ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠪᠠ
ᠨᠡᠶᠢᠲᠡᠯᠡᠭᠰᠡᠨ ᠴᠠᠭ᠄
2022/1/6
   12 ᠳ᠋ᠤᠭᠠᠷ ᠰᠠᠷ᠎ᠠ ᠶᠢᠨ 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠲᠢᠶᠠᠨ ᠶᠦᠩ 26 ᠳ᠋ᠤᠭᠠᠷ ᠤᠳᠠᠭ᠎ᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠠᠩᠬᠠᠳᠤᠭᠠᠷ ᠪᠥᠬᠦᠳᠡ ᠬᠤᠷᠠᠯ ᠪᠠ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠩᠬᠠᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠲᠤᠰᠬᠠᠶ ᠰᠡᠳᠦᠪ ᠢᠶᠠᠷ ᠤᠯᠠᠮᠵᠢᠯᠠᠨ ᠰᠤᠷᠤᠯᠴᠠᠵᠤ ᠲᠤᠤᠱᠯᠠᠭᠤᠯᠤᠨ᠂ ᠰᠤᠷᠤᠯᠴᠠᠵᠤ ᠤᠬᠠᠭᠤᠯᠤᠨ ᠲᠤᠤᠱᠯᠠᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠲᠢᠩᠬᠢᠮ ᠤᠨ ᠤᠳᠤᠷᠢᠳᠬᠤ ᠪᠠᠭ ᠤᠨ ᠪᠦᠷᠢᠯᠳᠦᠬᠦᠨ᠂ ᠲᠢᠩᠬᠢᠮ ᠤᠨ ᠪᠠᠶᠢᠭᠤᠯᠤᠯᠭ᠎ᠠ᠂ ᠪᠣᠭᠤᠮᠲᠠ ᠶᠢᠨ ᠠᠯᠪᠠᠨ ᠬᠡᠷ ᠤᠨ ᠡᠯ᠎ᠡ ᠭᠠᠵᠠᠷ ᠬᠡᠷ ᠵᠢᠴᠢ ᠠᠵᠢᠯ ᠦᠢᠯᠡᠰ ᠤᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
   ᠬᠤᠷᠠᠯ ᠠᠴᠠ ᠵᠢᠭᠠᠵᠤ ᠭᠠᠷᠭᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠶ ᠪᠣᠯᠤᠨ᠎ᠠ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠵᠠᠮ ᠤᠨ ᠴᠢᠬᠤᠯᠠ ᠲᠡᠦᠬᠡᠨ ᠵᠠᠩᠭᠢᠯᠠᠭ᠎ᠠ ᠶᠢᠨ ᠴᠡᠭ ᠢ ᠨᠡᠭᠡᠭᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠠᠯᠳᠤᠭᠤᠯᠤᠭᠰᠠᠨ ᠨᠢᠭᠡ ᠤᠳᠠᠭᠠᠨ ᠤ ᠲᠦᠢᠯ ᠤᠨ ᠴᠢᠬᠤᠯᠠ ᠶᠡᠭᠡ ᠬᠤᠷᠠᠯ ᠬᠤᠷᠠᠯ ᠠᠴᠠ ᠥᠩᠭᠡᠷᠡᠭᠰᠡᠨ ᠲᠠᠪᠤᠨ ᠵᠢᠯ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠭᠦᠨᠵᠡᠭᠡᠶ ᠳ᠋ᠦᠩᠨᠡᠵᠦ᠂ ᠬᠤᠶᠢᠰᠢᠳᠠ ᠶᠢᠨ ᠲᠠᠪᠤᠨ ᠵᠢᠯ ᠤᠨ ᠲᠡᠮᠡᠴᠡᠯ ᠤᠨ ᠬᠠᠷᠠᠯᠲᠠ ᠶᠢ ᠲᠣᠳᠣᠷᠬᠠᠶᠢᠯᠠᠪᠠ᠂ ᠡᠨᠡ ᠪᠣᠯ ᠨᠢᠭᠡ ᠤᠳᠠᠭ᠎ᠠ ᠶᠢᠨ ᠪᠠᠷᠢᠮᠵᠢᠶ᠎ᠠ ᠶᠢ ᠬᠠᠷᠭᠤᠭᠤᠯᠬᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠭᠤᠯᠬᠤ ᠴᠢᠬᠤᠯᠠ ᠬᠤᠷᠠᠯ ᠪᠣᠯᠤᠨ᠎ᠠ᠂ ᠡᠨᠡ ᠨᠢ ᠥᠪᠥᠷ ᠮᠣᠩᠭᠤᠯ ᠤᠨ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠳᠤ ᠢᠳᠡᠪᠬᠢᠲᠡᠢ ᠪᠥᠭᠡᠳ ᠠᠯᠤᠰ ᠬᠡᠳᠤ ᠶᠢᠨ ᠨᠥᠯᠥᠭᠡ ᠦᠵᠡᠭᠦᠯᠬᠦ ᠨᠢ ᠯᠠᠪᠲᠠᠢ ᠶᠤᠮ᠃ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠠᠩᠬᠠᠳᠤᠭᠠᠷ ᠪᠦᠬᠦᠳᠡ ᠬᠤᠷᠠᠯ ᠪᠣᠯᠤᠨ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠩᠬᠠᠳᠤᠭᠠᠷ ᠤᠳᠠᠭ᠎ᠠ ᠶᠢᠨ ᠬᠤᠷᠠᠯ ᠠᠴᠠ ᠰᠢᠨ᠎ᠡ ᠨᠢᠭᠡ ᠬᠤᠭᠤᠴᠠᠭᠠᠨ ᠤ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠢ ᠰᠣᠩᠭᠤᠨ ᠭᠠᠷᠭᠠᠵᠤ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠠᠵᠢᠯ ᠢ ᠰᠠᠶᠢᠲᠤᠷ ᠬᠢᠬᠦ ᠶᠢ ᠠᠬᠢᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠦᠷᠦ ᠶᠢ ᠡᠷᠬᠢᠮᠯᠡᠬᠦ᠂ ᠶᠡᠭᠡ ᠲᠠᠯ᠎ᠠ ᠶᠢ ᠬᠠᠷᠠᠭᠠᠯᠵᠠᠬᠤ᠂ ᠠᠷᠠᠳ ᠲᠦᠮᠡᠨ ᠢ ᠳᠡᠭᠡᠳᠦᠯᠡᠬᠦ ᠪᠠᠷ ᠵᠣᠷᠢᠭ ᠰᠢᠭᠤᠳᠤᠭᠰᠠᠨ ᠬᠠᠷᠢᠭᠤᠴᠠᠯᠭ᠎ᠠ ᠡᠭᠦᠷᠭᠡᠯᠡᠯ ᠪᠣᠯᠤᠨ ᠡᠭᠦᠷᠭᠡ ᠬᠠᠷᠢᠭᠤᠴᠠᠯᠭ᠎ᠠ ᠶᠢ ᠪᠡᠶᠡᠯᠡᠭᠦᠯᠬᠦ ᠶᠢ ᠬᠠᠷᠠᠭᠤᠯᠵᠠᠢ᠃    ᠬᠤᠷᠠᠯ ᠠᠴᠠ ᠴᠢᠬᠤᠯᠠᠴᠢᠯᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠭᠤᠯᠭ᠎ᠠ᠂ ᠰᠢ ᠶᠢᠨ ᠫᠢᠩ ᠶᠡᠷᠦᠩᠬᠡᠶ ᠱᠦᠵᠢ ᠶᠢᠨ ︽ᠳᠣᠯᠣᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠲᠠᠢ ᠤᠶᠠᠯᠳᠤᠭᠤᠯᠤᠨ᠂ ᠰᠤᠷᠤᠯᠴᠠᠨ ᠰᠤᠳᠤᠯᠤᠨ ᠶᠠᠷᠢᠯᠴᠠᠬᠤ ᠶᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠥᠷᠨᠢᠭᠦᠯᠵᠦ᠂ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠣᠶᠢᠯᠠᠭᠠᠵᠤ᠂ ᠭᠤᠣᠯ ᠴᠢᠬᠤᠯᠠ ᠠᠭᠤᠯᠭ᠎ᠠ ᠶᠢ ᠣᠨᠣᠪᠴᠢᠲᠠᠢ ᠡᠵᠡᠮᠳᠡᠵᠦ᠂ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠪᠠ᠃    ᠬᠤᠷᠠᠯ ᠠᠴᠠ᠂ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠠᠵᠢᠯ ᠤᠨ ᠪᠦᠬᠦ ᠶᠠᠪᠤᠴᠠ᠂ ᠡᠯ᠎ᠡ ᠲᠠᠯ᠎ᠠ ᠳᠤ ᠦᠨᠡᠨᠬᠦ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠨᠢᠭᠡ ᠳᠤ᠂ ᠵᠢᠯ ᠤᠨ ᠡᠬᠢᠨ ᠤ ᠬᠠᠷᠠᠯᠲᠠ ᠡᠭᠦᠷᠭᠡ ᠲᠠᠢ ᠬᠠᠷᠢᠴᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠬᠢᠴᠠ ᠶᠢ ᠠᠳᠬᠤᠵᠤ᠂ ᠳᠤᠲᠠᠭᠤᠳᠠᠯ ᠢ ᠨᠥᠬᠦᠪᠥᠷᠢᠯᠡᠵᠦ᠂ ᠵᠢᠯ ᠤᠨ ᠰᠡᠭᠦᠯ ᠬᠤᠷᠢᠶᠠᠬᠤ ᠠᠵᠢᠯ ᠢ ᠲᠦᠷᠭᠡᠨ ᠪᠡᠶᠡᠯᠡᠭᠦᠯᠵᠦ᠂ ᠢᠷᠡᠬᠦ ᠵᠢᠯ ᠤᠨ ᠭᠤᠣᠯᠳᠠᠯᠭ᠎ᠠ ᠲᠠᠢ ᠡᠭᠦᠷᠭᠡ ᠶᠢ ᠤᠷᠢᠳᠴᠢᠯᠠᠨ ᠲᠥᠯᠥᠪᠵᠢᠭᠦᠯᠬᠦ ᠬᠡᠷᠡᠭᠲᠡᠢ︔ ᠬᠤᠶᠠᠷ ᠲᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠭ᠎ᠠ ᠠᠰᠢᠭᠲᠠᠶ ᠴᠠᠭ ᠲᠣᠬᠢᠶᠠᠯ ᠢ ᠠᠮᠵᠢᠵᠤ᠂ ᠪᠤᠰᠤᠳ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠠᠵᠢᠯ ᠤᠨ ᠰᠢᠨ᠎ᠡ ᠰᠢᠪᠲᠤᠯᠤᠯᠲᠠ ᠲᠠᠢ ᠪᠣᠯᠬᠤ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠶ︔ ᠭᠤᠷᠪᠠ ᠳᠤ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭᠠᠨ ᠤ ᠲᠠᠨᠢᠯᠲᠠ ᠪᠠᠨ ᠴᠢᠩᠭᠠᠳᠬᠠᠵᠤ᠂ ᠡᠭᠦᠷᠭᠡ ᠴᠢᠳᠠᠪᠬᠢ ᠲᠠᠢ ᠪᠠᠨ ᠤᠶᠠᠯᠳᠤᠭᠤᠯᠤᠨ ᠬᠢᠵᠢᠭ ᠤᠨ ᠪᠠᠶᠢᠳᠠᠯ ᠲᠠᠢ ᠭᠠᠵᠠᠷ ᠣᠷᠣᠨ ᠤ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠬᠥᠳᠡᠯᠦᠩᠭᠦᠢ ᠬᠢᠨᠠᠨ ᠬᠡᠮᠵᠢᠯᠲᠡ ᠶᠢ ᠴᠢᠩᠭᠠᠳᠬᠠᠵᠤ᠂ ᠬᠤᠪᠢ ᠬᠥᠮᠦᠨ ᠤ ᠰᠡᠷᠭᠡᠶᠢᠯᠡᠯᠲᠡ ᠶᠢ ᠰᠠᠶᠢᠲᠤᠷ ᠬᠢᠵᠦ᠂ ᠣᠨᠴᠠᠭᠠᠶᠢᠯᠠᠨ ᠪᠣᠭᠤᠮᠲᠠ ᠶᠢᠨ ᠠᠯᠪᠠᠨ ᠭᠡᠷ ᠮᠠᠨᠵᠤᠤᠷ ᠬᠤᠳᠠ ᠶᠢᠨ ᠵᠠᠰᠠᠭ ᠤᠨ ᠣᠷᠳᠣᠨ ᠲᠠᠢ ᠬᠠᠮᠵᠢᠯᠴᠠᠵᠤ᠂ ᠣᠳᠣᠬᠠᠨ ᠤ ᠬᠢᠵᠢᠭ ᠤᠨ ᠪᠠᠶᠢᠳᠠᠯ ᠢ ᠵᠢᠭᠰᠠᠭᠠᠨ ᠪᠠᠶᠢᠴᠠᠭᠠᠬᠤ᠂ ᠤᠷᠤᠰᠬᠠᠯ ᠢ ᠵᠣᠬᠢᠴᠠᠭᠤᠯᠤᠨ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠣᠭᠤᠮᠲᠠ ᠶᠢᠨ ᠬᠢᠵᠢᠭ ᠤᠨ ᠪᠠᠶᠢᠳᠠᠯ ᠢ ᠠᠯᠢ ᠲᠦᠷᠭᠡᠨ ᠢᠶᠠᠷ ᠪᠦᠲᠦᠮᠵᠢᠲᠡᠢ ᠬᠢᠵᠠᠭᠠᠷᠯᠠᠬᠤ ᠶᠢ ᠪᠠᠲᠤᠯᠠᠬᠤ ᠬᠡᠷᠡᠭᠲᠡᠢ︔ ᠳᠥᠷᠪᠡ ᠳᠤ᠂ ᠪᠥᠬᠦ ᠤᠯᠤᠰ ᠤᠨ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠣᠰᠣᠭᠠᠷ᠂ ᠴᠢᠬᠤᠯᠠᠴᠢᠯᠠᠬᠤ ᠬᠡᠮᠵᠢᠶ᠎ᠡ ᠪᠠᠨ ᠳᠡᠭᠡᠭᠰᠢᠯᠡᠭᠦᠯᠵᠦ᠂ ᠪᠦᠷᠢᠯᠳᠦᠬᠦᠨ ᠨᠢᠭᠡᠴᠡ ᠶᠢᠨ ᠡᠭᠦᠷᠭᠡ ᠴᠢᠳᠠᠪᠤᠷᠢ ᠶᠢᠨ ᠦᠶ᠋ᠯᠡᠳᠦᠯ ᠢᠶᠠᠨ ᠪᠠᠳᠠᠷᠠᠭᠤᠯᠤᠨ᠂ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠲᠥᠪᠯᠡᠷᠡᠭᠦᠯᠦᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃    
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠬᠤᠳᠠᠯᠳᠣᠭᠠᠨ ᠤ ᠶᠠᠪᠤᠳᠠᠯ ᠤᠨ ᠲᠢᠩᠬᠢᠮ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号