ᠡᠳᠦᠭᠡ 2021 ᠣᠨ ᠤ ᠲᠦᠷᠦᠭᠦᠤ ᠭᠤᠷᠪᠠᠨ ᠤᠯᠠᠷᠢᠯ ᠤᠨ ᠪᠥᠬᠦ ᠣᠷᠣᠨ ᠤ ᠬᠤᠳᠠᠯᠳᠤᠭᠠᠨ ᠤ ᠶᠠᠪᠤᠳᠠᠯ | ᠵᠢᠴᠢ ᠪᠣᠭᠤᠮᠲᠠ ᠶᠢᠨ ᠠᠵᠢᠯ ᠤᠨ ᠠᠵᠢᠯᠯᠠᠭᠠᠨ ᠤ ᠪᠠᠶᠢᠳᠠᠯ ᠢ ᠳᠣᠤᠷᠠᠬᠢ ᠮᠡᠲᠦ ᠵᠠᠷᠯᠠᠶ᠎ᠠ᠄ | ᠨᠢᠭᠡ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ | ᠲᠦᠷᠦᠭᠦᠤ ᠭᠤᠷᠪᠠᠨ ᠤᠯᠠᠷᠢᠯ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠤᠶᠢᠯ ᠤᠨ ᠵᠢᠵᠢᠭᠯᠡᠨ | ᠬᠤᠳᠠᠯᠳᠤᠭᠰᠠᠨ ᠶᠡᠷᠦᠩᠬᠡᠶ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 9.2% ᠨᠡᠮᠡᠭᠳᠡᠵᠦ᠂ ᠨᠡᠮᠡᠭᠳᠡᠯ ᠤᠨ | ᠬᠤᠷᠳᠤᠴᠠ ᠨᠢ 1 — 8 ᠰᠠᠷ᠎ᠠ ᠶᠢᠨ ᠬᠢ ᠠᠴᠠ 1.5 ᠵᠠᠭᠤᠨ ᠤ ᠨᠢᠭᠡᠴᠢ ᠪᠠᠭᠤᠷᠠᠪᠠ᠃ | ᠠᠵᠢᠯᠯᠠᠭᠠᠨ ᠤ ᠭᠤᠤᠯ ᠣᠨᠴᠠᠯᠢᠭ ᠪᠣᠯ᠄ ᠬᠡᠷᠡᠭᠯᠡᠭᠡᠨ ᠤ ᠵᠠᠬ᠎ᠠ ᠳᠡᠯᠭᠡᠭᠦᠷ ᠲᠤ ᠶᠡᠷᠦᠩᠬᠡᠶ ᠳᠡᠭᠡᠨ | ᠢᠳᠡᠪᠬᠢᠲᠡᠶ ᠪᠠᠷ ᠰᠠᠶᠢᠵᠢᠷᠠᠬᠤ ᠪᠠᠶᠢᠳᠠᠯ ᠢᠯᠡᠷᠡᠵᠦ᠂ ᠰᠠᠭᠤᠭᠠᠯᠢ ᠠᠷᠠᠳ ᠤᠨ ᠡᠳᠦᠷ ᠲᠤᠲᠤᠮ ᠤᠨ ᠠᠮᠢᠳᠤᠷᠠᠯ ᠲᠠᠢ | ᠬᠤᠯᠪᠣᠭᠳᠠᠬᠤ ᠲᠠᠸᠠᠷ ᠤᠨ ᠵᠢᠵᠢᠭᠯᠡᠨ ᠬᠤᠳᠠᠯᠳᠤᠬᠤ ᠬᠡᠮᠵᠢᠶ᠎ᠡ ᠶᠢᠨ ᠨᠡᠮᠡᠭᠳᠡᠯ ᠤᠨ ᠬᠠᠨᠳᠤᠰᠢ ᠶᠡᠷᠦᠩᠬᠡᠶ ᠳᠡᠭᠡᠨ | ᠲᠣᠭᠲᠠᠭᠤᠨ ᠪᠠᠶᠢᠬᠤ ᠶᠢ ᠪᠠᠲᠤᠯᠠᠵᠤ᠂ ᠪᠥᠬᠦ ᠣᠷᠣᠨ ᠤ ᠬᠡᠷᠡᠭᠯᠡᠭᠡᠨ ᠤ ᠵᠠᠬ᠎ᠠ ᠳᠡᠯᠭᠡᠭᠦᠷ ᠤᠨ ᠦᠷᠭᠦᠯᠵᠢᠯᠡᠨ | ᠰᠠᠶᠢᠵᠢᠷᠠᠬᠤ ᠶᠢᠨ ᠴᠢᠬᠤᠯᠠ ᠲᠤᠯᠭᠠᠭᠤᠷᠢᠯᠠᠯ ᠪᠣᠯᠪᠠ᠃ ᠣᠷᠣᠨ ᠬᠤᠪᠢᠶᠠᠷᠢᠯᠡᠯ ᠠᠴᠠ ᠦᠵᠡᠪᠡᠯ᠂ ᠬᠤᠲᠠ | ᠪᠠᠯᠭᠠᠰᠤᠨ ᠤ ᠬᠡᠷᠡᠭᠯᠡᠭᠡᠨ ᠤ ᠵᠤᠶᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 9. | 6% ᠪᠠᠷ ᠨᠡᠮᠡᠭᠳᠡᠪᠡ︔ ᠬᠥᠳᠡᠭᠡ ᠲᠣᠰᠬᠤᠨ ᠤ ᠬᠡᠷᠡᠭᠯᠡᠭᠡᠨ ᠤ ᠵᠤᠶᠢᠯ ᠤᠨ ᠵᠢᠵᠢᠭᠯᠡᠨ ᠬᠤᠳᠠᠯᠳᠤᠭᠰᠠᠨ ᠲᠤᠭ᠎ᠠ | ᠠᠳᠠᠯᠢ ᠬᠤᠭᠤᠴᠠᠭᠠᠨ ᠤ ᠬᠢ ᠠᠴᠠ 7.0 % ᠪᠠᠷ ᠨᠡᠮᠡᠭᠳᠡᠪᠡ︔ ᠬᠡᠷᠡᠭᠯᠡᠭᠡᠨ ᠤ ᠪᠠᠶᠢᠳᠠᠯ ᠠᠴᠠ ᠦᠵᠡᠪᠡᠯ᠂ ᠪᠥᠬᠦ | ᠣᠷᠣᠨ ᠤ ᠢᠳᠡᠭᠡᠨ ᠤᠮᠳᠠᠭᠠᠨ ᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 22.1% ᠪᠠᠷ ᠨᠡᠮᠡᠭᠳᠡᠵᠦ᠂ | ᠲᠦᠷᠦᠭᠦᠤ ᠰᠠᠷ᠎ᠠ ᠶᠢᠨ ᠬᠢ ᠠᠴᠠ 3.2 ᠵᠠᠭᠤᠨ ᠤ ᠨᠢᠭᠡᠴᠢ ᠪᠠᠭᠤᠷᠠᠪᠠ᠃ ᠲᠠᠸᠠᠷ ᠤᠨ ᠵᠢᠵᠢᠭᠯᠡᠨ ᠬᠤᠳᠠᠯᠳᠤᠭᠰᠠᠨ | ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 8.0% ᠨᠡᠮᠡᠭᠳᠡᠵᠦ᠂ ᠲᠦᠷᠦᠭᠦᠤ ᠰᠠᠷ᠎ᠠ ᠶᠢᠨ ᠬᠢ ᠠᠴᠠ 1.3 | ᠵᠠᠭᠤᠨ ᠤ ᠨᠢᠭᠡᠴᠢ ᠪᠠᠭᠤᠷᠠᠪᠠ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠲᠠᠸᠠᠷ ᠤᠨ ᠵᠢᠵᠢᠭᠯᠡᠨ | ᠬᠤᠳᠠᠯᠳᠤᠭᠰᠠᠨ ᠲᠤᠭ᠎ᠠ ᠬᠤᠶᠠᠷ ᠣᠷᠣᠨᠲᠤ ᠲᠤᠭ᠎ᠠ ᠪᠠᠷ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 14. | 8% ᠨᠡᠮᠡᠭᠳᠡᠵᠡᠶ᠃ ᠦᠨᠳᠦᠰᠦᠨ ᠠᠮᠢᠳᠤᠷᠠᠯ ᠤᠨ ᠲᠥᠷᠥᠯ ᠤᠨ ᠲᠠᠸᠠᠷ ᠤᠨ ᠬᠡᠷᠡᠭᠯᠡᠭᠡ ᠦᠷᠭᠦᠯᠵᠢᠯᠡᠨ ᠨᠡᠮᠡᠭᠳᠡᠵᠦ᠂ | ᠠᠮᠤ ᠲᠣᠰᠣ ᠢᠳᠡᠭᠡᠨ ᠤ ᠲᠥᠷᠥᠯ᠂ ᠤᠮᠳᠠᠭᠠᠨ ᠤ ᠲᠥᠷᠥᠯ᠂ ᠠᠷᠢᠬᠢ ᠲᠠᠮᠠᠬᠢᠨ ᠤ ᠲᠥᠷᠥᠯ ᠠᠳᠠᠯᠢ | ᠬᠤᠭᠤᠴᠠᠭᠠᠨ ᠤ ᠬᠢ ᠠᠴᠠ ᠲᠣᠰ ᠲᠣᠰ 10.6%᠂ 8.0%᠂ 28.7% ᠨᠡᠮᠡᠭᠳᠡᠪᠡ᠃ ᠲᠠᠰ ᠲᠠᠪᠰᠢᠭᠰᠠᠨ | ᠲᠥᠷᠥᠯ ᠤᠨ ᠲᠠᠸᠠᠷ ᠤᠨ ᠬᠡᠷᠡᠭᠯᠡᠭᠡ ᠨᠡᠯᠢᠶᠡᠳ ᠲᠦᠷᠭᠡᠨ ᠨᠡᠮᠡᠭᠳᠡᠯ ᠢᠶᠠᠨ ᠪᠠᠲᠤᠯᠠᠵᠤ᠂ ᠠᠯᠲᠠ ᠮᠥᠩᠭᠦ ᠰᠤᠪᠤᠳ | ᠡᠷᠳᠡᠨᠢ ᠶᠢᠨ ᠲᠥᠷᠥᠯ᠂ ᠵᠠᠰᠠᠯ ᠴᠢᠮᠡᠭ ᠤᠨ ᠡᠳ᠋ ᠤᠨ ᠲᠥᠷᠥᠯ᠂ ᠮᠠᠰᠢᠨ ᠲᠡᠷᠭᠡᠨ ᠤ ᠲᠥᠷᠥᠯ ᠠᠳᠠᠯᠢ | ᠬᠤᠭᠤᠴᠠᠭᠠᠨ ᠤ ᠬᠢ ᠠᠴᠠ ᠲᠣᠰ ᠲᠣᠰ 31.9%᠂ 15.5%᠂ 15.7% ᠪᠠᠷ ᠨᠡᠮᠡᠭᠳᠡᠵᠦ᠂ ᠴᠢᠯᠠᠭᠤᠨ | ᠲᠣᠰᠣ ᠵᠢᠴᠢ ᠪᠦᠲᠦᠭᠡᠭᠳᠡᠬᠦᠨ ᠤ ᠲᠥᠷᠥᠯ ᠠᠳᠠᠯᠢ ᠬᠤᠭᠤᠴᠠᠭᠠᠨ ᠤ ᠬᠢ ᠠᠴᠠ 15.6% ᠪᠠᠷ ᠨᠡᠮᠡᠭᠳᠡᠨ᠂ | ᠭᠤᠷᠪᠠᠳᠤᠭᠠᠷ ᠤᠯᠠᠷᠢᠯ ᠠᠴᠠ ᠨᠠᠰᠢᠬᠢ ᠨᠡᠮᠡᠭᠳᠡᠯ ᠤᠨ ᠪᠠᠶᠢᠳᠠᠯ ᠢᠶᠠᠨ ᠦᠷᠭᠦᠯᠵᠢᠯᠡᠭᠦᠯᠵᠡᠶ᠃ | ᠠᠶᠢᠮᠠᠭ ᠬᠤᠳᠠ ᠶᠢᠨ ᠪᠠᠶᠢᠳᠠᠯ ᠠᠴᠠ ᠦᠵᠡᠪᠡᠯ᠂ ᠪᠤᠭᠤᠲᠤ ᠬᠤᠳᠠ᠂ ᠰᠢᠯᠢ ᠶᠢᠨ ᠭᠤᠣᠯ ᠠᠶᠢᠮᠠᠭ᠂ | ᠬᠥᠬᠡᠬᠤᠲᠠ᠂ ᠤᠷᠳᠤᠰ ᠬᠤᠳᠠ᠂ ᠦᠬᠠᠢ ᠬᠤᠳᠠ᠂ ᠬᠥᠯᠥᠨ ᠪᠤᠶᠢᠷ ᠬᠤᠳᠠ ᠵᠡᠷᠭᠡ 6 ᠠᠶᠢᠮᠠᠭ ᠬᠤᠳᠠ ᠶᠢᠨ | ᠨᠡᠮᠡᠭᠳᠡᠯ ᠤᠨ ᠬᠤᠷᠳᠤᠴᠠ ᠨᠢ ᠪᠦᠬᠦ ᠣᠷᠣᠨ ᠤ ᠲᠦᠪᠰᠢᠨ ᠠᠴᠠ ᠳᠠᠪᠠᠵᠤ᠂ ᠲᠤᠰ ᠲᠤᠰ 10.6%᠂ 10.5%᠂ | 10.4%᠂ 10.3%᠂ 9.8%᠂ 9.5% ᠪᠣᠯᠪᠠ᠃ | ᠬᠤᠶᠠᠷ᠂ ᠭᠠᠳᠠᠭᠠᠳᠤ ᠠᠷᠠᠯᠵᠢᠶ᠎ᠠ | ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ ᠲᠦᠷᠦᠭᠦᠤ ᠭᠤᠷᠪᠠᠨ ᠤᠯᠠᠷᠢᠯ ᠳᠤ᠂ ᠪᠥᠬᠦ ᠣᠷᠣᠨ ᠤ | ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ | ᠨᠡᠶᠢᠲᠡ 892.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.6% ᠪᠠᠷ | ᠨᠡᠮᠡᠭᠳᠡᠪᠡ᠃ ᠡᠭᠦᠨ ᠳᠤ᠄ ᠭᠠᠳᠠᠭᠠᠳᠤ ᠣᠷᠣᠭᠤᠯᠤᠯᠲᠠ ᠶᠢᠨ ᠨᠡᠶᠢᠲᠡ ᠲᠤᠭ᠎ᠠ 550.8 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.6% ᠨᠡᠮᠡᠭᠳᠡᠪᠡ︔ ᠭᠠᠳᠠᠭᠠᠳᠤ ᠳᠤ | ᠭᠠᠷᠭᠠᠭᠰᠠᠨ ᠲᠤᠭ᠎ᠠ ᠨᠡᠶᠢᠲᠡ 341.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 32.9% ᠨᠡᠮᠡᠭᠳᠡᠵᠡᠶ᠃ | ᠳ᠋ᠣᠯᠯᠠᠷ ᠤᠨ ᠪᠠᠷᠢᠮᠵᠢᠶ᠎ᠠ ᠪᠠᠷ ᠪᠣᠯ᠂ ᠪᠥᠬᠦ ᠣᠷᠣᠨ ᠤ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ ᠨᠡᠶᠢᠲᠡ 137.8 ᠳ᠋ᠦᠩᠰᠢᠭᠤᠷ ᠳ᠋ᠣᠯᠯᠠᠷ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 24.0% ᠨᠡᠮᠡᠭᠳᠡᠪᠡ᠃ ᠡᠭᠦᠨ ᠳᠤ᠄ ᠭᠠᠳᠠᠭᠠᠳᠤ ᠠᠴᠠ | ᠣᠷᠣᠭᠤᠯᠤᠭᠰᠠᠨ ᠲᠤᠭ᠎ᠠ ᠨᠡᠶᠢᠲᠡ 85.0 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 14.3% ᠨᠡᠮᠡᠭᠳᠡᠵᠡᠶ︔ ᠭᠠᠳᠠᠭᠠᠳᠤ ᠳᠤ ᠭᠠᠷᠭᠠᠭᠰᠠᠨ ᠲᠤᠭ᠎ᠠ ᠨᠡᠶᠢᠲᠡ 52.8 | ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 43.9% ᠨᠡᠮᠡᠭᠳᠡᠵᠡᠶ᠃ | ᠠᠵᠢᠯᠯᠠᠭᠠᠨ ᠤ ᠭᠤᠣᠯ ᠣᠨᠴᠠᠯᠢᠭ ᠪᠣᠯ᠄ ᠭᠠᠳᠠᠭᠠᠳᠤ ᠠᠷᠠᠯᠵᠢᠶᠠᠨ ᠤ ᠨᠡᠮᠡᠭᠳᠡᠯ ᠤᠨ ᠬᠠᠨᠳᠤᠰᠢ ᠬᠢᠵᠢᠭ ᠤᠨ | ᠪᠠᠶᠢᠳᠠᠯ ᠤᠨ ᠡᠮᠦᠨᠡᠬᠢ ᠲᠦᠪᠰᠢᠨ ᠠᠴᠠ ᠰᠠᠶᠢᠨ ᠪᠠᠶᠢᠨ᠎ᠠ᠃ 2019 ᠣᠨ ᠤ ᠠᠳᠠᠯᠢ ᠬᠤᠭᠤᠴᠠᠭᠠᠨ ᠤ ᠬᠢ ᠲᠠᠢ | ᠬᠠᠷᠢᠴᠠᠭᠤᠯᠪᠠᠯ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ᠂ ᠭᠠᠳᠠᠭᠠᠳᠤ ᠳᠤ ᠭᠠᠷᠭᠠᠬᠤ᠂ | ᠭᠠᠳᠠᠭᠠᠳᠤ ᠠᠴᠠ ᠣᠷᠣᠭᠤᠯᠬᠤ ᠨᠢ ᠲᠣᠰ ᠲᠣᠰ 8.6%᠂ 24.0%᠂ 0.9% ᠪᠠᠷ ᠨᠡᠮᠡᠭᠳᠡᠪᠡ᠃ ᠭᠠᠳᠠᠭᠠᠳᠤ | ᠭᠠᠷᠭᠠᠯᠲᠠ ᠶᠢᠨ ᠨᠡᠯᠢᠶᠡᠳ ᠲᠦᠷᠭᠡᠨ ᠨᠡᠮᠡᠭᠳᠡᠯ ᠢ ᠦᠷᠭᠦᠯᠵᠢᠯᠡᠨ ᠪᠠᠲᠤᠯᠠᠪᠠ᠃ ᠪᠥᠬᠦ ᠣᠷᠣᠨ ᠤ ᠭᠠᠳᠠᠭᠠᠳᠤ | ᠠᠷᠠᠯᠵᠢᠶ᠎ᠠ ᠶᠢᠨ ᠭᠠᠳᠠᠭᠠᠳᠤ ᠭᠠᠷᠭᠠᠯᠲᠠ ᠶᠢᠨ ᠨᠡᠶᠢᠲᠡ ᠲᠤᠭ᠎ᠠ 341.9 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 32.9% ᠪᠠᠷ ᠨᠡᠮᠡᠭᠳᠡᠨ᠂ 9 ᠰᠠᠷ᠎ᠠ ᠳᠠᠷᠠᠭᠠᠯᠠᠨ ᠬᠤᠶᠠᠷ ᠣᠷᠣᠨᠲᠤ | ᠲᠤᠭ᠎ᠠ ᠪᠠᠷ ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ ᠪᠥᠬᠦ ᠤᠯᠤᠰ ᠤᠨ ᠬᠢ ᠠᠴᠠ 10.2 ᠵᠠᠭᠤᠨ ᠤ ᠨᠢᠭᠡᠴᠢ | ᠥᠨᠳᠥᠷ ᠪᠣᠯᠵᠣ᠂ ᠨᠡᠮᠡᠭᠳᠡᠯ ᠤᠨ ᠬᠡᠮᠵᠢᠶ᠎ᠡ ᠨᠢ ᠪᠥᠬᠦ ᠤᠯᠤᠰ ᠤᠨ ᠡᠯ᠎ᠡ ᠮᠤᠵᠢ ᠣᠷᠣᠨ ᠤ ᠶᠢᠰᠦᠳᠦᠭᠡᠷ ᠲᠤ | ᠵᠢᠭᠰᠠᠭᠠᠭᠳᠠᠵᠠᠶ᠃ ᠡᠩ ᠤᠨ ᠠᠷᠠᠯᠵᠢᠶᠠᠨ ᠤ ᠬᠢᠵᠢᠭ ᠤᠨ ᠪᠠᠶᠢᠳᠠᠯ ᠤᠨ ᠡᠮᠦᠨᠡᠬᠢ ᠠᠴᠠ ᠡᠵᠡᠯᠡᠬᠦ ᠬᠤᠪᠢ ᠨᠢ | ᠲᠡᠭᠡᠭᠰᠢᠯᠡᠵᠠᠢ᠃ ᠲᠦᠷᠦᠭᠦᠦ ᠭᠤᠷᠪᠠᠨ ᠤᠯᠠᠷᠢᠯ ᠳᠤ᠂ ᠡᠩ ᠤᠨ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠭᠰᠠᠨ ᠶᠡᠷᠦᠩᠬᠡᠢ ᠦᠷᠳᠡᠭ 583.0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 11.1% ᠨᠡᠮᠡᠭᠳᠡᠵᠦ᠂ ᠪᠦᠬᠦ ᠣᠷᠣᠨ ᠤ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠭᠰᠠᠨ ᠶᠡᠷᠦᠩᠬᠡᠢ ᠬᠡᠮᠵᠢᠶ᠎ᠠ ᠶᠢᠨ 65.3% ᠢ ᠡᠵᠡᠯᠡᠵᠦ᠂ 2019 ᠣᠨ ᠤ ᠠᠳᠠᠯᠢ | ᠬᠤᠭᠤᠴᠠᠭᠠᠨ ᠤ ᠬᠢ ᠠᠴᠠ 5.8 ᠵᠠᠭᠤᠨ ᠤ ᠨᠢᠭᠡᠴᠢ ᠳᠡᠭᠡᠭᠰᠢᠯᠡᠪᠡ︔ ᠪᠥᠬᠦ ᠣᠷᠣᠨ ᠤ ᠪᠣᠯᠪᠠᠰᠤᠷᠠᠭᠤᠯᠬᠤ | ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ 40.7 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 270.0% ᠨᠡᠮᠡᠭᠳᠡᠪᠡ︔ ᠬᠢᠯᠢ ᠶᠢᠨ | ᠪᠠᠭ᠎ᠠ ᠬᠡᠮᠵᠢᠶᠠᠨ ᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ 154.2 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.0% ᠪᠠᠭᠤᠷᠠᠪᠠ᠃ ᠪᠤᠰᠤᠳ | ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ 114.6 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 88.8% ᠪᠠᠷ ᠨᠡᠮᠡᠭᠳᠡᠵᠡᠶ᠃ | ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠨᠡᠮᠡᠭᠳᠡᠯ ᠨᠡᠯᠢᠶᠡᠳ ᠲᠦᠷᠭᠡᠨ ᠪᠠᠶᠢᠨ᠎ᠠ᠃ ᠠᠷᠠᠳ ᠤᠨ ᠡᠵᠡᠩᠨᠡᠭᠰᠡᠨ | ᠠᠵᠤ ᠠᠬᠤᠶᠢᠯᠠᠯ ᠤᠨ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ | ᠶᠡᠷᠦᠩᠬᠡᠶ ᠥᠷᠲᠡᠭ ᠨᠡᠶᠢᠲᠡ 572.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 9.3% ᠪᠠᠷ ᠨᠡᠮᠡᠭᠳᠡᠨ᠂ ᠪᠥᠬᠦ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ ᠤᠨ64.1% ᠢ ᠡᠵᠡᠯᠡᠪᠠ᠃ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠡᠮᠵᠢᠶ᠎ᠡ27.5% ᠨᠡᠮᠡᠭᠳᠡᠵᠦ᠂ | ᠭᠠᠳᠠᠭᠠᠳᠤ ᠬᠤᠳᠠᠯᠳᠤᠭᠠᠴᠢᠨ ᠤ ᠪᠡᠯᠡ ᠤᠷᠤᠭᠤᠯᠤᠭᠰᠠᠨ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠭᠰᠠᠨ ᠬᠡᠮᠵᠢᠶ᠎ᠠ 18.9% ᠨᠡᠮᠡᠭᠳᠡᠪᠠ᠃ ᠵᠠᠷᠢᠮ ᠶᠡᠭᠡ ᠬᠡᠮᠵᠢᠶᠡᠨ ᠤ ᠲᠠᠸᠠᠷ ᠤᠨ | ᠭᠠᠳᠠᠭᠠᠳᠤ ᠠᠴᠠ ᠣᠷᠣᠭᠤᠯᠬᠤ ᠬᠡᠮᠵᠢᠶ᠎ᠡ ᠪᠠ ᠦᠨ᠎ᠡ ᠬᠠᠩᠰᠢ ᠵᠡᠷᠭᠡ ᠪᠠᠷ ᠳᠡᠭᠡᠭᠰᠢᠯᠡᠪᠡ᠃ ᠲᠦᠷᠦᠭᠦᠦ ᠠᠷᠪᠠ ᠳᠤ | ᠤᠷᠤᠬᠤ ᠭᠠᠳᠠᠭᠠᠳᠤ ᠠᠴᠠ ᠣᠷᠣᠭᠤᠯᠤᠭᠰᠠᠨ ᠲᠠᠸᠠᠷ ᠤᠨ ᠳᠣᠲᠣᠷ᠎ᠠ᠂ ᠵᠡᠰ ᠤᠨ ᠬᠦᠳᠡᠷ᠂ ᠰᠦ ᠵᠢᠴᠢ | ᠵᠥᠭᠡᠬᠡᠢ ᠶᠢᠨ ᠲᠣᠰᠣ᠂ ᠬᠤᠷᠭᠤᠯᠵᠢ ᠶᠢᠨ ᠬᠦᠳᠡᠷ᠂ ᠡᠷᠦᠳᠡᠰᠦᠨ ᠺᠠᠯᠢᠳᠤ ᠪᠤᠷᠳᠤᠭᠤᠷ᠂ ᠬᠦᠩᠭᠡᠨ ᠴᠠᠭᠠᠨ ᠤ | ᠢᠰᠦᠯ ᠵᠡᠷᠭᠡ ᠲᠠᠪᠤᠨ ᠶᠡᠭᠡ ᠲᠠᠸᠠᠷ ᠤᠨ ᠭᠠᠳᠠᠭᠠᠳᠤ ᠠᠴᠠ ᠣᠷᠣᠭᠤᠯᠤᠭᠰᠠᠨ ᠬᠡᠮᠵᠢᠶ᠎ᠡ ᠲᠤᠰ ᠲᠤᠰ 3.7%᠂ | 27.4%᠂ 4.5%᠂ 21.6%᠂ 19.9% ᠪᠠᠷ ᠨᠡᠮᠡᠭᠳᠡᠵᠦ᠂ ᠭᠠᠳᠠᠭᠠᠳᠤ ᠠᠴᠠ ᠣᠷᠣᠭᠤᠯᠤᠭᠰᠠᠨ ᠦᠷᠳᠡᠭ | ᠲᠤᠰ ᠲᠤᠰ 73.7%᠂ 19.5%᠂ 20.2%᠂ 21.8%᠂ 21.7% ᠪᠠᠷ ᠨᠡᠮᠡᠭᠳᠡᠪᠡ᠃ ᠭᠤᠣᠯ ᠪᠣᠯᠬᠤ | ᠠᠷᠠᠯᠵᠢᠶᠠᠨ ᠤ ᠬᠠᠨᠢᠲᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠥᠰᠥᠯᠲᠡ ᠮᠠᠰᠢ ᠰᠠᠶᠢᠨ ᠪᠠᠶᠢᠨ᠎ᠠ᠃ | ᠮᠠᠨ ᠤ ᠣᠷᠣᠨ ᠤ ᠲᠦᠷᠦᠭᠦᠤ ᠭᠤᠷᠪᠠᠨ ᠲᠣᠮᠣ ᠠᠷᠠᠯᠵᠢᠶᠠᠨ ᠤ ᠬᠠᠨᠢᠲᠠᠨ ᠤ ᠳᠣᠲᠣᠷᠠᠬᠢ ᠮᠣᠩᠭᠤᠯ ᠤᠯᠤᠰ᠂ | ᠠᠦ᠋ᠰᠲᠷᠠᠯᠢᠶ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠲᠣᠰ ᠲᠣᠰ 19.4%᠂ 53.3% ᠨᠡᠮᠡᠭᠳᠡᠵᠦ᠂ | ᠣᠷᠣᠰ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ 2.6% ᠪᠠᠭᠤᠷᠠᠪᠠ᠃ ᠡᠮᠦᠨ᠎ᠡ ᠠᠷᠪᠠᠨ ᠶᠡᠭᠡ | ᠠᠷᠠᠯᠵᠢᠶᠠᠨ ᠤ ᠬᠠᠨᠢᠲᠠᠨ ᠤ ᠳᠣᠲᠣᠷ᠎ᠠ᠂ ᠣᠷᠣᠰ ᠠᠴᠠ ᠪᠤᠰᠤᠳ ᠶᠢᠰᠦᠨ ᠶᠡᠭᠡ ᠠᠷᠠᠯᠵᠢᠶᠠᠨ ᠤ ᠬᠠᠨᠢᠲᠠᠨ ᠤ | ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠲᠤᠭ᠎ᠠ ᠴᠥᠮ ᠨᠡᠮᠡᠭᠳᠡᠯ ᠢ ᠪᠡᠶᠡᠯᠡᠭᠦᠯᠵᠡᠶ᠃ 8 ᠠᠶᠢᠮᠠᠭ ᠬᠤᠲᠠ | ᠨᠡᠮᠡᠭᠳᠡᠯ ᠢ ᠪᠡᠶᠡᠯᠡᠭᠦᠯᠪᠡ᠃ ᠪᠤᠭᠤᠲᠤ ᠬᠤᠳᠠ᠂ ᠪᠠᠶᠠᠨᠨᠠᠭᠤᠷ ᠬᠤᠳᠠ᠂ ᠬᠥᠬᠡᠬᠤᠲᠠ ᠵᠡᠷᠭᠡ 8 ᠠᠶᠢᠮᠠᠭ ᠬᠤᠳᠠ | ᠶᠢᠨ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠬᠡᠮᠵᠢᠶ᠎ᠡ ᠨᠡᠮᠡᠭᠳᠡᠬᠦ ᠪᠠᠶᠢᠳᠠᠯ ᠢᠯᠡᠷᠡᠵᠦ᠂ | ᠪᠤᠰᠤᠳ 4 ᠠᠶᠢᠮᠠᠭ ᠬᠤᠳᠠ ᠴᠥᠮ ᠠᠳᠠᠯᠢ ᠪᠤᠰᠤ ᠬᠡᠮᠵᠢᠶ᠎ᠡ ᠪᠠᠷ ᠪᠠᠭᠤᠷᠠᠭᠰᠠᠨ ᠪᠠᠶᠢᠳᠠᠯ ᠢᠯᠡᠷᠡᠪᠡ᠃ | ᠭᠤᠷᠪᠠ᠂ ᠭᠠᠳᠠᠭᠠᠳᠤ ᠶᠢᠨ ᠪᠡᠯᠡ ᠮᠥᠩᠭᠦ ᠶᠢ ᠰᠢᠭᠤᠳ ᠠᠰᠢᠭᠯᠠᠭᠰᠠᠨ | ᠲᠦᠷᠦᠭᠦᠦ ᠭᠤᠷᠪᠠᠨ ᠤᠯᠠᠷᠢᠯ ᠳᠤ᠂ ᠪᠦᠬᠦ ᠣᠷᠣᠨ ᠳᠤ 30 ᠭᠠᠳᠠᠭᠠᠳᠤ ᠶᠢᠨ ᠬᠤᠳᠠᠯᠳᠤᠭᠠᠴᠢᠨ ᠤ ᠪᠡᠯᠡ | ᠣᠷᠣᠭᠤᠯᠤᠭᠰᠠᠨ ᠠᠵᠤ ᠠᠬᠤᠶᠢᠯᠠᠯ ᠢ ᠰᠢᠨ᠎ᠡ ᠪᠠᠷ ᠪᠠᠶᠢᠭᠤᠯᠵᠤ᠂ ᠠᠳᠠᠯᠢ ᠬᠤᠭᠤᠴᠠᠭᠠᠨ ᠤ ᠬᠢ ᠠᠴᠠ 2 ᠨᠡᠮᠡᠭᠳᠡᠵᠡᠢ | ᠃ ᠬᠤᠳᠠᠯᠳᠤᠭᠠᠨ ᠤ ᠶᠠᠪᠤᠳᠠᠯ ᠤᠨ ᠶᠠᠮᠤᠨ ᠤ ᠪᠦᠷᠢᠳᠬᠡᠭᠰᠡᠨ ᠢᠶᠠᠷ᠂ ᠮᠠᠨ ᠤ ᠣᠷᠣᠨ ᠤ ᠪᠣᠳᠠᠲᠠᠶ ᠬᠡᠷᠡᠭᠯᠡᠭᠰᠡᠨ | ᠭᠠᠳᠠᠭᠠᠳᠤ ᠪᠠᠯᠠ ᠶᠢᠨ ᠲᠤᠭ᠎ᠠ 1.99 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 26.2% ᠪᠠᠭᠤᠷᠠᠪᠠ ︵ᠠᠷᠠᠳ ᠤᠨ ᠵᠣᠭᠤᠰ ᠢᠶᠠᠷ ᠨᠤᠭᠤᠯᠵᠤ ᠪᠤᠳᠤᠪᠠᠯ 13.83 ᠳ᠋ᠦᠩᠰᠢᠭᠤᠷ ᠲᠥᠭᠦᠷᠢᠭ᠂ | 27.18% ᠪᠠᠭᠤᠷᠠᠪᠠ︶᠃ ᠪᠡᠯᠡ ᠣᠷᠣᠭᠤᠯᠤᠯᠲᠠ ᠶᠢᠨ ᠭᠤᠣᠯ ᠢᠷᠡᠯᠳᠡ ᠶᠢᠨ ᠲᠠᠯ᠎ᠠ ᠠᠴᠠ ᠦᠵᠡᠪᠡᠯ᠂ ᠪᠡᠯᠡ | ᠣᠷᠣᠭᠤᠯᠤᠯᠲᠠ ᠨᠢ ᠭᠤᠣᠯᠳᠠᠭᠤ ᠰᠢᠶᠠᠩᠭᠠᠩ ᠣᠷᠣᠨ ᠠᠴᠠ ᠢᠷᠡᠵᠤ᠂ 94% ᠶᠢ ᠡᠵᠡᠯᠡᠪᠠ︔ ᠪᠡᠯᠡ | ᠣᠷᠣᠭᠤᠯᠤᠯᠲᠠ ᠶᠢᠨ ᠠᠵᠢᠯ ᠲᠦᠷᠦᠯ ᠢᠶᠠᠷ ᠠᠪᠴᠤ ᠦᠵᠡᠪᠡᠯ᠂ ᠭᠤᠣᠯᠳᠠᠭᠤ ᠲᠠᠷᠢᠶᠠᠯᠠᠩ᠂ ᠤᠢ ᠰᠢᠭᠤᠶ᠂ ᠮᠠᠯ | ᠠᠵᠤ ᠠᠬᠤᠶ᠂ ᠵᠢᠭᠠᠰᠤᠨ ᠠᠵᠤ ᠠᠬᠤᠶ᠂ ᠦᠢᠯᠡᠳᠬᠦ ᠦᠢᠯᠡᠰ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠲᠧᠭᠨᠢᠭ | ᠮᠡᠷᠭᠡᠵᠢᠯ ᠤᠨ ᠦᠢᠯᠡᠴᠢᠯᠡᠭᠡᠨ ᠤ ᠦᠢᠯᠡᠰ ᠲᠤ ᠲᠦᠪᠯᠡᠷᠡᠪᠠ᠃ ᠪᠠᠯᠠ ᠮᠥᠩᠭᠦ ᠶᠢᠨ ᠣᠷᠣᠭᠤᠯᠤᠯᠲᠠ ᠶᠢᠨ | ᠬᠠᠨᠳᠤᠰᠢ ᠶᠢᠨ ᠲᠠᠷᠬᠠᠯᠲᠠ ᠶᠢᠨ ᠪᠠᠶᠢᠳᠠᠯ ᠠᠴᠠ ᠦᠵᠡᠪᠡᠯ᠂ ᠭᠤᠤᠯᠳᠠᠭᠤ ᠬᠥᠬᠡᠬᠤᠲᠠ ᠳᠤ ᠲᠥᠪᠯᠡᠷᠡᠵᠦ᠂ | 71% ᠶᠢ ᠡᠵᠡᠯᠡᠪᠠ᠃ | ᠳᠥᠷᠪᠡ᠂ ᠭᠠᠳᠠᠭᠠᠳᠤ ᠳᠤ ᠪᠠᠯᠠ ᠣᠷᠣᠭᠤᠯᠤᠨ ᠬᠠᠮᠳᠤᠷᠠᠯᠴᠠᠭᠰᠠᠨ | ᠲᠦᠷᠦᠭᠦᠤ ᠭᠤᠷᠪᠠᠨ ᠤᠯᠠᠷᠢᠯ ᠳᠤ᠂ ᠮᠠᠨ ᠤ ᠣᠷᠣᠨ ᠭᠠᠳᠠᠭᠠᠳᠤ ᠳᠤ ᠪᠠᠯᠠ ᠣᠷᠣᠭᠤᠯᠬᠤ ᠲᠥᠷᠥᠯ ᠵᠤᠶᠢᠯ | ᠰᠢᠨ᠎ᠡ ᠪᠠᠷ 40 ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 1 ᠨᠡᠮᠡᠭᠳᠡᠵᠡᠶ᠃ ᠳᠤᠮᠳᠠᠳᠤ ᠶᠢᠨ | ᠲᠠᠯ᠎ᠠ ᠶᠢᠨ ᠬᠡᠯᠡᠯᠴᠡᠭᠡᠷ ᠢᠶᠠᠷ ᠪᠠᠯᠠ ᠣᠷᠣᠭᠤᠯᠤᠭᠰᠠᠨ ᠲᠤᠭ᠎ᠠ 4.3 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 27.49% ᠪᠠᠷ ᠪᠠᠭᠤᠷᠠᠪᠠ᠃ ᠭᠤᠣᠯ ᠪᠡᠯᠡ ᠣᠷᠣᠭᠤᠯᠤᠯᠲᠠ ᠶᠢᠨ ᠠᠵᠢᠯ ᠲᠥᠷᠥᠯ | ᠭᠡᠪᠡᠯ ᠲᠡᠭᠡᠭᠡᠪᠦᠷᠢ ᠶᠢᠨ ᠦᠢᠯᠡᠰ᠂ ᠠᠭᠤᠷᠬᠠᠶ ᠮᠠᠯᠲᠠᠬᠤ ᠦᠢᠯᠡᠰ᠂ ᠲᠠᠷᠢᠶᠠᠯᠠᠩ᠂ ᠮᠣᠳᠣᠨ ᠮᠠᠲ᠋ᠧᠷᠢᠶᠠᠯ | ᠪᠣᠯᠪᠠᠰᠤᠷᠠᠭᠤᠯᠬᠤ᠂ ᠢᠳᠡᠭᠡᠨ ᠪᠣᠯᠪᠠᠰᠤᠷᠠᠭᠤᠯᠬᠤ᠂ ᠣᠯᠠᠨ ᠤᠯᠤᠰ ᠤᠨ ᠠᠷᠠᠯᠵᠢᠶ᠎ᠠ ᠵᠡᠷᠭᠡ ᠪᠠᠶᠢᠪᠠ᠃ | ᠬᠤᠳᠠᠯᠳᠤᠭᠠᠨ ᠤ ᠶᠠᠪᠤᠳᠠᠯ ᠤᠨ ᠶᠠᠮᠤᠨ ᠤ ᠪᠦᠷᠢᠳᠬᠡᠭᠰᠡᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠲᠦᠷᠦᠭᠦᠤ | ᠭᠤᠷᠪᠠᠨ ᠤᠯᠠᠷᠢᠯ ᠳᠤ ᠪᠥᠬᠦ ᠣᠷᠣᠨ ᠤ ᠠᠵᠤ ᠠᠬᠤᠶᠢᠯᠠᠯ ᠤᠨ ᠭᠠᠳᠠᠭᠠᠳᠤ ᠳᠠᠬᠢ ᠪᠣᠳᠠᠲᠠᠶ ᠪᠠᠯᠠ | ᠣᠷᠣᠭᠤᠯᠤᠯᠲᠠ ᠶᠢᠨ ᠲᠤᠭ᠎ᠠ 3.9 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 64. | 56% ᠪᠠᠷ ᠨᠡᠮᠡᠭᠳᠡᠵᠡᠶ᠃ | ᠲᠠᠪᠤ᠂ ᠪᠣᠭᠤᠮᠲᠠ ᠶᠢᠨ ᠲᠡᠭᠡᠭᠡᠪᠦᠷᠢ ᠶᠢᠨ ᠬᠡᠮᠵᠢᠶ᠎ᠡ ᠶᠢᠨ ᠪᠠᠶᠢᠳᠠᠯ | ᠲᠦᠷᠦᠭᠦᠤ ᠭᠤᠷᠪᠠᠨ ᠤᠯᠠᠷᠢᠯ ᠳᠤ᠂ ᠪᠥᠬᠦ ᠣᠷᠣᠨ ᠤ ᠪᠣᠭᠤᠮᠲᠠ ᠶᠢᠨ ᠬᠢᠯᠢ ᠪᠠᠷ ᠣᠷᠣᠭᠤᠯᠵᠤ ᠭᠠᠷᠭᠠᠬᠤ | ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 4067.68 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 16.7% ᠪᠠᠷ ᠪᠠᠭᠤᠷᠠᠪᠠ᠃ ᠡᠭᠦᠨ ᠳᠤ᠄ ᠬᠢᠯᠢ ᠪᠠᠷ ᠣᠷᠣᠭᠤᠯᠤᠭᠰᠠᠨ ᠪᠠᠷᠠᠭᠠᠨ ᠤ | ᠲᠡᠭᠡᠭᠡᠪᠦᠷᠢ ᠶᠢᠨ ᠬᠡᠮᠵᠢᠶ᠎ᠡ 3422.85 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 19. | 7% ᠪᠠᠷ ᠪᠠᠭᠤᠷᠠᠪᠠ︔ ᠬᠢᠯᠢ ᠪᠠᠷ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 644.83 ᠲᠦᠮᠡᠨ | ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.7% ᠪᠠᠷ ᠨᠡᠮᠡᠭᠳᠡᠪᠡ᠃ | ᠮᠣᠩᠭᠤᠯ ᠤᠯᠤᠰ ᠤᠨ ᠬᠢᠯᠢ ᠶᠢᠨ ᠪᠣᠭᠤᠮᠲᠠ ᠳᠠᠬᠢ ᠬᠢᠯᠢ ᠪᠠᠷ ᠣᠷᠣᠭᠤᠯᠵᠤ ᠭᠠᠷᠭᠠᠬᠤ ᠪᠠᠷᠠᠭᠠᠨ ᠤ | ᠲᠡᠭᠡᠭᠡᠪᠦᠷᠢ ᠶᠢᠨ ᠬᠡᠮᠵᠢᠶ᠎ᠡ 2571.9 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 23. | 5% ᠪᠠᠷ ᠪᠠᠭᠤᠷᠠᠪᠠ᠃ ᠡᠭᠦᠨ ᠳᠤ᠄ ᠬᠢᠯᠢ ᠪᠠᠷ ᠣᠷᠣᠭᠤᠯᠤᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 2259. | 55 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 25.9% ᠪᠠᠷ ᠪᠠᠭᠤᠷᠠᠪᠠ︔ ᠬᠢᠯᠢ ᠪᠠᠷ | ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 312.35 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 10.8% ᠪᠠᠷ ᠨᠡᠮᠡᠭᠳᠡᠪᠡ᠃ ᠣᠷᠣᠰ ᠤᠨ ᠬᠢᠯᠢ ᠶᠢᠨ ᠪᠣᠭᠤᠮᠲᠠ ᠳᠠᠬᠢ ᠬᠢᠯᠢ ᠪᠠᠷ | ᠣᠷᠣᠭᠤᠯᠵᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1495.1 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 1.44% ᠪᠠᠷ ᠪᠠᠭᠤᠷᠠᠪᠠ᠃ ᠡᠭᠦᠨ ᠳᠤ᠄ ᠬᠢᠯᠢ ᠪᠠᠷ ᠣᠷᠣᠭᠤᠯᠤᠭᠰᠠᠨ ᠪᠠᠷᠠᠭᠠᠨ ᠤ | ᠲᠡᠭᠡᠭᠡᠪᠦᠷᠢ ᠶᠢᠨ ᠬᠡᠮᠵᠢᠶ᠎ᠡ 1163.3 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4. | 38% ᠪᠠᠷ ᠪᠠᠭᠤᠷᠠᠪᠠ︔ ᠬᠢᠯᠢ ᠠᠴᠠ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 331.8 ᠲᠦᠮᠡᠨ | ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.56% ᠪᠠᠷ ᠨᠡᠮᠡᠭᠳᠡᠪᠡ᠃ | ᠪᠥᠬᠦ ᠣᠷᠣᠨ ᠤ ᠪᠣᠭᠤᠮᠲᠠ ᠶᠢᠨ ᠬᠢᠯᠢ ᠪᠠᠷ ᠣᠷᠣᠭᠤᠯᠵᠤ ᠭᠠᠷᠭᠠᠬᠤ ᠠᠶᠠᠨᠴᠢᠳ ᠤᠨ ᠲᠡᠭᠡᠭᠡᠪᠦᠷᠢ ᠶᠢᠨ | ᠬᠡᠮᠵᠢᠶ᠎ᠡ 56.69 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 34.6% | ᠪᠠᠭᠤᠷᠠᠪᠠ᠃ ᠡᠭᠦᠨ ᠳᠤ᠂ ᠬᠢᠯᠢ ᠪᠠᠷ ᠣᠷᠣᠵᠤ ᠢᠷᠡᠭᠰᠡᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 29.7 | ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 36.3% ᠪᠠᠷ ᠪᠠᠭᠤᠷᠠᠵᠤ᠂ ᠬᠢᠯᠢ | ᠪᠠᠷ ᠭᠠᠷᠤᠭᠰᠠᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 29.99 ᠲᠦᠮᠡᠨ ᠬᠥᠮᠦᠨ ᠤᠳᠠᠭ᠎ᠠ ᠳᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 32.9% ᠪᠠᠷ ᠪᠠᠭᠤᠷᠠᠪᠠ᠃ | ᠪᠥᠬᠦ ᠣᠷᠣᠨ ᠤ ᠪᠣᠭᠤᠮᠲᠠ ᠶᠢᠨ ᠬᠢᠯᠢ ᠪᠠᠷ ᠣᠷᠣᠭᠤᠯᠵᠤ ᠭᠠᠷᠭᠠᠬᠤ ᠵᠠᠮ ᠬᠠᠷᠢᠯᠴᠠᠭᠠᠨ ᠤ ᠪᠠᠭᠠᠵᠢ 41. | 99 ᠲᠦᠮᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 23.7% ᠪᠠᠷ ᠪᠠᠭᠤᠷᠠᠪᠠ᠃ ᠡᠭᠦᠨ ᠳᠤ᠂ ᠬᠢᠯᠢ ᠪᠠᠷ | ᠣᠷᠣᠭᠤᠯᠬᠤ ᠵᠠᠮ ᠬᠠᠷᠢᠯᠴᠠᠭᠠᠨ ᠤ ᠪᠠᠭᠠᠵᠢ 20.71 ᠲᠦᠮᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 24. | 9% ᠪᠠᠷ ᠪᠠᠭᠤᠷᠠᠪᠠ︔ ᠬᠢᠯᠢ ᠪᠠᠷ ᠭᠠᠷᠭᠠᠭᠰᠠᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ 21.28 ᠲᠦᠮᠡ | ᠪᠠᠶᠢᠵᠤ᠂ ᠠᠳᠠᠯᠢ ᠬᠤᠭᠤᠴᠠᠭᠠᠨ ᠤ ᠬᠢ ᠠᠴᠠ 22.3% ᠪᠠᠷ ᠪᠠᠭᠤᠷᠠᠪᠠ᠃ | |