ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠪᠥᠬᠦ ᠣᠷᠣᠨ ᠤ ᠬᠠᠤᠯᠢ ᠴᠠᠭᠠᠵᠠ  ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠠ
ᠨᠡᠶᠢᠲᠡᠯᠡᠭᠰᠡᠨ ᠴᠠᠭ᠄
2021/4/20
     4 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠪᠥᠬᠦ ᠣᠷᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠪᠥᠬᠦ ᠣᠷᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ  ᠤ ᠰᠢᠰᠲ᠋ᠧᠮ ᠤᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠠᠵᠢᠯ ᠤᠨ ᠪᠠᠶᠢᠳᠠᠯ ᠢ ᠨᠡᠶᠢᠲᠡᠯᠡᠭᠰᠡᠨ ᠪᠥᠭᠡᠳ ᠨᠡᠶᠢᠭᠡᠮ ᠨᠡᠶᠢᠲᠡ ᠳᠤ ᠢᠯᠡ ᠪᠠᠷ ᠠᠮᠠᠯᠠᠯᠲᠠ ᠬᠢᠪᠠ᠃ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠨᠠᠮ ᠤᠨ ᠬᠤᠷᠢᠶᠠᠨ ᠤ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠷᠦᠢ ᠾᠧ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠭᠢᠨᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠬᠤᠤᠷ ᠲᠠᠲᠠᠬᠤ ᠶᠢ ᠵᠣᠭᠰᠣᠭᠠᠬᠤ ᠬᠠᠮᠢᠶᠠᠷᠤᠯᠲᠠ ᠶᠢᠨ ᠲᠣᠪᠴᠢᠶ᠎ᠠ᠂ ᠬᠠᠤᠯᠢᠴᠢ ᠶᠢᠨ ᠠᠵᠢᠯ ᠤᠨ ᠭᠠᠵᠠᠷ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠶᠯᠡᠴᠢᠯᠡᠭᠡᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠰᠤᠷᠪᠤᠯᠵᠢᠯᠠᠭᠴᠢ  ᠶᠢᠨ ᠠᠰᠠᠭᠤᠯᠲᠠ ᠶᠢ ᠬᠠᠷᠢᠭᠤᠯᠪᠠ᠃ ᠰᠣᠨᠢᠨ ᠮᠡᠳᠡᠭᠡ ᠨᠡᠶᠢᠲᠡᠯᠡᠬᠦ ᠬᠤᠷᠠᠯ ᠢ ᠬᠠᠤᠯᠢ ᠴᠠᠭᠠᠵᠠ ᠶᠢᠨ ᠲᠢᠩᠬᠢᠮ ᠤᠨ ᠠᠯᠪᠠᠨ ᠬᠡᠷ ᠤᠨ ᠬᠠᠷᠢᠭᠤᠴᠠᠯᠭᠠᠲᠠᠨ ᠠᠴᠠ ᠡᠷᠭᠢᠯᠡᠪᠡ᠃      ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠪᠥᠬᠦ ᠣᠷᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠠᠵᠢᠯ ᠥᠷᠨᠢᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠲᠥᠪ ᠴᠢᠩᠭ᠎ᠠ ᠪᠠᠷ ᠠᠮᠠᠯᠳᠠᠪᠠ᠄ ᠪᠥᠬᠦ ᠣᠷᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ  ᠤ ᠰᠢᠰᠲ᠋ᠧᠮ ᠨᠠᠮ ᠤᠨ ᠲᠥᠪ ᠬᠤᠷᠢᠶ᠎ᠠ ᠶᠢᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠬᠠᠤᠯᠢ ᠴᠠᠭᠠᠵᠠ ᠶᠢᠨ ᠶᠠᠮᠤᠨ ᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠳᠤᠭᠠᠨ ᠢᠷ ᠢ ᠳᠣᠲᠣᠭᠰᠢ ᠬᠠᠨᠳᠤᠭᠤᠯᠬᠤ᠂ ᠶᠠᠰᠤ ᠶᠢ ᠨᠢ ᠬᠤᠰᠤᠵᠤ ᠬᠤᠤᠷ ᠢ ᠨᠢ ᠠᠷᠢᠯᠭᠠᠬᠤ ᠡᠷᠡᠰ ᠰᠥᠰᠥ ᠵᠣᠷᠢᠭ ᠢᠶᠠᠷ ᠬᠥᠮᠦᠵᠢᠯ ᠴᠡᠭᠴᠡᠯᠡᠯᠲᠡ ᠶᠢᠨ ᠯᠠᠪᠳᠠᠭᠤᠨ ᠪᠠᠲᠤᠲᠠᠶ ᠦᠷ᠎ᠡ ᠪᠦᠲᠦᠮᠵᠢ ᠤᠯᠬᠤ ᠶᠢ ᠬᠦᠴᠦᠯᠡᠨ ᠠᠬᠢᠭᠤᠯᠵᠤ᠂ ᠢᠲᠡᠭᠡᠯ ᠪᠢᠰᠢᠷᠡᠯ ᠪᠠᠲᠤ ᠴᠢᠩᠭ᠎ᠠ᠂ ᠠᠷᠠᠳ ᠤᠨ ᠲᠥᠯᠥᠭᠡ ᠬᠠᠤᠯᠢ ᠬᠡᠷᠡᠭᠵᠢᠭᠦᠯᠬᠦ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ᠂ ᠲᠥᠪ ᠭᠤᠤᠯᠴᠢ ᠠᠷᠢᠭᠤᠨ ᠴᠢᠬᠡᠴᠢ ᠪᠠᠶᠢᠬᠤ ᠨᠢᠭᠡᠨ ᠰᠠᠯᠠᠭ᠎ᠠ ᠴᠠᠭᠠᠷᠠᠭᠰᠠᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠡᠩᠨᠡᠭᠡ ᠶᠢ ᠴᠢᠷᠮᠠᠶᠢᠨ ᠪᠠᠶᠢᠭᠤᠯᠤᠨ᠎ᠠ᠃      ᠪᠥᠬᠦ ᠣᠷᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠥᠪᠥᠷ ᠮᠣᠩᠭᠤᠯ ᠤᠨ ᠬᠠᠤᠯᠢ ᠴᠠᠭᠠᠵᠠ ᠶᠢᠨ ᠲᠢᠩᠬᠢᠮ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ  ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠵᠢᠭᠠᠪᠤᠷᠢ ᠪᠠ ᠰᠤᠷᠭᠠᠯ ᠦᠭᠡ ᠶᠢᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ  ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠲᠥᠪ ᠬᠤᠷᠢᠶ᠎ᠠ᠂ ᠬᠠᠤᠯᠢ ᠴᠠᠭᠠᠵᠠ ᠶᠢᠨ ᠶᠠᠮᠤᠨ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠵᠣᠬᠢᠶᠠᠨ ᠪᠠᠶᠢᠭᠤᠯᠤᠯᠲᠠ  ᠶᠢᠨ ᠤᠳᠤᠷᠢᠳᠤᠯᠭ᠎ᠠ᠂ ᠪᠠᠶᠢᠭᠤᠯᠤᠮᠵᠢ ᠶᠢᠨ ᠪᠠᠶᠢᠭᠤᠯᠤᠯᠲᠠ᠂ ᠬᠢᠨᠠᠨ ᠵᠢᠯᠣᠭᠤᠳᠴᠤ ᠪᠠᠶᠢᠴᠠᠭᠠᠬᠤ ᠶᠢ ᠴᠢᠩᠭᠠᠳᠬᠠᠵᠤ᠂ ᠪᠥᠬᠦ ᠣᠷᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠳᠣᠣᠷ᠎ᠠ ᠪᠠᠨ ᠠᠯᠪᠠᠨ ᠭᠡᠷ ᠭᠠᠷᠭᠠᠨ᠂ ︽ᠳᠥᠷᠪᠡᠨ ᠰᠢᠰᠲ᠋ᠧᠮ ᠢᠶᠠᠷ ᠢᠶᠠᠨ ᠬᠠᠷᠢᠯᠴᠠᠬᠤ ᠠᠵᠢᠯ ᠤᠨ ᠲᠤᠰᠬᠠᠶ ᠠᠩᠭᠢ︾ ᠶᠢ ᠨᠠᠷᠢᠯᠢᠬᠵᠢᠭᠤᠯᠤᠨ ᠵᠣᠬᠢᠶᠠᠨ ᠪᠠᠶᠢᠭᠤᠯᠵᠤ᠂ ᠪᠦᠬᠦ ᠣᠷᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠪᠠ ᠡᠯ᠎ᠡ ᠪᠣᠳᠠᠲᠠᠶ ᠠᠵᠢᠯ ᠲᠥᠷᠥᠯ ᠤᠨ ᠲᠥᠷᠥᠯ ᠬᠤᠪᠢᠶᠠᠨ ᠵᠢᠯᠣᠭᠤᠳᠬᠤ ᠶᠢ ᠪᠣᠳᠠᠲᠠᠶ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠶ ᠲᠥᠯᠥᠪᠯᠡᠨ ᠠᠷᠭ᠎ᠠ ᠤᠬᠠᠭᠠᠨ ᠰᠦᠪᠡᠭᠴᠢᠯᠡᠵᠦ᠂ ᠪᠦᠬᠦᠯᠢ ᠴᠣᠭᠴᠠ ᠪᠠᠷ ᠠᠬᠢᠭᠤᠯᠬᠤ ᠪᠠ ᠭᠤᠤᠯᠳᠠᠯᠭ᠎ᠠ ᠲᠠᠢ ᠰᠢᠪᠲᠤᠯᠬᠤ ᠶᠢᠨ ᠬᠠᠷᠢᠴᠠᠭ᠎ᠠ᠂ ᠣᠳᠣᠬᠠᠨ ᠤ ᠪᠠ ᠠᠯᠤᠰ ᠬᠡᠲᠦ ᠶᠢᠨ ᠬᠠᠷᠢᠴᠠᠭ᠎ᠠ᠂ ᠲᠣᠭᠲᠠᠭᠰᠠᠨ ᠬᠥᠳᠡᠯᠦᠯ ᠪᠠᠷᠢᠯ ᠪᠠ ᠥᠪᠡᠰᠦᠪᠡᠨ ᠰᠣᠩᠭᠤᠬᠤ ᠬᠥᠳᠡᠯᠦᠯ ᠪᠠᠷᠢᠯ ᠤᠨ ᠬᠠᠷᠢᠴᠠᠭ᠎ᠠ ᠶᠢ ᠵᠥᠪ ᠢᠶᠠᠷ ᠰᠢᠶᠳᠪᠦᠷᠢᠯᠡᠵᠦ᠂ ᠰᠢᠰᠲ᠋ᠧᠮ ᠲᠠᠢ ᠠᠷᠭ᠎ᠠ ᠪᠣᠳᠣᠯᠭ᠎ᠠ ᠪᠠᠨ ᠴᠢᠩᠭᠠᠳᠬᠠᠨ᠎ᠠ᠃ ᠤᠯᠤᠰ ᠲᠦᠷᠦ ᠶᠢᠨ ᠦᠷ᠎ᠡ ᠪᠦᠲᠦᠮᠵᠢ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠦᠷ᠎ᠡ ᠪᠦᠲᠦᠮᠵᠢ᠂ ᠨᠡᠶᠢᠭᠡᠮ ᠤᠨ ᠦᠷ᠎ᠡ ᠪᠦᠲᠦᠮᠵᠢ ᠶᠢ ᠨᠢᠭᠡᠳᠬᠡᠬᠦ ᠶᠢ ᠪᠠᠷᠢᠮᠲᠠᠯᠠᠵᠤ᠂ ᠡᠭᠦᠳᠡ ᠪᠠᠨ ᠨᠡᠭᠡᠭᠡᠵᠦ ᠬᠥᠮᠦᠵᠢᠯ ᠴᠡᠭᠴᠡᠯᠡᠯᠲᠡ ᠬᠢᠵᠦ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠲᠤᠪᠤᠶᠢᠯᠭᠠᠵᠤ᠂ ᠠᠷᠭ᠎ᠠ ᠵᠠᠮ ᠢᠶᠠᠨ ᠰᠢᠯᠢᠳᠡᠭᠵᠢᠭᠦᠯᠦᠨ᠎ᠡ᠃ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠲᠤ ᠪᠤᠢ ᠪᠣᠯᠭᠠᠵᠤ᠂ ᠴᠡᠭᠴᠡᠯᠡᠯᠲᠡ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃      ᠰᠤᠷᠤᠯᠴᠠᠯᠭ᠎ᠠ ᠬᠥᠮᠦᠵᠢᠯ ᠤᠨ ᠱᠠᠲᠤᠨ ᠳᠤ᠂ ᠪᠥᠬᠦ ᠣᠷᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠦᠵᠡᠯ ᠰᠠᠨᠠᠭ᠎ᠠ ᠤᠯᠤᠰ ᠲᠥᠷᠥ ᠶᠢᠨ ᠰᠠᠭᠤᠷᠢ ᠶᠢ ᠦᠨᠡᠨ ᠬᠦ ᠪᠠᠬᠢᠵᠢᠭᠦᠯᠪᠡ᠃ ᠨᠢᠭᠡ ᠳᠤ ᠤᠯᠤᠰ ᠲᠥᠷᠥ ᠶᠢᠨ ᠬᠥᠮᠦᠵᠢᠯ ᠢ ᠲᠣᠪᠣᠶᠢᠮ᠎ᠠ ᠰᠠᠶᠢᠲᠤᠷ ᠠᠳᠬᠤᠵᠤ᠂ ᠣᠶᠤᠨ ᠰᠠᠨᠠᠭᠠᠨ ᠤ ︽ᠺᠠᠯᠼ︾ ᠢ ᠭᠦᠶᠴᠡᠳ ᠨᠦᠬᠦᠪᠦᠷᠢᠯᠡᠪᠡ᠃ ᠥᠪᠥᠷ ᠮᠣᠩᠭᠤᠯ ᠤᠨ ᠬᠠᠤᠯᠢ ᠴᠠᠭᠠᠵᠠ ᠶᠢᠨ ᠲᠢᠩᠬᠢᠮ ︽ᠬᠥᠮᠦᠵᠢᠯ ᠴᠡᠭᠴᠡᠯᠡᠯᠲᠡ ᠶᠢᠨ ᠠᠵᠢᠯ  ᠤᠨ ᠰᠤᠷᠤᠯᠴᠠᠯᠭ᠎ᠠ ᠬᠥᠮᠦᠵᠢᠯ ᠤᠨ ᠱᠠᠲᠤᠨ ᠤ ᠵᠢᠯᠣᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠶᠢ ᠭᠦᠨᠵᠡᠭᠡᠶ ᠰᠤᠷᠤᠯᠴᠠᠨ ᠨᠡᠪᠲᠡᠷᠬᠡᠶ ᠣᠶᠢᠯᠠᠭᠠᠬᠤ ᠪᠠᠷ ᠦᠨᠳᠦᠰᠦᠨ ᠡᠭᠦᠷᠭᠡ ᠪᠣᠯᠭᠠᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠪᠠ᠃ ᠡᠯ᠎ᠡ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠨᠢ ︽ᠨᠢᠭᠡᠳᠦᠭᠡᠷ ᠭᠠᠷ︾ ᠢᠶᠠᠷ ᠨᠠᠮ ᠤᠨ ᠬᠢᠴᠢᠶᠡᠯ ᠣᠷᠣᠬᠤ᠂ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠪᠥᠬᠦ ᠠᠵᠢᠯᠲᠠᠨ  ᠤ ᠤᠯᠤᠰ ᠲᠥᠷᠥ ᠶᠢᠨ ᠡᠭᠡᠯᠵᠢᠯᠡᠨ ᠪᠣᠯᠪᠠᠰᠤᠷᠠᠭᠤᠯᠬᠤ ᠶᠢ ᠥᠷᠨᠢᠭᠦᠯᠵᠦ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ  ᠤ ᠺᠠᠳ᠋ᠷ ᠴᠠᠭᠳᠠᠭ᠎ᠠ ᠶᠢᠨ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ︽ᠬᠤᠶᠠᠷ ᠢ ᠬᠠᠮᠠᠭᠠᠯᠠᠬᠤ︾ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠪᠡ᠃ ᠣᠳᠣᠬᠠᠨ ᠪᠣᠯᠲᠠᠯ᠎ᠠ᠂ ᠪᠥᠬᠦ ᠣᠷᠣᠨ ᠤ ᠭᠢᠨᠳᠠᠨ  ᠤ ᠰᠢᠰᠲ᠋ᠧᠮ ᠤᠨ ᠬᠢᠨ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠭᠤᠤᠯ ᠳᠤᠭᠤᠶᠢᠯᠠᠩ ᠤᠨ ᠲᠤᠰᠬᠠᠶ ᠰᠡᠳᠦᠪᠲᠦ ᠰᠤᠷᠤᠯᠴᠠᠯᠭ᠎ᠠ ᠶᠢ ᠨᠡᠶᠢᠲᠡ 41 ᠤᠳᠠᠭ᠎ᠠ ᠵᠣᠬᠢᠶᠠᠨ ᠪᠠᠶᠢᠭᠤᠯᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ︽ᠨᠢᠭᠡᠳᠦᠭᠡᠷ ᠭᠠᠷ︾ 47 ᠤᠳᠠᠭ᠎ᠠ ᠨᠠᠮ ᠤᠨ ᠬᠢᠴᠢᠶᠡᠯ ᠣᠷᠣᠵᠤ᠂ ᠬᠤᠤᠷ ᠲᠠᠲᠠᠬᠤ ᠶᠢ ᠵᠣᠭᠰᠣᠭᠠᠬᠤ ᠰᠢᠰᠲ᠋ᠧᠮ ᠤᠯᠤᠰ ᠲᠥᠷᠥ ᠶᠢᠨ ᠡᠭᠡᠯᠵᠢᠯᠡᠨ ᠪᠣᠯᠪᠠᠰᠤᠷᠠᠭᠤᠯᠬᠤ ᠠᠩᠭᠢ ᠶᠢ 2 ᠬᠤᠭᠤᠴᠠᠭ᠎ᠠ ᠥᠷᠨᠢᠭᠦᠯᠪᠡ᠃ ᠬᠤᠶᠠᠷ ᠲᠤ ᠨᠠᠮ ᠤᠨ ᠲᠡᠦᠬᠡ ᠶᠢᠨ ᠬᠥᠮᠦᠵᠢᠯ ᠢ ᠲᠤᠪᠤᠶᠢᠮ᠎ᠠ ᠰᠠᠶᠢᠲᠤᠷ ᠠᠳᠬᠤᠵᠤ᠂ ᠦᠵᠡᠯ ᠰᠠᠨᠠᠭᠠᠨ ︽ᠰᠦᠭ ᠰᠦᠨᠡᠰᠦ︾ ᠶᠢ ᠨᠢᠭᠲᠠᠷᠠᠭᠤᠯᠪᠠ᠃ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ ᠶᠢ ᠰᠤᠷᠤᠯᠴᠠᠬᠤ ᠵᠡᠷᠭᠡ ᠠᠵᠢᠯᠯᠠᠭ᠎ᠠ ᠶᠢ ᠬᠢᠨᠠᠮᠠᠭᠠᠶ ᠵᠣᠬᠢᠶᠠᠨ ᠪᠠᠶᠢᠭᠤᠯᠤᠨ ᠦᠷᠨᠢᠭᠦᠯᠪᠡ᠃ ᠰᠤᠷᠤᠯᠴᠠᠯᠭ᠎ᠠ ᠳᠤ ︽ᠲᠥᠷᠥᠯ ᠵᠦᠶᠯᠵᠢᠭᠦᠯᠬᠦ᠂ ᠨᠠᠷᠢᠨ ᠬᠠᠭᠤᠳᠠᠰᠤᠵᠢᠭᠤᠯᠬᠤ︾ ᠬᠠᠮᠢᠶᠠᠷᠤᠯᠲᠠ ᠶᠢ ᠬᠡᠷᠡᠭᠵᠢᠭᠦᠯᠵᠦ᠂ ᠭᠢᠨᠳᠠᠨ ᠤ ᠰᠢᠰᠲ᠋ᠧᠮ ᠳᠤ ︽ᠪᠥᠬᠦ ᠣᠷᠣᠨ ᠤ ᠭᠢᠨᠳᠠᠨ ᠤ ᠰᠢᠰᠲ᠋ᠧᠮ ᠤᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠰᠤᠷᠤᠯᠴᠠᠯᠭ᠎ᠠ ᠬᠥᠮᠦᠵᠢᠯ  ᠤᠨ ᠭᠤᠭᠴᠣᠭᠠᠨ ᠤ ᠠᠵᠢᠯ ᠤᠨ ᠵᠢᠯᠣᠭᠤᠳᠤᠮᠵᠢ︾ ᠪᠠ ︽ᠰᠤᠷᠤᠯᠴᠠᠯᠭ᠎ᠠ ᠬᠥᠮᠦᠵᠢᠯ ᠤᠨ ᠯᠠᠪᠯᠠᠯᠲᠠ ᠶᠢᠨ ᠮᠠᠲ᠋ᠧᠷᠢᠶᠠᠯ︾ ᠢ ᠲᠣᠭᠲᠠᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠶᠢ ᠤᠷᠬᠢᠭᠳᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ ᠬᠤᠤᠷ ᠲᠠᠲᠠᠬᠤ ᠶᠢ ᠵᠣᠭᠰᠣᠭᠠᠬᠤ ᠰᠢᠰᠲ᠋ᠧᠮ ᠳᠤ ︽ᠰᠤᠷᠤᠯᠴᠠᠯᠭ᠎ᠠ ᠬᠥᠮᠦᠵᠢᠯ ᠤᠨ ᠱᠠᠲᠤ ᠦᠶ᠎ᠡ ᠶᠢᠨ ᠡᠭᠦᠷᠭᠡ ᠶᠢᠨ ᠨᠠᠷᠢᠨ ᠬᠠᠭᠤᠳᠠᠰᠤ︾ ᠪᠠ ︽ᠰᠤᠷᠭᠠᠨ ᠬᠥᠮᠦᠵᠢᠯ ᠤᠨ ᠴᠡᠭᠴᠡᠯᠡᠯᠲᠡ ᠰᠤᠷᠤᠯᠴᠠᠯᠭ᠎ᠠ ᠬᠥᠮᠦᠵᠢᠯ ᠤᠨ ᠱᠠᠲᠤ ᠦᠶ᠎ᠡ ᠶᠢᠨ ᠠᠵᠢᠯ ᠤᠨ ᠲᠣᠬᠢᠷᠠᠭᠤᠯᠤᠯᠲᠠ ᠪᠠ ᠠᠬᠢᠴᠠ ᠶᠢᠨ ᠬᠦᠰᠦᠨᠦᠭ︾ ᠶᠢ ᠪᠠᠶᠢᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠶᠢ ᠲᠥᠯᠥᠪᠯᠡᠭᠡ ᠶᠣᠰᠣᠭᠠᠷ ᠡᠮᠬᠢ ᠵᠢᠷᠤᠮ ᠲᠠᠢ ᠥᠷᠨᠢᠭᠦᠯᠬᠦ ᠶᠢ ᠠᠬᠢᠭᠤᠯᠤᠨ᠎ᠠ᠃ ᠬᠠᠤᠯᠢᠴᠢ᠂ ᠠᠯᠪᠠᠨ ᠭᠡᠷᠡᠴᠢᠯᠡᠭᠡ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠠᠵᠢᠯ ᠲᠦᠷᠦᠯ ᠳᠤ ᠰᠤᠷᠤᠯᠴᠠᠯᠭ᠎ᠠ ᠬᠥᠮᠦᠵᠢᠯ ᠤᠨ ᠱᠠᠲᠤᠨ ᠤ ᠬᠡᠷᠡᠭᠵᠢᠭᠦᠯᠬᠦ ᠲᠥᠰᠦᠯ ᠢ ᠲᠤᠰᠬᠠᠶᠢᠯᠠᠨ ᠨᠡᠶᠢᠲᠡᠯᠡᠵᠦ᠂ ᠰᠤᠷᠤᠯᠴᠠᠯᠭ᠎ᠠ ᠬᠥᠮᠦᠵᠢᠯ ᠢ ᠰᠢᠨᠵᠢᠯᠡᠬᠦ ᠤᠬᠠᠭᠠᠨᠴᠢ ᠪᠠᠷ ᠲᠥᠰᠦᠪᠯᠡᠨ ᠪᠠᠶᠢᠷᠢᠯᠠᠭᠤᠯᠪᠠ᠃ ᠣᠳᠣᠬᠠᠨ ᠪᠣᠯᠲᠠᠯ᠎ᠠ᠂ ᠪᠥᠬᠦ ᠣᠷᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠨᠡᠶᠢᠲᠡ 530 ᠤᠳᠠᠭ᠎ᠠ ᠵᠣᠬᠢᠶᠠᠨ ᠪᠠᠶᠢᠭᠤᠯᠤᠨ ᠰᠤᠷᠤᠯᠴᠠᠪᠠ᠃ ᠡᠭᠦᠨ ᠤ ᠬᠠᠮᠲᠤ᠂ ᠰᠤᠷᠤᠯᠴᠠᠬᠤ ᠠᠷᠭ᠎ᠠ ᠬᠡᠯᠪᠡᠷᠢ ᠪᠠᠨ ᠢᠳᠡᠪᠬᠢᠲᠡᠶ ᠰᠢᠨᠡᠴᠢᠯᠡᠵᠦ᠂ ᠣᠶᠢᠷ᠎ᠠ ᠬᠠᠪᠢ ᠳᠤ ᠨᠢ ᠲᠥᠬᠦᠮ ᠦᠵᠡᠭᠦᠯᠬᠦ ᠵᠠᠷᠴᠢᠮ ᠢ ᠪᠠᠷᠢᠮᠲᠠᠯᠠᠨ᠂ ᠰᠢᠰᠲ᠋ᠧᠮ ᠤᠨ ᠳᠣᠲᠣᠷ᠎ᠠ ᠭᠠᠳᠠᠨᠠᠬᠢ ᠬᠤᠪᠢᠰᠬᠠᠯ ᠤᠨ ᠬᠥᠮᠦᠵᠢᠯ  ᠤᠨ ᠡᠬᠢ ᠪᠠᠶᠠᠯᠢᠭ ᠢ ᠭᠦᠶᠴᠡᠳ ᠠᠰᠢᠭᠯᠠᠵᠤ᠂ ᠬᠤᠪᠢᠰᠬᠠᠯᠲᠤ ᠤᠯᠠᠮᠵᠢᠯᠠᠯ ᠤᠨ ᠬᠥᠮᠦᠵᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠥᠷᠭᠡᠨ ᠣᠯᠠᠨ ᠺᠠᠳ᠋ᠷ ᠴᠠᠭᠳᠠᠭ᠎ᠠ ᠶᠢᠨ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠤᠨ᠂ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠵᠤ᠂ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠶᠢ ᠬᠥᠮᠦᠵᠢᠭᠦᠯᠦᠨ ᠬᠥᠲᠥᠯᠥᠨ ᠵᠢᠯᠣᠭᠤᠳᠪᠠ᠃ ᠭᠤᠷᠪᠠ ᠳᠤ ᠰᠡᠷᠡᠮᠵᠢᠯᠡᠭᠦᠯᠬᠦ ᠬᠥᠮᠦᠵᠢᠯ ᠢ ᠲᠣᠪᠣᠶᠢᠮ᠎ᠠ ᠰᠠᠶᠢᠲᠤᠷ ᠠᠳᠬᠤᠵᠤ᠂ ᠰᠠᠬᠢᠯᠭ᠎ᠠ ᠪᠠᠲᠤ ᠶᠢᠨ ︽ᠲᠣᠭᠲᠠᠭᠠᠯ︾ ᠢ ᠪᠠᠲᠤ ᠪᠣᠶ ᠪᠣᠯᠭᠠᠬᠤ ᠬᠡᠷᠡᠭᠲᠡᠶ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠡᠩᠨᠡᠭᠡᠨ ᠤ ᠳᠣᠲᠣᠷ᠎ᠠ᠂ ᠨᠠᠮ ᠤᠨ ᠲᠦᠷᠢᠮ ᠨᠠᠮ ᠤᠨ ᠲᠣᠭᠲᠠᠭᠠᠯ ᠨᠠᠮ  ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠭᠡᠨ ᠢᠶᠠᠷ ᠵᠣᠬᠢᠶᠠᠨ ᠪᠠᠶᠢᠭᠤᠯᠤᠨ ᠥᠷᠨᠢᠭᠦᠯᠵᠦ᠂ ︽ᠨᠢᠭᠡ ᠨᠠᠮ ᠤᠨ ᠲᠦᠷᠢᠮ︾᠂ ︽ᠬᠤᠶᠠᠷ ᠪᠠᠷᠢᠮᠵᠢᠶ᠎ᠠ︾᠂ ︽ᠭᠤᠷᠪᠠᠨ ᠲᠦᠷᠢᠮ︾ ᠲᠠᠢ ᠤᠶᠠᠯᠳᠤᠭᠤᠯᠤᠨ᠂ ᠰᠤᠷᠤᠯᠴᠠᠬᠤ᠂ ᠴᠡᠭᠡᠵᠢᠯᠡᠬᠦ᠂ ᠤᠶᠢᠯᠠᠭᠠᠬᠤ᠂ ᠦᠨᠡᠨ ᠴᠡᠭᠡᠵᠢᠯᠡᠬᠦ᠂ ᠦᠨᠡᠨ ᠮᠡᠳᠡᠬᠦ᠂ ᠦᠨᠡᠨ ᠰᠠᠬᠢᠬᠤ ᠶᠢ ᠠᠬᠢᠭᠤᠯᠬᠤ ᠪᠠᠷ ᠨᠠᠮ ᠤᠨ ᠭᠡᠰᠢᠭᠦᠨ ᠺᠠᠳ᠋ᠷᠴᠤᠳ ᠢ ᠰᠢᠮᠳᠠᠭᠤᠯᠤᠨ ᠵᠢᠯᠣᠭᠤᠳᠴᠤ ᠪᠠᠶᠢᠭᠠᠳ ᠨᠠᠮ ᠤᠨ ᠰᠠᠬᠢᠯᠭ᠎ᠠ ᠪᠠᠲᠤ ᠶᠢ ᠰᠡᠳᠬᠢᠯ ᠳᠤ ᠪᠠᠨ ᠬᠠᠳᠠᠩᠰᠢᠭᠤᠯᠤᠨ᠎ᠠ᠃ ᠡᠭᠦᠨ ᠤ ᠬᠠᠮᠲᠤ᠂ ᠬᠢᠴᠢᠶᠡᠯ ᠤᠨ ᠲᠠᠩᠬᠢᠮ ᠢ ᠲᠢᠩᠬᠢᠮ ᠤᠨ ᠰᠢᠭᠦᠯᠲᠡ᠂ ᠭᠢᠨᠳᠠᠨ ᠵᠡᠷᠭᠡ ︽ᠨᠢᠭᠡᠳᠦᠭᠡᠷ ᠠᠬᠤᠶ ᠲᠠᠯᠠᠪᠠᠶ︾ ᠳᠤ ᠭᠠᠷᠭᠠᠵᠤ᠂ ᠰᠡᠷᠡᠮᠵᠢᠯᠡᠭᠦᠯᠬᠦ ᠬᠥᠮᠦᠵᠢᠯ ᠥᠷᠨᠢᠭᠦᠯᠪᠡ᠃ ᠰᠢᠰᠲ᠋ᠧᠮ ᠤᠨ ᠳᠣᠲᠣᠷᠠᠬᠢ ᠬᠠᠤᠯᠢ ᠴᠠᠭᠠᠵᠠ ᠰᠠᠬᠢᠯᠭ᠎ᠠ ᠪᠠᠲᠤ ᠶᠢ ᠵᠥᠷᠢᠴᠡᠭᠰᠡᠨ ᠬᠡᠷᠡᠭ ᠤᠨ ᠵᠢᠱᠢᠶ᠎ᠡ ᠪᠠᠷ ᠵᠢᠭᠠᠬᠤ ᠮᠠᠲ᠋ᠧᠷᠢᠶᠠᠯ ᠪᠣᠯᠭᠠᠵᠤ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ᠂ ᠳᠡᠷᠭᠡᠳᠡᠬᠢ ᠤᠴᠢᠷ ᠶᠠᠪᠤᠳᠠᠯ ᠢᠶᠠᠷ ᠳᠡᠷᠭᠡᠳᠡᠬᠢ ᠬᠥᠮᠦᠨ ᠢᠶᠠᠨ ᠬᠥᠮᠦᠵᠢᠭᠦᠯᠬᠦ ᠶᠢ ᠵᠣᠬᠢᠶᠠᠨ ᠪᠠᠶᠢᠭᠤᠯᠵᠤ᠂ ᠰᠡᠷᠡᠮᠵᠢᠯᠡᠭᠦᠯᠬᠦ ᠬᠥᠮᠦᠵᠢᠯ  ᠤᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠴᠢᠩᠭᠠᠳᠬᠠᠪᠠ᠃ ᠣᠳᠣᠬᠠᠨ ᠪᠣᠯᠲᠠᠯ᠎ᠠ᠂ ᠪᠥᠬᠦ ᠰᠢᠰᠲ᠋ᠧᠮ ᠢᠶᠠᠷ  ᠢᠶᠠᠨ ᠡᠯ᠎ᠡ ᠲᠥᠷᠥᠯ ᠤᠨ ᠰᠡᠷᠡᠮᠵᠢᠯᠡᠭᠦᠯᠬᠦ ᠬᠥᠮᠦᠵᠢᠯ ᠢ ᠨᠡᠶᠢᠲᠡ 33 ᠤᠳᠠᠭ᠎ᠠ ᠵᠣᠬᠢᠶᠠᠨ ᠪᠠᠶᠢᠭᠤᠯᠪᠠ᠃ ᠳᠥᠷᠪᠡ  ᠳᠤ ᠪᠠᠭᠠᠲᠤᠷ ᠵᠢᠱᠢᠶᠡᠴᠢ ᠶᠢᠨ ᠬᠥᠮᠦᠵᠢᠯ ᠢ ᠲᠣᠪᠣᠶᠢᠮ᠎ᠠ ᠰᠠᠶᠢᠲᠤᠷ ᠠᠳᠬᠤᠵᠤ᠂ ᠡᠷᠡᠯᠬᠡᠭᠯᠡᠨ ᠤᠷᠤᠭᠰᠢᠯᠠᠬᠤ ︽ᠬᠦᠴᠦᠨ︾ ᠢ ᠰᠢᠩᠭᠡᠭᠡᠨ ᠠᠪᠤᠨ᠎ᠠ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠺᠠᠳ᠋ᠷ ᠴᠠᠭᠳᠠᠭ᠎ᠠ ᠪᠣᠯᠤᠨ ᠬᠠᠤᠯᠢ ᠴᠠᠭᠠᠵᠠ ᠶᠢᠨ ᠦᠶᠯᠡᠴᠢᠯᠡᠭᠡᠨ ᠤ ᠠᠵᠢᠯᠲᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠤᠪᠸᠢ ᠶᠢ ᠲᠤᠰᠠᠯᠠᠬᠤ᠂ ᠬᠤᠷᠢᠭᠤᠯ ᠤᠨ ᠭᠠᠵᠠᠷ ᠤᠨ ᠬᠠᠮᠢᠶᠠᠷᠤᠯᠲᠠ᠂ ᠠᠷᠠᠳ ᠲᠦᠮᠡᠨ ᠳᠤ ᠦᠶᠯᠡᠴᠢᠯᠡᠬᠦ ᠵᠡᠷᠭᠡ ᠡᠳᠦᠷ ᠲᠤᠲᠤᠮ ᠤᠨ ᠠᠵᠢᠯ ᠳᠠᠬᠢ ᠲᠡᠷᠢᠭᠦᠨ ᠤ ᠦᠶᠯᠡ ᠠᠵᠢᠯᠯᠠᠭ᠎ᠠ᠂ ᠢᠯᠠᠩᠭᠤᠶ᠎ᠠ ᠳ᠋ᠢᠩ ᠸᠧᠶ ᠮᠢᠨ ᠵᠡᠷᠭᠡ ᠲᠡᠷᠢᠭᠦᠨ ᠤ ᠨᠡᠶᠢᠲᠡᠯᠢᠭ ᠵᠢᠱᠢᠶ᠎ᠡ ᠶᠢ ᠭᠦᠨᠵᠡᠭᠡᠶ ᠠᠭᠤᠳᠠᠯᠵᠤ᠂ ᠪᠠᠭᠠᠲᠤᠷ ᠵᠢᠱᠢᠶᠡᠴᠢ ᠶᠢᠨ ᠬᠥᠮᠦᠵᠢᠯ ᠤᠨ ᠠᠵᠢᠯᠯᠠᠭ᠎ᠠ ᠥᠷᠨᠢᠭᠦᠯᠵᠦ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠭᠠᠲᠤᠷ ᠵᠢᠱᠢᠶᠡᠴᠢ ᠶᠢᠨ ᠬᠥᠮᠦᠰ ᠤᠨ ᠰᠡᠳᠬᠢᠯ ᠢ ᠬᠥᠳᠡᠯᠭᠡᠮ᠎ᠡ ᠦᠶᠯᠡ ᠠᠵᠢᠯᠯᠠᠭ᠎ᠠ ᠪᠣᠯᠤᠨ ᠡᠷᠬᠢᠮ ᠳᠡᠭᠡᠳᠦ ᠵᠠᠩ ᠴᠢᠨᠠᠷ ᠢ ᠶᠡᠭᠡ ᠪᠠᠷ ᠪᠠᠳᠠᠷᠠᠭᠤᠯᠵᠤ᠂ ᠥᠷᠭᠡᠨ ᠣᠯᠠᠨ ᠺᠠᠳ᠋ᠷ ᠴᠠᠭᠳᠠᠭ᠎ᠠ ᠶᠢᠨ ᠶᠡᠭᠡ ᠶᠣᠰᠣ ᠮᠣᠷᠠᠯ ᠢ ᠮᠡᠳᠡᠬᠦ᠂ ᠨᠡᠶᠢᠲᠡ ᠶᠢᠨ ᠶᠣᠰᠣ ᠮᠣᠷᠠᠯ ᠢ ᠰᠠᠬᠢᠬᠤ᠂ ᠬᠤᠪᠢ  ᠶᠢᠨ ᠶᠣᠰᠣ ᠮᠣᠷᠠᠯ ᠢ ᠴᠢᠩᠳᠠᠯᠠᠬᠤ ᠶᠢ ᠵᠣᠷᠢᠭᠵᠢᠭᠤᠯᠪᠠ᠃ ᠣᠳᠣᠬᠠᠨ ᠪᠣᠯᠲᠠᠯ᠎ᠠ᠂ ᠡᠯ᠎ᠡ ᠵᠦᠶᠯ ᠤᠨ ᠪᠠᠭᠠᠲᠤᠷ ᠵᠢᠱᠢᠶᠡᠴᠢ ᠶᠢᠨ ᠰᠤᠷᠤᠯᠴᠠᠯᠭ᠎ᠠ ᠶᠢᠨ ᠠᠵᠢᠯᠯᠠᠭ᠎ᠠ ᠶᠢ ᠨᠡᠶᠢᠲᠡ 240 ᠤᠳᠠᠭ᠎ᠠ ᠵᠣᠬᠢᠶᠠᠨ ᠪᠠᠶᠢᠭᠤᠯᠵᠤ᠂ ᠪᠠᠭᠠᠲᠤᠷ ᠵᠢᠱᠢᠶᠡᠴᠢ ᠠᠴᠠ ᠰᠤᠷᠤᠯᠴᠠᠬᠤ᠂ ᠪᠠᠭᠠᠲᠤᠷ ᠵᠢᠱᠢᠶᠡᠴᠢ ᠶᠢ ᠳᠡᠭᠡᠳᠦᠯᠡᠬᠦ᠂ ᠪᠠᠭᠠᠲᠤᠷ ᠵᠢᠱᠢᠶᠡᠴᠢ ᠪᠣᠯᠬᠤ ᠪᠠᠷ ᠴᠢᠷᠮᠠᠶᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃      ᠲᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ᠤᠨ ᠬᠠᠤᠯᠢ ᠴᠠᠭᠠᠵᠠ ᠶᠢᠨ ᠲᠢᠩᠬᠢᠮ ᠬᠠᠷᠢᠭᠤᠴᠠᠯᠭ᠎ᠠ ᠶᠢ ᠦᠷᠭᠦᠯᠵᠢᠯᠡᠨ ᠪᠣᠳᠠᠲᠠᠶᠢᠵᠢᠭᠤᠯᠵᠤ᠂ ︽ᠳᠥᠷᠪᠡᠨ ᠥᠬᠡᠶ ᠬᠤᠶᠠᠷ ᠢ ᠰᠢᠭᠤᠳ ᠪᠠᠶᠢᠯᠭᠠᠬᠤ︾ ᠠᠷᠭ᠎ᠠ ᠬᠡᠯᠪᠡᠷᠢ ᠶᠢ ᠠᠪᠴᠤ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠪᠣᠯᠤᠨ ᠭᠢᠨᠳᠠᠨ᠂ ᠬᠤᠤᠷ ᠲᠠᠲᠠᠬᠤ ᠶᠢ ᠵᠣᠭᠰᠣᠭᠠᠬᠤ ᠭᠠᠵᠠᠷ ᠵᠢᠴᠢ ᠡᠯ᠎ᠡ ᠠᠵᠢᠯ ᠲᠥᠷᠥᠯ ᠢ ᠰᠢᠮᠳᠠᠭᠤᠯᠤᠨ ᠵᠢᠯᠤᠭᠤᠳᠴᠣ ᠬᠢᠨᠠᠨ ᠵᠢᠯᠣᠭᠤᠳᠤᠨ᠎ᠠ᠃ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ᠂ ᠬᠠᠤᠯᠢ ᠴᠠᠭᠠᠵᠠ ᠬᠠᠤᠯᠢ ᠲᠣᠭᠲᠠᠭᠠᠯ᠂ ᠴᠠᠭᠳᠠᠭᠠᠨ ᠤ ᠲᠣᠭᠲᠠᠭᠠᠯ ᠴᠠᠭᠳᠠᠭᠠᠨ ᠤ ᠰᠠᠬᠢᠯᠭ᠎ᠠ ᠪᠠᠲᠤ ᠲᠠᠢ ᠬᠠᠷᠭᠤᠭᠤᠯᠤᠨ᠂ ︽ᠵᠢᠷᠭᠤᠭᠠᠨ ᠲᠠᠯ᠎ᠠ ᠶᠢᠨ ᠠᠷᠬᠠᠭ ᠭᠡᠮ︾ ᠢ ᠵᠠᠪᠠᠯ ᠪᠠᠶᠢᠴᠠᠭᠠᠬᠤ ᠭᠤᠣᠯᠳᠠᠯᠭ᠎ᠠ ᠪᠣᠯᠭᠠᠵᠤ᠂ ᠬᠤᠪᠢ ᠬᠥᠮᠦᠨ ᠤ ᠥᠪᠡᠷ ᠤᠨ ᠪᠠᠶᠢᠴᠠᠭᠠᠯᠲᠠ  ᠶᠢ ᠪᠦᠬᠦ ᠲᠠᠯ᠎ᠠ ᠪᠠᠷ ᠥᠷᠨᠢᠭᠦᠯᠦᠨ᠎ᠡ᠃ ᠤᠬᠠᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠠᠤᠯᠢ ᠪᠠᠷ ᠵᠠᠰᠠᠬᠤ ᠤᠯᠠᠭᠠᠨᠮᠥ᠋ᠴᠢᠷ᠂ ︽ᠪᠢᠴᠢᠬᠠᠨ ᠬᠠᠤᠯᠢᠴᠢ ᠢᠷᠡᠯ᠎ᠡ︾ ᠵᠡᠷᠭᠡ ᠬᠠᠤᠯᠢ ᠲᠦᠭᠡᠮᠡᠯᠵᠢᠭᠦᠯᠬᠦ ᠠᠴᠢᠶᠠᠯᠠᠪᠤᠷᠢ ᠶᠢ ᠭᠦᠶᠴᠡᠳ ᠠᠰᠢᠭᠯᠠᠨ᠂ ᠬᠥᠮᠦᠵᠢᠭᠦᠯᠵᠦ ᠴᠡᠭᠴᠡᠯᠡᠭᠰᠡᠨ ᠠᠬᠢᠴᠠ ᠶᠢᠨ ᠦᠷ᠎ᠡ ᠪᠦᠲᠦᠮᠵᠢ ᠶᠢ ᠴᠠᠭ ᠲᠤᠬᠠᠶ ᠳᠤ ᠨᠢ ᠲᠤᠰᠬᠠᠵᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠭᠠᠲᠤᠷ ᠵᠢᠱᠢᠶᠡᠴᠢ ᠶᠢᠨ ᠰᠡᠳᠬᠢᠯ ᠬᠥᠳᠡᠯᠭᠡᠮ᠎ᠡ ᠦᠶᠯᠡ ᠠᠵᠢᠯᠯᠠᠭ᠎ᠠ ᠶᠢ ᠤᠬᠠᠭᠤᠯᠤᠨ ᠪᠠᠳᠠᠷᠠᠭᠤᠯᠤᠨ᠎ᠠ᠃ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ᠂ ᠠᠷᠠᠳ ᠣᠯᠠᠨ ᠤ ᠦᠨᠳᠦᠰᠦᠨ ᠱᠠᠲᠤᠨ ᠳᠤ ᠣᠶᠢᠷᠠᠳᠬᠤ᠂ ᠪᠠᠶᠢᠳᠠᠯ ᠢ ᠣᠶᠢᠯᠠᠭᠠᠬᠤ ᠳᠠᠪᠠᠭᠤᠯᠢᠭ  ᠢ ᠭᠦᠶᠴᠡᠳ ᠪᠠᠳᠠᠷᠠᠭᠤᠯᠵᠤ᠂ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠭᠤᠭᠴᠤᠭ᠎ᠠ ᠶᠢ ᠪᠥᠬᠦ ᠲᠠᠯ᠎ᠠ  ᠪᠠᠷ ᠪᠣᠳᠠᠲᠠᠶ ᠠᠳᠬᠤᠬᠤ ᠪᠤᠯᠤᠨ᠎ᠠ᠃      ᠬᠠᠤᠯᠢ ᠲᠦᠷᠢᠮ ᠤᠨ ᠡᠳᠦᠷ ᠤᠨ ᠰᠣᠨᠢᠨ᠂ ᠥᠪᠥᠷ ᠮᠣᠩᠭᠤᠯ ᠤᠨ ᠡᠳᠦᠷ ᠤᠨ ᠰᠣᠨᠢᠨ᠂ ᠥᠪᠥᠷ ᠮᠣᠩᠭᠤᠯ  ᠤᠨ ᠬᠠᠤᠯᠢ ᠲᠦᠷᠢᠮ ᠤᠨ ᠰᠣᠨᠢᠨ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ᠂ ᠰᠢᠨᠬᠤᠸᠠ ᠰᠦᠯᠵᠢᠶ᠎ᠡ᠂ ᠬᠠᠤᠯᠢ ᠲᠦᠷᠢᠮ ᠤᠨ ᠰᠦᠯᠵᠢᠶ᠎ᠡ᠂ ᠲᠥᠪ ᠤᠨ ᠷᠠᠳᠢᠣ᠋ ᠲᠧᠯᠸᠢᠰ ᠤᠨ ᠰᠦᠯᠵᠢᠶ᠎ᠡ ᠵᠡᠷᠭᠡ ᠬᠤᠯᠪᠣᠭᠳᠠᠯ ᠪᠥᠬᠦᠶ ᠵᠠᠭᠤᠴᠢᠯᠠᠭᠤᠷ ᠤᠨ ᠰᠤᠷᠪᠤᠯᠵᠢᠯᠠᠭᠴᠢ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号