6 ᠳ᠋ᠤᠭᠠᠷ ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ | ᠮᠡᠳᠡᠭᠡᠨ ᠤ ᠠᠯᠪᠠᠨ ᠬᠡᠷ ᠡᠨᠡ ᠵᠢᠯ ᠤᠨ ᠬᠤᠶᠠᠳᠤᠭᠠᠷ ᠤᠯᠠᠷᠢᠯ ᠤᠨ ᠪᠥᠬᠦ ᠣᠷᠣᠨ ᠤ ᠡᠵᠡᠩᠨᠡᠨ ᠬᠤᠳᠠᠯᠳᠤᠭᠠᠯᠠᠬᠤ | ᠣᠷᠴᠢᠨ ᠨᠦᠭᠦᠴᠡᠯ ᠤᠨ ᠲᠤᠰᠬᠠᠶ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠥᠪᠡᠷᠲᠡᠭᠡᠨ ᠵᠠᠰᠠᠬᠤ | ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠭᠤᠤᠯ | ᠰᠡᠳᠦᠪᠲᠦ ᠨᠡᠶᠢᠲᠡᠯᠡᠯ ᠬᠢᠪᠠ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠬᠥᠬᠡᠬᠤᠲᠠ ᠶᠢᠨ ᠨᠠᠮ ᠤᠨ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ | ᠪᠥᠬᠦᠶ ᠬᠠᠷᠢᠭᠤᠴᠠᠯᠭᠠᠲᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠲᠤᠬᠠᠶ ᠶᠢᠨ | ᠲᠠᠯᠠᠪᠠᠢ ᠳᠤ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠡᠵᠡᠩᠨᠡᠨ ᠬᠤᠳᠠᠯᠳᠤᠭᠠᠯᠠᠬᠤ | ᠣᠷᠴᠢᠨ ᠨᠦᠭᠦᠴᠡᠯ ᠢ ᠰᠢᠯᠢᠳᠡᠭᠵᠢᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠦ᠂ 2021 ᠣᠨ ᠤ | ᠴᠠᠭᠠᠨ ᠰᠠᠷ᠎ᠠ ᠶᠢᠨ ᠠᠮᠠᠷᠠᠯᠲᠠ ᠠᠴᠠ ᠳᠠᠷᠠᠭᠠᠬᠢ ᠠᠵᠢᠯ ᠳᠤ ᠭᠠᠷᠤᠭᠰᠠᠨ ᠨᠢᠭᠡᠳᠦᠭᠡᠷ ᠡᠳᠦᠷ ᠲᠤ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠦᠬᠦ ᠣᠷᠣᠨ ᠤ ᠡᠵᠡᠩᠨᠡᠨ ᠬᠤᠳᠠᠯᠳᠤᠭᠠᠯᠠᠬᠤ | ᠣᠷᠴᠢᠨ ᠨᠦᠭᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠡᠷᠬᠢᠯᠡᠭᠴᠢ ᠱᠢ ᠲᠠᠢ ᠹᠧᠩ ᠨᠥᠬᠦᠷ ᠴᠢᠬᠤᠯᠠ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ | ᠣᠷᠣᠨ ᠤ ᠡᠯ᠎ᠡ ᠰᠠᠯᠠᠭ᠎ᠠ ᠮᠥᠴᠢᠷ ᠤᠳ ᠠᠵᠢᠯ ᠤᠨ ᠬᠠᠮᠲᠤᠷᠠᠯ ᠤᠨ ᠬᠦᠴᠦᠨ ᠢᠶᠠᠨ ᠭᠦᠢᠴᠡᠳ ᠨᠢᠭᠲᠠᠷᠠᠭᠤᠯᠤᠨ᠂ | ᠳᠡᠭᠡᠷ᠎ᠡ ᠳᠣᠣᠷ᠎ᠠ ᠱᠠᠳᠤ ᠪᠠᠷ ᠢᠶᠠᠨ ᠬᠠᠮᠵᠢᠯᠴᠠᠵᠤ᠂ ᠪᠦᠬᠦ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ | ᠨᠦᠭᠦᠴᠡᠯ ᠢ ᠰᠢᠯᠢᠳᠡᠭᠵᠢᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠪᠠ᠃ ᠡᠯ᠎ᠡ ᠠᠶᠢᠮᠠᠭ ᠬᠤᠲᠠ ᠨᠤᠭᠤᠳ | ᠪᠦᠲᠦᠴᠡ ᠶᠢᠨ ᠴᠢᠨᠠᠷᠲᠠᠶ ᠲᠣᠬᠢᠷᠠᠭᠤᠯᠤᠯᠲᠠ ᠪᠠᠨ ᠴᠢᠩᠭᠠᠳᠬᠠᠵᠤ᠂ ᠪᠦᠬᠦᠨ ᠢᠶᠠᠷ ᠢᠶᠠᠨ ᠡᠵᠡᠩᠨᠡᠨ ᠬᠤᠳᠠᠯᠳᠤᠭᠠᠯᠠᠬᠤ | ᠣᠷᠴᠢᠨ ᠨᠦᠭᠦᠴᠡᠯ ᠢ ᠰᠢᠯᠢᠳᠡᠭᠵᠢᠭᠦᠯᠬᠦ ᠠᠵᠢᠯ ᠤᠨ ᠪᠠᠶᠢᠭᠤᠯᠤᠮᠵᠢ ᠶᠢ ᠪᠠᠶᠢᠭᠤᠯᠵᠤ᠂ ᠢᠵᠢ ᠪᠥᠷᠢᠳᠦᠭᠦᠯᠬᠦ | ᠲᠥᠷᠥ ᠶᠢᠨ ᠪᠣᠳᠣᠯᠭ᠎ᠠ ᠶᠢ ᠲᠣᠭᠲᠠᠭᠠᠨ ᠪᠦᠷᠢᠨᠰᠢᠭᠦᠯᠵᠦ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠪᠠ᠃ | ᠥᠪᠡᠷᠲᠡᠭᠡᠨ ᠵᠠᠰᠠᠬᠤ ᠣᠷᠣᠨ ᠤᠷᠢᠳ ᠬᠤᠵᠢᠳ ︽ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ ᠤᠯᠠᠮ | ᠨᠢᠭᠡ ᠠᠯᠬᠤᠮ ᠰᠢᠯᠢᠳᠡᠭᠵᠢᠭᠦᠯᠬᠦ ᠲᠤᠬᠠᠶ ᠲᠣᠭᠲᠠᠭᠠᠯ︾ ︽ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ | ᠰᠢᠯᠢᠳᠡᠭᠵᠢᠭᠦᠯᠬᠦ ᠠᠵᠢᠯᠯᠠᠭᠠᠨ ᠤ ᠲᠥᠰᠦᠯ︾ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ | ᠬᠡᠷᠡᠭᠵᠢᠭᠦᠯᠵᠦ᠂ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠶᠢᠨ | ᠲᠣᠭᠲᠠᠯᠴᠠᠭ᠎ᠠ ᠶᠢᠨ ᠬᠥᠭᠵᠢᠯᠲᠡ ᠶᠢᠨ ᠴᠢᠭᠯᠡᠯ ᠢ ᠵᠢᠷᠤᠭᠯᠠᠵᠠᠢ᠃ ᠡᠯ᠎ᠡ ᠠᠶᠢᠮᠠᠭ ᠬᠤᠳᠠ ᠶᠢ ᠵᠢᠯᠣᠭᠤᠳᠤᠨ ᠠᠯᠢ | ᠤᠯᠠᠨ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ᠪᠦᠬᠦ ᠣᠷᠣᠨ ᠤ 12 ᠠᠶᠢᠮᠠᠭ | ᠬᠤᠲᠠ ᠨᠤᠭᠤᠳ ᠴᠥᠮ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ ᠰᠢᠯᠢᠳᠡᠭᠵᠢᠭᠦᠯᠬᠦ ᠠᠷᠭ᠎ᠠ | ᠬᠡᠮᠵᠢᠶ᠎ᠡ ᠨᠦᠭᠦᠳ ︵ᠬᠡᠷᠡᠭᠵᠢᠭᠦᠯᠬᠦ ᠲᠥᠰᠦᠯ᠂ ᠠᠵᠢᠯᠯᠠᠭᠠᠨ ᠤ ᠲᠥᠰᠦᠯ ᠪᠤᠶᠤ ᠲᠣᠭᠲᠠᠭᠠᠯ︶ ᠵᠡᠷᠭᠡ ᠲᠦᠷᠦ ᠶᠢᠨ | ᠪᠤᠳᠤᠯᠭ᠎ᠠ ᠶᠢᠨ ᠪᠢᠴᠢᠭ ᠮᠠᠲ᠋ᠧᠷᠢᠶᠠᠯ ᠢ ᠨᠡᠶᠢᠲᠡᠯᠡᠵᠦ᠂ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ | ᠰᠢᠯᠢᠳᠡᠭᠵᠢᠭᠦᠯᠬᠦ ︽ᠲᠦᠷᠪᠡᠨ ᠨᠢᠷᠤᠭᠤ ᠨᠠᠢᠮᠠᠨ ᠲᠤᠯᠭᠠᠭᠤᠷᠢ︾ ᠶᠢ ᠬᠠᠮᠲᠤᠪᠠᠷ ᠪᠠᠶᠢᠭᠤᠯᠵᠤ᠂ ᠥᠪᠡᠷᠲᠡᠭᠡᠨ | ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ ᠰᠢᠯᠢᠳᠡᠭᠵᠢᠭᠦᠯᠬᠦ ᠰᠢᠢᠳᠪᠦᠷᠢᠲᠦ | ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠠᠲᠤᠯᠠᠭ᠎ᠠ ᠲᠠᠢ᠂ ᠨᠠᠶᠢᠳᠠᠪᠤᠷᠢᠲᠠᠢ᠂ ᠦᠷ᠎ᠡ ᠪᠦᠲᠦᠮᠵᠢᠲᠡᠢ ᠪᠠᠶᠢᠬᠤ ᠶᠢ | ᠪᠠᠲᠤᠯᠠᠪᠠ᠃ | ᠲᠠᠨᠢᠯᠴᠠᠭᠤᠯᠤᠭᠰᠠᠨ ᠢᠶᠠᠷ᠂ ᠪᠥᠬᠦ ᠣᠷᠣᠨ ᠤ ᠳᠡᠭᠡᠳᠦ ᠳᠣᠤᠷᠠᠳᠤ ᠱᠠᠲᠤᠨ ᠤ ᠬᠠᠮᠲᠤ ᠶᠢᠨ ᠴᠢᠷᠮᠠᠶᠢᠯᠭ᠎ᠠ ᠪᠠᠷ | ᠳᠡᠮᠵᠢᠨ᠂ ᠣᠳᠣᠬᠠᠨ ᠳᠤ ᠪᠥᠬᠦ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠦᠷᠭᠦᠯᠵᠢᠯᠡᠨ | ᠰᠠᠶᠢᠵᠢᠷᠠᠪᠠ᠃ ᠠᠵᠤ ᠠᠬᠤᠶᠢᠯᠠᠯ ᠡᠷᠭᠢᠯᠡᠬᠦ ᠲᠠᠯ᠎ᠠ ᠪᠠᠷ᠂ ᠡᠷᠭᠢᠯᠡᠬᠦ ᠶᠠᠪᠤᠴᠠ ᠶᠢ ᠦᠷᠭᠦᠯᠵᠢᠯᠡᠨ ᠴᠣᠮᠬᠠᠳᠬᠠᠵᠤ᠂ | ᠨᠡᠶᠢᠭᠡᠮ ᠤᠨ ᠳᠠᠭᠠᠳᠬᠠᠯ ᠤᠨ ᠳᠡᠩᠰᠡᠯᠡᠯᠲᠡ ᠪᠠ ᠠᠵᠤ ᠠᠬᠤᠶᠢᠯᠠᠯ ᠪᠠᠶᠢᠭᠤᠯᠬᠤ ᠳᠡᠩᠰᠡᠯᠡᠯᠲᠡ ᠶᠢ ᠨᠢᠭᠡ ᠭᠤᠭᠴᠤᠭ᠎ᠠ | ᠪᠣᠯᠭᠠᠨ ᠨᠡᠶᠢᠯᠡᠭᠦᠯᠵᠦ᠂ ᠠᠵᠤ ᠠᠬᠤᠶᠢᠯᠠᠯ ᠪᠠᠶᠢᠭᠤᠯᠬᠤ ᠳᠡᠩᠰᠡᠯᠡᠯᠲᠡ ᠪᠠ ᠨᠡᠶᠢᠭᠡᠮ ᠤᠨ ᠳᠠᠭᠠᠳᠬᠠᠯ ᠤᠨ | ᠳᠡᠩᠰᠡᠯᠡᠯᠲᠡ᠂ ᠲᠠᠮᠠᠭ᠎ᠠ ᠰᠡᠶᠢᠯᠦᠨ ᠦᠢᠯᠡᠳᠬᠦ᠂ ᠪᠠᠷᠢᠮᠲᠠ ᠭᠤᠶᠤᠴᠢᠯᠠᠨ ᠠᠪᠬᠤ ᠵᠡᠷᠭᠡ ᠶᠠᠪᠤᠳᠠᠯ ᠢ 1 ᠠᠵᠢᠯᠯᠠᠬᠤ | ᠡᠳᠦᠷ ᠤᠨ ᠳᠣᠲᠣᠷ᠎ᠠ ᠭᠦᠢᠴᠡᠳᠬᠡᠵᠦ ᠳᠠᠭᠤᠰᠬᠠᠬᠤ ᠶᠢ ᠦᠨᠳᠦᠰᠦᠨ ᠳᠤ ᠪᠠᠨ ᠪᠡᠶᠡᠯᠡᠭᠦᠯᠦᠭᠰᠡᠨ ᠪᠦᠭᠡᠳ ᠪᠣᠶ | ᠪᠥᠬᠦᠶ ᠵᠠᠰᠠᠭ ᠵᠠᠬᠢᠷᠭᠠᠨ ᠤ ᠰᠦᠢᠳᠬᠡᠯ ᠬᠤᠷᠢᠶᠠᠯᠲᠠ ᠶᠢ ᠬᠦᠴᠦᠨ ᠥᠬᠡᠶ ᠪᠣᠯᠭᠠᠪᠠ᠃ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ 8 ᠪᠠᠩᠬᠢ ᠯᠤᠭ᠎ᠠ ᠵᠠᠰᠠᠭ ᠪᠠᠩᠬᠢ ᠶᠢᠨ ᠬᠠᠮᠲᠤᠷᠠᠯᠴᠠᠭᠠᠨ ᠤ | ᠪᠠᠶᠢᠯᠳᠤᠬᠤ ᠪᠣᠳᠣᠯᠭ᠎ᠠ ᠶᠢᠨ ᠵᠥᠪᠯᠡᠯᠴᠡᠭᠡᠷ ᠲᠣᠭᠲᠠᠵᠤ᠂ ᠪᠥᠬᠦ ᠣᠷᠣᠨ ᠤ ᠬᠡᠪᠴᠢᠶᠡᠨ ᠳᠤ ᠪᠠᠩᠬᠢ ᠶᠢᠨ ᠰᠦᠢᠳᠬᠡᠯ | ᠬᠤᠷᠢᠶᠠᠬᠤ ᠥᠬᠡᠶ ᠪᠠᠷ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠶᠡᠬᠡᠪᠡᠷ ᠳᠡᠯᠭᠡᠷᠡᠭᠦᠯᠪᠡ᠃ ᠪᠠᠷᠢᠯᠭ᠎ᠠ ᠶᠢᠨ | ᠵᠥᠪᠰᠢᠶᠡᠷᠡᠯ ᠢ ᠭᠦᠢᠴᠡᠳᠬᠡᠬᠦ ᠲᠠᠯ᠎ᠠ ᠪᠠᠷ᠂ ᠪᠥᠬᠦ ᠣᠷᠣᠨ ᠤ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ | ᠲᠥᠷᠥᠯ ᠵᠦᠢᠯ ᠤᠨ ᠬᠢᠨᠠᠨ ᠵᠥᠪᠰᠢᠶᠡᠷᠡᠬᠦ ᠵᠦᠢᠯᠡᠰ ᠢ ᠡᠮᠬᠢᠯᠡᠨ ᠳᠢᠭᠯᠡᠬᠦ ᠶᠢ ᠨᠢᠭᠡᠨᠲᠡ ᠪᠡᠶᠡᠯᠡᠭᠦᠯᠵᠦ᠂ ᠥᠪᠡᠷᠲᠡᠭᠡᠨ | ᠵᠠᠰᠠᠬᠤ ᠣᠷᠣᠨ ᠤ ᠲᠣᠰ ᠱᠠᠲᠤᠨ ᠤ ᠵᠦᠢᠯᠡᠰ ᠢ ᠨᠢᠭᠡᠨᠲᠡ ᠢᠨᠵᠧᠨᠧᠷᠢᠩ ᠤᠨ ᠥᠭᠡᠷᠡᠴᠢᠯᠡᠯᠲᠡ ᠶᠢᠨ ᠰᠢᠰᠲ᠋ᠧᠮ ᠳᠤ | ᠣᠷᠣᠭᠤᠯᠪᠠ᠃ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠰᠢᠰᠲ᠋ᠧᠮ ᠪᠠ ᠥᠪᠡᠷᠲᠡᠭᠡᠨ ᠵᠠᠰᠠᠬᠤ ᠣᠷᠣᠨ ᠤ ᠪᠠᠯᠠ | ᠣᠷᠣᠭᠤᠯᠤᠯᠲᠠ ᠶᠢᠨ ᠲᠥᠷᠥᠯ ᠵᠦᠢᠯ ᠤᠨ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠬᠢᠨᠠᠨ ᠬᠠᠮᠢᠶᠠᠷᠬᠤ | ᠲᠠᠪᠴᠠᠩ ᠤᠨ ᠰᠢᠰᠲ᠋ᠧᠮ ᠨᠢ ᠬᠠᠷᠢᠯᠴᠠᠨ ᠬᠤᠯᠪᠣᠭᠠᠯᠠᠨ ᠬᠠᠷᠢᠯᠴᠠᠨ ᠨᠡᠪᠲᠡᠷᠡᠯᠴᠡᠵᠦ᠂ ᠮᠡᠳᠡᠭᠡ ᠵᠠᠩᠭᠢ ᠶᠢ ᠴᠠᠭ | ᠲᠤᠬᠠᠶ ᠳᠤ ᠨᠢ ᠬᠠᠮᠲᠤᠪᠠᠷ ᠭᠥᠷᠳᠡᠬᠦ ᠶᠢ ᠪᠡᠶᠡᠯᠡᠭᠦᠯᠪᠡ᠃ ᠭᠠᠶᠢᠯᠢ ᠲᠤᠰᠢᠶᠠᠬᠤ ᠲᠠᠯ᠎ᠠ ᠪᠠᠷ᠂ ᠭᠠᠶᠢᠯᠢ ᠲᠤᠰᠢᠶᠠᠬᠤ | ᠤᠳᠠᠭ᠎ᠠ ᠶᠢ ᠴᠥᠬᠡᠳᠬᠡᠬᠦ ᠪᠠ ᠴᠠᠭ ᠢ ᠪᠣᠭᠤᠨᠢᠰᠬᠠᠵᠤ᠂ ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ | ᠴᠢᠳᠠᠮᠵᠢ ᠶᠢ ᠪᠦᠷᠢᠨᠰᠢᠭᠦᠯᠦᠨ᠂ ︽ᠥᠯᠥ ᠣᠶᠢᠷᠠᠲᠤᠯᠴᠠᠬᠤ ᠬᠡᠯᠪᠡᠷᠢ︾ ᠶᠢᠨ ᠭᠠᠶᠢᠯᠢ ᠲᠤᠰᠢᠶᠠᠬᠤ ᠠᠷᠭ᠎ᠠ ᠮᠠᠶ᠋ᠢᠭ ᠢ | ᠢᠳᠡᠪᠬᠢᠲᠡᠶ ᠥᠷᠭᠡᠳᠬᠡᠵᠦ᠂ ᠭᠠᠶᠢᠯᠢ ᠲᠤᠰᠢᠶᠠᠭᠴᠢ ᠶᠢᠨ 90% ᠠᠴᠠ ᠳᠡᠭᠡᠭᠰᠢᠬᠢ ᠭᠤᠤᠯ ᠪᠣᠯᠬᠤ ᠭᠠᠶᠢᠯᠢ ᠳᠤ | ᠬᠤᠯᠪᠣᠭᠳᠠᠬᠤ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠵᠦ᠂ ᠭᠠᠶᠢᠯᠢ ᠶᠢᠨ | ᠶᠠᠪᠤᠳᠠᠯ ᠤᠨ ᠳᠡᠩᠰᠡᠯᠡᠯᠲᠡ ᠵᠡᠷᠭᠡ 6 ᠲᠥᠷᠥᠯ ᠤᠨ ᠵᠦᠢᠯᠡᠰ ᠢ ᠪᠥᠬᠦ ᠣᠷᠣᠨ ᠳᠤ ᠨᠡᠶᠢᠳᠡᠮ ᠭᠦᠢᠴᠡᠳᠬᠡᠬᠦ ᠶᠢ | ᠪᠡᠶᠡᠯᠡᠭᠦᠯᠪᠡ᠃ ᠭᠡᠷ᠎ᠡ ᠶᠢ ᠭᠦᠢᠴᠡᠳᠬᠡᠬᠦ ᠲᠠᠯ᠎ᠠ ᠪᠠᠷ᠂ ᠦᠨᠳᠦᠰᠦᠨ ᠱᠠᠲᠤᠨ ᠤ ᠠᠷᠠᠳ ᠤᠨ ᠰᠢᠭᠦᠬᠦ ᠬᠤᠷᠢᠶ᠎ᠠ ᠠᠴᠠ | ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠬᠦᠷᠲᠡᠯᠡᠬᠢ ᠣᠷᠣᠨ ᠪᠦᠰᠡ ᠠᠯᠤᠰᠯᠠᠨ ᠬᠡᠷᠡᠭ ᠪᠣᠯᠭᠠᠨ | ᠳᠠᠩᠰᠠᠯᠠᠬᠤ ᠴᠢᠳᠠᠮᠵᠢ ᠶᠢ ᠨᠡᠶᠢᠳᠡᠮ ᠬᠠᠮᠤᠷᠬᠤ ᠶᠢ ᠪᠡᠶᠡᠯᠡᠭᠦᠯᠵᠦ᠂ ᠪᠦᠬᠦ ᠣᠷᠣᠨ ᠤ 50 ᠰᠢᠭᠦᠬᠦ ᠬᠤᠷᠢᠶ᠎ᠠ ᠳᠤ | ᠶᠠᠷᠰᠢᠭ ᠲᠦᠪᠡᠭᠲᠡᠶ ᠪᠠ ᠬᠢᠯᠪᠠᠷ ᠢ ᠬᠤᠪᠢᠶᠠᠷᠢᠯᠠᠬᠤ ᠵᠢᠴᠢ ᠲᠦᠷᠭᠡᠨ ᠲᠠᠰᠤᠯᠬᠤ ᠲᠠᠪᠴᠠᠩ ᠤᠨ ᠰᠢᠰᠲ᠋ᠧᠮ ᠢ | ᠪᠠᠶᠢᠭᠤᠯᠵᠤ᠂ ᠶᠠᠷᠰᠢᠭ ᠲᠦᠪᠡᠭᠲᠡᠶ ᠪᠠ ᠬᠢᠯᠪᠠᠷ ᠢ ᠲᠦᠷᠭᠡᠨ ᠰᠢᠭᠦᠬᠦ᠂ ᠶᠠᠷᠰᠢᠭ ᠲᠦᠪᠡᠭᠲᠡᠶ ᠬᠡᠷᠡᠭ ᠢ ᠨᠠᠷᠢᠯᠢᠭ | ᠰᠢᠭᠦᠬᠦ ᠶᠢ ᠪᠡᠶᠡᠯᠡᠭᠦᠯᠪᠡ᠃ | ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠲᠥᠪ ᠤᠨ ᠪᠠ ᠥᠪᠡᠷᠲᠡᠭᠡᠨ ᠵᠠᠰᠠᠬᠤ | ᠣᠷᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠲᠠᠢ ᠢᠵᠢᠯᠢ ᠠᠯᠬᠤᠮ ᠢᠶᠠᠷ ᠤᠷᠤᠭᠰᠢᠯᠠᠨ᠂ ᠢᠵᠢᠯᠢ | ᠴᠢᠭᠯᠡᠯ ᠢᠶᠠᠷ ᠬᠦᠴᠦᠯᠡᠵᠦ᠂ ᠲᠥᠷᠥ ᠶᠢᠨ ᠪᠣᠳᠣᠯᠭ᠎ᠠ ᠶᠢᠨ ᠲᠦᠪᠡᠭᠲᠡᠢ ᠵᠦᠢᠯ᠂ ᠦᠢᠯᠡᠴᠢᠯᠡᠭᠡᠨ ᠤ ᠡᠮᠵᠡᠭ ᠲᠠᠢ | ᠲᠠᠯ᠎ᠠ᠂ ᠰᠢᠯᠢᠳᠡᠭᠵᠢᠭᠦᠯᠦᠯᠲᠡ ᠶᠢᠨ ᠬᠦᠴᠢᠷᠲᠡᠢ ᠠᠰᠠᠭᠤᠳᠠᠯ ᠪᠠ ᠶᠠᠷᠢᠶ᠎ᠠ ᠬᠡᠯᠡᠯᠴᠡᠭᠡᠨ ᠤ ᠲᠥᠪᠯᠡᠷᠡᠯ ᠤᠨ ᠴᠡᠭ ᠲᠤ | ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠂ | ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠪᠥᠬᠦ ᠣᠷᠣᠨ ᠤ | ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠤᠨ᠎ᠠ᠃ | |