| | | 1 ᠳ᠋ᠦ᠋ᠭᠡᠷ ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠰᠣᠨᠢᠨ ᠮᠡᠳᠡᠭᠡᠨ ᠤ ᠠᠯᠪᠠᠨ ᠬᠡᠷ ᠤᠨ ᠬᠢᠨ 2020 ᠣᠨ ᠤ ᠬᠥᠬᠡᠬᠤᠲᠠ ᠪᠣᠭᠤᠮᠲᠠ ᠶᠢᠨ ᠭᠠᠳᠠᠭᠠᠳᠤ ᠠᠷᠠᠯᠵᠢᠶᠠᠨ | ᠤ ᠲᠣᠭᠲᠠᠭᠤᠨ ᠨᠡᠮᠡᠭᠳᠡᠯ ᠢ ᠠᠬᠢᠭᠤᠯᠬᠤ ᠲᠤᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ᠃ | ᠬᠥᠬᠡᠬᠤᠲᠠ ᠪᠣᠭᠤᠮᠲᠠ ᠶᠢᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠪᠣᠭᠤᠮᠲᠠ ᠶᠢᠨ ᠳᠠᠷᠤᠭ᠎ᠠ ᠸᠠᠩ ᠵᠢᠩ ᠠᠴᠠ | ᠭᠤᠤᠯ ᠰᠡᠳᠦᠪ ᠢ ᠨᠡᠶᠢᠲᠡᠯᠡᠵᠦ᠂ ᠬᠥᠬᠡᠬᠤᠲᠠ ᠪᠣᠭᠤᠮᠲᠠ ᠶᠢᠨ ᠲᠤᠭ᠎ᠠ ᠪᠦᠷᠢᠳᠬᠡᠯ ᠤᠨ ᠵᠠᠳᠠᠯᠤᠯᠲᠠ ᠶᠢᠨ ᠭᠠᠵᠠᠷ | ᠤᠨ ᠳᠠᠷᠤᠭ᠎ᠠ ᠵᠢᠶᠤᠤ ᡁᠢ ᠵᠢᠶᠦ᠋ᠨ᠂ ᠬᠥᠬᠡᠬᠤᠲᠠ ᠪᠣᠭᠤᠮᠲᠠ ᠶᠢᠨ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ | ᠢᠳᠡᠭᠡᠨ ᠤ ᠠᠮᠤᠷ ᠲᠦᠪᠰᠢᠨ ᠤ ᠭᠠᠵᠠᠷ ᠤᠨ ᠳᠠᠷᠤᠭ᠎ᠠ ᠯᠢ ᠾᠧᠩ ᠯᠢᠶᠠᠩ᠂ ᠬᠥᠬᠡᠬᠤᠲᠠ ᠪᠣᠭᠤᠮᠲᠠ ᠶᠢᠨ ᠠᠵᠤ | ᠠᠬᠤᠶᠢᠯᠠᠯ ᠤᠨ ᠬᠠᠮᠢᠶᠠᠷᠤᠯᠲᠠ ᠪᠠ ᠪᠠᠶᠢᠴᠠᠭᠠᠨ ᠰᠢᠶᠳᠪᠦᠷᠢᠯᠡᠬᠦ ᠭᠠᠵᠠᠷ ᠤᠨ ᠳᠠᠷᠤᠭ᠎ᠠ ᠰᠦ᠋ ᠴᠢᠩ᠂ ᠬᠥᠬᠡᠬᠤᠲᠠ | ᠪᠣᠭᠤᠮᠲᠠ ᠶᠢᠨ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠭᠠᠵᠠᠷ ᠤᠨ ᠳᠡᠳ᠋ ᠳᠠᠷᠤᠭ᠎ᠠ ᠯᠢᠦ ᠮᠢᠩ ᠴᠢ ᠠᠴᠠ | ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ | ᠬᠠᠷᠢᠭᠤᠯᠪᠠ᠃ | 2020 ᠣᠨ ᠤ ᠬᠥᠬᠡᠬᠤᠲᠠ ᠪᠣᠭᠤᠮᠲᠠ ᠶᠢᠨ ᠭᠠᠳᠠᠭᠠᠳᠤ ᠠᠷᠠᠯᠵᠢᠶᠠᠨ ᠤ ᠲᠣᠭᠲᠠᠭᠤᠨ ᠨᠡᠮᠡᠭᠳᠡᠯ ᠢ | ᠠᠬᠢᠭᠤᠯᠬᠤ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷᠡᠬᠢ ᠨᠡᠶᠢᠲᠡᠯᠡᠭᠰᠡᠨ ᠦᠭᠡ | ᠬᠥᠬᠡᠬᠤᠲᠠ ᠪᠣᠭᠤᠮᠲᠠ ᠶᠢᠨ ᠨᠠᠮ ᠤᠨ ᠬᠤᠷᠢᠶᠠᠨ ᠤ ᠭᠡᠰᠢᠭᠦᠨ᠂ ᠪᠣᠭᠤᠮᠲᠠ ᠶᠢᠨ ᠳᠡᠳ᠋ ᠳᠠᠷᠤᠭ᠎ᠠ ᠸᠠᠩ | ᠵᠢᠩ | ᠳᠣᠤᠷ᠎ᠠ ᠪᠢ ᠣᠯᠠᠨ ᠳᠤ ᠥᠩᠭᠡᠷᠡᠭᠰᠡᠨ ᠨᠢᠭᠡ ᠵᠢᠯ ᠤᠨ ᠲᠤᠷᠰᠢᠬᠢ ᠬᠥᠬᠡᠬᠤᠲᠠ ᠪᠣᠭᠤᠮᠲᠠ ᠶᠢᠨ ᠭᠠᠳᠠᠭᠠᠳᠤ | ᠠᠷᠠᠯᠵᠢᠶᠠᠨ ᠤ ᠲᠣᠭᠲᠠᠭᠤᠨ ᠨᠡᠮᠡᠭᠳᠡᠯ ᠢ ᠠᠬᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠭᠠᠳᠠᠭᠠᠳᠤ ᠨᠡᠭᠡᠭᠡᠯᠲᠡ ᠳᠤ ᠦᠶᠯᠡᠴᠢᠯᠡᠬᠦ ᠠᠷᠭ᠎ᠠ ᠬᠡᠮᠵᠢᠶ᠎ᠡ ᠪᠠ ᠣᠯᠤᠭᠰᠠᠨ ᠦᠷ᠎ᠡ ᠪᠦᠲᠦᠮᠵᠢ ᠶᠢ ᠮᠡᠳᠡᠭᠦᠯᠦᠶ᠎ᠡ᠃ | 2020 ᠣᠨ ᠳᠤ᠂ ᠬᠥᠬᠡᠬᠤᠲᠠ ᠪᠣᠭᠤᠮᠲᠠ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ ᠪᠣᠯᠤᠨ ᠪᠣᠭᠤᠮᠲᠠ ᠶᠢᠨ ᠶᠡᠷᠦᠩᠬᠡᠢ ᠵᠠᠬᠢᠷᠭ᠎ᠠ ᠶᠢᠨ ᠨᠠᠮ ᠤᠨ ᠬᠤᠷᠢᠶᠠᠨ ᠤ ᠰᠢᠢᠳᠪᠦᠷᠢᠲᠦ | ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠬᠦᠨᠳᠦ ᠬᠡᠴᠡᠭᠦᠦ ᠪᠠᠶᠢᠳᠠᠯ ᠤᠨ ᠡᠮᠦᠨ᠎ᠡ᠂ ᠠᠯᠢ ᠣᠯᠠᠨ ᠬᠦᠴᠢᠷ ᠪᠡᠷᠬᠡᠰᠢᠶᠡᠯ ᠢ | ᠢᠯᠠᠨ ᠳᠠᠪᠠᠭ᠋ᠤ ᠡᠭᠦᠷᠭᠡ ᠶᠢᠨ ᠡᠮᠦᠨ᠎ᠡ᠂ ᠰᠡᠳᠬᠢᠯ ᠨᠢᠭᠡᠳᠦᠨ ᠬᠦᠴᠦ ᠪᠠᠨ ᠬᠠᠮᠳᠤᠳᠬᠠᠵᠤ᠂ ᠴᠢᠩᠭ᠎ᠠ ᠨᠢᠮᠪᠠᠶ | ᠰᠡᠷᠭᠡᠶᠢᠯᠡᠨ ᠡᠵᠡᠮᠳᠡᠵᠦ᠂ ᠪᠣᠭᠤᠮᠲᠠ ᠶᠢᠨ ᠪᠥᠬᠦ ᠬᠦᠴᠦᠨ ᠢᠶᠠᠷ ᠪᠣᠭᠤᠮᠲᠠ ᠭᠠᠷᠠᠮ ᠤᠨ ᠬᠢᠵᠢᠭ ᠤᠨ ᠰᠡᠷᠭᠡᠶᠢᠯᠡᠯᠲᠡ | ᠶᠢᠨ ᠱᠤᠭᠤᠮ ᠢ ᠪᠠᠲᠤ ᠴᠣᠭᠴᠠᠯᠠᠨ᠂ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠨ ᠪᠠᠭᠤᠯᠭᠠᠬᠤ | ᠡᠭᠡᠯᠵᠢ ᠶᠢᠨ ᠨᠢᠰᠬᠡᠯ ᠤᠨ ᠵᠢᠭᠠᠨ ᠲᠣᠭᠲᠠᠭᠠᠭᠰᠠᠨ ᠬᠢᠯᠢ ᠳᠤ ᠣᠷᠣᠬᠤ ᠨᠢᠭᠡᠳᠦᠭᠡᠷ ᠴᠡᠭ ᠤᠨ ᠪᠣᠭᠤᠮᠲᠠ ᠶᠢᠨ | ᠬᠢᠵᠢᠭ ᠪᠠᠶᠢᠴᠠᠭᠠᠵᠤ ᠰᠢᠶᠳᠪᠦᠷᠢᠯᠡᠬᠦ ᠠᠵᠢᠯ ᠢ ᠡᠷᠡᠰ ᠡᠭᠦᠷᠭᠡᠯᠡᠵᠦ᠂ ᠳᠤᠮᠳᠠᠳᠤ ᠮᠣᠩᠭᠤᠯ ᠤᠨ ᠬᠠᠭᠤᠷᠠᠶ ᠵᠠᠮ ᠤᠨ | ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠬᠦ ᠶᠢ ᠴᠢᠩᠭ᠎ᠠ ᠬᠦᠯᠢᠶᠡᠵᠦ᠂ | ᠡᠬᠡ ᠤᠯᠤᠰ ᠤᠨ ᠤᠮᠠᠷᠠᠲᠤ ᠬᠢᠯᠢ ᠶᠢᠨ ᠨᠢᠭᠡᠳᠦᠭᠡᠷ ᠪᠠᠶᠢᠷᠢ ᠪᠠ ᠨᠢᠭᠡᠳᠦᠭᠡᠷ ᠬᠠᠷᠠᠭᠤᠯ ᠢ ᠪᠠᠲᠤ ᠰᠠᠬᠢᠵᠦ᠂ ᠬᠠᠭᠤᠷᠠᠶ | ᠵᠠᠮ ᠤᠨ ᠪᠣᠭᠤᠮᠲᠠ ᠳᠤ ︽ᠭᠠᠳᠠᠭᠰᠢ ᠭᠠᠷᠭᠠᠬᠤ ᠥᠬᠡᠶ︾᠂ ︽ᠳᠣᠲᠤᠭᠰᠢ ᠣᠷᠣᠭᠤᠯᠬᠤ ᠥᠬᠡᠶ︾᠂ ᠠᠭᠠᠷ ᠤᠨ | ᠠᠶᠠᠯᠠᠯ ᠤᠨ ᠪᠣᠭᠤᠮᠲᠠ ᠶᠢᠨ ︽ᠪᠠᠶᠢᠴᠠᠭᠠᠯᠲᠠ ᠠᠴᠠ ᠬᠤᠴᠤᠷᠬᠤ ᠦᠭᠡᠢ︾ ︽ᠲᠠᠷᠬᠠᠭᠠᠬᠤ ᠦᠭᠡᠢ︾ ᠪᠠᠶᠢᠬᠤ ᠶᠢ | ᠡᠷᠡᠰ ᠪᠠᠲᠤᠯᠠᠪᠠ᠃ ᠨᠠᠷᠢᠨ ᠪᠤᠳᠤᠯᠢᠶᠠᠨᠲᠠᠶ ᠭᠠᠳᠠᠭᠠᠳᠤ ᠠᠷᠠᠯᠵᠢᠶᠠᠨ ᠤ ᠪᠠᠶᠢᠳᠠᠯ ᠤᠨ ᠡᠮᠦᠨ᠎ᠡ᠂ ︽ᠵᠢᠷᠭᠤᠭ᠎ᠠ ᠶᠢ | ᠪᠠᠲᠤᠯᠠᠬᠤ︾ ᠡᠭᠦᠷᠭᠡ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ | ᠠᠵᠢᠯ ᠢ ᠰᠠᠶᠢᠲᠤᠷ ᠬᠢᠵᠦ᠂ ᠪᠣᠭᠤᠮᠲᠠ ᠶᠢᠨ ᠡᠭᠦᠷᠭᠡ ᠴᠢᠳᠠᠪᠬᠢ ᠪᠠᠨ ᠢᠳᠡᠪᠬᠢᠲᠡᠶ ᠭᠦᠶᠴᠡᠳᠬᠡᠵᠦ᠂ | ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠭᠠᠳᠠᠭᠠᠳᠤ ᠠᠷᠠᠯᠵᠢᠶᠠᠨ ᠤ ᠲᠣᠭᠲᠠᠭᠤᠨ | ᠨᠡᠮᠡᠭᠳᠡᠯ ᠢ ᠠᠬᠢᠭᠤᠯᠪᠠ᠃ ᠭᠡᠬᠦ ᠳᠤ᠂ ᠬᠢᠵᠢᠭ ᠤᠨ ᠨᠥᠯᠥᠭᠡ ᠠᠴᠠ ᠪᠣᠯᠵᠣ᠂ 2020 ᠣᠨ ᠳᠤ ᠥᠪᠥᠷ ᠮᠣᠩᠭᠤᠯ | ᠤᠨ ᠥᠪᠡᠷᠲᠡᠭᠡᠨ ᠵᠠᠰᠠᠬᠤ ᠣᠷᠣᠨ ︵ᠦᠪᠦᠷ ᠮᠣᠩᠭᠤᠯ ᠭᠡᠵᠦ ᠲᠣᠪᠴᠢᠯᠠᠨ᠎ᠠ︶ ᠤ ᠭᠠᠳᠠᠭᠠᠳᠤ ᠠᠷᠠᠯᠵᠢᠶᠠᠨ ᠤ | ᠣᠷᠣᠭᠤᠯᠤᠯᠲᠠ ᠭᠠᠷᠭᠠᠯᠲᠠ ᠶᠢᠨ ᠥᠷᠲᠡᠭ ᠨᠢ 1043.3 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ | ᠠᠳᠠᠯᠢ ᠬᠤᠭᠤᠴᠠᠭᠠᠨ ᠤ ᠬᠢ ᠠᠴᠠ ︵ᠳᠣᠷᠣᠭᠰᠢ ᠠᠳᠠᠯᠢ︶ | 4.9% ᠪᠠᠷ ᠪᠠᠭᠤᠷᠠᠪᠠ᠃ ᠡᠭᠦᠨ ᠳᠤ᠂ ᠭᠠᠳᠠᠭᠠᠳᠤ ᠭᠠᠷᠭᠠᠯᠲᠠ ᠨᠢ 349.1 ᠳ᠋ᠦᠩᠰᠢᠭᠤᠷ ᠲᠥᠭᠦᠷᠢᠭ ᠲᠤ | ᠬᠦᠷᠴᠦ᠂ 7.4% ᠪᠠᠷ ᠪᠠᠭᠤᠷᠠᠪᠠ︔ ᠭᠠᠳᠠᠭᠠᠳᠤ ᠣᠷᠣᠭᠤᠯᠤᠯᠲᠠ ᠨᠢ 694.2 ᠳ᠋ᠦᠩᠰᠢᠭᠤᠷ ᠲᠥᠭᠦᠷᠢᠭ ᠲᠤ | ᠬᠦᠷᠴᠦ᠂ 3.7% ᠪᠠᠷ ᠪᠠᠭᠤᠷᠠᠪᠠ᠃ ᠶᠡᠷᠦᠩᠬᠡᠶ ᠳᠤ ᠨᠢ ᠠᠪᠴᠤ ᠦᠵᠡᠪᠡᠯ ᠥᠪᠥᠷ ᠮᠣᠩᠭᠤᠯ ᠤᠨ ᠭᠠᠳᠠᠭᠠᠳᠤ | ᠣᠷᠣᠭᠤᠯᠤᠯᠲᠠ ᠭᠠᠷᠭᠠᠯᠲᠠ ᠶᠢᠨ ᠥᠷᠲᠡᠭ ᠤᠨ ᠪᠠᠭᠤᠷᠠᠯᠲᠠ ᠶᠢᠨ ᠬᠡᠮᠵᠢᠶ᠎ᠡ ᠠᠯᠬᠤᠮ ᠠᠯᠬᠤᠮ ᠢᠶᠠᠷ ᠪᠠᠭᠠᠰᠴᠤ᠂ | 2020 ᠣᠨ ᠤ 12 ᠳ᠋ᠤᠭᠠᠷ ᠰᠠᠷ᠎ᠠ ᠳᠤ ᠥᠪᠥᠷ ᠮᠣᠩᠭᠤᠯ ᠤᠨ ᠭᠠᠳᠠᠭᠠᠳᠤ ᠠᠷᠠᠯᠵᠢᠶᠠᠨ ᠤ ᠭᠠᠳᠠᠭᠠᠳᠤ | ᠣᠷᠣᠭᠤᠯᠤᠯᠲᠠ ᠭᠠᠷᠭᠠᠯᠲᠠ ᠨᠢ 97.3 ᠳ᠋ᠦᠩᠰᠢᠭᠤᠷ ᠲᠥᠭᠦᠷᠢᠭ ᠲᠤ ᠬᠦᠷᠴᠦ᠂ 3.6% ᠪᠠᠷ ᠨᠡᠮᠡᠭᠳᠡᠪᠡ᠃ | ᠡᠭᠦᠨ ᠳᠤ᠂ ᠭᠠᠳᠠᠭᠠᠳᠤ ᠭᠠᠷᠭᠠᠯᠲᠠ ᠨᠢ 33.7 ᠳ᠋ᠦᠩᠰᠢᠭᠤᠷ ᠲᠥᠭᠦᠷᠢᠭ ᠲᠤ ᠬᠦᠷᠴᠦ᠂ 19.2% ᠢᠶᠠᠷ | ᠪᠠᠭᠤᠷᠠᠪᠠ︔ ᠭᠠᠳᠠᠭᠠᠳᠤ ᠣᠷᠣᠭᠤᠯᠤᠯᠲᠠ ᠨᠢ 63.6 ᠳ᠋ᠦᠩᠰᠢᠭᠤᠷ ᠲᠥᠭᠦᠷᠢᠭ ᠲᠤ ᠬᠦᠷᠴᠦ᠂ 21.7% ᠪᠠᠷ | ᠨᠡᠮᠡᠭᠳᠡᠪᠡ᠃ | ᠨᠢᠭᠡ᠂ ᠭᠠᠳᠠᠭᠠᠳᠤ ᠠᠷᠠᠯᠵᠢᠶ᠎ᠠ ᠳᠤ ᠦᠢᠯᠡᠴᠢᠯᠡᠬᠦ ᠲᠦᠷᠦ ᠶᠢᠨ ᠪᠤᠳᠤᠯᠭ᠎ᠠ ᠶᠢᠨ ︽ᠬᠠᠮ ᠠᠷᠭ᠎ᠠ ᠬᠡᠮᠵᠢᠶ᠎ᠡ︾ | ᠶᠢ ᠰᠠᠶᠢᠲᠤᠷ ᠬᠡᠷᠡᠭᠵᠢᠭᠦᠯᠬᠦ | ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ ᠶᠢ ᠨᠢᠭᠲᠠᠷᠠᠭᠤᠯᠤᠨ ᠨᠡᠶᠢᠲᠡᠯᠡᠪᠡ᠃ ᠡᠨᠡ ᠵᠢᠯ ᠠᠴᠠ ᠨᠠᠭᠠᠰᠢ᠂ | ᠬᠥᠬᠡᠬᠤᠲᠠ ᠪᠣᠭᠤᠮᠲᠠ ᠨᠢ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠠᠵᠤ ᠠᠬᠤᠶᠢᠯᠠᠯ ᠤᠨ ᠠᠰᠠᠭᠤᠳᠠᠯ ᠪᠠ | ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠨᠠᠷᠢᠯᠢᠭ ᠣᠨᠣᠴᠠᠲᠠᠶ ᠪᠠᠷ ᠬᠠᠪᠰᠤᠷᠤᠨ ᠲᠡᠳᠬᠦᠵᠦ᠂ | ᠡᠯ᠎ᠡ ᠲᠥᠷᠥᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠨᠢᠭᠲᠠᠷᠠᠭᠤᠯᠤᠨ ᠨᠡᠶᠢᠲᠡᠯᠡᠵᠦ᠂ ᠲᠥᠷᠥ ᠶᠢᠨ | ᠪᠣᠳᠣᠯᠭ᠎ᠠ ᠶᠢᠨ ︽ᠬᠠᠮ ᠠᠷᠭ᠎ᠠ ᠬᠡᠮᠵᠢᠶ᠎ᠡ︾ ᠶᠢ ᠰᠠᠶᠢᠲᠤᠷ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠶᠢ | ᠪᠣᠳᠠᠲᠠᠶᠢᠵᠢᠭᠤᠯᠤᠨ ᠨᠠᠷᠢᠯᠢᠭᠵᠢᠭᠤᠯᠵᠤ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠪᠠ᠃ ᠬᠤᠶᠠᠷ ᠱᠠᠲᠤᠨ ᠤ | ᠨᠠᠮ ᠤᠨ ᠬᠤᠷᠢᠶᠠᠨ ᠤ ᠭᠡᠰᠢᠭᠦᠨ ᠲᠦᠷᠦᠭᠦᠯᠡᠨ ᠬᠠᠷᠢᠯᠴᠠᠬᠤ ᠠᠵᠤ ᠠᠬᠤᠶᠢᠯᠠᠯ ᠤᠨ ᠵᠣᠬᠢᠴᠠᠭᠤᠯᠤᠭᠴᠢ ᠶᠢᠨ | ᠲᠣᠭᠲᠠᠴᠠ ᠶᠢ ᠪᠠᠶᠢᠭᠤᠯᠪᠠ᠃ ᠪᠤᠭᠤᠮᠲᠠ ᠶᠢᠨ ᠨᠠᠮ ᠤᠨ ᠬᠤᠷᠢᠶ᠎ᠠ ᠲᠦᠷᠦᠭᠦᠯᠡᠨ ᠰᠠᠨᠠᠭᠠᠴᠢᠯᠠᠭ᠎ᠠ ᠠᠴᠠ ᠪᠠᠨ | ᠪᠠᠶᠢᠴᠠᠭᠠᠨ ᠰᠤᠳᠤᠯᠤᠯᠲᠠ ᠬᠢᠵᠦ᠂ ᠣᠷᠣᠨ ᠨᠤᠲᠤᠭ ᠤᠨ ᠵᠠᠰᠠᠭ ᠤᠨ ᠣᠷᠳᠣᠨ ᠵᠢᠴᠢ ᠠᠵᠤ ᠠᠬᠤᠶᠢᠯᠠᠯ ᠤᠨ ᠰᠠᠨᠠᠯ | ᠰᠠᠨᠠᠭᠤᠯᠭ᠎ᠠ ᠶᠢ ᠴᠠᠭ ᠲᠤᠬᠠᠢ ᠳᠤ ᠨᠢ ᠰᠣᠨᠣᠰᠪᠠ᠃ | ︽ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ︾ ᠬᠠᠪᠰᠤᠷᠤᠨ ᠲᠡᠳᠬᠦᠬᠦ | ᠲᠣᠭᠲᠠᠴᠠ ᠶᠢ ᠪᠠᠶᠢᠭᠤᠯᠪᠠ᠃ ᠪᠣᠭᠤᠮᠲᠠ ᠶᠢᠨ ᠣᠷᠣᠨ ᠤ ᠭᠤᠤᠯᠳᠠᠯᠭ᠎ᠠ ᠲᠠᠢ ᠭᠠᠳᠠᠭᠠᠳᠤ ᠠᠷᠠᠯᠵᠢᠶᠠᠨ ᠤ ᠠᠵᠤ | ᠠᠬᠤᠶᠢᠯᠠᠯ ᠤᠨ ᠨᠡᠷᠡᠰ ᠢ ᠡᠮᠬᠢᠯᠡᠨ ᠳᠢᠭᠯᠡᠵᠦ᠂ ᠭᠤᠤᠯᠳᠠᠯᠭ᠎ᠠ ᠲᠠᠢ ᠠᠵᠤ ᠠᠬᠤᠶᠢᠯᠠᠯ ᠳᠤ ︽ᠨᠢᠭᠡ ᠠᠵᠤ ᠠᠬᠤᠶᠢᠯᠠᠯ | ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ︾ ᠡᠬᠡ ᠲᠠᠩᠰᠠ ᠪᠠᠶᠢᠭᠤᠯᠵᠤ᠂ 112 ᠭᠤᠤᠯᠳᠠᠯᠭ᠎ᠠ ᠲᠠᠢ ᠠᠵᠤ | ᠠᠬᠤᠶᠢᠯᠠᠯ ᠢ ︽ᠴᠡᠭ ᠬᠠᠷᠠᠭᠠᠯᠵᠠᠭᠤᠯᠤᠨ︾ ᠣᠨᠣᠪᠴᠢᠲᠠᠶ ᠪᠠᠷ ᠬᠠᠪᠰᠤᠷᠤᠨ ᠲᠡᠳᠬᠦᠵᠦ ᠂ ᠵᠢᠱᠢᠶ᠎ᠡ ᠦᠵᠡᠭᠦᠯᠦᠨ | ᠬᠥᠲᠥᠯᠥᠨ ᠳᠠᠭᠠᠭᠤᠯᠬᠤ ᠦᠶᠯᠡᠳᠦᠯ ᠢ ᠴᠢᠩᠭᠠᠷᠠᠭᠤᠯᠤᠨ᠂ ᠠᠵᠤ ᠠᠬᠤᠶᠢᠯᠠᠯ ᠤᠨ ᠭᠠᠳᠠᠭᠠᠳᠤ ᠳᠠᠬᠢ ᠵᠠᠬ᠎ᠠ | ᠳᠡᠯᠭᠡᠭᠦᠷ ᠢ ᠨᠡᠭᠡᠭᠡᠬᠦ ᠳᠤ ᠬᠦᠴᠦᠨ ᠨᠡᠮᠡᠷᠢᠯᠡᠵᠦ᠂ ᠨᠢᠭᠡ ᠠᠵᠤ ᠠᠬᠤᠶᠢᠯᠠᠯ ᠢ ᠬᠠᠪᠰᠤᠷᠤᠨ ᠲᠡᠳᠬᠦᠬᠦ᠂ ᠨᠢᠭᠡ | ᠲᠥᠷᠥᠯ ᠤᠨ ᠬᠦᠴᠢᠷ ᠠᠰᠠᠭᠤᠳᠠᠯ ᠢ ᠰᠢᠶᠳᠪᠦᠷᠢᠯᠡᠬᠦ᠂ ᠨᠢᠭᠡ ᠲᠠᠯ᠎ᠠ ᠶᠢᠨ ᠠᠵᠤ ᠠᠬᠤᠶ ᠶᠢ ᠳᠠᠶᠢᠴᠢᠯᠠᠬᠤ | ᠦᠶᠯᠡᠴᠢᠯᠡᠭᠡᠨ ᠤ ᠦᠷ᠎ᠡ ᠪᠦᠲᠦᠮᠵᠢ ᠶᠢ ᠪᠣᠶ ᠪᠣᠯᠭᠠᠪᠠ᠃ | ᠠᠵᠤ ᠠᠬᠤᠶᠢᠯᠠᠯ ᠤᠨ ᠲᠤᠰᠬᠠᠭᠰᠠᠨ ︽ᠠᠰᠠᠭᠤᠳᠠᠯ ᠢ ᠦᠭᠡᠶᠢᠰᠬᠡᠬᠦ︾ ᠲᠦᠷᠢᠮ ᠢ ᠬᠡᠷᠡᠭᠵᠢᠭᠦᠯᠪᠡ᠃ ᠠᠵᠤ | ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠠᠰᠠᠭᠤᠳᠠᠯ ᠢ ᠴᠤᠭᠯᠠᠭᠤᠯᠤᠨ ᠰᠢᠶᠳᠪᠦᠷᠢᠯᠡᠵᠦ | ᠬᠠᠷᠢᠭᠤ ᠲᠤᠰᠬᠠᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠠᠵᠤ ᠠᠬᠤᠶᠢᠯᠠᠯ ᠤᠨ | ᠬᠡᠷᠡᠭᠴᠡᠭᠡ ᠱᠠᠭᠠᠷᠳᠠᠯᠭ᠎ᠠ ᠪᠠ ᠬᠦᠴᠢᠷᠳᠡᠯ ᠢ ᠥᠷᠭᠡᠨ ᠢᠶᠠᠷ ᠴᠤᠭᠯᠠᠭᠤᠯᠵᠤ᠂ ᠲᠤᠬᠠᠶᠢᠯᠠᠭᠰᠠᠨ ᠠᠵᠢᠯ ᠤᠨ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠲᠤ ᠳᠠᠭᠠᠭᠠᠯᠭᠠᠨ ᠲᠦᠷᠦᠭᠦᠯᠡᠨ ᠨᠠᠶᠢᠳᠠᠪᠤᠷᠢᠵᠢᠭᠤᠯᠵᠤ᠂ ᠭᠠᠳᠠᠭᠠᠳᠤ ᠠᠷᠠᠯᠵᠢᠶᠠᠨ ᠤ | ᠠᠵᠤ ᠠᠬᠤᠶᠢᠯᠠᠯ ᠤᠨ ᠬᠦᠴᠢᠷ ᠠᠰᠠᠭᠤᠳᠠᠯ ᠢ ᠰᠢᠶᠳᠪᠦᠷᠢᠯᠡᠬᠦ ᠳᠤ ᠬᠦᠴᠦᠨ ᠨᠡᠮᠡᠷᠢᠯᠡᠪᠡ᠃ | ᠬᠤᠶᠠᠷ᠂ ᠭᠠᠳᠠᠭᠠᠳᠤ ᠨᠡᠭᠡᠭᠡᠯᠲᠡ ᠶᠢᠨ ᠲᠠᠪᠴᠠᠩ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ | ᠬᠥᠬᠡᠬᠤᠲᠠ᠂ ᠣᠷᠳᠣᠰ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠲᠦᠷᠭᠡᠨ ᠬᠥᠭᠵᠢᠯᠲᠡ ᠶᠢᠨ | ᠵᠠᠮ ᠳᠤ ᠣᠷᠣᠬᠤ ᠶᠢ ᠠᠬᠢᠭᠤᠯᠪᠠ᠃ 14 ᠵᠦᠶᠯ ᠤᠨ ᠠᠵᠢᠯ ᠤᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ | ᠣᠷᠣᠨ ᠨᠤᠲᠤᠭ ᠤᠨ ᠵᠠᠰᠠᠭ ᠤᠨ ᠣᠷᠳᠣᠨ ᠤ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠴᠢᠨᠠᠷ ᠰᠠᠶᠢᠲᠠᠶ | ᠬᠥᠭᠵᠢᠯᠲᠡ ᠶᠢ ᠳᠡᠮᠵᠢᠬᠦ ᠠᠵᠢᠯ ᠤᠨ ᠲᠣᠭᠲᠠᠴᠠ ᠪᠠ ᠬᠡᠷᠡᠭᠵᠢᠭᠦᠯᠬᠦ ᠨᠠᠷᠢᠨ ᠲᠦᠷᠢᠮ ᠨᠡᠶᠢᠲᠡᠯᠡᠬᠦ ᠶᠢ ᠠᠬᠢᠭᠤᠯᠪᠠ᠃ | 2020 ᠣᠨ ᠳᠤ᠂ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ᠂ ᠣᠷᠳᠣᠰ ᠤᠨ | ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ | ᠨᠢ ᠲᠣᠰ ᠲᠣᠰ 9.3 ᠳ᠋ᠦᠩᠰᠢᠭᠤᠷ ᠲᠥᠭᠦᠷᠢᠭ᠂ 4.1 ᠳ᠋ᠦᠩᠰᠢᠭᠤᠷ ᠲᠥᠭᠦᠷᠢᠭ ᠲᠤ ᠬᠦᠷᠴᠦ᠂ ᠲᠣᠰ ᠲᠣᠰ | ᠨᠢᠳᠤᠨᠤᠨ ᠤ 6.8 ᠳᠠᠬᠢᠨ᠂ 161.4 ᠳᠠᠬᠢᠨ ᠪᠣᠯᠪᠠ︔ ᠳᠣᠯᠣᠳᠤᠭᠠᠷ ᠰᠤᠮᠤ ᠳᠠᠬᠢ ᠭᠠᠶᠢᠯᠢ ᠪᠠᠲᠤᠯᠠᠬᠤ ᠪᠠᠷᠠᠭ᠎ᠠ | ᠭᠦᠶᠯᠭᠡᠭᠡᠨ ᠤ ᠲᠥᠪ ︵B ᠬᠡᠯᠪᠡᠷᠢ︶ ᠤᠨ ᠠᠩᠬᠠᠨ ᠤ ᠵᠢᠯ ᠤᠨ ᠠᠵᠢᠯᠯᠠᠭᠠᠨ ᠤ ᠭᠠᠳᠠᠭᠠᠳᠤ ᠣᠷᠣᠭᠤᠯᠤᠯᠲᠠ | ᠭᠠᠷᠭᠠᠯᠲᠠ ᠶᠢᠨ ᠥᠷᠲᠡᠭ ᠨᠢ ᠨᠢᠭᠡᠨᠲᠡ 2.01 ᠳ᠋ᠦᠩᠰᠢᠭᠤᠷ ᠲᠥᠭᠦᠷᠢᠭ ᠲᠤ ᠬᠦᠷᠪᠡ᠃ | ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠰᠢᠨ᠎ᠡ ᠠᠷᠠᠯᠵᠢᠶᠠᠨ ᠤ ᠡᠵᠡᠩᠨᠡᠯᠲᠡ ᠶᠢᠨ ᠬᠡᠯᠪᠡᠷᠢ ᠶᠢᠨ | ᠬᠥᠭᠵᠢᠯᠲᠡ ᠶᠢ ᠶᠡᠬᠡᠪᠡᠷ ᠳᠡᠮᠵᠢᠪᠡ᠃ ᠳᠤᠮᠳᠠᠳᠤ ᠤᠯᠤᠰ ︵ᠬᠥᠬᠡᠬᠤᠲᠠ︶ ᠤᠨ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠬᠠᠮᠲᠤᠷᠠᠭᠰᠠᠨ ᠬᠤᠷᠠᠯ ᠤᠨ | ᠲᠦᠷᠢᠮ ᠢ ᠪᠠᠶᠢᠭᠤᠯᠬᠤ ᠶᠢ ᠠᠬᠢᠭᠤᠯᠵᠤ᠂ ᠪᠣᠭᠤᠮᠲᠠ ᠶᠢᠨ ᠣᠷᠣᠨ ᠤ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ ᠭᠠᠶᠢᠯᠢ ᠪᠠᠲᠤᠯᠠᠬᠤ ᠪᠠ ᠰᠢᠭᠤᠳ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠤᠨ ᠵᠥᠭᠡᠯᠡᠨ | ᠬᠠᠲᠠᠭᠤ ᠬᠡᠷᠡᠭᠰᠡᠯ ᠤᠨ ᠰᠢᠰᠲ᠋ᠧᠮ ᠢ ᠪᠦᠬᠦᠨ ᠢ ᠤᠷᠤᠭᠰᠢᠲᠠᠶ ᠨᠡᠪᠲᠡᠷᠡᠭᠦᠯᠪᠡ᠃ 2020 ᠣᠨ ᠳᠤ᠂ ᠬᠥᠬᠡᠬᠤᠲᠠ | ᠪᠣᠭᠤᠮᠲᠠ ᠠᠴᠠ ᠭᠠᠳᠠᠭᠠᠳᠤ ᠠᠴᠠ ᠣᠷᠣᠭᠤᠯᠤᠭᠰᠠᠨ ᠰᠦᠯᠵᠢᠶ᠎ᠡ ᠪᠠᠷ ᠬᠤᠳᠠᠯᠳᠤᠨ ᠠᠪᠤᠭᠰᠠᠨ ᠭᠠᠶᠢᠯᠢ ᠪᠠᠲᠤᠯᠠᠬᠤ | ᠪᠠᠷᠠᠭ᠎ᠠ ᠶᠢ ᠨᠡᠶᠢᠲᠡ 332 ᠪᠢᠯᠧᠲ᠂ ᠡᠩ ᠤᠨ ᠭᠠᠳᠠᠭᠠᠳᠤ ᠳᠤ ᠭᠠᠷᠭᠠᠬᠤ ᠪᠠᠷᠠᠭ᠎ᠠ ᠶᠢ ᠵᠢᠵᠢᠭᠯᠡᠨ ᠬᠤᠳᠠᠯᠳᠤᠬᠤ | ᠳᠤ ᠨᠡᠶᠢᠲᠡ 3.13 ᠲᠦᠮᠡᠨ ᠪᠢᠯᠧᠲ ᠬᠢᠨᠠᠨ ᠬᠠᠮᠢᠶᠠᠷᠪᠠ᠃ | ᠪᠣᠭᠤᠮᠲᠠ ᠶᠢᠨ ᠨᠡᠭᠡᠭᠡᠯᠲᠡ ᠶᠢᠨ ᠲᠠᠰ ᠳᠠᠪᠬᠤᠷᠭ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠳᠤ ᠬᠦᠴᠦᠨ | ᠨᠡᠮᠡᠷᠢᠯᠡᠪᠡ᠃ ᠥᠯᠵᠡᠶ ᠪᠣᠭᠤᠮᠲᠠ ᠲᠦᠷ ᠴᠠᠭ ᠨᠡᠭᠡᠭᠡᠬᠦ ᠵᠥᠪᠰᠢᠶᠡᠷᠡᠯ ᠣᠯᠵᠤ᠂ ᠠᠯᠠᠱᠠ ᠪᠣᠭᠤᠮᠲᠠ ᠵᠢᠩᠬᠢᠨᠢ ᠪᠠᠷ | ᠫᠠᠶᠢᠰᠠ ᠡᠯᠭᠦᠪᠡ᠃ ᠬᠥᠬᠡᠬᠤᠲᠠ ᠶᠢᠨ ᠠᠭᠠᠷ ᠤᠨ ᠠᠶᠠᠯᠠᠯ ᠤᠨ ᠪᠣᠭᠤᠮᠲᠠ᠂ ᠤᠷᠳᠤᠰ ᠤᠨ ᠠᠭᠠᠷ ᠤᠨ ᠠᠶᠠᠯᠠᠯ ᠤᠨ | ᠪᠣᠭᠤᠮᠲᠠ ᠶᠢᠨ ᠵᠢᠮᠢᠰ᠂ ᠮᠥᠰᠦᠯᠢᠭ ᠰᠢᠨ᠎ᠡ ᠰᠣᠷᠭᠤᠭ ᠤᠰᠤᠨ ᠭᠠᠷᠤᠯᠲᠠ ᠵᠡᠷᠭᠡ ᠭᠠᠳᠠᠭᠠᠳᠤ ᠣᠷᠤᠭᠤᠯᠤᠯᠲᠠ ᠶᠢᠨ | ᠵᠢᠭᠠᠨ ᠲᠣᠭᠲᠠᠭᠠᠭᠰᠠᠨ ᠬᠢᠨᠠᠨ ᠬᠠᠮᠢᠶᠠᠷᠬᠤ ᠭᠠᠵᠠᠷ ᠭᠤᠶᠤᠴᠢᠯᠠᠨ ᠮᠡᠳᠡᠭᠦᠯᠬᠦ ᠶᠢ ᠳᠡᠮᠵᠢᠪᠡ᠃ ᠡᠷᠢᠶᠡᠨ ᠬᠤᠲᠠ ᠶᠢᠨ | ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠲᠣᠭᠤᠷᠢᠭ ᠤᠨ ᠭᠠᠳᠠᠭᠠᠳᠤ ᠠᠴᠠ ᠣᠷᠣᠭᠤᠯᠤᠭᠰᠠᠨ ᠲᠠᠸᠠᠷ | ᠡᠳ᠋ᠰᠢᠭᠦᠯᠬᠦ ᠲᠤᠬᠠᠶᠢᠯᠠᠭᠰᠠᠨ ᠠᠵᠢᠯ ᠥᠷᠨᠢᠭᠦᠯᠬᠦ ᠶᠢ ᠳᠡᠮᠵᠢᠪᠡ᠃ | ᠭᠤᠷᠪᠠ᠂ ᠬᠢᠨᠠᠨ ᠬᠠᠮᠢᠶᠠᠷᠴᠤ ᠪᠣᠭᠤᠮᠲᠠ ᠪᠠᠷ ᠥᠩᠭᠡᠷᠡᠭᠦᠯᠬᠦ ᠵᠠᠭᠪᠤᠷ ᠤᠨ ᠥᠭᠡᠷᠡᠴᠢᠯᠡᠯᠲᠡ ᠶᠢ | ᠦᠷᠭᠦᠯᠵᠢᠯᠡᠨ ᠭᠦᠨᠵᠡᠭᠡᠶᠢᠷᠡᠭᠦᠯᠬᠦ | ᠪᠣᠭᠤᠮᠲᠠ ᠶᠢᠨ ᠠᠭᠤᠷᠬᠠᠶ ᠶᠢᠨ ᠡᠨᠧᠷᠭᠢ ᠶᠢᠨ ᠦᠶᠯᠡᠳᠬᠦᠨ ᠤ ᠭᠠᠳᠠᠭᠠᠳᠤ ᠣᠷᠤᠭᠤᠯᠤᠯᠲᠠ ᠶᠢᠨ | ᠬᠤᠷᠳᠤᠴᠠ ᠶᠢ ᠳᠡᠭᠡᠭᠰᠢᠯᠡᠭᠦᠯᠦᠨ ᠬᠡᠮᠵᠢᠶ᠎ᠡ ᠶᠢ ᠨᠡᠮᠡᠭᠳᠡᠭᠦᠯᠬᠦ ᠶᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠵᠠᠰᠠᠭ ᠤᠨ ᠣᠷᠳᠣᠨ ᠤ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ | ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠵᠤ ᠬᠠᠭᠤᠷᠠᠶ ᠵᠠᠮ ᠤᠨ ᠪᠣᠭᠤᠮᠲᠠ ᠪᠠᠷ ᠥᠩᠭᠡᠷᠡᠬᠦ ᠳᠤ ᠥᠨᠳᠦᠷ | ᠪᠦᠲᠦᠮᠵᠢᠲᠠᠢ ᠰᠠᠭᠠᠳ ᠦᠭᠡᠢ ᠨᠡᠪᠲᠡᠷᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠠᠵᠤ ᠦᠶᠯᠡᠰ ᠤᠨ ᠬᠡᠯᠬᠢᠶ᠎ᠡ | ᠂ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠪᠠᠲᠤᠯᠠᠪᠠ᠃ ᠪᠣᠭᠤᠮᠲᠠ ᠥᠩᠭᠡᠷᠡᠬᠦ ᠴᠠᠭ ᠢ ᠤᠷᠲᠤᠳᠬᠠᠵᠤ᠂ | ᠬᠡᠰᠡᠭ ᠪᠣᠭᠤᠮᠲᠠ ᠶᠢᠨ ᠲᠤᠬᠠᠶ ᠶᠢᠨ ᠲᠠᠯᠠᠪᠠᠶ ᠶᠢᠨ ᠠᠵᠢᠯᠯᠠᠬᠤ ᠴᠠᠭ ᠢ ᠤᠤᠯ ᠤᠨ ᠥᠷᠯᠦᠭᠡᠨ ᠤ ᠨᠠᠢᠮᠠᠨ | ᠴᠠᠭ ᠠᠴᠠ ᠣᠷᠣᠶ ᠶᠢᠨ ᠨᠠᠢᠮᠠᠨ ᠴᠠᠭ | ︵8᠄ 00 - 20᠄ 00︶ ᠪᠠᠶᠢᠭᠰᠠᠨ ᠠᠴᠠ ᠨᠢ ᠥᠷᠯᠥᠭᠡᠨ ᠤ ᠨᠠᠢᠮᠠᠨ ᠴᠠᠭ ᠠᠴᠠ ᠣᠷᠣᠶ ᠶᠢᠨ ᠠᠷᠪᠠᠨ ᠴᠠᠭ ︵ | 8᠄ 00 - 22᠄ 00︶ ᠪᠣᠯᠭᠠᠨ ᠤᠷᠲᠤᠳᠬᠠᠬᠤ ᠶᠢᠨ ᠬᠠᠮᠲᠤ᠂ ᠪᠣᠳᠠᠲᠤ ᠪᠠᠶᠢᠳᠠᠯ ᠢᠶᠠᠨ ᠦᠨᠳᠦᠰᠦᠯᠡᠨ | ᠪᠣᠭᠤᠮᠲᠠ ᠬᠠᠭᠠᠬᠤ ᠴᠠᠭ ᠢ ᠳᠠᠬᠢᠨ ᠵᠣᠬᠢᠬᠤ ᠬᠡᠮᠵᠢᠶ᠎ᠡ ᠪᠠᠷ ᠤᠷᠲᠤᠳᠬᠠᠵᠤ᠂ ᠬᠢᠯᠢ ᠠᠴᠠ ᠭᠠᠷᠬᠤ ᠲᠡᠷᠭᠡ ᠬᠥᠰᠬᠡ | ᠶᠢ ᠠᠯᠢ ᠴᠢᠳᠠᠬᠤ ᠪᠠᠷ ᠲᠠᠯᠪᠢᠬᠤ ᠶᠢ ᠪᠠᠲᠤᠯᠠᠪᠠ᠃ ᠠᠵᠢᠯᠯᠠᠬᠤ ᠴᠤᠪᠤᠷᠠᠯ ᠢ ︽ᠠᠯᠢ ᠴᠢᠳᠠᠬᠤ ᠪᠠᠷ ᠲᠥᠷᠭᠡᠳᠬᠡᠵᠦ︾ | ᠂ ᠡᠷᠡᠭᠦᠯ ᠬᠠᠮᠠᠭᠠᠯᠠᠯ ᠤᠨ ᠬᠢᠵᠢᠭ ᠪᠠᠶᠢᠴᠠᠭᠠᠬᠤ ᠴᠤᠪᠤᠷᠠᠯ ᠢ ᠪᠥᠬᠦ ᠲᠠᠯ᠎ᠠ ᠪᠠᠷ ᠰᠢᠯᠢᠳᠡᠭᠵᠢᠭᠦᠯᠦᠨ᠂ ᠤᠶᠤᠨᠲᠦ | ᠪᠤᠭᠤᠮᠲᠠ ᠪᠠᠷ ᠠᠦ᠋ᠲ᠋ᠣ᠋ ᠪᠠᠷ ᠰᠢᠯᠭᠠᠨ ᠥᠩᠭᠡᠷᠡᠭᠦᠯᠬᠦ ᠬᠠᠷᠢᠴᠠᠯ ᠢ ᠳᠡᠭᠡᠭᠰᠢᠯᠡᠭᠦᠯᠵᠦ᠂ ᠪᠠᠶᠢᠴᠠᠭᠠᠯᠲᠠ ᠳᠤ | ᠬᠤᠯᠪᠣᠭᠳᠠᠭᠰᠠᠨ ᠪᠠᠷᠠᠭ᠎ᠠ ᠶᠢ ᠪᠠᠶᠢᠴᠠᠭᠠᠨ ᠰᠢᠯᠭᠠᠬᠤ ᠴᠠᠭ ᠢ ᠵᠦᠶ ᠵᠣᠬᠢᠰᠲᠠᠶ ᠪᠣᠭᠤᠨᠢᠰᠬᠠᠪᠠ᠃ 8 - 12 ᠳ᠋ᠤᠭᠠᠷ | ᠰᠠᠷ᠎ᠠ ᠳᠤ᠂ ᠬᠥᠬᠡᠬᠤᠲᠠ ᠪᠣᠭᠤᠮᠲᠠ ᠶᠢᠨ ᠣᠷᠤᠨ ᠤ ᠵᠠᠰᠠᠮᠠᠯ ᠵᠠᠮ ᠤᠨ ᠪᠣᠭᠤᠮᠲᠠ ᠪᠠᠷ ᠣᠷᠣᠭᠤᠯᠵᠤ ᠭᠠᠷᠭᠠᠭᠰᠠᠨ | ᠪᠠᠷᠠᠭᠠᠨ ᠤ ᠬᠡᠮᠵᠢᠶ᠎ᠡ ᠨᠢ 1761.3 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.7% | ᠪᠠᠷ ᠨᠡᠮᠡᠭᠳᠡᠪᠡ᠃ | ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠶᠢ ᠭᠦᠨᠵᠡᠭᠡᠢ ᠲᠦᠯᠬᠢᠨ ᠠᠬᠢᠭᠤᠯᠪᠠ᠃ ︽ᠤᠷᠢᠳᠴᠢᠯᠠᠨ | ᠭᠤᠶᠤᠴᠢᠯᠠᠨ ᠮᠡᠳᠡᠭᠦᠯᠵᠦ᠂ ᠪᠣᠭᠤᠮᠲᠠ ᠶᠢ ᠰᠢᠯᠭᠠᠨ ᠥᠩᠭᠡᠷᠡᠭᠦᠯᠬᠦ︾ ᠪᠠᠷᠠᠭᠠᠨ ᠤ ᠲᠡᠭᠡᠭᠡᠪᠦᠷᠢ ᠶᠢᠨ ᠬᠢᠨᠠᠯᠲᠠ | ᠬᠠᠮᠢᠶᠠᠷᠤᠯᠲᠠ ᠶᠢᠨ ᠵᠠᠭᠪᠤᠷ ᠢ ᠴᠢᠨᠠᠷ ᠰᠠᠶᠢᠲᠠᠶ ᠠᠵᠢᠯᠯᠠᠭᠤᠯᠵᠤ᠂ ᠪᠣᠭᠤᠮᠲᠠ ᠶᠢᠨ ᠣᠷᠣᠨ ᠤ ᠪᠠᠷᠠᠭᠠᠨ ᠤ | ᠲᠡᠭᠡᠭᠡᠪᠦᠷᠢ ᠶᠢᠨ ᠨᠡᠪᠲᠡᠷᠡᠬᠦ ᠵᠠᠮ ᠢ ᠴᠥᠮ ᠵᠢᠵᠢᠭᠦᠷᠴᠢᠨ ᠥᠬᠡᠶ ᠪᠠᠷ ᠠᠦ᠋ᠲ᠋ᠣ᠋ ᠪᠠᠷ ᠰᠢᠯᠭᠠᠨ ᠥᠩᠭᠡᠷᠡᠭᠦᠯᠬᠦ ᠪᠣᠯᠭᠠᠪᠠ | ᠃ 5 ᠵᠠᠰᠠᠮᠠᠯ ᠵᠠᠮ ᠤᠨ ᠪᠣᠭᠤᠮᠲᠠ ᠶᠢᠨ ᠠᠶᠠᠨᠴᠢᠳ ᠤᠨ ᠲᠡᠭᠡᠭᠡᠪᠦᠷᠢ ᠶᠢᠨ ᠲᠡᠷᠭᠡ ᠨᠡᠪᠲᠡᠷᠡᠬᠦ ᠵᠠᠮ ᠪᠦᠬᠦᠨ ᠳᠤ | ᠤᠶᠤᠨᠲᠤ ᠪᠣᠭᠤᠮᠲᠠ ᠪᠠᠶᠢᠭᠤᠯᠪᠠ᠃ ︽ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ | ᠭᠦᠨᠵᠡᠭᠡᠶᠢᠷᠡᠭᠦᠯᠬᠦ 2020 ᠣᠨ ᠤ ᠪᠣᠷᠣ ᠲᠥᠯᠥᠪ ᠤᠨ ᠲᠥᠰᠦᠯ︾ ᠢ ᠨᠠᠶᠢᠳᠠᠪᠤᠷᠢᠵᠢᠭᠤᠯᠵᠤ᠂ ︽ᠬᠤᠶᠠᠷ | ᠠᠯᠬᠤᠮ ᠢᠶᠠᠷ ᠭᠤᠶᠤᠴᠢᠯᠠᠨ ᠮᠡᠳᠡᠭᠦᠯᠬᠦ︾ ᠪᠣᠭᠤᠮᠲᠠ ᠥᠩᠭᠡᠷᠡᠬᠦ ᠵᠠᠭᠪᠤᠷ ᠤᠨ ᠥᠭᠡᠷᠡᠴᠢᠯᠡᠯᠲᠡ ᠶᠢ ᠦᠷᠭᠦᠯᠵᠢᠯᠡᠨ | ᠠᠬᠢᠭᠤᠯᠵᠤ᠂ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠬᠦ ᠴᠠᠭ ᠢ ᠪᠠᠭᠠᠰᠬᠠᠨ᠂ ᠡᠳ᠋ ᠪᠠᠷᠠᠭ᠎ᠠ ᠶᠢᠨ | ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠤᠶᠠᠷ ᠠᠯᠬᠤᠮ ᠢᠶᠠᠷ ᠭᠤᠶᠤᠴᠢᠯᠠᠨ | ᠮᠡᠳᠡᠭᠦᠯᠵᠦ ᠪᠣᠭᠤᠮᠲᠠ ᠪᠠᠷ ᠥᠩᠭᠡᠷᠡᠬᠦ ᠵᠠᠭᠪᠤᠷ ᠤᠨ ᠬᠡᠷᠡᠭᠯᠡᠭᠡᠨ ᠤ ᠨᠣᠷᠮ᠎ᠠ ᠶᠢ 16% ᠠᠴᠠ ᠳᠠᠪᠠᠭᠤᠯᠪᠠ᠃ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠦᠶᠯᠡᠴᠢᠯᠡᠭᠡ ᠶᠢ ᠰᠢᠯᠢᠳᠡᠭᠵᠢᠭᠦᠯᠵᠦ᠂ ︽ᠨᠢᠭᠡ | ᠴᠣᠩᠬᠤᠪᠴᠢ ᠪᠠᠷ ᠭᠥᠯᠢᠶᠡᠨ ᠠᠪᠴᠤ ᠰᠢᠶᠳᠪᠦᠷᠢᠯᠡᠬᠦ︾ ︽ᠨᠢᠭᠡ ᠰᠦᠯᠵᠢᠶ᠎ᠡ ᠪᠠᠷ ᠨᠡᠶᠢᠳᠡᠮ ᠭᠦᠶᠴᠡᠳᠬᠡᠬᠦ︾ ᠶᠢ | ᠪᠡᠶᠡᠯᠡᠭᠦᠯᠬᠦ ᠶᠢ ᠠᠬᠢᠭᠤᠯᠵᠤ᠂ ᠣᠯᠠᠨ ᠤᠯᠤᠰ ᠤᠨ ᠠᠷᠠᠯᠵᠢᠶᠠᠨ ᠤ ︽ᠳᠠᠩ ᠭᠠᠭᠴᠠ ᠴᠣᠩᠬᠤᠪᠴᠢ︾ ᠶᠢᠨ ᠭᠤᠤᠯ | ᠪᠣᠯᠬᠤ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠨᠣᠷᠮ᠎ᠠ ᠶᠢ 100% ᠪᠠᠷ ᠪᠠᠲᠤᠯᠠᠪᠠ᠃ ︽ᠡᠭᠦᠳᠡᠨ ᠳᠤ | ᠬᠥᠷᠬᠦ︾ ᠲᠡᠭᠡᠭᠡᠪᠦᠷᠢ ᠶᠢᠨ ᠰᠢᠭᠤᠳ ᠨᠡᠪᠲᠡᠷᠡᠬᠦ ᠲᠡᠷᠭᠡ TIR ︵ᠣᠯᠠᠨ ᠤᠯᠤᠰ ᠤᠨ ᠵᠠᠮ ᠲᠡᠭᠡᠭᠡᠪᠦᠷᠢ ᠶᠢᠨ | ᠨᠡᠶᠢᠲᠡ ᠶᠢᠨ ᠭᠡᠷ᠎ᠡ︶ ᠶᠢᠨ ᠲᠤᠬᠠᠶᠢᠯᠠᠭᠰᠠᠨ ᠠᠵᠢᠯ ᠲᠦᠷᠭᠡᠨ ᠬᠥᠭᠵᠢᠵᠦ᠂ ᠡᠷᠢᠶᠡᠨ ᠬᠤᠲᠠ ᠶᠢᠨ ᠵᠠᠰᠠᠮᠠᠯ ᠵᠠᠮ ᠤᠨ | ᠪᠣᠭᠤᠮᠲᠠ ᠪᠥᠬᠦ ᠵᠢᠯ ᠳᠤ TIR ᠲᠡᠭᠡᠭᠡᠪᠦᠷᠢ ᠶᠢᠨ ᠲᠤᠬᠠᠶᠢᠯᠠᠭᠰᠠᠨ ᠠᠵᠢᠯ ᠢ ᠨᠡᠶᠢᠲᠡ 781 ᠪᠢᠯᠧᠲ | ᠭᠦᠶᠴᠡᠳᠬᠡᠵᠦ᠂ ᠡᠭᠦᠨ ᠳᠤ᠂ ᠬᠢᠯᠢ ᠪᠠᠷ ᠣᠷᠣᠭᠤᠯᠬᠤ ᠲᠤᠬᠠᠶᠢᠯᠠᠭᠰᠠᠨ ᠠᠵᠢᠯ 773 ᠪᠢᠯᠧᠲ ᠪᠠᠶᠢᠵᠤ᠂ ᠪᠥᠬᠦ | ᠤᠯᠤᠰ ᠤᠨ ᠨᠢᠭᠡᠳᠦᠭᠡᠷ ᠲᠤ ᠣᠷᠣᠪᠠ᠃ | ︽ᠳᠤᠮᠳᠠᠳᠤ ᠢᠶᠠᠷ ᠨᠡᠪᠲᠡᠷᠡᠬᠦ ᠵᠠᠮ︾ ᠤᠨ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢᠨ | ᠲᠦᠷᠭᠡᠨ ᠨᠡᠮᠡᠭᠳᠡᠯ ᠢ ᠪᠠᠲᠤᠯᠠᠬᠤ ᠳᠤ ᠬᠦᠴᠦᠨ ᠨᠡᠮᠡᠷᠢᠯᠡᠪᠡ᠃ ᠪᠣᠭᠤᠮᠲᠠ ᠶᠢᠨ ᠶᠡᠷᠦᠩᠬᠡᠶ ᠵᠠᠬᠢᠷᠭ᠎ᠠ ᠶᠢᠨ ᠳᠤᠮᠳᠠᠳᠤ | ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢᠨ ᠬᠥᠭᠵᠢᠯᠲᠡ ᠶᠢ ᠳᠡᠮᠵᠢᠬᠦ ᠠᠷᠭ᠎ᠠ ᠬᠡᠮᠵᠢᠶ᠎ᠡ ᠶᠢ | ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ᠂ ︽ᠬᠥᠬᠡᠬᠤᠲᠠ ᠪᠣᠭᠤᠮᠲᠠ ᠶᠢᠨ ᠳᠤᠮᠳᠠᠳᠤ ᠧᠦ᠋ᠷᠣᠫᠠ ᠶᠢᠨ | ᠡᠭᠡᠯᠵᠢ ᠶᠢᠨ ᠭᠠᠯᠲᠤ ᠲᠡᠷᠭᠡ ᠶᠢᠨ ᠬᠥᠭᠵᠢᠯᠲᠡ ᠶᠢ ᠳᠡᠮᠵᠢᠬᠦ 22 ᠵᠤᠷᠪᠤᠰ ᠠᠷᠭ᠎ᠠ ᠬᠡᠮᠵᠢᠶ᠎ᠡ︾ ᠶᠢ ᠲᠣᠭᠲᠠᠭᠠᠵᠤ᠂ | ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠶᠢᠨ ᠪᠣᠭᠤᠮᠲᠠ ᠪᠠᠷ ᠥᠩᠭᠡᠷᠡᠬᠦ ᠬᠦᠴᠦᠨ ᠴᠢᠳᠠᠪᠤᠷᠢ ᠶᠢ | ᠪᠦᠲᠦᠮᠵᠢᠲᠡᠶ ᠳᠡᠭᠡᠭᠰᠢᠯᠡᠭᠦᠯᠵᠦ᠂ ᠪᠥᠬᠦ ᠵᠢᠯ ᠳᠤ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠪᠠᠷ ᠳᠡᠮᠵᠢᠨ | 2384 ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢ ᠬᠢᠯᠢ ᠪᠠᠷ ᠣᠷᠣᠭᠤᠯᠵᠤ ᠭᠠᠷᠭᠠᠵᠤ᠂ ᠠᠳᠠᠯᠢ | ᠬᠤᠭᠤᠴᠠᠭᠠᠨ ᠤ ᠬᠢ ᠠᠴᠠ 60% ᠪᠠᠷ ᠨᠡᠮᠡᠭᠳᠡᠵᠦ᠂ ᠴᠢᠩᠭᠡᠯᠢᠭ ᠤᠨ ᠳᠦᠭᠦᠷᠡᠩ ᠠᠴᠢᠶ᠎ᠠ ᠶᠢᠨ ᠨᠣᠷᠮ᠎ᠠ ᠨᠢ 99. | 54% ᠳᠤ ᠬᠥᠷᠪᠡ᠃ ︽ᠳᠤᠮᠳᠠᠳᠤ ᠪᠠᠷ ᠨᠡᠪᠲᠡᠷᠡᠬᠦ ᠵᠠᠮ︾ ᠤᠨ ᠡᠷᠢᠶᠡᠨ ᠬᠤᠲᠠ ᠶᠢᠨ ᠪᠣᠭᠤᠮᠲᠠ ᠶᠢᠨ ᠳᠤᠮᠳᠠᠳᠤ | ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡᠨ ᠤ ᠨᠡᠮᠡᠭᠳᠡᠯ ᠤᠨ ᠨᠣᠷᠮ᠎ᠠ ᠨᠢ ᠭᠤᠷᠪᠠᠨ ᠨᠡᠪᠲᠡᠷᠡᠬᠦ ᠵᠠᠮ ᠤᠨ | ᠳᠥᠷᠪᠡᠨ ᠶᠡᠭᠡ ᠪᠣᠭᠤᠮᠲᠠ ︵ᠬᠤᠷᠭᠤᠰ᠂ ᠠᠯᠠᠱᠠ᠂ ᠡᠷᠢᠶᠡᠨ ᠬᠤᠲᠠ᠂ ᠮᠠᠨᠵᠤᠤᠷ︶ ᠶᠢᠨ ᠲᠡᠷᠢᠭᠦᠨ ᠳᠤ ᠣᠷᠣᠵᠤ᠂ | ᠬᠤᠭᠤᠰᠣᠨ ᠬᠠᠶᠢᠷᠴᠠᠭ ᠤᠨ ᠨᠣᠷᠮ᠎ᠠ ᠶᠡᠭᠡ ᠪᠠᠷ ᠪᠠᠭᠤᠷᠠᠪᠠ᠃ | ᠳᠥᠷᠪᠡ᠂ ᠪᠣᠭᠤᠮᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠬᠦᠴᠦᠯᠡᠨ | ᠰᠢᠯᠢᠳᠡᠭᠵᠢᠭᠦᠯᠬᠦ | ᠪᠣᠭᠤᠮᠲᠠ ᠪᠠᠷ ᠥᠩᠭᠡᠷᠡᠬᠦ ᠴᠠᠭ ᠤᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠪᠡ᠃ ᠠᠵᠤ | ᠠᠬᠤᠶᠢᠯᠠᠯ ᠤᠨ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠭᠤᠶᠤᠴᠢᠯᠠᠨ ᠮᠡᠳᠡᠭᠦᠯᠬᠦ ᠭᠤᠭᠴᠤᠭ᠎ᠠ ᠳᠤ ᠭᠡᠷ᠎ᠡ | ᠲᠤᠰᠢᠶᠠᠬᠤ᠂ ᠬᠠᠶᠢᠷᠴᠠᠭᠯᠠᠬᠤ ᠬᠠᠭᠤᠳᠠᠰᠤ ᠵᠡᠷᠭᠡ ᠳᠠᠭᠠᠯᠳᠤᠭᠤᠯᠤᠯ ᠬᠠᠭᠤᠳᠠᠰᠤ ᠪᠠᠷᠢᠮᠲᠠ ᠵᠡᠷᠭᠡ ᠶᠢ ᠥᠯᠥ | ᠲᠤᠰᠢᠶᠠᠵᠤ ᠪᠣᠭᠤᠮᠲᠠ ᠪᠠᠷ ᠥᠩᠭᠡᠷᠡᠭᠦᠯᠬᠦ ᠶᠢ ᠳᠥᠭᠦᠮᠴᠢᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠪᠠ᠃ | 2020 ᠣᠨ ᠤ 12 ᠳ᠋ᠤᠭᠠᠷ ᠰᠠᠷ᠎ᠠ ᠳᠤ᠂ ᠬᠥᠬᠡᠬᠤᠲᠠ ᠪᠣᠭᠤᠮᠲᠠ ᠶᠢᠨ ᠭᠠᠳᠠᠭᠠᠳᠤ ᠣᠷᠤᠭᠤᠯᠤᠯᠲᠠ ᠶᠢᠨ | ᠪᠣᠭᠤᠮᠲᠠ ᠪᠠᠷ ᠥᠩᠭᠡᠷᠡᠬᠦ ᠪᠦᠬᠦᠯᠢ ᠴᠣᠭᠴᠠ ᠶᠢᠨ ᠴᠠᠭ ᠨᠢ 29.55 ᠴᠠᠭ ᠪᠠᠶᠢᠵᠤ᠂ 2017 ᠣᠨ ᠤ ᠬᠢ ᠲᠠᠢ | ᠬᠠᠷᠢᠴᠠᠭᠤᠯᠪᠠᠯ 80.11% ᠪᠠᠷ ᠪᠠᠭᠠᠰᠪᠠ᠃ ᠭᠠᠳᠠᠭᠠᠳᠤ ᠭᠠᠷᠭᠠᠯᠲᠠ ᠶᠢᠨ ᠪᠣᠭᠤᠮᠲᠠ ᠪᠠᠷ ᠥᠩᠭᠡᠷᠡᠬᠦ ᠪᠦᠬᠦᠯᠢ | ᠴᠣᠭᠴᠠ ᠶᠢᠨ ᠴᠠᠭ ᠨᠢ 0.37 ᠴᠠᠭ ᠪᠠᠶᠢᠵᠤ᠂ 2017 ᠣᠨ ᠤ ᠬᠢ ᠲᠠᠢ ᠬᠠᠷᠢᠴᠠᠭᠤᠯᠪᠠᠯ 80.11% ᠪᠠᠷ | ᠪᠠᠭᠠᠰᠴᠤ᠂ 50% ᠪᠠᠷ ᠪᠠᠭᠠᠰᠬᠠᠬᠤ ᠠᠵᠢᠯ ᠤᠨ ᠬᠠᠷᠠᠯᠲᠠ ᠪᠠᠨ ᠴᠢᠨᠠᠷ ᠰᠠᠶᠢᠲᠠᠶ ᠥᠨᠳᠥᠷ ᠪᠦᠲᠦᠮᠵᠢᠲᠡᠶ | ᠪᠡᠶᠡᠯᠡᠭᠦᠯᠪᠡ᠃ | ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠨᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠠᠮᠢᠵᠢᠷᠠᠯ ᠤᠨ ᠬᠦᠴᠦᠨ ᠢ ᠬᠥᠭᠵᠢᠭᠡᠪᠡ᠃ ᠬᠤᠳᠠᠯᠳᠤᠭᠠᠨ ᠤ ᠶᠠᠪᠤᠳᠠᠯ ᠤᠨ ᠳᠦᠷᠢᠮ᠂ ᠭᠡᠷᠡᠴᠢ ᠦᠨᠡᠮᠯᠡᠯ ᠢ | ᠰᠠᠯᠭᠠᠬᠤ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠳᠠᠩᠰᠠᠯᠠᠭᠤᠯᠤᠭᠰᠠᠨ | ᠬᠠᠭᠤᠳᠠᠰᠤ ᠦᠨᠡᠮᠯᠡᠯ ᠢ ᠴᠣᠮᠬᠠᠳᠬᠠᠵᠤ᠂ ᠠᠵᠤ ᠠᠬᠤᠶᠢᠯᠠᠯ ᠤᠨ ᠳᠠᠩᠰᠠᠯᠠᠭᠤᠯᠤᠨ ᠲᠡᠮᠳᠡᠭᠯᠡᠭᠦᠯᠬᠦ ᠶᠢ ᠭᠦᠢᠴᠡᠳᠬᠡᠬᠦ | ᠴᠠᠭ ᠬᠤᠭᠤᠴᠠᠭ᠎ᠠ ᠶᠢ ᠪᠣᠭᠤᠨᠢᠰᠬᠠᠵᠤ᠂ ᠠᠵᠤ ᠠᠬᠤᠶᠢᠯᠠᠯ ᠤᠨ ᠳᠠᠩᠰᠠᠯᠠᠭᠤᠯᠤᠭᠰᠠᠨ ︽ᠣᠯᠠᠨ ᠦᠨᠡᠮᠯᠡᠯ ᠢ | ᠨᠡᠶᠢᠯᠡᠭᠦᠯᠦᠨ ᠨᠢᠭᠡ ᠪᠣᠯᠭᠠᠬᠤ︾ ᠶᠢ ᠬᠡᠷᠡᠭᠵᠢᠭᠦᠯᠵᠦ᠂ ᠪᠣᠭᠤᠮᠲᠠ ᠶᠢᠨ ᠣᠷᠣᠨ ᠤ ᠭᠠᠳᠠᠭᠠᠳᠤ ᠠᠷᠠᠯᠵᠢᠶᠠᠨ ᠤ ᠠᠵᠤ | ᠠᠬᠤᠶᠢᠯᠠᠯ ᠤᠨ ᠲᠤᠭ᠎ᠠ 2016 ᠣᠨ ᠤ ᠡᠴᠦᠰ ᠲᠤ 4138 ᠪᠠᠶᠢᠭᠰᠠᠨ ᠠᠴᠠ ᠪᠠᠨ ᠣᠳᠣ 8348 ᠪᠣᠯᠵᠤ | ᠨᠡᠮᠡᠭᠳᠡᠨ᠂ ᠵᠢᠯ ᠪᠦᠷᠢ ᠳᠤᠮᠳᠠᠴᠢ ᠪᠠᠷ 20% ᠨᠡᠮᠡᠭᠳᠡᠵᠦ᠂ ᠡᠭᠦᠨ ᠳᠤ 2020 ᠣᠨ ᠳᠤ 974 ᠰᠢᠨ᠎ᠡ ᠪᠠᠷ | ᠨᠡᠮᠡᠭᠳᠡᠪᠡ᠃ ᠭᠠᠳᠠᠭᠠᠳᠤ ᠳᠤ ᠭᠠᠷᠭᠠᠬᠤ ᠢᠳᠡᠭᠡᠨ ᠦᠶᠯᠡᠳᠪᠦᠷᠢᠯᠡᠬᠦ ᠠᠵᠤ ᠠᠬᠤᠶᠢᠯᠠᠯ ᠢ ᠬᠢᠨᠠᠨ ᠵᠥᠪᠰᠢᠶᠡᠷᠡᠬᠦ | ᠪᠠᠶᠢᠭᠰᠠᠨ ᠠᠴᠠ ᠳᠠᠩᠰᠠᠯᠠᠬᠤ ᠪᠣᠯᠭᠠᠨ ᠥᠭᠡᠷᠡᠴᠢᠯᠡᠵᠦ᠂ ᠠᠵᠤ ᠠᠬᠤᠶᠢᠯᠠᠯ ᠤᠨ ᠭᠤᠶᠤᠴᠢᠯᠠᠯ ᠢ 20 ᠠᠵᠢᠯᠯᠠᠬᠤ | ᠡᠳᠦᠷ ᠪᠠᠶᠢᠭᠰᠠᠨ ᠠᠴᠠ ᠲᠣᠰ ᠡᠳᠦᠷ ᠲᠤ ᠪᠠᠨ ᠭᠦᠶᠴᠡᠳᠬᠡᠵᠦ ᠳᠠᠭᠤᠰᠬᠠᠬᠤ ᠪᠣᠯᠭᠠᠨ ᠪᠠᠭᠠᠰᠬᠠᠵᠤ᠂ ᠵᠢᠯ ᠤᠨ | ᠳᠣᠲᠣᠷ᠎ᠠ ᠭᠠᠳᠠᠭᠠᠳᠤ ᠳᠤ ᠭᠠᠷᠭᠠᠬᠤ ᠢᠳᠡᠭᠡᠨ ᠦᠶᠯᠡᠳᠪᠦᠷᠢᠯᠡᠬᠦ ᠠᠵᠤ ᠠᠬᠤᠶᠢᠯᠠᠯ ᠢ 154 ᠰᠢᠨ᠎ᠡ ᠪᠠᠷ | ᠨᠡᠮᠡᠭᠳᠡᠭᠦᠯᠵᠦ᠂ 2019 ᠣᠨ ᠤ ᠪᠥᠬᠦ ᠵᠢᠯ ᠤᠨ ᠰᠢᠨ᠎ᠡ ᠪᠠᠷ ᠨᠡᠮᠡᠭᠳᠡᠭᠰᠡᠨ ᠬᠡᠮᠵᠢᠶᠡᠨ ᠤ 3.3 ᠳᠠᠬᠢᠨ ᠪᠣᠯᠪᠠ᠃ | ᠳᠥᠭᠦᠮᠴᠢᠯᠡᠭᠰᠡᠨ ᠥᠭᠡᠷᠡᠴᠢᠯᠡᠯᠲᠡ ᠨᠢ ᠠᠵᠤ ᠠᠬᠤᠶᠢᠯᠠᠯ ᠤᠨ ᠬᠥᠭᠵᠢᠯᠲᠡ ᠳᠤ ᠡᠨᠧᠷᠭᠢ ᠣᠯᠭᠤᠪᠠ᠃ | ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠲᠣᠭᠲᠠᠭᠠᠯ ᠳᠤ ᠨᠡᠶᠢᠴᠡᠬᠦ ᠥᠪᠡᠷ ᠤᠨ ᠥᠷᠲᠡᠭ ᠢ ᠪᠠᠭᠤᠷᠠᠭᠤᠯᠵᠤ᠂ | ᠣᠷᠣᠰ ᠤᠨ ᠮᠣᠳᠣᠨ ᠮᠠᠲ᠋ᠧᠷᠢᠶᠠᠯ ᠢ ᠭᠠᠳᠠᠭᠠᠳᠤ ᠠᠴᠠ ᠣᠷᠣᠭᠤᠯᠬᠤ ᠳᠤ᠂ ᠣᠨᠴᠠ ᠲᠣᠭᠲᠠᠭᠰᠠᠨ ᠮᠣᠳᠣᠨ ᠤ | ᠲᠥᠷᠥᠯ ᠠᠴᠠ ᠪᠤᠰᠤᠳ ᠨᠢ ᠳᠠᠭᠢᠵᠤ ᠤᠭ ᠭᠠᠷᠤᠯᠲᠠ ᠶᠢᠨ ᠭᠠᠵᠠᠷ ᠤᠨ ᠦᠨᠡᠮᠯᠡᠯ ᠬᠠᠩᠭᠠᠬᠤ ᠶᠢ ᠱᠠᠭᠠᠷᠳᠠᠬᠤ | ᠥᠬᠡᠶ ᠪᠣᠯᠵᠣ᠂ ᠠᠵᠤ ᠠᠬᠤᠶᠢᠯᠠᠯ ᠤᠨ ᠲᠡᠷᠭᠡ ᠪᠦᠷᠢ ᠳᠤ 100 ᠰᠢᠬᠠᠮ ᠲᠥᠭᠦᠷᠢᠭ ᠤᠨ ᠡᠵᠡᠩᠨᠡᠯᠲᠡ ᠶᠢᠨ | ᠥᠪᠡᠷ ᠤᠨ ᠥᠷᠲᠡᠭ ᠢ ᠠᠷᠪᠢᠯᠠᠵᠤ᠂ 2020 ᠣᠨ ᠳᠤ ᠠᠵᠤ ᠠᠬᠤᠶᠢᠯᠠᠯ ᠤᠨ ᠥᠪᠡᠷ ᠤᠨ ᠥᠷᠲᠡᠭ ᠢ ᠨᠡᠶᠢᠲᠡ | 200 ᠲᠦᠮᠡᠨ ᠲᠥᠭᠦᠷᠢᠭ ᠠᠷᠪᠢᠯᠠᠪᠠ᠃ ᠣᠬ ᠭᠠᠷᠤᠯᠲᠠ ᠶᠢᠨ ᠭᠠᠵᠠᠷ ᠤᠨ ᠦᠨᠡᠮᠯᠡᠯ ᠢ ᠥᠪᠡᠰᠦᠪᠡᠨ | ᠳᠠᠷᠤᠮᠠᠯᠯᠠᠬᠤ ᠪᠠ | ︽ᠬᠤᠶᠠᠷ ᠦᠨᠡᠮᠯᠡᠯ ᠢ ᠨᠢᠭᠡᠳᠬᠡᠬᠦ︾ ᠥᠭᠡᠷᠡᠴᠢᠯᠡᠯᠲᠡ ᠶᠢ ᠰᠠᠶᠢᠲᠤᠷ ᠨᠠᠶᠢᠳᠠᠪᠤᠷᠢᠵᠢᠭᠤᠯᠵᠤ᠂ ᠣᠬ ᠭᠠᠷᠤᠯᠲᠠ ᠶᠢᠨ | ᠭᠠᠵᠠᠷ ᠤᠨ ᠦᠨᠡᠮᠯᠡᠯ ᠢ ᠣᠶᠤᠨᠴᠢ ᠪᠠᠷ ᠬᠢᠨᠠᠨ ᠬᠠᠷᠭᠤᠭᠤᠯᠬᠤ ᠶᠢ ᠪᠡᠶᠡᠯᠡᠭᠦᠯᠵᠦ᠂ 2020 ᠣᠨ ᠳᠤ ᠣᠬ | ᠭᠠᠷᠤᠯᠲᠠ ᠶᠢᠨ ᠭᠠᠵᠠᠷ ᠤᠨ ᠦᠨᠡᠮᠯᠡᠯ ᠢ ᠨᠡᠶᠢᠳᠡ 1.12 ᠲᠦᠮᠡᠨ ᠬᠤᠪᠢ ᠣᠯᠭᠤᠵᠤ᠂ ᠭᠠᠳᠠᠭᠠᠳᠤ ᠳᠤ ᠭᠠᠷᠭᠠᠬᠤ | ᠠᠵᠤ ᠠᠬᠤᠶᠢᠯᠠᠯ ᠢ ᠬᠠᠪᠰᠤᠷᠤᠨ ᠭᠠᠳᠠᠭᠠᠳᠤ ᠠᠴᠠ ᠣᠷᠣᠭᠤᠯᠬᠤ ᠤᠯᠤᠰ ᠤᠨ ᠪᠣᠭᠤᠮᠲᠠ ᠶᠢᠨ ᠭᠠᠶᠢᠯᠢ ᠶᠢᠨ | 2378 ᠲᠦᠮᠡᠨ ᠳ᠋ᠣᠯᠯᠠᠷ ᠤᠨ ᠬᠠᠷᠠᠭᠠᠯᠵᠠᠯ ᠢ ᠬᠦᠷᠲᠡᠭᠡᠪᠡ᠃ ᠢᠲᠡᠭᠡᠮᠵᠢ ᠶᠢᠨ ᠰᠢᠰᠲ᠋ᠧᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠂ ᠪᠣᠭᠤᠮᠲᠠ ᠶᠢᠨ ᠣᠷᠣᠨ ᠳᠤ AEO ᠭᠡᠷᠡᠴᠢᠯᠡᠯ ᠤᠨ ᠠᠵᠤ ᠠᠬᠤᠶᠢᠯᠠᠯ ᠢ 1᠂ | ᠧᠦ᠋ᠷᠣᠫᠠ ᠶᠢᠨ ᠬᠤᠯᠪᠣᠭᠠᠨ ᠤ ᠠᠯᠪᠠᠨ ᠠᠴᠠ ᠳᠠᠩᠰᠠᠯᠠᠭᠤᠯᠤᠭᠰᠠᠨ ᠭᠠᠳᠠᠭᠠᠳᠤ ᠳᠤ ᠭᠠᠷᠭᠠᠬᠤ ᠢᠳᠡᠭᠡᠨ ᠤ ᠠᠵᠤ | ᠠᠬᠤᠶᠢᠯᠠᠯ 1 ᠶᠢ ᠰᠢᠨ᠎ᠡ ᠪᠠᠷ ᠨᠡᠮᠡᠭᠳᠡᠭᠦᠯᠵᠦ᠂ ᠣᠳᠣ ᠪᠠᠶᠢᠭ᠎ᠠ 21 AEO ᠠᠵᠤ ᠠᠬᠤᠶᠢᠯᠠᠯ ᠤᠨ ᠭᠠᠳᠠᠭᠠᠳᠤ | ᠠᠷᠠᠯᠵᠢᠶᠠᠨ ᠤ ᠲᠤᠭ᠎ᠠ ᠪᠣᠯᠤᠨ ᠭᠠᠶᠢᠯᠢ ᠲᠤᠰᠢᠶᠠᠭᠰᠠᠨ ᠲᠤᠭ᠎ᠠ ᠨᠢ ᠪᠣᠭᠤᠮᠲᠠ ᠶᠢᠨ ᠣᠷᠣᠨ ᠤ ᠶᠡᠷᠦᠩᠬᠡᠶ ᠬᠡᠮᠵᠢᠶ᠎ᠡ | ᠶᠢᠨ ᠪᠠᠷᠤᠭ 40% ᠶᠢ ᠡᠵᠡᠯᠡᠪᠡ᠃ | ᠲᠠᠪᠤ᠂ ᠥᠪᠡᠷᠲᠡᠭᠡᠨ ᠵᠠᠰᠠᠬᠤ ᠣᠷᠣᠨ ᠤ ᠳᠠᠪᠠᠭᠤᠯᠢᠭ ᠠᠵᠤ ᠦᠢᠯᠡᠰ ᠢ ᠪᠤᠵᠠᠭᠠᠶᠢᠷᠠᠭᠤᠯᠤᠨ | ᠬᠦᠴᠦᠷᠬᠡᠭᠵᠢᠭᠦᠯᠬᠦ ᠳᠤ ᠬᠦᠴᠦᠨ ᠨᠡᠮᠡᠷᠢᠯᠡᠬᠦ | ᠠᠷᠭ᠎ᠠ ᠬᠡᠮᠵᠢᠶ᠎ᠡ ᠲᠣᠭᠲᠠᠭᠠᠵᠤ ᠪᠣᠬᠢᠷᠲᠤᠯ ᠥᠬᠡᠶ ᠮᠠᠯ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ | ᠭᠠᠷᠭᠠᠯᠲᠠ ᠶᠢ ᠦᠷᠭᠦᠯᠵᠢᠯᠡᠨ ᠥᠷᠭᠡᠳᠬᠡᠬᠦ ᠳᠤ ᠬᠦᠴᠦᠨ ᠨᠡᠮᠡᠷᠢᠯᠡᠪᠡ᠃ ᠡᠷᠢᠶᠡᠨ ᠬᠤᠲᠠ ᠶᠢᠨ ᠪᠣᠭᠤᠮᠲᠠ ᠶᠢᠨ | ᠲᠠᠷᠢᠶᠠᠯᠠᠩ ᠤᠨ ᠪᠦᠲᠦᠭᠡᠭᠳᠡᠬᠦᠨ ᠤ ᠪᠣᠭᠤᠮᠲᠠ ᠪᠠᠷ ᠲᠦᠷᠭᠡᠨ ᠥᠩᠭᠡᠷᠡᠬᠦ ᠰᠠᠭᠠᠳ ᠥᠬᠡᠶ ᠨᠡᠪᠲᠡᠷᠡᠬᠦ ᠵᠠᠮ ᠢ | ᠬᠦᠴᠦᠲᠡᠶ ᠪᠠᠲᠤᠯᠠᠵᠤ᠂ ᠰᠢᠨ᠎ᠡ ᠰᠣᠷᠭᠤᠭ ᠵᠢᠮᠢᠰ ᠢᠳᠡᠰᠢᠨ ᠨᠣᠭᠤᠭ᠎ᠠ ᠶᠢ ᠮᠣᠩᠭᠤᠯ ᠣᠷᠣᠰ ᠲᠤ ᠭᠠᠷᠭᠠᠬᠤ ᠶᠢ | ᠠᠬᠢᠭᠤᠯᠵᠤ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ︽ᠭᠤᠷᠪᠠᠨ ᠲᠡᠷᠢᠭᠦᠨ ᠬᠤᠶᠠᠷ ᠪᠣᠯᠵᠣᠬᠤ︾ ᠶᠢ | ᠳᠡᠮᠵᠢᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠪᠥᠬᠦ ᠵᠢᠯ ᠳᠤ ᠡᠷᠢᠶᠡᠨ ᠬᠤᠲᠠ ᠶᠢᠨ | ᠪᠣᠭᠤᠮᠲᠠ ᠪᠠᠷ ᠳᠡᠮᠵᠢᠨ 9.7 ᠲᠦᠮᠡᠨ ᠲᠣᠨ ᠵᠢᠮᠢᠰ ᠢᠳᠡᠰᠢᠨ ᠨᠣᠭᠤᠭ᠎ᠠ ᠭᠠᠷᠭᠠᠵᠤ᠂ ᠪᠠᠷᠠᠭᠠᠨ ᠤ ᠥᠷᠲᠡᠭ ᠨᠢ | 1.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 5.74%᠂ | 12.44% ᠪᠠᠷ ᠨᠡᠮᠡᠭᠳᠡᠪᠡ᠃ ᠪᠠᠶᠠᠨᠨᠠᠭᠤᠷ ᠬᠤᠲᠠ ᠶᠢᠨ ︽ᠲᠩᠷᠢ ᠶᠢᠨ ᠬᠡᠰᠢᠭᠲᠦ ᠪᠣᠷᠣᠲᠣᠬᠤᠶ︾ ᠶᠢᠨ ᠨᠠᠷᠠᠲᠤ | ᠲᠡᠮᠳᠡᠭᠲᠦ ᠶᠢ ᠡᠭᠦᠳᠬᠦ ᠶᠢ ᠢᠳᠡᠪᠬᠢᠲᠡᠶ ᠳᠡᠮᠵᠢᠪᠡ᠃ ᠨᠠᠷᠠᠲᠤ ᠲᠡᠮᠳᠡᠭᠲᠦ ᠶᠢ ᠦᠨᠡᠯᠡᠬᠦ ᠵᠢᠴᠢ ᠪᠣᠶᠢᠵᠢᠭᠤᠯᠬᠤ | ᠪᠠᠷᠢᠮᠵᠢᠶ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ 2020 ᠣᠨ ᠳᠤ ᠲᠣᠰ ᠬᠤᠲᠠ ᠶᠢᠨ ᠲᠠᠷᠢᠶᠠᠯᠠᠩ ᠤᠨ | ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠨᠢ 38.5 ᠳ᠋ᠦᠩᠰᠢᠭᠤᠷ ᠲᠥᠭᠦᠷᠢᠭ ᠲᠤ ᠬᠦᠷᠴᠦ ︵ᠭᠤᠤᠯᠳᠠᠭᠤ | ᠨᠡᠷᠡᠨ ᠬᠤᠸᠠᠷ ᠤᠨ ᠦᠷ᠎ᠡ ᠪᠠ ᠯᠠᠩᠭᠤᠸᠠ ᠶᠢᠨ ᠦᠷ᠎ᠡ᠂ ᠤᠰᠤ ᠥᠬᠡᠶᠢᠳᠡᠭᠦᠯᠦᠭᠰᠡᠨ ᠢᠳᠡᠰᠢᠨ ᠨᠣᠭᠤᠭ᠎ᠠ᠂ | ᠲᠥᠪᠡᠳ ᠬᠠᠰᠢ ᠶᠢᠨ ᠪᠦᠲᠦᠭᠡᠭᠳᠡᠬᠦᠨ ᠵᠡᠷᠭᠡ ᠪᠣᠯᠤᠨ᠎ᠠ︶᠂ ᠠᠳᠠᠯᠢ ᠬᠤᠭᠤᠴᠠᠭᠠᠨ ᠤ ᠬᠢ ᠠᠴᠠ 7.9% ᠪᠠᠷ | ᠨᠡᠮᠡᠭᠳᠡᠪᠡ᠃ | ᠡᠯ᠎ᠡ ᠵᠦᠢᠯ ᠤᠨ ᠭᠠᠶᠢᠯᠢ ᠬᠠᠰᠤᠵᠤ ᠬᠡᠯᠲᠦᠷᠢᠭᠦᠯᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠳᠤ ᠬᠦᠴᠦᠨ ᠨᠡᠮᠡᠷᠢᠯᠡᠪᠡ᠃ ᠪᠥᠬᠦ ᠵᠢᠯ ᠳᠤ ᠡᠯ᠎ᠡ ᠲᠥᠷᠥᠯ ᠤᠨ ᠭᠠᠶᠢᠯᠢ ᠬᠠᠰᠤᠵᠤ | ᠭᠡᠯᠳᠦᠷᠢᠭᠦᠯᠦᠭᠰᠡᠨ ᠭᠡᠷᠡᠴᠢ ᠪᠠᠷᠢᠮᠲᠠ ᠶᠢ 2633 ᠬᠤᠪᠢ ᠭᠦᠶᠴᠡᠳᠬᠡᠵᠦ᠂ ᠬᠢᠨᠠᠨ ᠵᠥᠪᠰᠢᠶᠡᠷᠡᠭᠰᠡᠨ ᠪᠠᠷᠠᠭᠠᠨ ᠤ | ᠥᠷᠲᠡᠭ ᠨᠢ 2.97 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10% ᠪᠠᠷ | ᠨᠡᠮᠡᠭᠳᠡᠨ᠂ ᠭᠠᠶᠢᠯᠢ ᠶᠢᠨ ᠵᠣᠭᠤᠰ ᠢ 2.54 ᠳ᠋ᠦᠩᠰᠢᠭᠤᠷ ᠲᠥᠭᠦᠷᠢᠭ ᠬᠠᠰᠤᠵᠤ ᠭᠡᠯᠳᠦᠷᠢᠭᠦᠯᠵᠦ᠂ ᠠᠳᠠᠯᠢ | ᠬᠤᠭᠤᠴᠠᠭᠠᠨ ᠤ ᠬᠢ ᠠᠴᠠ 14.41% ᠪᠠᠷ ᠨᠡᠮᠡᠭᠳᠡᠪᠡ᠃ ᠪᠣᠭᠤᠮᠲᠠ ᠶᠢᠨ ᠣᠷᠣᠨ ᠤ ᠠᠮᠧᠷᠢᠺᠡ ᠠᠴᠠ | ᠪᠣᠭᠤᠮᠲᠠ ᠶᠢᠨ ᠭᠠᠶᠢᠯᠢ ᠨᠡᠮᠡᠵᠦ ᠲᠠᠲᠠᠪᠤᠷᠢᠯᠠᠬᠤ ᠲᠠᠸᠠᠷ ᠤᠨ ᠭᠠᠶᠢᠯᠢ ᠨᠡᠮᠡᠵᠦ ᠥᠯᠥ ᠲᠠᠲᠠᠪᠤᠷᠢᠯᠠᠬᠤ ᠨᠠᠷᠢᠨ | ᠬᠠᠭᠤᠳᠠᠰᠤ ᠶᠢᠨ ᠭᠠᠶᠢᠯᠢ ᠪᠤᠴᠠᠭᠠᠬᠤ ᠠᠵᠢᠯ ᠢ ᠢᠳᠡᠪᠬᠢᠲᠡᠶ ᠠᠬᠢᠭᠤᠯᠵᠤ᠂ 207.49 ᠲᠦᠮᠡᠨ ᠲᠥᠭᠦᠷᠢᠭ ᠤᠨ | ᠭᠠᠶᠢᠯᠢ ᠪᠤᠴᠠᠭᠠᠬᠤ ᠶᠢ ᠭᠦᠶᠴᠡᠳᠬᠡᠪᠡ᠃ | ᠵᠢᠷᠭᠤᠭ᠎ᠠ᠂ ᠬᠢᠯᠢ ᠬᠢᠵᠠᠭᠠᠷ ᠤᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ | ᠪᠣᠭᠤᠮᠲᠠ ᠶᠢᠨ ᠬᠢᠵᠢᠭ ᠪᠠᠶᠢᠴᠠᠭᠠᠬᠤ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠶᠢᠭᠤᠯᠪᠠ᠃ ᠨᠠᠮ ᠤᠨ | ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ᠂ ᠪᠣᠭᠤᠮᠲᠠ ᠶᠢᠨ ᠶᠡᠷᠦᠩᠬᠡᠢ ᠵᠠᠬᠢᠷᠭ᠎ᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠥᠨᠳᠥᠷ ᠪᠦᠲᠦᠮᠵᠢᠲᠡᠢ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠬᠤᠯᠪᠣᠭᠠᠯᠠᠨ ᠰᠡᠷᠭᠡᠶᠢᠯᠡᠵᠦ | ᠬᠤᠯᠪᠣᠭᠠᠯᠠᠨ ᠡᠵᠡᠮᠳᠡᠬᠦ ᠲᠣᠭᠲᠠᠴᠠ ᠶᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠡᠯ᠎ᠡ ᠵᠦᠢᠯ ᠤᠨ ᠰᠡᠷᠭᠡᠶᠢᠯᠡᠨ | ᠡᠵᠡᠮᠳᠡᠬᠦ ᠠᠵᠢᠯ ᠢ ᠪᠣᠳᠠᠲᠠᠢ ᠨᠠᠷᠢᠯᠢᠭ ᠠᠳᠬᠤᠵᠤ᠂ ᠬᠠᠭᠤᠷᠠᠢ ᠵᠠᠮ ᠪᠠ ᠠᠭᠠᠷ ᠤᠨ ᠠᠶᠠᠯᠠᠯ ᠬᠤᠶᠠᠷ ᠵᠠᠮ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠪᠡ᠃ ᠪᠣᠭᠤᠮᠲᠠ | ᠶᠢᠨ ᠠᠮᠢᠲᠠᠨ ᠤᠷᠭᠤᠮᠠᠯ ᠤᠨ ᠬᠢᠵᠢᠭ ᠪᠠᠶᠢᠴᠠᠭᠠᠵᠤ ᠰᠡᠷᠭᠡᠶᠢᠯᠡᠬᠦ ᠱᠤᠭᠤᠮ ᠢ ᠡᠷᠡᠰ ᠪᠠᠲᠤ ᠪᠠᠬᠢᠵᠢᠭᠦᠯᠵᠦ᠂ ︽ᠬᠢᠯᠢ | ᠶᠢᠨ ᠭᠠᠳᠠᠨᠠᠬᠢ ᠬᠢᠵᠢᠭ ᠥᠬᠡᠶ ᠣᠷᠣᠨ ᠢ ᠣᠷᠣᠨ ᠪᠦᠰᠡᠵᠢᠭᠦᠯᠬᠦ + ᠠᠮᠢᠳᠤ ᠪᠣᠳᠠᠰ ᠤᠨ ᠠᠶᠤᠯᠭᠦᠢ ᠨᠡᠪᠲᠡᠷᠡᠬᠦ ᠵᠠᠮ | + ᠬᠢᠯᠢ ᠶᠢᠨ ᠪᠣᠭᠤᠮᠲᠠ ᠶᠢ ᠵᠢᠭᠠᠨ ᠲᠣᠭᠲᠠᠭᠠᠵᠤ ᠡᠳ᠋ᠰᠢᠭᠦᠯᠬᠦ︾ ᠬᠠᠭᠤᠷᠠᠶ ᠵᠠᠮ ᠢᠶᠠᠷ ᠬᠢᠯᠢ ᠳᠤ ᠣᠷᠣᠭᠤᠯᠬᠤ | ᠠᠮᠢᠲᠠᠨ ᠤᠷᠭᠤᠮᠠᠯ ᠤᠨ ᠪᠥᠬᠦ ᠬᠡᠯᠬᠢᠶᠡᠨ ᠤ ᠬᠢᠵᠢᠭ ᠪᠠᠶᠢᠴᠠᠭᠠᠵᠤ ᠬᠢᠨᠠᠨ ᠬᠠᠮᠢᠶᠠᠷᠬᠤ ᠬᠦᠴᠦᠨ ᠴᠢᠳᠠᠪᠤᠷᠢ ᠶᠢ | ᠪᠠᠳᠠᠷᠠᠭᠤᠯᠵᠤ᠂ ᠪᠣᠭᠤᠮᠲᠠ ᠶᠢᠨ ᠠᠮᠢᠲᠠᠨ ᠤᠷᠭᠤᠮᠠᠯ ᠤᠨ ᠬᠦᠨᠳᠦ ᠶᠡᠭᠡ ᠬᠢᠵᠢᠭ ᠤᠨ ᠪᠠᠶᠢᠳᠠᠯ ᠢ ᠣᠷᠤᠭᠤᠯᠬᠤ ᠪᠠ | ᠭᠠᠳᠠᠭᠰᠢ ᠭᠠᠷᠬᠤ ᠶᠢ ᠪᠥᠬᠦ ᠬᠦᠴᠦᠨ ᠢᠶᠠᠷ ᠰᠡᠷᠭᠡᠶᠢᠯᠡᠨ ᠬᠤᠷᠢᠭᠯᠠᠪᠠ᠃ | ᠨᠢᠭᠤᠴᠠ ᠪᠠᠷ ᠠᠷᠠᠯᠵᠢᠶᠠᠯᠠᠬᠤ ᠳᠤ ᠴᠢᠩᠭ᠎ᠠ ᠴᠣᠬᠢᠯᠲᠠ ᠥᠭᠬᠦ ᠪᠠᠶᠢᠳᠠᠯ ᠢ ᠢᠮᠠᠭᠲᠠ ᠪᠠᠲᠤᠯᠠᠪᠠ᠃ ᠪᠥᠬᠦ | ᠵᠢᠯ ᠳᠤ 24 ᠡᠷᠡᠭᠦᠦ ᠶᠢᠨ ᠬᠡᠷᠡᠭ ᠢ ᠬᠡᠷᠡᠭ ᠪᠣᠯᠭᠠᠨ ᠳᠡᠩᠰᠡᠯᠡᠵᠦ ᠲᠤᠷᠰᠢᠨ ᠪᠠᠶᠢᠴᠠᠭᠠᠵᠤ᠂ 80 ᠵᠠᠰᠠᠭ ᠵᠠᠬᠢᠷᠭᠠᠨ | ᠤ ᠬᠡᠷᠡᠭ ᠢ ᠪᠠᠶᠢᠴᠠᠭᠠᠨ ᠰᠢᠶᠳᠪᠦᠷᠢᠯᠡᠵᠦ᠂ 463.08 ᠲᠦᠮᠡᠨ ᠲᠥᠭᠦᠷᠢᠭ ᠤᠨ ᠭᠠᠶᠢᠯᠢ ᠠᠴᠠ ᠵᠠᠶᠢᠯᠠᠭᠰᠠᠨ | ᠰᠡᠵᠢᠭᠯᠡᠯᠲᠡᠶ ᠪᠠᠶᠢᠨ᠎ᠠ᠃ ᠨᠢᠭᠤᠴᠠ ᠪᠠᠷ ᠠᠷᠠᠯᠵᠢᠶᠠᠯᠠᠭᠰᠠᠨ ᠬᠢᠵᠢᠭᠲᠦ ᠣᠷᠣᠨ ᠤ ᠬᠥᠯᠳᠡᠭᠦᠦ ᠪᠣᠳᠠᠰ ᠤᠨ ᠬᠡᠷᠡᠭ ᠢ | 2 ᠤᠳᠠᠭ᠎ᠠ᠂ ᠬᠠᠲᠠᠭᠤ ᠪᠡᠶᠡᠲᠦ ᠬᠠᠶᠠᠭᠳᠠᠮᠠᠯ ᠪᠣᠳᠠᠰ ︵ᠶᠠᠰᠤᠨ ᠤ ᠬᠠᠶᠠᠭᠳᠠᠮᠠᠯ ᠮᠠᠲ᠋ᠧᠷᠢᠶᠠᠯ︶ ᠤᠨ ᠬᠡᠷᠡᠭ ᠢ 1 | ᠤᠳᠠᠭ᠎ᠠ᠂ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠡᠳ᠋ ᠪᠠᠷᠠᠭ᠎ᠠ ᠶᠢ ᠴᠠᠭᠠᠵᠠᠯᠠᠭᠰᠠᠨ ᠬᠡᠷᠡᠭ ᠢ 2 ᠤᠳᠠᠭ᠎ᠠ | ᠢᠯᠡᠷᠡᠭᠦᠯᠪᠡ︔ ᠰᠤᠮᠤ ᠳᠠᠷᠢ ᠶᠢ ᠨᠢᠭᠤᠴᠠ ᠪᠠᠷ ᠠᠷᠠᠯᠵᠢᠶᠠᠯᠠᠭᠰᠠᠨ ᠬᠡᠷᠡᠭ ᠢ 2 ᠤᠳᠠᠭ᠎ᠠ᠂ ᠬᠤᠤᠷᠲᠤ ᠡᠳ᠋ ᠢ | ᠭᠤᠪᠢᠭᠤᠯᠵᠤ ᠬᠢᠯᠢ ᠪᠠᠷ ᠣᠷᠣᠭᠤᠯᠤᠭᠰᠠᠨ ᠬᠡᠷᠡᠭ ᠢ 14 ᠤᠳᠠᠭ᠎ᠠ ᠢᠯᠡᠷᠡᠭᠦᠯᠪᠡ᠃ | 2020 ᠣᠨ ᠤ ᠬᠥᠬᠡᠬᠤᠲᠠ ᠶᠢᠨ ᠪᠣᠭᠤᠮᠲᠠ ᠶᠢᠨ ᠭᠠᠳᠠᠭᠠᠳᠤ ᠠᠷᠠᠯᠵᠢᠶᠠᠨ ᠤ ᠲᠣᠭᠲᠠᠭᠤᠨ ᠨᠡᠮᠡᠭᠳᠡᠯ ᠢ | ᠠᠬᠢᠭᠤᠯᠬᠤ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ | ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠶᠢᠨ ᠰᠤᠷᠪᠤᠯᠵᠢᠯᠠᠭᠴᠢ᠄ 2020 ᠣᠨ ᠤ | ᠥᠪᠡᠷᠲᠡᠭᠡᠨ ᠵᠠᠰᠠᠬᠤ ᠣᠷᠣᠨ ᠤ ᠭᠤᠤᠯ ᠪᠣᠯᠬᠤ ᠠᠷᠠᠯᠵᠢᠶᠠᠨ ᠤ ᠬᠠᠨᠢᠲᠠᠨ ᠮᠣᠩᠭᠤᠯ᠂ ᠣᠷᠣᠰ ᠤᠨ ᠭᠠᠳᠠᠭᠠᠳᠤ | ᠠᠷᠠᠯᠵᠢᠶᠠᠨ ᠤ ᠪᠠᠶᠢᠳᠠᠯ ᠵᠢᠴᠢ 2021 ᠣᠨ ᠳᠤ ᠲᠤᠯᠭᠠᠷᠠᠬᠤ ᠮᠡᠳᠡᠬᠦ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ | ᠦᠦ︖ | ᠵᠢᠶᠤᠤ ᡁᠢ ᠵᠢᠶᠦ᠋ᠨ᠄ ᠮᠠᠨ ᠤ ᠣᠷᠣᠨ ᠨᠢ ᠤᠯᠤᠰ ᠤᠨ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠪᠣᠯᠤᠭᠰᠠᠨ | ᠤ ᠬᠤᠪᠢ ᠳᠤ᠂ ᠭᠠᠵᠠᠷ ᠣᠷᠣᠨ ᠤ ᠣᠷᠣᠨ ᠪᠠᠶᠢᠷᠢ ᠶᠢᠨ ᠳᠠᠪᠠᠭᠤᠯᠢᠭ ᠢᠯᠡᠳᠲᠡ ᠪᠠᠶᠢᠵᠤ᠂ ᠮᠣᠩᠭᠤᠯ᠂ ᠣᠷᠣᠰ | ᠪᠣᠯ ᠮᠠᠨ ᠤ ᠣᠷᠣᠨ ᠤ ᠭᠠᠳᠠᠭᠠᠳᠤ ᠠᠷᠠᠯᠵᠢᠶᠠᠨ ᠤ ᠭᠤᠤᠯ ᠪᠣᠯᠬᠤ ᠠᠷᠠᠯᠵᠢᠶᠠᠨ ᠤ ᠬᠠᠨᠢᠲᠠᠨ ᠤᠯᠤᠰ ᠪᠣᠯᠤᠭᠰᠠᠭᠠᠷ | ᠢᠷᠡᠵᠡᠶ᠂ 2020 ᠣᠨ ᠳᠤ ᠬᠢᠵᠢᠭ ᠤᠨ ᠪᠠᠶᠢᠳᠠᠯ ᠪᠣᠯᠤᠨ ᠭᠠᠳᠠᠭᠠᠳᠤ ᠠᠷᠠᠯᠵᠢᠶᠠᠨ ᠤ ᠪᠠᠶᠢᠳᠠᠯ ᠬᠦᠨᠳᠦ ᠨᠣᠴᠢᠲᠠᠶ | ᠵᠡᠷᠭᠡ ᠬᠦᠴᠦᠨ ᠵᠦᠶᠯ ᠤᠨ ᠨᠥᠯᠥᠭᠡ ᠠᠴᠠ ᠪᠣᠯᠵᠣ᠂ ᠥᠪᠡᠷᠲᠡᠭᠡᠨ ᠵᠠᠰᠠᠬᠤ ᠣᠷᠣᠨ ᠤ ᠮᠣᠩᠭᠤᠯ ᠤᠯᠤᠰ ᠲᠠᠬᠢ | ᠭᠠᠳᠠᠭᠠᠳᠤ ᠣᠷᠣᠭᠤᠯᠤᠯᠲᠠ ᠭᠠᠷᠭᠠᠯᠲᠠ ᠨᠢ 276.5 ᠳ᠋ᠦᠩᠰᠢᠭᠤᠷ ᠲᠥᠭᠦᠷᠢᠭ ᠲᠤ ᠬᠦᠷᠴᠦ᠂ 21.6% ᠪᠠᠷ | ᠪᠠᠭᠤᠷᠠᠪᠠ︔ ᠣᠷᠣᠰ ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠨᠢ 175.5 ᠳ᠋ᠦᠩᠰᠢᠭᠤᠷ ᠲᠥᠭᠦᠷᠢᠭ | ᠲᠤ ᠬᠦᠷᠴᠦ᠂ 5.4% ᠪᠠᠷ ᠪᠠᠭᠤᠷᠠᠪᠠ︔ ᠮᠣᠩᠭᠤᠯ ᠣᠷᠣᠰ ᠯᠤᠭ᠎ᠠ ᠶᠢᠨ ᠠᠷᠠᠯᠵᠢᠶ᠎ᠠ ᠪᠥᠬᠦ ᠣᠷᠣᠨ ᠤ | ᠭᠠᠳᠠᠭᠠᠳᠤ ᠠᠷᠠᠯᠵᠢᠶᠠᠨ ᠤ ᠶᠡᠷᠦᠩᠬᠡᠶ ᠥᠷᠲᠡᠭ ᠤᠨ 43.3% ᠶᠢ ᠡᠵᠡᠯᠡᠪᠡ᠃ ᠡᠭᠦᠨ ᠳᠤ᠂ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠪᠣᠯ ᠮᠠᠨ ᠤ ᠣᠷᠣᠨ ᠤ ᠮᠣᠩᠭᠤᠯ᠂ ᠣᠷᠣᠰ ᠯᠤᠭ᠎ᠠ ᠶᠢᠨ ᠠᠷᠠᠯᠵᠢᠶᠠᠨ ᠤ ᠭᠤᠤᠯ | ᠬᠦᠴᠦᠨ ᠮᠥᠨ᠂ ᠮᠣᠩᠭᠤᠯ ᠣᠷᠣᠰ ᠯᠤᠭ᠎ᠠ ᠶᠢᠨ ᠠᠷᠠᠯᠵᠢᠶᠠᠨ ᠤ 92% ᠢ ᠡᠵᠡᠯᠡᠵᠦ ᠪᠣᠢ︔ ᠠᠷᠠᠯᠵᠢᠶᠠᠨ ᠤ | ᠠᠷᠭ᠎ᠠ ᠮᠠᠶ᠋ᠢᠭ ᠨᠢ ᠬᠢᠯᠢ ᠶᠢᠨ ᠪᠠᠭ᠎ᠠ ᠬᠡᠮᠵᠢᠶᠡᠨ ᠤ ᠠᠷᠠᠯᠵᠢᠶ᠎ᠠ ᠪᠠ ᠡᠩ ᠤᠨ ᠠᠷᠠᠯᠵᠢᠶ᠎ᠠ ᠪᠠᠷ ᠭᠤᠤᠯᠯᠠᠵᠤ᠂ | ᠬᠤᠶᠠᠭᠤᠯᠠ ᠪᠠᠨ 80.3% ᠶᠢ ᠡᠵᠡᠯᠡᠨ᠎ᠡ᠃ ᠭᠠᠳᠠᠭᠠᠳᠤ ᠠᠴᠠ ᠣᠷᠣᠭᠤᠯᠬᠤ ᠲᠠᠸᠠᠷ ᠪᠣᠯ ᠭᠤᠣᠯᠳᠠᠭᠤ ᠨᠡᠭᠦᠷᠡᠰᠦ | ᠂ ᠵᠡᠰ ᠤᠨ ᠬᠦᠳᠡᠷ᠂ ᠮᠣᠳᠣᠨ ᠮᠠᠲ᠋ᠧᠷᠢᠶᠠᠯ ᠵᠡᠷᠭᠡ ᠲᠠᠸᠠᠷ ᠪᠣᠯᠤᠨ᠎ᠠ︔ ᠭᠠᠳᠠᠭᠠᠳᠤ ᠳᠤ ᠭᠠᠷᠭᠠᠬᠤ ᠨᠢ ᠭᠤᠣᠯᠳᠠᠭᠤ | ᠲᠠᠷᠢᠶᠠᠯᠠᠩ ᠤᠨ ᠪᠦᠲᠦᠭᠡᠭᠳᠡᠬᠦᠨ᠂ ᠪᠤᠯᠤᠳ ᠮᠠᠲ᠋ᠧᠷᠢᠶᠠᠯ᠂ ᠬᠤᠪᠴᠠᠰᠤ ᠬᠤᠨᠠᠷ ᠵᠡᠷᠭᠡ ᠲᠠᠸᠠᠷ ᠪᠣᠯᠤᠨ᠎ᠠ᠃ | ᠪᠥᠬᠦ ᠪᠥᠮᠪᠥᠷᠴᠡᠭ ᠤᠨ ᠠᠵᠤ ᠠᠬᠤᠶ ᠤᠷᠤᠭᠤᠳᠠᠵᠤ᠂ ᠭᠠᠳᠠᠭᠠᠳᠤ ᠠᠷᠠᠯᠵᠢᠶᠠᠨ ᠤ ᠪᠠᠶᠢᠳᠠᠯ ᠬᠦᠨᠳᠦ | ᠨᠣᠴᠢᠲᠠᠶ ᠨᠥᠯᠥᠭᠡᠯᠡᠭᠳᠡᠵᠦ᠂ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ | ᠤᠨ ᠲᠣᠭᠲᠠᠪᠤᠷᠢ ᠥᠬᠡᠶ ᠴᠢᠨᠠᠷ ᠠᠴᠠ ᠪᠣᠯᠵᠣ᠂ 2021 ᠣᠨ ᠳᠤ ᠮᠠᠨ ᠤ ᠣᠷᠣᠨ ᠤ ᠮᠣᠩᠭᠤᠯ ᠣᠷᠣᠰ ᠯᠤᠭ᠎ᠠ | ᠶᠢᠨ ᠠᠷᠠᠯᠵᠢᠶ᠎ᠠ ᠮᠥᠨ ᠬᠦ ᠨᠡᠯᠢᠶᠡᠳ ᠶᠡᠭᠡ ᠳᠠᠷᠤᠯᠲᠠ ᠳᠤ ᠲᠤᠯᠭᠠᠷᠠᠵᠤ ᠪᠠᠶᠢᠨ᠎ᠠ᠂ ︽ᠨᠢᠭᠡ ᠪᠦᠰᠡ ᠨᠢᠭᠡ ᠵᠠᠮ︾ | ᠪᠣᠯᠤᠨ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠦᠷᠭᠦᠯᠵᠢᠯᠡᠨ ᠰᠠᠶᠢᠵᠢᠷᠠᠬᠤ ᠶᠢ ᠳᠠᠭᠠᠯᠳᠤᠨ᠂ | 2021 ᠣᠨ ᠳᠤ ᠮᠠᠨ ᠤ ᠣᠷᠣᠨ ᠤ ᠮᠣᠩᠭᠤᠯ᠂ ᠣᠷᠣᠰ ᠯᠤᠭ᠎ᠠ ᠶᠢᠨ ᠭᠠᠳᠠᠭᠠᠳᠤ ᠠᠷᠠᠯᠵᠢᠶ᠎ᠠ ᠨᠡᠮᠡᠭᠳᠡᠬᠦ ᠪᠣᠯᠤᠮᠵᠢ | ᠲᠠᠢ ᠪᠠᠶᠢᠨ᠎ᠠ᠃ | ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠰᠤᠷᠪᠤᠯᠵᠢᠯᠠᠭᠴᠢ᠄ ᠬᠥᠬᠡᠬᠤᠲᠠ ᠪᠣᠭᠤᠮᠲᠠ ᠶᠢᠨ ︽ | ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ︾ ᠠᠷᠭ᠎ᠠ ᠪᠠᠷ ᠭᠠᠳᠠᠭᠠᠳᠤ ᠠᠷᠠᠯᠵᠢᠶᠠᠨ | ᠤ ᠠᠵᠤ ᠠᠬᠤᠶᠢᠯᠠᠯ ᠤᠨ ᠬᠢᠵᠢᠭ ᠤᠨ ᠨᠥᠯᠥᠭᠡ ᠶᠢ ᠠᠷᠭᠠᠴᠠᠭᠠᠬᠤ ᠶᠢ ᠳᠡᠮᠵᠢᠵᠦ᠂ ᠭᠠᠳᠠᠭᠠᠳᠤ ᠠᠷᠠᠯᠵᠢᠶᠠᠨ ᠤ | ᠬᠥᠭᠵᠢᠯᠲᠡ ᠳᠤ ᠬᠦᠴᠦᠨ ᠨᠡᠮᠡᠷᠢᠯᠡᠭᠰᠡᠨ ᠦᠷ᠎ᠡ ᠪᠦᠲᠦᠮᠵᠢ ᠨᠢ ᠶᠠᠮᠠᠷ ᠵᠡᠷᠭᠡ ᠪᠣᠶ︖ | ᠯᠢᠦ ᠮᠢᠩ ᠴᠢ᠄ ᠰᠤᠷᠪᠤᠯᠵᠢᠯᠠᠭᠴᠢ ᠶᠢᠨ ᠠᠰᠠᠭᠤᠭᠰᠠᠨ ᠳᠤ ᠪᠠᠶᠠᠷᠯᠠᠯ᠎ᠠ᠂ ᠡᠨᠡ ᠠᠰᠠᠭᠤᠯᠲᠠ ᠶᠢ ᠪᠢ | ᠬᠠᠷᠢᠭᠤᠯᠤᠶ᠎ᠠ᠃ | ᠮᠠᠨ ᠤ ᠣᠷᠣᠨ ᠤ ᠪᠣᠭᠤᠮᠲᠠ ᠨᠢ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠬᠥᠭᠵᠢᠯᠲᠡ | ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠪᠣᠭᠤᠮᠲᠠ ᠶᠢᠨ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ | ᠣᠷᠴᠢᠯ ᠤᠨ ᠠᠭᠤᠯᠵᠠᠷ ᠤᠨ ᠬᠦᠶᠰᠦ ᠪᠣᠯᠬᠤ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠬᠢᠵᠢᠭ ᠤᠨ ᠪᠠᠶᠢᠳᠠᠯ | ᠤᠨ ᠨᠥᠯᠥᠭᠡ ᠶᠢ ᠢᠯᠡᠨ ᠳᠠᠪᠠᠵᠤ᠂ ᠡᠭᠦᠷᠭᠡ ᠴᠢᠳᠠᠪᠬᠢ ᠶᠢᠨ ᠦᠶᠯᠡᠳᠦᠯ ᠢᠶᠠᠨ ᠭᠦᠶᠴᠡᠳ ᠪᠠᠳᠠᠷᠠᠭᠤᠯᠤᠨ᠂ | ᠪᠣᠭᠤᠮᠲᠠ ᠪᠠᠷ ᠥᠩᠭᠡᠷᠡᠬᠦ ᠠᠵᠢᠯ ᠤᠨ ᠴᠤᠪᠤᠷᠠᠯ ᠢ ᠦᠷᠭᠦᠯᠵᠢᠯᠡᠨ ᠰᠢᠯᠢᠳᠡᠭᠵᠢᠭᠦᠯᠵᠦ᠂ ᠭᠠᠳᠠᠭᠠᠳᠤ ᠣᠷᠣᠭᠤᠯᠤᠯᠲᠠ | ᠭᠠᠷᠭᠠᠯᠲᠠ ᠶᠢᠨ ᠲᠣᠭᠲᠠᠭᠠᠯ ᠳᠤ ᠨᠡᠶᠢᠴᠡᠬᠦ ᠥᠪᠡᠷ ᠤᠨ ᠥᠷᠲᠡᠭ ᠢ ᠪᠠᠭᠤᠷᠠᠭᠤᠯᠤᠨ᠂ ᠠᠵᠤ ᠦᠶᠯᠡᠰ ᠤᠨ ᠬᠡᠯᠬᠢᠶ᠎ᠡ | ᠂ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠠᠶᠢᠬᠤ ᠶᠢ ᠪᠠᠲᠤᠯᠠᠵᠤ᠂ ᠤᠯᠤᠰ ᠤᠨ ᠳᠣᠲᠣᠭᠠᠳᠤ ᠭᠠᠳᠠᠭᠠᠳᠤ | ᠶᠢᠨ ᠬᠤᠤᠰ ᠡᠷᠭᠢᠯᠲᠡ ᠶᠢ ᠰᠠᠭᠠᠳ ᠥᠬᠡᠶ ᠨᠡᠪᠲᠡᠷᠡᠭᠦᠯᠦᠨ᠂ ᠭᠠᠳᠠᠭᠠᠳᠤ ᠠᠷᠠᠯᠵᠢᠶᠠᠨ ᠤ ᠬᠥᠭᠵᠢᠯᠲᠡ ᠳᠤ | ᠨᠡᠯᠢᠶᠡᠳ ᠰᠠᠶᠢᠨ ᠦᠷ᠎ᠡ ᠪᠦᠲᠦᠮᠵᠢ ᠤᠯᠬᠤ ᠳᠤ ᠬᠦᠴᠦᠨ ᠨᠡᠮᠡᠷᠢᠯᠡᠪᠡ᠃ ᠡᠭᠦᠨ ᠳᠤ ︽ᠨᠢᠭᠡ ᠠᠵᠤ ᠠᠬᠤᠶᠢᠯᠠᠯ | ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ︾ ᠪᠣᠯ ᠨᠢᠭᠡᠨ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠰᠠᠶ᠋ᠢ ᠶᠢᠨ | ᠳᠡᠳ᠋ ᠪᠣᠭᠤᠮᠲᠠ ᠶᠢᠨ ᠳᠠᠷᠤᠭ᠎ᠠ ᠸᠠᠩ ᠵᠢᠩ ᠠᠴᠠ ᠬᠠᠮᠢᠶ᠎ᠠ ᠪᠦᠬᠦᠢ ᠦᠨᠳᠦᠰᠦᠨ ᠪᠠᠶᠢᠳᠠᠯ ᠢ ᠨᠢᠭᠡᠨᠲᠡ | ᠲᠠᠨᠢᠯᠴᠠᠭᠤᠯᠪᠠ᠂ ᠡᠭᠦᠨ ᠳᠤ ᠶᠡᠷᠦᠩᠬᠡᠢ ᠪᠣᠭᠤᠮᠲᠠ ᠪᠣᠯᠤᠨ ᠬᠠᠷᠢᠶ᠎ᠠ ᠪᠣᠭᠤᠮᠲᠠ ᠬᠤᠶᠠᠷ ᠱᠠᠲᠤᠨ ᠤ ᠨᠠᠮ ᠤᠨ | ᠬᠤᠷᠢᠶᠠᠨ ᠤ ᠭᠡᠰᠢᠭᠦᠨ ᠤ ᠲᠦᠷᠦᠭᠦᠯᠡᠨ ᠬᠠᠷᠢᠯᠴᠠᠬᠤ ᠠᠵᠤ ᠠᠬᠤᠶᠢᠯᠠᠯ ᠤᠨ ᠵᠣᠬᠢᠴᠠᠭᠤᠯᠤᠭᠴᠢ ᠶᠢᠨ ᠲᠣᠭᠲᠠᠴᠠ | ᠶᠢ ᠪᠣᠳᠠᠲᠠᠢ ᠪᠠᠷ ᠪᠠᠶᠢᠭᠤᠯᠪᠠ︔ ᠭᠤᠤᠯᠳᠠᠯᠭ᠎ᠠ ᠲᠠᠢ ᠠᠵᠤ ᠠᠬᠤᠶᠢᠯᠠᠯ ᠳᠤ ︽ᠨᠢᠭᠡ ᠠᠵᠤ ᠠᠬᠤᠶᠢᠯᠠᠯ ᠳᠤ ᠨᠢᠭᠡ | ᠲᠥᠷᠥ ᠶᠢᠨ ᠪᠣᠳᠣᠯᠭ᠎ᠠ ᠬᠡᠷᠡᠭᠵᠢᠭᠦᠯᠬᠦ︾ ᠶᠢᠨ ᠬᠠᠮᠲᠤ ᠡᠬᠡ ᠲᠠᠩᠰᠠ ᠪᠠᠶᠢᠭᠤᠯᠵᠤ᠂ ᠠᠵᠤ ᠠᠬᠤᠶᠢᠯᠠᠯ ᠤᠨ ᠲᠤᠰᠬᠠᠯ | ᠴᠢᠩᠭ᠎ᠠ ᠪᠠᠶᠢᠭ᠎ᠠ ᠡᠮᠵᠡᠭ ᠭᠠᠵᠠᠷ᠂ ᠬᠦᠴᠢᠷ ᠭᠠᠵᠠᠷ᠂ ᠲᠦᠭᠵᠢᠷᠡᠯ ᠲᠠᠢ ᠭᠠᠵᠠᠷ ᠢ ᠣᠨᠣᠪᠴᠢᠲᠠᠶ ᠡᠷᠢᠵᠦ᠂ | ᠨᠢᠳᠤᠨᠤᠨ ᠳᠤ᠂ 112 ᠭᠤᠣᠯᠳᠠᠯᠭ᠎ᠠ ᠲᠠᠢ ᠠᠵᠤ ᠠᠬᠤᠶᠢᠯᠠᠯ ᠢ ︽ᠴᠡᠭ ᠬᠠᠷᠠᠭᠠᠯᠵᠠᠭᠤᠯᠤᠨ︾ ᠣᠨᠣᠪᠴᠢᠲᠠᠶ ᠪᠠᠷ | ᠬᠠᠪᠰᠤᠷᠤᠨ ᠲᠡᠳᠬᠦᠪᠡ᠃ ᠣᠳᠣᠬᠠᠨ ᠳᠤ ᠲᠣᠰ ᠲᠥᠷᠥ ᠶᠢᠨ ᠪᠣᠳᠣᠯᠭ᠎ᠠ ᠨᠢ ᠠᠵᠤ ᠠᠬᠤᠶᠢᠯᠠᠯ ᠤᠨ ᠬᠢᠵᠢᠭ ᠤᠨ | ᠨᠥᠯᠥᠭᠡ ᠶᠢ ᠠᠷᠭᠠᠴᠠᠭᠠᠬᠤ᠂ ᠭᠠᠳᠠᠭᠠᠳᠤ ᠠᠷᠠᠯᠵᠢᠶᠠᠨ ᠤ ᠬᠥᠭᠵᠢᠯᠲᠡ ᠶᠢ ᠲᠣᠭᠲᠠᠪᠤᠷᠢᠵᠢᠭᠤᠯᠬᠤ ᠳᠤ ᠨᠡᠯᠢᠶᠡᠳ | ᠰᠠᠶᠢᠨ ᠦᠶᠯᠡᠳᠦᠯ ᠦᠵᠡᠭᠦᠯᠪᠡ᠃ | ᠡᠬᠢ ᠪᠠᠶᠠᠯᠢᠭ ᠤᠨ ᠲᠥᠷᠥᠯ ᠤᠨ ᠲᠠᠸᠠᠷ ᠢ ᠭᠠᠳᠠᠭᠠᠳᠤ ᠠᠴᠠ ᠣᠷᠣᠭᠤᠯᠬᠤ ᠶᠢ ᠥᠷᠭᠡᠳᠬᠡᠬᠦ ᠶᠢ ᠳᠡᠮᠵᠢᠵᠦ᠂ | ᠡᠴᠦᠰ ᠤᠨ ᠠᠵᠤ ᠦᠶᠯᠡᠰ ᠤᠨ ᠬᠡᠯᠬᠢᠶ᠎ᠡ ᠶᠢᠨ ᠲᠣᠭᠲᠠᠭᠤᠨ ᠪᠠᠶᠢᠬᠤ ᠶᠢ ᠪᠠᠲᠤᠯᠠᠬᠤ ᠲᠠᠯ᠎ᠠ ᠪᠠᠷ᠃ ᠠᠵᠤ | ᠠᠬᠤᠶᠢᠯᠠᠯ ᠤᠨ ᠦᠶᠯᠡᠳᠪᠦᠷᠢ ᠶᠢᠨ ᠲᠠᠰᠤᠭ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠦᠶᠯᠡᠳᠪᠦᠷᠢᠯᠡᠯ ᠤᠨ | ᠪᠠᠶᠢᠳᠠᠯ ᠢ ᠪᠠᠶᠢᠴᠠᠭᠠᠨ ᠰᠤᠳᠤᠯᠵᠤ᠂ ᠲᠦᠭᠦᠬᠡᠶ ᠮᠠᠲ᠋ᠧᠷᠢᠶᠠᠯ ᠢ ᠭᠠᠳᠠᠭᠠᠳᠤ ᠠᠴᠠ ᠣᠷᠣᠭᠤᠯᠬᠤ᠂ ᠪᠠᠷᠠᠭᠠᠨ ᠤ | ᠭᠦᠶᠯᠭᠡᠭᠡ ᠶᠢᠨ ᠲᠡᠭᠡᠭᠡᠪᠦᠷᠢ᠂ ᠪᠠᠯᠠ ᠮᠥᠩᠭᠦ ᠶᠢᠨ ᠡᠷᠭᠢᠯᠲᠡ ᠳᠤ ᠲᠤᠯᠭᠠᠷᠠᠵᠤ ᠪᠠᠶᠢᠭ᠎ᠠ ᠠᠰᠠᠭᠤᠳᠠᠯ ᠢ ᠣᠶᠢᠯᠠᠭᠠᠵᠤ | ᠂ ᠠᠵᠤ ᠠᠬᠤᠶᠢᠯᠠᠯ ᠳᠤ ᠣᠨᠴᠠᠯᠢᠭᠲᠤ ᠬᠢᠨᠠᠯᠲᠠ ᠬᠠᠮᠢᠶᠠᠷᠤᠯᠲᠠ ᠶᠢᠨ ᠲᠥᠰᠦᠯ ᠢ ᠲᠣᠭᠲᠠᠭᠠᠵᠤ ᠥᠭᠭᠦᠪᠡ᠃ | ᠵᠢᠱᠢᠶᠡᠯᠡᠪᠡᠯ ᠪᠤᠭᠤᠲᠤ ᠶᠢᠨ ᠬᠤᠸᠠ ᠳ᠋ᠢᠩ ᠵᠡᠰ ᠤᠨ ᠦᠶᠯᠡᠰ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠪᠣᠯ | ᠭᠠᠳᠠᠭᠠᠳᠤ ᠠᠴᠠ ᠣᠷᠣᠭᠤᠯᠤᠭᠰᠠᠨ ᠵᠡᠰ ᠤᠨ ᠨᠠᠷᠢᠯᠢᠭ ᠬᠦᠳᠡᠷ ᠢᠶᠠᠷ ᠭᠤᠤᠯ ᠲᠦᠭᠦᠬᠡᠶ ᠮᠠᠲ᠋ᠧᠷᠢᠶᠠᠯ ᠪᠣᠯᠭᠠᠭᠰᠠᠨ | ᠵᠡᠰ ᠬᠠᠶᠢᠯᠤᠭᠤᠯᠬᠤ ᠠᠵᠤ ᠠᠬᠤᠶᠢᠯᠠᠯ ᠪᠣᠯᠤᠨ᠎ᠠ᠃ ᠬᠢᠵᠢᠭ ᠤᠨ ᠪᠠᠶᠢᠳᠠᠯ ᠭᠠᠷᠤᠭᠰᠠᠨ ᠤ ᠳᠠᠷᠠᠭ᠎ᠠ᠂ ᠠᠵᠤ | ᠠᠬᠤᠶᠢᠯᠠᠯ ᠤᠨ ᠲᠦᠭᠦᠬᠡᠶ ᠮᠠᠲ᠋ᠧᠷᠢᠶᠠᠯ ᠢ ᠭᠠᠳᠠᠭᠠᠳᠤ ᠠᠴᠠ ᠣᠷᠣᠭᠤᠯᠬᠤ ᠳᠤ ᠬᠦᠴᠢᠷᠳᠡᠯ ᠲᠤᠯᠭᠠᠷᠠᠵᠤ᠂ | ᠦᠶᠯᠡᠳᠪᠦᠷᠢᠯᠡᠬᠦ ᠪᠠᠨ ᠵᠣᠭᠰᠣᠪᠠᠯ᠂ ᠲᠣᠨᠤᠭ ᠲᠥᠬᠦᠭᠡᠷᠦᠮᠵᠢ ᠶᠢ ᠬᠠᠮᠠᠭᠠᠯᠠᠬᠤ᠂ ᠪᠡᠯᠡ ᠮᠥᠩᠭᠦ ᠶᠢ ᠡᠷᠭᠢᠯᠳᠦᠭᠦᠯᠬᠦ᠂ | ᠡᠴᠦᠰ ᠤᠨ ᠪᠣᠷᠣᠯᠠᠭᠤᠯᠭ᠎ᠠ ᠵᠡᠷᠭᠡ ᠡᠯ᠎ᠡ ᠲᠠᠯ᠎ᠠ ᠳᠤ ᠮᠠᠰᠢ ᠶᠡᠭᠡ ᠬᠤᠬᠢᠷᠠᠯ ᠭᠠᠷᠴᠤ᠂ ᠦᠶᠯᠡᠳᠪᠦᠷᠢᠯᠡᠬᠦ ᠪᠠᠨ | ᠵᠣᠭᠰᠣᠪᠠᠯ ᠨᠢᠭᠡ ᠤᠳᠠᠭ᠎ᠠ ᠳᠤ ᠭᠤᠷᠪᠠ ᠳᠥᠷᠪᠡᠨ ᠵᠠᠭᠤᠨ ᠲᠦᠮᠡᠨ ᠲᠥᠭᠦᠷᠢᠭ ᠤᠨ ᠬᠤᠬᠢᠷᠠᠯ ᠭᠠᠷᠬᠤ ᠪᠣᠯᠤᠨ᠎ᠠ᠃ | ᠠᠵᠤ ᠠᠬᠤᠶᠢᠯᠠᠯ ᠤᠨ ᠬᠦᠴᠢᠷᠳᠡᠯ ᠢ ᠣᠶᠢᠯᠠᠭᠠᠭᠰᠠᠨ ᠤ ᠳᠠᠷᠠᠭ᠎ᠠ᠂ ᠬᠥᠬᠡᠬᠤᠲᠠ ᠪᠣᠭᠤᠮᠲᠠ ᠳᠤ ᠬᠠᠷᠢᠶᠠᠯᠠᠭᠳᠠᠬᠤ | ᠪᠤᠭᠤᠲᠤ ᠶᠢᠨ ᠪᠣᠭᠤᠮᠲᠠ ᠳᠤ ᠪᠠᠶᠢᠴᠠᠭᠠᠨ ᠰᠢᠯᠭᠠᠬᠤ ᠭᠠᠪᠰᠢᠭᠠᠶ ᠠᠩᠭᠢ ᠪᠠᠶᠢᠭᠤᠯᠵᠤ᠂ ︽ᠴᠠᠭ ᠨᠡᠮᠡᠵᠦ | ᠠᠵᠢᠯᠯᠠᠬᠤ ᠶᠢ ᠪᠣᠯᠵᠤᠵᠤ ᠪᠠᠷᠢᠨ ᠳᠠᠷᠤᠶ ᠪᠠᠶᠢᠴᠠᠭᠠᠬᠤ︾ ᠲᠦᠷᠢᠮ ᠢ ᠬᠡᠷᠡᠭᠵᠢᠭᠦᠯᠵᠦ᠂ ᠲᠤᠬᠠᠶ ᠶᠢᠨ ᠲᠠᠯᠠᠪᠠᠶ ᠶᠢᠨ | ᠲᠣᠭᠤᠰᠣ ᠶᠡᠭᠡ᠂ ᠱᠤᠤᠭᠢᠶᠠᠨ ᠦᠨᠳᠦᠷ ᠵᠡᠷᠭᠡ ᠨᠠᠷᠢᠨ ᠪᠤᠳᠤᠯᠢᠶᠠᠨᠲᠠᠶ ᠠᠵᠢᠯᠯᠠᠬᠤ ᠣᠷᠴᠢᠨ ᠨᠥᠬᠦᠴᠡᠯ ᠢ ᠢᠯᠡᠨ | ᠳᠠᠪᠠᠵᠤ᠂ ᠲᠦᠭᠦᠬᠡᠶ ᠮᠠᠲ᠋ᠧᠷᠢᠶᠠᠯ ᠢ ᠴᠠᠭ ᠲᠤᠬᠠᠶ ᠳᠤ ᠨᠢ ᠪᠠᠶᠢᠴᠠᠭᠠᠬᠤ᠂ ᠥᠯᠢᠭᠡᠷ ᠡᠳ᠋ ᠢ ᠴᠠᠭ ᠲᠤᠬᠠᠶ ᠳᠤ ᠨᠢ | ᠬᠦᠷᠭᠡᠬᠦ ᠪᠠ ᠪᠠᠶᠢᠴᠠᠭᠠᠬᠤ ᠶᠢ ᠪᠡᠶᠡᠯᠡᠭᠦᠯᠵᠦ᠂ ᠪᠦᠯᠦᠭ ᠪᠦᠷᠢ ᠶᠢᠨ ᠡᠳ᠋ ᠪᠠᠷᠠᠭ᠎ᠠ ᠶᠢ ᠪᠠᠶᠢᠴᠠᠭᠠᠨ ᠰᠢᠯᠭᠠᠬᠤ | ᠦᠶᠡᠯᠡᠯ ᠤᠨ ᠬᠤᠭᠤᠴᠠᠭ᠎ᠠ ᠶᠢ ᠨᠢᠭᠡ ᠭᠠᠷᠠᠭ ᠤᠨ ᠳᠣᠲᠣᠷ᠎ᠠ ᠪᠣᠯᠭᠠᠨ ᠪᠣᠭᠤᠨᠢᠰᠬᠠᠵᠤ᠂ ᠵᠡᠰ ᠤᠨ ᠨᠠᠷᠢᠯᠢᠭ ᠬᠦᠳᠡᠷ | ᠤᠨ ᠲᠦᠭᠦᠬᠡᠶ ᠮᠠᠲ᠋ᠧᠷᠢᠶᠠᠯ ᠢ ᠴᠠᠭ ᠲᠤᠬᠠᠶ ᠳᠤ ᠨᠢ ᠠᠰᠢᠭᠯᠠᠯᠲᠠ ᠳᠤ ᠣᠷᠣᠭᠤᠯᠤᠨ ᠬᠡᠷᠡᠭᠯᠡᠬᠦ ᠶᠢ ᠪᠠᠲᠤᠯᠠᠪᠠ᠃ | 2020 ᠣᠨ ᠳᠤ ᠲᠣᠰ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠤᠭᠰᠠᠨ ᠲᠦᠭᠦᠬᠡᠶ ᠮᠠᠲ᠋ᠧᠷᠢᠶᠠᠯ ᠢ 47. | 41 ᠲᠦᠮᠡᠨ ᠲᠣᠨ ᠪᠠᠲᠤᠯᠠᠵᠤ᠂ ᠠᠳᠠᠯᠢ ᠬᠤᠭᠤᠴᠠᠭᠠᠨ ᠤ ᠬᠢ ᠠᠴᠠ 37.90% ᠪᠠᠷ ᠨᠡᠮᠡᠭᠳᠡᠪᠡ᠃ | ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠤᠨ ᠨᠥᠯᠥᠭᠡ ᠶᠢ ᠠᠷᠭᠠᠴᠠᠭᠠᠬᠤ ᠳᠤ ᠬᠦᠴᠦᠨ ᠨᠡᠮᠡᠷᠢᠯᠡᠬᠦ᠂ | ᠭᠠᠳᠠᠭᠠᠳᠤ ᠳᠠᠬᠢ ᠵᠠᠬ᠎ᠠ ᠳᠡᠯᠭᠡᠭᠦᠷ ᠢ ᠥᠷᠭᠡᠳᠬᠡᠬᠦ ᠲᠠᠯ᠎ᠠ ᠪᠠᠷ᠃ ᠮᠠᠨ ᠤ ᠣᠷᠣᠨ ᠤ ᠪᠤᠭᠤᠮᠲᠠ ᠨᠢ ᠰᠠᠨᠠᠭᠠᠴᠢᠯᠠᠭ᠎ᠠ | ᠠᠴᠠ ᠪᠠᠨ ᠠᠵᠢᠯᠯᠠᠵᠤ᠂ ᠠᠵᠤ ᠠᠬᠤᠶᠢᠯᠠᠯ ᠯᠤᠭ᠎ᠠ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠢᠳᠡᠪᠬᠢᠲᠡᠢ | ᠴᠢᠩᠭᠠᠳᠬᠠᠵᠤ᠂ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠬᠦᠴᠢᠷᠳᠡᠯ ᠢ ᠴᠠᠭ ᠲᠤᠬᠠᠢ ᠳᠤ ᠨᠢ ᠵᠣᠬᠢᠴᠠᠭᠤᠯᠤᠨ | ᠰᠢᠢᠳᠪᠦᠷᠢᠯᠡᠵᠦ᠂ ᠥᠪᠡᠷᠲᠡᠭᠡᠨ ᠵᠠᠰᠠᠬᠤ ᠣᠷᠣᠨ ᠤ ᠳᠠᠪᠠᠭᠤᠯᠢᠭ ᠠᠵᠤ ᠦᠢᠯᠡᠰ ᠢ ᠪᠤᠵᠠᠭᠠᠶᠢᠷᠠᠭᠤᠯᠤᠨ | ᠬᠦᠴᠦᠷᠬᠡᠭᠵᠢᠭᠦᠯᠬᠦ ᠳᠤ ᠬᠦᠴᠦᠨ ᠨᠡᠮᠡᠷᠢᠯᠡᠪᠡ᠃ ᠵᠢᠱᠢᠶᠡᠯᠡᠪᠡᠯ᠂ ᠬᠥᠬᠡᠬᠤᠲᠠ ᠪᠣᠭᠤᠮᠲᠠ ᠳᠤ ᠬᠠᠷᠢᠶᠠᠯᠠᠭᠳᠠᠬᠤ | ᠦᠬᠠᠶ ᠪᠣᠭᠤᠮᠲᠠ ᠶᠢᠨ ᠬᠢᠨ ᠨᠠᠮ ᠤᠨ ᠪᠠᠶᠢᠭᠤᠯᠤᠯᠲᠠ ᠶᠢᠨ ᠳᠠᠶᠢᠴᠢᠯᠠᠬᠤ ᠦᠶᠯᠡᠳᠦᠯ ᠢ ᠭᠦᠶᠴᠡᠳ ᠪᠠᠳᠠᠷᠠᠭᠤᠯᠵᠤ᠂ | ᠤᠯᠠᠭᠠᠨᠮᠥ᠋ᠴᠢᠷ ᠤᠨ ᠠᠶᠤᠯᠲᠠᠶ ᠬᠢᠮᠢ ᠶᠢᠨ ᠪᠣᠳᠠᠰ ᠤᠨ ᠬᠢᠨᠠᠯᠲᠠ ᠬᠠᠮᠢᠶᠠᠷᠤᠯᠲᠠ ᠶᠢᠨ ᠪᠠᠭ᠎ᠠ ᠬᠤᠪᠢᠶᠠᠷᠢ ᠠᠩᠭᠢ ᠶᠢ | ᠵᠣᠬᠢᠶᠠᠨ ᠪᠠᠶᠢᠭᠤᠯᠵᠤ᠂ ᠬᠢᠨᠠᠯᠲᠠ ᠬᠠᠮᠢᠶᠠᠷᠤᠯᠲᠠ ᠶᠢᠨ ᠨᠢᠭᠡᠳᠦᠭᠡᠷ ᠹᠷᠣᠨᠲ ᠤᠨ ᠬᠥᠮᠦᠰ ᠨᠢ ᠴᠥᠮ ᠨᠠᠮ ᠤᠨ | ᠭᠡᠰᠢᠭᠦᠨ ᠪᠠᠶᠢᠵᠤ᠂ ᠨᠠᠮ ᠤᠨ ᠭᠡᠰᠢᠭᠦᠨ ᠤ ᠬᠤᠰᠢᠭᠤᠴᠢ ᠶᠢᠨ ᠵᠢᠱᠢᠶᠡᠴᠢ ᠦᠶᠯᠡᠳᠦᠯ ᠢ ᠭᠦᠶᠴᠡᠳ ᠪᠠᠳᠠᠷᠠᠭᠤᠯᠵᠤ᠂ | ᠴᠠᠭ ᠨᠡᠮᠡᠵᠦ ᠠᠵᠢᠯᠯᠠᠨ᠂ ᠬᠢᠵᠢᠭ ᠤᠨ ᠪᠠᠶᠢᠳᠠᠯ ᠵᠡᠷᠭᠡ ᠨᠥᠯᠥᠭᠡ ᠶᠢ ᠢᠯᠡᠨ ᠳᠠᠪᠠᠵᠤ᠂ ᠬᠠᠮᠤᠭ ᠲᠡᠷᠢᠭᠦᠨ ᠳᠤ | ᠦᠶᠯᠡᠳᠪᠦᠷᠢ ᠳᠤ ᠣᠴᠢᠵᠤ ᠬᠢᠨᠠᠯᠲᠠ ᠬᠠᠮᠢᠶᠠᠷᠤᠯᠲᠠ ᠬᠢᠵᠦ᠂ ᠠᠵᠤ ᠠᠬᠤᠶᠢᠯᠠᠯ ᠤᠨ ᠪᠣᠭᠤᠮᠲᠠ ᠪᠠᠷ ᠥᠩᠭᠡᠷᠡᠬᠦ | ᠴᠠᠭ ᠢ ᠠᠷᠪᠢᠯᠠᠵᠤ᠂ ᠥᠪᠥᠷ ᠮᠣᠩᠭᠤᠯ ᠤᠨ ᠯᠠᠨ ᠲᠠᠢ ᠨᠠᠲᠷᠢ ᠶᠢᠨ ᠦᠶᠯᠡᠰ ᠤᠨ ᠬᠢᠵᠠᠭᠠᠷᠲᠤ ᠺᠣᠮᠫᠠᠨᠢ ᠶᠢ | ᠵᠢᠯᠣᠭᠤᠳᠤᠨ ᠬᠠᠪᠰᠤᠷᠴᠤ ᠪᠠᠶᠢᠭᠠᠳ ᠭᠠᠳᠠᠭᠠᠳᠤ ᠶᠢᠨ ᠮᠡᠷᠭᠡᠵᠢᠯ ᠤᠨ ᠴᠢᠨᠠᠷᠲᠠᠶ ᠠᠷᠠᠯᠵᠢᠶᠠᠨ ᠤ ᠠᠷᠭ᠎ᠠ ᠬᠡᠮᠵᠢᠶ᠎ᠡ ᠶᠢ | ᠢᠳᠡᠪᠬᠢᠲᠡᠶ ᠠᠷᠭᠠᠴᠠᠭᠠᠵᠤ᠂ ᠡᠵᠡᠩᠨᠡᠯᠲᠡ ᠶᠢᠨ ᠠᠷᠭ᠎ᠠ ᠪᠣᠳᠣᠯᠭ᠎ᠠ ᠪᠠᠨ ᠴᠠᠭ ᠲᠤᠬᠠᠶ ᠳᠤ ᠨᠢ ᠲᠣᠬᠢᠷᠠᠭᠤᠯᠵᠤ᠂ | ᠲᠣᠰ ᠺᠣᠮᠫᠠᠨᠢ ᠶᠢᠨ ᠲᠡᠮᠦᠷᠯᠢᠭ ᠨᠠᠲᠷᠢ ᠶᠢᠨ ᠭᠠᠳᠠᠭᠠᠳᠤ ᠭᠠᠷᠭᠠᠯᠲᠠ ᠶᠢ ᠪᠥᠬᠦ ᠤᠯᠤᠰ ᠲᠤ ᠲᠡᠷᠢᠭᠦᠯᠡᠭᠦᠯᠵᠦ᠂ | 2020 ᠣᠨ ᠳᠤ 1.35 ᠲᠦᠮᠡᠨ ᠲᠣᠨ ᠭᠠᠳᠠᠭᠠᠳᠤ ᠳᠤ ᠭᠠᠷᠭᠠᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ᠄ ᠬᠥᠬᠡᠬᠤᠲᠠ ᠪᠣᠭᠤᠮᠲᠠ ᠶᠢᠨ ᠠᠵᠤ ᠠᠬᠤᠶᠢᠯᠠᠯ ᠤᠨ | ᠬᠠᠮᠢᠶᠠᠷᠤᠯᠲᠠ ᠶᠢᠨ ᠬᠦᠷᠢᠶᠡᠨ ᠳᠤ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ | ᠭᠠᠳᠠᠭᠠᠳᠤ ᠠᠷᠠᠯᠵᠢᠶᠠᠨ ᠤ ᠭᠤᠤᠯ ᠴᠣᠭᠴᠠ ᠶᠢᠨ ᠲᠣᠭᠲᠠᠭᠤᠨ ᠬᠥᠭᠵᠢᠯᠲᠡ᠂ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠲᠠᠯ᠎ᠠ ᠪᠠᠷ ᠶᠠᠮᠠᠷ ᠶᠠᠮᠠᠷ ᠦᠷ᠎ᠡ ᠪᠦᠲᠦᠮᠵᠢ ᠣᠯᠤᠭᠰᠠᠨ ᠪᠣᠶ︖ | ᠰᠦ᠋ ᠴᠢᠩ᠄ ᠡᠨᠡ ᠠᠰᠠᠭᠤᠯᠲᠠ ᠶᠢ ᠪᠢ ᠬᠠᠷᠢᠭᠤᠯᠤᠶ᠎ᠠ᠃ 2020 ᠣᠨ ᠠᠴᠠ ᠨᠠᠭᠠᠰᠢ᠂ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠥᠪᠡᠷᠲᠡᠭᠡᠨ ᠵᠠᠰᠠᠬᠤ ᠣᠷᠣᠨ ᠤ ᠭᠠᠳᠠᠭᠠᠳᠤ | ᠠᠷᠠᠯᠵᠢᠶᠠᠨ ᠤ ᠠᠵᠢᠯ ᠳᠤ ᠦᠵᠡᠭᠦᠯᠦᠭᠰᠡᠨ ᠬᠦᠨᠳᠦ ᠨᠣᠴᠢᠲᠠᠶ ᠠᠰᠢᠭ ᠥᠬᠡᠶ ᠨᠥᠯᠥᠭᠡ ᠶᠢᠨ ᠡᠮᠦᠨ᠎ᠡ᠂ | ᠬᠥᠬᠡᠬᠤᠲᠠ ᠪᠣᠭᠤᠮᠲᠠ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠵᠤ᠂ | ᠠᠵᠤ ᠠᠬᠤᠶᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠲᠠᠯ᠎ᠠ | ᠠᠴᠠ ᠭᠠᠷᠳᠠᠵᠤ᠂ ᠠᠵᠤ ᠠᠬᠤᠶᠢᠯᠠᠯ ᠤᠨ ᠳᠡᠩᠰᠡᠯᠡᠨ ᠲᠡᠮᠳᠡᠭᠯᠡᠬᠦ ᠭᠠᠷᠳᠠᠮ ᠢ ᠲᠠᠰᠤᠷᠠᠯᠲᠠ ᠥᠬᠡᠶ ᠰᠢᠯᠢᠳᠡᠭᠵᠢᠭᠦᠯᠵᠦ | ᠂ ᠭᠠᠳᠠᠭᠠᠳᠤ ᠠᠷᠠᠯᠵᠢᠶᠠᠨ ᠤ ᠬᠦᠲᠦᠴᠢ ᠠᠵᠤ ᠠᠬᠤᠶᠢᠯᠠᠯ ᠢ ᠶᠡᠭᠡ ᠪᠠᠷ ᠪᠣᠶᠢᠵᠢᠭᠤᠯᠵᠤ᠂ ᠭᠤᠤᠯᠳᠠᠯᠭ᠎ᠠ ᠲᠠᠢ ᠲᠠᠸᠠᠷ | ᠤᠨ ᠬᠠᠩᠭᠠᠯᠭ᠎ᠠ ᠶᠢᠨ ᠬᠡᠯᠬᠢᠶ᠎ᠡ ᠶᠢ ᠲᠣᠭᠲᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶᠠᠨ ᠤ ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ᠱᠠᠭᠠᠷᠳᠠᠯᠭ᠎ᠠ ᠶᠢ ᠡᠷᠡᠰ | ᠨᠠᠶᠢᠳᠠᠪᠤᠷᠢᠵᠢᠭᠤᠯᠪᠠ᠄ | ᠨᠢᠭᠡ᠂ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ | ᠠᠬᠤᠶᠢᠯᠠᠯ ᠤᠨ ᠳᠦᠷᠢᠮ ᠤᠨ ᠴᠢᠨᠠᠷᠲᠠᠢ ᠠᠷᠠᠯᠵᠢᠶᠠᠨ ᠤ ᠥᠪᠡᠷ ᠤᠨ ᠥᠷᠲᠡᠭ ᠢ ᠦᠷᠭᠦᠯᠵᠢᠯᠡᠨ ᠪᠠᠭᠤᠷᠠᠭᠤᠯᠪᠠ | ︽ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ︾᠂ ᠭᠡᠷᠡᠴᠢ ᠦᠨᠡᠮᠯᠡᠯ ᠢ ᠰᠠᠯᠭᠠᠬᠤ ᠶᠢ ᠪᠦᠷᠢᠨ | ᠪᠦᠷᠬᠦᠭᠦᠯᠬᠦ ᠵᠡᠷᠭᠡ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠭᠠᠳᠠᠭᠠᠳᠤ ᠠᠷᠠᠯᠵᠢᠶᠠᠨ ᠤ ᠭᠤᠣᠯ ᠴᠣᠭᠴᠠ ᠶᠢᠨ ᠲᠤᠭ᠎ᠠ ᠬᠡᠮᠵᠢᠶ᠎ᠡ ᠶᠢᠨ ᠲᠣᠭᠲᠠᠭᠤᠨ ᠴᠢᠨᠠᠷ ᠤᠨ ᠨᠡᠮᠡᠭᠳᠡᠯ ᠢ | ᠠᠬᠢᠭᠤᠯᠪᠠ᠃ ᠠᠵᠤ ᠠᠬᠤᠶᠢᠯᠠᠯ ᠤᠨ ᠳᠠᠩᠰᠠᠯᠠᠨ ᠲᠡᠮᠳᠡᠭᠯᠡᠬᠦ ᠭᠠᠷᠳᠠᠮ ᠢ ᠰᠢᠯᠢᠳᠡᠭᠵᠢᠭᠦᠯᠵᠦ᠂ ᠬᠢᠷᠢ ᠴᠢᠳᠠᠮᠵᠢ ᠲᠠᠢ | ᠠᠵᠤ ᠠᠬᠤᠶᠢᠯᠠᠯ ᠤᠨ ᠳᠠᠩᠰᠠᠯᠠᠨ ᠲᠡᠮᠳᠡᠭᠯᠡᠬᠦ ᠶᠢ ᠪᠦᠬᠦᠨ ᠢ ︽ᠢᠨᠲ᠋ᠧᠷ ᠰᠦᠯᠵᠢᠶ᠎ᠡ + ᠪᠣᠭᠤᠮᠲᠠ︾ ᠪᠠᠷ ᠳᠠᠮᠵᠢᠨ | ᠰᠦᠯᠵᠢᠶᠡᠨ ᠳᠡᠭᠡᠷ᠎ᠡ ᠭᠦᠢᠴᠡᠳᠬᠡᠵᠦ᠂ ᠲᠤᠭ᠎ᠠ ᠪᠠᠷᠢᠮᠲᠠ ᠶᠢ ᠬᠠᠷᠢᠯᠴᠠᠨ ᠬᠤᠯᠪᠣᠵᠤ ᠬᠠᠷᠢᠯᠴᠠᠨ ᠨᠡᠪᠲᠡᠷᠡᠭᠦᠯᠬᠦ ᠪᠠᠷ | ᠳᠠᠮᠵᠢᠨ᠂ ᠠᠵᠤ ᠠᠬᠤᠶᠢᠯᠠᠯ ᠤᠨ ᠳᠠᠩᠰᠠᠯᠠᠨ ᠲᠡᠮᠳᠡᠭᠯᠡᠬᠦ ᠴᠠᠭ ᠬᠤᠭᠤᠴᠠᠭ᠎ᠠ ᠶᠢ ︽ᠰᠧᠺᠦ᠋ᠨ᠋ᠳ᠋ ᠢᠶᠠᠷ ᠭᠦᠢᠴᠡᠳᠬᠡᠬᠦ︾ | ᠶᠢ ᠪᠡᠶᠡᠯᠡᠭᠦᠯᠵᠦ᠂ ᠭᠠᠳᠠᠭᠠᠳᠤ ᠠᠷᠠᠯᠵᠢᠶ᠎ᠠ ᠶᠢᠨ ᠭᠤᠣᠯ ᠴᠣᠭᠴᠠ ᠶᠢᠨ ᠶᠡᠭᠡ ᠬᠡᠮᠵᠢᠶ᠎ᠡ ᠪᠠᠷ ᠨᠡᠮᠡᠭᠳᠡᠬᠦ ᠶᠢ | ᠬᠦᠴᠦᠯᠡᠨ ᠠᠬᠢᠭᠤᠯᠪᠠ︔ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠷᠡᠭᠴᠡᠭᠡ ᠲᠠᠢ ᠤᠶᠠᠯᠳᠤᠭᠤᠯᠤᠨ᠂ | ᠳᠤᠲᠠᠭᠤᠳᠠᠯ ᠢᠶᠠᠨ ᠠᠭᠤᠴᠢᠯᠠᠨ ᠭᠥᠯᠢᠶᠡᠨ ᠠᠪᠴᠤ ᠰᠢᠶᠳᠪᠦᠷᠢᠯᠡᠬᠦ᠂ ᠭᠠᠷᠳᠠᠮ ᠨᠥᠬᠦᠨ ᠭᠦᠶᠴᠡᠳᠬᠡᠬᠦ ᠵᠡᠷᠭᠡ ᠰᠢᠨ᠎ᠡ | ᠶᠢ ᠡᠭᠦᠳᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠡᠮᠴᠢᠯᠡᠭᠡᠨ ᠤ | ᠡᠳ᠋ ᠪᠣᠳᠠᠰ ᠤᠨ ᠠᠵᠤ ᠠᠬᠤᠶᠢᠯᠠᠯ ᠳᠤ ᠪᠦᠬᠦᠯᠢ ᠡᠳᠦᠷ ᠢᠶᠠᠷ ᠪᠣᠯᠵᠣᠨ ᠳᠠᠩᠰᠠᠯᠠᠭᠤᠯᠬᠤ ᠶᠢ ᠬᠡᠷᠡᠭᠵᠢᠭᠦᠯᠦᠨ᠂ | ᠭᠤᠤᠯᠳᠠᠯᠭ᠎ᠠ ᠲᠠᠢ ᠡᠳ᠋ ᠪᠣᠳᠠᠰ ᠤᠨ ᠪᠣᠭᠤᠮᠲᠠ ᠪᠠᠷ ᠲᠦᠷᠭᠡᠨ ᠥᠩᠭᠡᠷᠡᠬᠦ ᠶᠢ ᠪᠠᠲᠤᠯᠠᠵᠤ᠂ ᠠᠵᠤ ᠠᠬᠤᠶᠢᠯᠠᠯ ᠤᠨ | ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠪᠠ︔ ᠭᠠᠳᠠᠭᠠᠳᠤ ᠳᠤ ᠭᠠᠷᠭᠠᠬᠤ ᠢᠳᠡᠭᠡᠨ ᠦᠢᠯᠡᠳᠪᠦᠷᠢᠯᠡᠬᠦ | ᠠᠵᠤ ᠠᠬᠤᠶᠢᠯᠠᠯ ᠤᠨ ᠵᠠᠰᠠᠭ ᠵᠠᠬᠢᠷᠭᠠᠨ ᠤ ᠵᠥᠪᠰᠢᠶᠡᠷᠡᠯ ᠢ ᠬᠦᠴᠦᠨ ᠦᠭᠡᠶ ᠪᠣᠯᠭᠠᠵᠤ᠂ ᠪᠣᠭᠤᠮᠲᠠ ᠳᠤ ᠮᠡᠳᠡᠭᠦᠯᠬᠦ | ᠠᠵᠤ ᠠᠬᠤᠶᠢᠯᠠᠯ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠲᠤᠬᠠᠶᠢᠯᠠᠭᠰᠠᠨ ᠠᠵᠢᠯ ᠢ ᠳᠠᠩᠰᠠᠯᠠᠭᠤᠯᠬᠤ ᠴᠤᠪᠤᠷᠠᠯ | ᠢᠶᠠᠷ ᠯᠠᠪᠯᠠᠯᠲᠠ ᠪᠣᠯᠭᠠᠨ ᠭᠦᠢᠴᠡᠳᠬᠡᠵᠦ᠂ ᠪᠤᠶ ᠪᠦᠬᠦᠢ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠢ ᠴᠥᠮ ᠲᠤᠰ | ᠡᠳᠦᠷ ᠲᠤ ᠨᠢ ᠭᠦᠢᠴᠡᠳᠬᠡᠬᠦ᠂ ᠨᠢᠭᠡ ᠤᠳᠠᠭ᠎ᠠ ᠳᠤ ᠭᠦᠢᠴᠡᠳᠬᠡᠬᠦ ᠶᠢ ᠪᠡᠶᠡᠯᠡᠭᠦᠯᠵᠦ᠂ ᠪᠣᠭᠤᠮᠲᠠ ᠶᠢᠨ ᠣᠷᠣᠨ ᠤ | ᠭᠠᠳᠠᠭᠠᠳᠤ ᠳᠤ ᠭᠠᠷᠭᠠᠬᠤ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠨᠡᠶᠢᠲᠡ 360 ᠡᠷᠦᠬᠡ ᠳᠤ ᠬᠦᠷᠴᠦ᠂ | ᠤᠯᠤᠰ ᠤᠨ ᠭᠠᠳᠠᠭᠠᠳᠤ ᠶᠢᠨ ᠠᠯᠪᠠᠨ ᠤ ᠲᠠᠯ᠎ᠠ ᠶᠢᠨ ᠳᠠᠩᠰᠠᠯᠠᠭᠤᠯᠤᠭᠰᠠᠨ ᠴᠢᠨᠠᠷ ᠰᠠᠶᠢᠲᠠᠶ ᠠᠵᠤ ᠠᠬᠤᠶᠢᠯᠠᠯ 11 | ᠳᠤ ᠬᠦᠷᠴᠦ᠂ ᠭᠠᠳᠠᠭᠠᠳᠤ ᠳᠤ ᠭᠠᠷᠭᠠᠬᠤ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠤᠨ ᠳᠠᠩᠰᠠᠯᠠᠭᠤᠯᠤᠭᠰᠠᠨ | ᠬᠡᠮᠵᠢᠶ᠎ᠡ ᠲᠦᠷᠭᠡᠨ ᠨᠡᠮᠡᠭᠳᠡᠭᠰᠡᠨ ᠨᠢ ᠪᠣᠭᠤᠮᠲᠠ ᠶᠢᠨ ᠣᠷᠣᠨ ᠤ ᠲᠠᠷᠢᠶᠠᠯᠠᠩ ᠤᠨ ᠪᠦᠲᠦᠭᠡᠭᠳᠡᠬᠦᠨ᠂ ᠢᠳᠡᠭᠡᠨ ᠤ | ᠭᠠᠳᠠᠭᠠᠳᠤ ᠭᠠᠷᠭᠠᠯᠲᠠ ᠶᠢᠨ ᠪᠠᠶᠢᠳᠠᠯ ᠢ ᠰᠥᠷᠥᠨ ᠨᠡᠮᠡᠭᠳᠡᠬᠦ ᠶᠢ ᠪᠦᠲᠦᠮᠵᠢᠲᠡᠶ ᠳᠠᠶᠢᠴᠢᠯᠠᠪᠠ᠃ ︵ᠭᠠᠳᠠᠭᠠᠳᠤ ᠳᠤ | ᠭᠠᠷᠭᠠᠭᠰᠠᠨ ᠨᠢ 61.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.9% | ᠨᠡᠮᠡᠭᠳᠡᠪᠡ︶᠃ ᠭᠠᠳᠠᠭᠠᠳᠤ ᠠᠷᠠᠯᠵᠢᠶᠠᠨ ᠤ ᠭᠤᠤᠯ ᠴᠣᠭᠴᠠ ᠶᠢᠨ ᠲᠦᠷᠭᠡᠨ ᠨᠡᠮᠡᠭᠳᠡᠯ ᠢ ᠪᠠᠲᠤᠯᠠᠬᠤ ᠶᠢᠨ ᠬᠠᠮᠲᠤ᠂ | ᠠᠵᠤ ᠠᠬᠤᠶᠢᠯᠠᠯ ᠤᠨ ᠬᠠᠮᠢᠶᠠᠷᠤᠯᠲᠠ ᠶᠢᠨ ᠬᠦᠷᠢᠶᠡᠨ ᠳᠤ ᠪᠠᠰᠠ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ | ᠶᠠᠰᠤ ᠴᠢᠨᠠᠷ ᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠪᠣᠭᠤᠮᠲᠠ ᠳᠤ ᠮᠡᠳᠡᠭᠦᠯᠬᠦ ᠨᠢᠭᠡᠴᠢ ᠶᠢᠨ | ᠳᠠᠩᠰᠠᠯᠠᠭᠤᠯᠵᠤ ᠵᠢᠷᠤᠮᠵᠢᠭᠤᠯᠬᠤ ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ | ᠂ 300 ᠦᠬᠦᠰᠢᠷᠡᠮᠡᠯ ᠠᠵᠤ ᠠᠬᠤᠶᠢᠯᠠᠯ ᠢ ᠴᠡᠪᠡᠷᠯᠡᠵᠦ᠂ 200 ᠭᠠᠷᠤᠶ ᠠᠵᠤ ᠠᠬᠤᠶᠢᠯᠠᠯ ᠢ ᠵᠢᠷᠤᠮᠵᠢᠭᠤᠯᠤᠨ | ᠰᠠᠶᠢᠵᠢᠷᠠᠭᠤᠯᠵᠤ᠂ 16 ᠠᠵᠤ ᠠᠬᠤᠶᠢᠯᠠᠯ ᠤᠨ ᠢᠲᠡᠭᠡᠮᠵᠢ ᠠᠯᠳᠠᠭᠰᠠᠨ ᠪᠠᠶᠢᠳᠠᠯ ᠳᠤ ᠲᠣᠬᠢᠷᠠᠭᠤᠯᠤᠯᠲᠠ ᠬᠢᠵᠦ᠂ | ᠪᠣᠭᠤᠮᠲᠠ ᠶᠢᠨ ᠭᠠᠳᠠᠭᠠᠳᠤ ᠠᠷᠠᠯᠵᠢᠶᠠᠨ ᠤ ᠣᠷᠴᠢᠨ ᠨᠥᠬᠦᠴᠡᠯ ᠢ ᠪᠦᠲᠦᠮᠵᠢᠲᠡᠶ ᠴᠡᠪᠡᠷᠰᠢᠭᠦᠯᠪᠡ᠃ | ᠬᠤᠶᠠᠷ᠂ ᠲᠥᠷᠥ ᠶᠢᠨ ᠪᠣᠳᠣᠯᠭ᠎ᠠ ᠪᠠᠷ ᠲᠡᠳᠬᠦᠬᠦ ᠶᠢ ᠴᠢᠩᠭᠠᠷᠠᠭᠤᠯᠤᠨ᠂ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠰᠢᠯᠢᠳᠡᠭᠵᠢᠭᠦᠯᠵᠦ᠂ ᠭᠠᠳᠠᠭᠠᠳᠤ ᠠᠷᠠᠯᠵᠢᠶᠠᠨ ᠤ ᠬᠥᠲᠥᠴᠢ ᠠᠵᠤ ᠠᠬᠤᠶᠢᠯᠠᠯ ᠤᠨ ᠲᠣᠭᠲᠠᠭᠤᠨ | ᠡᠵᠡᠩᠨᠡᠯᠲᠡ ᠶᠢ ᠲᠡᠳᠬᠦᠬᠦ | ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠬᠤᠷᠠᠯ ᠢᠶᠠᠷ ᠠᠴᠢᠶᠠᠯᠠᠪᠤᠷᠢ ᠪᠣᠯᠭᠠᠵᠤ᠂ ᠲᠥᠷᠥ | ᠶᠢᠨ ᠪᠣᠳᠣᠯᠭ᠎ᠠ ᠶᠢ ᠳᠡᠯᠭᠡᠷᠡᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠭᠠᠳᠠᠭᠠᠳᠤ ᠠᠷᠠᠯᠵᠢᠶᠠᠨ ᠤ | ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠠᠶᠢᠵᠢᠷᠠᠭᠤᠯᠪᠠ᠃ ᠥᠪᠡᠷᠲᠡᠭᠡᠨ ᠵᠠᠰᠠᠬᠤ ᠣᠷᠣᠨ ᠤ | ᠬᠤᠳᠠᠯᠳᠤᠭᠠᠨ ᠤ ᠶᠠᠪᠤᠳᠠᠯ ᠤᠨ ᠲᠢᠩᠬᠢᠮ᠂ ᠠᠷᠠᠯᠵᠢᠶ᠎ᠠ ᠶᠢ ᠠᠬᠢᠭᠤᠯᠬᠤ ᠵᠥᠪᠯᠡᠯ ᠵᠡᠷᠭᠡ ᠣᠯᠠᠨ ᠰᠠᠯᠠᠭ᠎ᠠ ᠮᠥᠴᠢᠷ | ᠨᠢᠭᠡᠴᠢ ᠲᠠᠢ ᠬᠠᠮᠲᠤᠷᠠᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠲᠥᠷᠥ ᠶᠢᠨ ᠪᠣᠳᠣᠯᠭ᠎ᠠ ᠶᠢ | ᠤᠬᠠᠭᠤᠯᠤᠨ ᠲᠠᠶᠢᠯᠪᠤᠷᠢᠯᠠᠬᠤ ᠬᠤᠷᠠᠯ ᠢ ᠥᠷᠨᠢᠭᠦᠯᠵᠦ᠂ 300 ᠭᠠᠷᠤᠶ ᠠᠵᠤ ᠠᠬᠤᠶᠢᠯᠠᠯ ᠢ ᠬᠠᠮᠤᠷᠪᠠ︔ | ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠲᠤᠰᠬᠠᠶ ᠰᠡᠳᠦᠪᠲᠦ ᠭᠠᠶᠢᠯᠢ ᠪᠠᠲᠤᠯᠠᠬᠤ ᠲᠥᠷᠥ ᠶᠢᠨ ᠪᠣᠳᠣᠯᠭ᠎ᠠ | ᠶᠢ ᠤᠬᠠᠭᠤᠯᠤᠨ ᠲᠠᠶᠢᠯᠪᠤᠷᠢᠯᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠣᠷᠣᠨ ᠨᠤᠲᠤᠭ ᠤᠨ | ᠵᠠᠰᠠᠭ ᠤᠨ ᠣᠷᠳᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠢᠳᠡᠪᠬᠢᠲᠡᠶ ᠠᠬᠢᠭᠤᠯᠵᠤ᠂ | ᠬᠥᠬᠡᠬᠤᠲᠠ᠂ ᠣᠷᠳᠣᠰ 2 ᠶᠡᠷᠦᠩᠬᠡᠶᠢᠯᠡᠭᠰᠡᠨ ᠳᠠᠭᠠᠳᠬᠠᠯ ᠤᠨ ᠣᠷᠣᠨ ᠤ ᠳᠠᠩᠰᠠᠯᠠᠭᠤᠯᠤᠭᠰᠠᠨ ᠭᠠᠳᠠᠭᠠᠳᠤ | ᠠᠷᠠᠯᠵᠢᠶᠠᠨ ᠤ ᠠᠵᠤ ᠠᠬᠤᠶᠢᠯᠠᠯ ᠨᠢᠭᠡᠨᠲᠡ 58 ᠪᠣᠯᠵᠣ᠂ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ | ᠲᠤᠬᠠᠶᠢᠯᠠᠭᠰᠠᠨ ᠠᠵᠢᠯ ᠤᠨ ᠬᠡᠮᠵᠢᠶ᠎ᠡ᠂ ᠥᠷᠲᠡᠭ ᠶᠡᠭᠡ ᠪᠠᠷ ᠨᠡᠮᠡᠭᠳᠡᠪᠡ︔ ᠠᠵᠤ ᠠᠬᠤᠶᠢᠯᠠᠯ ᠤᠨ ᠰᠠᠨᠠᠭᠠᠴᠢᠯᠠᠭ᠎ᠠ | ᠠᠴᠠ ᠪᠠᠨ ᠨᠡᠶᠢᠲᠡᠯᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ 3 ᠤᠳᠠᠭᠠᠨ ᠤ ᠲᠤᠰᠬᠠᠶ ᠰᠡᠳᠦᠪᠲᠦ ᠲᠥᠷᠥ | ᠶᠢᠨ ᠪᠣᠳᠣᠯᠭ᠎ᠠ ᠶᠢᠨ ᠤᠬᠠᠭᠤᠯᠤᠨ ᠲᠠᠶᠢᠯᠪᠤᠷᠢᠯᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠤ ᠠᠬᠤᠶᠢᠯᠠᠯ ᠢ | ᠬᠠᠪᠰᠤᠷᠤᠨ ᠠᠵᠢᠯ ᠲᠥᠷᠥᠯ ᠤᠨ ᠴᠢᠨᠠᠷᠲᠠᠶ ᠬᠦᠴᠢᠷ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠨᠡᠶᠢᠲᠡᠯᠡᠬᠦ ᠪᠠ | ᠰᠢᠶᠳᠪᠦᠷᠢᠯᠡᠵᠦ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠪᠠᠳᠠᠷᠠᠭᠤᠯᠵᠤ᠂ ᠪᠥᠬᠦ ᠵᠢᠯ ᠳᠤ ᠰᠠᠨᠠᠭᠠᠴᠢᠯᠠᠭ᠎ᠠ | ᠠᠴᠠ ᠪᠠᠨ ᠨᠡᠶᠢᠲᠡᠯᠡᠬᠦ ᠲᠤᠬᠠᠶᠢᠯᠠᠭᠰᠠᠨ ᠠᠵᠢᠯ ᠢ 8 ᠤᠳᠠᠭ᠎ᠠ ᠭᠦᠶᠴᠡᠳᠬᠡᠪᠡ᠃ | ᠭᠠᠳᠠᠭᠠᠳᠤ ᠠᠷᠠᠯᠵᠢᠶᠠᠨ ᠤ ᠬᠦᠲᠦᠴᠢ ᠠᠵᠤ ᠠᠬᠤᠶᠢᠯᠠᠯ ᠢ ᠪᠠᠶᠢᠭᠤᠯᠬᠤ ᠪᠠᠷ ᠭᠤᠣᠯᠳᠠᠭᠤᠯᠵᠤ᠂ | ᠭᠤᠣᠯᠳᠠᠯᠭ᠎ᠠ ᠲᠠᠢ ᠠᠵᠤ ᠠᠬᠤᠶᠢᠯᠠᠯ ᠤᠨ ᠢᠲᠡᠭᠡᠮᠵᠢ ᠶᠢ ᠪᠣᠶᠢᠵᠢᠭᠤᠯᠬᠤ ᠶᠢ ᠢᠳᠡᠪᠬᠢᠲᠡᠢ ᠠᠬᠢᠭᠤᠯᠪᠠ᠃ ᠪᠣᠭᠤᠮᠲᠠ | ᠶᠢᠨ ᠣᠷᠣᠨ ᠤ ︽ᠨᠢᠭᠡ ᠪᠦᠰᠡ ᠨᠢᠭᠡ ᠵᠠᠮ︾ ᠳᠠᠭᠠᠤ ᠶᠢᠨ 30 ᠭᠠᠷᠤᠶ ᠤᠯᠤᠰ ᠤᠨ ᠭᠤᠤᠯᠳᠠᠯᠭ᠎ᠠ ᠲᠠᠢ | ᠠᠷᠠᠯᠵᠢᠶᠠᠨ ᠤ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠨᠢᠭᠡᠳ ᠨᠢᠭᠡ ᠪᠠᠷ | ᠥᠷᠨᠢᠭᠦᠯᠵᠦ᠂ ᠠᠵᠤ ᠠᠬᠤᠶᠢᠯᠠᠯ ᠢ ᠬᠠᠪᠰᠤᠷᠤᠨ ᠭᠡᠷᠡᠴᠢᠯᠡᠯ ᠤᠨ ᠠᠵᠤ ᠠᠬᠤᠶᠢᠯᠠᠯ ᠤᠨ ᠪᠠᠷᠢᠮᠵᠢᠶ᠎ᠠ ᠪᠠᠷ | ᠬᠠᠷᠭᠤᠭᠤᠯᠤᠨ ᠳᠣᠲᠣᠭᠠᠳᠤ ᠶᠢᠨ ᠬᠠᠮᠢᠶᠠᠷᠤᠯᠲᠠ ᠶᠢ ᠨᠢ ᠲᠡᠭᠦᠯᠳᠡᠷᠵᠢᠭᠦᠯᠵᠦ᠂ 10 ᠠᠵᠤ ᠠᠬᠤᠶᠢᠯᠠᠯ ᠨᠢ | ᠭᠡᠷᠡᠴᠢᠯᠡᠯ ᠤᠨ ᠬᠦᠰᠡᠯ ᠰᠠᠨᠠᠭ᠎ᠠ ᠪᠠᠨ ᠢᠯᠡᠳᠬᠡᠵᠦ᠂ 2020 ᠣᠨ ᠳᠤ 1 AEO ︵︽ᠭᠡᠷᠡᠴᠢᠯᠡᠯ ᠤᠨ | ᠡᠵᠡᠩᠨᠡᠭᠴᠢ︾ ᠰᠢᠨ᠎ᠡ ᠪᠠᠷ ᠨᠡᠮᠡᠭᠳᠡᠵᠦ᠂ ᠬᠠᠷᠢᠯᠴᠠᠨ ᠮᠡᠳᠡᠷᠡᠬᠦ ᠬᠡᠯᠡᠯᠴᠡᠭᠡᠷ ᠲᠣᠭᠲᠠᠭᠰᠠᠨ ᠤ ᠳᠠᠷᠠᠭ᠎ᠠ ᠬᠤᠶᠠᠷ ᠲᠠᠯ᠎ᠠ | ᠪᠠᠷ ᠢᠶᠠᠨ ᠴᠥᠮ ᠮᠡᠳᠡᠷᠡᠵᠦ᠂ ᠣᠳᠣᠬᠠᠨ ᠳᠤ ᠳᠤᠮᠳᠠᠳᠤ ᠤᠯᠤᠰ ᠨᠢ ᠨᠢᠭᠡᠨᠲᠡ 42 ᠤᠯᠤᠰ᠂ ᠭᠠᠵᠠᠷ ᠣᠷᠣᠨ ᠤ | ᠪᠣᠭᠤᠮᠲᠠ ᠲᠠᠢ ᠬᠠᠷᠢᠯᠴᠠᠨ ᠮᠡᠳᠡᠷᠡᠬᠦ ᠬᠡᠯᠡᠯᠴᠡᠭᠡᠷ ᠲᠤ ᠭᠠᠷ ᠤᠨ ᠥᠰᠥᠭ ᠵᠢᠷᠤᠪᠠ︶ ᠠᠵᠤ ᠠᠬᠤᠶᠢᠯᠠᠯ᠂ ᠪᠣᠭᠤᠮᠲᠠ | ᠶᠢᠨ ᠣᠷᠣᠨ ᠤ 21 AEO ᠠᠵᠤ ᠠᠬᠤᠶᠢᠯᠠᠯ ᠤᠨ ᠭᠠᠳᠠᠭᠠᠳᠤ ᠠᠷᠠᠯᠵᠢᠶᠠᠨ ᠤ ᠲᠤᠭ᠎ᠠ ᠶᠢᠨ ᠡᠵᠡᠯᠡᠬᠦ ᠬᠠᠷᠢᠴᠠᠯ | ᠨᠢ 40% ᠰᠢᠬᠠᠮ ᠪᠣᠯᠵᠠᠶ︔ AEO ᠶᠢᠨ ᠠᠵᠤ ᠠᠬᠤᠶᠢᠯᠠᠯ ᠤᠨ ᠰᠦᠷᠦᠭᠵᠢᠯ ᠤᠨ ᠪᠠᠭᠲᠠᠭᠠᠮᠵᠢ ᠶᠢ | ᠥᠷᠭᠡᠳᠬᠡᠬᠦ ᠶᠢ ᠠᠬᠢᠭᠤᠯᠬᠤ ᠶᠢᠨ ᠬᠠᠮᠲᠤ᠂ AEO ᠶᠢᠨ ᠠᠵᠤ ᠠᠬᠤᠶᠢᠯᠠᠯ ᠤᠨ ᠪᠣᠭᠤᠮᠲᠠ ᠪᠠᠷ ᠥᠩᠭᠡᠷᠡᠬᠦ ᠳᠤ | ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢᠨ ᠡᠷᠴᠢᠮ ᠢ ᠭᠤᠤᠯᠳᠠᠯᠭ᠎ᠠ ᠲᠠᠢ ᠠᠬᠢᠭᠤᠯᠵᠤ᠂ ︽ᠬᠥᠬᠡᠬᠤᠲᠠ | ᠪᠣᠭᠤᠮᠲᠠ ᠠᠴᠠ AEO ᠶᠢᠨ ᠠᠵᠤ ᠠᠬᠤᠶᠢᠯᠠᠯ ᠤᠨ ᠪᠣᠭᠤᠮᠲᠠ ᠪᠠᠷ ᠥᠩᠭᠡᠷᠡᠬᠦ ᠳᠤ ᠳᠡᠮᠵᠢᠯᠭᠡ ᠥᠭᠬᠦ ᠳᠤ | ᠲᠥᠬᠦᠮ ᠦᠵᠡᠭᠦᠯᠬᠦ ᠠᠷᠪᠠᠨ ᠵᠢᠷᠭᠤᠭᠠᠨ ᠵᠦᠶᠯ ᠤᠨ ᠠᠷᠭ᠎ᠠ ᠬᠡᠮᠵᠢᠶ᠎ᠡ︾ ᠶᠢ ᠲᠣᠭᠲᠠᠭᠠᠵᠤ᠂ ᠭᠤᠤᠯᠳᠠᠯᠭ᠎ᠠ ᠲᠠᠢ | ᠲᠡᠳᠬᠦᠬᠦ᠂ ᠤᠷᠢᠳᠠᠪᠠᠷ ᠪᠣᠭᠤᠮᠲᠠ ᠪᠠᠷ ᠥᠩᠭᠡᠷᠡᠬᠦ᠂ ᠥᠭᠡᠷᠡᠴᠢᠯᠡᠯᠲᠡ ᠶᠢᠨ ᠲᠤᠷᠰᠢᠯᠲᠠ ᠬᠢᠬᠦ ᠵᠡᠷᠭᠡ ᠶᠢᠰᠦᠨ | ᠬᠦᠷᠢᠶ᠎ᠡ ᠴᠠᠷᠠᠭ᠎ᠠ ᠶᠢ ᠬᠠᠮᠤᠷᠴᠤ᠂ ᠳᠡᠭᠡᠳᠦ ᠲᠠᠰ ᠤᠨ ᠭᠡᠷᠡᠴᠢᠯᠡᠯ ᠤᠨ ᠠᠵᠤ ᠠᠬᠤᠶᠢᠯᠠᠯ ᠳᠤ ᠠᠵᠤ ᠠᠬᠤᠶᠢᠯᠠᠯ ᠤᠨ | ᠵᠣᠬᠢᠴᠠᠭᠤᠯᠤᠭᠴᠢ ᠲᠣᠬᠢᠷᠠᠭᠤᠯᠵᠤ᠂ ᠪᠥᠬᠦ ᠵᠢᠯ ᠳᠤ ᠢᠯᠢ ᠪᠦᠯᠦᠭᠯᠡᠯ᠂ ᠤᠮᠠᠷᠠᠲᠤ ᠶᠢᠨ ᠮᠠᠰᠢᠨ ᠲᠡᠷᠭᠡᠨ ᠤ ᠺᠣᠮᠫᠠᠨᠢ | ᠵᠡᠷᠭᠡ ᠪᠣᠭᠤᠮᠲᠠ ᠶᠢᠨ ᠳᠣᠲᠣᠷ᠎ᠠ ᠭᠠᠳᠠᠨᠠᠬᠢ ᠳᠡᠭᠡᠳᠦ ᠲᠠᠰ ᠤᠨ ᠭᠡᠷᠡᠴᠢᠯᠡᠯ ᠤᠨ ᠠᠵᠤ ᠠᠬᠤᠶᠢᠯᠠᠯ ᠢ ᠬᠠᠪᠰᠤᠷᠤᠨ | ᠪᠣᠭᠤᠮᠲᠠ ᠪᠠᠷ ᠥᠩᠭᠡᠷᠡᠬᠦ ᠳᠤ ᠬᠦᠴᠢᠷᠲᠡᠶ ᠠᠰᠠᠭᠤᠳᠠᠯ ᠢ 4 ᠤᠳᠠᠭ᠎ᠠ ᠰᠢᠶᠳᠪᠦᠷᠢᠯᠡᠵᠦ᠂ AEO ᠶᠢᠨ ᠠᠵᠤ | ᠠᠬᠤᠶᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠣᠯᠠᠨ ᠬᠡᠯᠪᠡᠷᠢ ᠪᠠᠷ | ᠠᠬᠢᠭᠤᠯᠵᠤ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠭᠠᠳᠠᠭᠠᠳᠤ ᠠᠷᠠᠯᠵᠢᠶᠠᠨ ᠤ ᠦᠨᠳᠦᠰᠦᠨ ᠪᠠᠶᠢᠳᠠᠯ ᠢ | ᠲᠣᠭᠲᠠᠭᠤᠨ ᠪᠠᠶᠢᠯᠭᠠᠬᠤ ᠪᠠᠷ ᠳᠠᠮᠵᠢᠭᠤᠯᠤᠨ᠂ ᠪᠣᠭᠤᠮᠲᠠ ᠶᠢᠨ ᠣᠷᠣᠨ ᠤ ᠭᠠᠳᠠᠭᠠᠳᠤ ᠠᠷᠠᠯᠵᠢᠶᠠᠨ ᠤ ᠲᠤᠭ᠎ᠠ ᠶᠢ | ᠦᠨᠳᠦᠰᠦᠨ ᠳᠤ ᠪᠠᠨ ᠲᠣᠭᠲᠠᠭᠤᠨ ᠪᠠᠶᠢᠯᠭᠠᠬᠤ ᠶᠢ ᠪᠠᠲᠤᠯᠠᠪᠠ᠃ | ᠭᠤᠷᠪᠠ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠠᠵᠤ ᠠᠬᠤᠶᠢᠯᠠᠯ ᠲᠠᠢ | ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠦᠶᠯᠡᠴᠢᠯᠡᠭᠡᠨ ᠤ ᠠᠷᠭ᠎ᠠ ᠪᠠᠷᠢᠯ ᠤᠨ ᠰᠢᠨ᠎ᠡ ᠶᠢ ᠡᠭᠦᠳᠴᠦ ᠠᠭᠤᠷᠬᠠᠶ | ᠶᠢᠨ ᠡᠨᠧᠷᠭᠢ ᠶᠢᠨ ᠦᠶᠯᠡᠳᠬᠦᠨ ᠤ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠠᠬᠢᠭᠤᠯᠬᠤ | ᠠᠭᠤᠷᠬᠠᠶ ᠶᠢᠨ ᠡᠨᠧᠷᠭᠢ ᠶᠢᠨ ᠦᠢᠯᠡᠳᠬᠦᠨ ᠪᠣᠯ ᠳᠤᠮᠳᠠᠳᠤ ᠮᠣᠩᠭᠤᠯ ᠬᠤᠶᠠᠷ ᠤᠯᠤᠰ ᠤᠨ ᠭᠠᠳᠠᠭᠠᠳᠤ | ᠠᠷᠠᠯᠵᠢᠶᠠᠨ ᠤ ᠭᠤᠤᠯᠳᠠᠯᠭ᠎ᠠ ᠲᠠᠢ ᠲᠠᠸᠠᠷ ᠪᠣᠯᠤᠨ᠎ᠠ᠂ ᠬᠢᠵᠢᠭ ᠤᠨ ᠪᠠᠶᠢᠳᠠᠯ ᠤᠨ ᠨᠥᠯᠥᠭᠡ ᠠᠴᠠ ᠡᠬᠢᠨ ᠤ ᠪᠠ | ᠡᠴᠦᠰ ᠤᠨ ᠠᠵᠢᠯ ᠡᠬᠢᠯᠡᠬᠦ ᠬᠢᠵᠠᠭᠠᠷᠯᠠᠯ ᠠᠴᠠ ᠪᠣᠯᠵᠣ᠂ ᠭᠠᠳᠠᠭᠠᠳᠤ ᠠᠴᠠ ᠣᠷᠣᠭᠤᠯᠬᠤ ᠬᠡᠮᠵᠢᠶ᠎ᠡ ᠨᠢ ᠲᠡᠶᠢᠮᠦ | ᠰᠠᠶᠢᠨ ᠪᠢᠰᠢ᠃ ᠬᠥᠬᠡᠬᠤᠲᠠ ᠪᠣᠭᠤᠮᠲᠠ ᠨᠢ ᠪᠣᠭᠤᠮᠲᠠ ᠶᠢᠨ ᠣᠷᠣᠨ ᠤ ᠬᠠᠮᠤᠭ ᠤᠨ ᠲᠣᠮᠣ ᠵᠡᠰ ᠤᠨ ᠨᠠᠷᠢᠯᠢᠭ | ᠬᠦᠳᠡᠷ ᠢ ᠭᠠᠳᠠᠭᠠᠳᠤ ᠠᠴᠠ ᠣᠷᠣᠭᠤᠯᠬᠤ ᠠᠵᠤ ᠠᠬᠤᠶᠢᠯᠠᠯ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ | ᠭᠠᠳᠠᠭᠠᠳᠤ ᠠᠴᠠ ᠣᠷᠣᠭᠤᠯᠬᠤ ᠵᠢᠴᠢ ᠬᠢᠨᠠᠨ ᠬᠠᠮᠢᠶᠠᠷᠬᠤ ᠲᠠᠯ᠎ᠠ ᠪᠠᠷ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ | ᠣᠶᠢᠯᠠᠭᠠᠵᠤ᠂ ᠭᠠᠶᠢᠯᠢ ᠪᠠᠲᠤᠯᠠᠬᠤ ᠲᠤᠬᠠᠶᠢᠯᠠᠭᠰᠠᠨ ᠠᠵᠢᠯ ᠤᠨ ᠡᠭᠦᠷᠭᠡ ᠴᠢᠳᠠᠪᠤᠷᠢ ᠪᠠᠨ ᠪᠠᠳᠠᠷᠠᠭᠤᠯᠤᠨ᠂ ᠣᠯᠠᠨ | ᠤᠯᠤᠰ ᠤᠨ ᠬᠦᠳᠡᠷ ᠤᠨ ᠭᠠᠶᠢᠯᠢ ᠪᠠᠲᠤᠯᠠᠬᠤ ᠲᠠᠯᠠᠪᠤᠷ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠦᠭᠦᠯᠡᠨ | ᠠᠬᠢᠭᠤᠯᠵᠤ᠂ ᠠᠵᠤ ᠠᠬᠤᠶᠢᠯᠠᠯ ᠢ ᠬᠠᠪᠰᠤᠷᠴᠤ ᠬᠠᠮᠢᠶᠠᠷᠤᠯᠲᠠ ᠶᠢᠨ ᠰᠢᠰᠲ᠋ᠧᠮ ᠢ ᠨᠡᠭᠡᠭᠡᠨ ᠬᠥᠭᠵᠢᠭᠦᠯᠬᠦ᠂ | ᠭᠤᠶᠤᠴᠢᠯᠠᠨ ᠮᠡᠳᠡᠭᠦᠯᠬᠦ᠂ ᠬᠢᠨᠠᠨ ᠬᠠᠮᠢᠶᠠᠷᠬᠤ ᠲᠠᠰ ᠳᠠᠷᠠᠭᠠᠯᠠᠯ ᠢ ᠰᠢᠯᠢᠳᠡᠭᠵᠢᠭᠦᠯᠵᠦ᠂ ᠵᠠᠰᠠᠮᠠᠯ ᠵᠠᠮ ᠤᠨ ᠪᠣᠭᠤᠮᠲᠠ | ᠶᠢᠨ ᠭᠠᠶᠢᠯᠢ ᠪᠠᠲᠤᠯᠠᠬᠤ ᠭᠠᠳᠠᠭᠠᠳᠤ ᠠᠴᠠ ᠣᠷᠣᠭᠤᠯᠬᠤ ᠵᠡᠰ ᠤᠨ ᠨᠠᠷᠢᠯᠢᠭ ᠬᠦᠳᠡᠷ ᠢ ᠬᠢᠨᠠᠨ ᠬᠠᠮᠢᠶᠠᠷᠬᠤ ᠲᠥᠰᠦᠯ | ᠢ ᠲᠣᠭᠲᠠᠭᠠᠵᠤ᠂ ᠭᠠᠶᠢᠯᠢ ᠪᠠᠲᠤᠯᠠᠬᠤ ᠲᠤᠬᠠᠶᠢᠯᠠᠭᠰᠠᠨ ᠠᠵᠢᠯ ᠤᠨ ᠳᠠᠪᠠᠭᠤᠯᠢᠭ ᠢ ᠪᠦᠲᠦᠮᠵᠢᠲᠡᠶ ᠪᠠᠳᠠᠷᠠᠭᠤᠯᠬᠤ ᠪᠠᠷ | ᠳᠠᠮᠵᠢᠭᠤᠯᠤᠨ᠂ ᠠᠵᠤ ᠠᠬᠤᠶᠢᠯᠠᠯ ᠤᠨ ᠪᠠᠯᠠ ᠮᠥᠩᠭᠦ ᠶᠢᠨ ᠳᠠᠷᠤᠯᠲᠠ ᠶᠢ ᠬᠠᠮᠤᠭ ᠤᠨ ᠶᠡᠭᠡ ᠬᠡᠮᠵᠢᠶ᠎ᠡ ᠪᠠᠷ | ᠪᠠᠭᠤᠷᠠᠭᠤᠯᠵᠤ᠂ ᠠᠭᠤᠷᠬᠠᠶ ᠶᠢᠨ ᠡᠨᠧᠷᠭᠢ ᠶᠢᠨ ᠦᠶᠯᠡᠳᠬᠦᠨ ᠤ ᠬᠠᠩᠭᠠᠯᠭ᠎ᠠ ᠶᠢᠨ ᠬᠡᠯᠬᠢᠶ᠎ᠡ ᠶᠢ | ᠲᠣᠭᠲᠠᠪᠤᠷᠢᠵᠢᠭᠤᠯᠪᠠ᠃ ᠪᠥᠬᠦ ᠵᠢᠯ ᠳᠤ ᠪᠣᠭᠤᠮᠲᠠ ᠶᠢᠨ ᠣᠷᠣᠨ ᠤ ᠭᠠᠶᠢᠯᠢ ᠪᠠᠲᠤᠯᠠᠬᠤ ᠭᠠᠳᠠᠭᠠᠳᠤ ᠠᠴᠠ | ᠣᠷᠣᠭᠤᠯᠤᠭᠰᠠᠨ ᠵᠡᠰ ᠤᠨ ᠨᠠᠷᠢᠯᠢᠭ ᠬᠦᠳᠡᠷ 76 ᠲᠦᠮᠡᠨ ᠲᠣᠨ ᠰᠢᠬᠠᠮ ᠪᠣᠯᠵᠣ᠂ ᠬᠢᠵᠢᠭ ᠤᠨ ᠠᠰᠢᠭ ᠥᠬᠡᠶ | ᠨᠥᠯᠦᠭᠡᠨ ᠤ ᠪᠠᠶᠢᠳᠠᠯ ᠳᠣᠤᠷ᠎ᠠ᠂ ᠭᠠᠳᠠᠭᠠᠳᠤ ᠠᠴᠠ ᠣᠷᠣᠭᠤᠯᠤᠭᠰᠠᠨ ᠬᠡᠮᠵᠢᠶ᠎ᠡ ᠨᠢ ᠨᠢᠳᠤᠨᠤᠨ ᠤ ᠬᠢ ᠲᠠᠢ | ᠲᠡᠩᠴᠡᠵᠦ᠂ ᠭᠤᠤᠯᠳᠠᠯᠭ᠎ᠠ ᠲᠠᠢ ᠲᠠᠸᠠᠷ ᠤᠨ ᠭᠠᠳᠠᠭᠠᠳᠤ ᠠᠴᠠ ᠣᠷᠣᠭᠤᠯᠬᠤ ᠬᠦᠷᠢᠶᠡᠨ ᠳᠠᠬᠢ ᠬᠠᠩᠭᠠᠯᠭ᠎ᠠ ᠶᠢᠨ | ᠬᠡᠯᠬᠢᠶ᠎ᠡ ᠨᠢ ᠦᠨᠳᠦᠰᠦᠨ ᠳᠤ ᠪᠠᠨ ᠲᠣᠭᠲᠠᠭᠤᠨ ᠪᠠᠶᠢᠪᠠ᠃ | ᠠᠷᠠᠳ ᠤᠨ ᠰᠦᠯᠵᠢᠶ᠎ᠡ ᠶᠢᠨ ᠰᠤᠷᠪᠤᠯᠵᠢᠯᠠᠭᠴᠢ᠄ ᠥᠪᠡᠷᠲᠡᠭᠡᠨ ᠵᠠᠰᠠᠬᠤ ᠣᠷᠣᠨ ᠨᠢ ᠣᠷᠣᠰ᠂ ᠮᠣᠩᠭᠤᠯ | ᠲᠠᠢ ᠬᠥᠷᠰᠢᠯᠡᠵᠦ᠂ ᠥᠪᠡᠷᠮᠢᠴᠡ ᠳᠠᠪᠠᠭᠤᠯᠢᠭ ᠲᠠᠢ ᠶᠤᠮ᠂ ᠬᠥᠬᠡᠬᠤᠲᠠ ᠪᠣᠭᠤᠮᠲᠠ ᠶᠢᠨ ᠣᠷᠣᠰ ᠮᠣᠩᠭᠤᠯ ᠳᠠᠬᠢ | ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠢᠳᠡᠭᠡᠨ ᠤ ᠶᠡᠷᠦᠩᠬᠡᠶ ᠪᠠᠶᠢᠳᠠᠯ ᠵᠢᠴᠢ ᠶᠠᠮᠠᠷ ᠶᠠᠮᠠᠷ ᠬᠠᠨᠳᠤᠯᠭᠠᠲᠤ | ᠴᠢᠨᠠᠷᠲᠠᠶ ᠨᠡᠮᠡᠭᠳᠡᠯ ᠢ ᠪᠠᠲᠤᠯᠠᠬᠤ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠠᠷᠭ᠎ᠠ ᠬᠡᠮᠵᠢᠶ᠎ᠡ ᠠᠪᠤᠭᠰᠠᠨ | ᠲᠤᠬᠠᠶ ᠲᠠᠨᠢᠯᠴᠠᠭᠤᠯᠤᠭᠠᠳ ᠥᠭᠭᠦᠨ᠎ᠡ ᠦᠦ᠂ ᠪᠠᠶᠠᠷᠯᠠᠯ᠎ᠠ︕ | ᠯᠢ ᠾᠧᠩ ᠯᠢᠶᠠᠩ᠄ ᠲᠠᠨ ᠤ ᠠᠰᠠᠭᠤᠭᠰᠠᠨ ᠳᠤ ᠪᠠᠶᠠᠷᠯᠠᠯ᠎ᠠ᠃ 2020 ᠣᠨ ᠳᠤ ᠮᠠᠨ ᠤ ᠪᠣᠭᠤᠮᠲᠠ | ᠨᠡᠶᠢᠲᠡ 70.8 ᠳ᠋ᠦᠩᠰᠢᠭᠤᠷ ᠲᠥᠭᠦᠷᠢᠭ ᠤᠨ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠢᠳᠡᠭᠡᠨ ᠤ ᠵᠦᠶᠯ ᠢ | ᠬᠢᠨᠠᠨ ᠬᠠᠮᠢᠶᠠᠷᠴᠤ᠂ ᠠᠳᠠᠯᠢ ᠬᠤᠭᠤᠴᠠᠭᠠᠨ ᠤ ᠬᠢ ᠠᠴᠠ 8.8% ᠪᠠᠷ ᠨᠡᠮᠡᠭᠳᠡᠵᠦ᠂ ᠣᠷᠣᠰ ᠮᠣᠩᠭᠤᠯ | ᠯᠤᠭ᠎ᠠ ᠶᠢᠨ ᠣᠷᠤᠭᠤᠯᠤᠯᠲᠠ ᠭᠠᠷᠭᠠᠯᠲᠠ ᠶᠢᠨ ᠢᠳᠡᠭᠡᠨ ᠤ ᠵᠦᠶᠯ 10.51 ᠳ᠋ᠦᠩᠰᠢᠭᠤᠷ ᠲᠥᠭᠦᠷᠢᠭ ᠲᠤ ᠬᠦᠷᠴᠦ | ᠂ ᠠᠷᠠᠯᠵᠢᠶᠠᠨ ᠤ ᠶᠡᠷᠦᠩᠬᠡᠶ ᠲᠣᠭᠠᠨ ᠤ 14.84% ᠶᠢ ᠡᠵᠡᠯᠡᠪᠡ᠂ ᠡᠭᠦᠨ ᠳᠤ ᠣᠷᠣᠰ ᠮᠣᠩᠭᠤᠯ ᠳᠤ | ᠭᠠᠷᠭᠠᠭᠰᠠᠨ ᠢᠳᠡᠭᠡᠨ ᠤ ᠵᠦᠶᠯ 2.09 ᠳ᠋ᠦᠩᠰᠢᠭᠤᠷ ᠲᠥᠭᠦᠷᠢᠭ ᠲᠤ ᠬᠦᠷᠴᠦ᠂ ᠪᠠᠶᠢᠳᠠᠯ ᠢ ᠰᠥᠷᠴᠦ 100. | 96% ᠪᠠᠷ ᠶᠡᠭᠡ ᠪᠠᠷ ᠨᠡᠮᠡᠭᠳᠡᠵᠦ᠂ ᠭᠤᠤᠯ ᠪᠣᠯᠬᠤ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠢᠳᠡᠭᠡᠨ ᠤ | ᠵᠦᠶᠯ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠴᠥᠮ ᠠᠳᠠᠯᠢ ᠪᠤᠰᠤ ᠬᠡᠮᠵᠢᠶ᠎ᠡ ᠪᠠᠷ ᠨᠡᠮᠡᠭᠳᠡᠵᠦ᠂ | ᠶᠡᠷᠦᠩᠬᠡᠶ ᠳᠤ ᠪᠠᠨ ᠲᠣᠭᠲᠠᠭᠤᠨ ᠪᠥᠭᠡᠳ ᠰᠠᠶᠢᠵᠢᠷᠠᠬᠤ ᠪᠠᠶᠢᠳᠠᠯ ᠢᠯᠡᠷᠡᠪᠡ᠂ ᠵᠢᠱᠢᠶᠡᠯᠡᠪᠡᠯ ᠮᠣᠩᠭᠤᠯ ᠤᠯᠤᠰ ᠤᠨ | ᠪᠤᠯᠭᠤᠭᠰᠠᠨ ᠮᠢᠬᠠᠨ ᠤ ᠲᠥᠷᠥᠯ ᠤᠨ ᠪᠦᠲᠦᠭᠡᠭᠳᠡᠬᠦᠨ ᠢ 3.48 ᠳ᠋ᠦᠩᠰᠢᠭᠤᠷ ᠲᠥᠭᠦᠷᠢᠭ ᠣᠷᠣᠭᠤᠯᠵᠤ᠂ ᠠᠳᠠᠯᠢ | ᠬᠤᠭᠤᠴᠠᠭᠠᠨ ᠤ ᠬᠢ ᠠᠴᠠ 27.01% ᠪᠠᠷ ᠨᠡᠮᠡᠭᠳᠡᠪᠡ᠂ ᠣᠷᠣᠰ ᠲᠤ ᠦᠷ᠎ᠡ ᠶᠢᠨ ᠴᠦᠮ᠎ᠡ ᠶᠢᠨ ᠲᠥᠷᠥᠯ ᠢ 1. | 17 ᠳ᠋ᠦᠩᠰᠢᠭᠤᠷ ᠲᠥᠭᠦᠷᠢᠭ ᠭᠠᠷᠭᠠᠵᠤ᠂ ᠠᠳᠠᠯᠢ ᠬᠤᠭᠤᠴᠠᠭᠠᠨ ᠤ ᠬᠢ ᠠᠴᠠ 333.33% ᠪᠠᠷ ᠨᠡᠮᠡᠭᠳᠡᠪᠡ᠂ | ᠮᠣᠩᠭᠤᠯ ᠤᠯᠤᠰ ᠳᠤ ᠢᠳᠡᠰᠢᠨ ᠨᠣᠭᠤᠭ᠎ᠠ 0.82 ᠳ᠋ᠦᠩᠰᠢᠭᠤᠷ ᠲᠥᠭᠦᠷᠢᠭ ᠭᠠᠷᠭᠠᠵᠤ᠂ ᠠᠳᠠᠯᠢ ᠬᠤᠭᠤᠴᠠᠭᠠᠨ ᠤ | ᠬᠢ ᠠᠴᠠ 15.49% ᠪᠠᠷ ᠨᠡᠮᠡᠭᠳᠡᠪᠡ᠃ | ᠨᠢᠭᠡ ᠳᠤ᠂ ᠭᠠᠳᠠᠭᠠᠳᠤ ᠠᠴᠠ ᠣᠷᠣᠭᠤᠯᠬᠤ ᠢᠳᠡᠭᠡᠨ ᠤ ᠲᠥᠷᠥᠯ ᠵᠦᠶᠯ ᠢ ᠢᠳᠡᠪᠬᠢᠲᠡᠶ ᠪᠠᠷ ᠥᠷᠭᠡᠳᠬᠡᠪᠡ | ᠃ ᠡᠭᠦᠷᠭᠡ ᠴᠢᠳᠠᠪᠤᠷᠢ ᠶᠢᠨ ᠳᠠᠪᠠᠭᠤᠯᠢᠭ ᠢᠶᠠᠨ ᠪᠠᠳᠠᠷᠠᠭᠤᠯᠤᠨ᠂ ᠲᠥᠷᠥ ᠶᠢᠨ ᠪᠣᠳᠣᠯᠭ᠎ᠠ ᠶᠢᠨ ᠦᠶᠯᠡᠴᠢᠯᠡᠭᠡ | ᠬᠠᠩᠭᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠ ᠲᠤᠯᠭᠠᠷᠠᠭᠰᠠᠨ ᠠᠰᠠᠭᠤᠳᠠᠯ ᠢ ᠲᠤᠶᠢᠯ ᠤᠨ | ᠣᠨᠣᠪᠴᠢᠲᠠᠶ ᠪᠠᠷ ᠰᠢᠶᠳᠪᠦᠷᠢᠯᠡᠵᠦ᠂ ᠵᠢᠭᠠᠨ ᠲᠣᠭᠲᠠᠭᠠᠭᠰᠠᠨ ᠡᠯᠳᠡᠪ ᠠᠮᠤ ᠪᠣᠯᠪᠠᠰᠤᠷᠠᠭᠤᠯᠬᠤ ᠠᠵᠤ ᠠᠬᠤᠶᠢᠯᠠᠯ | ᠤᠨ ᠪᠦᠷᠢᠳᠬᠡᠨ ᠳᠠᠩᠰᠠᠯᠠᠬᠤ ᠴᠤᠪᠤᠷᠠᠯ ᠢ ᠰᠢᠯᠢᠳᠡᠭᠵᠢᠭᠦᠯᠦᠨ᠂ 2020 ᠣᠨ ᠳᠤ 6 ᠵᠢᠭᠠᠨ ᠲᠣᠭᠲᠠᠭᠠᠭᠰᠠᠨ | ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠵᠦ᠂ ᠮᠣᠩᠭᠤᠯ ᠤᠯᠤᠰ ᠤᠨ ᠪᠣᠯᠭᠤᠭᠰᠠᠨ ᠮᠢᠬᠠᠨ ᠤ ᠲᠥᠷᠥᠯ ᠢ | ᠭᠠᠳᠠᠭᠠᠳᠤ ᠠᠴᠠ ᠣᠷᠣᠭᠤᠯᠬᠤ ᠠᠴᠠ ᠭᠠᠳᠠᠨ᠎ᠠ᠂ ᠡᠷᠢᠶᠡᠨ ᠬᠤᠲᠠ ᠶᠢᠨ ᠪᠣᠭᠤᠮᠲᠠ ᠶᠢᠨ ᠵᠠᠰᠠᠮᠠᠯ ᠵᠠᠮ ᠤᠨ | ᠪᠣᠭᠤᠮᠲᠠ ᠪᠠᠷ ᠳᠡᠮᠵᠢᠨ ᠣᠷᠣᠰ ᠤᠨ ᠲᠠᠬᠢᠶᠠᠨ ᠮᠢᠬᠠᠨ ᠤ ᠪᠦᠲᠦᠭᠡᠭᠳᠡᠬᠦᠨ ᠢ ᠭᠠᠳᠠᠭᠠᠳᠤ ᠠᠴᠠ ᠣᠷᠣᠭᠤᠯᠬᠤ ᠶᠢ | ᠰᠢᠨ᠎ᠡ ᠪᠠᠷ ᠨᠡᠮᠡᠭᠳᠡᠭᠦᠯᠦᠭᠰᠡᠨ ᠪᠦᠭᠡᠳ ᠮᠣᠩᠭᠤᠯ ᠤᠯᠤᠰ ᠤᠨ ᠪᠣᠭᠤᠳᠠᠶ ᠶᠢᠨ ᠭᠤᠯᠢᠷ᠂ ᠬᠠᠷ᠎ᠠ ᠪᠣᠭᠤᠳᠠᠶ ᠶᠢᠨ | ᠭᠤᠯᠢᠷ ᠢ ᠵᠥᠪᠰᠢᠶᠡᠷᠡᠨ ᠣᠷᠣᠭᠤᠯᠬᠤ ᠶᠢ ᠪᠡᠶᠡᠯᠡᠭᠦᠯᠵᠦ᠂ ᠭᠠᠳᠠᠭᠠᠳᠤ ᠠᠴᠠ ᠣᠷᠣᠭᠤᠯᠤᠭᠰᠠᠨ ᠢᠳᠡᠭᠡᠨ ᠤ ᠲᠥᠷᠥᠯ | ᠵᠦᠶᠯ ᠢ ᠤᠯᠠᠮ ᠨᠢᠭᠡ ᠠᠯᠬᠤᠮ ᠪᠠᠶᠠᠯᠢᠭᠵᠢᠭᠤᠯᠪᠠ᠃ | ᠬᠤᠶᠠᠷ ᠲᠤ᠂ ᠢᠳᠡᠭᠡᠨ ᠤ ᠬᠠᠮᠢᠶᠠᠷᠤᠯᠲᠠ ᠶᠢᠨ ᠰᠢᠰᠲ᠋ᠧᠮ ᠤᠨ ᠰᠤᠳᠤᠯᠭᠠᠨ ᠢ ᠴᠢᠩᠭᠠᠳᠬᠠᠵᠤ᠂ ᠮᠠᠨ ᠤ | ᠣᠷᠣᠨ ᠤ ᠪᠣᠭᠤᠮᠲᠠ ᠶᠢᠨ ᠳᠠᠪᠠᠭᠤᠯᠢᠭ ᠢ ᠭᠦᠶᠴᠡᠳ ᠪᠠᠳᠠᠷᠠᠭᠤᠯᠵᠤ᠂ ᠮᠣᠩᠭᠤᠯ ᠤᠨ ᠢᠳᠡᠭᠡᠨ ᠤ ᠬᠠᠮᠢᠶ᠎ᠠ ᠪᠥᠬᠦᠶ | 4 ᠪᠦᠯᠦᠭ ᠬᠠᠤᠯᠢ ᠴᠠᠭᠠᠵᠠ᠂ 41 ᠵᠦᠶᠯ ᠤᠨ ᠪᠠᠷᠢᠮᠵᠢᠶ᠎ᠠ ᠶᠢ ᠴᠤᠭᠯᠠᠭᠤᠯᠤᠨ ᠣᠷᠴᠢᠭᠤᠯᠵᠤ᠂ 35 ᠲᠦᠮᠡᠨ | ᠥᠰᠥᠭ ᠤᠨ ᠮᠠᠲ᠋ᠧᠷᠢᠶᠠᠯ ᠢ ᠪᠦᠷᠢᠯᠳᠦᠭᠦᠯᠵᠦ᠂ ᠬᠤᠶᠠᠷ ᠲᠠᠯ᠎ᠠ ᠶᠢᠨ ᠪᠠᠷᠢᠮᠵᠢᠶ᠎ᠠ ᠶᠢ ᠬᠠᠷᠢᠴᠠᠭᠤᠯᠤᠨ ᠵᠠᠳᠠᠯᠵᠤ᠂ | ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠠᠵᠤ ᠠᠬᠤᠶᠢᠯᠠᠯ ᠤᠨ ᠮᠡᠷᠭᠡᠵᠢᠯ ᠤᠨ ᠴᠢᠨᠠᠷᠲᠠᠶ ᠠᠷᠠᠯᠵᠢᠶᠠᠨ ᠤ | ᠠᠷᠭ᠎ᠠ ᠬᠡᠮᠵᠢᠶ᠎ᠡ ᠶᠢᠨ ᠲᠦᠭᠰᠢᠭᠦᠷᠢ ᠠᠴᠠ ᠵᠦᠶ ᠵᠣᠬᠢᠰᠲᠠᠶ ᠵᠠᠶᠢᠯᠠᠬᠤ ᠶᠢ ᠣᠨᠣᠪᠴᠢᠲᠠᠶ ᠵᠢᠯᠣᠭᠤᠳᠪᠠ᠃ | ᠭᠤᠷᠪᠠ ᠳᠤ᠂ ᠠᠵᠢᠯ ᠶᠠᠪᠤᠳᠠᠯ ᠭᠦᠶᠴᠡᠳᠬᠡᠬᠦ ᠴᠤᠪᠤᠷᠠᠯ ᠢ ᠤᠯᠠᠮ ᠨᠢᠭᠡ ᠠᠯᠬᠤᠮ ᠳᠥᠭᠦᠮᠴᠢᠯᠡᠵᠦ᠂ ᠬᠢᠯᠢ | ᠪᠠᠷ ᠣᠷᠣᠭᠤᠯᠬᠤ ᠠᠮᠢᠲᠠᠨ ᠤᠷᠭᠤᠮᠠᠯ ᠤᠨ ᠢᠷᠡᠯᠲᠡ ᠶᠢᠨ ᠴᠢᠨᠠᠷᠲᠠᠶ ᠢᠳᠡᠭᠡᠨ ᠤ ᠬᠢᠵᠢᠭ ᠪᠠᠶᠢᠴᠠᠭᠠᠵᠤ ᠬᠢᠨᠠᠨ | ᠵᠥᠪᠰᠢᠶᠡᠷᠡᠬᠦ ᠶᠢ ᠲᠦᠷᠭᠡᠳᠬᠡᠨ ᠭᠦᠶᠴᠡᠳᠬᠡᠵᠦ᠂ 100% ᠪᠠᠷ ᠴᠠᠭᠠᠰᠤ ᠬᠡᠷᠡᠭᠯᠡᠬᠦ ᠥᠬᠡᠶ ᠪᠠᠷ ᠭᠦᠶᠴᠡᠳᠬᠡᠬᠦ ᠶᠢ | ᠬᠡᠷᠡᠭᠵᠢᠭᠦᠯᠵᠦ᠂ ᠬᠢᠵᠢᠭ ᠪᠠᠶᠢᠴᠠᠭᠠᠵᠤ ᠬᠢᠨᠠᠨ ᠵᠥᠪᠰᠢᠶᠡᠷᠡᠬᠦ ᠴᠠᠭ ᠢ 1/5 ᠪᠠᠷ ᠪᠣᠭᠤᠨᠢᠰᠬᠠᠪᠠ᠃ ᠢᠳᠡᠭᠡᠨ ᠤ | ᠵᠦᠶᠯ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠶᠢᠨ ᠲᠤᠰᠬᠠᠶ ᠠᠩᠭᠢ ᠶᠢ ᠪᠠᠶᠢᠭᠤᠯᠤᠨ | ᠥᠷᠭᠡᠳᠬᠡᠵᠦ᠂ ᠭᠠᠳᠠᠭᠠᠳᠤ ᠳᠤ ᠭᠠᠷᠭᠠᠬᠤ ᠢᠳᠡᠰᠢᠨ ᠨᠣᠭᠤᠭ᠎ᠠ᠂ ᠦᠷ᠎ᠡ ᠶᠢᠨ ᠴᠥᠮ᠎ᠡ ᠶᠢᠨ ᠲᠥᠷᠥᠯ ᠵᠡᠷᠭᠡ ᠶᠡᠭᠡ | ᠬᠡᠮᠵᠢᠶᠡᠨ ᠤ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠳᠤ ︽ᠤᠷᠢᠳᠠᠪᠠᠷ ᠬᠠᠭᠤᠳᠠᠰᠤ ᠲᠣᠰᠬᠤ᠂ ᠤᠷᠢᠳᠠᠪᠠᠷ | ᠪᠠᠶᠢᠴᠠᠭᠠᠨ ᠰᠢᠯᠭᠠᠬᠤ᠂ ᠤᠷᠢᠳᠠᠪᠠᠷ ᠪᠠᠶᠢᠴᠠᠭᠠᠨ ᠰᠢᠯᠭᠠᠬᠤ᠂ ᠤᠷᠢᠳᠠᠪᠠᠷ ᠭᠡᠷᠡᠴᠢ ᠭᠠᠷᠭᠠᠬᠤ᠂ ᠤᠷᠢᠳᠠᠪᠠᠷ | ᠶᠠᠪᠤᠭᠤᠯᠬᠤ︾ ᠶᠢ ᠬᠡᠷᠡᠭᠵᠢᠭᠦᠯᠵᠦ᠂ ᠪᠣᠭᠤᠮᠲᠠ ᠪᠠᠷ ᠥᠩᠭᠡᠷᠡᠬᠦ ᠶᠢ ᠳᠥᠭᠦᠮᠴᠢᠯᠡᠬᠦ ᠬᠢᠷᠢ ᠬᠡᠮᠵᠢᠶ᠎ᠡ ᠶᠢ ᠤᠯᠠᠮ ᠨᠢᠭᠡ | ᠠᠯᠬᠤᠮ ᠳᠡᠭᠡᠭᠰᠢᠯᠡᠭᠦᠯᠪᠡ᠃ | ᠳᠥᠷᠪᠡ ᠳᠤ᠂ ᠨᠡᠮᠡᠭᠳᠡᠯ ᠤᠨ ᠰᠢᠨ᠎ᠡ ᠬᠥᠳᠡᠯᠭᠡᠬᠦ ᠡᠨᠧᠷᠭᠢ ᠶᠢ ᠢᠳᠡᠪᠬᠢᠲᠡᠶ ᠪᠣᠶᠢᠵᠢᠭᠤᠯᠵᠤ᠂ ᠡᠷᠢᠶᠡᠨ | ᠬᠤᠲᠠ ᠶᠢᠨ ᠲᠡᠮᠦᠷ ᠵᠠᠮ ᠤᠨ ᠪᠣᠭᠤᠮᠲᠠ ᠶᠢᠨ ᠵᠢᠭᠠᠨ ᠲᠣᠭᠲᠠᠭᠠᠭᠰᠠᠨ ᠠᠮᠤ ᠪᠤᠳᠠᠭᠠᠨ ᠤ ᠬᠢᠨᠠᠯᠲᠠ ᠬᠠᠮᠢᠶᠠᠷᠤᠯᠲᠠ | ᠶᠢᠨ ᠲᠠᠯᠠᠪᠤᠷ ᠭᠠᠵᠠᠷ ᠪᠠ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢᠨ ᠳᠤᠮᠳᠠᠳᠤ ᠪᠠᠷ ᠨᠡᠪᠲᠡᠷᠡᠬᠦ | ᠵᠠᠮ ᠤᠨ ᠳᠠᠪᠠᠭᠤᠯᠢᠭ ᠢ ᠢᠳᠡᠪᠬᠢᠲᠡᠶ ᠪᠣᠶᠢᠵᠢᠭᠤᠯᠵᠤ᠂ ︽ᠬᠤᠶᠠᠷ ᠠᠯᠬᠤᠮ ᠢᠶᠠᠷ ᠭᠤᠶᠤᠴᠢᠯᠠᠨ ᠮᠡᠳᠡᠭᠦᠯᠬᠦ︾ ᠶᠢ | ᠭᠦᠨᠵᠡᠭᠡᠶ ᠠᠬᠢᠭᠤᠯᠵᠤ᠂ ᠬᠢᠯᠢ ᠪᠠᠷ ᠣᠷᠣᠭᠤᠯᠬᠤ ᠤᠷᠭᠤᠮᠠᠯ ᠤᠨ ᠢᠷᠡᠯᠲᠡ ᠶᠢᠨ ᠴᠢᠨᠠᠷᠲᠠᠶ ᠢᠳᠡᠭᠡᠨ ᠢ | ᠭᠤᠶᠤᠴᠢᠯᠠᠨ ᠮᠡᠳᠡᠭᠦᠯᠬᠦ᠂ ᠪᠠᠶᠢᠴᠠᠭᠠᠨ ᠰᠢᠯᠭᠠᠬᠤ ᠵᠢᠴᠢ ᠲᠠᠯᠪᠢᠵᠤ ᠶᠠᠪᠤᠭᠤᠯᠬᠤ ᠴᠤᠪᠤᠷᠠᠯ ᠢ ᠰᠢᠯᠢᠳᠡᠭᠵᠢᠭᠦᠯᠵᠦ᠂ | ᠪᠣᠭᠤᠮᠲᠠ ᠶᠢᠨ ᠬᠢᠨᠠᠯᠲᠠ ᠬᠠᠮᠢᠶᠠᠷᠤᠯᠲᠠ ᠬᠢᠭᠡᠳ ᠲᠡᠮᠦᠷ ᠵᠠᠮ ᠤᠨ ᠠᠵᠢᠯᠯᠠᠭᠠᠨ ᠢ ᠵᠠᠪᠰᠠᠷ ᠥᠬᠡᠶ ᠵᠣᠯᠭᠠᠭᠤᠯᠬᠤ ᠶᠢ | ᠪᠡᠶᠡᠯᠡᠭᠦᠯᠵᠦ᠂ 2020 ᠣᠨ ᠳᠤ ᠪᠥᠬᠦ ᠵᠢᠯ ᠳᠤ 10 ᠴᠤᠪᠤᠭ᠎ᠠ᠂ 1.31 ᠲᠦᠮᠡᠨ ᠲᠣᠨ ᠣᠷᠣᠰ ᠤᠨ | ᠬᠤᠰᠢᠭᠤ ᠪᠤᠳᠠᠭ᠎ᠠ᠂ ᠶᠠᠮᠠ ᠶᠢᠨ ᠦᠷ᠎ᠡ ᠶᠢ ᠬᠢᠯᠢ ᠪᠠᠷ ᠣᠷᠣᠭᠤᠯᠵᠤ᠂ ᠠᠳᠠᠯᠢ ᠲᠥᠷᠥᠯ ᠤᠨ ᠦᠶᠯᠡᠳᠬᠦᠨ ᠢ | ᠭᠠᠳᠠᠭᠠᠳᠤ ᠠᠴᠠ ᠣᠷᠣᠭᠤᠯᠬᠤ ᠶᠡᠷᠦᠩᠬᠡᠶ ᠬᠡᠮᠵᠢᠶ᠎ᠡ ᠶᠢᠨ 14.64% ᠶᠢ ᠡᠵᠡᠯᠡᠵᠦ᠂ ᠲᠣᠰ ᠬᠦᠷᠢᠶᠡᠨ ᠤ ᠴᠣ | ᠰᠢᠨ᠎ᠡ ᠰᠢᠪᠲᠤᠯᠤᠯᠲᠠ ᠶᠢ ᠪᠡᠶᠡᠯᠡᠭᠦᠯᠪᠡ᠃ |