| ᠨᠢᠭᠡ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ | 1 — 10 ᠰᠠᠷ᠎ᠠ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠤᠶᠢᠯ ᠤᠨ ᠵᠢᠵᠢᠭᠯᠡᠨ | ᠬᠤᠳᠠᠯᠳᠤᠭᠰᠠᠨ ᠶᠡᠷᠦᠩᠬᠡᠶ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 8.2% ᠨᠡᠮᠡᠭᠳᠡᠵᠦ᠂ ᠨᠡᠮᠡᠭᠳᠡᠯ ᠤᠨ | ᠬᠤᠷᠳᠤᠴᠠ ᠨᠢ 1 — 9 ᠰᠠᠷ᠎ᠠ ᠶᠢᠨ ᠬᠢ ᠠᠴᠠ 1.0 ᠵᠠᠭᠤᠨ ᠤ ᠨᠢᠭᠡᠴᠢ ᠪᠠᠭᠤᠷᠠᠵᠤ᠂ ᠨᠡᠮᠡᠭᠳᠡᠯ ᠤᠨ | ᠬᠤᠷᠳᠤᠴᠠ ᠨᠢ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 6.7 ᠵᠠᠭᠤᠨ ᠤ ᠨᠢᠭᠡᠴᠢ ᠳᠣᠤᠷ᠎ᠠ ᠪᠠᠶᠢᠪᠠ᠃ | | ᠠᠵᠢᠯᠯᠠᠭᠠᠨ ᠤ ᠭᠤᠤᠯ ᠣᠨᠴᠠᠯᠢᠭ ᠪᠣᠯ᠄ 1 — 10 ᠰᠠᠷ᠎ᠠ ᠳᠤ᠂ ᠪᠥᠬᠦ ᠣᠷᠣᠨ ᠢᠶᠠᠷ ᠢᠶᠠᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠶᠢᠨ ᠬᠥᠭᠵᠢᠯᠲᠡ ᠶᠢᠨ ᠬᠠᠮ ᠠᠷᠭ᠎ᠠ ᠪᠠᠷᠢᠯ ᠢ ᠨᠢᠭᠡᠳᠦᠯᠲᠡᠶ | ᠲᠥᠯᠥᠪᠯᠡᠨ ᠰᠠᠶᠢᠲᠤᠷ ᠬᠢᠵᠦ᠂ ᠵᠠᠬ᠎ᠠ ᠳᠡᠯᠭᠡᠭᠦᠷ ᠤᠨ ᠬᠠᠩᠭᠠᠯᠭ᠎ᠠ ᠪᠠ ᠬᠡᠷᠡᠭᠯᠡᠭᠡ ᠶᠢᠨ ᠲᠣᠭᠲᠠᠭᠤᠨ ᠪᠠᠶᠢᠳᠠᠯ ᠢ | ᠪᠠᠳᠤᠯᠠᠪᠠ᠃ 10 ᠰᠠᠷ᠎ᠠ ᠳᠤ᠂ ᠲᠣᠰ ᠭᠠᠵᠠᠷ ᠣᠷᠣᠨ ᠤ ᠬᠢᠵᠢᠭ ᠤᠨ ᠪᠠᠶᠢᠳᠠᠯ ᠤᠨ ᠠᠬᠢᠨ ᠳᠠᠬᠢᠨ ᠨᠥᠯᠥᠭᠡ ᠠᠴᠠ | ᠪᠣᠯᠵᠣ᠂ ᠬᠡᠷᠡᠭᠯᠡᠭᠡᠨ ᠤ ᠵᠠᠬ᠎ᠠ ᠳᠡᠯᠭᠡᠭᠦᠷ ᠢᠯᠡᠷᠬᠡᠶ ᠲᠠᠭᠠᠷᠢᠯᠲᠠ ᠳᠤ ᠤᠴᠠᠷᠠᠭᠰᠠᠨ ᠪᠣᠯᠪᠠᠴᠤ ᠤᠯᠤᠰ ᠤᠨ ᠪᠠᠶᠠᠷ ᠤᠨ | ᠣᠷᠳᠣ ᠠᠮᠠᠷᠠᠯᠲᠠ ᠳᠤ ᠴᠢᠯᠠᠭᠤᠨ ᠲᠣᠰᠣᠨ ᠤ ᠲᠥᠷᠥᠯ᠂ ᠵᠢᠵᠢᠭᠯᠡᠨ ᠬᠤᠳᠠᠯᠳᠤᠬᠤ ᠲᠠᠸᠠᠷ ᠶᠡᠭᠡ ᠪᠠᠷ | ᠬᠤᠳᠠᠯᠳᠤᠭᠰᠠᠨ ᠬᠠᠮᠲᠤ ᠶᠢᠨ ᠳᠠᠶᠢᠴᠢᠯᠠᠯᠲᠠ ᠳᠣᠤᠷ᠎ᠠ᠂ ᠪᠥᠬᠦ ᠣᠷᠣᠨ ᠤ ᠬᠡᠷᠡᠭᠯᠡᠭᠡ ᠨᠢ ᠳᠠᠷᠤᠯᠲᠠ ᠶᠢ ᠳᠠᠭᠠᠭᠠᠨ | ᠤᠷᠤᠭᠰᠢᠯᠠᠵᠤ᠂ ᠨᠡᠯᠢᠶᠡᠳ ᠴᠢᠩᠭ᠎ᠠ ᠤᠶᠠᠨ ᠬᠠᠲᠠᠨ ᠴᠢᠨᠠᠷ ᠢᠶᠠᠨ ᠢᠯᠡᠷᠡᠭᠦᠯᠵᠦ᠂ ᠬᠡᠷᠡᠭᠯᠡᠭᠡᠨ ᠤ ᠵᠠᠬ᠎ᠠ | ᠳᠡᠯᠭᠡᠭᠦᠷ ᠤᠨ ᠦᠷᠭᠦᠯᠵᠢᠯᠡᠨ ᠰᠠᠶᠢᠵᠢᠷᠠᠬᠤ ᠪᠠᠶᠢᠳᠠᠯ ᠬᠤᠪᠢᠷᠬᠠᠰᠠᠨ ᠥᠬᠡᠶ᠃ ᠣᠷᠣᠨ ᠬᠤᠪᠢᠶᠠᠷᠢᠯᠠᠯ ᠠᠴᠠ | ᠦᠵᠡᠪᠡᠯ᠂ ᠬᠤᠲᠠ ᠪᠠᠯᠭᠠᠰᠤᠨ ᠤ ᠬᠡᠷᠡᠭᠯᠡᠭᠡᠨ ᠤ ᠵᠤᠶᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ | ᠬᠤᠭᠤᠴᠠᠭᠠᠨ ᠤ ᠬᠢ ᠠᠴᠠ 8.3% ᠪᠠᠷ ᠨᠡᠮᠡᠭᠳᠡᠪᠡ︔ ᠬᠥᠳᠡᠭᠡ ᠲᠣᠰᠬᠤᠨ ᠤ ᠬᠡᠷᠡᠭᠯᠡᠭᠡᠨ ᠤ ᠵᠤᠶᠢᠯ ᠤᠨ ᠵᠢᠵᠢᠭᠯᠡᠨ | ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ7.9% ᠪᠠᠷ ᠨᠡᠮᠡᠭᠳᠡᠪᠡ᠃ ᠬᠡᠷᠡᠭᠯᠡᠭᠡᠨ ᠤ ᠪᠠᠶᠢᠳᠠᠯ | ᠠᠴᠠ ᠦᠵᠡᠪᠡᠯ᠂ ᠪᠥᠬᠦ ᠣᠷᠣᠨ ᠤ ᠢᠳᠡᠭᠡᠨ ᠤᠮᠳᠠᠭᠠᠨ ᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 18. | 0% ᠨᠡᠮᠡᠭᠳᠡᠵᠦ᠂ ᠳᠡᠭᠡᠷ᠎ᠡ ᠰᠠᠷ᠎ᠠ ᠶᠢᠨ ᠬᠢ ᠠᠴᠠ 4.1 ᠵᠠᠭᠤᠨ ᠤ ᠨᠢᠭᠡᠴᠢ ᠪᠠᠭᠤᠷᠠᠪᠠ᠃ ᠲᠠᠸᠠᠷ ᠤᠨ ᠵᠢᠵᠢᠭᠯᠡᠨ | ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 7.2% ᠨᠡᠮᠡᠭᠳᠡᠵᠦ᠂ ᠳᠡᠭᠡᠷ᠎ᠡ ᠰᠠᠷ᠎ᠠ ᠶᠢᠨ ᠬᠢ ᠠᠴᠠ | 0.8 ᠵᠠᠭᠤᠨ ᠤ ᠨᠢᠭᠡᠴᠢ ᠪᠠᠭᠤᠷᠠᠪᠠ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠲᠠᠸᠠᠷ ᠤᠨ ᠵᠢᠵᠢᠭᠯᠡᠨ | ᠬᠤᠳᠠᠯᠳᠤᠭᠰᠠᠨ ᠲᠤᠭ᠎ᠠ ᠬᠤᠶᠠᠷ ᠣᠷᠣᠨᠲᠤ ᠲᠤᠭ᠎ᠠ ᠪᠠᠷ ᠨᠡᠮᠡᠭᠳᠡᠬᠦ ᠪᠠᠨ ᠪᠠᠳᠤᠯᠠᠵᠤ᠂ ᠠᠳᠠᠯᠢ | ᠬᠤᠭᠤᠴᠠᠭᠠᠨ ᠤ ᠬᠢ ᠠᠴᠠ 13.5% ᠪᠠᠷ ᠨᠡᠮᠡᠭᠳᠡᠵᠡᠶ᠃ ᠦᠨᠳᠦᠰᠦᠨ ᠠᠮᠢᠳᠤᠷᠠᠯ ᠤᠨ ᠲᠥᠷᠥᠯ ᠤᠨ ᠲᠠᠸᠠᠷ ᠤᠨ | ᠬᠡᠷᠡᠭᠯᠡᠭᠡ ᠦᠷᠭᠦᠯᠵᠢᠯᠡᠨ ᠨᠡᠮᠡᠭᠳᠡᠵᠦ᠂ ᠠᠮᠤ ᠪᠤᠳᠠᠭ᠎ᠠ ᠲᠣᠰᠣ ᠢᠳᠡᠭᠡᠨ ᠤ ᠲᠥᠷᠥᠯ᠂ ᠤᠮᠳᠠᠭᠠᠨ ᠤ ᠲᠥᠷᠥᠯ᠂ | ᠠᠷᠢᠬᠢ ᠲᠠᠮᠠᠬᠢᠨ ᠤ ᠲᠥᠷᠥᠯ ᠠᠳᠠᠯᠢ ᠬᠤᠭᠤᠴᠠᠭᠠᠨ ᠤ ᠬᠢ ᠠᠴᠠ ᠲᠣᠰ ᠲᠣᠰ 9.9%᠂ 6.9%᠂ 25.6% | ᠨᠡᠮᠡᠭᠳᠡᠪᠡ᠃ ᠲᠠᠰ ᠲᠠᠪᠰᠢᠭᠰᠠᠨ ᠲᠥᠷᠥᠯ ᠤᠨ ᠲᠠᠸᠠᠷ ᠤᠨ ᠬᠡᠷᠡᠭᠯᠡᠭᠡ ᠶᠢᠨ ᠨᠡᠮᠡᠭᠳᠡᠯ ᠤᠨ ᠬᠤᠷᠳᠤᠴᠠ | ᠤᠳᠠᠭᠠᠰᠢᠷᠠᠵᠤ᠂ ᠠᠯᠲᠠ ᠮᠥᠩᠭᠦ ᠰᠤᠪᠤᠳ ᠡᠷᠳᠡᠨᠢ ᠶᠢᠨ ᠲᠥᠷᠥᠯ᠂ ᠵᠠᠰᠠᠯ ᠴᠢᠮᠡᠭ ᠤᠨ ᠡᠳ᠋ ᠤᠨ ᠲᠥᠷᠥᠯ ᠠᠳᠠᠯᠢ | ᠬᠤᠭᠤᠴᠠᠭᠠᠨ ᠤ ᠬᠢ ᠠᠴᠠ ᠲᠣᠰ ᠲᠣᠰ 11.3%᠂ 28.2% ᠨᠡᠮᠡᠭᠳᠡᠵᠦ᠂ 1 — 9 ᠰᠠᠷ᠎ᠠ ᠶᠢᠨ ᠬᠢ ᠠᠴᠠ | 4.2᠂ 3.7 ᠵᠠᠭᠤᠨ ᠤ ᠨᠢᠭᠡᠴᠢ ᠪᠠᠭᠤᠷᠠᠪᠠ᠃ ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠥᠷᠥᠯ | ᠦᠷᠭᠦᠯᠵᠢᠯᠡᠨ ᠨᠡᠮᠡᠭᠳᠡᠬᠦ ᠬᠠᠨᠳᠤᠰᠢ ᠲᠠᠢ ᠪᠠᠶᠢᠵᠤ᠂ ᠪᠥᠬᠦ ᠣᠷᠣᠨ ᠤ ᠬᠡᠷᠡᠭᠯᠡᠭᠡᠨ ᠤ ᠵᠠᠬ᠎ᠠ ᠳᠡᠯᠭᠡᠭᠦᠷ ᠤᠨ | ᠰᠠᠶᠢᠵᠢᠷᠠᠬᠤ ᠶᠢᠨ ᠴᠢᠬᠤᠯᠠ ᠲᠤᠯᠭᠠᠭᠤᠷᠢ ᠪᠣᠯᠵᠣ᠂ ᠠᠳᠠᠯᠢ ᠬᠤᠭᠤᠴᠠᠭᠠᠨ ᠤ ᠬᠢ ᠠᠴᠠ 18.2% ᠨᠡᠮᠡᠭᠳᠡᠪᠡ᠃ | ᠮᠠᠰᠢᠨ ᠲᠡᠷᠭᠡᠨ ᠤ ᠲᠥᠷᠥᠯ ᠮᠥᠨ ᠬᠦ ᠬᠤᠶᠠᠷ ᠣᠷᠣᠨᠲᠤ ᠲᠤᠭᠠᠨ ᠤ ᠨᠡᠮᠡᠭᠳᠡᠯ ᠢ ᠪᠠᠳᠤᠯᠠᠵᠤ᠂ ᠠᠳᠠᠯᠢ | ᠬᠤᠭᠤᠴᠠᠭᠠᠨ ᠤ ᠬᠢ ᠠᠴᠠ 12.0% ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 2.9% ᠨᠡᠮᠡᠭᠳᠡᠵᠡᠶ᠃ | ᠠᠶᠢᠮᠠᠭ ᠬᠤᠳᠠ ᠶᠢᠨ ᠪᠠᠶᠢᠳᠠᠯ ᠠᠴᠠ ᠦᠵᠡᠪᠡᠯ᠂ ᠪᠤᠭᠤᠲᠤ ᠬᠤᠳᠠ᠂ ᠤᠷᠳᠤᠰ ᠬᠤᠳᠠ᠂ ᠰᠢᠯᠢ ᠶᠢᠨ ᠭᠤᠣᠯ | ᠠᠶᠢᠮᠠᠭ᠂ ᠬᠥᠬᠡᠬᠤᠲᠠ᠂ ᠦᠬᠠᠢ ᠬᠤᠳᠠ᠂ ᠬᠥᠯᠥᠨ ᠪᠤᠶᠢᠷ ᠬᠤᠳᠠ ᠵᠡᠷᠭᠡ 6 ᠠᠶᠢᠮᠠᠭ ᠬᠤᠳᠠ ᠶᠢᠨ ᠨᠡᠮᠡᠭᠳᠡᠯ ᠤᠨ | ᠬᠤᠷᠳᠤᠴᠠ ᠪᠦᠬᠦ ᠣᠷᠣᠨ ᠤ ᠲᠦᠪᠰᠢᠨ ᠠᠴᠠ ᠳᠠᠪᠠᠵᠠᠢ᠃ | ᠬᠤᠶᠠᠷ᠂ ᠭᠠᠳᠠᠭᠠᠳᠤ ᠠᠷᠠᠯᠵᠢᠶ᠎ᠠ | ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ 1 — 10 ᠰᠠᠷ᠎ᠠ ᠳᠤ᠂ ᠪᠥᠬᠦ ᠣᠷᠣᠨ ᠤ ᠭᠠᠳᠠᠭᠠᠳᠤ | ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ ᠨᠡᠶᠢᠲᠡ 1004. | 4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.7% ᠪᠠᠷ ᠨᠡᠮᠡᠭᠳᠡᠪᠡ᠃ | ᠡᠭᠦᠨ ᠳᠤ᠄ ᠭᠠᠳᠠᠭᠠᠳᠤ ᠣᠷᠣᠭᠤᠯᠤᠯᠲᠠ ᠶᠢᠨ ᠨᠡᠶᠢᠲᠡ ᠲᠤᠭ᠎ᠠ 620.5 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 6.4% ᠨᠡᠮᠡᠭᠳᠡᠪᠡ︔ ᠭᠠᠳᠠᠭᠠᠳᠤ ᠳᠤ ᠭᠠᠷᠭᠠᠭᠰᠠᠨ ᠲᠤᠭ᠎ᠠ ᠨᠡᠶᠢᠲᠡ 383. | 9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 34.7% ᠪᠠᠷ ᠨᠡᠮᠡᠭᠳᠡᠪᠡ᠃ | ᠳ᠋ᠣᠯᠯᠠᠷ ᠤᠨ ᠪᠠᠷᠢᠮᠵᠢᠶ᠎ᠠ ᠪᠠᠷ ᠪᠣᠯ᠂ ᠪᠥᠬᠦ ᠣᠷᠣᠨ ᠤ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ ᠨᠡᠶᠢᠲᠡ 155.1 ᠳ᠋ᠦᠩᠰᠢᠭᠤᠷ ᠳ᠋ᠣᠯᠯᠠᠷ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 24.9% ᠨᠡᠮᠡᠭᠳᠡᠪᠡ᠃ ᠡᠭᠦᠨ ᠳᠤ᠄ ᠭᠠᠳᠠᠭᠠᠳᠤ ᠠᠴᠠ | ᠣᠷᠣᠭᠤᠯᠤᠭᠰᠠᠨ ᠲᠤᠭ᠎ᠠ ᠨᠡᠶᠢᠲᠡ 95.8 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 14.8% ᠨᠡᠮᠡᠭᠳᠡᠵᠡᠶ︔ ᠭᠠᠳᠠᠭᠠᠳᠤ ᠳᠤ ᠭᠠᠷᠭᠠᠭᠰᠠᠨ ᠲᠤᠭ᠎ᠠ ᠨᠡᠶᠢᠲᠡ 59.3 | ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 45.4% ᠨᠡᠮᠡᠭᠳᠡᠵᠡᠶ᠃ | ᠠᠵᠢᠯᠯᠠᠭᠠᠨ ᠤ ᠭᠤᠤᠯ ᠣᠨᠴᠠᠯᠢᠭ ᠪᠣᠯ᠄ ᠨᠡᠮᠡᠭᠳᠡᠯ ᠤᠨ ᠬᠠᠨᠳᠤᠰᠢ ᠨᠢ ᠬᠢᠵᠢᠭ ᠤᠨ ᠪᠠᠶᠢᠳᠠᠯ ᠤᠨ ᠡᠮᠦᠨᠡᠬᠢ | ᠲᠦᠪᠰᠢᠨ ᠠᠴᠠ ᠰᠠᠶᠢᠨ ᠪᠠᠶᠢᠪᠠ᠃ 2019 ᠣᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ᠂ | ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ᠂ ᠭᠠᠳᠠᠭᠠᠳᠤ ᠳᠤ ᠭᠠᠷᠭᠠᠬᠤ᠂ ᠭᠠᠳᠠᠭᠠᠳᠤ ᠠᠴᠠ | ᠣᠷᠣᠭᠤᠯᠬᠤ ᠨᠢ ᠲᠣᠰ ᠲᠣᠰ 11.0%᠂ 26.5%᠂ 3.2% ᠢᠶᠠᠷ ᠨᠡᠮᠡᠭᠳᠡᠪᠡ᠃ ᠭᠠᠳᠠᠭᠠᠳᠤ | ᠭᠠᠷᠭᠠᠯᠲᠠ ᠶᠢᠨ ᠨᠡᠯᠢᠶᠡᠳ ᠲᠦᠷᠭᠡᠨ ᠨᠡᠮᠡᠭᠳᠡᠯ ᠢ ᠦᠷᠭᠦᠯᠵᠢᠯᠡᠨ ᠪᠠᠲᠤᠯᠠᠪᠠ᠃ ᠪᠥᠬᠦ ᠣᠷᠣᠨ ᠤ ᠭᠠᠳᠠᠭᠠᠳᠤ | ᠠᠷᠠᠯᠵᠢᠶ᠎ᠠ ᠶᠢᠨ ᠭᠠᠳᠠᠭᠠᠳᠤ ᠭᠠᠷᠭᠠᠯᠲᠠ ᠶᠢᠨ ᠨᠡᠶᠢᠲᠡ ᠲᠤᠭ᠎ᠠ 383.9 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 34.7% ᠪᠠᠷ ᠨᠡᠮᠡᠭᠳᠡᠨ᠂ 10 ᠰᠠᠷ᠎ᠠ ᠳᠠᠷᠠᠭᠠᠯᠠᠨ ᠬᠤᠶᠠᠷ ᠣᠷᠣᠨᠲᠤ | ᠲᠤᠭ᠎ᠠ ᠶᠢᠨ ᠨᠡᠮᠡᠭᠳᠡᠯ ᠢ ᠪᠠᠲᠤᠯᠠᠵᠤ᠂ ᠨᠡᠮᠡᠭᠳᠡᠯ ᠤᠨ ᠬᠡᠮᠵᠢᠶ᠎ᠡ ᠨᠢ ᠪᠥᠬᠦ ᠤᠯᠤᠰ ᠤᠨ 12.2 ᠵᠠᠭᠤᠨ ᠤ | ᠨᠢᠭᠡᠴᠢ ᠠᠴᠠ ᠥᠨᠳᠥᠷ ᠪᠠᠶᠢᠵᠤ᠂ ᠨᠡᠮᠡᠭᠳᠡᠯ ᠤᠨ ᠬᠡᠮᠵᠢᠶ᠎ᠡ ᠨᠢ ᠪᠥᠬᠦ ᠤᠯᠤᠰ ᠤᠨ ᠡᠯ᠎ᠡ ᠮᠤᠵᠢ ᠣᠷᠣᠨ ᠤ | ᠵᠢᠷᠭᠤᠳᠤᠭᠠᠷ ᠲᠤ ᠵᠢᠭᠰᠠᠭᠠᠭᠳᠠᠵᠠᠶ᠃ ᠡᠩ ᠤᠨ ᠠᠷᠠᠯᠵᠢᠶ᠎ᠠ ᠨᠢ ᠬᠢᠵᠢᠭ ᠤᠨ ᠪᠠᠶᠢᠳᠠᠯ ᠤᠨ ᠡᠮᠦᠨᠡᠬᠢ ᠠᠴᠠ ᠡᠵᠡᠯᠡᠬᠦ | ᠬᠤᠪᠢ ᠨᠢ ᠲᠡᠭᠡᠭᠰᠢᠯᠡᠪᠠ᠃ 1 — 10 ᠰᠠᠷ᠎ᠠ ᠳᠤ᠂ ᠡᠩ ᠤᠨ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ 645.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 11.6% ᠪᠠᠷ ᠨᠡᠮᠡᠭᠳᠡᠨ᠂ ᠪᠥᠬᠦ ᠣᠷᠣᠨ ᠤ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠭᠰᠠᠨ ᠶᠡᠷᠦᠩᠬᠡᠶ ᠲᠣᠭᠠᠨ ᠤ 64.3% ᠶᠢ ᠡᠵᠡᠯᠡᠵᠦ᠂ 2019 ᠣᠨ ᠤ ᠠᠳᠠᠯᠢ | ᠬᠤᠭᠤᠴᠠᠭᠠᠨ ᠤ ᠬᠢ ᠠᠴᠠ 4.7 ᠵᠠᠭᠤᠨ ᠤ ᠨᠢᠭᠡᠴᠢ ᠳᠡᠭᠡᠭᠰᠢᠯᠡᠵᠡᠶ︔ ᠪᠥᠬᠦ ᠣᠷᠣᠨ ᠤ ᠪᠣᠯᠪᠠᠰᠤᠷᠠᠭᠤᠯᠬᠤ | ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ 46.3 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 288.1% ᠨᠡᠮᠡᠭᠳᠡᠪᠡ︔ ᠬᠢᠯᠢ ᠶᠢᠨ | ᠪᠠᠭ᠎ᠠ ᠬᠡᠮᠵᠢᠶᠠᠨ ᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ 177.3 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.7% ᠪᠠᠷ ᠪᠠᠭᠤᠷᠠᠪᠠ᠃ | ᠪᠤᠰᠤᠳ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ 2.9 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 30.9% ᠨᠡᠮᠡᠭᠳᠡᠵᠡᠶ᠃ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠦᠰᠦᠯᠳᠠ ᠨᠢ | ᠨᠡᠯᠢᠶᠡᠳ ᠲᠦᠷᠭᠡᠨ ᠪᠠᠶᠢᠪᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ 285.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 26.7% ᠨᠡᠮᠡᠭᠳᠡᠪᠡ︔ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ ᠦᠷᠳᠡᠭ 650.0 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ11.0 % ᠨᠡᠮᠡᠭᠳᠡᠪᠡ︔ | ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠭᠰᠠᠨ ᠠᠵᠤ ᠠᠬᠤᠶᠢᠯᠠᠯ ᠤᠨ ᠭᠠᠳᠠᠭᠠᠳᠤ ᠣᠷᠣᠭᠤᠯᠤᠯᠲᠠ | ᠭᠠᠷᠭᠠᠯᠲᠠ ᠶᠢᠨ ᠶᠡᠷᠦᠩᠬᠡᠶ ᠬᠡᠮᠵᠢᠶ᠎ᠡ 67.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 18.9% ᠪᠠᠷ ᠨᠡᠮᠡᠭᠳᠡᠪᠡ᠃ ᠵᠠᠷᠢᠮ ᠶᠡᠭᠡ ᠬᠡᠮᠵᠢᠶᠡᠨ ᠤ ᠲᠠᠸᠠᠷ ᠤᠨ ᠭᠠᠳᠠᠭᠠᠳᠤ ᠠᠴᠠ | ᠣᠷᠣᠭᠤᠯᠬᠤ ᠬᠡᠮᠵᠢᠶ᠎ᠡ ᠨᠢ ᠪᠠᠭᠠᠰᠴᠤ᠂ ᠦᠨ᠎ᠡ ᠨᠢ ᠦᠰᠪᠠ᠃ ᠲᠦᠷᠦᠭᠦᠦ ᠠᠷᠪᠠ ᠳᠤ ᠤᠷᠤᠬᠤ ᠭᠠᠳᠠᠭᠠᠳᠤ ᠠᠴᠠ | ᠣᠷᠣᠭᠤᠯᠤᠭᠰᠠᠨ ᠲᠠᠸᠠᠷ ᠤᠨ ᠳᠣᠲᠣᠷ᠎ᠠ᠂ ᠵᠡᠰ ᠤᠨ ᠬᠦᠳᠡᠷ᠂ ᠬᠤᠷᠭᠤᠯᠵᠢ ᠶᠢᠨ ᠬᠦᠳᠡᠷ᠂ ᠴᠠᠶᠢᠷ ᠤᠨ ᠬᠦᠳᠡᠷ᠂ ︵ | ᠨᠢᠭᠡ ᠲᠦᠷᠦᠯ ᠲᠤᠳᠠᠭᠤ︶ ᠵᠡᠷᠭᠡ ᠲᠦᠷᠪᠡᠨ ᠶᠡᠭᠡ ᠲᠠᠸᠠᠷ ᠤᠨ ᠭᠠᠳᠠᠭᠠᠳᠤ ᠠᠴᠠ ᠣᠷᠣᠭᠤᠯᠤᠭᠰᠠᠨ ᠬᠡᠮᠵᠢᠶ᠎ᠡ ᠲᠤᠰ | ᠲᠤᠰ 0.8%᠂ 3.1%᠂ 24.7%᠂ 6.6% ᠪᠠᠷ ᠪᠠᠭᠠᠰᠴᠤ᠂ ᠭᠠᠳᠠᠭᠠᠳᠤ ᠠᠴᠠ ᠣᠷᠣᠭᠤᠯᠤᠭᠰᠠᠨ | ᠬᠡᠮᠵᠢᠶ᠎ᠡ ᠲᠤᠰ ᠲᠤᠰ 65.8%᠂ 60.2%᠂ 10.4%᠂ 9.4% ᠪᠠᠷ ᠨᠡᠮᠡᠭᠳᠡᠪᠡ᠃ ᠠᠷᠠᠯᠵᠢᠶᠠᠨ ᠤ ᠵᠠᠬ᠎ᠠ | ᠳᠡᠯᠭᠡᠭᠦᠷ ᠤᠯᠠᠮ ᠨᠢᠭᠡ ᠠᠯᠬᠤᠮ ᠤᠯᠠᠨ ᠡᠰᠢᠴᠢᠯᠡᠨ ᠬᠥᠭᠵᠢᠪᠡ᠃ ᠮᠠᠨ ᠤ ᠣᠷᠣᠨ ᠤ ᠲᠦᠷᠦᠭᠦᠤ ᠭᠤᠷᠪᠠᠨ ᠲᠣᠮᠣ | ᠠᠷᠠᠯᠵᠢᠶᠠᠨ ᠤ ᠬᠠᠨᠢᠲᠠᠨ ᠤ ᠳᠣᠲᠣᠷᠠᠬᠢ ᠮᠣᠩᠭᠤᠯ᠂ ᠠᠦ᠋ᠰᠲᠷᠠᠯᠢᠶ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ | ᠲᠣᠰ ᠲᠣᠰ 18.5%᠂ 55.8% ᠪᠠᠷ ᠨᠡᠮᠡᠭᠳᠡᠵᠦ᠂ ᠣᠷᠣᠰ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ 1. | 2% ᠢᠶᠠᠷ ᠪᠠᠭᠤᠷᠠᠪᠠ᠃ ᠡᠮᠦᠨ᠎ᠡ ᠠᠷᠪᠠᠨ ᠶᠡᠭᠡ ᠠᠷᠠᠯᠵᠢᠶᠠᠨ ᠤ ᠬᠠᠨᠢᠲᠠᠨ ᠤ ᠳᠣᠲᠣᠷ᠎ᠠ᠂ ᠣᠷᠣᠰ ᠠᠴᠠ ᠪᠤᠰᠤᠳ | ᠶᠢᠰᠦᠨ ᠶᠡᠭᠡ ᠠᠷᠠᠯᠵᠢᠶᠠᠨ ᠤ ᠬᠠᠨᠢᠲᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠲᠤᠭ᠎ᠠ ᠴᠥᠮ ᠨᠡᠮᠡᠭᠳᠡᠯ ᠢ | ᠪᠡᠶᠡᠯᠡᠭᠦᠯᠵᠡᠶ᠃ ᠠᠶᠢᠮᠠᠭ ᠬᠤᠳᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠥᠰᠥᠯᠲᠡ ᠪᠠᠭᠤᠷᠠᠯᠲᠠ | ᠬᠠᠷᠢᠯᠴᠠᠨ ᠢᠯᠡᠷᠭᠡᠢ ᠪᠠᠶᠢᠪᠠ᠃ 1 — 10 ᠰᠠᠷ᠎ᠠ ᠳᠤ᠂ ᠪᠤᠭᠤᠲᠤ ᠬᠤᠲᠠ᠂ ᠪᠠᠶᠠᠨᠨᠠᠭᠤᠷ ᠬᠤᠲᠠ᠂ | ᠬᠥᠬᠡᠬᠤᠲᠠ᠂ ᠤᠯᠠᠭᠠᠨᠬᠠᠳᠠ ᠬᠤᠲᠠ ᠵᠡᠷᠭᠡ 8 ᠠᠶᠢᠮᠠᠭ ᠬᠤᠲᠠ ᠶᠢᠨ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠬᠡᠮᠵᠢᠶ᠎ᠡ ᠨᠡᠮᠡᠭᠳᠡᠯ ᠲᠠᠢ ᠪᠣᠯᠵᠣ᠂ ᠨᠡᠮᠡᠭᠳᠡᠯ ᠤᠨ ᠬᠡᠮᠵᠢᠶ᠎ᠡ ᠨᠢ ᠴᠥᠮ 2 ᠣᠷᠣᠨᠲᠤ | ᠲᠤᠭ᠎ᠠ ᠠᠴᠠ ᠳᠡᠭᠡᠭᠰᠢ ᠪᠠᠶᠢᠪᠠ᠃ ᠪᠤᠭᠤᠲᠤ ᠬᠤᠳᠠ᠂ ᠪᠠᠶᠠᠨᠨᠠᠭᠤᠷ ᠬᠤᠳᠠ᠂ ᠬᠥᠯᠥᠨ ᠪᠤᠶᠢᠷ ᠬᠤᠳᠠ ︵ᠮᠠᠨᠵᠤᠤᠷ | ᠬᠤᠳᠠ ᠶᠢ ᠪᠠᠭᠲᠠᠭᠠᠨ᠎ᠠ︶᠂ ᠬᠥᠬᠡᠬᠤᠲᠠ᠂ ᠤᠯᠠᠭᠠᠨᠬᠠᠳᠠ ᠬᠤᠳᠠ ᠶᠢᠨ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠭᠰᠠᠨ ᠲᠤᠭ᠎ᠠ ᠵᠠᠭᠤᠨᠳᠦ᠋ᠩᠰᠢᠭᠤᠷ ᠲᠥᠭᠦᠷᠢᠭ ᠢ ᠳᠠᠪᠠᠵᠤ᠂ ᠪᠤᠭᠤᠲᠤ ᠬᠤᠳᠠ ᠶᠢᠨ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠲᠤᠭ᠎ᠠ ᠪᠦᠬᠦ ᠣᠷᠣᠨ ᠲᠤ ᠲᠡᠷᠢᠭᠦᠯᠡᠵᠦ᠂ | 211.2% ᠳ᠋ᠦᠩᠰᠢᠭᠤᠷ ᠲᠥᠭᠦᠷᠢᠭ ᠲᠤ ᠬᠦᠷᠪᠡ᠃ | ᠭᠤᠷᠪᠠ᠂ ᠭᠠᠳᠠᠭᠠᠳᠤ ᠶᠢᠨ ᠪᠡᠯᠡ ᠮᠥᠩᠭᠦ ᠶᠢ ᠰᠢᠭᠤᠳ ᠠᠰᠢᠭᠯᠠᠭᠰᠠᠨ | 1 — 10 ᠰᠠᠷ᠎ᠠ ᠳᠤ᠂ ᠪᠥᠬᠦ ᠣᠷᠣᠨ ᠤ ᠰᠢᠨ᠎ᠡ ᠪᠠᠷ ᠪᠠᠶᠢᠭᠤᠯᠤᠭᠰᠠᠨ ᠭᠠᠳᠠᠭᠠᠳᠤ ᠶᠢᠨ | ᠬᠤᠳᠠᠯᠳᠤᠭᠠᠴᠢᠨ ᠤ ᠪᠠᠯᠠ ᠣᠷᠣᠭᠤᠯᠤᠭᠰᠠᠨ ᠠᠵᠤ ᠠᠬᠤᠶᠢᠯᠠᠯ 35 ᠪᠣᠯᠵᠣ᠂ ᠠᠳᠠᠯᠢ ᠬᠤᠭᠤᠴᠠᠭᠠᠨ ᠤ ᠬᠢ ᠠᠴᠠ | 6 ᠨᠡᠮᠡᠭᠳᠡᠵᠡᠶ᠃ ᠬᠤᠳᠠᠯᠳᠤᠭᠠᠨ ᠤ ᠶᠠᠪᠤᠳᠠᠯ ᠤᠨ ᠶᠠᠮᠤᠨ ᠤ ᠪᠦᠷᠢᠳᠬᠡᠭᠰᠡᠨ ᠢᠶᠠᠷ᠂ ᠮᠠᠨ ᠤ ᠣᠷᠣᠨ ᠤ ᠪᠣᠳᠠᠲᠠᠶ | ᠬᠡᠷᠡᠭᠯᠡᠭᠰᠡᠨ ᠭᠠᠳᠠᠭᠠᠳᠤ ᠪᠠᠯᠠ ᠶᠢᠨ ᠲᠤᠭ᠎ᠠ 2.63 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 2.52% ᠪᠠᠭᠤᠷᠠᠪᠠ ︵ᠠᠷᠠᠳ ᠤᠨ ᠵᠣᠭᠤᠰ ᠢᠶᠠᠷ ᠨᠤᠭᠤᠯᠵᠤ ᠪᠤᠳᠤᠪᠠᠯ 18.31 | ᠳ᠋ᠦᠩᠰᠢᠭᠤᠷ ᠲᠥᠭᠦᠷᠢᠭ ᠪᠠᠶᠢᠵᠤ᠂ 3.62% ᠪᠠᠭᠤᠷᠠᠪᠠ︶᠃ ᠪᠡᠯᠡ ᠣᠷᠣᠭᠤᠯᠤᠯᠲᠠ ᠶᠢᠨ ᠭᠤᠣᠯ | ᠢᠷᠡᠯᠳᠡ ᠶᠢᠨ ᠲᠠᠯ᠎ᠠ ᠠᠴᠠ ᠦᠵᠡᠪᠡᠯ᠂ ᠪᠡᠯᠡ ᠣᠷᠣᠭᠤᠯᠤᠯᠲᠠ ᠨᠢ ᠭᠤᠣᠯᠳᠠᠭᠤ ᠰᠢᠶᠠᠩᠭᠠᠩ ᠣᠷᠣᠨ ᠠᠴᠠ ᠢᠷᠡᠵᠤ᠂ | 80% ᠶᠢ ᠡᠵᠡᠯᠡᠪᠠ᠃ ᠪᠡᠯᠡ ᠣᠷᠣᠭᠤᠯᠤᠯᠲᠠ ᠶᠢᠨ ᠠᠵᠢᠯ ᠲᠦᠷᠦᠯ ᠢᠶᠠᠷ ᠠᠪᠴᠤ ᠦᠵᠡᠪᠡᠯ᠂ ᠭᠤᠣᠯᠳᠠᠭᠤ | ᠲᠠᠷᠢᠶᠠᠯᠠᠩ᠂ ᠤᠢ ᠰᠢᠭᠤᠶ᠂ ᠮᠠᠯ ᠠᠵᠤ ᠠᠬᠤᠶ᠂ ᠵᠢᠭᠠᠰᠤᠨ ᠠᠵᠤ ᠠᠬᠤᠶ᠂ ᠦᠢᠯᠡᠳᠬᠦ ᠦᠢᠯᠡᠰ᠂ ᠴᠠᠬᠢᠯᠭᠠᠨ | ᠬᠦᠴᠦ᠂ ᠢᠯᠴᠢ ᠶᠢᠨ ᠬᠦᠴᠦ᠂ ᠰᠢᠲᠠᠮᠠᠬᠠᠶ ᠬᠡᠢ ᠵᠢᠴᠢ ᠤᠰᠤᠨ ᠤ ᠦᠢᠯᠡᠳᠪᠦᠷᠢᠯᠡᠯ ᠤᠨ ᠦᠢᠯᠡᠰ ᠪᠠ | ᠬᠠᠩᠭᠠᠯᠭ᠎ᠠ ᠶᠢᠨ ᠦᠢᠯᠡᠰ ᠲᠤ ᠲᠥᠪᠯᠡᠷᠡᠵᠦ ᠪᠠᠶᠢᠨ᠎ᠠ᠃ ᠪᠠᠯᠠ ᠮᠥᠩᠭᠦ ᠶᠢᠨ ᠣᠷᠣᠭᠤᠯᠤᠯᠲᠠ ᠶᠢᠨ ᠬᠠᠨᠳᠤᠰᠢ ᠶᠢᠨ | ᠲᠠᠷᠬᠠᠯᠲᠠ ᠶᠢᠨ ᠪᠠᠶᠢᠳᠠᠯ ᠠᠴᠠ ᠦᠵᠡᠪᠡᠯ᠂ ᠭᠤᠤᠯᠳᠠᠭᠤ ᠬᠥᠬᠡᠬᠤᠲᠠ ᠳᠤ ᠲᠥᠪᠯᠡᠷᠡᠵᠦ᠂ 55% ᠶᠢ ᠡᠵᠡᠯᠡᠵᠦ | ᠪᠠᠶᠢᠨ᠎ᠠ᠃ | ᠳᠥᠷᠪᠡ᠂ ᠭᠠᠳᠠᠭᠠᠳᠤ ᠳᠤ ᠪᠠᠯᠠ ᠣᠷᠣᠭᠤᠯᠤᠨ ᠬᠠᠮᠳᠤᠷᠠᠯᠴᠠᠭᠰᠠᠨ | 1 — 10 ᠰᠠᠷ᠎ᠠ ᠳᠤ᠂ ᠮᠠᠨ ᠤ ᠣᠷᠣᠨ ᠭᠠᠳᠠᠭᠠᠳᠤ ᠳᠤ ᠪᠠᠯᠠ ᠣᠷᠣᠭᠤᠯᠬᠤ ᠲᠥᠷᠥᠯ ᠵᠤᠶᠢᠯ ᠶᠢ 42 | ᠨᠡᠮᠡᠭᠳᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 1 ᠨᠡᠮᠡᠭᠳᠡᠪᠡ᠃ ᠳᠤᠮᠳᠠᠳᠤ ᠶᠢᠨ ᠲᠠᠯ᠎ᠠ ᠶᠢᠨ | ᠬᠡᠯᠡᠯᠴᠡᠭᠡᠷ ᠢᠶᠠᠷ ᠪᠠᠯᠠ ᠣᠷᠣᠭᠤᠯᠤᠭᠰᠠᠨ ᠲᠤᠭ᠎ᠠ 4.43 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 27.61% ᠪᠠᠷ ᠪᠠᠭᠤᠷᠠᠪᠠ᠃ ᠭᠤᠣᠯ ᠪᠡᠯᠡ ᠣᠷᠣᠭᠤᠯᠤᠯᠲᠠ ᠶᠢᠨ ᠠᠵᠢᠯ ᠲᠥᠷᠥᠯ | ᠭᠡᠪᠡᠯ ᠲᠡᠭᠡᠭᠡᠪᠦᠷᠢ ᠶᠢᠨ ᠦᠢᠯᠡᠰ᠂ ᠠᠭᠤᠷᠬᠠᠶ ᠮᠠᠯᠲᠠᠬᠤ ᠦᠢᠯᠡᠰ᠂ ᠲᠠᠷᠢᠶᠠᠯᠠᠩ᠂ ᠮᠣᠳᠣᠨ ᠮᠠᠲ᠋ᠧᠷᠢᠶᠠᠯ | ᠪᠣᠯᠪᠠᠰᠤᠷᠠᠭᠤᠯᠬᠤ᠂ ᠢᠳᠡᠭᠡᠨ ᠪᠣᠯᠪᠠᠰᠤᠷᠠᠭᠤᠯᠬᠤ᠂ ᠣᠯᠠᠨ ᠤᠯᠤᠰ ᠤᠨ ᠠᠷᠠᠯᠵᠢᠶ᠎ᠠ ᠵᠡᠷᠭᠡ ᠪᠣᠯᠤᠨ᠎ᠠ᠃ | ᠬᠤᠳᠠᠯᠳᠤᠭᠠᠨ ᠤ ᠶᠠᠪᠤᠳᠠᠯ ᠤᠨ ᠶᠠᠮᠤᠨ ᠤ ᠪᠦᠷᠢᠳᠬᠡᠭᠰᠡᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 1 — | 10 ᠰᠠᠷ᠎ᠠ ᠳᠤ ᠪᠥᠬᠦ ᠣᠷᠣᠨ ᠤ ᠠᠵᠤ ᠠᠬᠤᠶᠢᠯᠠᠯ ᠤᠨ ᠭᠠᠳᠠᠭᠠᠳᠤ ᠳᠠᠬᠢ ᠪᠣᠳᠠᠲᠠᠶ ᠪᠠᠯᠠ ᠣᠷᠣᠭᠤᠯᠤᠯᠲᠠ ᠶᠢᠨ | ᠲᠤᠭ᠎ᠠ 3.9 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 52.94% ᠪᠠᠷ | ᠨᠡᠮᠡᠭᠳᠡᠪᠡ᠃ | ᠲᠠᠪᠤ᠂ ᠪᠣᠭᠤᠮᠲᠠ ᠶᠢᠨ ᠲᠡᠭᠡᠭᠡᠪᠦᠷᠢ ᠶᠢᠨ ᠬᠡᠮᠵᠢᠶ᠎ᠡ ᠶᠢᠨ ᠪᠠᠶᠢᠳᠠᠯ | 1 — 10 ᠰᠠᠷ᠎ᠠ ᠳᠤ᠂ ᠪᠥᠬᠦ ᠣᠷᠣᠨ ᠤ ᠪᠣᠭᠤᠮᠲᠠ ᠶᠢᠨ ᠬᠢᠯᠢ ᠪᠠᠷ ᠣᠷᠣᠭᠤᠯᠵᠤ ᠭᠠᠷᠭᠠᠬᠤ ᠪᠠᠷᠠᠭᠠᠨ ᠤ | ᠲᠡᠭᠡᠭᠡᠪᠦᠷᠢ ᠶᠢᠨ ᠬᠡᠮᠵᠢᠶ᠎ᠡ 4526.57 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 18. | 9% ᠪᠠᠭᠤᠷᠠᠪᠠ᠃ ᠡᠭᠦᠨ ᠳᠤ᠄ ᠬᠢᠯᠢ ᠪᠠᠷ ᠣᠷᠣᠭᠤᠯᠤᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 3784.74 | ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 29.5% ᠪᠠᠷ ᠪᠠᠭᠤᠷᠠᠪᠠ︔ ᠬᠢᠯᠢ ᠪᠠᠷ | ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 741.83 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 8.6% ᠪᠠᠷ ᠨᠡᠮᠡᠭᠳᠡᠪᠡ᠃ | ᠮᠣᠩᠭᠤᠯ ᠤᠯᠤᠰ ᠤᠨ ᠬᠢᠯᠢ ᠶᠢᠨ ᠪᠣᠭᠤᠮᠲᠠ ᠳᠠᠬᠢ ᠬᠢᠯᠢ ᠪᠠᠷ ᠣᠷᠣᠭᠤᠯᠵᠤ ᠭᠠᠷᠭᠠᠬᠤ ᠪᠠᠷᠠᠭᠠᠨ ᠤ | ᠲᠡᠭᠡᠭᠡᠪᠦᠷᠢ ᠶᠢᠨ ᠬᠡᠮᠵᠢᠶ᠎ᠡ 2867.67 ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 26.8% ᠪᠠᠷ | ᠪᠠᠭᠤᠷᠠᠪᠠ᠃ ᠡᠭᠦᠨ ᠳᠤ᠄ ᠬᠢᠯᠢ ᠪᠠᠷ ᠣᠷᠣᠭᠤᠯᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 2491.34 ᠲᠦᠮᠡᠨ | ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 30.4% ᠪᠠᠭᠤᠷᠠᠪᠠ︔ ᠬᠢᠯᠢ ᠪᠠᠷ ᠭᠠᠷᠭᠠᠭᠰᠠᠨ | ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 376.33 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 10.5% ᠨᠡᠮᠡᠭᠳᠡᠪᠡ᠃ ᠣᠷᠣᠰ ᠤᠨ ᠬᠢᠯᠢ ᠶᠢᠨ ᠪᠣᠭᠤᠮᠲᠠ ᠳᠠᠬᠢ ᠬᠢᠯᠢ ᠪᠠᠷ | ᠣᠷᠣᠭᠤᠯᠵᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1658.9 ᠲᠦᠮᠡᠨ ᠲᠣᠨ ᠳᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 0.3% ᠪᠠᠷ ᠪᠠᠭᠤᠷᠠᠪᠠ᠃ ᠡᠭᠦᠨ ᠳᠤ᠄ ᠬᠢᠯᠢ ᠪᠠᠷ ᠣᠷᠣᠭᠤᠯᠤᠭᠰᠠᠨ | ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1293.4 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 2.1% ᠪᠠᠷ ᠪᠠᠭᠤᠷᠠᠪᠠ︔ ᠬᠢᠯᠢ ᠪᠠᠷ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ | ᠬᠡᠮᠵᠢᠶ᠎ᠡ 365.5 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.7% ᠪᠠᠷ ᠨᠡᠮᠡᠭᠳᠡᠪᠡ᠃ | ᠪᠥᠬᠦ ᠣᠷᠣᠨ ᠤ ᠪᠣᠭᠤᠮᠲᠠ ᠶᠢᠨ ᠬᠢᠯᠢ ᠪᠠᠷ ᠣᠷᠣᠭᠤᠯᠵᠤ ᠭᠠᠷᠭᠠᠭᠰᠠᠨ ᠠᠶᠠᠨᠴᠢᠳ ᠤᠨ ᠲᠡᠭᠡᠭᠡᠪᠦᠷᠢ ᠶᠢᠨ | ᠬᠡᠮᠵᠢᠶ᠎ᠡ 50.12 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 50.1% ᠪᠠᠷ | ᠪᠠᠭᠤᠷᠠᠪᠠ᠃ ᠡᠭᠦᠨ ᠳᠤ᠂ ᠬᠢᠯᠢ ᠪᠠᠷ ᠣᠷᠣᠵᠤ ᠢᠷᠡᠭᠰᠡᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 25.01 | ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 51.5% ᠪᠠᠷ ᠪᠠᠭᠤᠷᠠᠵᠤ᠂ ᠬᠢᠯᠢ | ᠪᠠᠷ ᠭᠠᠷᠭᠠᠭᠰᠠᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 25.11 ᠲᠦᠮᠡᠨ ᠬᠥᠮᠦᠨ ᠤᠳᠠᠭ᠎ᠠ ᠳᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 32.9% ᠪᠠᠷ ᠪᠠᠭᠤᠷᠠᠪᠠ᠃ | ᠪᠥᠬᠦ ᠣᠷᠣᠨ ᠤ ᠪᠣᠭᠤᠮᠲᠠ ᠶᠢᠨ ᠬᠢᠯᠢ ᠪᠠᠷ ᠣᠷᠣᠭᠤᠯᠵᠤ ᠭᠠᠷᠭᠠᠬᠤ ᠵᠠᠮ ᠬᠠᠷᠢᠯᠴᠠᠭᠠᠨ ᠤ ᠪᠠᠭᠠᠵᠢ 42.43 | ᠲᠦᠮᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 34.1% ᠪᠠᠷ ᠪᠠᠭᠤᠷᠠᠪᠠ᠃ ᠡᠭᠦᠨ ᠳᠤ᠂ ᠬᠢᠯᠢ ᠪᠠᠷ | ᠤᠷᠤᠭᠤᠯᠤᠭᠰᠠᠨ ᠵᠠᠮ ᠬᠠᠷᠢᠯᠴᠠᠭᠠᠨ ᠤ ᠪᠠᠭᠠᠵᠢ 20.43 ᠲᠦᠮᠡ ᠪᠠᠶᠢᠵᠤ ᠂ ᠠᠳᠠᠯᠢ ᠬᠤᠭᠤᠴᠠᠭᠠᠨ ᠤ ᠬᠢ ᠠᠴᠠ | 37.1% ᠪᠠᠷ ᠪᠠᠭᠤᠷᠠᠪᠠ︔ ᠬᠢᠯᠢ ᠪᠠᠷ ᠭᠠᠷᠭᠠᠭᠰᠠᠨ ᠵᠠᠮ ᠬᠠᠷᠢᠯᠴᠠᠭᠠᠨ ᠤ ᠪᠠᠭᠠᠵᠢ 22.0 ᠲᠦᠮᠡ ᠪᠠᠶᠢᠵᠤ ᠂ | ᠠᠳᠠᠯᠢ ᠬᠤᠭᠤᠴᠠᠭᠠᠨ ᠤ ᠬᠢ ᠠᠴᠠ 31.0% ᠪᠠᠷ ᠪᠠᠭᠤᠷᠠᠪᠠ᠃ | |