ᠬᠤᠷᠢᠳᠤᠭᠠᠷ ᠶᠡᠭᠡ ᠬᠤᠷᠠᠯ  ᠢ ᠰᠤᠷᠤᠯᠴᠠᠵᠤ᠂ ᠨᠠᠮ ᠢᠶᠠᠨ ᠡᠭᠦᠷᠢᠳᠡ ᠳᠠᠭᠠᠵᠤ᠂ ᠰᠢᠨ᠎ᠡ ᠠᠶᠠᠨ ᠳᠤ ᠪᠠᠨ ᠡᠷᠡᠯᠬᠡᠭᠯᠡᠨ ᠤᠷᠤᠭᠰᠢᠯᠠᠶ᠎ᠠ
ᠨᠡᠶᠢᠲᠡᠯᠡᠭᠰᠡᠨ ᠴᠠᠭ᠄
2022/10/18
— ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠵᠠᠯᠠᠭᠤ ᠺᠠᠳ᠋ᠷᠴᠤᠳ ᠬᠤᠷᠢᠳᠤᠭᠠᠷ ᠶᠡᠭᠡ ᠬᠤᠷᠠᠯ ᠤᠨ ᠲᠤᠬᠠᠶ ᠬᠥᠭᠵᠢᠶᠡᠨᠲᠡᠶ ᠶᠠᠷᠢᠯᠴᠠᠪᠠ    10 ᠳ᠋ᠤᠭᠠᠷ ᠰᠠᠷ᠎ᠠ ᠶᠢᠨ 16 ᠤ ᠡᠳᠦᠷ᠂ ᠪᠠᠶᠢᠭᠤᠯᠭ᠎ᠠ ᠶᠢᠨ ᠨᠠᠮ ᠤᠨ ᠬᠤᠷᠢᠶ᠎ᠡ ᠶᠢᠨ ᠨᠢᠭᠡᠳᠦᠯᠲᠡᠢ ᠱᠠᠭᠠᠷᠳᠠᠯᠭ᠎ᠠ ᠶᠣᠰᠣᠭᠠᠷ᠂ ᠪᠦᠬᠦ ᠵᠠᠯᠠᠭᠤ ᠺᠠᠳ᠋ᠷᠴᠤᠳ ᠤᠨ ᠪᠠᠶᠢᠭ᠎ᠠ ᠨᠠᠮ ᠤᠨ ᠡᠭᠦᠷ ᠠᠴᠠ ᠵᠣᠬᠢᠶᠠᠨ ᠪᠠᠶᠢᠭᠤᠯᠵᠤ᠂ ᠲᠧᠯᠸᠢᠰ᠂ ᠰᠦᠯᠵᠢᠶ᠎ᠡ᠂ ᠭᠠᠷ ᠤᠲᠠᠰᠤ ᠵᠡᠷᠭᠡ ᠵᠠᠭᠤᠴᠢᠯᠠᠭᠤᠷ ᠢᠶᠠᠷ ᠳᠠᠮᠵᠢᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠢ ᠴᠠᠭ ᠲᠤ ᠪᠠᠨ ᠪᠦᠬᠦ ᠶᠠᠪᠤᠴᠠ ᠪᠠᠷ ᠦᠵᠡᠵᠦ ᠰᠣᠷᠣᠯᠴᠠᠨ᠂ ᠶᠡᠷᠦᠩᠬᠡᠢ ᠱᠦᠵᠢ ᠰᠢ ᠶᠢᠨ ᠫᠢᠩ ᠤᠨ ᠢᠯᠡᠳᠬᠡᠯ ᠢ ᠰᠣᠨᠣᠰᠴᠠᠢ᠃ ᠢᠯᠡᠳᠬᠡᠯ ᠳᠤ᠂ ᠠᠷᠠᠳ ᠲᠦᠮᠡᠨ᠂ ᠠᠷᠠᠳ ᠤᠨ ᠠᠮᠢᠳᠤᠷᠠᠯ᠂ ᠴᠢᠷᠮᠠᠶᠢᠨ ᠲᠡᠮᠡᠴᠡᠬᠦ ᠭᠡᠬᠦ ᠮᠡᠲᠦ ᠶᠢᠨ ᠬᠠᠯᠠᠮᠰᠢᠯ ᠦᠭᠡ ᠪᠤᠢ᠂ ᠥᠨᠳᠥᠷ ᠲᠦᠪᠰᠢᠨ ᠪᠦᠬᠦᠢ ᠭᠠᠳᠠᠭᠠᠳᠤ ᠨᠡᠬᠡᠬᠡᠯᠳᠡ ᠶᠢ ᠠᠬᠢᠭᠤᠯᠬᠤ᠂ ᠨᠢᠭᠡ ᠪᠦᠰᠡ ᠨᠢᠭᠡ ᠵᠠᠮ ᠢ ᠬᠠᠮᠲᠤᠪᠠᠷ ᠪᠦᠳᠦᠬᠡᠨ ᠪᠠᠶᠢᠭᠤᠯᠬᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠵᠡᠷᠭᠡ ᠬᠤᠳᠠᠯᠳᠤᠭᠠᠨ ᠤ ᠶᠠᠪᠤᠳᠠᠯ ᠪᠣᠯᠤᠨ ᠪᠣᠭᠤᠮᠲᠠ ᠶᠢᠨ ᠠᠵᠢᠯ ᠤᠨ ᠡᠭᠦᠷᠭᠡ ᠬᠠᠷᠠᠯᠲᠠ ᠪᠤᠢ᠂ ᠨᠡᠩ ᠴᠤ ᠶᠡᠷᠦᠩᠬᠡᠢ ᠱᠦᠵᠢ ᠰᠢ ᠶᠢᠨ ᠫᠢᠩ ᠤᠨ ᠵᠠᠯᠠᠭᠤᠴᠤᠳ ᠲᠤ᠄ ︽ᠵᠠᠯᠠᠭᠤᠴᠤᠳ ᠬᠦᠴᠦᠷᠬᠡᠭᠵᠢᠪᠡᠯ ᠤᠯᠤᠰ ᠬᠦᠴᠦᠷᠬᠡᠭᠵᠢᠨ᠎ᠡ︾ ᠭᠡᠬᠦ ᠴᠢᠩ ᠰᠡᠳᠬᠢᠯ ᠤᠨ ᠬᠦᠰᠡᠯ ᠡᠷᠡᠮᠡᠯᠵᠡᠯ ᠪᠤᠢ᠃ ᠤᠳᠤ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠤᠨ ᠠᠮᠢᠳᠤᠷᠠᠯ ᠴᠠᠭ ᠲᠤ ᠪᠠᠨ ᠲᠣᠬᠢᠶᠠᠯᠳᠤᠵᠤ᠂ ᠡᠷᠳᠡᠮ ᠴᠢᠳᠠᠪᠤᠷᠢ ᠪᠠᠨ ᠪᠠᠳᠠᠷᠠᠭᠤᠯᠬᠤ ᠲᠠᠪᠴᠠᠩ ᠬᠢᠵᠠᠭᠠᠯᠠᠰᠢ ᠦᠭᠡᠢ ᠥᠷᠭᠡᠨ ᠠᠭᠤᠳᠠᠮ ᠪᠠᠶᠢᠵᠤ᠂ ᠬᠦᠰᠡᠯ ᠵᠡᠭᠦᠳᠦ ᠪᠠᠨ ᠪᠡᠶᠡᠯᠡᠭᠦᠯᠬᠦ ᠠᠯᠤᠰ ᠢᠷᠡᠭᠡᠳᠦᠢ ᠬᠢᠵᠠᠭᠠᠯᠠᠰᠢ ᠦᠭᠡᠢ ᠭᠡᠭᠡᠨ ᠰᠠᠷᠠᠭᠤᠯ ᠪᠠᠶᠢᠨ᠎ᠠ᠃ ᠥᠷᠭᠡᠨ ᠤᠯᠠᠨ ᠵᠠᠯᠠᠭᠤᠴᠤᠳ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠬᠦᠰᠡᠯ ᠵᠡᠭᠦᠳᠦ ᠲᠠᠢ ᠪᠥᠭᠡᠳ ᠯᠠᠪᠳᠠᠭᠤᠨ ᠪᠠᠲᠤᠲᠠᠢ ᠠᠵᠢᠯᠯᠠᠵᠤ᠂ ᠵᠣᠷᠢᠭᠲᠠᠢ ᠪᠠᠷ ᠰᠡᠳᠬᠢᠵᠦ ᠵᠣᠷᠢᠭᠲᠠᠢ ᠪᠠᠷ ᠬᠢᠬᠦ ᠪᠥᠭᠡᠳ ᠴᠢᠳᠠᠮᠠᠭᠠᠢ ᠪᠠᠷ ᠬᠢᠵᠦ ᠴᠢᠳᠠᠮᠠᠭᠠᠢ ᠪᠠᠷ ᠪᠦᠲᠦᠭᠡᠵᠦ᠂ ᠬᠦᠰᠡᠯᠡᠩ ᠲᠠᠢ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠬᠦᠴᠢᠷ ᠵᠣᠪᠠᠭᠤᠷᠢ ᠶᠢ ᠠᠮᠰᠠᠵᠤ ᠴᠢᠳᠠᠬᠤ᠂ ᠴᠢᠷᠮᠠᠶᠢᠨ ᠲᠡᠮᠡᠴᠡᠬᠦ ᠰᠢᠨ᠎ᠡ ᠴᠠᠭ ᠦᠶ᠎ᠡ ᠶᠢᠨ ᠰᠠᠶᠢᠨ ᠵᠠᠯᠠᠭᠤ ᠪᠣᠯᠬᠤ ᠪᠠᠷ ᠵᠣᠷᠢᠭ ᠰᠢᠭᠤᠳᠴᠤ᠂ ᠵᠠᠯᠠᠭᠤ ᠨᠠᠰᠤᠨ ᠤ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠭᠠᠯ ᠬᠠᠯᠠᠭᠤᠨ ᠦᠢᠯᠡᠳᠦᠯᠭᠡ ᠳᠤᠮᠳᠠ ᠭᠡᠷᠡᠯ ᠰᠠᠴᠤᠷᠠᠩᠭᠤᠢ ᠴᠡᠴᠡᠭ ᠢ ᠪᠠᠳᠠᠷᠠᠭᠤᠯᠬᠤ ᠬᠡᠷᠡᠭᠲᠡᠢ︾ ᠭᠡᠵᠦ ᠵᠢᠭᠠᠵᠤ ᠭᠠᠷᠭᠠᠪᠠ᠃     ᠬᠤᠷᠢᠳᠤᠭᠠᠷ ᠶᠡᠭᠡ ᠬᠤᠷᠠᠯ ᠤᠨ ᠢᠯᠡᠳᠬᠡᠯ ᠲᠠᠢ ᠤᠶᠠᠯᠳᠤᠭᠤᠯᠤᠨ᠂ ᠥᠷᠭᠡᠨ ᠤᠯᠠᠨ ᠵᠠᠯᠠᠭᠤ ᠺᠠᠳ᠋ᠷᠴᠤᠳ︽ᠬᠤᠷᠢᠳᠤᠭᠠᠷ ᠶᠡᠭᠡ ᠬᠤᠷᠠᠯ ᠠᠴᠠ ᠰᠤᠷᠤᠯᠴᠠᠵᠤ᠂ ᠥᠨᠢ ᠡᠭᠦᠷᠢᠳᠡ ᠨᠠᠮ ᠢᠶᠠᠨ ᠲᠠᠭᠠᠵᠤ᠂ ᠰᠢᠨ᠎ᠡ ᠠᠶᠠᠨ ᠵᠠᠮ ᠳᠤ ᠪᠠᠨ ᠡᠷᠡᠯᠬᠡᠭᠯᠡᠨ ᠤᠷᠤᠭᠰᠢᠯᠠᠶ᠎ᠠ︾ ᠭᠡᠬᠦ ᠭᠤᠣᠯ ᠰᠡᠳᠦᠪ ᠢᠶᠠᠷ ᠠᠵᠢᠯ ᠤᠨ ᠵᠢᠷᠬᠢᠷ᠎ᠡ ᠲᠣᠭᠤᠷᠢᠭ ᠢᠶᠠᠷ ᠳᠠᠮᠵᠢᠭᠤᠯᠤᠨ ᠬᠠᠯᠠᠭᠤᠨ ᠵᠣᠭᠤᠭ ᠳᠡᠯᠭᠡᠪᠡ᠃ ᠢᠯᠡᠳᠬᠡᠯ ᠤᠨ ᠵᠣᠷᠢᠭ ᠰᠠᠨᠠᠭ᠎ᠠ ᠪᠠᠷ ᠬᠥᠲᠥᠯᠦᠮᠵᠢ ᠪᠣᠯᠭᠠᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠬᠤᠳᠠᠯᠳᠤᠭᠠᠨ ᠤ ᠶᠠᠪᠤᠳᠠᠯ ᠪᠠ ᠪᠣᠭᠤᠮᠲᠠ ᠶᠢᠨ ᠠᠵᠢᠯ ᠤᠨ ᠪᠠᠶᠢᠷᠢ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠡᠷᠴᠢ ᠵᠣᠷᠢᠭ ᠢᠶᠠᠨ ᠬᠥᠪᠴᠢᠯᠡᠨ ᠡᠷᠡᠯᠬᠡᠭᠯᠡᠨ ᠤᠷᠤᠭᠰᠢᠯᠠᠵᠤ᠂ ︽ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠦᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠥᠬᠦ ᠲᠠᠯ᠎ᠠ ᠪᠠᠷ ᠠᠬᠢᠭᠤᠯᠬᠤ︾ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠨ᠎ᠡ ᠭᠡᠵᠦ ᠬᠤᠶᠢᠨ᠎ᠠ ᠬᠤᠶᠢᠨ᠎ᠠ ᠠᠴᠠ ᠪᠠᠨ ᠢᠯᠡᠳᠬᠡᠵᠡᠭᠡᠪᠡ᠃ 
 
ᠢᠷᠡᠯᠲᠡ᠄ ᠵᠠᠯᠠᠭᠤᠴᠤᠳ ᠤᠨ ᠠᠵᠢᠯ ᠤᠨ ᠬᠤᠷᠢᠶ᠎ᠠ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号