ᠡᠳᠦᠭᠡ 2021 ᠣᠨ ᠤ 1 — 2 ᠳ᠋ᠤᠭᠠᠷ ᠰᠠᠷ᠎ᠠ ᠶᠢᠨ ᠪᠥᠬᠦ ᠣᠷᠣᠨ ᠤ ᠬᠤᠳᠠᠯᠳᠤᠭᠠᠨ ᠤ ᠶᠠᠪᠤᠳᠠᠯ | ᠵᠢᠴᠢ ᠪᠣᠭᠤᠮᠲᠠ ᠶᠢᠨ ᠠᠵᠢᠯ ᠤᠨ ᠠᠵᠢᠯᠯᠠᠭᠠᠨ ᠤ ᠪᠠᠶᠢᠳᠠᠯ ᠢ ᠳᠣᠤᠷᠠᠬᠢ ᠮᠡᠲᠦ ᠵᠠᠷᠯᠠᠶ᠎ᠠ᠄ | ᠨᠢᠭᠡ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ | 1 — 2 ᠳ᠋ᠤᠭᠠᠷ ᠰᠠᠷ᠎ᠠ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠶᠡᠷᠦᠩᠬᠡᠶ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 28.3% ᠨᠡᠮᠡᠭᠳᠡᠪᠡ᠃ ᠡᠭᠦᠨ ᠳᠤ᠄ | ᠬᠤᠲᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ | ᠬᠤᠭᠤᠴᠠᠭᠠᠨ ᠤ ᠬᠢ ᠠᠴᠠ 28.6% ᠨᠡᠮᠡᠭᠳᠡᠪᠡ᠃ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ ᠬᠡᠷᠡᠭᠯᠡᠭᠡᠨ ᠤ ᠬᠡᠯᠪᠡᠷᠢ ᠪᠠᠷ ᠬᠤᠪᠢᠶᠠᠪᠠᠯ᠂ ᠢᠳᠡᠭᠡᠨ | ᠤᠮᠳᠠᠭᠠᠨ ᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 50.8% ᠪᠠᠷ ᠨᠡᠮᠡᠭᠳᠡᠪᠡ︔ ᠲᠠᠸᠠᠷ ᠤᠨ ᠵᠢᠵᠢᠭᠯᠡᠨ | ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 27.4% ᠨᠡᠮᠡᠭᠳᠡᠵᠡᠶ᠃ | ᠠᠵᠢᠯᠯᠠᠭᠠᠨ ᠤ ᠭᠤᠤᠯ ᠣᠨᠴᠠᠯᠢᠭ ᠪᠣᠯ᠄ 1 — 2 ᠳ᠋ᠤᠭᠠᠷ ᠰᠠᠷ᠎ᠠ ᠳᠤ᠂ ᠲᠤᠬᠠᠶ ᠶᠢᠨ ᠭᠠᠵᠠᠷ ᠲᠠᠭᠠᠨ | ᠰᠢᠨᠡᠯᠡᠬᠦ ᠲᠥᠷᠥ ᠶᠢᠨ ᠪᠣᠳᠣᠯᠭ᠎ᠠ᠂ ᠡᠯ᠎ᠡ ᠭᠠᠵᠠᠷ ᠤᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠵᠢᠴᠢ ᠴᠠᠭᠠᠨ ᠰᠠᠷ᠎ᠠ | ᠠᠮᠠᠷᠠᠯᠲᠠ ᠶᠢᠨ ᠡᠳᠦᠷ ᠤᠨ ᠠᠵᠤ ᠠᠬᠤᠶ ᠵᠡᠷᠭᠡ ᠣᠯᠠᠨ ᠵᠦᠢᠯ ᠤᠨ ᠬᠦᠴᠦᠨ ᠵᠦᠢᠯ ᠤᠨ ᠦᠢᠯᠡᠳᠦᠯ ᠳᠣᠤᠷ᠎ᠠ᠂ | ᠰᠠᠭᠤᠭᠠᠯᠢ ᠠᠷᠠᠳ ᠤᠨ ᠬᠡᠷᠡᠭᠯᠡᠭᠡᠨ ᠤ ᠬᠡᠷᠡᠭᠴᠡᠭᠡ ᠲᠠᠰᠤᠷᠠᠯᠲᠠ ᠥᠬᠡᠶ ᠢᠯᠡᠷᠡᠵᠦ᠂ ᠪᠥᠬᠦ ᠣᠷᠣᠨ ᠤ ᠬᠡᠷᠡᠭᠯᠡᠭᠡᠨ ᠤ | ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠰᠡᠷᠭᠦᠭᠡᠪᠡ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ | ᠨᠢᠭᠡᠴᠡ ᠶᠢᠨ ᠬᠡᠷᠡᠭᠯᠡᠭᠡᠨ ᠤ ᠵᠦᠢᠯ ᠤᠨ ᠲᠥᠷᠥᠯ ᠤᠨ ᠥᠷᠲᠡᠭ ᠠᠴᠠ ᠦᠵᠡᠪᠡᠯ᠂ ᠠᠮᠤ ᠪᠤᠳᠠᠭ᠎ᠠ ᠲᠣᠰᠣ ᠢᠳᠡᠭᠡᠨ ᠤ | ᠵᠦᠢᠯ᠂ ᠠᠷᠢᠬᠢ ᠲᠠᠮᠠᠬᠢᠨ ᠤ ᠵᠦᠢᠯ᠂ ᠤᠮᠳᠠᠭᠠᠨ ᠤ ᠵᠦᠢᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ | ᠠᠳᠠᠯᠢ ᠬᠤᠭᠤᠴᠠᠭᠠᠨ ᠤ ᠬᠢ ᠠᠴᠠ ᠲᠣᠰ ᠲᠣᠰ 13.5%᠂ 28.6% ᠪᠠ 12.5% ᠪᠠᠷ ᠨᠡᠮᠡᠭᠳᠡᠪᠡ︔ | ᠬᠤᠪᠴᠠᠰᠤ ᠬᠤᠨᠠᠷ ᠤᠨ ᠲᠥᠷᠥᠯ᠂ ᠵᠠᠰᠠᠯ ᠴᠢᠮᠡᠭ ᠤᠨ ᠡᠳ᠋ ᠤᠨ ᠲᠥᠷᠥᠯ᠂ ᠠᠯᠲᠠ ᠮᠥᠩᠭᠦ ᠰᠤᠪᠤᠳ ᠡᠷᠳᠡᠨᠢ ᠶᠢᠨ | ᠲᠥᠷᠥᠯ᠂ ᠮᠠᠰᠢᠨ ᠲᠡᠷᠭᠡᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ | ᠬᠤᠭᠤᠴᠠᠭᠠᠨ ᠤ ᠬᠢ ᠠᠴᠠ ᠲᠣᠰ ᠲᠣᠰ 34.2%᠂ 70.0%᠂ 103.6% ᠪᠠ 105.1% ᠪᠠᠷ ᠨᠡᠮᠡᠭᠳᠡᠪᠡ | ᠃ ᠲᠣᠰᠣᠨ ᠤ ᠦᠨ᠎ᠡ ᠥᠰᠦᠭᠰᠡᠨ ᠵᠡᠷᠭᠡ ᠬᠦᠴᠦᠨ ᠵᠦᠢᠯ ᠤᠨ ᠳᠠᠭᠠᠭᠤᠯᠭ᠎ᠠ ᠪᠠᠷ᠂ ᠪᠥᠬᠦ ᠣᠷᠣᠨ ᠤ | ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠥᠷᠥᠯ ᠤᠨ | ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 11.2% ᠨᠡᠮᠡᠭᠳᠡᠵᠦ᠂ | 2020 ᠣᠨ ᠤ ᠡᠬᠢᠨ ᠠᠴᠠ ᠨᠠᠰᠢ ᠠᠩᠬ᠎ᠠ ᠤᠳᠠᠭ᠎ᠠ ᠬᠤᠶᠠᠷ ᠣᠷᠣᠨᠲᠤ ᠲᠤᠭ᠎ᠠ ᠪᠠᠷ ᠨᠡᠮᠡᠭᠳᠡᠪᠡ᠃ | ᠠᠶᠢᠮᠠᠭ ᠬᠤᠳᠠ ᠶᠢᠨ ᠪᠠᠶᠢᠳᠠᠯ ᠠᠴᠠ ᠦᠵᠡᠪᠡᠯ᠂ ᠬᠥᠬᠡᠬᠤᠲᠠ᠂ ᠲᠦᠩᠯᠢᠶᠣᠤ ᠬᠤᠳᠠ᠂ ᠰᠢᠯᠢ ᠶᠢᠨ | ᠭᠤᠣᠯ ᠠᠶᠢᠮᠠᠭ᠂ ᠤᠷᠳᠤᠰ ᠬᠤᠳᠠ ᠵᠡᠷᠭᠡ 4 ᠠᠶᠢᠮᠠᠭ ᠬᠤᠳᠠ ᠶᠢᠨ ᠨᠡᠮᠡᠭᠳᠡᠯ ᠤᠨ ᠬᠡᠮᠵᠢᠶ᠎ᠡ ᠨᠢ ᠪᠦᠬᠦ ᠣᠷᠣᠨ ᠤ | ᠲᠦᠪᠰᠢᠨ ᠠᠴᠠ ᠳᠠᠪᠠᠵᠤ᠂ ᠦᠯᠡᠳᠡᠭᠰᠡᠨ 8 ᠠᠶᠢᠮᠠᠭ ᠬᠤᠳᠠ ᠶᠢᠨ ᠨᠡᠮᠡᠭᠳᠡᠯ ᠤᠨ ᠬᠡᠮᠵᠢᠶ᠎ᠡ ᠨᠢ ᠪᠦᠬᠦ ᠣᠷᠣᠨ ᠤ | ᠳᠤᠮᠳᠠᠴᠢ ᠲᠦᠪᠰᠢᠨ ᠠᠴᠠ ᠳᠣᠣᠷ᠎ᠠ ᠪᠠᠶᠢᠵᠤ᠂ ᠡᠭᠦᠨ ᠳᠤ ᠤᠷᠳᠤᠰ ᠬᠤᠳᠠ ᠶᠢᠨ ᠨᠡᠮᠡᠭᠳᠡᠯ ᠤᠨ ᠬᠡᠮᠵᠢᠶ᠎ᠡ ᠨᠢ ᠪᠦᠬᠦ | ᠣᠷᠣᠨ ᠤ 4.1 ᠵᠠᠭᠤᠨ ᠤ ᠨᠢᠭᠡᠴᠢ ᠠᠴᠠ ᠥᠨᠳᠥᠷ ᠪᠠᠶᠢᠨ᠎ᠠ᠃ | ᠬᠤᠶᠠᠷ᠂ ᠭᠠᠳᠠᠭᠠᠳᠤ ᠠᠷᠠᠯᠵᠢᠶ᠎ᠠ | ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ 1 — 2 ᠳ᠋ᠤᠭᠠᠷ ᠰᠠᠷ᠎ᠠ ᠳᠤ᠂ ᠪᠥᠬᠦ ᠣᠷᠣᠨ ᠤ | ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ | ᠨᠡᠶᠢᠲᠡ 193.05 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.55% | ᠨᠡᠮᠡᠭᠳᠡᠪᠡ᠃ ᠡᠭᠦᠨ ᠳᠤ᠄ ᠭᠠᠳᠠᠭᠠᠳᠤ ᠠᠴᠠ ᠣᠷᠣᠭᠤᠯᠤᠭᠰᠠᠨ ᠨᠡᠶᠢᠲᠡ ᠲᠤᠭ᠎ᠠ 125.44 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.36% ᠪᠠᠷ ᠪᠠᠭᠤᠷᠠᠪᠠ︔ ᠭᠠᠳᠠᠭᠠᠳᠤ ᠳᠤ | ᠭᠠᠷᠭᠠᠭᠰᠠᠨ ᠲᠤᠭ᠎ᠠ ᠨᠡᠶᠢᠲᠡ 67.61 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 47.32% ᠨᠡᠮᠡᠭᠳᠡᠪᠡ᠃ 1 — 2 ᠳ᠋ᠤᠭᠠᠷ ᠰᠠᠷ᠎ᠠ ᠳᠤ᠂ ᠪᠥᠬᠦ ᠣᠷᠣᠨ ᠤ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ᠂ ᠭᠠᠳᠠᠭᠠᠳᠤ ᠳᠤ ᠭᠠᠷᠭᠠᠬᠤ᠂ ᠭᠠᠳᠠᠭᠠᠳᠤ ᠠᠴᠠ | ᠣᠷᠣᠭᠤᠯᠬᠤ ᠶᠢ ᠲᠣᠰ ᠲᠣᠰ ᠪᠥᠬᠦ ᠤᠯᠤᠰ ᠲᠤ 24᠂ 23᠂ 24 ᠳ᠋ᠤᠭᠠᠷ ᠲᠤ ᠵᠢᠭᠰᠠᠭᠠᠵᠤ᠂ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠶᠢ 2020 ᠣᠨ ᠤ ᠡᠴᠦᠰ ᠤᠨ ᠬᠢ ᠠᠴᠠ 1 ᠣᠷᠣᠨ ᠳᠡᠭᠡᠭᠰᠢᠯᠡᠭᠦᠯᠵᠦ᠂ | ᠭᠠᠳᠠᠭᠠᠳᠤ ᠳᠤ ᠭᠠᠷᠭᠠᠬᠤ ᠶᠢ 2 ᠣᠷᠣᠨ ᠳᠡᠭᠡᠭᠰᠢᠯᠡᠭᠦᠯᠵᠦ᠂ ᠭᠠᠳᠠᠭᠠᠳᠤ ᠠᠴᠠ ᠣᠷᠣᠭᠤᠯᠬᠤ ᠶᠢ 1 ᠣᠷᠣᠨ | ᠪᠠᠭᠤᠷᠠᠭᠤᠯᠤᠨ᠎ᠠ᠃ | ᠳ᠋ᠣᠯᠯᠠᠷ ᠤᠨ ᠪᠠᠷᠢᠮᠵᠢᠶ᠎ᠠ ᠪᠠᠷ ᠪᠣᠯ᠂ ᠪᠥᠬᠦ ᠣᠷᠣᠨ ᠤ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ ᠨᠡᠶᠢᠲᠡ 29.61 ᠳ᠋ᠦᠩᠰᠢᠭᠤᠷ ᠳ᠋ᠣᠯᠯᠠᠷ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 19.25% ᠪᠠᠷ ᠨᠡᠮᠡᠭᠳᠡᠪᠡ᠂ ᠡᠭᠦᠨ ᠳᠤ᠄ ᠭᠠᠳᠠᠭᠠᠳᠤ ᠠᠴᠠ | ᠣᠷᠣᠭᠤᠯᠤᠭᠰᠠᠨ ᠨᠡᠶᠢᠲᠡ ᠲᠤᠭ᠎ᠠ 19.25 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 5.52% ᠢᠶᠠᠷ ᠨᠡᠮᠡᠭᠳᠡᠪᠡ︔ ᠭᠠᠳᠠᠭᠠᠳᠤ ᠭᠠᠷᠭᠠᠯᠲᠠ ᠶᠢᠨ ᠨᠡᠶᠢᠲᠡ ᠲᠤᠭ᠎ᠠ 10.36 | ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 57.24% ᠪᠠᠷ ᠨᠡᠮᠡᠭᠳᠡᠪᠡ᠃ | ᠠᠵᠢᠯᠯᠠᠭᠠᠨ ᠤ ᠭᠤᠣᠯ ᠣᠨᠴᠠᠯᠢᠭ ᠪᠣᠯ᠄ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠲᠤᠭ᠎ᠠ ᠢᠮᠠᠭᠲᠠ ᠨᠡᠮᠡᠭᠳᠡᠨ᠎ᠡ᠃ 1 — 2 ᠳ᠋ᠤᠭᠠᠷ ᠰᠠᠷ᠎ᠠ ᠳᠤ᠂ ᠮᠠᠨ ᠤ ᠣᠷᠣᠨ ᠤ | ᠡᠩ ᠤᠨ ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠬᠡᠮᠵᠢᠶ᠎ᠡ 193. | 05 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.55% ᠨᠡᠮᠡᠭᠳᠡᠪᠡ᠃ | ᠡᠭᠦᠨ ᠳᠤ᠄ ᠭᠠᠳᠠᠭᠠᠳᠤ ᠭᠠᠷᠭᠠᠯᠲᠠ ᠶᠢᠨ ᠨᠡᠶᠢᠲᠡ ᠲᠤᠭ᠎ᠠ 67.61 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 47.32% ᠢᠶᠠᠷ ᠨᠡᠮᠡᠭᠳᠡᠪᠡ᠂ ᠭᠠᠳᠠᠭᠠᠳᠤ ᠭᠠᠷᠭᠠᠯᠲᠠ ᠶᠢᠨ ᠨᠡᠮᠡᠭᠳᠡᠯ ᠤᠨ | ᠭᠤᠤᠯ ᠰᠢᠯᠲᠠᠭᠠᠨ ᠨᠢ ᠨᠢᠳᠤᠨᠤᠨ ᠤ ᠠᠳᠠᠯᠢ ᠬᠤᠭᠤᠴᠠᠭᠠᠨ ᠤ ᠭᠠᠳᠠᠭᠠᠳᠤ ᠭᠠᠷᠭᠠᠯᠲᠠ ᠶᠢᠨ ᠪᠠᠭᠤᠷᠠᠯᠲᠠ ᠶᠢᠨ | ᠬᠡᠮᠵᠢᠶ᠎ᠡ ᠨᠡᠯᠢᠶᠡᠳ ᠶᠡᠭᠡ ᠪᠠᠶᠢᠵᠤ᠂ ᠭᠠᠳᠠᠭᠠᠳᠤ ᠭᠠᠷᠭᠠᠯᠲᠠ ᠶᠢᠨ ᠰᠠᠭᠤᠷᠢ ᠲᠤᠭ᠎ᠠ ᠨᠡᠯᠢᠶᠡᠳ ᠳᠣᠤᠷ᠎ᠠ | ᠪᠠᠶᠢᠭᠰᠠᠨ ᠠᠴᠠ ᠪᠣᠯᠵᠠᠶ᠃ 2 ᠳ᠋ᠤᠭᠠᠷ ᠰᠠᠷ᠎ᠠ ᠶᠢᠨ ᠲᠣᠰ ᠰᠠᠷ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ | ᠨᠡᠮᠡᠭᠳᠡᠯ ᠤᠨ ᠬᠤᠷᠳᠤᠴᠠ᠂ ᠭᠠᠳᠠᠭᠠᠳᠤ ᠭᠠᠷᠭᠠᠯᠲᠠ ᠶᠢᠨ ᠨᠡᠮᠡᠭᠳᠡᠯ ᠤᠨ ᠬᠤᠷᠳᠤᠴᠠ᠂ ᠭᠠᠳᠠᠭᠠᠳᠤ | ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠳᠠᠯᠢ ᠬᠤᠭᠤᠴᠠᠭᠠᠨ ᠤ ᠬᠢ ᠠᠴᠠ 2020 ᠣᠨ ᠤ 2 ᠳ᠋ᠤᠭᠠᠷ | ᠰᠠᠷ᠎ᠠ ᠶᠢᠨ ᠲᠣᠰ ᠰᠠᠷ᠎ᠠ ᠳᠤ ᠴᠥᠮ ᠶᠡᠭᠡ ᠬᠡᠮᠵᠢᠶ᠎ᠡ ᠪᠠᠷ ᠨᠡᠮᠡᠭᠳᠡᠵᠦ᠂ ᠲᠣᠰ ᠲᠣᠰ 36.54%᠂ 56.01%᠂ | 28.6% ᠪᠠᠷ ᠨᠡᠮᠡᠭᠳᠡᠪᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠬᠤᠶᠠᠷ ᠣᠷᠣᠨᠲᠤ ᠲᠤᠭ᠎ᠠ ᠶᠢᠨ 1 — 2 ᠳ᠋ᠤᠭᠠᠷ ᠰᠠᠷ᠎ᠠ ᠳᠤ᠂ ᠮᠠᠨ ᠤ ᠣᠷᠣᠨ ᠤ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ 127. | 77 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.44% ᠨᠡᠮᠡᠭᠳᠡᠨ᠂ ᠪᠥᠬᠦ | ᠣᠷᠣᠨ ᠤ ᠳᠤᠮᠳᠠᠴᠢ ᠨᠡᠮᠡᠭᠳᠡᠯ ᠤᠨ ᠬᠤᠷᠳᠤᠴᠠ ᠠᠴᠠ 1.89 ᠵᠠᠭᠤᠨ ᠤ ᠨᠢᠭᠡᠴᠢ ᠲᠦᠷᠭᠡᠨ ᠪᠣᠯᠪᠠ︔ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ | ᠬᠡᠮᠵᠢᠶ᠎ᠡ ᠶᠢᠨ ᠪᠥᠬᠦ ᠣᠷᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠶ ᠲᠣᠭᠠᠨ ᠤ | ᠳᠣᠲᠣᠷ᠎ᠠ ᠡᠵᠡᠯᠡᠬᠦ ᠬᠤᠪᠢ ᠶᠢᠨ ᠵᠢᠩ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ 54.74 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 16.01% ᠨᠡᠮᠡᠭᠳᠡᠵᠦ᠂ ᠪᠥᠬᠦ ᠣᠷᠣᠨ ᠤ ᠳᠤᠮᠳᠠᠴᠢ ᠨᠡᠮᠡᠭᠳᠡᠯ ᠤᠨ ᠬᠤᠷᠳᠤᠴᠠ ᠠᠴᠠ | 4.46 ᠵᠠᠭᠤᠨ ᠤ ᠨᠢᠭᠡᠴᠢ ᠲᠦᠷᠭᠡᠨ ᠪᠣᠯᠪᠠ︔ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠭᠰᠠᠨ | ᠠᠵᠤ ᠠᠬᠤᠶᠢᠯᠠᠯ ᠤᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠲᠤᠭ᠎ᠠ 10.27 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 18.32% ᠪᠠᠭᠤᠷᠠᠪᠠ᠃ ᠪᠥᠬᠦ ᠣᠷᠣᠨ ᠤ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠤᠤᠯ ᠪᠣᠯᠬᠤ ᠲᠠᠸᠠᠷ ᠤᠨ 1 — 2 ᠳ᠋ᠤᠭᠠᠷ | ᠰᠠᠷ᠎ᠠ ᠳᠤ᠂ ᠲᠦᠷᠦᠭᠦᠤ ᠠᠷᠪᠠᠨ ᠶᠡᠭᠡ ᠭᠠᠳᠠᠭᠠᠳᠤ ᠳᠤ ᠭᠠᠷᠭᠠᠬᠤ ᠲᠠᠸᠠᠷ ᠪᠦᠬᠦᠨ ᠢᠶᠠᠷ ᠢᠶᠠᠨ ᠡᠶᠡᠷᠭᠦ ᠨᠡᠮᠡᠭᠳᠡᠯ ᠲᠠᠢ | ᠪᠣᠯᠵᠣ᠂ ᠡᠭᠦᠨ ᠳᠤ ᠪᠤᠰᠤᠳ ᠬᠠᠶᠢᠯᠤᠰᠢ ᠶᠢᠨ ᠪᠣᠯᠣᠳ ᠮᠠᠲ᠋ᠧᠷᠢᠶᠠᠯ᠂ ᠨᠡᠷᠡᠨ ᠬᠤᠸᠠᠷ ᠤᠨ ᠦᠷ᠎ᠡ᠂ ᠺᠤᠲ᠋ᠤᠨ ᠵᠢᠴᠢ | ᠺᠤᠶᠢᠨᠣᠨ ᠵᠡᠷᠭᠡ ᠲᠠᠸᠠᠷ ᠲᠣᠰ ᠲᠣᠰ 145.44%᠂ 38.78%᠂ 58.33% ᠪᠠᠷ ᠨᠡᠮᠡᠭᠳᠡᠪᠡ︔ ᠡᠭᠦᠨ ᠳᠤ | ᠪᠤᠰᠤᠳ ᠬᠠᠶᠢᠯᠤᠰᠢ ᠶᠢᠨ ᠪᠣᠯᠣᠳ ᠮᠠᠲ᠋ᠧᠷᠢᠶᠠᠯ᠂ ᠨᠡᠷᠡᠨ ᠬᠤᠸᠠᠷ ᠤᠨ ᠦᠷ᠎ᠡ᠂ ᠺᠤᠲ᠋ᠤᠨ ᠵᠢᠴᠢ ᠺᠤᠶᠢᠨᠣᠨ ᠵᠡᠷᠭᠡ | ᠲᠠᠸᠠᠷ ᠲᠣᠰ ᠲᠣᠰ 145.44%᠂ 38.78%᠂ 58.33% ᠪᠠᠷ ᠨᠡᠮᠡᠭᠳᠡᠪᠡ︔ ᠭᠠᠳᠠᠭᠠᠳᠤ ᠠᠴᠠ | ᠣᠷᠣᠭᠤᠯᠤᠭᠰᠠᠨ ᠲᠦᠷᠦᠭᠦᠦ ᠠᠷᠪᠠᠨ ᠲᠤᠮᠤ ᠲᠠᠸᠠᠷ ᠤᠨ ᠵᠡᠰ ᠤᠨ ᠬᠦᠳᠡᠷ᠂ ᠨᠡᠭᠦᠷᠡᠰᠦ᠂ ᠲᠡᠮᠦᠷ ᠤᠨ ᠬᠦᠳᠡᠷ᠂ | ᠪᠦᠬᠦᠯᠢ ᠮᠣᠳᠣ ᠵᠡᠷᠭᠡ ᠵᠢᠷᠭᠤᠭᠠᠨ ᠲᠤᠮᠤ ᠲᠠᠸᠠᠷ ᠶᠠᠭ ᠨᠡᠮᠡᠭᠳᠡᠯ ᠲᠠᠢ ᠪᠤᠯᠵᠤ᠂ ᠲᠤᠰ ᠲᠤᠰ 135.82% ᠂ 19. | 99% ᠂ 41.79% ᠂ 29.44% ᠪᠠᠷ ᠨᠡᠮᠡᠭᠳᠡᠪᠡ᠃ ᠮᠠᠨ ᠤ ᠣᠷᠣᠨ ᠤ ᠮᠠᠰᠢᠨ ᠴᠠᠬᠢᠯᠭᠠᠨ ᠤ ᠦᠢᠯᠡᠳᠬᠦᠨ᠂ | ᠳᠡᠭᠡᠳᠦ ᠰᠢᠨ᠎ᠡ ᠮᠡᠷᠭᠡᠵᠢᠯ ᠤᠨ ᠦᠢᠯᠡᠳᠬᠦᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ | ᠬᠡᠮᠵᠢᠶ᠎ᠡ ᠨᠡᠯᠢᠶᠡᠳ ᠲᠦᠷᠭᠡᠨ ᠨᠡᠮᠡᠭᠳᠡᠵᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠡᠮᠵᠢᠶ᠎ᠡ | ᠲᠣᠰ ᠲᠣᠰ 10.66 ᠳ᠋ᠦᠩᠰᠢᠭᠤᠷ ᠲᠥᠭᠦᠷᠢᠭ ᠪᠠ 10.38 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ ᠲᠣᠰ ᠲᠣᠰ 20.76% ᠪᠠ 58.86% ᠨᠡᠮᠡᠭᠳᠡᠪᠡ᠃ ᠭᠤᠣᠯ ᠪᠣᠯᠬᠤ | ᠠᠷᠠᠯᠵᠢᠶᠠᠨ ᠤ ᠬᠠᠨᠢᠲᠠᠨ ᠤ ᠥᠰᠥᠯᠲᠡ ᠪᠠᠭᠤᠷᠠᠯᠲᠠ ᠬᠠᠷᠢᠯᠴᠠᠨ ᠢᠯᠡᠷᠡᠪᠡ᠃ 1 — 2 ᠳ᠋ᠤᠭᠠᠷ ᠰᠠᠷ᠎ᠠ ᠳᠤ᠂ | ᠮᠠᠨ ᠤ ᠣᠷᠣᠨ ᠤ ᠮᠣᠩᠭᠤᠯ ᠤᠯᠤᠰ ᠲᠠᠬᠢ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠰᠡᠷᠭᠦᠯᠲᠡ ᠶᠢᠨ ᠴᠢᠨᠠᠷᠲᠠᠶ | ᠨᠡᠮᠡᠭᠳᠡᠯ ᠢ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 56.52% ᠢᠶᠠᠷ ᠨᠡᠮᠡᠭᠳᠡᠨ᠂ ᠪᠥᠬᠦ | ᠣᠷᠣᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ ᠤᠨ 27.2% ᠢ ᠡᠵᠡᠯᠡᠵᠦ᠂ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 7.8 ᠵᠠᠭᠤᠨ ᠤ ᠨᠢᠭᠡᠴᠢ ᠳᠡᠭᠡᠭᠰᠢᠯᠡᠵᠡᠶ᠃ ᠮᠠᠨ ᠤ ᠣᠷᠣᠨ ᠤ | ᠠᠮᠧᠷᠢᠺᠠ ᠳᠠᠬᠢ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠬᠡᠮᠵᠢᠶ᠎ᠡ ᠦᠷᠭᠦᠯᠵᠢᠯᠡᠨ ᠨᠡᠮᠡᠭᠳᠡᠯ ᠤᠨ | ᠬᠠᠨᠳᠤᠰᠢ ᠪᠠᠨ ᠪᠠᠲᠤᠯᠠᠵᠤ᠂ ᠠᠳᠠᠯᠢ ᠬᠤᠭᠤᠴᠠᠭᠠᠨ ᠤ ᠬᠢ ᠠᠴᠠ 25.77% ᠪᠠᠷ ᠨᠡᠮᠡᠭᠳᠡᠨ᠂ ᠪᠥᠬᠦ ᠣᠷᠣᠨ ᠤ | ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ ᠤᠨ 4.8% ᠶᠢ ᠡᠵᠡᠯᠡᠵᠦ᠂ ᠪᠥᠬᠦ ᠣᠷᠣᠨ ᠤ | ᠲᠠᠪᠤᠳᠠᠬᠢ ᠠᠷᠠᠯᠵᠢᠶᠠᠨ ᠤ ᠵᠠᠬ᠎ᠠ ᠳᠡᠯᠭᠡᠭᠦᠷ ᠪᠣᠯᠪᠠ᠃ ᠣᠷᠣᠰ ᠬᠡᠳᠦ᠋ᠢᠪᠡᠷ ᠮᠠᠨ ᠤ ᠣᠷᠣᠨ ᠤ ᠬᠤᠶᠠᠳᠤᠭᠠᠷ ᠲᠣᠮᠣ | ᠠᠷᠠᠯᠵᠢᠶᠠᠨ ᠤ ᠵᠠᠬ᠎ᠠ ᠳᠡᠯᠭᠡᠭᠦᠷ ᠢ ᠪᠠᠲᠤᠯᠠᠵᠤ ᠪᠠᠶᠢᠭ᠎ᠠ ᠪᠣᠯᠪᠠᠴᠤ᠂ ᠮᠠᠨ ᠤ ᠣᠷᠣᠨ ᠤ ᠣᠷᠣᠰ ᠲᠠᠬᠢ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠤᠪᠢ ᠶᠢᠨ ᠲᠤᠭ᠎ᠠ ᠦᠷᠭᠦᠯᠵᠢᠯᠡᠨ ᠪᠠᠭᠤᠷᠠᠵᠤ᠂ 1 | — 2 ᠳ᠋ᠤᠭᠠᠷ ᠰᠠᠷ᠎ᠠ ᠳᠤ ᠠᠳᠠᠯᠢ ᠬᠤᠭᠤᠴᠠᠭᠠᠨ ᠤ ᠬᠢ ᠠᠴᠠ 0.36% ᠪᠠᠷ ᠪᠠᠭᠤᠷᠠᠵᠤ᠂ ᠵᠥᠪᠬᠡᠨ ᠠᠳᠠᠯᠢ | ᠬᠤᠭᠤᠴᠠᠭᠠᠨ ᠤ ᠪᠥᠬᠦ ᠣᠷᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠶ | ᠥᠷᠲᠡᠭ ᠤᠨ 13.3% ᠶᠢ ᠡᠵᠡᠯᠡᠪᠡ᠃ ᠣᠯᠠᠩᠬᠢ ᠠᠶᠢᠮᠠᠭ ᠬᠤᠲᠠ ᠶᠢᠨ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠪᠠᠶᠢᠳᠠᠯ ᠰᠠᠶᠢᠵᠢᠷᠠᠪᠠ᠃ 1 — 2 ᠳ᠋ᠤᠭᠠᠷ ᠰᠠᠷ᠎ᠠ ᠳᠤ᠂ ᠬᠥᠬᠡᠬᠤᠲᠠ᠂ ᠰᠢᠯᠢ ᠶᠢᠨ | ᠭᠤᠤᠯ ᠠᠶᠢᠮᠠᠭ ︵ᠡᠷᠢᠶᠡᠨ ᠬᠤᠲᠠ ᠶᠢ ᠪᠠᠭᠲᠠᠭᠠᠨ᠎ᠠ︶᠂ ᠬᠥᠯᠥᠨ ᠪᠤᠶᠢᠷ ᠬᠤᠲᠠ ︵ᠮᠠᠨᠵᠤᠤᠷ ᠬᠤᠲᠠ ᠶᠢ | ᠪᠠᠭᠲᠠᠭᠠᠨ᠎ᠠ︶ ᠵᠡᠷᠭᠡ 3 ᠠᠶᠢᠮᠠᠭ ᠬᠤᠲᠠ ᠶᠢ ᠭᠠᠷᠭᠠᠪᠠᠯ᠂ ᠪᠤᠰᠤᠳ 9 ᠠᠶᠢᠮᠠᠭ ᠬᠤᠲᠠ ᠶᠢᠨ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠬᠡᠮᠵᠢᠶ᠎ᠡ ᠴᠥᠮ ᠨᠡᠮᠡᠭᠳᠡᠬᠦ ᠬᠠᠨᠳᠤᠰᠢ ᠲᠠᠢ ᠪᠣᠯᠪᠠ᠃ ᠪᠠᠶᠠᠨᠨᠠᠭᠤᠷ ᠬᠤᠲᠠ᠂ | ᠪᠤᠭᠤᠲᠤ ᠬᠤᠲᠠ᠂ ᠬᠥᠬᠡᠬᠤᠲᠠ ᠭᠤᠷᠪᠠᠨ ᠠᠶᠢᠮᠠᠭ ᠬᠤᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠬᠤ ᠲᠤᠭ᠎ᠠ ᠪᠥᠬᠦ ᠣᠷᠣᠨ ᠤ ᠡᠮᠦᠨ᠎ᠡ ᠭᠤᠷᠪᠠ ᠳᠤ ᠵᠢᠭᠰᠠᠭᠠᠭᠳᠠᠪᠠ᠃ | ᠭᠤᠷᠪᠠ᠂ ᠭᠠᠳᠠᠭᠠᠳᠤ ᠶᠢᠨ ᠪᠡᠯᠡ ᠮᠥᠩᠭᠦ ᠶᠢ ᠰᠢᠭᠤᠳ ᠠᠰᠢᠭᠯᠠᠬᠤ | 1 — 2 ᠳ᠋ᠤᠭᠠᠷ ᠰᠠᠷ᠎ᠠ ᠳᠤ᠂ ᠪᠥᠬᠦ ᠣᠷᠣᠨ ᠤ ᠰᠢᠨ᠎ᠡ ᠪᠠᠷ ᠪᠠᠶᠢᠭᠤᠯᠤᠭᠰᠠᠨ ᠭᠠᠳᠠᠭᠠᠳᠤ ᠶᠢᠨ | ᠬᠤᠳᠠᠯᠳᠤᠭᠠᠴᠢᠨ ᠤ ᠪᠠᠯᠠ ᠣᠷᠣᠭᠤᠯᠤᠭᠰᠠᠨ ᠠᠵᠤ ᠠᠬᠤᠶᠢᠯᠠᠯ 3 ᠪᠠᠶᠢᠵᠤ᠂ ᠠᠳᠠᠯᠢ ᠬᠤᠭᠤᠴᠠᠭᠠᠨ ᠤ ᠬᠢ ᠠᠴᠠ | 5 ᠬᠠᠰᠤᠭᠳᠠᠪᠠ︔ ᠭᠠᠳᠠᠭᠠᠳᠤ ᠪᠡᠯᠡ ᠶᠢ ᠪᠣᠳᠠᠲᠠᠶ ᠠᠰᠢᠭᠯᠠᠭᠰᠠᠨ ᠵᠣᠭᠤᠰ ᠤᠨ ᠲᠤᠭ᠎ᠠ 2.65 ᠳ᠋ᠦᠩᠰᠢᠭᠤᠷ | ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.36% ᠪᠠᠷ ᠪᠠᠭᠤᠷᠠᠪᠠ᠃ ᠤᠯᠤᠰ ᠤᠨ ᠢᠯᠭᠠᠯ ︵ | ᠭᠠᠵᠠᠷ ᠣᠷᠣᠨ︶ ᠠᠴᠠ ᠦᠵᠡᠪᠡᠯ᠂ ᠪᠠᠯᠠ ᠣᠷᠣᠭᠤᠯᠤᠯᠲᠠ ᠨᠢ ᠭᠤᠤᠯᠳᠠᠭᠤ ᠰᠢᠶᠠᠩᠭᠠᠩ ᠣᠷᠣᠨ ᠠᠴᠠ | ᠢᠷᠡᠯᠲᠡ ᠲᠠᠢ︔ ᠪᠡᠯᠡ ᠣᠷᠣᠭᠤᠯᠤᠯᠲᠠ ᠶᠢᠨ ᠠᠵᠢᠯ ᠲᠦᠷᠦᠯ ᠠᠴᠠ ᠦᠵᠡᠪᠡᠯ᠂ ᠭᠤᠣᠯᠳᠠᠭᠤ ᠲᠠᠷᠢᠶᠠᠯᠠᠩ᠂ ᠤᠢ | ᠰᠢᠭᠤᠶ᠂ ᠮᠠᠯ ᠠᠵᠤ ᠠᠬᠤᠶ᠂ ᠵᠢᠭᠠᠰᠤᠨ ᠠᠵᠤ ᠠᠬᠤᠶ᠂ ᠦᠢᠯᠡᠳᠬᠦ ᠦᠢᠯᠡᠰ᠂ ᠠᠭᠤᠷᠬᠠᠶ ᠮᠠᠯᠲᠠᠬᠤ ᠦᠢᠯᠡᠰ᠂ | ᠮᠥᠩᠭᠦᠨ ᠭᠦᠢᠯᠭᠡᠭᠡᠨ ᠤ ᠦᠢᠯᠡᠰ ᠵᠡᠷᠭᠡ ᠳᠤ ᠲᠥᠪᠯᠡᠷᠡᠵᠦ ᠪᠠᠶᠢᠨ᠎ᠠ︔ ᠪᠠᠯᠠ ᠮᠥᠩᠭᠦ ᠶᠢᠨ ᠲᠠᠷᠬᠠᠯᠲᠠ ᠶᠢᠨ | ᠪᠠᠶᠢᠳᠠᠯ ᠠᠴᠠ ᠦᠵᠡᠪᠡᠯ᠂ ᠭᠤᠤᠯᠳᠠᠭᠤ ᠬᠥᠬᠡᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ᠂ ᠪᠤᠭᠤᠲᠤ | ᠬᠤᠲᠠ ᠳᠤ ᠲᠥᠪᠯᠡᠷᠡᠵᠦ ᠪᠠᠶᠢᠨ᠎ᠠ᠃ | 1 — 2 ᠳ᠋ᠤᠭᠠᠷ ᠰᠠᠷ᠎ᠠ ᠳᠤ᠂ ᠬᠤᠳᠠᠯᠳᠤᠭᠠᠨ ᠤ ᠶᠠᠪᠤᠳᠠᠯ ᠤᠨ ᠶᠠᠮᠤᠨ ᠤ ᠪᠦᠷᠢᠳᠬᠡᠭᠰᠡᠨ ᠢᠶᠠᠷ᠂ | ᠮᠠᠨ ᠤ ᠣᠷᠣᠨ ᠤ ᠪᠣᠳᠠᠲᠠᠶ ᠬᠡᠷᠡᠭᠯᠡᠭᠰᠡᠨ ᠭᠠᠳᠠᠭᠠᠳᠤ ᠪᠠᠯᠠ ᠶᠢᠨ ᠵᠣᠭᠤᠰᠣᠨ ᠲᠤᠭ᠎ᠠ 13930 ᠲᠦᠮᠡᠨ | ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 30.36% ᠪᠠᠭᠤᠷᠠᠪᠠ᠃ | ᠳᠥᠷᠪᠡ᠂ ᠭᠠᠳᠠᠭᠠᠳᠤ ᠳᠤ ᠪᠠᠯᠠ ᠣᠷᠣᠭᠤᠯᠤᠨ ᠬᠠᠮᠲᠤᠷᠠᠯᠴᠠᠬᠤ | 1 — 2 ᠳ᠋ᠤᠭᠠᠷ ᠰᠠᠷ᠎ᠠ ᠳᠤ᠂ ᠪᠥᠬᠦ ᠣᠷᠣᠨ ᠤ ᠰᠢᠨ᠎ᠡ ᠪᠠᠷ ᠨᠡᠮᠡᠭᠳᠡᠭᠰᠡᠨ ᠬᠢᠯᠢ ᠶᠢᠨ ᠭᠠᠳᠠᠨ᠎ᠠ ᠪᠠᠯᠠ | ᠣᠷᠣᠭᠤᠯᠤᠭᠰᠠᠨ ᠠᠵᠤ ᠠᠬᠤᠶᠢᠯᠠᠯ 7 ᠪᠣᠯᠵᠣ᠂ ᠨᠢᠳᠤᠨᠤᠨ ᠤ ᠬᠢ ᠲᠠᠢ ᠲᠡᠩᠴᠡᠪᠡ︔ ᠳᠤᠮᠳᠠᠳᠤ ᠶᠢᠨ ᠲᠠᠯ᠎ᠠ ᠶᠢᠨ | ᠬᠡᠯᠡᠯᠴᠡᠭᠡᠷ ᠢᠶᠠᠷ ᠪᠠᠯᠠ ᠣᠷᠣᠭᠤᠯᠤᠭᠰᠠᠨ ᠲᠤᠭ᠎ᠠ 1.46 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 159% ᠪᠠᠷ ᠪᠠᠭᠤᠷᠠᠪᠠ᠂ ᠡᠭᠦᠨ ᠤ ᠭᠤᠤᠯ ᠰᠢᠯᠲᠠᠭᠠᠨ ᠨᠢ ᠲᠣᠮᠣ ᠠᠵᠤ ᠠᠬᠤᠶᠢᠯᠠᠯ | ᠲᠣᠮᠣ ᠲᠥᠷᠥᠯ ᠵᠦᠢᠯ ᠤᠨ ᠵᠢᠯᠣᠭᠤᠳᠣᠯᠭ᠎ᠠ ᠳᠤᠲᠠᠭᠳᠠᠭᠰᠠᠨ ᠠᠴᠠ ᠪᠣᠯᠵᠣ ᠶᠡᠭᠡ ᠬᠡᠮᠵᠢᠶ᠎ᠡ ᠪᠠᠷ ᠪᠠᠭᠤᠷᠠᠪᠠ᠃ ᠪᠠᠯᠠ | ᠣᠷᠣᠭᠤᠯᠤᠯᠲᠠ ᠶᠢᠨ ᠤᠯᠤᠰ ᠤᠨ ᠢᠯᠭᠠᠯ ︵ᠭᠠᠵᠠᠷ ᠣᠷᠣᠨ︶ ᠨᠢ ᠭᠤᠤᠯᠳᠠᠭᠤ ᠮᠣᠩᠭᠤᠯ᠂ ᠠᠷᠠᠪ ᠤᠨ | ᠬᠤᠯᠪᠣᠭᠠᠲᠤ ᠠᠬᠠᠮᠠᠳᠳᠤ ᠤᠯᠤᠰ᠂ ᠣᠷᠣᠰ ᠵᠢᠴᠢ ᠰᠢᠶᠠᠩᠭᠠᠩ ᠣᠷᠣᠨ ᠪᠠᠶᠢᠵᠤ᠂ ᠪᠠᠯᠠ ᠣᠷᠣᠭᠤᠯᠤᠯᠲᠠ ᠶᠢᠨ | ᠬᠦᠷᠢᠶ᠎ᠡ ᠬᠡᠪᠴᠢᠶ᠎ᠡ ᠨᠢ ᠬᠢᠯᠢ ᠠᠯᠤᠰᠯᠠᠭᠰᠠᠨ ᠲᠡᠭᠡᠭᠡᠪᠦᠷᠢ ᠪᠠ ᠣᠯᠠᠨ ᠤᠯᠤᠰ ᠤᠨ ᠠᠷᠠᠯᠵᠢᠶ᠎ᠠ ᠵᠡᠷᠭᠡ ᠳᠤ | ᠲᠥᠪᠯᠡᠷᠡᠵᠦ ᠪᠣᠶ᠃ | ᠲᠠᠪᠤ᠂ ᠪᠣᠭᠤᠮᠲᠠ ᠶᠢᠨ ᠲᠡᠭᠡᠭᠡᠪᠦᠷᠢ ᠶᠢᠨ ᠬᠡᠮᠵᠢᠶ᠎ᠡ ᠶᠢᠨ ᠪᠠᠶᠢᠳᠠᠯ | 1 — 2 ᠳ᠋ᠤᠭᠠᠷ ᠰᠠᠷ᠎ᠠ ᠳᠤ᠂ ᠪᠥᠬᠦ ᠣᠷᠣᠨ ᠤ ᠪᠣᠭᠤᠮᠲᠠ ᠶᠢᠨ ᠬᠢᠯᠢ ᠪᠠᠷ ᠣᠷᠣᠭᠤᠯᠵᠤ ᠭᠠᠷᠭᠠᠭᠰᠠᠨ | ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 989.6 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 12.8% ᠪᠠᠷ ᠨᠡᠮᠡᠭᠳᠡᠪᠡ᠂ ᠡᠭᠦᠨ ᠳᠤ᠂ ᠬᠢᠯᠢ ᠪᠠᠷ ᠣᠷᠣᠭᠤᠯᠤᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ | 883.83 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.6% ᠪᠠᠷ ᠨᠡᠮᠡᠭᠳᠡᠪᠡ︔ | ᠬᠢᠯᠢ ᠠᠴᠠ ᠭᠠᠷᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 105.77 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 13.9% ᠪᠠᠷ ᠨᠡᠮᠡᠭᠳᠡᠪᠡ᠃ | ᠣᠷᠣᠰ ᠤᠨ ᠬᠢᠯᠢ ᠶᠢᠨ ᠪᠣᠭᠤᠮᠲᠠ ᠳᠠᠬᠢ ᠬᠢᠯᠢ ᠪᠠᠷ ᠣᠷᠣᠭᠤᠯᠵᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ | ᠬᠡᠮᠵᠢᠶ᠎ᠡ 324.2 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.0% ᠨᠡᠮᠡᠭᠳᠡᠪᠡ᠂ | ᠡᠭᠦᠨ ᠳᠤ᠂ ᠬᠢᠯᠢ ᠪᠠᠷ ᠣᠷᠣᠭᠤᠯᠵᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 252.6 ᠲᠦᠮᠡᠨ | ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.8% ᠪᠠᠷ ᠪᠠᠭᠤᠷᠠᠵᠤ᠂ ᠬᠢᠯᠢ ᠪᠠᠷ ᠣᠷᠣᠭᠤᠯᠵᠤ | ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 71.6 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 54.9% ᠪᠠᠷ ᠨᠡᠮᠡᠭᠳᠡᠪᠡ᠃ ᠮᠣᠩᠭᠤᠯ ᠤᠨ ᠪᠣᠭᠤᠮᠲᠠ ᠶᠢᠨ ᠬᠢᠯᠢ ᠪᠠᠷ ᠣᠷᠣᠭᠤᠯᠵᠤ | ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 665.4 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 17.6% ᠪᠠᠷ ᠪᠠᠭᠤᠷᠠᠪᠠ᠂ ᠡᠭᠦᠨ ᠳᠤ᠂ ᠬᠢᠯᠢ ᠪᠠᠷ ᠣᠷᠣᠭᠤᠯᠵᠤ ᠭᠠᠷᠭᠠᠬᠤ | ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 631.23 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 21.5% ᠪᠠᠷ ᠨᠡᠮᠡᠭᠳᠡᠵᠦ᠂ ᠬᠢᠯᠢ ᠪᠠᠷ ᠣᠷᠣᠭᠤᠯᠵᠤ ᠭᠠᠷᠭᠠᠬᠤ ᠪᠠᠷᠠᠭᠠᠨ ᠤ | ᠲᠡᠭᠡᠭᠡᠪᠦᠷᠢ ᠶᠢᠨ ᠬᠡᠮᠵᠢᠶ᠎ᠡ 34.17 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 26. | 7% ᠪᠠᠷ ᠪᠠᠭᠤᠷᠠᠪᠠ᠃ | 1 — 2 ᠳ᠋ᠤᠭᠠᠷ ᠰᠠᠷ᠎ᠠ ᠳᠤ᠂ ᠪᠥᠬᠦ ᠣᠷᠣᠨ ᠤ ᠪᠣᠭᠤᠮᠲᠠ ᠶᠢᠨ ᠬᠢᠯᠢ ᠪᠠᠷ ᠣᠷᠣᠵᠤ ᠭᠠᠷᠬᠤ | ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 11.69 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 71.6% ᠪᠠᠷ ᠪᠠᠭᠤᠷᠠᠪᠠ᠂ ᠡᠭᠦᠨ ᠳᠤ᠂ ᠬᠢᠯᠢ ᠪᠠᠷ ᠣᠷᠣᠵᠤ ᠢᠷᠡᠬᠦ ᠠᠶᠠᠨᠴᠢᠳ ᠤᠨ | ᠲᠡᠭᠡᠭᠡᠪᠦᠷᠢ ᠶᠢᠨ ᠬᠡᠮᠵᠢᠶ᠎ᠡ 5.86 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 71.8% ᠪᠠᠷ ᠪᠠᠭᠤᠷᠠᠵᠤ᠂ ᠬᠢᠯᠢ ᠪᠠᠷ ᠭᠠᠷᠬᠤ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 5.82 ᠲᠦᠮᠡᠨ | ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 71.4% ᠪᠠᠷ ᠪᠠᠭᠤᠷᠠᠪᠠ᠃ | 1 — 2 ᠳ᠋ᠤᠭᠠᠷ ᠰᠠᠷ᠎ᠠ ᠳᠤ᠂ ᠪᠥᠬᠦ ᠣᠷᠣᠨ ᠤ ᠪᠣᠭᠤᠮᠲᠠ ᠶᠢᠨ ᠬᠢᠯᠢ ᠪᠠᠷ ᠣᠷᠣᠭᠤᠯᠵᠤ ᠭᠠᠷᠭᠠᠬᠤ | ᠵᠠᠮ ᠬᠠᠷᠢᠯᠴᠠᠭᠠᠨ ᠤ ᠪᠠᠭᠠᠵᠢ 11.0 ᠲᠦᠮᠡᠨ ᠨᠢᠰᠬᠡᠯ ᠤᠳᠠᠭ᠎ᠠ ᠪᠠᠶᠢᠵᠤ᠂ ᠠᠳᠠᠯᠢ ᠬᠤᠭᠤᠴᠠᠭᠠᠨ ᠤ ᠬᠢ ᠠᠴᠠ | 10.4% ᠪᠠᠷ ᠪᠠᠭᠤᠷᠠᠪᠠ᠂ ᠡᠭᠦᠨ ᠳᠤ᠂ ᠬᠢᠯᠢ ᠪᠠᠷ ᠣᠷᠣᠭᠤᠯᠵᠤ ᠭᠠᠷᠭᠠᠬᠤ ᠵᠠᠮ ᠬᠠᠷᠢᠯᠴᠠᠭᠠᠨ ᠤ ᠪᠠᠭᠠᠵᠢ 5. | 45 ᠲᠦᠮᠡᠨ ᠨᠢᠰᠬᠡᠯ ᠤᠳᠠᠭ᠎ᠠ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 2.7% ᠪᠠᠷ ᠪᠠᠭᠤᠷᠠᠵᠤ᠂ | ᠬᠢᠯᠢ ᠪᠠᠷ ᠭᠠᠷᠭᠠᠬᠤ ᠵᠠᠮ ᠬᠠᠷᠢᠯᠴᠠᠭᠠᠨ ᠤ ᠪᠠᠭᠠᠵᠢ 5.54 ᠲᠦᠮᠡᠨ ᠨᠢᠰᠬᠡᠯ ᠤᠳᠠᠭ᠎ᠠ ᠪᠠᠶᠢᠵᠤ᠂ ᠠᠳᠠᠯᠢ | ᠬᠤᠭᠤᠴᠠᠭᠠᠨ ᠤ ᠬᠢ ᠠᠴᠠ 16.9% ᠪᠠᠷ ᠪᠠᠭᠤᠷᠠᠪᠠ᠃ | | |