2022 ᠣᠨ ᠤ ᠡᠯᠧᠺᠲᠷᠦᠨ ᠬᠤᠳᠠᠯᠳᠤᠭᠠᠨ ᠤ ᠶᠠᠪᠤᠳᠠᠯ ᠤᠨ ᠬᠠᠮᠲᠤ ᠪᠠᠷ ᠡᠳ᠋ᠯᠡᠬᠦ ᠡᠭᠦᠯᠡᠨ ᠬᠥᠮᠥᠷᠭᠡ ᠶᠢᠨ ᠲᠤᠷᠰᠢᠯᠲᠠ ᠶᠢᠨ ᠬᠢᠨᠠᠨ ᠲᠣᠭᠲᠠᠭᠠᠭᠰᠠᠨ ᠦᠷ᠎ᠡ ᠳ᠋ᠦᠩ ᠤᠨ ᠲᠤᠬᠠᠶ ᠨᠡᠶᠢᠲᠡᠯᠡᠯ
ᠨᠡᠶᠢᠲᠡᠯᠡᠭᠰᠡᠨ ᠴᠠᠭ᠄
2022/11/17
   ︽2022 ᠣᠨ ᠤ ᠡᠯᠧᠺᠲᠷᠦᠨ ᠬᠤᠳᠠᠯᠳᠤᠭᠠᠨ ᠤ ᠶᠠᠪᠤᠳᠠᠯ ᠤᠨ ᠬᠠᠮᠲᠤ ᠳᠤ ᠪᠠᠨ ᠬᠦᠷᠲᠡᠬᠦ ᠡᠭᠦᠯᠡᠨ ᠬᠥᠮᠥᠷᠭᠡ ᠶᠢᠨ ᠲᠤᠷᠰᠢᠯᠲᠠ ᠶᠢᠨ ᠴᠡᠭ ᠢᠶᠠᠷ ᠭᠤᠶᠤᠴᠢᠯᠠᠨ ᠮᠡᠳᠡᠭᠦᠯᠬᠦ ᠠᠵᠢᠯ ᠢ ᠥᠷᠨᠢᠭᠦᠯᠬᠦ ᠲᠤᠬᠠᠶ ᠮᠡᠳᠡᠭᠳᠡᠯ︾︵ᠥᠪᠥᠷ ᠬᠤᠳᠠᠯᠳᠤᠭ᠎ᠠ ᠴᠠᠬᠢᠯᠭᠠᠨ ᠮᠡᠳᠡᠭᠡ ᠥᠰᠥᠭ ﹇2022﹈ 420 ᠳ᠋ᠤᠭᠠᠷ ᠲᠣᠭᠠᠲᠤ ᠪᠢᠴᠢᠭ ᠮᠠᠲ᠋ᠧᠷᠢᠶᠠᠯ︶ ᠤᠨ ᠱᠠᠭᠠᠷᠳᠠᠯᠭ᠎ᠠ ᠶᠣᠰᠣᠭᠠᠷ᠂ ᠡᠯ᠎ᠡ ᠠᠶᠢᠮᠠᠭ ᠬᠤᠲᠠ ᠪᠠᠷ ᠢᠶᠠᠨ ᠭᠤᠶᠤᠴᠢᠯᠠᠨ ᠮᠡᠳᠡᠭᠦᠯᠬᠦ᠂ ᠲᠤᠬᠠᠶ ᠶᠢᠨ ᠭᠠᠵᠠᠷ ᠲᠤ ᠨᠢ ᠪᠠᠶᠢᠴᠠᠭᠠᠨ ᠰᠤᠳᠤᠯᠤᠯᠲᠠ ᠬᠢᠬᠦ᠂ ᠲᠤᠰᠬᠠᠶ ᠮᠡᠷᠭᠡᠵᠢᠯᠲᠡᠨ ᠢᠶᠠᠷ ᠬᠢᠨᠠᠨ ᠲᠣᠭᠲᠠᠭᠠᠯᠭᠠᠬᠤ ᠵᠢᠴᠢ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠢᠶᠠᠷ ᠬᠢᠨᠠᠨ ᠲᠣᠭᠲᠠᠭᠠᠯᠭᠠᠵᠤ᠂ 2022 ᠣᠨ ᠤ ᠡᠯᠧᠺᠲᠷᠦᠨ ᠬᠤᠳᠠᠯᠳᠤᠭᠠᠨ ᠤ ᠶᠠᠪᠤᠳᠠᠯ ᠤᠨ ᠬᠠᠮᠲᠤ ᠳᠤ ᠪᠠᠨ ᠬᠦᠷᠲᠡᠬᠦ ᠡᠭᠦᠯᠡᠨ ᠬᠥᠮᠥᠷᠭᠡ ᠶᠢᠨ ᠲᠤᠷᠰᠢᠯᠲᠠ ᠶᠢᠨ ᠴᠡᠭ ᠢ 2 ᠲᠣᠭᠲᠠᠭᠠᠨ᠎ᠠ᠃ ᠡᠳᠦᠭᠡ ᠨᠡᠷᠡᠰ ᠢ ᠵᠠᠷᠯᠠᠨ ᠨᠡᠶᠢᠲᠡᠯᠡᠶ᠎ᠡ᠄   1. ᠵᠢᠩ ᠳ᠋ᠦᠩ ᠡᠯᠧᠺᠲᠷᠦᠨ ᠬᠤᠳᠠᠯᠳᠤᠭᠠᠨ ᠤ ᠶᠠᠪᠤᠳᠠᠯ ᠤᠨ ᠬᠠᠮᠲᠤ ᠳᠤ ᠪᠠᠨ ᠬᠦᠷᠲᠡᠬᠦ ᠡᠭᠦᠯᠡᠨ ᠬᠥᠮᠥᠷᠭᠡ ᠶᠢᠨ ᠲᠤᠷᠰᠢᠯᠲᠠ ᠶᠢᠨ ᠴᠡᠭ ᠤᠨ ᠲᠥᠷᠥᠯ ᠵᠦᠢᠯ   2. ᠤᠯᠠᠭᠠᠨᠴᠠᠪ ᠬᠤᠲᠠ ᠶᠢᠨ ᠤᠶᠤᠨᠲᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠬᠠᠮᠳᠣ ᠳᠤ  ᠪᠠᠨ ᠬᠦᠷᠳᠡᠬᠦ ᠡᠭᠦᠯᠡᠨ ᠬᠥᠮᠥᠷᠭᠡ ᠶᠢᠨ ᠲᠥᠷᠥᠯ ᠵᠦᠢᠯ    ᠨᠡᠶᠢᠲᠡᠯᠡᠬᠦ ᠬᠤᠭᠤᠴᠠᠭ᠎ᠠ᠄ 2022 ᠣᠨ ᠤ 11 ᠰᠠᠷ᠎ᠠ ᠶᠢᠨ 16 ᠤ ᠡᠳᠦᠷ ᠠᠴᠠ 11 ᠰᠠᠷ᠎ᠠ ᠶᠢᠨ 22 ᠤᠨ ᠡᠳᠦᠷ ᠪᠣᠯᠲᠠᠯ᠎ᠠ ᠨᠡᠶᠢᠲᠡ 7 ᠡᠳᠦᠷ᠃ ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠶᠠᠮᠠᠷᠪᠠ ᠨᠢᠭᠡᠴᠢ ᠪᠠ ᠬᠤᠪᠢ ᠬᠥᠮᠦᠨ ᠬᠡᠷᠪᠡ ᠣᠨᠳᠣᠤ ᠰᠠᠨᠠᠯ ᠲᠠᠢ ᠪᠠᠶᠢᠪᠠᠯ᠂ ᠰᠤᠷᠪᠤᠯᠵᠢᠯᠠᠬᠤ᠂ ᠣᠳᠠᠰᠣᠳᠠᠬᠤ᠂ ᠵᠠᠬᠢᠳᠠᠯ ᠢᠷᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠤᠰᠬᠠᠵᠤ ᠪᠣᠯᠤᠨ᠎ᠠ᠃ ᠪᠠᠢᠳᠠᠯ ᠢ ᠲᠣᠰᠬᠠᠬᠤ ᠪᠣᠯᠤᠨ ᠠᠰᠠᠭᠤᠳᠠᠯ ᠢ ᠦᠨᠡᠨ ᠠᠴᠠ ᠵᠥᠪ ᠢ ᠡᠷᠢᠬᠦ᠂ ᠪᠤᠰᠤᠳᠴᠢ ᠲᠥᠪ ᠭᠤᠣᠯᠴᠢ ᠪᠠᠢᠯᠭᠠᠬᠤ ᠬᠡᠷᠡᠭᠲᠡᠢ᠃ ᠬᠢᠨᠠᠨ ᠬᠠᠷᠭᠤᠭᠤᠯᠬᠤ ᠳᠤ ᠲᠦᠬᠦᠮ ᠦᠵᠡᠭᠦᠯᠬᠦ ᠶᠢᠨ ᠲᠥᠯᠥᠭᠡ᠂ ᠲᠤᠰᠬᠠᠭᠰᠠᠨ ᠬᠥᠮᠦᠰ ᠤᠨ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠬᠡᠯᠪᠡᠷᠢ ᠪᠤᠶᠤ ᠠᠵᠢᠯᠯᠠᠵᠤ ᠪᠠᠶᠢᠭ᠎ᠠ ᠨᠢᠭᠡᠴᠢ ᠪᠠᠨ ᠬᠠᠩᠭᠠᠬᠤ ᠶᠢ ᠰᠠᠨᠠᠭᠠᠴᠢᠯᠠᠬᠤ ᠶᠢᠨ ᠲᠥᠯᠥᠭᠡ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠵᠤ᠂ ᠨᠢᠭᠤᠴᠠ ᠶᠢ ᠬᠠᠮᠠᠭᠠᠯᠠᠬᠤ ᠡᠭᠦᠷᠭᠡ ᠶᠢ ᠭᠦᠢᠴᠡᠳᠬᠡᠨ᠎ᠡ᠃   ᠬᠦᠯᠢᠶᠡᠨ ᠠᠪᠴᠤ ᠰᠢᠢᠳᠪᠦᠷᠢᠯᠡᠬᠦ ᠨᠢᠭᠡᠴᠢ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠬᠤᠳᠠᠯᠳᠣᠭᠠᠨ ᠤ ᠶᠠᠪᠤᠳᠡᠯ ᠤᠨ ᠳᠢᠩᠬᠢᠮ ᠤᠨ ᠡᠯᠧᠺᠲᠷᠦᠨ ᠬᠤᠳᠠᠯᠳᠣᠭᠠᠨ ᠤ ᠶᠠᠪᠤᠳᠡᠯ ᠪᠠ ᠮᠡᠳᠡᠭᠡ ᠵᠠᠩᠬᠢᠵᠢᠯᠳᠡ ᠶᠢᠨ ᠭᠠᠵᠡᠷ    ᠬᠠᠷᠢᠯᠴᠠᠬᠤ ᠤᠲᠠᠰᠤ᠄ 0471-6945094ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ2022 ᠣᠨ ᠤ 11 ᠰᠠᠷ᠎ᠠ ᠶᠢᠨ 16 ᠤ ᠡᠳᠦᠷ 
 
ᠢᠷᠡᠯᠲᠡ᠄ ᠡᠯᠧᠺᠲᠷᠦᠨ ᠬᠤᠳᠠᠯᠳᠤᠭᠠᠨ ᠤ ᠭᠠᠵᠠᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号