ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ ᠪᠠᠳᠤᠯᠠᠭᠠᠨ ᠤ ᠠᠵᠦ ᠠᠬᠤᠶᠢᠯᠠᠯ ᠪᠤᠯᠤᠨ ᠬᠢᠵᠢᠭ ᠤᠨ ᠪᠠᠶᠢᠳᠠᠯ ᠳᠤ ᠨᠦᠯᠦᠭᠡᠯᠡᠭᠳᠡᠭᠰᠡᠨ  ᠦᠢᠯᠡᠳᠪᠦᠷᠢᠯᠡᠯ ᠡᠵᠡᠩᠨᠡᠯᠳᠡ ᠨᠢ ᠬᠦᠴᠢᠷᠳᠡᠯᠳᠡᠢ ᠲᠤᠮᠳᠠ ᠵᠢᠵᠢᠭ ᠠᠵᠦ ᠠᠬᠤᠶᠢᠯᠠᠯ ᠤᠨ ᠡᠷᠡᠭᠦᠯ ᠢᠶᠠᠷ ᠬᠦᠭᠵᠢᠬᠦ ᠶᠢ ᠳᠡᠮᠵᠢᠬᠦ ᠲᠦᠷᠥ ᠶᠢᠨ ᠪᠤᠳᠣᠯᠭ᠎ᠠ ᠶᠢᠨ  ᠠᠷᠭ᠎ᠠ ᠬᠡᠮᠵᠢᠶ᠎ᠡ ᠶᠢᠨ ᠲᠤᠬᠠᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠮᠡᠳᠡᠭᠳᠡᠯ
ᠨᠡᠶᠢᠲᠡᠯᠡᠭᠰᠡᠨ ᠴᠠᠭ᠄
2021/3/17
         ᠦᠪᠣᠷ ᠵᠠᠰᠠᠭ ᠳᠠᠷᠬᠠᠭᠠᠭᠰᠠᠨ ᠴᠠᠬᠢᠯᠭᠠᠨ〔2020〕1 ᠳ᠋ᠣᠭᠡᠷ ᠲᠣᠭᠠᠳᠣ  ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂  ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠬᠯᠠᠨ ᠠᠷᠢᠯᠭᠠᠬᠤ ᠲᠠᠶᠢᠯᠠᠯᠳᠤᠭᠠᠨ ᠤ ᠢᠯᠠᠯᠲᠠ ᠶᠢ  ᠡᠷᠡᠰ ᠣᠯᠬᠤ ᠲᠤᠬᠠᠶ ᠶᠡᠷᠦᠩᠬᠡᠶ ᠱᠦᠵᠢ ᠰᠢ ᠶᠢᠨ  ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ  ᠬᠠᠯᠳᠠᠪᠣᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠠᠢ ᠨᠠᠮ ᠤᠨ ᠲᠥᠪ ᠬᠤᠷᠢᠶ᠎ᠠ᠂ ᠲᠥᠷᠥ ᠶᠢᠨ  ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠡᠷᠡᠰ ᠨᠠᠶᠢᠳᠠᠪᠤᠷᠢᠵᠢᠭᠤᠯᠤᠨ᠂ ᠪᠦᠬᠦ ᠣᠷᠣᠨ ᠤ ᠰᠡᠷᠭᠡᠶᠢᠯᠡᠨ ᠡᠵᠡᠮᠳᠡᠬᠦ ᠴᠢᠳᠠᠪᠤᠷᠢ ᠶᠢᠨ  ᠪᠠᠶᠢᠭᠤᠯᠤᠯᠲᠠ ᠶᠢ ᠦᠨᠡᠨ ᠬᠦ ᠴᠢᠩᠭᠠᠳᠬᠠᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ ᠠᠵᠤ ᠠᠬᠤᠶᠢᠯᠠᠯ ᠤᠨ ᠦᠢᠯᠡᠳᠪᠦᠷᠢᠯᠡᠯ  ᠡᠵᠡᠩᠨᠡᠯᠲᠡ ᠶᠢ ᠪᠠᠲᠤᠯᠠᠵᠤ᠂ ᠬᠢᠵᠢᠭ ᠤᠨ ᠪᠠᠶᠢᠲᠠᠯ ᠤᠨ ᠨᠥᠯᠥᠭᠡ ᠶᠢ ᠨᠡᠯᠢᠶᠡᠳ ᠶᠡᠭᠡ ᠬᠦᠷᠲᠡᠭᠰᠡᠨ ᠳᠤᠮᠳᠠ ᠵᠢᠵᠢᠭ ᠠᠵᠤ ᠠᠬᠤᠶᠢᠯᠠᠯ ᠤᠨ ᠦᠢᠯᠡᠳᠪᠦᠷᠢᠯᠡᠯ  ᠡᠵᠡᠩᠨᠡᠯᠲᠡ ᠶᠢᠨ ᠬᠦᠴᠢᠷᠳᠡᠯ ᠢ ᠰᠢᠢᠳᠪᠦᠷᠢᠯᠡᠬᠦ ᠶᠢᠨ ᠲᠣᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ᠂ ᠳᠣᠤᠷᠠᠬᠢ ᠲᠥᠷᠥ ᠶᠢᠨ  ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠪᠠ᠃     ᠨᠢᠭᠡ᠂ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠭᠦ ᠬᠡᠷᠡᠭᠳᠠᠢ      ︵ᠨᠢᠭᠡ︶ ᠬᠢᠨᠠᠨ ᠵᠥᠪᠰᠢᠶᠡᠷᠡᠬᠦ ᠰᠠᠭᠠᠳ ᠦᠭᠡᠢ ᠵᠠᠮ ᠢ ᠲᠣᠬᠢᠷᠠᠭᠤᠯᠬᠤ ᠬᠡᠷᠩᠳᠠᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠡᠷᠡᠭᠰᠡᠬᠦ ᠡᠳ᠋  ᠪᠤᠳᠠᠰ ᠢ ᠦᠢᠯᠡᠳᠪᠦᠷᠢᠯᠡᠬᠦ ᠰᠢᠨ᠎ᠡ ᠪᠠᠷ ᠨᠠᠶᠢᠳᠠᠪᠤᠷᠢᠵᠢᠭᠤᠯᠤᠭᠰᠠᠨ ᠲᠥᠷᠥᠯ ᠵᠦᠢᠯ ᠳᠤ᠂ ᠠᠳᠠᠯᠢ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ  ᠮᠥᠴᠢᠷ ᠢᠶᠠᠷ ᠨᠤᠳᠠᠯᠠᠭᠤᠯᠤᠭᠠᠳ᠂ ︽ᠠᠮᠠᠯᠳᠠᠬᠤ ᠳᠦᠷᠢᠮ︾ ᠢ ᠪᠦᠬᠦ ᠲᠠᠯ᠎ᠠ ᠪᠠᠷ ᠬᠡᠷᠡᠭᠵᠢᠭᠦᠯᠵᠦ᠂ ᠲᠣᠭᠲᠠᠭᠠᠯ ᠶᠣᠰᠣᠭᠠᠷ ᠭᠠᠷ ᠭᠦᠢᠴᠡᠳᠭᠡᠯ ᠢ ᠨᠦᠬᠦᠵᠤ  ᠬᠦᠢᠴᠡᠳᠭᠡᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠡᠷᠡᠭᠰᠡᠬᠦ ᠡᠳ᠋ ᠪᠣᠳᠠᠰ ᠦᠢᠯᠡᠳᠪᠦᠷᠢᠯᠡᠬᠦ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ  ᠬᠢᠵᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ ᠦᠢᠯᠡᠳᠪᠦᠷᠢᠯᠡᠬᠦ ᠴᠢᠳᠠᠪᠤᠷᠢ ᠪᠠᠨ ᠨᠡᠮᠡᠭᠳᠡᠭᠦᠯᠬᠦ ᠶᠢ ᠳᠡᠮᠵᠢᠨ᠎ᠡ︔ ᠪᠤᠰᠤᠳ ᠠᠵᠤ  ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠡᠷᠡᠭᠰᠡᠬᠦ ᠡᠳ᠋ ᠪᠤᠳᠠᠰ ᠤᠨ ᠦᠢᠯᠡᠳᠪᠦᠷᠢᠯᠡᠯ ᠤᠨ ᠱᠤᠭᠤᠮ ᠢ ᠰᠢᠨ᠎ᠠ ᠪᠠᠷ ᠨᠡᠮᠡᠭᠳᠡᠬᠦᠯᠵᠤ  ᠦᠢᠯᠡᠳᠪᠦᠷᠢᠯᠡᠬᠦ ᠴᠢᠳᠠᠪᠤᠷᠢ ᠶᠢ ᠲᠦᠷᠭᠡᠨ ᠪᠦᠷᠢᠯᠳᠦᠭᠦᠯᠬᠦ ᠶᠢ ᠳᠠᠮᠵᠢᠭᠦ ᠬᠡᠷᠩᠳᠠᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ ᠪᠠᠲᠤᠯᠠᠭᠠᠨ ᠤ  ᠲᠥᠷᠥᠯ ᠵᠦᠢᠯ ᠳᠤ᠂ ᠭᠠᠵᠠᠷ ᠰᠢᠷᠣᠶ ᠬᠡᠷᠡᠭᠯᠡᠬᠦ ᠤᠰᠤ ᠬᠡᠷᠡᠭᠯᠡᠬᠦ ᠵᠡᠷᠭᠡ ᠭᠦᠢᠴᠡᠳᠬᠡᠯ ᠲᠤᠭ᠎ᠠ ᠶᠢ ᠡᠩ ᠲᠡᠷᠢᠭᠦᠨ ᠳᠤ ᠲᠣᠬᠢᠷᠠᠭᠤᠯᠬᠤ ᠬᠡᠷᠩᠳᠠᠢ᠃ ︵ᠥᠪᠡᠷᠲᠡᠭᠡᠨ  ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ  ᠵᠠᠩᠬᠢᠴᠢᠯᠠᠯᠳᠠ ᠶᠢᠨ ᠲᠢᠩᠬᠢᠮ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ  ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠤᠰᠤᠨ ᠠᠰᠢᠬᠯᠠᠯᠲᠠ ᠶᠢᠨ ᠲᠢᠩᠬᠢᠮ᠂ ᠪᠠᠴᠢᠮ ᠪᠠᠶᠢᠳᠠᠯ ᠢ  ᠠᠷᠭᠠᠴᠠᠭᠠᠬᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ  ﹇ᠪᠦᠯᠦᠭᠯᠡᠯ﹈ ᠤ ᠺᠣᠮᠫᠠᠨᠢ᠂ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ ᠬᠠᠷᠢᠭᠤᠴᠠᠨ᠎ᠠ᠃ ᠡᠯ᠎ᠡ ᠬᠤᠯᠪᠣᠭᠳᠠᠯ ᠪᠥᠬᠦᠶ ᠰᠠᠯᠠᠭ᠎ᠠ  ᠮᠥᠴᠢᠷ᠂ ᠠᠵᠤ ᠠᠬᠤᠶᠢᠯᠠᠯ  ᠡᠭᠦᠷᠬᠡ ᠬᠠᠷᠢᠭᠤᠴᠠᠯᠭ᠎ᠠ ᠪᠠᠷ ᠢᠶᠠᠨ ᠠᠵᠢᠯ ᠬᠤᠪᠢᠶᠠᠷᠢᠯᠠᠨ ᠠᠬᠢᠭᠤᠯᠵᠤ᠂ ᠵᠤᠬᠢᠴᠠᠭᠤᠯᠤᠨ ᠬᠠᠮᠵᠢᠯᠴᠠᠨ᠎ᠠ᠂ ᠨᠡᠷᠡᠰ ᠤᠨ  ᠵᠢᠭᠰᠠᠭᠠᠯᠲᠠ ᠳᠤ ᠡᠮᠦᠨ᠎ᠠ ᠬᠤᠶᠢᠨ᠎ᠠ ᠭᠡᠵᠦ ᠬᠤᠪᠢᠶᠠᠬᠤ ᠥᠬᠡᠶ᠂ ᠳᠣᠷᠣᠭᠰᠢ ᠠᠳᠠᠯᠢ︶      ︵ᠬᠤᠶᠠᠷ︶ ᠭᠦᠢᠯᠭᠡᠭᠡᠨ ᠤ ᠰᠠᠭᠠᠳ ᠦᠭᠡᠢ ᠵᠠᠮ ᠢ ᠪᠠᠶᠢᠭᠤᠯᠬᠤ ᠬᠡᠷᠩᠳᠠᠢ᠃ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠬᠢᠵᠢᠭ ᠤᠨ  ᠪᠠᠶᠢᠳᠠᠯ ᠢ ᠰᠡᠷᠭᠡᠶᠢᠯᠡᠨ ᠡᠵᠡᠮᠳᠡᠬᠦ  ᠬᠠᠮᠢᠶ᠎ᠠ ᠪᠦᠬᠦᠢ ᠡᠳ᠋ ᠪᠤᠳᠠᠰ᠂ ᠢᠨᠵᠧᠨᠧᠷᠢᠩ ᠪᠣᠯᠤᠨ ᠦᠢᠯᠡᠴᠢᠯᠡᠭᠡ ᠶᠢ ᠬᠤᠳᠠᠯᠳᠤᠨ ᠠᠪᠬᠤ ᠳᠤ᠂ ︽ᠪᠥᠬᠦᠳᠡ ᠨᠠᠶᠢᠷᠠᠮᠳᠠᠬᠤ  ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾ ᠳᠤ ᠲᠣᠭᠲᠠᠭᠠᠭᠰᠠᠨ ᠠᠷᠭ᠎ᠠ ᠭᠡᠯᠪᠡᠷᠢ ᠪᠣᠯᠤᠨ ᠳᠡᠰ ᠳᠠᠷᠠᠭᠠᠯᠠᠯ ᠢ  ᠬᠡᠷᠡᠭᠵᠢᠭᠦᠯᠬᠦ ᠦᠭᠡᠢ ᠪᠠᠶᠢᠵᠤ ᠪᠣᠯᠤᠨ᠎ᠠ᠃ ᠭᠠᠳᠠᠭᠠᠳᠤ ᠠᠴᠠ ᠣᠷᠣᠭᠤᠯᠬᠤ ᠰᠡᠷᠭᠡᠶᠢᠯᠡᠨ ᠡᠵᠡᠮᠳᠡᠬᠦ ᠡᠳ᠋ ᠪᠤᠳᠠᠰ ᠢ ᠪᠣᠭᠤᠮᠲᠠ ᠪᠠᠷ ᠲᠦᠷᠭᠡᠨ ᠥᠩᠭᠡᠷᠡᠭᠦᠯᠬᠦ ᠲᠤᠰᠬᠠᠶ  ᠴᠣᠩᠬᠤᠪᠴᠢ ᠭᠠᠷᠭᠠᠵᠤ᠂ ᠭᠠᠳᠠᠭᠠᠳᠤ ᠠᠴᠠ ᠬᠤᠲᠠᠯᠳᠤᠨ ᠠᠪᠴᠤ ᠣᠷᠣᠭᠤᠯᠤᠭᠰᠠᠠ ᠰᠡᠷᠭᠡᠶᠢᠯᠡᠨ ᠡᠵᠡᠮᠳᠡᠬᠦ ᠡᠳ᠋ ᠪᠤᠳᠠᠰ ᠢ ᠤᠷᠢᠳ ᠢᠶᠠᠷ ᠳᠠᠩᠰᠠᠯᠠᠭᠠᠳ ᠶᠠᠪᠤᠭᠤᠯᠵᠤ  ᠂ ᠳᠠᠷᠠᠭ᠎ᠠ ᠨᠢ ᠭᠠᠷ ᠭᠦᠢᠴᠡᠳᠬᠡᠯ ᠢ ᠨᠦᠬᠦᠨ ᠬᠢᠵᠦ᠂ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠪᠣᠭᠤᠮᠲᠠ ᠪᠠᠷ ᠥᠩᠭᠡᠷᠡᠬᠦ ᠳᠤ ︽ᠴᠠᠭ ᠬᠤᠶᠢᠰᠢᠯᠠᠭᠤᠯᠬᠤ ᠦᠭᠡᠢ︾᠂ ᠳᠠᠩᠰᠠᠯᠠᠭᠤᠯᠤᠨ ᠲᠡᠮᠳᠡᠭᠯᠡᠬᠦ ᠳᠤ ︽ᠬᠦᠯᠢᠶᠡᠬᠦ ᠦᠭᠡᠢ︾᠂ ᠭᠠᠶᠢᠯᠢ ᠠᠴᠠ ᠬᠡᠯᠲᠦᠷᠢᠭᠦᠯᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠳᠤ ︽ ᠤᠳᠠᠭᠠᠰᠢᠷᠠᠭᠤᠯᠬᠤ ᠦᠭᠡᠢ︾ ᠪᠠᠶᠢᠬᠤ ᠶᠢ ᠪᠡᠶᠡᠯᠡᠭᠦᠯᠦᠨ᠎ᠡ᠃ ᠰᠡᠷᠭᠡᠶᠢᠯᠡᠨ ᠡᠵᠡᠮᠳᠡᠬᠦ ᠡᠳ᠋ ᠪᠤᠳᠠᠰ ᠵᠢᠴᠢ ᠲᠡᠭᠦᠨ ᠢ ᠦᠢᠯᠡᠳᠪᠦᠷᠢᠯᠡᠬᠦ ᠳᠤ ᠬᠡᠷᠡᠭᠰᠡᠬᠦ ᠲᠦᠭᠦᠬᠡᠶ  ᠮᠠᠲ᠋ᠧᠷᠢᠶᠠᠯ ᠪᠣᠯᠤᠨ ᠲᠥᠬᠦᠭᠡᠷᠦᠮᠵᠢ᠂ ᠪᠠᠴᠢᠮ ᠪᠠᠶᠢᠳᠠᠯ ᠢ ᠠᠷᠭᠠᠴᠠᠭᠠᠬᠤ ᠴᠢᠨᠠᠷᠲᠠᠶ ᠦᠢᠯᠡᠳᠪᠦᠷᠢᠯᠡᠯ ᠠᠮᠢᠳᠤᠷᠠᠯ ᠤᠨ ᠡᠳ᠋ ᠪᠠᠷᠠᠭ᠎ᠠ ᠶᠢ ᠲᠡᠭᠡᠭᠡᠪᠦᠷᠢᠯᠡᠬᠦ ᠰᠠᠭᠠᠳ ᠦᠭᠡᠢ  ᠨᠡᠪᠲᠡᠷᠡᠬᠦ ᠵᠠᠮ ᠢ ᠭᠠᠷᠭᠠᠬᠤ ᠬᠡᠷᠡᠭᠳᠠᠢ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂  ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂  ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠬᠠᠷᠢᠭᠤᠴᠠᠨ᠎ᠠ︶      ᠬᠤᠶᠠᠷ᠂ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢ ᠴᠢᠩᠭᠠᠷᠠᠭᠤᠯᠬᠤ ᠬᠡᠷᠩᠳᠠᠢ     ︵ᠭᠤᠷᠪᠠ︶ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠬᠤ ᠬᠡᠷᠡᠭᠳᠠᠢ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ  ᠵᠣᠬᠢᠴᠠᠭᠤᠯᠵᠤ ᠪᠠᠶᠢᠭᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ ᠪᠠᠲᠤᠯᠠᠭᠠᠨ ᠤ ᠠᠵᠤ ᠠᠬᠤᠶᠢᠯᠠᠯ ᠪᠠ ᠬᠢᠵᠢᠭ ᠤᠨ ᠪᠠᠶᠢᠳᠠᠯ ᠤᠨ  ᠨᠥᠯᠥᠭᠡ ᠠᠴᠠ ᠪᠣᠯᠵᠤ ᠡᠵᠡᠩᠨᠡᠯᠲᠡ ᠨᠢ ᠲᠦᠷ ᠴᠠᠭ ᠬᠦᠴᠢᠷᠳᠡᠯ ᠳᠤ ᠲᠤᠯᠭᠠᠷᠠᠬᠰᠠᠨ ᠳᠤᠮᠳᠠ ᠵᠢᠵᠢᠭ ᠠᠵᠤ ᠠᠬᠤᠶᠢᠯᠠᠯ ᠠᠴᠠ ᠵᠢᠭᠡᠯᠡᠯᠭᠡ ᠲᠠᠲᠠᠬᠤ ᠦᠭᠡᠢ᠂  ᠵᠢᠭᠡᠯᠡᠯᠭᠡ ᠪᠠᠨ ᠳᠠᠰᠤᠯᠳᠠᠭᠤᠯᠬᠤ ᠦᠭᠡᠢ᠂ ᠵᠢᠭᠡᠯᠡᠯᠭᠡ ᠶᠢ ᠳᠠᠷᠤᠬᠤ ᠦᠭᠡᠢ  ᠪᠠᠶᠢᠯᠭᠠᠵᠣ᠂ ᠬᠤᠭᠤᠴᠠᠭ᠎ᠠ ᠶᠢ ᠤᠷᠲᠤᠳᠬᠠᠬᠤ᠂ ᠡᠬᠡ ᠮᠥᠩᠭᠦ ᠪᠠᠨ ᠪᠤᠴᠠᠭᠠᠬᠤ  ᠦᠭᠡᠢ ᠪᠠᠷ ᠦᠷᠭᠦᠯᠵᠢᠯᠡᠨ ᠵᠢᠭᠡᠯᠡᠯᠭᠡ ᠲᠠᠯᠪᠢᠬᠤ᠂ ᠢᠲᠡᠭᠡᠮᠵᠢᠲᠦ ᠵᠢᠭᠡᠯᠡᠯᠭᠡ ᠶᠢ ᠳᠠᠬᠢᠨ ᠵᠣᠬᠢᠶᠠᠨ ᠪᠠᠶᠢᠭᠤᠯᠬᠤ᠂ ᠬᠤᠭᠤᠴᠠᠭ᠎ᠠ ᠬᠡᠲᠦᠷᠡᠭᠰᠡᠨ ᠬᠦᠤ ᠮᠥᠩᠭᠦ ᠶᠢ  ᠬᠠᠰᠤᠵᠤ ᠬᠡᠯᠲᠦᠷᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠵᠢᠭᠡᠯᠡᠬᠦᠯᠬᠦ ᠶᠣᠰᠣᠲᠠᠶ ᠶᠢ ᠨᠢ ᠴᠢᠳᠠᠬᠤ ᠶᠢᠨ ᠲᠣᠳᠣᠷ᠎ᠠ ᠵᠢᠭᠡᠯᠡᠭᠦᠯᠬᠦ᠂ ᠦᠷᠭᠦᠯᠵᠢᠯᠡᠬᠦ  ᠶᠤᠰᠤᠳᠠᠢ ᠶᠢ ᠨᠢ ᠲᠦᠷᠭᠡᠨ ᠦᠷᠭᠦᠯᠵᠢᠯᠡᠭᠦᠯᠬᠦ ᠶᠢ ᠪᠡᠶᠡᠯᠡᠭᠦᠯᠵᠦ᠂ 2020 ᠣᠨ ᠳᠤ ᠳᠤᠮᠳᠠ ᠵᠢᠵᠢᠭ ᠠᠵᠤ ᠠᠬᠤᠶᠢᠯᠠᠯ ᠤᠨ ᠢᠲᠡᠭᠡᠮᠵᠢᠲᠦ ᠵᠢᠭᠡᠯᠡᠯᠭᠡ ᠶᠢᠨ  ᠦᠯᠡᠳᠡᠪᠦᠷᠢ ᠲᠤᠭ᠎ᠠ ᠪᠠᠭᠤᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠩᠳᠠᠢ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠵᠢᠯ ᠤᠨ ᠠᠷᠭ᠎ᠠ ᠭᠡᠯᠪᠡᠷᠢ   ᠪᠠᠨ ᠰᠢᠨᠡᠴᠢᠯᠡᠵᠦ᠂ ᠲᠦᠷᠭᠡᠨ ᠬᠢᠨᠠᠨ ᠵᠥᠪᠰᠢᠶᠡᠷᠡᠵᠦ ᠨᠡᠪᠲᠡᠷᠡᠬᠦᠯᠬᠦ ᠵᠠᠮ ᠢ ᠨᠡᠭᠡᠭᠡᠨ᠂ ᠢᠲᠡᠭᠡᠮᠵᠢᠲᠦ ᠵᠢᠭᠡᠯᠡᠯᠭᠡ ᠪᠠ ᠣᠷᠳᠣᠪᠳᠣᠷ ᠤᠷᠲᠤ ᠬᠤᠭᠤᠴᠠᠭᠠᠨ ᠤ  ᠵᠢᠭᠡᠯᠡᠯᠭᠡ ᠶᠢ ᠨᠡᠮᠡᠭᠳᠡᠭᠦᠯᠵᠦ᠂ ᠵᠢᠭᠡᠯᠡᠯᠭᠡ ᠪᠤᠴᠠᠭᠠᠬᠤ ᠬᠤᠭᠤᠴᠠᠭ᠎ᠠ ᠶᠢ ᠵᠣᠬᠢᠰᠲᠠᠶ ᠤᠷᠲᠤᠳᠬᠠᠵᠤ᠂ ᠪᠠᠲᠤᠯᠠᠭ᠎ᠠ ᠶᠢᠨ ᠴᠢᠨᠠᠷᠲᠠᠶ ᠮᠥᠩᠭᠦᠨ ᠭᠦᠢᠯᠭᠡᠭᠡᠨ ᠤ  ᠦᠢᠯᠡᠴᠢᠯᠡᠭᠡ ᠪᠠ ᠨᠠᠩ ᠢᠯᠡᠭᠦᠦ ᠬᠠᠷᠠᠭᠠᠯᠵᠠᠯ ᠦᠵᠡᠭᠦᠯᠬᠦ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ᠎ᠠ᠃ ᠬᠢᠵᠢᠭ ᠤᠨ ᠪᠠᠶᠢᠳᠠᠯ ᠤᠨ  ᠨᠥᠯᠥᠭᠡ ᠠᠴᠠ ᠪᠣᠯᠵᠤ ᠣᠷᠣᠯᠭ᠎ᠠ ᠶᠢᠨ ᠢᠷᠡᠯᠲᠡ ᠪᠠᠨ ᠲᠦᠷ ᠠᠯᠳᠠᠭᠰᠠᠨ ᠬᠤᠪᠢ ᠬᠥᠮᠦᠨ ᠪᠠ ᠠᠵᠤ ᠠᠬᠤᠶᠢᠯᠠᠯ ᠳᠤ ᠢᠲᠡᠭᠡᠮᠵᠢ ᠶᠢᠨ ᠮᠡᠳᠡᠭᠡ ᠵᠠᠩᠭᠢ ᠴᠤᠭᠯᠠᠭᠤᠯᠬᠤ  ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠬᠤᠭᠤᠴᠠᠭ᠎ᠠ ᠬᠡᠲᠦᠷᠡᠭᠰᠡᠨ ᠢᠲᠡᠭᠡᠮᠵᠢ ᠶᠢᠨ ᠲᠡᠮᠳᠡᠭᠯᠡᠯ ᠤᠨ ᠮᠡᠳᠡᠭᠦᠯᠦᠨ ᠬᠦᠷᠭᠡᠬᠦ ᠵᠦᠢᠯ ᠢ ᠵᠦᠶ ᠵᠣᠬᠢᠰᠲᠠᠶ  ᠲᠣᠬᠢᠷᠠᠭᠤᠯᠬᠤ ᠬᠡᠷᠡᠭᠲᠡᠶ᠃ ᠳᠤᠮᠳᠠ ᠵᠢᠵᠢᠭ ᠠᠵᠤ ᠠᠬᠤᠶᠢᠯᠠᠯ ᠤᠨ ᠲᠤᠰᠬᠠᠶ ᠠᠰᠢᠭ᠂ ᠲᠠᠸᠠᠷ ᠤᠨ ᠲᠡᠮᠳᠡᠭ ᠵᠡᠷᠭᠡ ᠮᠡᠳᠡᠯᠭᠡ ᠶᠢᠨ ᠦᠮᠴᠢᠯᠡᠯ ᠤᠨ ᠡᠷᠬᠡ ᠪᠠᠷ  ᠳᠠᠨᠵᠢᠯᠠᠬᠤ᠂ ᠰᠲ᠋ᠣᠺ ᠤᠨ ᠡᠷᠬᠡ ᠪᠠᠷ  ᠳᠠᠨᠵᠢᠯᠠᠵᠣ ᠪᠠᠯᠠ ᠮᠦᠩᠬᠦ ᠴᠤᠬᠯᠠᠭᠤᠯᠬᠤ ᠪᠠᠷ ᠵᠢᠭᠡᠯᠡᠯᠭᠡ ᠠᠪᠬᠤ ᠶᠢ ᠳᠠᠮᠵᠢᠭᠦ ᠬᠡᠷᠩᠳᠠᠢ᠃ ︵ᠠᠷᠠᠳ ᠤᠨ ᠪᠠᠩᠬᠢ ᠶᠢᠨ  ᠬᠥᠬᠡᠬᠤᠲᠠ  ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ  ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠬᠠᠷᠢᠭᠤᠴᠠᠨ᠎ᠠ︶      ︵ᠳᠥᠷᠪᠡ︶ ᠪᠠᠯᠠ ᠮᠦᠩᠬᠦ ᠲᠤᠬᠢᠷᠠᠭᠤᠯᠬᠤ ᠥᠪᠡᠷ ᠤᠨ ᠥᠷᠲᠡᠭ ᠢ ᠪᠠᠭᠤᠷᠠᠭᠤᠯᠬᠤ ᠬᠡᠷᠩᠳᠠᠢ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ  ᠵᠤᠷᠢᠨᠨᠵᠢᠭᠤᠯᠵᠦ ᠪᠠᠶᠢᠭᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ ᠪᠠᠲᠤᠯᠠᠭᠠᠨ ᠤ ᠠᠵᠤ ᠠᠬᠤᠶᠢᠯᠠᠯ ᠪᠠ ᠬᠢᠵᠢᠭ ᠤᠨ ᠪᠠᠶᠢᠳᠠᠯ ᠤᠨ  ᠨᠥᠯᠥᠭᠡ ᠠᠴᠠ ᠪᠣᠯᠵᠤ ᠡᠵᠡᠩᠨᠡᠯᠲᠡ ᠨᠢ ᠲᠦᠷ ᠴᠠᠭ ᠬᠦᠴᠢᠷᠳᠡᠯ ᠳᠤ ᠲᠤᠯᠭᠠᠷᠠᠬᠰᠠᠨ ᠳᠤᠮᠳᠠ ᠵᠢᠵᠢᠭ ᠠᠵᠤ ᠠᠬᠤᠶᠢᠯᠠᠯ ᠤᠨ ᠠᠵᠢᠯ ᠤᠨ ᠪᠠᠶᠢᠷᠢᠨ ᠳᠤ ᠪᠠᠶᠢᠬᠤ᠂  ᠡᠮᠴᠢᠯᠡᠭᠡ ᠬᠦᠯᠢᠶᠡᠭᠰᠡᠨ ᠪᠤᠶᠤ ᠲᠤᠰᠠᠭᠠᠷᠯᠠᠬᠰᠠᠨ ᠬᠥᠮᠦᠰ ᠲᠤ ᠵᠦᠷᠢᠶᠡᠴᠢᠯᠡᠭᠰᠡᠨ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠯᠭᠠᠵᠦ᠂ ᠣᠷᠣᠨ ᠰᠠᠭᠤᠴᠠ ᠶᠢᠨ  ᠪᠠᠷᠢᠴᠠᠭᠠᠳᠤ ᠵᠢᠭᠡᠯᠡᠯᠭᠡ᠂ ᠢᠲᠡᠭᠡᠮᠵᠢ ᠶᠢᠨ ᠺᠠᠷᠲ ᠵᠡᠷᠭᠡ ᠬᠤᠪᠢ ᠬᠥᠮᠦᠨ ᠤ ᠢᠲᠡᠭᠡᠮᠵᠢᠲᠦ ᠵᠢᠭᠡᠯᠡᠯᠭᠡ ᠶᠢᠨ ᠵᠣᠭᠤᠰ ᠪᠤᠴᠠᠭᠠᠬᠤ ᠴᠠᠭ ᠬᠤᠭᠤᠴᠠᠭ᠎ᠠ ᠳᠤ  ᠭᠦᠮᠦᠯᠢᠭ᠂  ᠵᠦᠶ ᠵᠣᠬᠢᠰᠲᠠᠶ ᠲᠣᠬᠢᠷᠠᠭᠤᠯᠤᠯᠲᠠ ᠬᠢᠬᠦ ᠬᠡᠷᠡᠭᠳᠡᠢ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠥᠪᠡᠷ ᠤᠨ ᠥᠷᠲᠡᠭ ᠤᠨ  ᠰᠦᠢᠳᠬᠡᠯ ᠤᠨ ᠨᠤᠷᠮ᠎ᠠ ᠶᠢ ᠪᠠᠭᠤᠷᠠᠭᠤᠯᠬᠤ ᠪᠠᠷ ᠳᠠᠮᠵᠢᠭᠤᠯᠤᠨ᠂ ᠳᠤᠮᠳᠠ ᠵᠢᠵᠢᠭ ᠠᠵᠤ ᠠᠬᠤᠶᠢᠯᠠᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠢᠵᠢᠭ ᠤᠨ  ᠨᠥᠯᠥᠭᠡ ᠶᠢ ᠨᠡᠯᠢᠶᠡᠳ ᠶᠡᠭᠡ ᠬᠦᠷᠲᠡᠭᠰᠡᠨ ᠳᠤᠮᠳᠠ ᠵᠢᠵᠢᠭ ᠠᠵᠤ ᠠᠬᠤᠶᠢᠯᠠᠯ ᠳᠤ ᠤᠤᠯ ᠤᠨ ᠵᠢᠭᠡᠯᠡᠯᠭᠡ ᠶᠢᠨ ᠬᠦᠤ  ᠶᠢᠨ ᠨᠣᠷᠮ᠎ᠠ ᠶᠢᠨ ᠲᠦᠪᠰᠢᠨ ᠤ ᠰᠠᠭᠤᠷᠢᠨ  ᠳᠡᠭᠡᠷ᠎ᠡ ᠳᠠᠬᠢᠨ 10%  ᠤᠷᠴᠢᠮ ᠪᠠᠭᠤᠷᠠᠭᠤᠯᠤᠨ᠂ 2020 ᠣᠨ ᠤ ᠪᠠᠯᠠ ᠮᠦᠩᠬᠦ  ᠲᠤᠬᠢᠷᠠᠭᠤᠯᠬᠤ ᠥᠪᠡᠷ ᠤᠨ ᠥᠷᠲᠡᠭ ᠢ ᠳᠡᠭᠡᠭᠰᠢᠯᠡᠭᠦᠯᠬᠦ ᠥᠬᠡᠶ᠂ ᠲᠦᠭᠡᠮᠡᠯ  ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠬᠦᠤ  ᠶᠢᠨ ᠨᠣᠷᠮ᠎ᠠ ᠶᠢ  0.5 ᠵᠠᠭᠤᠨ ᠤ ᠴᠡᠭ ᠪᠠᠭᠤᠷᠠᠭᠤᠯᠬᠤ ᠶᠢ ᠦᠨᠡᠨ ᠬᠦ ᠪᠠᠲᠤᠯᠠᠬᠤ  ᠬᠡᠷᠡᠭᠳᠠᠢ᠃ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ  ᠵᠠᠩᠬᠢᠴᠢᠯᠠᠯᠳᠠ ᠶᠢᠨ ᠵᠡᠷᠭᠡ ᠰᠠᠯᠠᠭ᠎ᠠ ᠮᠥᠴᠢᠷ ᠠᠴᠠ  ᠲᠣᠭᠲᠠᠭᠠᠭᠰᠠᠨ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠬᠡᠷᠡᠭᠴᠡᠭᠡ ᠪᠦᠬᠦᠢ ᠠᠮᠠᠪᠴᠢ᠂ ᠲᠤᠰᠠᠭᠠᠷᠯᠠᠬᠤ  ᠬᠤᠪᠴᠠᠰᠣ᠂ ᠠᠷᠢᠭᠤᠳᠬᠠᠬᠤ ᠤᠰᠠᠳᠬᠠᠬᠤ ᠦᠢᠯᠡᠳᠬᠦᠨ ᠵᠡᠷᠭᠡ ᠡᠳ᠋ ᠪᠤᠳᠠᠰ ᠤᠨ ᠦᠢᠯᠡᠳᠪᠦᠷᠢᠯᠡᠯ ᠤᠨ ᠨᠡᠷᠡᠰ ᠲᠤ ᠵᠢᠭᠰᠠᠭᠠᠨ ᠣᠷᠣᠭᠤᠯᠤᠭᠰᠠᠨ ᠠᠵᠤ  ᠠᠬᠤᠶᠢᠯᠠᠯ ᠤᠨ ᠵᠢᠭᠡᠯᠡᠯᠭᠡ ᠳᠤ ᠠᠷᠠᠳ ᠤᠨ ᠪᠠᠩᠬᠢ ᠶᠢᠨ ᠲᠤᠰᠬᠠᠶ ᠵᠦᠢᠯ ᠤᠨ ᠳᠠᠬᠢᠨ ᠵᠢᠭᠡᠯᠡᠯᠭᠡ ᠥᠭᠴᠦ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ  ᠬᠠᠷᠠᠭᠠᠯᠵᠠᠯᠲᠤ ᠬᠦᠤ ᠶᠢᠨ ᠨᠣᠷᠮ᠎ᠠ ᠶᠢᠨ ᠢᠲᠡᠭᠡᠮᠵᠢᠲᠦ ᠵᠢᠭᠡᠯᠡᠯᠭᠡ ᠬᠠᠩᠭᠠᠬᠤ ᠶᠢ ᠳᠡᠮᠵᠢᠭᠰᠡᠨ ᠰᠠᠭᠤᠷᠢᠨ ᠳᠡᠭᠡᠷ᠎ᠡ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ  ᠠᠷᠠᠳ ᠤᠨ ᠪᠠᠩᠬᠢ ᠶᠢᠨ ᠳᠠᠬᠢᠨ ᠵᠢᠭᠡᠯᠡᠬᠦᠯᠬᠦ ᠵᠢᠭᠡᠯᠡᠯᠭᠡ ᠶᠢᠨ ᠬᠦᠤ ᠶᠢᠨ ᠨᠣᠷᠮ᠎ᠠ ᠶᠢᠨ 50% ᠪᠠᠷ ᠳᠡᠮ ᠬᠦᠤ  ᠦᠭᠭᠦᠨ᠎ᠠ᠂ ᠳᠡᠮ ᠬᠦᠤ ᠥᠭᠬᠦ ᠬᠤᠭᠤᠴᠠᠭ᠎ᠠ ᠶᠢ  ᠵᠠᠷᠴᠢᠮ ᠳᠡᠭᠡᠷ᠎ᠡ ᠪᠠᠨ 1 ᠵᠢᠯ ᠠᠴᠠ ᠬᠡᠲᠦᠷᠡᠭᠦᠯᠬᠦ ᠦᠭᠡᠢ᠃ ︵ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂  ᠠᠷᠠᠳ ᠤᠨ ᠪᠠᠩᠬᠢ ᠶᠢᠨ ᠬᠥᠬᠡᠬᠤᠲᠠ  ᠲᠥᠪ ᠰᠠᠯᠪᠤᠷᠢ ᠪᠠᠩᠬᠢ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ  ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠷᠢᠭᠤᠴᠠᠨ᠎ᠠ︶      ︵ᠲᠠᠪᠤ︶ ᠪᠠᠯᠠ ᠮᠦᠩᠬᠦ ᠲᠤᠬᠢᠷᠠᠭᠤᠯᠬᠤ ᠳᠠᠭᠠᠭᠠᠯᠲᠠ ᠶᠢᠨ ᠳᠡᠮᠵᠢᠯᠭᠡ ᠶᠢ ᠴᠢᠩᠭᠠᠷᠠᠭᠤᠯᠬᠤ ᠬᠡᠷᠡᠭᠳᠠᠢ᠃ ᠪᠠᠯᠠ ᠮᠦᠡᠭᠬᠦ  ᠲᠤᠬᠢᠷᠠᠭᠤᠯᠬᠤ ᠳᠠᠭᠠᠭᠠᠯᠲᠠ ᠶᠢᠨ  ᠲᠦᠭᠰᠢᠭᠦᠷᠢ ᠶᠢᠨ ᠨᠥᠬᠦᠪᠥᠷᠢ ᠥᠭᠬᠦ ᠡᠷᠴᠢᠮ ᠢ ᠴᠢᠩᠭᠠᠷᠠᠭᠤᠯᠵᠤ ᠂ ᠪᠠᠯᠠ ᠮᠦᠩᠬᠦ  ᠲᠤᠬᠢᠷᠠᠭᠤᠯᠬᠤ ᠳᠠᠭᠠᠭᠠᠯᠲᠠ ᠶᠢᠨ ᠺᠣᠮᠫᠠᠨᠢ ᠶᠢᠨ ᠲᠤᠬᠠᠶ ᠶᠢᠨ ᠵᠢᠯ ᠤᠨ   ᠰᠡᠭᠦᠯᠴᠢ ᠶᠢᠨ ᠳᠠᠭᠠᠭᠠᠯᠲᠠ ᠶᠢᠨ ᠬᠠᠷᠢᠭᠤᠴᠠᠯᠭ᠎ᠠ ᠶᠢᠨ ᠦᠯᠡᠳᠡᠪᠦᠷᠢ  ᠲᠤᠭᠠᠨ ᠤ 1% ᠪᠠᠷ ᠲᠦᠭᠰᠢᠭᠦᠷᠢ ᠶᠢᠨ ᠨᠥᠬᠦᠪᠥᠷᠢ ᠣᠯᠭᠤᠨ᠎ᠠ᠃ ᠡᠯ᠎ᠡ ᠱᠠᠲᠤᠨ ᠤ  ᠵᠠᠰᠠᠭ ᠤᠨ ᠣᠷᠳᠣᠨ ᠤ ᠴᠢᠨᠠᠷᠲᠠᠶ ᠪᠡᠯᠡ ᠮᠦᠩᠬᠦ ᠲᠤᠬᠢᠷᠠᠭᠤᠯᠬᠤ ᠳᠠᠭᠠᠭᠠᠯᠲᠠ ᠬᠢᠬᠦ᠂ ᠳᠠᠬᠢᠨᠳᠠ ᠲᠠᠭᠠᠭᠠᠯᠲᠠ ᠬᠢᠬᠦ ᠪᠠᠶᠢᠭᠤᠯᠤᠮᠵᠢ ᠶᠢᠨ ᠭᠡᠳᠡᠷᠭᠦ ᠳᠠᠭᠠᠭᠠᠯᠲᠠ ᠬᠢᠬᠦ  ᠱᠠᠭᠠᠷᠳᠠᠯᠭ᠎ᠠ ᠶᠢ ᠬᠦᠴᠦᠨ ᠦᠭᠡᠢ ᠪᠣᠯᠭᠠᠬᠤ ᠶᠢ ᠵᠣᠷᠢᠭᠵᠢᠭᠤᠯᠵᠤ᠂ ᠳᠠᠭᠠᠭᠠᠯᠲᠠ ᠬᠢᠬᠦ ᠪᠠ ᠳᠠᠬᠢᠨ ᠳᠠᠭᠠᠭᠠᠯᠲᠠ ᠬᠢᠬᠦ ᠵᠠᠷᠤᠳᠠᠯ ᠤᠨ ᠨᠣᠷᠮ᠎ᠠ ᠶᠢ ᠪᠠᠭᠤᠷᠠᠭᠤᠯᠤᠨ᠎ᠠ᠃  ᠲᠦᠷ ᠴᠠᠭ ᠲᠤ ᠵᠣᠭᠤᠰ ᠢᠶᠠᠨ ᠪᠤᠴᠠᠭᠠᠬᠤ ᠲᠡᠩᠭᠡᠭᠡ ᠦᠭᠡᠢ ᠳᠤᠮᠳᠠ ᠵᠢᠵᠢᠭ ᠠᠵᠤ ᠠᠬᠤᠶᠢᠯᠠᠯ ᠳᠤ᠂ ᠪᠡᠯᠡ ᠮᠦᠩᠬᠦ  ᠲᠤᠬᠢᠷᠠᠭᠤᠯᠬᠤ ᠳᠠᠭᠠᠭᠠᠯᠲᠠ ᠶᠢᠨ  ᠦᠢᠯᠡᠴᠢᠯᠡᠭᠡ ᠬᠠᠩᠭᠠᠵᠤ ᠪᠠᠶᠢᠭ᠎ᠠ ᠡᠯ᠎ᠡ ᠱᠠᠲᠤᠨ ᠤ ᠵᠠᠰᠠᠭ ᠤᠨ ᠣᠷᠳᠣᠨ ᠤ ᠴᠢᠨᠠᠷᠲᠠᠶ ᠪᠡᠯᠡ ᠮᠦᠩᠬᠦ  ᠲᠤᠬᠢᠷᠠᠭᠤᠯᠬᠤ ᠳᠠᠭᠠᠭᠠᠯᠲᠠ ᠶᠢᠨ ᠪᠠᠶᠢᠭᠤᠯᠤᠮᠵᠢ ᠨᠤᠭᠤᠳ  ᠣᠷᠣᠯᠠᠨ ᠲᠥᠯᠥᠬᠦ ᠡᠭᠦᠷᠭᠡ ᠪᠠᠨ ᠴᠠᠭ ᠲᠤᠬᠠᠶ ᠳᠤ ᠨᠢ ᠭᠦᠢᠴᠡᠳᠬᠡᠵᠦ᠂ ᠬᠢᠵᠢᠭ ᠤᠨ  ᠨᠥᠯᠥᠭᠡ ᠶᠢᠨ ᠪᠠᠶᠢᠳᠠᠯ ᠢ ᠦᠨᠳᠦᠰᠦᠯᠡᠵᠦ ᠨᠡᠬᠡᠮᠵᠢᠯᠨᠨ ᠲᠥᠯᠥᠭᠦᠯᠬᠦ ᠴᠠᠭ  ᠬᠤᠭᠤᠴᠠᠭ᠎ᠠ ᠶᠢ ᠵᠣᠬᠢᠰᠲᠠᠶ ᠤᠷᠲᠤᠳᠬᠠᠵᠤ᠂ ᠲᠠᠩᠰᠠᠨ ᠠᠴᠠ ᠬᠢᠨᠠᠵᠦ ᠭᠠᠷᠭᠠᠬᠤ ᠨᠥᠬᠦᠴᠡᠯ ᠳᠤ ᠨᠡᠶᠢᠴᠡᠭᠰᠡᠨ ᠪᠠᠶᠢᠪᠠᠯ᠂ ᠲᠣᠭᠲᠠᠭᠠᠯ ᠶᠣᠰᠣᠭᠠᠷ ᠲᠠᠩᠰᠠᠨ ᠠᠴᠠ  ᠬᠢᠨᠠᠨ ᠭᠠᠷᠭᠠᠵᠦ  ᠬᠤᠬᠢᠷᠡᠯ ᠢ ᠨᠢ ᠣᠷᠣᠯᠠᠨ ᠲᠦᠯᠦᠬᠦ ᠬᠡᠷᠡᠭᠳᠠᠢ᠃ ︵ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ  ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ  ᠵᠠᠩᠬᠢᠴᠢᠯᠠᠯᠳᠠ ᠶᠢᠨ ᠲᠢᠩᠬᠢᠮ᠂ ᠠᠷᠠᠳ ᠤᠨ ᠪᠠᠩᠬᠢ ᠶᠢᠨ  ᠬᠥᠬᠡᠬᠤᠲᠠ ᠲᠥᠪ ᠰᠠᠯᠪᠤᠷᠢ ᠪᠠᠩᠬᠢ ᠬᠠᠷᠢᠭᠤᠴᠠᠨ᠎ᠠ︶       ︵ᠵᠢᠷᠭᠤᠭ᠎ᠠ︶  ᠦᠢᠯᠡᠰ  ᠴᠤᠨᠨᠴᠠᠯᠠᠬᠤ ᠳᠠᠭᠠᠭᠠᠯᠲᠠ ᠶᠢᠨ ᠳᠡᠮᠵᠢᠯᠭᠡ ᠶᠢ ᠴᠢᠩᠭᠠᠷᠠᠭᠤᠯᠬᠤ ᠬᠡᠷᠡᠭᠳᠠᠢ᠃ ᠬᠢᠵᠢᠭ ᠤᠨ ᠪᠠᠶᠢᠳᠠᠯ ᠳᠤ ᠨᠡᠯᠢᠶᠡᠳ ᠶᠡᠭᠡ  ᠨᠥᠯᠥᠭᠡᠯᠡᠭᠳᠡᠭᠰᠡᠨ ᠳᠤᠮᠳᠠ ᠵᠢᠵᠢᠭ ᠠᠵᠤ ᠠᠬᠤᠶᠢᠯᠠᠯ ᠪᠣᠯᠤᠨ ᠬᠤᠪᠢ ᠬᠥᠮᠦᠨ ᠳᠠᠬᠢ ᠦᠢᠯᠡᠰ ᠴᠤᠨᠨᠴᠠᠯᠠᠬᠤ ᠲᠠᠭᠠᠭᠠᠯᠲᠠᠳᠤ ᠵᠢᠭᠡᠯᠡᠯᠭᠡ ᠶᠢᠨ ᠳᠡᠮ ᠬᠦᠤ ᠶᠢᠨ  ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ᠃ ᠨᠢᠭᠡᠨᠲᠡ ᠲᠠᠷᠬᠠᠭᠠᠭᠰᠠᠨ ᠦᠢᠯᠡᠰ  ᠴᠤᠨᠨᠴᠠᠯᠠᠬᠤ ᠳᠠᠭᠠᠭᠠᠯᠲᠠ ᠶᠢᠨ ᠵᠢᠭᠡᠯᠡᠯᠭᠡ ᠳᠤ᠂ ᠵᠣᠭᠤᠰ ᠵᠢᠭᠡᠯᠡᠭᠴᠢ ᠨᠢ ᠰᠢᠨ᠎ᠡ  ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ  ᠦᠷᠪᠢᠰᠦᠯ ᠳᠤ ᠨᠡᠷᠪᠡᠭᠳᠡᠭᠰᠡᠨ ᠪᠠᠶᠢᠪᠡᠯ᠂ ᠵᠢᠭᠡᠯᠡᠯᠭᠡ ᠶᠢᠨ ᠪᠠᠩᠬᠢ ᠳᠤ ᠬᠤᠭᠤᠴᠠᠭ᠎ᠠ  ᠤᠷᠲᠤᠳᠬᠠᠨ ᠵᠣᠭᠤᠰ ᠪᠤᠴᠠᠭᠠᠬᠤ ᠪᠠᠷ ᠭᠤᠶᠤᠴᠢᠯᠠᠵᠤ ᠪᠣᠯᠤᠨ᠎ᠠ᠂ ᠤᠷᠲᠤᠳᠬᠠᠬᠤ ᠬᠤᠭᠤᠴᠠᠭ᠎ᠠ ᠨᠢ ᠵᠠᠷᠴᠢᠮ ᠳᠡᠭᠡᠷ᠎ᠡ ᠪᠠᠨ 1 ᠵᠢᠯ ᠪᠠᠶᠢᠵᠤ᠂ ᠡᠳ᠋ ᠤᠨ ᠵᠠᠰᠠᠭ ᠤᠨ  ᠰᠠᠯᠠᠭ᠎ᠠ ᠮᠥᠴᠢᠷ ᠠᠴᠠ ᠳᠠᠮ ᠬᠦᠤ ᠥᠭᠬᠦ ᠳᠡᠮᠵᠢᠯᠭᠡ ᠦᠵᠡᠭᠦᠯᠣᠨ᠎ᠠ᠃ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ ᠣᠷᠣᠯᠭ᠎ᠠ ᠶᠢᠨ ᠢᠷᠡᠯᠲᠡ ᠪᠠᠨ ᠲᠦᠷ  ᠠᠯᠳᠠᠭᠰᠠᠨ ᠳᠤᠮᠳᠠ  ᠵᠢᠵᠢᠭ ᠠᠵᠤ ᠠᠬᠤᠶᠢᠯᠠᠯ ᠪᠣᠯᠤᠨ ᠬᠤᠪᠢ ᠬᠥᠮᠦᠨ ᠳᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠬᠥᠮᠦᠨ ᠤ ᠬᠦᠴᠦᠨ ᠤ ᠡᠬᠢ ᠪᠠᠶᠠᠯᠢᠭ  ᠪᠠ ᠨᠡᠶᠢᠭᠡᠮ ᠤᠨ ᠪᠠᠲᠤᠯᠠᠭ᠎ᠠ᠂ ᠠᠷᠠᠳ ᠤᠨ ᠪᠠᠩᠬᠢ᠂ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠵᠣ  ᠲᠡᠭᠦᠨ ᠳᠤ ᠦᠢᠯᠡᠰ ᠴᠤᠨᠨᠴᠠᠯᠠᠬᠤ ᠲᠠᠭᠠᠭᠠᠯᠲᠠᠲᠤ ᠵᠢᠭᠡᠯᠡᠯᠭᠡ ᠭᠤᠶᠤᠴᠢᠯᠠᠬᠤ ᠳᠤ ᠡᠩ ᠲᠡᠷᠢᠭᠦᠨ ᠳᠤ ᠳᠡᠮ ᠬᠦᠤ ᠶᠢᠨ ᠳᠡᠮᠵᠢᠯᠭᠡ ᠦᠵᠡᠭᠦᠯᠬᠦ ᠬᠡᠷᠡᠭᠲᠡᠶ᠃ ︵ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠣᠷᠣᠨ  ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ  ᠲᠣᠪᠴᠢᠶ᠎ᠠ᠂ ᠠᠷᠠᠳ ᠤᠨ ᠪᠠᠩᠬᠢ ᠶᠢᠨ ᠬᠥᠬᠡᠬᠤᠲᠠ  ᠲᠥᠪ ᠰᠠᠯᠪᠤᠷᠢ ᠪᠠᠩᠬᠢ ᠬᠠᠷᠢᠭᠤᠴᠠᠨ᠎ᠠ︶       ︵ᠳᠣᠯᠤᠭ᠎ᠠ︶ ᠡᠳ᠋ ᠤᠨ ᠵᠠᠰᠠᠭ ᠤᠨ ᠪᠡᠯᠡ  ᠮᠦᠩᠬᠦᠨ ᠤ ᠳᠡᠮᠵᠢᠯᠭᠡ ᠶᠢ ᠨᠡᠮᠡᠭᠳᠡᠭᠦᠯᠭᠦ ᠬᠡᠷᠡᠭᠳᠠᠢ᠃ ᠡᠳ᠋ ᠤᠨ ᠵᠠᠰᠠᠭ ᠤᠨ ᠴᠢᠨᠠᠷᠲᠠᠶ ᠲᠤᠰᠬᠠᠶ ᠵᠦᠢᠯ ᠤᠨ ᠪᠡᠯᠡ  ᠮᠥᠩᠭᠦ ᠶᠢ ᠤᠷᠢᠳᠴᠢᠯᠠᠨ ᠪᠠᠭᠤᠯᠭᠠᠵᠤ᠂ ᠡᠳ᠋ ᠤᠨ ᠵᠠᠰᠠᠭ ᠤᠨ ᠰᠠᠯᠠᠭ᠎ᠠ ᠮᠥᠴᠢᠷ  ᠨᠢ 2020 ᠣᠨ ᠤ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ︽ ᠳᠠᠭᠠᠳᠬᠠᠯ ᠤᠨ ᠮᠦᠡᠭᠬᠦ ᠶᠢ ᠲᠤᠰᠠᠯᠠᠬᠤ ᠵᠢᠭᠡᠯᠡᠯᠭᠡ︾ ᠪᠠᠭᠤᠯᠭᠠᠬᠤ ᠪᠠ ︽ᠲᠤᠰᠬᠠᠶ ᠰᠢᠯᠢᠳᠡᠭ ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠢ ᠲᠡᠳᠬᠦᠬᠦ  ᠪᠡᠯᠡ ᠮᠥᠩᠭᠦ ᠶᠢ ᠪᠡᠯᠡᠳᠭᠡᠵᠦ ᠪᠦᠷᠢᠯᠳᠦᠭᠦᠯᠭᠦ ᠬᠡᠷᠩᠳᠠᠢ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 1 ᠳ᠋ᠦᠩᠰᠢᠭᠤᠷ ᠲᠥᠭᠦᠷᠢᠭ ᠤᠨ ᠲᠤᠰᠬᠠᠶ  ᠵᠦᠢᠯ ᠤᠨ ᠪᠡᠯᠡ ᠮᠥᠩᠭᠦ ᠲᠣᠬᠢᠷᠠᠭᠤᠯᠵᠣ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ ᠠᠵᠤ ᠠᠬᠤᠶᠢᠯᠠᠯ ᠤᠨ ᠡᠳ᠋ ᠪᠤᠳᠠᠰ ᠬᠤᠳᠠᠯᠳᠤᠨ  ᠠᠪᠬᠤ ᠪᠠ ᠦᠢᠯᠡᠳᠪᠦᠷᠢᠯᠡᠬᠦ ᠶᠢ ᠪᠠᠳᠣᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠶᠠᠪᠤᠴᠠ ᠳᠤ ᠨᠡᠶᠢᠭᠡᠮ ᠤᠨ ᠬᠠᠷᠢᠭᠤᠴᠠᠯᠭ᠎ᠠ ᠶᠢ  ᠰᠠᠨᠠᠭᠠᠴᠢᠯᠠᠭ᠎ᠠ ᠠᠴᠠ ᠪᠠᠨ ᠡᠭᠦᠷᠭᠡᠯᠡᠭᠰᠡᠨ ᠪᠠ ᠬᠤᠪᠢ ᠨᠡᠮᠡᠷᠢ ᠲᠣᠪᠤᠶᠢᠮ᠎ᠠ ᠬᠠᠮᠢᠶ᠎ᠠ ᠪᠦᠬᠦᠢ ᠠᠵᠤ ᠠᠬᠤᠶᠢᠯᠠᠯ ᠢ ᠱᠠᠩᠨᠠᠬᠤ ᠳᠤ ᠬᠡᠷᠡᠭᠯᠡᠨ᠎ᠡ᠃ ︵ᠥᠪᠡᠷᠲᠡᠭᠡᠨ ᠵᠠᠰᠠᠬᠤ  ᠣᠷᠣᠨ ᠤ ᠡᠳ᠋ ᠤᠨ ᠵᠠᠰᠠᠭ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂  ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ  ᠪᠠᠶᠢᠭᠤᠯᠤᠯᠲᠠ ᠶᠢᠨ ᠲᠢᠩᠬᠢᠮ᠂  ᠠᠵᠦ ᠦᠢᠯᠡᠳᠪᠦᠷᠢ ᠬᠤᠳᠠᠯᠳᠤᠭᠠᠨ ᠤ  ᠬᠤᠯᠪᠤᠭᠠᠳᠤ ᠬᠤᠷᠠᠯ ᠬᠠᠷᠢᠭᠤᠴᠠᠨ᠎ᠠ︶      ᠭᠤᠷᠪᠠ᠂ ᠠᠵᠤ ᠠᠬᠤᠶᠢᠯᠠᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠭᠦ ᠬᠡᠷᠡᠭᠳᠠᠢ      ︵ᠨᠠᠢᠮᠠ︶ ᠭᠠᠶᠢᠯᠢ ᠶᠢᠨ ᠵᠣᠭᠤᠰ ᠢ ᠬᠠᠰᠤᠵᠤ ᠬᠡᠯᠲᠦᠷᠢᠭᠦᠯᠬᠦ ᠪᠠ ᠬᠤᠶᠢᠰᠢᠯᠠᠭᠤᠯᠤᠨ ᠲᠤᠰᠢᠶᠠᠨ᠎ᠠ᠃ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ  ᠮᠡᠳᠡᠭᠦᠯᠬᠦ ᠳᠤ ᠬᠦᠴᠢᠷᠲᠡᠶ᠂ ᠭᠠᠶᠢᠯᠢ ᠶᠢᠨ ᠵᠣᠭᠤᠰ ᠢᠶᠠᠨ ᠬᠤᠭᠤᠴᠠᠭ᠎ᠠ ᠶᠣᠰᠣᠭᠠᠷ ᠲᠤᠰᠢᠶᠠᠬᠤ ᠳᠤ ᠬᠦᠴᠢᠷᠲᠡᠶ ᠳᠤᠮᠳᠠ ᠵᠢᠵᠢᠭ ᠠᠵᠤ ᠠᠬᠤᠶᠢᠯᠠᠯ ᠳᠤ ᠪᠣᠯ  ᠭᠤᠶᠤᠴᠢᠯᠠᠯ ᠢᠶᠠᠷ ᠨᠢ ᠭᠠᠶᠢᠯᠢ ᠶᠢᠨ ᠵᠤᠭᠤᠰ ᠢᠶᠠᠨ ᠬᠤᠶᠢᠰᠢᠯᠠᠭᠤᠯᠤᠨ ᠮᠡᠳᠡᠭᠦᠯᠬᠦ ᠪᠠ ᠬᠤᠶᠢᠰᠢᠯᠠᠭᠤᠯᠤᠨ ᠲᠤᠰᠢᠶᠠᠬᠤ ᠶᠢ ᠬᠠᠤᠯᠢ ᠶᠣᠰᠣᠭᠠᠷ ᠭᠦᠢᠴᠡᠳᠬᠡᠨ᠎ᠡ᠂  ᠭᠠᠶᠢᠯᠢ ᠶᠢᠨ ᠵᠤᠭᠤᠰ ᠢᠶᠠᠨ ᠬᠤᠶᠢᠰᠢᠯᠠᠭᠤᠯᠤᠨ ᠲᠤᠰᠢᠶᠠᠬᠤ ᠬᠤᠭᠤᠴᠠᠭ᠎ᠠ ᠨᠢ ᠵᠠᠷᠴᠢᠮ ᠳᠡᠭᠡᠷ᠎ᠡ ᠪᠠᠨ 3 ᠰᠠᠷ᠎ᠠ ᠪᠣᠯᠤᠨ᠎ᠠ᠃ ᠬᠢᠵᠢᠭ ᠤᠨ ᠪᠠᠶᠢᠳᠠᠯ ᠤᠨ ᠨᠥᠯᠥᠭᠡ ᠠᠴᠠ  ᠪᠤᠯᠵᠦ ᠬᠦᠨᠳᠦ ᠶᠡᠭᠡ ᠬᠤᠬᠢᠷᠠᠯ ᠭᠠᠷᠤᠬᠰᠠᠨ᠂ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠨᠢ ᠬᠦᠨᠳᠦ ᠶᠡᠭᠡ ᠨᠥᠯᠥᠭᠡ ᠳᠤ ᠤᠴᠠᠷᠠᠭᠰᠠᠨ ᠳᠤᠮᠳᠠ  ᠵᠢᠵᠢᠭ ᠠᠵᠤ ᠠᠬᠤᠶᠢᠯᠠᠯ ᠤᠨ ᠭᠡᠷ ᠬᠥᠷᠥᠩᠭᠡ ᠶᠢᠨ ᠭᠠᠶᠢᠯᠢ ᠪᠣᠯᠤᠨ ᠬᠤᠲᠠ ᠪᠠᠯᠭᠠᠰᠤᠨ ᠤ ᠭᠠᠵᠠᠷ ᠰᠢᠷᠣᠶ ᠬᠡᠷᠡᠭᠯᠡᠬᠦ ᠭᠠᠶᠢᠯᠢ ᠶᠢᠨ ᠬᠡᠰᠡᠭ ᠢ ᠪᠤᠶᠤ ᠪᠦᠬᠦᠨ ᠢ  ᠬᠠᠰᠤᠵᠤ ᠬᠡᠯᠲᠦᠷᠢᠭᠦᠯᠭᠦ ᠬᠡᠷᠡᠭᠳᠠᠢ ᠃ ︵ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ  ᠲᠢᠩᠬᠢᠮ ᠬᠠᠷᠢᠭᠤᠴᠠᠨ᠎ᠠ︶       ︵ᠶᠢᠰᠦ︶ ᠵᠣᠬᠢᠬᠤ ᠬᠤᠭᠤᠴᠠᠭᠠᠨ ᠤ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠭᠦ ᠬᠡᠷᠡᠭᠳᠠᠢ᠃ ᠤᠯᠤᠰ ᠤᠨ ᠥᠮᠴᠢᠯᠡᠯᠳᠣ ᠡᠳ᠋ ᠬᠥᠷᠥᠩᠭᠡ ᠶᠢᠨ  ᠲᠥᠷᠥᠯ ᠤᠨ ᠡᠵᠡᠩᠨᠡᠯᠳᠠ ᠳᠤ ᠬᠡᠷᠩᠯᠡᠭᠦ ᠭᠡᠷ ᠪᠠᠶᠢᠰᠢᠩ ᠢ ᠳᠠᠭᠠᠭᠠᠴᠢᠯᠠᠨ ᠲᠦᠷᠢᠶᠡᠰᠦᠯᠡᠵᠣ  ᠪᠠᠶᠢᠭ᠎ᠠ ᠳᠤᠮᠳᠠ ᠵᠢᠵᠢᠭ ᠠᠵᠤ ᠠᠬᠤᠶᠢᠯᠠᠯ ᠠᠴᠠ 2 ᠰᠠᠷ᠎ᠠ ᠶᠢᠨ  ᠭᠡᠷ ᠤᠨ ᠲᠦᠷᠢᠶᠡᠰᠣ ᠬᠤᠷᠢᠶᠠᠬᠤ ᠦᠭᠡᠢ᠃ ᠲᠣᠮᠣ ᠬᠡᠯᠪᠡᠷᠢ ᠶᠢᠨ ᠬᠤᠳᠠᠯᠳᠤᠭᠠᠨ ᠤ ᠶᠠᠪᠤᠳᠠᠯ ᠤᠨ ᠠᠰᠠᠷ ᠲᠠᠭᠲᠤ᠂ ᠬᠤᠳᠠᠯᠳᠤᠭᠠᠨ ᠤ ᠲᠠᠯᠠᠪᠤᠷ᠂ ᠵᠠᠬ᠎ᠠ  ᠳᠡᠯᠭᠡᠭᠦᠷ ᠤᠨ ᠡᠵᠡᠩᠨᠡᠯᠲᠡ ᠶᠢᠨ ᠲᠠᠯ᠎ᠠ ᠶᠢᠨ ᠬᠢᠨ ᠤ ᠳᠤᠮᠳᠠ ᠵᠢᠵᠢᠭ ᠠᠵᠤ ᠠᠬᠤᠶᠢᠯᠠᠯ ᠤᠨ ᠲᠦᠷᠢᠶᠡᠰᠦᠯᠡᠭᠰᠡᠨ ᠡᠷᠦᠬᠡ ᠶᠢ ᠬᠢᠵᠢᠭ ᠤᠨ ᠪᠠᠶᠢᠳᠠᠯ ᠤᠨ  ᠬᠤᠭᠤᠴᠠᠭᠠᠨ ᠤ ᠲᠦᠷᠢᠶᠡᠰᠦᠨ ᠮᠥᠩᠭᠦ  ᠠᠴᠠ ᠵᠣᠬᠢᠬᠤ ᠬᠡᠮᠵᠢᠶ᠎ᠡ ᠪᠠᠷ ᠬᠠᠰᠤᠵᠤ ᠬᠡᠯᠲᠦᠷᠢᠭᠦᠯᠬᠦ ᠶᠢ ᠨᠢ ᠵᠣᠷᠢᠭᠵᠢᠭᠤᠯᠵᠤ᠂ ᠡᠯ᠎ᠡ ᠭᠠᠵᠠᠷ ᠣᠷᠣᠨ ᠤ ᠬᠢᠨ  ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠬᠦ ᠠᠷᠭ᠎ᠠ ᠬᠡᠮᠵᠢᠶ᠎ᠡ ᠠᠪᠤᠭᠰᠠᠨ ᠲᠦᠷᠢᠶᠡᠰᠦᠯᠡᠭᠦᠯᠬᠦ ᠠᠵᠤ ᠠᠬᠤᠢᠢᠯᠠᠯ ᠳᠤ ᠵᠣᠬᠢᠬᠤ ᠬᠡᠮᠵᠢᠶᠡᠨ ᠤ ᠡᠳ᠋ ᠤᠨ  ᠵᠠᠰᠠᠬ ᠤᠨ ᠨᠥᠬᠦᠪᠥᠷᠢ ᠪᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠵᠦ ᠪᠣᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠳᠣ ᠡᠳ᠋  ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠡᠳ᠋ ᠤᠨ ᠵᠠᠰᠠᠬ ᠤᠨ ᠲᠢᠩᠬᠢᠮ᠂ ᠠᠵᠦ ᠦᠢᠯᠡᠳᠪᠦᠷᠢ ᠬᠤᠳᠠᠯᠳᠤᠭᠠᠨ ᠤ  ᠬᠤᠯᠪᠤᠭᠠᠳᠤ ᠬᠤᠷᠠᠯ᠂  ᠬᠤᠳᠠᠯᠳᠤᠭᠠᠨ ᠤ ᠶᠠᠪᠤᠳᠠᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ  ᠵᠠᠩᠬᠢᠴᠢᠯᠠᠯᠳᠠ ᠶᠢᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ  ᠲᠢᠩᠬᠢᠮ ᠬᠠᠷᠢᠭᠤᠴᠠᠨ᠎ᠠ︶      ︵ᠠᠷᠪᠠ︶ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠪᠠᠭᠤᠷᠠᠭᠤᠯᠬᠤ ᠪᠠ ᠬᠤᠶᠢᠰᠢᠯᠠᠭᠤᠯᠤᠨ ᠲᠤᠰᠢᠶᠠᠨ᠎ᠠ᠃ ᠠᠵᠢᠯ ᠠᠯᠳᠠᠬᠰᠡᠳ ᠤᠨ ᠳᠠᠭᠠᠳᠬᠠᠯ ᠢᠶᠠᠷ  ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠠᠭᠤᠨ ᠪᠠᠶᠢᠯᠭᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠠᠵᠢᠯᠲᠠᠨ ᠢᠶᠠᠨ ᠬᠠᠰᠤᠬᠤ ᠥᠬᠡᠶ  ᠪᠤᠶᠤ ᠠᠵᠢᠯᠲᠠᠨ ᠴᠥᠭᠡᠨ ᠬᠠᠰᠤᠭᠰᠠᠨ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠤᠨ ᠳᠡᠭᠡᠷ᠎ᠡ ᠵᠢᠯ ᠤᠨ ᠪᠣᠳᠠᠲᠠᠶ ᠲᠤᠰᠢᠶᠠᠭᠰᠠᠨ ᠠᠵᠢᠯ ᠠᠯᠳᠠᠬᠰᠡᠳ ᠤᠨ  ᠳᠠᠭᠠᠳᠬᠠᠯ ᠤᠨ ᠰᠦᠢᠳᠬᠡᠯ ᠤᠨ 50% ᠶᠢ ᠨᠢ ᠪᠤᠴᠠᠭᠠᠵᠤ ᠪᠣᠯᠤᠨ᠎ᠠ︔ ᠲᠦᠷ ᠴᠠᠭ ᠤᠨ ᠴᠢᠨᠠᠷᠲᠠᠶ ᠡᠵᠡᠩᠨᠡᠯᠲᠡ ᠶᠢᠨ ᠬᠦᠴᠢᠷᠳᠡᠯ ᠳᠤ ᠲᠤᠯᠭᠠᠷᠠᠭᠰᠠᠨ ᠳᠤᠮᠳᠠ   ᠵᠢᠵᠢᠭ ᠠᠵᠤ ᠠᠬᠤᠶᠢᠯᠠᠯ ᠤᠨ ᠪᠤᠴᠠᠭᠠᠬᠤ ᠪᠠᠷᠢᠮᠵᠢᠶ᠎ᠠ ᠶᠢ ᠳᠡᠭᠡᠷ᠎ᠡ ᠵᠢᠯ ᠤᠨ 6 ᠰᠠᠷ᠎ᠠ ᠶᠢᠨ ᠠᠵᠤ ᠠᠬᠤᠶᠢᠯᠠᠯ ᠵᠢᠴᠢ ᠠᠵᠢᠯᠲᠠᠨ ᠠᠵᠢᠯᠴᠢᠨ ᠤ ᠲᠤᠰᠢᠶᠠᠬᠰᠠᠨ  ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ 50% ᠬᠦᠷᠲᠡᠯ᠎ᠡ ᠳᠡᠭᠡᠭᠰᠢᠯᠡᠭᠦᠯᠵᠦ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠤᠭᠤᠴᠠᠭ᠎ᠠ ᠶᠢ ᠤᠯᠤᠰ ᠤᠨ  ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠣᠭᠲᠠᠭᠠᠬᠤ ᠬᠡᠷᠡᠭᠳᠠᠢ᠃ ᠠᠵᠢᠯ ᠠᠴᠠ ᠪᠤᠯᠤᠬᠰᠠᠨ ᠭᠡᠮᠲᠦᠯ ᠤᠨ ᠳᠠᠭᠠᠳᠬᠠᠯ ᠤᠨ ᠵᠠᠷᠤᠳᠠᠯ ᠤᠨ ᠨᠣᠷᠮ᠎ᠠ ᠶᠢ  ᠦᠷᠭᠦᠯᠵᠢᠯᠡᠨ ᠱᠠᠲᠤᠴᠢ ᠴᠢᠨᠠᠷᠲᠠᠶ ᠪᠠᠷ 2021 ᠣᠨ ᠤ 4  ᠳ᠋ᠤᠬᠡᠷ ᠰᠠᠷ᠎ᠠ ᠶᠢᠨ 30 ᠤ ᠡᠳᠦᠷ ᠪᠣᠯᠳᠠᠯ᠎ᠠ ᠪᠠᠭᠤᠷᠠᠭᠤᠯᠤᠨ᠎ᠠ᠃ ᠳᠤᠮᠳᠠ ᠵᠢᠵᠢᠭ ᠠᠵᠤ  ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ᠬᠤᠭᠤᠴᠠᠭ᠎ᠠ ᠶᠢ ᠤᠷᠲᠤᠳᠬᠠᠵᠤ᠂ ᠬᠢᠵᠢᠭ ᠤᠨ ᠪᠠᠶᠢᠳᠠᠯ ᠤᠨ ᠨᠥᠯᠥᠭᠡ ᠠᠴᠠ ᠪᠤᠯᠵᠤ  ᠡᠵᠡᠩᠨᠡᠯᠲᠡ ᠶᠢᠨ ᠲᠠᠯ᠎ᠠ ᠪᠠᠷ ᠲᠦᠷ ᠴᠠᠭ ᠬᠦᠴᠢᠷᠳᠡᠯ ᠳᠤ ᠲᠣᠯᠭᠠᠷᠠᠭᠰᠠᠨ ᠪᠠᠶᠢᠪᠠᠯ᠂ ᠠᠵᠢᠯ ᠠᠯᠳᠠᠬᠰᠡᠳ ᠤᠨ ᠳᠠᠭᠠᠳᠬᠠᠯ ᠤᠨ ᠰᠦᠢᠳᠬᠡᠯ ᠪᠠ ᠠᠵᠢᠯ ᠠᠴᠠ  ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ ᠢ 6 ᠰᠠᠷ᠎ᠠ ᠬᠤᠶᠢᠰᠢᠯᠠᠭᠤᠯᠤᠨ ᠲᠤᠰᠢᠶᠠᠵᠤ ᠪᠣᠯᠤᠨ᠎ᠠ︔ ᠬᠢᠵᠢᠭ ᠤᠨ ᠪᠠᠶᠢᠳᠠᠯ ᠳᠤ ᠨᠡᠯᠢᠶᠡᠳ ᠶᠡᠭᠡ  ᠨᠥᠯᠥᠭᠡᠯᠡᠭᠳᠡᠭᠰᠡᠨ ᠪᠠᠶᠢᠪᠠᠯ ᠂ ᠲᠤᠰᠢᠶᠠᠬᠤ ᠶᠣᠰᠣᠲᠠᠶ ᠨᠠᠰᠤᠵᠢᠯ ᠤᠨ ᠳᠠᠭᠠᠳᠬᠠᠯ ᠤᠨ ᠰᠦᠢᠳᠬᠡᠯ ᠤᠨ ᠲᠠᠲᠠᠪᠤᠷᠢᠯᠠᠬᠤ ᠬᠤᠭᠤᠴᠠᠭ᠎ᠠ ᠶᠢ 9 ᠳ᠋ᠤᠬᠡᠷ ᠰᠠᠷ᠎ᠠ ᠶᠢᠨ   ᠰᠡᠭᠦᠯᠴᠢ ᠪᠣᠯᠲᠠᠯ᠎ᠠ ᠤᠷᠲᠤᠳᠬᠠᠵᠤ ᠪᠣᠯᠤᠨ᠎ᠠ︔ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠬᠤᠭᠤᠴᠠᠭ᠎ᠠ ᠬᠡᠲᠦᠷᠡᠭᠦᠯᠦᠨ  ᠲᠤᠰᠢᠶ᠋ᠬᠠᠰᠠᠨ ᠪᠠᠶᠢᠪᠠᠯ᠂ ᠡᠯ᠎ᠡ  ᠱᠠᠲᠤᠨ ᠤ ᠨᠡᠶᠢᠭᠡᠮ ᠤᠨ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠳᠤ ᠮᠡᠳᠡᠭᠦᠯᠦᠨ ᠳᠠᠩᠰᠠᠯᠠᠭᠤᠯᠤᠭᠰᠠᠨ ᠤ ᠳᠠᠷᠠᠭ᠎ᠠ᠂ ᠬᠤᠭᠤᠴᠠᠭ᠎ᠠ  ᠰᠠᠭᠠᠲᠠᠭᠤᠯᠤᠭᠰᠠᠨ ᠲᠣᠷᠭᠠᠭᠤᠯᠢ ᠶᠢᠨ ᠮᠥᠩᠭᠦ ᠶᠢ ᠪᠣᠳᠣᠵᠤ ᠬᠤᠷᠢᠶᠠᠬᠤ ᠦᠭᠡᠢ᠂ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠬᠤᠪᠢ ᠬᠥᠮᠦᠨ ᠤ  ᠡᠷᠬᠡ ᠠᠰᠢᠭ ᠤᠨ ᠲᠡᠮᠳᠡᠭᠯᠡᠯ ᠢ ᠨᠥᠯᠥᠭᠡᠯᠡᠬᠦ ᠦᠭᠡᠢ᠂ ᠬᠠᠮᠢᠶ᠎ᠠ ᠪᠦᠬᠦᠢ ᠨᠥᠬᠦᠵᠦ ᠲᠤᠰᠢᠶᠠᠬᠤ ᠭᠠᠷᠳᠠᠮ ᠢ ᠬᠢᠵᠢᠭ ᠤᠨ ᠪᠠᠶᠢᠳᠠᠯ ᠢ  ᠲᠠᠶᠢᠯᠤᠨᠨᠰᠠᠨ ᠤ ᠳᠠᠷᠠᠭ᠎ᠠ 3  ᠰᠠᠷ᠎ᠠ ᠶᠢᠨ ᠳᠣᠲᠣᠷ᠎ᠠ ᠪᠡᠶᠡᠯᠡᠭᠦᠯᠵᠦ ᠪᠣᠯᠤᠨ᠎ᠠ᠃ ᠴᠠᠬ   ᠲᠠᠭᠠᠨ ᠳᠠᠭᠠᠳᠬᠠᠯ ᠳᠤ ᠣᠷᠣᠯᠴᠠᠬᠤ  ᠲᠠᠩᠰᠠᠯᠠᠯ  ᠭᠦᠢᠴᠡᠳᠬᠡᠵᠦ ᠲᠡᠶᠢᠯᠦᠭᠰᠡᠨ ᠥᠬᠡᠶ ᠳᠠᠭᠠᠳᠬᠠᠯ ᠳᠤ   ᠤᠷᠤᠯᠴᠬᠠᠰᠠᠨ ᠨᠢᠭᠡᠴᠢ᠂ ᠠᠮᠢᠳᠤᠯᠢᠭ ᠢᠶᠠᠷ ᠠᠵᠢᠯ ᠣᠯᠤᠭᠰᠠᠳ ᠪᠠ ᠬᠤᠲᠠ ᠬᠥᠳᠡᠭᠡ ᠶᠢᠨ ᠰᠠᠭᠤᠭᠠᠯᠢ ᠠᠷᠠᠳ᠂ ᠬᠢᠵᠢᠭ ᠤᠨ ᠪᠠᠶᠢᠳᠠᠯ ᠢ ᠲᠠᠶᠢᠯᠤᠨᠨᠰᠠᠨ ᠤ ᠳᠠᠷᠠᠭ᠎ᠠ  ᠨᠥᠬᠦᠵᠦ ᠭᠦᠢᠴᠡᠳᠬᠡᠬᠦ ᠶᠢ ᠨᠢ ᠵᠥᠪᠰᠢᠶᠡᠷᠡᠨ᠎ᠡ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ  ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠬᠠᠷᠢᠭᠤᠴᠠᠨ᠎ᠠ︶       ︵ᠠᠷᠪᠠᠨ ᠨᠢᠭᠡ︶ ᠠᠵᠤ ᠠᠬᠤᠶᠢᠯᠠᠯ ᠤᠨ ᠥᠪᠡᠷ ᠤᠨ ᠥᠷᠲᠡᠭ ᠢ ᠪᠠᠭᠤᠷᠠᠭᠤᠯᠬᠤ ᠬᠡᠷᠡᠭᠳᠠᠢ᠃ ᠡᠮ ᠤᠨ ᠵᠦᠢᠯᠡᠰ ᠢ ᠨᠥᠬᠦᠪᠥᠷᠢᠯᠡᠨ ᠭᠤᠶᠤᠴᠢᠯᠠᠵᠤ  ᠳᠠᠩᠰᠠᠯᠠᠭᠤᠯᠬᠤ᠂ ᠳᠠᠬᠢᠨ ᠳᠠᠩᠰᠠᠯᠠᠭᠤᠯᠬᠤ ᠪᠠ ᠡᠮᠴᠢᠯᠡᠭᠡᠨ ᠤ ᠪᠠᠭᠠᠵᠢ ᠬᠡᠷᠡᠭᠰᠡᠯ ᠤᠨ ᠦᠢᠯᠡᠳᠬᠦᠨ ᠢ ᠠᠩᠬ᠎ᠠ ᠤᠳᠠᠭ᠎ᠠ ᠳᠠᠩᠰᠠᠯᠠᠭᠤᠯᠬᠤ᠂ ᠬᠤᠪᠢᠷᠠᠭᠤᠯᠤᠨ  ᠳᠠᠩᠰᠠᠯᠠᠭᠤᠯᠬᠤ᠂ ᠦᠷᠭᠦᠯᠵᠢᠯᠡᠨ ᠳᠠᠩᠰᠠᠯᠠᠭᠤᠯᠬᠤ ᠭᠤᠶᠤᠴᠢᠯᠠᠯ ᠤᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠲᠡᠭ ᠪᠣᠯᠭᠠᠨ ᠪᠠᠭᠤᠷᠠᠭᠤᠯᠬᠤ ᠳᠠᠯ᠎ᠠ ᠪᠠᠷ ᠬᠢ  ᠦᠪᠡᠷᠳᠡᠭᠡᠨ ᠵᠠᠰᠠᠬᠤ ᠣᠷᠣᠨ ᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠰᠡᠷᠭᠡᠶᠢᠯᠡᠨ ᠡᠵᠡᠮᠳᠡᠬᠦ ᠡᠳ᠋ ᠪᠤᠳᠠᠰ ᠪᠠ ᠬᠥᠮᠦᠰ ᠢ  ᠵᠦᠬᠡᠬᠡᠪᠤᠷᠢᠯᠡᠬᠦ ᠲᠡᠷᠭᠡ ᠬᠥᠰᠬᠡ ᠠᠴᠠ ᠨᠡᠪᠲᠡᠷᠡᠬᠦ ᠰᠦᠢᠳᠬᠡᠯ ᠦᠯᠤ ᠬᠤᠷᠢᠶᠠᠬᠤ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠴᠢᠩᠭ᠎ᠠ  ᠨᠠᠶᠢᠳᠠᠪᠤᠷᠢᠵᠢᠭᠤᠯᠤᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ ᠪᠠᠲᠤᠯᠠᠭᠠᠨ ᠤ ᠠᠵᠤ ᠠᠬᠤᠶᠢᠯᠠᠯ ᠪᠣᠯᠤᠨ ᠬᠢᠵᠢᠭ ᠤᠨ ᠪᠠᠶᠢᠳᠠᠯ ᠤᠨ  ᠨᠥᠯᠥᠭᠡ ᠠᠴᠠ ᠪᠤᠯᠵᠦ ᠡᠵᠡᠩᠨᠡᠯᠳᠡ ᠨᠢ ᠲᠦᠷ ᠴᠠᠭ ᠬᠦᠴᠢᠷᠳᠡᠯ ᠳᠤ ᠲᠤᠯᠭᠠᠷᠠᠬᠰᠠᠨ ᠳᠤᠮᠳᠠ ᠵᠢᠵᠢᠭ ᠠᠵᠤ ᠠᠬᠤᠶᠢᠯᠠᠯ ᠤᠳ ᠤᠨ ᠴᠠᠬᠢᠯᠭᠠᠨ᠂ ᠬᠡᠢ᠂ ᠤᠰᠤ  ᠬᠡᠷᠡᠭᠯᠡᠬᠦ ᠵᠡᠷᠭᠡ ᠳᠤ ︽ᠰᠦᠢᠳᠬᠡᠯ ᠥᠷᠢᠲᠦᠪᠡᠴᠤ ᠬᠠᠩᠭᠠᠯᠭ᠎ᠠ ᠲᠠᠰᠤᠷᠠᠬᠤ ᠦᠬᠡᠢ︾ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠬᠢᠵᠢᠭ ᠤᠨ ᠪᠠᠶᠢᠳᠠᠯ ᠳᠠᠭᠤᠰᠤᠭᠰᠠᠨ ᠤ  ᠳᠠᠷᠠᠭ᠎ᠠ 3 ᠰᠠᠷ᠎ᠠ ᠶᠢᠨ ᠳᠣᠲᠣᠷ᠎ᠠ ᠬᠠᠮᠢᠶ᠎ᠠ ᠪᠦᠬᠦᠢ ᠥᠷᠢᠲᠦᠭᠰᠡᠨ ᠰᠦᠢᠳᠬᠡᠯ ᠢᠶᠠᠨ ᠴᠠᠭ ᠲᠤᠬᠠᠶ ᠳᠤ ᠨᠢ ᠨᠥᠬᠦᠨ ᠲᠤᠰᠢᠶᠠᠬᠤ ᠳᠤ ᠬᠤᠭᠤᠴᠠᠭ᠎ᠠ ᠰᠠᠭᠠᠲᠠᠭᠠᠭᠰᠠᠨ  ᠲᠣᠷᠭᠠᠭᠤᠯᠢ ᠶᠢᠨ ᠮᠥᠩᠭᠦ ᠬᠤᠷᠢᠶᠠᠬᠤ ᠦᠭᠡᠶ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠷᠡᠭᠦᠯ ᠬᠠᠮᠠᠭᠠᠯᠠᠯ  ᠡᠷᠡᠭᠦᠯ ᠮᠡᠨᠳᠦ ᠶᠢᠨ ᠵᠥᠪᠯᠡᠯ᠂ ᠤᠰᠤᠨ ᠠᠰᠢᠬᠯᠠᠯᠲᠠ ᠶᠢᠨ ᠲᠢᠩᠬᠢᠮ᠂ ᠡᠨᠧᠷᠭᠢ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠥᠪᠥᠷ  ᠮᠣᠩᠭᠤᠯ ᠤᠨ ᠴᠠᠬᠢᠯᠭᠠᠨ ᠬᠦᠴᠦᠨ  ﹇ᠪᠦᠯᠦᠭᠯᠡᠯ﹈ ᠤ ᠺᠣᠮᠫᠠᠨᠢ᠂ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ ᠬᠠᠷᠢᠭᠤᠴᠠᠨ᠎ᠠ︶      ᠳᠥᠷᠪᠡ᠂ ᠠᠵᠤ ᠠᠬᠤᠶᠢᠯᠠᠯ ᠳᠤ ᠬᠠᠨᠭ᠍ᠭᠠᠬᠤ ᠦᠢᠯᠡᠴᠢᠯᠡᠭᠡ ᠶᠢ  ᠨᠢᠮᠪᠠᠶ ᠰᠠᠶᠢᠲᠤᠷ ᠬᠢᠭᠦ ᠬᠡᠷᠩᠳᠠᠢ      ︵ᠠᠷᠪᠠᠨ ᠬᠤᠶᠠᠷ︶ ᠠᠵᠤ ᠠᠬᠤᠶᠢᠯᠠᠯ ᠤᠨ ᠦᠢᠯᠡᠳᠪᠦᠷᠢᠯᠡᠯ ᠪᠣᠯᠤᠨ ᠠᠵᠢᠯ ᠤᠨ ᠪᠠᠶᠢᠷᠢ ᠶᠢ ᠲᠣᠭᠲᠠᠭᠤᠨ ᠪᠠᠶᠢᠯᠭᠠᠬᠤ ᠬᠡᠷᠡᠭᠳᠠᠢ᠃ ᠬᠢᠵᠢᠭ ᠤᠨ ᠪᠠᠶᠢᠳᠠᠯ ᠢ  ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ ᠪᠠᠲᠤᠯᠠᠭᠠᠨ ᠤ ᠠᠵᠤ ᠠᠬᠤᠶᠢᠯᠠᠯ ᠪᠣᠯᠤᠨ ᠬᠢᠵᠢᠭ ᠤᠨ ᠪᠠᠶᠢᠳᠠᠯ ᠳᠤ ᠨᠡᠯᠢᠶᠡᠳ ᠶᠡᠭᠡ ᠨᠦᠯᠦᠭᠡᠯᠡᠭᠳᠡᠭᠰᠡᠨ ᠳᠤᠮᠳᠠ ᠵᠢᠵᠢᠭ  ᠠᠵᠤ ᠠᠬᠤᠶᠢᠯᠠᠯ ᠢ ᠬᠠᠪᠰᠤᠷᠴᠣ ᠰᠡᠷᠭᠡᠶᠢᠯᠡᠨ ᠡᠵᠡᠮᠳᠡᠬᠦ ᠡᠳ᠋ ᠪᠤᠳᠠᠰ ᠤᠨ ᠪᠠᠲᠤᠯᠠᠭ᠎ᠠ᠂ ᠲᠦᠭᠦᠬᠡᠢ ᠮᠠᠲ᠋ᠧᠷᠢᠶᠠᠯ ᠤᠨ ᠬᠠᠩᠭᠠᠯᠭ᠎ᠠ᠂ ᠪᠠᠷᠠᠭᠠᠨ ᠤ ᠭᠦᠢᠯᠭᠡᠭᠡᠨ ᠤ  ᠲᠡᠭᠡᠭᠡᠪᠦᠷᠢ ᠵᠡᠷᠭᠡ ᠶᠢ ᠰᠢᠢᠳᠪᠦᠷᠢᠯᠡᠵᠦ᠂ ᠠᠵᠤ ᠠᠬᠤᠶᠢᠯᠠᠯ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠷᠢᠮᠵᠢᠶ᠎ᠠ ᠳᠤ ᠬᠦᠷᠦᠭᠰᠡᠨ ᠤᠷᠢᠲᠠᠯ ᠳᠣᠤᠷ᠎ᠠ  ᠬᠡᠪ  ᠢᠶᠠᠷ ᠦᠢᠯᠡᠳᠪᠦᠷᠢᠯᠡᠬᠦ ᠶᠢ ᠦᠨᠡᠨ ᠬᠦ ᠪᠠᠲᠤᠯᠠᠬᠤ ᠬᠡᠷᠡᠭᠳᠠᠢ᠃ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ ᠦᠢᠯᠡᠳᠪᠦᠷᠢᠯᠡᠯ ᠡᠵᠡᠩᠨᠡᠯᠲᠡ ᠨᠢ  ᠬᠦᠴᠢᠷᠲᠡᠯ ᠳᠤ ᠲᠤᠯᠭᠠᠷᠠᠬᠰᠠᠨ ᠠᠵᠤ ᠠᠬᠤᠶᠢᠯᠠᠯ ᠤᠨ ᠬᠢᠨ ᠠᠵᠢᠯᠲᠠᠨ ᠠᠵᠢᠯᠴᠢᠨ ᠲᠠᠢ ᠪᠠᠨ ᠵᠥᠪᠳᠡᠯᠴᠡᠨ ᠰᠠᠨᠠᠯ ᠢᠶᠠᠨ ᠨᠢᠭᠡᠳᠭᠡᠭᠦ ᠪᠠᠷ ᠳᠠᠮᠵᠢᠭᠤᠯᠤᠨ ᠴᠠᠯᠢᠩ  ᠬᠥᠯᠥᠰᠥ ᠪᠠᠨ ᠲᠣᠬᠢᠷᠠᠭᠤᠯᠬᠤ᠂ ᠡᠭᠡᠯᠵᠢᠯᠡᠨ ᠠᠵᠢᠯᠯᠠᠵᠤ ᠠᠮᠠᠷᠠᠬᠤ᠂  ᠠᠵᠢᠯᠯᠠᠬᠤ ᠴᠠᠭ ᠢ ᠪᠣᠭᠤᠨᠢᠰᠬᠠᠬᠤ᠂ ᠠᠵᠢᠯ ᠤᠨ ᠪᠠᠶᠢᠷᠢ ᠬᠦᠯᠢᠶᠡᠬᠦ ᠵᠡᠷᠭᠡ ᠠᠷᠭ᠎ᠠ ᠬᠡᠯᠪᠡᠷᠢ ᠶᠢ  ᠠᠪᠴᠤ ᠠᠵᠢᠯ ᠤᠨ ᠪᠠᠶᠢᠷᠢ ᠪᠠᠨ ᠲᠣᠭᠲᠠᠪᠤᠷᠢᠵᠢᠭᠤᠯᠵᠤ᠂ ᠠᠯᠢ ᠴᠢᠳᠠᠬᠤ ᠪᠠᠷ ᠠᠵᠢᠯᠲᠠᠨ ᠬᠠᠰᠤᠬᠤ ᠦᠭᠡᠢ ᠪᠤᠶᠤ ᠠᠵᠢᠯᠲᠠᠨ  ᠴᠦᠬᠡᠨ ᠬᠠᠰᠤᠨ᠎ᠠ᠃ ︵ᠥᠪᠡᠷᠲᠡᠭᠡᠨ  ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠳᠠ ᠶᠢᠨ ᠲᠢᠩᠬᠢᠮ᠂ ᠬᠥᠭᠵᠢᠭᠦᠯᠦᠯᠲᠡ  ᠥᠭᠡᠷᠡᠴᠢᠯᠡᠯᠲᠡ ᠶᠢᠨ ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂  ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠬᠠᠷᠢᠭᠤᠴᠠᠨ᠎ᠠ︶      ︵ᠠᠷᠪᠠᠨ ᠭᠤᠷᠪᠠ︶ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠣᠯᠪᠠᠰᠤᠷᠠᠯ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠭᠦ ᠬᠡᠷᠡᠭᠳᠠᠢ᠃  ᠬᠢᠵᠢᠭ ᠤᠨ ᠪᠠᠶᠢᠳᠠᠯ ᠳᠤ ᠨᠥᠯᠥᠭᠡᠯᠡᠭᠳᠡᠭᠰᠡᠨ ᠳᠤᠮᠳᠠ   ᠵᠢᠵᠢᠭ ᠠᠵᠤ ᠠᠬᠤᠶᠢᠯᠠᠯ ᠤᠨ ᠬᠢᠨ ᠠᠵᠢᠯ ᠵᠣᠭᠰᠣᠭᠰᠠᠨ ᠬᠤᠭᠤᠴᠠᠭᠠᠨ ᠳᠤ ᠠᠵᠢᠯᠲᠠᠨ ᠠᠵᠢᠯᠴᠢᠨ ᠢᠶᠠᠨ  ᠵᠣᠬᠢᠶᠠᠨ ᠪᠠᠶᠢᠭᠤᠯᠤᠨ ᠡᠯ᠎ᠡ ᠲᠥᠷᠥᠯ ᠤᠨ ᠰᠦᠯᠵᠢᠶᠡᠨ ᠳᠡᠭᠡᠷᠡᠬᠢ ᠠᠵᠢᠯ ᠮᠡᠷᠭᠡᠵᠢᠯ ᠤᠨ ᠪᠣᠯᠪᠠᠰᠤᠷᠠᠯ ᠳᠤ ᠣᠷᠣᠯᠴᠠᠭᠰᠠᠳ ᠢ ᠣᠷᠣᠨ ᠨᠤᠲᠤᠭ ᠤᠨ ᠰᠤᠷᠭᠠᠨ  ᠬᠥᠮᠦᠵᠢᠯ ᠤᠨ ᠨᠡᠮᠡᠯᠲᠡ ᠲᠤᠰᠬᠠᠶ ᠵᠦᠢᠯ ᠤᠨ ᠪᠡᠯᠡ ᠮᠥᠩᠭᠦᠨ ᠤ  ᠨᠡᠮᠡᠭᠦᠷᠢ ᠶᠢᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠪᠣᠯᠪᠠᠰᠤᠷᠠᠯ ᠤᠨ ᠬᠡᠪᠴᠢᠶᠡᠨ ᠳᠤ  ᠤᠷᠤᠭᠤᠯᠵᠤ᠂ ᠪᠣᠳᠠᠲᠠᠶ ᠪᠣᠯᠪᠠᠰᠤᠷᠠᠯ ᠤᠨ ᠵᠠᠷᠤᠳᠠᠯ ᠶᠣᠰᠣᠭᠠᠷ 95% ᠶᠢᠨ  ᠨᠡᠮᠡᠬᠦᠷᠢ ᠣᠯᠭᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ  ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠷᠢᠭᠤᠴᠠᠨ᠎ᠠ︶       ︵ᠠᠷᠪᠠᠨ ᠳᠥᠷᠪᠡ︶ ᠤᠯᠤᠰ ᠤᠨ ᠥᠮᠴᠢᠯᠡᠯᠳᠣ ᠠᠵᠤ ᠠᠬᠤᠶᠢᠯᠠᠯ ᠤᠨ ᠭᠡᠷ᠎ᠡ ᠪᠠᠨ ᠭᠦᠢᠴᠡᠳᠬᠡᠬᠦ ᠪᠠ ᠳᠡᠮᠵᠢᠬᠦ ᠡᠷᠴᠢᠮ ᠢ ᠴᠢᠩᠭᠠᠷᠠᠭᠤᠯᠬᠤ ᠬᠡᠷᠡᠭᠳᠠᠢ᠃  ᠤᠯᠤᠰ ᠤᠨ ᠥᠮᠴᠢᠯᠡᠯᠳᠣ ᠠᠵᠤ ᠠᠬᠤᠶᠢᠯᠠᠯ ᠤᠨ ᠬᠢᠨ ᠠᠷᠠᠳ ᠤᠨ ᠡᠵᠡᠩᠨᠡᠯᠳᠠ ᠶᠢᠨ ᠠᠵᠤ ᠠᠬᠤᠶᠢᠯᠠᠯ ᠳᠤ ᠦᠷᠢᠳᠦᠭᠰᠡᠨ ᠦᠷᠢ ᠦᠭᠴᠡᠭᠡ ᠪᠠᠨ ᠲᠦᠷᠭᠡᠪᠴᠢᠯᠠᠨ  ᠲᠦᠯᠤᠭᠦ᠂ ᠢᠯᠠᠩᠭᠤᠶ᠎ᠠ ᠬᠢᠵᠢᠭ ᠤᠨ ᠪᠠᠶᠢᠳᠠᠯ ᠳᠤ ᠨᠥᠯᠥᠭᠡᠯᠡᠭᠳᠡᠵᠤ ᠦᠢᠯᠡᠳᠪᠦᠷᠢᠯᠡᠯ ᠡᠵᠡᠩᠨᠡᠯᠳᠠ ᠨᠢ ᠬᠦᠴᠢᠷᠳᠡᠯ ᠳᠤ ᠲᠤᠯᠭᠠᠷᠠᠬᠰᠠᠨ ᠳᠤᠮᠳᠠ ᠵᠢᠵᠢᠭ ᠠᠵᠤ  ᠠᠬᠤᠶᠢᠯᠠᠯ ᠤᠨ ᠦᠷᠢ ᠦᠭᠴᠡᠭᠡ ᠶᠢ ᠤᠷᠢᠳ ᠢᠶᠠᠷ ᠲᠥᠯᠥᠵᠣ᠂ ᠤᠷᠢᠳᠴᠢᠯᠠᠨ ᠲᠥᠯᠥᠬᠦ ᠶᠢ ᠵᠣᠷᠢᠭᠵᠢᠭᠤᠯᠵᠤ᠂ ᠬᠤᠳᠠᠯᠳᠤᠭᠠᠨ ᠤ ᠭᠤᠪᠢᠭᠤᠯᠭ᠎ᠠ ᠲᠠᠭᠠᠭᠠᠨ  ᠤᠯᠭᠤᠬᠤ ᠪᠠᠷᠢᠮᠳᠠ ᠶᠢᠨ ᠠᠷᠭ᠎ᠠ ᠪᠠᠷ ᠵᠣᠭᠤᠰ ᠪᠤᠴᠠᠭᠠᠬᠤ ᠬᠤᠭᠤᠴᠠᠭ᠎ᠠ ᠪᠠᠨ ᠤᠷᠲᠤᠳᠬᠠᠬᠤ ᠶᠢ ᠴᠢᠩᠭ᠎ᠠ ᠴᠠᠭᠠᠵᠠᠯᠠᠵᠤ᠂ ᠰᠢᠨ᠎ᠡ ᠦᠷᠢ ᠦᠭᠴᠡᠭᠡ ᠭᠠᠷᠭᠠᠬᠤ ᠶᠢ  ᠴᠢᠩᠭ᠎ᠠ ᠴᠠᠭᠠᠵᠠᠯᠠᠬᠤ ᠬᠡᠷᠡᠭᠳᠠᠢ᠃ ᠤᠯᠤᠰ ᠤᠨ ᠥᠮᠴᠢᠯᠡᠯᠳᠣ ᠠᠵᠤ ᠠᠬᠤᠶᠢᠯᠠᠯ ᠲᠠᠢ ᠨᠢᠭᠡᠨᠲᠡ ᠭᠡᠷ᠎ᠡ ᠲᠣᠭᠲᠠᠭᠠᠭᠰᠠᠨ ᠳᠤᠮᠳᠠ ᠵᠢᠵᠢᠭ ᠠᠵᠤ ᠠᠬᠤᠶᠢᠯᠠᠯ ᠤᠨ ᠬᠢᠨ  ᠬᠢᠵᠢᠭ ᠤᠨ ᠪᠠᠶᠢᠳᠠᠯ ᠤᠨ ᠨᠥᠯᠥᠭᠡ ᠠᠴᠠ ᠪᠤᠯᠵᠤ ᠭᠡᠷ᠎ᠡ ᠶᠢᠨ ᠡᠭᠦᠷᠭᠡ ᠪᠠᠨ ᠦᠨᠡᠨ ᠬᠦ ᠴᠠᠭ ᠲᠠᠭᠠᠨ ᠭᠦᠢᠴᠡᠳᠬᠡᠵᠦ ᠲᠡᠶᠢᠯᠬᠦ ᠦᠬᠡᠢ ᠪᠤᠯᠤᠬᠰᠠᠨ ᠪᠠᠶᠢᠪᠠᠯ᠂ ᠭᠡᠷ᠎ᠡ  ᠭᠦᠢᠴᠡᠳᠬᠡᠬᠦ ᠬᠤᠭᠤᠴᠠᠭ᠎ᠠ ᠶᠢ ᠨᠢ ᠵᠣᠬᠢᠰᠲᠠᠶ ᠤᠷᠲᠤᠳᠬᠠᠵᠤ ᠪᠣᠯᠤᠨ᠎ᠠ᠂ ᠪᠣᠳᠠᠲᠠᠶ ᠤᠷᠲᠤᠳᠬᠠᠬᠤ ᠬᠤᠭᠤᠴᠠᠭ᠎ᠠ ᠶᠢ ᠬᠤᠶᠠᠷ  ᠡᠳᠡᠭᠡᠣᠨ ᠢᠶᠠᠷ ᠢᠶᠠᠨ  ᠵᠥᠪᠳᠡᠯᠴᠡᠭᠰᠡᠨ ᠤ ᠲᠠᠷᠠᠭ᠎ᠠ ᠲᠠᠬᠢᠨ ᠲᠣᠭᠲᠠᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠳᠣ ᠡᠳ᠋ ᠬᠥᠷᠥᠩᠭᠡ ᠶᠢᠨ ᠬᠢᠨᠠᠯᠲᠠ  ᠬᠠᠮᠢᠶᠠᠷᠤᠯᠲᠠ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ  ᠵᠠᠩᠬᠢᠴᠢᠯᠠᠯᠳᠠ ᠶᠢᠨ ᠲᠢᠩᠬᠢᠮ᠂ ᠬᠠᠤᠯᠢ ᠴᠠᠭᠠᠵᠠ ᠶᠢᠨ ᠲᠢᠩᠬᠢᠮ  ᠬᠠᠷᠢᠭᠤᠴᠠᠨ᠎ᠠ︶      ︵ᠠᠷᠪᠠᠨ ᠲᠠᠪᠤ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠷᠴᠢᠮ ᠢᠶᠠᠨ ᠴᠢᠩᠭᠠᠷᠠᠭᠤᠯᠬᠤ ᠬᠡᠷᠡᠭᠳᠠᠢ᠃ ᠬᠢᠵᠢᠭ ᠤᠨ ᠪᠠᠶᠢᠳᠠᠯ ᠳᠤ ᠨᠥᠯᠥᠭᠡᠯᠡᠭᠳᠡᠭᠰᠡᠨ  ᠳᠤᠮᠳᠠ ᠵᠢᠵᠢᠭ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠳᠤ ᠬᠠᠷᠢᠭᠤ ᠥᠭᠬᠦ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠳᠤ ᠲᠤᠯᠭᠠᠷᠠᠭᠰᠠᠨ  ᠭᠡᠨᠡᠳᠲᠡ ᠶᠢᠨ ᠬᠦᠴᠢᠷᠳᠡᠯ ᠢ ᠴᠠᠭ ᠲᠤᠬᠠᠶ  ᠳᠤ ᠨᠢ ᠰᠢᠢᠳᠪᠦᠷᠢᠯᠡᠵᠦ ᠦᠭᠭᠦᠨ᠎ᠡ᠃ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ  ᠲᠠᠪᠴᠠᠩ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠨᠠᠩ ᠣᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶ᠎ᠠ ᠪᠠᠷ  ᠭᠦᠢᠴᠡᠳᠭᠡᠭᠦ ᠪᠤᠯᠭᠠᠵᠦ᠂  ᠭᠦᠮᠦᠰ ᠤᠨ ᠨᠠᠶᠢᠷᠠᠯᠳᠤᠵᠦ ᠴᠤᠭᠯᠠᠷᠠᠬᠤ ᠶᠢ ᠴᠦᠬᠡᠳᠬᠡᠨ᠎ᠠ᠃ ︵ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ  ᠵᠠᠩᠭᠢᠴᠢᠯᠠᠯᠳᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠬᠠᠷᠢᠭᠤᠴᠠᠨ᠎ᠠ︶      ᠳᠡᠭᠡᠷᠡᠬᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠳᠤ ᠵᠢᠭᠠᠵᠣ ᠪᠠᠶᠢᠭ᠎ᠠ ᠳᠤᠮᠳᠠ ᠵᠢᠵᠢᠭ ᠠᠵᠤ ᠠᠬᠤᠶᠢᠯᠠᠯ ᠢ ᠮᠠᠭᠠᠳᠯᠠᠨ ᠲᠣᠭᠲᠠᠭᠠᠬᠤ ᠳᠤ᠂ ᠠᠵᠤ  ᠦᠢᠯᠡᠳᠪᠦᠷᠢ ᠪᠠ ᠮᠡᠳᠡᠭᠡ  ᠵᠠᠩᠬᠢᠴᠢᠯᠠᠯᠳᠠ ᠶᠢᠨ ᠶᠠᠮᠤᠨ ᠵᠡᠷᠭᠡ ᠳᠥᠷᠪᠡᠨ ᠰᠠᠯᠠᠭ᠎ᠠ ᠮᠥᠴᠢᠷ ᠤᠨ ᠳᠠᠷᠤᠮᠠᠯᠯᠠᠨ ᠲᠠᠷᠬᠠᠭᠠᠬᠰᠠᠨ ︽ᠳᠤᠮᠳᠠ ᠵᠢᠵᠢᠭ ᠠᠵᠤ  ᠠᠬᠤᠶᠢᠯᠠᠯ ᠤᠨ ᠬᠡᠯᠪᠡᠷᠢ ᠮᠠᠶ᠋ᠢᠬ ᠢ ᠬᠤᠪᠢᠶᠠᠬᠤ ᠪᠠᠷᠢᠮᠵᠢᠶ᠎ᠠ ᠶᠢᠨ ᠲᠣᠭᠲᠠᠭᠠᠯ︾ ᠶᠣᠰᠣᠭᠠᠷ ᠬᠡᠷᠡᠭᠵᠢᠭᠦᠯᠦᠨ᠎ᠡ᠃ ᠳᠡᠭᠡᠷᠡᠬᠢ ᠲᠥᠷᠥ ᠶᠢᠨ ᠪᠣᠳᠣᠯᠭ᠎ᠠ ᠶᠢᠨ ᠠᠷᠭ᠎ᠠ  ᠬᠡᠮᠵᠢᠶ᠎ᠡ ᠶᠢ ᠬᠡᠷᠡᠭᠵᠢᠭᠦᠯᠬᠦ ᠬᠤᠭᠤᠴᠠᠭ᠎ᠠ ᠶᠢ ᠨᠢ ᠲᠣᠳᠣᠷᠬᠠᠶ ᠲᠣᠭᠲᠠᠭᠠᠭᠰᠠᠨ ᠪᠠᠶᠢᠪᠠᠯ ᠲᠣᠭᠲᠠᠭᠠᠯ ᠶᠣᠰᠣᠭᠠᠷ ᠬᠡᠷᠡᠭᠵᠢᠭᠦᠯᠵᠦ᠂ ᠭᠡᠷᠡᠭᠵᠢᠬᠦᠯᠬᠦ ᠬᠤᠭᠤᠴᠠᠭ᠎ᠠ ᠶᠢ  ᠲᠤᠳᠤᠷᠬᠠᠶᠢᠯᠠᠭᠰᠠᠨ ᠦᠬᠡᠢ ᠪᠠᠶᠢᠪᠠᠯ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ  ᠦᠷᠪᠢᠰᠦᠯ ᠤᠨ ᠬᠢᠵᠢᠭ ᠤᠨ ᠪᠠᠶᠢᠳᠠᠯ ᠢ   ᠲᠠᠶᠢᠯᠤᠨᠨᠰᠠᠨ ᠤ ᠳᠠᠷᠠᠭ᠎ᠠ ᠵᠣᠭᠰᠣᠭᠠᠨ᠎ᠠ᠃ ᠤᠯᠤᠰ ᠠᠴᠠ ᠨᠡᠶᠢᠲᠡᠯᠡᠭᠰᠡᠨ ᠬᠠᠮᠢᠶ᠎ᠠ ᠪᠦᠬᠦᠢ  ᠲᠡᠮᠵᠢᠬᠦ ᠲᠥᠷᠥ ᠶᠢᠨ ᠪᠣᠳᠣᠯᠭ᠎ᠠ  ᠶᠢᠨ ᠠᠷᠭ᠎ᠠ ᠬᠡᠮᠵᠢᠶ᠎ᠡ ᠶᠢ ᠥᠪᠡᠷᠲᠡᠭᠡᠨ  ᠵᠠᠰᠠᠬᠤ ᠣᠷᠣᠨ ᠤ ᠬᠢᠨ ᠵᠡᠷᠭᠡ ᠪᠠᠷ ᠵᠢᠷᠤᠮᠯᠠᠨ ᠬᠡᠷᠡᠭᠵᠢᠭᠦᠯᠦᠨ᠎ᠡ᠃                  2020 ᠤᠨ ᠤ 2 ᠳ᠋ᠤᠭᠠᠷ ᠰᠠᠷ᠎ᠠ ᠶᠢᠨ 7 ᠤ ᠡᠳᠤᠷ                  ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号