᠪᠠᠷ ᠲᠣᠭᠲᠠᠭᠠᠭᠰᠠᠨ ᠬᠡᠯᠪᠡᠷᠢ ᠮᠠᠶ᠋ᠢᠭ ᠲᠤ ᠨᠡᠶᠢᠴᠡᠬᠦ᠂ ᠡᠰᠡᠬᠦᠯ᠎ᠡ ᠠᠵᠤ ᠠᠬᠤᠶᠢᠯᠠᠯ ᠤᠨ ᠱᠠᠭᠠᠷᠳᠠᠯᠭ᠎ᠠ | ᠶᠣᠰᠣᠭᠠᠷ ᠨᠥᠬᠦᠵᠦ ᠵᠠᠯᠠᠷᠠᠭᠤᠯᠬᠤ ᠪᠥᠬᠦ ᠮᠠᠲ᠋ᠧᠷᠢᠶᠠᠯ ᠢᠶᠠᠨ ᠲᠤᠰᠢᠶᠠᠭᠰᠠᠨ ᠪᠠᠶᠢᠪᠠᠯ᠂ ᠠᠶᠢᠮᠠᠭ ᠬᠤᠳᠠ ᠶᠢᠨ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠴᠠ ᠬᠢᠨᠠᠭᠰᠠᠨ ᠰᠠᠨᠠᠯ ᠪᠣᠯᠤᠨ ᠠᠵᠤ ᠠᠬᠤᠶᠢᠯᠠᠯ ᠤᠨ ᠲᠤᠰᠢᠶᠠᠭᠰᠠᠨ | ᠭᠤᠶᠤᠴᠢᠯᠠᠭᠰᠠᠨ ᠮᠠᠲ᠋ᠧᠷᠢᠶᠠᠯ ᠢᠶᠠᠨ ᠬᠠᠮᠲᠤ ᠳᠤᠨᠢ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ | ᠤᠨ ᠲᠢᠩᠬᠢᠮ ᠲᠤ ᠮᠡᠳᠡᠭᠦᠯᠬᠦ ᠬᠡᠷᠡᠭᠲᠡᠶ᠃ ᠬᠢᠨᠠᠨ ᠬᠠᠷᠭᠤᠭᠤᠯᠤᠭᠰᠠᠨ ᠰᠠᠨᠠᠯ ᠳᠤ ︽ᠵᠠᠳᠠᠯᠤᠨ ᠰᠠᠯᠭᠠᠬᠤ | ᠡᠵᠡᠩᠨᠡᠯᠲᠡ ᠶᠢᠨ ᠲᠠᠯᠠᠪᠤᠷ ᠤᠨ ᠭᠠᠵᠠᠷ ᠨᠢ ᠪᠠᠶᠢᠭ᠎ᠠ ᠬᠤᠲᠠ ᠶᠢᠨ ᠶᠡᠷᠦᠩᠬᠡᠶ ᠲᠥᠯᠥᠪᠵᠢᠭᠦᠯᠭᠡ ᠪᠤᠶᠤ ᠤᠯᠤᠰ ᠤᠨ | ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠵᠢᠴᠢ ᠠᠮᠤᠷ ᠲᠦᠪᠰᠢᠨ ᠤ ᠱᠠᠭᠠᠷᠳᠠᠯᠭ᠎ᠠ ᠳᠤ ᠨᠡᠶᠢᠴᠡᠵᠦ᠂ | ᠰᠠᠭᠤᠭᠠᠯᠢ ᠠᠷᠠᠳ ᠤᠨ ᠲᠣᠭᠤᠷᠢᠭ᠂ ᠬᠤᠳᠠᠯᠳᠤᠭᠠᠨ ᠤ ᠲᠣᠭᠤᠷᠢᠭ᠂ ᠤᠤᠭᠤᠬᠤ ᠤᠰᠤᠨ ᠤ ᠡᠬᠢ ᠰᠤᠷᠪᠤᠯᠵᠢ ᠶᠢᠨ | ᠬᠠᠮᠠᠭᠠᠯᠠᠯᠲᠠ ᠶᠢᠨ ᠣᠷᠣᠨ ᠵᠢᠴᠢ ᠪᠤᠰᠤᠳ ᠣᠷᠴᠢᠨ ᠠᠬᠤᠶ ᠶᠢᠨ ᠰᠡᠷᠭᠡᠭ ᠣᠷᠣᠨ ᠳᠤ ᠪᠠᠶᠢᠭᠤᠯᠤᠭᠰᠠᠨ ᠥᠬᠡᠶ︾ | ᠭᠡᠵᠦ ᠲᠣᠳᠣᠷᠬᠠᠶᠢᠯᠠᠬᠤ ᠬᠡᠷᠡᠭᠲᠡᠶ᠃ | ︵ᠬᠤᠶᠠᠷ︶ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠰᠢᠯᠭᠠᠨ | ᠪᠠᠶᠢᠴᠠᠭᠠᠵᠦ ᠮᠠᠭᠠᠳᠯᠠᠨ ᠲᠤᠭᠲᠠᠭᠠᠬᠤ | 1. ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠭᠤᠶᠤᠴᠢᠯᠠᠭᠰᠠᠨ | ᠮᠠᠲ᠋ᠧᠷᠢᠶᠠᠯ ᠨᠢ ᠪᠦᠷᠢᠨ ᠭᠦᠢᠴᠡᠳ᠂ ᠬᠠᠤᠯᠢ ᠳᠤ ᠲᠣᠭᠲᠠᠭᠠᠭᠰᠠᠨ ᠬᠡᠯᠪᠡᠷᠢ ᠳᠤ ᠨᠡᠶᠢᠴᠡᠭᠰᠡᠨ ᠪᠠᠶᠢᠪᠠᠯ ᠬᠦᠯᠢᠶᠡᠨ | ᠠᠪᠴᠤ ᠰᠢᠢᠳᠪᠤᠷᠢᠯᠡᠨ᠎ᠡ᠃ ᠬᠢᠷᠢ ᠬᠡᠮ ᠢ ᠨᠢ ᠮᠠᠭᠠᠳᠯᠠᠨ ᠲᠤᠭᠲᠠᠭᠠᠬᠤ ᠭᠤᠶᠤᠴᠢᠯᠠᠯ ᠢ ᠭᠥᠯᠢᠶᠡᠨ ᠠᠪᠤᠭᠰᠠᠨ | ᠡᠳᠦᠷ ᠠᠴᠠ ᠡᠬᠢᠯᠡᠨ 20 ᠠᠵᠢᠯᠯᠠᠬᠤ ᠡᠳᠦᠷ ᠤᠨ ᠳᠣᠲᠣᠷ᠎ᠠ ᠬᠢᠨᠠᠨ ᠪᠠᠶᠢᠴᠠᠭᠠᠬᠤ ᠠᠵᠢᠯ ᠢ ᠳᠠᠭᠤᠰᠬᠠᠬᠤ ᠶᠢᠨ | ᠬᠠᠮᠲᠤ ᠬᠠᠮᠢᠶ᠎ᠠ ᠪᠥᠬᠦᠶ ᠲᠣᠭᠲᠠᠭᠠᠯ ᠭᠠᠷᠭᠠᠵᠤ᠂ ᠥᠪᠡᠷᠲᠡᠭᠡᠨᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ | ᠲᠢᠩᠬᠢᠮ ᠤᠨ ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠦᠭᠡᠳ ᠳᠠᠬᠢᠨ 10 ᠠᠵᠢᠯᠯᠠᠬᠤ ᠡᠳᠦᠷ ᠤᠷᠲᠤᠳᠬᠠᠵᠤ | ᠪᠣᠯᠤᠨ᠎ᠠ ︵ᠲᠤᠬᠠᠶ ᠶᠢᠨ ᠲᠠᠯᠠᠪᠤᠷ ᠲᠤ ᠰᠢᠯᠭᠠᠨ ᠠᠪᠴᠤ ᠬᠢᠨᠠᠨ ᠲᠣᠭᠲᠠᠭᠠᠬᠤ᠂ ᠭᠡᠷᠡᠴᠢᠯᠡᠭᠡ ᠰᠣᠨᠣᠰᠬᠤ᠂ ᠳᠠᠬᠢᠨ | ᠦᠨᠡᠯᠡᠵᠦ ᠳᠠᠬᠢᠨ ᠬᠢᠨᠠᠬᠤ᠂ ᠢᠯᠡ ᠨᠡᠶᠢᠲᠡᠯᠡᠬᠦ ᠵᠡᠷᠭᠡ ᠳᠤ ᠬᠡᠷᠡᠭᠰᠡᠬᠦ ᠴᠠᠭ ᠢ ᠲᠣᠭᠲᠠᠭᠰᠠᠨ ᠬᠤᠭᠤᠴᠠᠭᠠᠨ ᠳᠤ | ᠪᠤᠳᠤᠵᠤ ᠣᠷᠣᠭᠤᠯᠬᠤ ᠥᠬᠡᠶ︶︔ | 2. ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠬᠢᠷᠢ ᠬᠡᠮ ᠢ ᠮᠠᠭᠠᠳᠯᠠᠨ | ᠲᠤᠭᠲᠠᠭᠠᠬᠤ ᠭᠤᠶᠤᠴᠢᠯᠠᠯ ᠢ ᠭᠥᠯᠢᠶᠡᠨ ᠠᠪᠤᠭᠰᠠᠨ ᠤ ᠳᠠᠷᠠᠭ᠎ᠠ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠢ | ᠵᠣᠬᠢᠶᠠᠨ ᠪᠠᠶᠢᠭᠤᠯᠤᠨ ᠪᠠᠶᠢᠭᠤᠯᠵᠤ ᠭᠤᠶᠤᠴᠢᠯᠠᠭᠰᠠᠨ ᠠᠵᠤ ᠠᠬᠤᠶᠢᠯᠠᠯ ᠳᠤ ᠲᠤᠬᠠᠶ ᠶᠢᠨ ᠲᠠᠯᠠᠪᠤᠷ ᠲᠤᠨᠢ ᠰᠢᠯᠭᠠᠨ | ᠠᠪᠴᠤ ᠮᠠᠭᠠᠳᠯᠠᠨ ᠲᠤᠭᠲᠠᠭᠠᠬᠤ ᠶᠢᠨ ᠬᠠᠮᠲᠤ ︽ᠲᠤᠬᠠᠶ ᠶᠢᠨ ᠲᠠᠯᠠᠪᠤᠷ ᠲᠤᠨᠢ ᠰᠢᠯᠭᠠᠨ ᠠᠪᠴᠤ ᠮᠠᠭᠠᠳᠯᠠᠨ | ᠲᠤᠭᠲᠠᠭᠠᠬᠤ ᠰᠠᠨᠠᠯ ᠤᠨ ᠬᠦᠰᠦᠨᠦᠭᠲᠦ︾ ᠶᠢ ᠭᠠᠷᠭᠠᠵᠤ ᠥᠭᠭᠦᠨ᠎ᠡ᠃ ᠮᠠᠭᠠᠳᠯᠠᠨ ᠲᠤᠭᠲᠠᠭᠠᠬᠤ ᠲᠤᠰᠬᠠᠶ | ᠮᠡᠷᠭᠡᠵᠢᠯᠲᠡᠨ ᠤ ᠳᠤᠭᠤᠶᠢᠯᠠᠩ ᠨᠢ ᠬᠤᠷᠢᠶᠠᠨ ᠠᠪᠴᠦ ᠵᠠᠳᠠᠯᠤᠨ ᠰᠠᠯᠭᠠᠬᠤ ᠶᠢ ᠬᠢᠨᠠᠨ ᠲᠣᠭᠲᠠᠭᠠᠬᠤ ᠲᠤᠰᠬᠠᠶ | ᠮᠡᠷᠭᠡᠵᠢᠯᠲᠡᠨ ᠤ ᠬᠥᠮᠥᠷᠭᠡ ᠠᠴᠠ ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ ᠬᠤᠷᠢᠶᠠᠨ ᠠᠪᠴᠦ | ᠵᠠᠳᠠᠯᠤᠨ ᠰᠠᠯᠭᠠᠬᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠡᠳ᠋ ᠤᠨ ᠶᠠᠪᠤᠳᠠᠯ ᠪᠠ ᠠᠵᠢᠯ | ᠲᠥᠷᠥᠯ ᠤᠨ ᠬᠠᠮᠢᠶᠠᠷᠤᠯᠲᠠ ᠶᠢᠨ ᠲᠤᠰᠬᠠᠶ ᠮᠡᠷᠭᠡᠵᠢᠯᠲᠡᠨ ᠢ ᠪᠠᠭᠲᠠᠭᠠᠭᠰᠠᠨ 5 ᠠᠴᠠ ᠳᠡᠭᠡᠭᠰᠢ ᠲᠤᠰᠬᠠᠶ | ᠮᠡᠷᠭᠡᠵᠢᠯᠲᠡᠨ ᠢ ᠮᠠᠰᠢᠨ ᠤ ᠲᠣᠬᠢᠶᠠᠯᠳᠤᠯ ᠢᠶᠠᠷ ᠰᠣᠩᠭᠤᠨ ᠭᠠᠷᠭᠠᠵᠤ᠂ 1:1:1:2 ᠤᠨ ᠬᠠᠷᠢᠴᠠᠯ ᠢᠶᠠᠷ | ᠪᠦᠷᠢᠯᠳᠦᠭᠦᠯᠦᠨ᠎ᠡ᠃ | 3. ᠮᠠᠲ᠋ᠧᠷᠢᠶᠠᠯ ᠢ ᠬᠢᠨᠠᠨ ᠪᠠᠶᠢᠴᠠᠭᠠᠬᠤ ᠪᠠ ᠲᠤᠰᠬᠠᠶ ᠮᠡᠷᠭᠡᠵᠢᠯᠲᠡᠨ ᠤ ᠰᠢᠯᠭᠠᠨ ᠠᠪᠴᠤ ᠬᠢᠨᠠᠨ | ᠲᠣᠭᠲᠠᠭᠠᠭᠰᠠᠨ ᠰᠠᠨᠠᠯ ᠢ ᠦᠨᠳᠦᠰᠦᠯᠡᠨ᠂ ᠬᠢᠷᠢ ᠬᠡᠮ ᠢ ᠮᠠᠭᠠᠳᠯᠠᠨ ᠲᠤᠭᠲᠠᠭᠠᠬᠤ ᠨᠥᠬᠦᠴᠡᠯ ᠳᠤ ᠨᠡᠶᠢᠴᠡᠪᠡᠯ᠂ | ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠠᠯᠪᠠᠨ ᠰᠦᠯᠵᠢᠶ᠎ᠡ ᠪᠠ ︽ᠪᠥᠬᠦ | ᠤᠯᠤᠰ ᠤᠨ ᠮᠠᠰᠢᠨ ᠲᠡᠷᠭᠡᠨ ᠤ ᠬᠦᠢᠯᠭᠡᠭᠡᠨ ᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠬᠡᠷᠡᠭᠯᠡᠭᠡᠨ ᠤ ᠦᠢᠯᠡᠴᠢᠯᠡᠭᠡ | ︾ ᠶᠢᠨ ᠰᠢᠰᠲ᠋ᠧᠮ ᠳᠤ ᠢᠯᠡ ᠨᠡᠶᠢᠲᠡᠯᠡᠵᠦ᠂ ᠢᠯᠡ ᠨᠡᠶᠢᠲᠡᠯᠡᠬᠦ ᠬᠤᠭᠤᠴᠠᠭ᠎ᠠ ᠨᠢ 5 ᠠᠵᠢᠯᠯᠠᠬᠤ ᠡᠳᠦᠷ ᠠᠴᠠ | ᠳᠤᠲᠠᠭᠤ ᠪᠠᠶᠢᠵᠤ ᠪᠣᠯᠬᠤ ᠥᠬᠡᠶ︔ | 4. ᠬᠢᠷᠢ ᠬᠡᠮ ᠢ ᠮᠠᠭᠠᠳᠯᠠᠨ ᠲᠤᠭᠲᠠᠭᠠᠬᠤ ᠢᠯᠡ ᠨᠡᠶᠢᠲᠡᠯᠡᠭᠰᠡᠨ ᠦᠷ᠎ᠡ ᠳ᠋ᠦᠡᠭ ᠳᠤ ᠣᠨᠳᠣᠣ ᠰᠠᠨᠠᠯ ᠲᠠᠢ | ᠪᠠᠶᠢᠪᠠᠯ᠂ ᠬᠡᠷᠡᠭᠴᠡᠭᠡ ᠪᠠᠨ ᠦᠨᠳᠦᠰᠦᠯᠡᠨ ᠭᠡᠷᠡᠴᠢᠯᠡᠭᠡ ᠰᠣᠨᠣᠰᠬᠤ ᠬᠤᠷᠠᠯ ᠢ ᠵᠣᠬᠢᠶᠠᠨ ᠪᠠᠶᠢᠭᠤᠯᠬᠤ᠂ ᠲᠤᠰᠬᠠᠶ | ᠮᠡᠷᠭᠡᠵᠢᠯᠲᠡᠨ ᠤ ᠲᠠᠬᠢᠨ ᠦᠨᠡᠯᠡᠵᠦ ᠲᠠᠬᠢᠨ ᠬᠢᠨᠠᠬᠤ ᠵᠡᠷᠭᠡ ᠪᠠᠷ ᠳᠠᠮᠵᠢᠭᠤᠯᠤᠨ ᠣᠨᠳᠣᠣ ᠰᠠᠨᠠᠯ ᠢ ᠬᠢᠨᠠᠨ | ᠬᠠᠷᠭᠤᠭᠤᠯᠤᠨ᠎ᠠ᠃ ᠬᠢᠷᠢ ᠬᠡᠮ ᠢ ᠮᠠᠭᠠᠳᠯᠠᠨ ᠲᠣᠭᠲᠠᠭᠠᠬᠤ ᠨᠥᠬᠦᠴᠡᠯ ᠳᠤ ᠨᠡᠶᠢᠴᠡᠬᠦ ᠥᠬᠡᠶ ᠪᠠᠶᠢᠪᠠᠯ᠂ | ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠬᠢᠷᠢ ᠬᠡᠮ ᠢ ᠮᠠᠭᠠᠳᠯᠠᠨ | ᠲᠣᠭᠲᠠᠭᠠᠬᠤ ᠥᠬᠡᠶ ᠲᠣᠭᠲᠠᠭᠠᠯ ᠭᠠᠷᠭᠠᠬᠤ ᠶᠢᠨ ᠬᠠᠮᠲᠤ ᠰᠢᠯᠲᠠᠭᠠᠨ ᠢᠶᠠᠨ ᠪᠢᠴᠢᠭ ᠢᠶᠠᠷ ᠲᠣᠳᠣᠷᠬᠠᠶᠢᠯᠠᠨ᠎ᠠ︔ | ᠢᠯᠡ ᠨᠡᠶᠢᠲᠡᠯᠡᠬᠦ ᠳᠤ ᠣᠨᠳᠣᠤ ᠰᠠᠨᠠᠯ ᠥᠬᠡᠶ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ | ᠶᠠᠪᠤᠳᠠᠯ ᠤᠨ ᠲᠢᠩᠬᠢᠮ ᠠᠴᠠ ︽ᠪᠥᠬᠦ ᠤᠯᠤᠰ ᠤᠨ ᠮᠠᠰᠢᠨ ᠲᠡᠷᠭᠡᠨ ᠤ ᠬᠦᠢᠯᠭᠡᠭᠡᠨ ᠤ ᠮᠡᠳᠡᠭᠡ ᠵᠠᠩᠭᠢ ᠶᠢᠨ | ᠬᠠᠮᠢᠶᠠᠷᠤᠯᠲᠠ ᠶᠢᠨ ᠬᠡᠷᠡᠭᠯᠡᠭᠡᠨ ᠤ ᠦᠢᠯᠡᠴᠢᠯᠡᠭᠡ︾ ᠶᠢᠨ ᠰᠢᠰᠲ᠋ᠧᠮ ᠳᠤ ᠭᠤᠶᠤᠴᠢᠯᠠᠯ ᠢ ᠪᠠᠲᠤᠯᠠᠭᠤᠯᠵᠤ᠂ ᠠᠵᠤ | ᠠᠬᠤᠶᠢᠯᠠᠯ ᠤᠨ ᠲᠠᠩᠰᠠᠨ ᠡᠷᠦᠬᠡ ᠶᠢ ᠪᠠᠶᠢᠭᠤᠯᠬᠤ ᠶᠢᠨ ᠬᠠᠮᠲᠤ ︽ᠬᠢᠷᠢ ᠬᠡᠮ ᠢ ᠮᠠᠭᠠᠳᠯᠠᠨ ᠲᠤᠭᠲᠠᠭᠠᠭᠰᠠᠨ | ᠦᠨᠡᠮᠯᠡᠯ︾ ᠣᠯᠭᠤᠨ᠎ᠠ᠃ | ᠲᠦᠷᠪᠡ᠂ ᠰᠠᠯᠪᠤᠷᠢ ᠪᠠᠶᠢᠭᠤᠯᠤᠮᠵᠢ ᠶᠢ ᠪᠠᠶᠢᠭᠤᠯᠬᠤ ᠪᠠ ᠠᠵᠤ ᠠᠬᠤᠶᠢᠯᠠᠯ ᠬᠠᠮᠢᠶᠠᠷᠤᠯᠲᠠ ᠪᠠᠨ | ᠬᠤᠪᠢᠷᠠᠭᠤᠯᠬᠤ | ︵ᠨᠢᠭᠡ︶ ᠰᠠᠯᠪᠤᠷᠢ ᠪᠠᠶᠢᠭᠤᠯᠤᠮᠵᠢ ᠶᠢ ᠪᠠᠶᠢᠭᠤᠯᠬᠤ | ᠨᠢᠭᠡᠨᠲᠡ ᠬᠢᠷᠢ ᠬᠡᠮ ᠣᠯᠤᠭᠰᠠᠨ ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ ᠬᠤᠷᠢᠶᠠᠨ | ᠠᠪᠴᠦ ᠵᠠᠳᠠᠯᠤᠨ ᠰᠠᠯᠭᠠᠬᠤ ᠠᠵᠦ ᠠᠬᠤᠶᠢᠯᠠᠯ ᠨᠢ ᠰᠠᠯᠪᠤᠷᠢ ᠪᠠᠶᠢᠭᠤᠯᠤᠮᠵᠢ ᠪᠠᠶᠢᠭᠤᠯᠤᠭᠰᠠᠨ ᠪᠠᠶᠢᠪᠠᠯ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠩᠰᠠᠯᠠᠭᠤᠯᠤᠭᠰᠠᠨ ᠤ ᠳᠠᠷᠠᠭ᠎ᠠ 30 | ᠡᠳᠦᠷ ᠤᠨ ᠳᠣᠲᠣᠷ᠎ᠠ ︽ᠪᠥᠬᠦ ᠤᠯᠤᠰ ᠤᠨ ᠮᠠᠰᠢᠨ ᠲᠡᠷᠭᠡᠨ ᠤ ᠬᠦᠢᠯᠭᠡᠭᠡᠨ ᠤ ᠮᠡᠳᠡᠭᠡ ᠵᠠᠩᠭᠢ ᠶᠢᠨ | ᠬᠠᠮᠢᠶᠠᠷᠤᠯᠲᠠ ᠶᠢᠨ ᠬᠡᠷᠡᠭᠯᠡᠭᠡᠨ ᠤ ᠦᠢᠯᠡᠴᠢᠯᠡᠭᠡ︾ ᠶᠢᠨ ᠰᠢᠰᠲ᠋ᠧᠮ ᠢᠶᠠᠷ ᠳᠠᠮᠵᠢᠭᠤᠯᠤᠨ ᠰᠠᠯᠪᠤᠷᠢ | ᠪᠠᠶᠢᠭᠤᠯᠤᠮᠵᠢ ᠶᠢᠨ ᠳᠠᠩᠰᠠᠯᠠᠭᠤᠯᠤᠨ ᠪᠦᠷᠢᠳᠬᠡᠭᠦᠯᠦᠭᠰᠡᠨ ᠪᠠᠶᠢᠭ᠎ᠠ ᠭᠠᠵᠠᠷ ᠤᠨ ᠢᠶᠠᠨ ᠮᠤᠵᠢ ᠶᠢᠨ ᠱᠠᠲᠤᠨ ᠤ | ᠬᠤᠳᠠᠯᠳᠤᠭᠠᠨ ᠤ ᠶᠠᠪᠤᠳᠠᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠳᠠᠩᠰᠠᠯᠠᠭᠤᠯᠬᠤ ᠶᠢᠨ ᠬᠠᠮᠲᠤ | ᠳᠣᠤᠷᠠᠬᠢ ᠮᠠᠲ᠋ᠧᠷᠢᠶᠠᠯ ᠤᠨ ᠡᠯᠧᠺᠲᠷᠣᠨ ᠪᠢᠴᠢᠭ ᠮᠠᠲ᠋ᠧᠷᠢᠶᠠᠯ ᠢ ᠳᠡᠭᠡᠭᠰᠢ ᠳᠠᠮᠵᠢᠭᠤᠯᠬᠤ ᠬᠡᠷᠡᠭᠲᠡᠶ᠄ | 1.ᠰᠠᠯᠪᠤᠷᠢ ᠪᠠᠶᠢᠭᠤᠯᠤᠮᠵᠢ ᠶᠢᠨ ᠢᠶᠠᠨ ︽ᠡᠵᠡᠩᠨᠡᠯᠲᠡ ᠶᠢᠨ ᠦᠨᠡᠮᠯᠡᠯ︾︔ | 2. ︽ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ ᠬᠤᠷᠢᠶᠠᠨ ᠠᠪᠴᠦ ᠵᠠᠳᠠᠯᠤᠨ ᠰᠠᠯᠭᠠᠬᠤ | ᠠᠵᠦ ᠠᠬᠤᠶᠢᠯᠠᠯ ᠤᠨ ᠰᠠᠯᠪᠤᠷᠢ ᠪᠠᠶᠢᠭᠤᠯᠤᠮᠵᠢ ᠶᠢᠨ ᠳᠠᠩᠰᠠᠯᠠᠭᠤᠯᠤᠭᠰᠠᠨ ᠮᠡᠳᠡᠭᠡ ᠵᠠᠩᠭᠢ ᠶᠢᠨ ᠬᠦᠰᠦᠨᠦᠭᠲᠦ︾᠃ | ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ ᠬᠤᠷᠢᠶᠠᠨ ᠠᠪᠴᠦ ᠵᠠᠳᠠᠯᠤᠨ ᠰᠠᠯᠭᠠᠬᠤ ᠠᠵᠦ | ᠠᠬᠤᠶᠢᠯᠠᠯ ᠤᠨ ᠰᠠᠯᠪᠤᠷᠢ ᠪᠠᠶᠢᠭᠤᠯᠤᠮᠵᠢ ᠨᠢ ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ ᠰᠠᠯᠭᠠᠨ | ᠵᠠᠳᠠᠯᠵᠤ ᠪᠣᠯᠬᠤ ᠦᠬᠡᠢ᠂ ᠳᠠᠩᠰᠠᠯᠠᠭᠤᠯᠤᠭᠰᠠᠨ ᠦᠬᠡᠢ ᠰᠠᠯᠪᠤᠷᠢ ᠪᠠᠶᠢᠭᠤᠯᠤᠮᠵᠢ ᠨᠢ ᠬᠡᠷᠡᠭᠴᠡᠭᠡᠨ ᠠᠴᠠ ᠪᠠᠨ | ᠭᠠᠷᠤᠭᠰᠠᠨ ᠮᠠᠰᠢᠨ ᠲᠡᠷᠭᠡ ᠶᠢ ᠬᠤᠷᠢᠶᠠᠨ ᠠᠪᠴᠦ ᠪᠣᠯᠬᠤ ᠦᠬᠡᠢ᠃ ᠬᠠᠷᠢᠶᠠᠲᠤ ᠣᠷᠣᠨ ᠤ ᠳᠣᠲᠣᠷᠠᠬᠢ ᠬᠤᠷᠢᠶᠠᠨ | ᠠᠪᠴᠦ ᠵᠠᠳᠠᠯᠤᠨ ᠰᠠᠯᠭᠠᠬᠤ ᠠᠵᠦ ᠠᠬᠤᠶᠢᠯᠠᠯ ᠤᠨ ᠰᠠᠯᠪᠤᠷᠢ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ | ᠦᠨᠡᠨᠬᠦ ᠴᠢᠩᠭᠠᠳᠬᠠᠵᠤ᠂ ᠵᠠᠬ᠎ᠠ ᠳᠡᠯᠭᠡᠭᠦᠷ ᠤᠨ ᠬᠡᠪ ᠤᠨ ᠡᠵᠡᠩᠨᠡᠯᠲᠡ ᠶᠢᠨ ᠡᠮᠬᠢ ᠳᠢᠭᠯᠢᠮ ᠢ ᠦᠨᠡᠨᠬᠦ ᠰᠠᠶᠢᠲᠤᠷ | ᠬᠠᠮᠠᠭᠠᠯᠠᠵᠤ᠂ ᠬᠡᠲᠦ ᠥᠷᠢᠰᠥᠯᠳᠦᠬᠦ ᠠᠴᠠ ᠵᠠᠶᠢᠯᠠᠰᠬᠢᠵᠦ᠂ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠶ᠃ | | ︵ᠬᠤᠶᠠᠷ︶ ᠬᠢᠷᠢ ᠬᠡᠮ ᠤᠨ ᠦᠨᠡᠮᠯᠡᠯ ᠤᠨ ᠮᠡᠳᠡᠭᠡ ᠵᠠᠩᠭᠢ ᠶᠢ ᠬᠤᠪᠢᠷᠠᠭᠤᠯᠬᠤ | ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ ᠬᠤᠷᠢᠶᠠᠨ ᠠᠪᠴᠦ ᠵᠠᠳᠠᠯᠤᠨ ᠰᠠᠯᠭᠠᠬᠤ ᠠᠵᠦ | ᠠᠬᠤᠶᠢᠯᠠᠯ ᠤᠨ ᠨᠡᠷᠡᠶᠢᠳᠦᠯ᠂ ᠰᠠᠭᠤᠭ᠎ᠠ ᠭᠠᠵᠠᠷ ᠪᠤᠶᠤ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠳᠤ | ᠬᠤᠪᠢᠷᠠᠯᠲᠠ ᠭᠠᠷᠪᠠᠯ᠂ ᠬᠤᠷᠢᠶᠠᠨ ᠠᠪᠴᠦ ᠵᠠᠳᠠᠯᠤᠨ ᠰᠠᠯᠭᠠᠬᠤ ᠠᠵᠤ ᠠᠬᠤᠶᠢᠯᠠᠯ ᠨᠢ ᠮᠡᠳᠡᠭᠡ ᠵᠠᠩᠭᠢ ᠪᠠᠨ | ᠬᠤᠪᠢᠷᠠᠭᠤᠯᠤᠭᠰᠠᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ︽ᠪᠥᠬᠦ ᠤᠯᠤᠰ ᠤᠨ ᠮᠠᠰᠢᠨ ᠲᠡᠷᠭᠡᠨ ᠤ | ᠬᠦᠢᠯᠭᠡᠭᠡᠨ ᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠬᠡᠷᠡᠭᠯᠡᠭᠡᠨ ᠤ ᠦᠢᠯᠡᠴᠢᠯᠡᠭᠡ︾ ᠶᠢᠨ ᠰᠢᠰᠲ᠋ᠧᠮ ᠢᠶᠠᠷ | ᠳᠠᠮᠵᠢᠭᠤᠯᠤᠨ ᠬᠤᠪᠢᠷᠠᠭᠤᠯᠬᠤ ᠲᠣᠳᠣᠷᠬᠠᠶᠢᠯᠠᠯᠲᠠ ᠵᠢᠴᠢ ᠬᠤᠪᠢᠷᠠᠭᠤᠯᠤᠭᠰᠠᠨ ᠤ ᠳᠠᠷᠠᠭᠠᠬᠢ ︽ᠡᠵᠡᠩᠨᠡᠯᠲᠡ ᠶᠢᠨ | ᠦᠨᠡᠮᠯᠡᠯ︾ ᠢᠶᠠᠨ ᠳᠡᠭᠡᠭᠰᠢ ᠳᠠᠮᠵᠢᠭᠤᠯᠵᠤ᠂ ᠵᠠᠳᠠᠯᠤᠨ ᠰᠠᠯᠭᠠᠬᠤ ᠡᠵᠡᠩᠨᠡᠯᠲᠡ ᠶᠢᠨ ᠲᠠᠯᠠᠪᠤᠷ ᠭᠠᠵᠠᠷ ᠤᠨ ᠪᠠᠶᠢᠭ᠎ᠠ | ᠭᠠᠵᠠᠷ ᠤᠨ ᠮᠤᠵᠢ ᠶᠢᠨ ᠱᠠᠲᠤᠨ ᠤ ᠬᠤᠳᠠᠯᠳᠤᠭᠠᠨ ᠤ ᠶᠠᠪᠤᠳᠠᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ | ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ ︽ᠬᠢᠷᠢ ᠬᠡᠮ ᠢ ᠮᠠᠭᠠᠳᠯᠠᠨ ᠲᠣᠭᠲᠠᠭᠠᠭᠰᠠᠨ ᠪᠢᠴᠢᠭ︾ ᠢ ᠰᠣᠯᠢᠵᠤ | ᠣᠯᠭᠤᠬᠤ ᠬᠡᠷᠡᠭᠲᠡᠶ᠃ | ︵ᠭᠤᠷᠪᠠ︶ ᠨᠡᠭᠦᠯᠭᠡᠨ ᠪᠠᠶᠢᠭᠤᠯᠬᠤ ᠪᠠ ᠥᠭᠡᠷᠡᠴᠢᠯᠡᠵᠦ ᠥᠷᠭᠡᠳᠬᠡᠨ ᠪᠠᠶᠢᠭᠤᠯᠬᠤ | ᠨᠢᠭᠡᠨᠲᠡ ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ ᠬᠤᠷᠢᠶᠠᠨ ᠠᠪᠴᠦ ᠵᠠᠳᠠᠯᠤᠨ ᠰᠠᠯᠭᠠᠬᠤ | ᠠᠵᠦ ᠠᠬᠤᠶᠢᠯᠠᠯ ᠨᠢ ᠵᠠᠳᠠᠯᠤᠨ ᠰᠠᠯᠭᠠᠬᠤ ᠡᠵᠡᠩᠨᠡᠯᠲᠡ ᠶᠢᠨ ᠲᠠᠯᠠᠪᠤᠷ ᠭᠠᠵᠠᠷ ᠢᠶᠠᠨ ᠨᠡᠭᠦᠯᠭᠡᠨ ᠪᠠᠶᠢᠭᠤᠯᠬᠤ᠂ | ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠳᠤ ᠭᠦᠷᠪᠡᠯ᠂ ᠬᠤᠷᠢᠶᠠᠨ ᠠᠪᠴᠦ ᠵᠠᠳᠠᠯᠤᠨ ᠰᠠᠯᠭᠠᠬᠤ | ᠠᠵᠤ ᠠᠬᠤᠶᠢᠯᠠᠯ ᠤᠨ ᠬᠢᠷᠢ ᠬᠡᠮ ᠢ ᠮᠠᠭᠠᠳᠯᠠᠨ ᠲᠤᠭᠲᠠᠭᠠᠬᠤ ᠪᠠᠷ ᠳᠠᠭᠢᠵᠤ ᠭᠤᠶᠤᠴᠢᠯᠠᠬᠤ ᠬᠡᠷᠡᠭᠲᠡᠶ᠃ | ᠭᠤᠶᠤᠴᠢᠯᠠᠯ ᠨᠢ ᠬᠢᠷᠢ ᠬᠡᠮ ᠢ ᠮᠠᠭᠠᠳᠯᠠᠨ ᠲᠣᠭᠲᠠᠭᠠᠬᠤ ᠨᠥᠬᠦᠴᠡᠯ ᠳᠤ ᠨᠡᠶᠢᠴᠡᠭᠰᠡᠨ ᠪᠠᠶᠢᠪᠠᠯ᠂ ︽ᠬᠢᠷᠢ ᠬᠡᠮ ᠢ | ᠮᠠᠭᠠᠳᠯᠠᠨ ᠲᠣᠭᠲᠠᠭᠠᠬᠤ ᠪᠢᠴᠢᠭ︾ ᠢ ᠰᠣᠯᠢᠵᠤ ᠣᠯᠭᠤᠨ᠎ᠠ︔ ᠬᠢᠷᠢ ᠬᠡᠮ ᠢ ᠮᠠᠭᠠᠳᠯᠠᠨ ᠲᠣᠭᠲᠠᠭᠠᠬᠤ | ᠨᠥᠬᠦᠴᠡᠯ ᠳᠤ ᠨᠡᠶᠢᠴᠡᠬᠦ ᠥᠬᠡᠶ ᠪᠠᠶᠢᠪᠠᠯ᠂ ᠤᠤᠯ ᠤᠨ ᠦᠨᠡᠮᠯᠡᠯ ᠣᠯᠭᠤᠭᠰᠠᠨ ᠪᠠᠶᠢᠭᠤᠯᠭ᠎ᠠ ᠠᠴᠠ ᠲᠡᠭᠦᠨ ᠤ ︽ | ᠬᠢᠷᠢ ᠬᠡᠮ ᠢ ᠮᠠᠭᠠᠳᠯᠠᠨ ᠲᠣᠭᠲᠠᠭᠠᠭᠰᠠᠨ ᠪᠢᠴᠢᠭ︾ ᠢ ᠨᠢ ᠬᠦᠴᠦᠨ ᠥᠬᠡᠶ ᠪᠣᠯᠭᠠᠨ᠎ᠠ᠃ | ︵ᠲᠥᠷᠪᠡ︶ ᠬᠢᠷᠢ ᠬᠡᠮ ᠲᠠᠢ ᠪᠣᠯᠤᠭᠰᠠᠨ ᠬᠤᠷᠢᠶᠠᠨ ᠠᠪᠴᠦ ᠵᠠᠳᠠᠯᠤᠨ ᠰᠠᠯᠭᠠᠬᠤ ᠠᠵᠦ ᠠᠬᠤᠶᠢᠯᠠᠯ ᠢ | ᠲᠡᠰ ᠳᠡᠪᠰᠢᠭᠦᠯᠦᠨ ᠥᠭᠡᠷᠡᠴᠢᠯᠡᠬᠦ | ︽ᠬᠡᠷᠡᠭᠵᠢᠭᠦᠯᠬᠦ ᠨᠠᠷᠢᠨ ᠲᠦᠷᠢᠮ︾ ᠢ ᠬᠡᠷᠡᠭᠵᠢᠭᠦᠯᠬᠦ ᠠᠴᠠ ᠡᠮᠦᠨ᠎ᠡ ᠨᠢᠭᠡᠨᠲᠡ ᠬᠡᠷᠡᠭᠴᠡᠭᠡᠨ ᠠᠴᠠ ᠪᠠᠨ | ᠭᠠᠷᠤᠭᠰᠠᠨ ᠮᠠᠰᠢᠨ ᠲᠡᠷᠭᠡ ᠶᠢ ᠬᠤᠷᠢᠶᠠᠨ ᠠᠪᠴᠦ ᠵᠠᠳᠠᠯᠤᠨ ᠰᠠᠯᠭᠠᠬᠤ ᠬᠢᠷᠢ ᠬᠡᠮ ᠢ ᠣᠯᠤᠭᠰᠠᠨ ᠠᠵᠤ | ᠠᠬᠤᠶᠢᠯᠠᠯ ᠨᠢ᠂ ᠨᠠᠷᠢᠨ ᠲᠦᠷᠢᠮ ᠢ ᠬᠡᠷᠡᠭᠵᠢᠭᠦᠯᠦᠭᠰᠡᠨ ᠤ ᠳᠠᠷᠠᠭᠠᠬᠢ ᠬᠤᠶᠠᠷ ᠵᠢᠯ ᠤᠨ ᠳᠣᠲᠣᠷ᠎ᠠ ︵2022 | ᠣᠨ ᠤ 9 ᠳ᠋ᠦᠭᠡᠷ ᠰᠠᠷ᠎ᠠ ᠶᠢᠨ 1 ᠤ ᠡᠳᠦᠷ ᠠᠴᠠ ᠡᠮᠦᠨ᠎ᠡ︶ ᠰᠢᠨ᠎ᠡ ᠪᠠᠷ ᠨᠡᠮᠡᠭᠳᠡᠭᠰᠡᠨ ᠬᠤᠷᠢᠶᠠᠨ ᠠᠪᠴᠦ | ᠵᠠᠳᠠᠯᠤᠨ ᠰᠠᠯᠭᠠᠬᠤ ᠠᠵᠤ ᠠᠬᠤᠶᠢᠯᠠᠯ ᠤᠨ ᠮᠡᠳᠡᠭᠦᠯᠬᠦ ᠲᠠᠰ ᠲᠠᠷᠠᠭᠠᠯᠠᠯ ᠪᠠ ᠨᠥᠬᠦᠴᠡᠯ ᠪᠠᠷᠢᠮᠵᠢᠶ᠎ᠠ ᠶᠢᠨ ᠶᠣᠰᠣᠭᠠᠷ᠂ | ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠳᠤ ᠬᠢᠷᠢ ᠬᠡᠮ ᠢ ᠨᠢ ᠳᠠᠬᠢᠨ ᠮᠠᠭᠠᠳᠯᠠᠨ | ᠲᠤᠭᠲᠠᠭᠠᠯᠭᠠᠬᠤ ᠪᠠᠷ ᠭᠤᠶᠤᠴᠢᠯᠠᠬᠤ ᠬᠡᠷᠡᠭᠲᠡᠶ᠃ ᠬᠢᠷᠢ ᠬᠡᠮ ᠢ ᠮᠠᠭᠠᠳᠯᠠᠨ ᠲᠣᠭᠲᠠᠭᠠᠬᠤ ᠪᠠᠷ ᠳᠠᠮᠵᠢᠭᠰᠠᠨ ᠪᠠᠶᠢᠪᠠᠯ | ᠂ ︽ᠬᠢᠷᠢ ᠬᠡᠮ ᠢ ᠮᠠᠭᠠᠳᠯᠠᠨ ᠲᠣᠭᠲᠠᠭᠠᠭᠰᠠᠨ ᠪᠢᠴᠢᠭ︾ ᠢ ᠰᠣᠯᠢᠵᠤ ᠣᠯᠭᠤᠨ᠎ᠠ︔ ᠬᠤᠶᠠᠷ ᠵᠢᠯ ᠬᠡᠲᠦᠷᠡᠲᠡᠯ᠎ᠡ | ᠬᠢᠷᠢ ᠬᠡᠮ ᠤᠨ ᠮᠠᠭᠠᠳᠯᠠᠨ ᠲᠣᠭᠲᠠᠭᠠᠯᠲᠠ ᠳᠤ ᠬᠢᠷᠢ ᠲᠡᠩᠴᠡᠭᠰᠡᠨ ᠦᠭᠡᠢ ᠪᠠᠶᠢᠪᠠᠯ᠂ ᠲᠡᠭᠦᠨ ᠤ ︽ᠬᠢᠷᠢ ᠬᠡᠮ ᠤᠨ | ᠮᠠᠭᠠᠳᠯᠠᠨ ᠲᠣᠭᠲᠠᠭᠠᠯᠲᠠ ᠶᠢᠨ ᠪᠢᠴᠢᠭ︾ ᠢ ᠨᠢ ᠬᠦᠴᠦᠨ ᠦᠭᠡᠢ ᠪᠣᠯᠭᠠᠨ᠎ᠠ᠃ ᠠᠶᠢᠮᠠᠭ ᠬᠤᠲᠠ᠂ ᠬᠤᠰᠢᠭᠤ | ᠰᠢᠶᠠᠨ ᠤ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠤᠳ ᠬᠠᠷᠢᠶ᠎ᠠ ᠣᠷᠣᠨ ᠤ ᠳᠣᠲᠣᠷᠠᠬᠢ ᠬᠤᠷᠢᠶᠠᠨ | ᠠᠪᠴᠦ ᠵᠠᠳᠠᠯᠤᠨ ᠰᠠᠯᠭᠠᠬᠤ ᠠᠵᠤ ᠠᠬᠤᠶᠢᠯᠠᠯ ᠤᠨ ︽ᠮᠡᠷᠭᠡᠵᠢᠯ ᠤᠨ ᠲᠦᠷᠢᠮᠵᠢᠯ︾ ᠪᠠ ︽ᠬᠡᠷᠡᠭᠵᠢᠭᠦᠯᠬᠦ ᠨᠠᠷᠢᠨ | ᠲᠦᠷᠢᠮ︾ ᠤᠨ ᠶᠣᠰᠣᠭᠠᠷ ᠲᠠᠰ ᠳᠡᠪᠰᠢᠭᠦᠯᠦᠨ ᠥᠭᠡᠷᠡᠴᠢᠯᠡᠬᠦ ᠠᠵᠢᠯ ᠢ ᠴᠠᠭ ᠲᠤᠬᠠᠶ ᠳᠤᠨᠢ ᠪᠡᠶᠡᠯᠡᠭᠦᠯᠬᠦ ᠶᠢ | ᠰᠢᠮᠳᠠᠭᠤᠯᠤᠨ ᠵᠢᠯᠣᠭᠤᠳᠤᠨ᠎ᠠ᠃ | ᠲᠠᠪᠤ᠂ ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ ᠬᠤᠷᠢᠶᠠᠨ ᠠᠪᠴᠦ ᠵᠠᠳᠠᠯᠤᠨ ᠰᠠᠯᠭᠠᠬᠤ | ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ | ︵ᠨᠢᠭᠡ︶ ᠬᠠᠮᠲᠤᠷᠠᠭᠰᠠᠨ ᠬᠤᠷᠠᠯᠳᠤᠭᠠᠨ ᠤ ᠲᠦᠷᠢᠮ ᠢ ᠪᠠᠶᠢᠭᠤᠯᠤᠨ᠎ᠠ | ᠡᠯ᠎ᠡ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠲᠦᠷᠦᠭᠦᠯᠡᠨ ᠬᠠᠷᠢᠭᠤᠴᠠᠬᠤ | ᠰᠠᠯᠠᠭ᠎ᠠ ᠮᠥᠴᠢᠷ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ | ᠲᠡᠷᠭᠡ ᠶᠢ ᠬᠤᠷᠢᠶᠠᠨ ᠠᠪᠴᠦ ᠵᠠᠳᠠᠯᠤᠨ ᠰᠠᠯᠭᠠᠬᠤ ᠬᠠᠮᠢᠶᠠᠷᠤᠯᠲᠠ ᠶᠢᠨ ᠠᠯᠪᠠᠨ ᠠᠵᠢᠯ ᠤᠨ ᠬᠠᠮᠲᠤᠷᠠᠭᠰᠠᠨ ᠬᠤᠷᠠᠯ | ᠤᠨ ᠳᠦᠷᠢᠮ ᠢ ᠪᠡᠯᠡᠳᠬᠡᠨ ᠪᠠᠶᠢᠭᠤᠯᠵᠤ᠂ ᠪᠦᠷᠢᠯᠳᠦᠬᠦᠨ ᠨᠢᠭᠡᠴᠡ ᠳᠤ ᠬᠤᠳᠠᠯᠳᠤᠭᠠᠨ ᠤ ᠶᠠᠪᠤᠳᠠᠯ᠂ | ᠬᠥᠭᠵᠢᠭᠦᠯᠦᠯᠲᠡ ᠪᠤᠯᠤᠨ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢ᠂ ᠳᠣᠲᠣᠭᠠᠳᠤ ᠶᠢ | ᠬᠠᠮᠠᠭᠠᠯᠠᠬᠤ᠂ ᠠᠮᠢ ᠠᠬᠤᠶ ᠣᠷᠴᠢᠨ ᠲᠣᠭᠤᠷᠢᠨ᠂ ᠵᠠᠮ ᠬᠠᠷᠢᠯᠴᠠᠭ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠳ ᠢ ᠪᠠᠭᠲᠠᠭᠠᠵᠤ᠂ ᠠᠯᠪᠠᠨ ᠭᠡᠷ ᠢ ᠨᠢ ᠠᠶᠢᠮᠠᠭ ᠬᠤᠳᠠ ᠶᠢᠨ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠳᠤ ᠪᠠᠶᠢᠭᠤᠯᠤᠨ᠎ᠠ᠂ ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ | ᠲᠡᠷᠭᠡ ᠶᠢ ᠬᠤᠷᠢᠶᠠᠨ ᠠᠪᠴᠦ ᠵᠠᠳᠠᠯᠤᠨ ᠰᠠᠯᠭᠠᠬᠤ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠬᠡᠷᠡᠭ ᠤᠴᠢᠷ ᠲᠤ | ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠤᠷᠠᠯ ᠬᠤᠷᠠᠯᠳᠤᠭᠤᠯᠵᠤ᠂ | ᠴᠢᠬᠤᠯᠠ ᠶᠡᠭᠡ ᠬᠡᠷᠡᠭ ᠤᠴᠢᠷ ᠢ ᠠᠶᠢᠮᠠᠭ ᠬᠤᠳᠠ ᠶᠢᠨ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ | ᠲᠣᠭᠲᠠᠭᠠᠯᠭᠠᠬᠤ ᠬᠡᠷᠡᠭᠲᠡᠶ᠃ | ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠬᠦ ᠬᠡᠷᠡᠭᠲᠡᠶ | ᠬᠠᠮᠲᠤᠷᠠᠭᠰᠠᠨ ᠬᠤᠷᠠᠯ ᠤᠨ ᠠᠯᠪᠠᠨ ᠬᠡᠷ ᠨᠢ ᠡᠯ᠎ᠡ ᠪᠦᠷᠢᠯᠳᠦᠬᠦᠨ ᠨᠢᠭᠡᠴᠡ ᠤᠳ ᠯᠤᠭ᠎ᠠ ᠶᠢᠨ | ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠵᠢᠨᠬᠠᠮᠲᠤᠷᠠᠯ ᠬᠦᠴᠦᠨ ᠢ ᠬᠦᠢᠴᠡᠳ | ᠪᠠᠳᠠᠷᠠᠭᠤᠯᠤᠨ᠂ ︽ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ ᠬᠤᠷᠢᠶᠠᠨ ᠠᠪᠬᠤ ᠬᠠᠮᠢᠶᠠᠷᠤᠯᠲᠠ ᠶᠢᠨ | ᠠᠷᠭ᠎ᠠ︾ ᠪᠣᠯᠤᠨ ︽ᠬᠡᠷᠡᠭᠵᠢᠭᠦᠯᠬᠦ ᠨᠠᠷᠢᠨ ᠲᠦᠷᠢᠮ︾ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠡᠯ᠎ᠡ | ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠡᠭᠦᠷᠭᠡ ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠬᠦᠢᠴᠡᠳᠭᠡᠬᠦ ᠬᠡᠷᠡᠭᠲᠡᠶ | ᠃ ᠬᠠᠮᠢᠶᠠᠷᠤᠯᠲᠠ ᠶᠢᠨ ᠲᠦᠷᠢᠮ᠂ ᠮᠡᠳᠡᠭᠡ ᠵᠠᠩᠭᠢ ᠶᠢᠨ ᠲᠠᠩᠰᠠ ᠡᠪᠬᠡᠮᠡᠯ ᠪᠠᠶᠢᠭᠤᠯᠬᠤ᠂ ᠠᠯᠪᠠᠨ ᠵᠠᠷ ᠨᠡᠶᠢᠲᠡᠯᠡᠬᠦ᠂ | ᠬᠠᠤᠯᠢ ᠠᠴᠠ ᠵᠥᠷᠢᠴᠡᠭᠰᠡᠨ ᠡᠵᠡᠩᠨᠡᠯᠲᠡ ᠶᠢᠨ ᠢᠯᠡᠴᠢᠯᠡᠨ ᠮᠡᠳᠡᠭᠦᠯᠬᠦ ᠳ᠋ᠢᠶᠠᠩᠬᠤᠸᠠ ᠳᠣᠭᠢᠷᠠᠭᠤᠯᠬᠤ ᠵᠡᠷᠭᠡ ᠣᠯᠠᠨ | ᠵᠤᠶᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠢᠨᠠᠨ ᠬᠠᠮᠢᠶᠠᠷᠬᠤ ᠲᠣᠭᠲᠠᠴᠠ ᠶᠢ ᠪᠦᠷᠢᠨᠰᠢᠬᠦᠯᠦᠨ | ᠲᠡᠭᠦᠯᠳᠡᠷᠵᠢᠭᠦᠯᠵᠦ᠂ ᠠᠵᠢᠯ ᠤᠨ ᠪᠦᠲᠦᠮᠵᠢᠲᠡᠶ ᠦᠷᠨᠢᠬᠦᠯᠬᠦ ᠶᠢ ᠲᠡᠮᠵᠢᠵᠦ᠂ ᠠᠵᠢᠯ ᠲᠥᠷᠥᠯ ᠤᠨ ᠦᠷᠭᠦᠯᠵᠢᠯᠡᠨ | ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ᠃ | ᠬᠤᠷᠢᠶᠠᠨ ᠠᠪᠴᠦ ᠵᠠᠳᠠᠯᠤᠨ ᠰᠠᠯᠭᠠᠬᠤ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠤᠨ᠎ᠠ | ᠡᠯ᠎ᠡ ᠭᠠᠵᠠᠷ ᠤᠳ ︽ᠬᠡᠷᠡᠭᠵᠢᠭᠦᠯᠬᠦ ᠨᠠᠷᠢᠨ ᠲᠥᠷᠢᠮ︾ ᠢ ᠬᠢᠨᠠᠮᠠᠭᠠᠶ ᠲᠤᠭᠤᠰᠢᠭᠤᠯᠤᠨ | ᠨᠠᠶᠢᠳᠠᠪᠤᠷᠢᠵᠢᠭᠤᠯᠵᠤ᠂ ᠬᠤᠷᠢᠶᠠᠨ ᠠᠪᠴᠦ ᠵᠠᠳᠠᠯᠤᠨ ᠰᠠᠯᠭᠠᠬᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠪᠠᠨ | ᠴᠢᠩᠭᠠᠳᠬᠠᠨ᠂ ᠮᠠᠰᠢᠨ ᠤ ᠲᠤᠬᠢᠶᠠᠯᠳᠤᠯ ᠢᠶᠠᠷ ᠰᠤᠭᠤᠴᠢᠨ ᠪᠠᠶᠢᠴᠠᠭᠠᠬᠤ᠂ ᠲᠤᠰᠬᠠᠶ ᠵᠦᠢᠯ ᠢᠶᠠᠷ ᠴᠡᠭᠴᠡᠯᠡᠨ | ᠵᠠᠰᠠᠬᠤ ᠵᠡᠷᠭᠡ ᠠᠷᠭ᠎ᠠ ᠬᠡᠮᠵᠢᠶ᠎ᠡ ᠠᠪᠴᠤ᠂ ᠥᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠨᠢ ᠵᠡᠷᠭᠡᠪᠡᠷ ᠵᠠᠰᠠᠬᠤ᠂ | ᠬᠠᠤᠯᠢ ᠲᠣᠭᠲᠠᠭᠠᠯ ᠶᠣᠰᠣᠭᠠᠷ ᠵᠠᠷᠴᠢᠮ ᠪᠣᠯᠭᠠᠬᠤ ᠶᠢ ᠪᠠᠷᠢᠮᠲᠠᠯᠠᠨ᠂ ᠮᠠᠰᠢᠨ ᠲᠡᠷᠭᠡ ᠶᠢ ᠬᠤᠷᠢᠶᠠᠨ ᠠᠪᠴᠦ ᠵᠠᠳᠠᠯᠤᠨ | ᠰᠠᠯᠭᠠᠬᠤ ᠬᠠᠤᠯᠢ ᠪᠤᠰᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠢᠷᠢ ᠬᠡᠮ ᠲᠠᠢ ᠠᠵᠤ ᠠᠬᠤᠶᠢᠯᠠᠯ ᠤᠨ | ᠦᠢᠯᠡᠳᠪᠦᠷᠢᠯᠡᠯ ᠡᠵᠡᠩᠨᠡᠯᠲᠡ ᠶᠢ ᠵᠢᠷᠤᠮᠵᠢᠭᠤᠯᠤᠨ᠂ ᠬᠤᠷᠢᠶᠠᠨ ᠠᠪᠴᠦ ᠵᠠᠳᠠᠯᠤᠨ ᠰᠠᠯᠭᠠᠬᠤ ᠬᠡᠪ ᠤᠨ | ᠡᠵᠡᠩᠨᠡᠯᠲᠡ ᠶᠢᠨ ᠡᠮᠬᠢ ᠳᠢᠭᠯᠢᠮ ᠢ ᠬᠠᠮᠠᠭᠠᠯᠠᠵᠤ᠂ ᠵᠠᠬ᠎ᠠ ᠳᠡᠯᠭᠡᠭᠦᠷ ᠤᠨ ᠲᠣᠭᠲᠠᠭᠤᠨ ᠪᠠᠶᠢᠬᠤ ᠶᠢ ᠪᠠᠲᠤᠯᠠᠬᠤ | ᠬᠡᠷᠡᠭᠲᠡᠶ᠃ | 1. ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠬᠢᠷᠢ ᠬᠡᠮ ᠲᠠᠢ ᠠᠵᠤ | ᠠᠬᠤᠶᠢᠯᠠᠯ ᠳᠤ᠂ ᠲᠡᠭᠦᠨ ᠤ ᠬᠤᠳᠠᠯᠳᠤᠭᠰᠠᠨ ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢᠨ ︽ᠲᠠᠪᠤᠨ | ᠶᠡᠭᠡ ᠶᠡᠷᠦᠩᠬᠡᠶ ᠪᠦᠲᠦᠴᠡ︾ ᠵᠢᠴᠢ ᠪᠤᠰᠤᠳ ᠰᠡᠯᠪᠢᠭ ᠲᠣᠨᠤᠭ ᠨᠢ ᠬᠠᠮᠢᠶ᠎ᠠ ᠪᠥᠬᠦᠶ ᠱᠠᠭᠠᠷᠳᠠᠯᠭ᠎ᠠ ᠳᠤ ᠨᠡᠶᠢᠴᠡᠬᠦ | ᠥᠬᠡᠶ ᠦᠢᠯᠡ ᠠᠵᠢᠯᠯᠠᠭ᠎ᠠ ᠶᠢ ᠭᠤᠤᠯᠳᠠᠯᠭ᠎ᠠ ᠲᠠᠢ ᠪᠠᠶᠢᠴᠠᠭᠠᠨ᠎ᠠ︔ ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ | ᠲᠡᠷᠭᠡ ᠶᠢ ᠬᠤᠷᠢᠶᠠᠨ ᠠᠪᠴᠤ ᠵᠠᠳᠠᠯᠤᠨ ᠰᠠᠯᠭᠠᠬᠤ ᠲᠦᠷᠢᠮ ᠤᠨ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ︔ | ᠬᠢᠷᠢ ᠬᠡᠮ ᠤᠨ ᠦᠨᠡᠮᠯᠡᠯ ᠢ ᠪᠠᠯᠠᠯᠤᠨ ᠵᠠᠰᠠᠭᠰᠠᠨ᠂ ᠲᠦᠷᠢᠶᠡᠰᠦᠯᠡᠭᠦᠯᠦᠭᠰᠡᠨ᠂ ᠵᠢᠭᠡᠯᠡᠭᠦᠯᠦᠭᠰᠡᠨ ᠪᠤᠶᠤ ᠪᠤᠰᠤᠳ | ᠬᠡᠯᠪᠡᠷᠢ ᠪᠠᠷ ᠬᠠᠤᠯᠢ ᠪᠤᠰᠤ ᠪᠠᠷ ᠰᠢᠯᠵᠢᠭᠦᠯᠦᠨ ᠥᠭᠭᠦᠭᠰᠡᠨ ᠠᠵᠢᠯᠯᠠᠭ᠎ᠠ︔ ᠬᠤᠳᠠᠯᠳᠤᠭᠰᠠᠨ ︽ᠲᠠᠪᠤᠨ ᠶᠡᠭᠡ | ᠶᠡᠷᠦᠩᠬᠡᠶ ᠪᠦᠳᠦᠴᠡ︾ ᠠᠴᠠ ᠭᠠᠳᠠᠨᠠᠬᠢ ᠰᠡᠯᠪᠢᠭ ᠲᠤᠨᠤᠭ ᠲᠤ ︽ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ | ᠲᠡᠷᠭᠡ ᠶᠢᠨ ᠬᠤᠷᠢᠶᠠᠨ ᠠᠪᠤᠭᠰᠠᠨ ᠲᠤᠨᠤᠭ︾ ᠭᠡᠵᠦ ᠲᠣᠳᠣᠷᠬᠠᠶᠢᠯᠠᠭᠰᠠᠨ ᠦᠭᠡᠢ ᠦᠢᠯᠡ ᠠᠵᠢᠯᠯᠠᠭ᠎ᠠ︔ ︽ | ᠲᠠᠪᠤᠨ ᠶᠡᠭᠡ ᠶᠡᠷᠦᠩᠬᠡᠶ ᠪᠦᠳᠦᠴᠡ︾ ᠤ ᠮᠡᠳᠡᠭᠡ ᠵᠠᠩᠭᠢ ᠶᠢ ᠦᠨᠡᠨ ᠮᠥᠨ ᠢᠶᠠᠷ ᠨᠢ ᠲᠡᠮᠳᠡᠭᠯᠡᠭᠰᠡᠨ ᠥᠭᠡᠢ ᠪᠥᠭᠡᠳ | ᠮᠡᠳᠡᠭᠡ ᠵᠠᠩᠭᠢ ᠶᠢᠨ ᠰᠢᠰᠲ᠋ᠧᠮ ᠳᠤ ᠳᠠᠮᠵᠢᠭᠤᠯᠤᠭᠰᠠᠨ ᠥᠢᠯᠡ ᠠᠵᠢᠯᠯᠠᠭ᠎ᠠ ᠵᠢᠴᠢ ︽ᠬᠠᠮᠢᠶᠠᠷᠤᠯᠲᠠ ᠶᠢᠨ ᠠᠷᠭ᠎ᠠ︾ | ᠪᠠ ︽ᠬᠡᠷᠡᠭᠵᠢᠭᠦᠯᠬᠦ ᠨᠠᠷᠢᠨ ᠲᠥᠷᠢᠮ︾ ᠢ ᠵᠥᠷᠢᠴᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ | ᠡᠵᠡᠩᠨᠡᠯᠲᠡ ᠶᠢᠨ ᠥᠢᠯᠡ ᠠᠵᠢᠯᠯᠠᠭ᠎ᠠ᠃ | 2. ᠠᠶᠤᠯᠬᠦᠢ ᠶᠢᠨ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃ ᠠᠵᠤ ᠠᠬᠤᠶᠢᠯᠠᠯ ᠤᠨ ᠠᠶᠤᠯᠬᠦᠢ | ᠦᠢᠯᠡᠳᠪᠤᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ᠂ ᠪᠠᠷᠢᠮᠵᠢᠶ᠎ᠠ ᠲᠦᠷᠢᠮ ᠢ ᠨᠠᠶᠢᠳᠠᠪᠤᠷᠢᠵᠢᠭᠤᠯᠤᠭᠰᠠᠨ | ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠨ᠎ᠠ︔ ᠠᠮᠤᠷ ᠲᠦᠪᠰᠢᠨ ᠤ ᠪᠡᠯᠡ ᠣᠷᠣᠭᠤᠯᠤᠯᠲᠠ᠂ ᠬᠡᠮ ᠰᠣᠭᠤᠭ ᠢ | ᠵᠠᠰᠠᠭᠰᠠᠨ ᠪᠠᠶᠢᠳᠠᠯ᠂ ᠲᠦᠷᠢᠮ ᠤᠨ ᠪᠠᠶᠢᠭᠤᠯᠤᠯᠲᠠ ᠶᠢᠨ ᠪᠠᠶᠢᠳᠠᠯ︔ ᠬᠤᠷᠢᠶᠠᠨ ᠠᠪᠴᠦ ᠵᠠᠳᠠᠯᠤᠨ ᠰᠠᠯᠭᠠᠬᠤ | ᠶᠠᠪᠤᠴᠠ ᠳᠠᠬᠢ ᠠᠶᠤᠯᠲᠠᠶ ᠠᠵᠢᠯ ᠤᠨ ᠳᠠᠷᠠᠭᠠᠯᠠᠯ᠂ ᠠᠶᠤᠯᠲᠠᠶ ᠠᠵᠢᠯ᠂ ᠭᠤᠤᠯᠳᠠᠯᠭ᠎ᠠ ᠲᠠᠢ ᠣᠷᠣᠨ ᠪᠠᠶᠢᠷᠢ ᠵᠡᠷᠭᠡ | ᠲᠠᠯᠠᠪᠤᠷ ᠤᠨ ᠠᠮᠤᠷ ᠲᠦᠪᠰᠢᠨ ᠢ ᠬᠠᠮᠢᠶᠠᠷᠤᠨ ᠡᠵᠡᠮᠳᠡᠭᠰᠡᠨ ᠪᠠᠶᠢᠳᠠᠯ︔ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠲᠥᠰᠦᠯ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ᠂ ᠠᠮᠤᠷ ᠲᠦᠪᠰᠢᠨ ᠤ ᠰᠠᠭᠤᠷᠢ ᠠᠵᠢᠯ ᠵᠢᠴᠢ ᠬᠥᠮᠦᠵᠢᠯ | ᠪᠣᠯᠪᠠᠰᠤᠷᠠᠭᠤᠯᠤᠯ ᠤᠨ ᠪᠠᠶᠢᠳᠠᠯ᠂ ᠠᠵᠤ ᠠᠬᠤᠶᠢᠯᠠᠯ ᠤᠨ ᠠᠶᠤᠯᠬᠦᠢ ᠦᠢᠯᠡᠳᠪᠤᠷᠢᠯᠡᠯ ᠤᠨ ᠭᠤᠤᠯ ᠴᠣᠭᠴᠠ ᠶᠢ | ᠵᠠᠳᠠᠯᠬᠤ ᠬᠠᠷᠢᠭᠤᠴᠠᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠵᠤ᠂ ᠠᠵᠢᠯ ᠲᠥᠷᠥᠯ ᠤᠨ ᠠᠮᠤᠷ ᠲᠦᠪᠰᠢᠨ ᠤ | ᠬᠠᠮᠢᠶᠠᠷᠤᠯᠲᠠ ᠶᠢᠨ ᠰᠠᠭᠤᠷᠢ ᠶᠢ ᠪᠠᠬᠢᠵᠢᠭᠦᠯᠦᠨ᠎ᠡ᠃ | 3. ᠬᠠᠤᠯᠢ ᠪᠤᠰᠤ ᠪᠠᠷ ᠮᠠᠰᠢᠨ ᠲᠡᠷᠭᠡ ᠶᠢ ᠵᠠᠳᠠᠯᠬᠤ ᠳᠤ ᠴᠢᠩᠭ᠎ᠠ ᠴᠣᠬᠢᠯᠲᠠ ᠥᠭᠭᠦᠨ᠎ᠡ᠃ | ᠬᠡᠷᠡᠭᠯᠡᠭᠡᠨ ᠠᠴᠠ ᠭᠠᠷᠭᠠᠭᠰᠠᠨ ᠮᠠᠰᠢᠨ ᠲᠡᠷᠭᠡ ᠶᠢᠨ ᠬᠤᠷᠢᠶᠠᠨ ᠠᠪᠴᠦ ᠵᠠᠳᠠᠯᠬᠤ ᠬᠢᠷᠢ ᠬᠡᠮ ᠤᠨ ᠦᠨᠡᠮᠯᠡᠯ ᠢ | ᠣᠯᠤᠭᠰᠠᠨ ᠥᠬᠡᠶ ᠪᠠᠷ ᠳᠤᠷ᠎ᠠ ᠪᠠᠷ ᠢᠶᠠᠨ ᠬᠤᠷᠢᠶᠠᠨ ᠠᠪᠴᠦ ᠵᠠᠳᠠᠯᠤᠨ ᠰᠠᠯᠭᠠᠬᠤ ᠠᠵᠢᠯᠯᠠᠭ᠎ᠠ ᠬᠢᠭᠰᠡᠨ ᠥᠢᠯᠡ | ᠠᠵᠢᠯᠯᠠᠭ᠎ᠠ ᠳᠤ ᠭᠤᠤᠯᠳᠠᠯᠭ᠎ᠠ ᠲᠠᠢ ᠴᠣᠬᠢᠯᠲᠠ ᠥᠭᠭᠦᠨ᠎ᠡ︔ ︽ᠬᠡᠷᠡᠭᠯᠡᠭᠡᠨ ᠠᠴᠠ ᠭᠠᠷᠭᠠᠭᠰᠠᠨ ᠮᠠᠰᠢᠨ ᠲᠡᠷᠭᠡ ᠶᠢ | ᠬᠤᠷᠢᠶᠠᠨ ᠠᠪᠤᠭᠰᠠᠨ ᠭᠡᠷᠡᠴᠢ︾ ︵2020 ᠣᠨ ᠤ 9 ᠰᠠᠷ᠎ᠠ ᠶᠢᠨ 1 ᠤ ᠡᠳᠦᠷ᠂ ᠬᠤᠳᠠᠯᠳᠤᠭᠠᠨ ᠤ | ᠶᠠᠪᠤᠳᠠᠯ ᠤᠨ ᠶᠠᠮᠤᠨ ᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠰᠢᠨ᠎ᠡ ᠬᠡᠪᠯᠡᠯ ᠤᠨ ︽ᠬᠤᠷᠢᠶᠠᠨ | ᠠᠪᠤᠭᠰᠠᠨ ᠭᠡᠷᠡᠴᠢ︾ ᠶᠢ ᠵᠢᠩᠬᠢᠨᠢ ᠪᠠᠷ ᠡᠬᠢᠯᠡᠨ ᠬᠡᠷᠡᠭᠯᠡᠵᠦ᠂ ᠬᠠᠭᠤᠴᠢᠨ ᠬᠡᠪᠯᠡᠯ ᠢ ᠬᠦᠴᠦᠨ ᠥᠬᠡᠶ ᠪᠣᠯᠭᠠᠪᠠ︶ ᠶᠢ | ᠬᠤᠳᠠᠯᠳᠤᠭᠠᠯᠠᠬᠤ ᠪᠤᠶᠤ ᠬᠠᠭᠤᠷᠮᠠᠭᠯᠠᠨ ᠵᠣᠬᠢᠶᠠᠬᠤ᠂ ᠥᠭᠡᠷᠡᠲᠦᠭᠦᠯᠦᠨ ᠵᠤᠬᠢᠶᠠᠬᠤ ᠦᠢᠯᠡ ᠠᠵᠢᠯᠯᠠᠭ᠎ᠠ︔ | ᠬᠡᠷᠡᠭᠴᠡᠭᠡ ᠠᠴᠠ ᠭᠠᠷᠭᠠᠭᠰᠠᠨ ᠮᠠᠰᠢᠨ ᠲᠡᠷᠭᠡ ᠶᠢ ᠬᠤᠷᠢᠶᠠᠨ ᠠᠪᠬᠤ ᠲᠣᠣᠷ ᠴᠡᠭ ᠢ ᠬᠠᠤᠯᠢ ᠲᠣᠭᠲᠠᠭᠠᠯ ᠠᠴᠠ | ᠵᠥᠷᠢᠴᠡᠨ ᠪᠠᠶᠢᠭᠤᠯᠤᠭᠰᠠᠨ ᠥᠢᠯᠡ ᠠᠵᠢᠯᠯᠠᠭ᠎ᠠ ᠵᠢᠴᠢ ︽ᠬᠠᠮᠢᠶᠠᠷᠤᠯᠲᠠ ᠶᠢᠨ ᠠᠷᠭ᠎ᠠ︾ ᠪᠣᠯᠤᠨ ︽ᠬᠡᠷᠡᠭᠵᠢᠭᠦᠯᠬᠦ | ᠨᠠᠷᠢᠨ ᠲᠥᠷᠢᠮ︾ ᠵᠡᠷᠭᠡ ᠬᠤᠯᠪᠣᠭᠳᠠᠯ ᠪᠥᠬᠦᠢ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ | ᠥᠢᠯᠡ ᠠᠵᠢᠯᠯᠠᠭ᠎ᠠ᠃ | ᠵᠢᠷᠭᠤᠭ᠎ᠠ᠂ ᠠᠵᠢᠯ ᠤᠨ ᠱᠠᠭᠠᠷᠳᠠᠯᠭ᠎ᠠ | ︵ᠨᠢᠭᠡ︶ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠦᠨ᠎ᠡ᠃ ᠡᠯ᠎ᠡ ᠠᠶᠢᠮᠠᠭ ᠬᠤᠲᠠ ᠶᠢᠨ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠢ ᠠᠵᠤ ᠠᠬᠤᠶᠢᠯᠠᠯ ᠤᠨ ᠤᠴᠢᠷ ᠶᠠᠪᠤᠳᠠᠯ ᠤᠨ ᠳᠤᠮᠳᠠᠬᠢ ᠪᠠ ᠤᠴᠢᠷ | ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢᠨ ᠱᠠᠭᠠᠷᠳᠠᠯᠭᠠᠲᠦ ᠴᠢᠨᠠᠷ ᠪᠠ ᠴᠢᠬᠤᠯᠠ | ᠴᠢᠨᠠᠷ ᠢ ᠬᠦᠢᠴᠡᠳ ᠲᠠᠨᠢᠵᠤ᠂ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠪᠠ | ᠦᠢᠯᠡᠴᠢᠯᠡᠭᠡᠨ ᠤ ᠬᠥᠭᠵᠢᠯᠲᠡ ᠵᠢᠨᠬᠠᠷᠢᠴᠠᠭ᠎ᠠ ᠶᠢ ᠵᠥᠪ ᠢᠶᠠᠷ ᠰᠢᠢᠳᠪᠤᠷᠢᠯᠡᠵᠦ᠂ ᠪᠠᠶᠢᠴᠠᠭᠠᠬᠤ ᠪᠠ ᠵᠢᠯᠣᠭᠤᠳᠬᠤ᠂ | ᠰᠢᠳᠬᠡᠬᠦ ᠪᠠ ᠰᠤᠷᠭᠠᠨ ᠬᠥᠮᠦᠵᠢᠭᠦᠯᠬᠦ᠂ ᠬᠢᠨᠠᠨ ᠬᠠᠮᠢᠶᠠᠷᠬᠤ ᠪᠠ ᠦᠢᠯᠡᠴᠢᠯᠡᠬᠦ ᠶᠢ ᠤᠶᠠᠯᠳᠤᠭᠤᠯᠬᠤ ᠶᠢ | ᠴᠢᠬᠤᠯᠠᠴᠢᠯᠠᠵᠦ᠂ ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ ᠬᠤᠷᠢᠶᠠᠨ ᠠᠪᠴᠦ ᠵᠠᠳᠠᠯᠤᠨ ᠰᠠᠯᠭᠠᠬᠤ | ᠠᠵᠤ ᠠᠬᠤᠶᠢᠯᠠᠯ ᠢ ᠬᠢᠨᠠᠨ ᠬᠠᠮᠢᠶᠠᠷᠬᠤ ᠠᠵᠢᠯ ᠢᠶᠠᠨ ᠦᠨᠡᠨᠬᠦ ᠨᠠᠶᠢᠳᠠᠪᠤᠷᠢᠵᠢᠭᠤᠯᠵᠦ᠂ ᠬᠢᠨᠠᠨ ᠬᠠᠮᠢᠶᠠᠷᠤᠯᠲᠠ | ᠬᠤᠭᠤᠰᠤᠳᠠᠬᠤ ᠦᠬᠡᠢ᠂ ᠭᠠᠵᠢᠭᠤᠳᠠᠬᠤ ᠦᠬᠡᠢ᠂ ᠪᠤᠷᠤᠭᠤᠳᠠᠬᠤ ᠦᠬᠡᠢ ᠪᠠᠶᠢᠬᠤ ᠶᠢ ᠪᠠᠲᠤᠯᠠᠬᠤ ᠬᠡᠷᠡᠭᠲᠡᠢ᠃ | ︵ᠬᠤᠶᠠᠷ︶ ᠠᠵᠢᠯ ᠲᠦᠷᠦᠯ ᠤᠨ ᠦᠢᠯᠡᠴᠢᠯᠡᠭᠡᠨ ᠢ ᠴᠢᠩᠭᠠᠳᠬᠠᠨ᠎ᠠ᠃ ᠡᠯ᠎ᠡ ᠠᠶᠢᠮᠠᠭ ᠬᠤᠲᠠ ᠶᠢᠨ | ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠢ ᠤᠯᠤᠰ ᠤᠨ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ | ᠪᠢᠴᠢᠭ ᠮᠠᠲ᠋ᠧᠷᠢᠶᠠᠯ ᠢ ᠬᠦᠨᠵᠡᠭᠡᠢ ᠰᠤᠷᠤᠯᠴᠠᠨ ᠰᠤᠳᠤᠯᠵᠦ᠂ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢᠨ | ᠤᠬᠠᠭᠤᠯᠭ᠎ᠠ᠂ ᠲᠠᠶᠢᠯᠪᠤᠷᠢᠯᠯᠠᠲᠠ ᠪᠠ ᠵᠢᠯᠤᠭᠤᠳᠤᠯᠭ᠎ᠠ ᠶᠢ ᠨᠠᠷᠢᠨ ᠬᠢᠨᠠᠮᠠᠭᠠᠢ ᠬᠢᠵᠦ᠂ ᠨᠡᠶᠢᠭᠡᠮ ᠤᠨ ᠠᠩᠬᠠᠷᠤᠯ ᠳᠤ | ᠬᠠᠷᠢᠭᠤ ᠲᠤᠰᠬᠠᠯ ᠦᠭᠴᠦ᠂ ᠦᠢᠯᠡᠴᠢᠯᠡᠭᠡᠨ ᠤ ᠬᠢᠷᠢ ᠲᠦᠪᠰᠢᠨ ᠢᠶᠠᠨ ᠲᠡᠭᠡᠭᠰᠢᠯᠡᠭᠦᠯᠵᠦ᠂ ᠠᠵᠦ ᠠᠬᠤᠶᠢᠯᠠᠯ ᠤᠨ | |