ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 4062. | 1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.3% ᠪᠠᠭᠤᠷᠠᠪᠠ᠃ ᠶᠡᠷᠦᠩᠬᠡᠶ | ᠬᠡᠮᠵᠢᠶ᠎ᠡ ᠠᠴᠠ ᠦᠵᠡᠪᠡᠯ᠂ ᠬᠥᠬᠡᠬᠤᠲᠠ᠂ ᠪᠤᠭᠤᠲᠤ ᠬᠤᠲᠠ᠂ ᠣᠷᠳᠣᠰ ᠬᠤᠲᠠ ᠶᠢᠨ ᠪᠥᠬᠦ ᠣᠷᠣᠨ ᠤ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠣᠭᠠᠨ ᠳᠤ ᠡᠵᠡᠯᠡᠬᠦ ᠬᠤᠪᠢ ᠶᠢᠨ | ᠵᠢᠩ ᠨᠢ ᠨᠡᠯᠢᠶᠡᠳ ᠶᠡᠭᠡ ᠪᠠᠶᠢᠵᠤ᠂ ᠡᠵᠡᠯᠡᠬᠦ ᠬᠠᠷᠢᠴᠠᠯ ᠨᠢ ᠲᠣᠰ ᠲᠣᠰ 21.3%᠂ 20.6%᠂ 12.3% | ᠪᠣᠯᠤᠨ᠎ᠠ᠃ ᠨᠡᠮᠡᠭᠳᠡᠯ ᠤᠨ ᠬᠤᠷᠳᠤᠴᠠ ᠠᠴᠠ ᠦᠵᠡᠪᠡᠯ᠂ ᠲᠦᠩᠯᠢᠶᠣᠤ ᠬᠤᠲᠠ᠂ ᠣᠷᠳᠣᠰ ᠬᠤᠲᠠ᠂ ᠬᠢᠩᠭᠠᠨ | ᠠᠶᠢᠮᠠᠭ ᠤᠨ ᠨᠡᠮᠡᠭᠳᠡᠯ ᠨᠡᠯᠢᠶᠡᠳ ᠲᠦᠷᠭᠡᠨ ᠪᠠᠶᠢᠵᠤ᠂ ᠲᠣᠰ ᠲᠣᠰ 3%᠂ 2.7%᠂ 2.5% ᠨᠡᠮᠡᠭᠳᠡᠪᠡ᠃ | ᠪᠤᠭᠤᠲᠤ ᠬᠤᠳᠠ᠂ ᠪᠠᠶᠠᠨᠨᠠᠭᠤᠷ ᠬᠤᠳᠠ᠂ ᠬᠥᠬᠡᠬᠤᠲᠠ᠂ ᠤᠯᠠᠭᠠᠨᠴᠠᠪ ᠬᠤᠳᠠ᠂ ᠰᠢᠯᠢ ᠶᠢᠨ ᠭᠤᠣᠯ ᠠᠶᠢᠮᠠᠭ ᠲᠤᠰ | ᠲᠤᠰ 2.1%᠂ 2%᠂ 1.8%᠂ 1.5%᠂ 1.2% ᠢᠶᠠᠷ ᠪᠠᠭᠤᠷᠠᠪᠠ᠃ | ᠪᠥᠬᠦ ᠣᠷᠣᠨ ᠤ ᠭᠠᠳᠠᠭᠠᠳᠤ ᠣᠷᠣᠭᠤᠯᠤᠯᠲᠠ ᠭᠠᠷᠭᠠᠯᠲᠠ 1198.3 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 19.6% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ | ᠤᠯᠤᠰ ᠤᠨ ᠬᠢ ᠠᠴᠠ 10.1 ᠵᠠᠭᠤᠨ ᠤ ᠨᠢᠭᠡᠴᠢ ᠥᠨᠳᠥᠷ ᠪᠣᠯᠪᠠ᠃ ᠡᠭᠦᠨ ᠳᠤ᠄ ᠭᠠᠳᠠᠭᠠᠳᠤ ᠭᠠᠷᠭᠠᠯᠲᠠ 491. | 1 ᠳ᠋ᠦᠩᠰᠢᠭᠤᠷ ᠲᠥᠭᠦᠷᠢᠭ ᠲᠤ ᠬᠦᠷᠴᠦ᠂ 28.0% ᠢᠶᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ | ᠤᠯᠤᠰ ᠤᠨ 15.0 ᠵᠠᠭᠤᠨ ᠤ ᠨᠢᠭᠡᠴᠢ ᠠᠴᠠ ᠥᠨᠳᠥᠷ ᠪᠣᠯᠪᠠ︔ ᠭᠠᠳᠠᠭᠠᠳᠤ ᠣᠷᠣᠭᠤᠯᠤᠯᠲᠠ 707.2 | ᠳ᠋ᠦᠩᠰᠢᠭᠤᠷ ᠲᠥᠭᠦᠷᠢᠭ ᠲᠤ ᠬᠦᠷᠴᠦ᠂ 14.3% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ | ᠤᠯᠤᠰ ᠤᠨ ᠬᠢ ᠠᠴᠠ 9.1 ᠵᠠᠭᠤᠨ ᠤ ᠨᠢᠭᠡᠴᠢ ᠥᠨᠳᠥᠷ ᠪᠣᠯᠪᠠ᠃ ᠨᠡᠮᠡᠭᠳᠡᠯ ᠤᠨ ᠬᠡᠮᠵᠢᠶ᠎ᠡ ᠠᠴᠠ ᠦᠵᠡᠪᠡᠯ᠂ | ᠪᠠᠶᠠᠨᠨᠠᠭᠤᠷ ᠬᠤᠲᠠ᠂ ᠬᠥᠬᠡᠬᠤᠲᠠ᠂ ᠣᠷᠳᠣᠰ ᠬᠤᠲᠠ᠂ ᠤᠯᠠᠭᠠᠨᠬᠠᠳᠠ ᠬᠤᠲᠠ᠂ ᠠᠯᠠᠱᠠ ᠠᠶᠢᠮᠠᠭ ᠤᠨ ᠪᠥᠬᠦ | ᠣᠷᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠨᠡᠮᠡᠭᠳᠡᠯ ᠤᠨ ᠬᠡᠮᠵᠢᠶ᠎ᠡ ᠳᠤ ᠦᠵᠡᠭᠦᠯᠦᠭᠰᠡᠨ | ᠬᠤᠪᠢ ᠨᠡᠮᠡᠷᠢ ᠨᠢ ᠨᠡᠯᠢᠶᠡᠳ ᠶᠡᠭᠡ ᠪᠠᠶᠢᠵᠤ᠂ ᠲᠣᠰ ᠲᠣᠰ 80.3 ᠳ᠋ᠦᠩᠰᠢᠭᠤᠷ ᠲᠥᠭᠦᠷᠢᠭ᠂ 23.7 | ᠳ᠋ᠦᠩᠰᠢᠭᠤᠷ ᠲᠥᠭᠦᠷᠢᠭ᠂ 56.5 ᠳ᠋ᠦᠩᠰᠢᠭᠤᠷ ᠲᠥᠭᠦᠷᠢᠭ᠂ 21.1 ᠳ᠋ᠦᠩᠰᠢᠭᠤᠷ ᠲᠥᠭᠦᠷᠢᠭ᠂ 13.2 | ᠳ᠋ᠦᠩᠰᠢᠭᠤᠷ ᠲᠥᠭᠦᠷᠢᠭ ᠨᠡᠮᠡᠭᠳᠡᠪᠡ᠃ ᠨᠡᠮᠡᠭᠳᠡᠯ ᠤᠨ ᠬᠤᠷᠳᠤᠴᠠ ᠠᠴᠠ ᠦᠵᠡᠪᠡᠯ᠂ ᠪᠠᠶᠠᠨᠨᠠᠭᠤᠷ ᠬᠤᠲᠠ᠂ | ᠬᠥᠬᠡᠬᠤᠲᠠ᠂ ᠤᠯᠠᠭᠠᠨᠬᠠᠳᠠ ᠬᠤᠲᠠ᠂ ᠣᠷᠳᠣᠰ ᠬᠤᠲᠠ᠂ ᠬᠥᠯᠥᠨ ᠪᠤᠶᠢᠷ ᠬᠤᠲᠠ᠂ ᠠᠯᠠᠱᠠ ᠠᠶᠢᠮᠠᠭ᠂ ᠦᠬᠠᠶ | ᠬᠤᠲᠠ᠂ ᠬᠢᠩᠭᠠᠨ ᠠᠶᠢᠮᠠᠭ ᠵᠡᠷᠭᠡ 8 ᠠᠶᠢᠮᠠᠭ ᠬᠤᠲᠠ ᠶᠢᠨ ᠨᠡᠮᠡᠭᠳᠡᠯ ᠤᠨ ᠬᠤᠷᠳᠤᠴᠠ ᠨᠢ 2 ᠣᠷᠣᠨᠲᠤ | ᠲᠤᠭ᠎ᠠ ᠠᠴᠠ ᠳᠡᠭᠡᠭᠰᠢ ᠪᠠᠶᠢᠨ᠎ᠠ᠃ ᠬᠢᠩᠭᠠᠨ ᠠᠶᠢᠮᠠᠭ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠬᠤ ᠨᠡᠮᠡᠭᠳᠡᠯ ᠤᠨ ᠬᠤᠷᠳᠤᠴᠠ 131.3% ᠳᠤ ᠬᠦᠷᠴᠦ᠂ ᠪᠥᠬᠦ ᠣᠷᠣᠨ ᠤ ᠨᠢᠭᠡᠳᠦᠭᠡᠷ ᠲᠤ ᠣᠷᠣᠵᠤ᠂ | ᠣᠷᠳᠣᠰ ᠬᠤᠲᠠ᠂ ᠦᠬᠠᠶ ᠬᠤᠲᠠ ᠲᠣᠰ ᠲᠣᠰ ᠬᠤᠶᠠᠳᠤᠭᠠᠷ᠂ ᠭᠤᠷᠪᠠᠳᠤᠭᠠᠷ ᠲᠤ ᠣᠷᠣᠪᠠ᠃ ᠪᠤᠭᠤᠲᠤ ᠬᠤᠲᠠ | ᠂ ᠮᠠᠨᠵᠤᠤᠷ ᠬᠤᠲᠠ᠂ ᠡᠷᠢᠶᠡᠨ ᠬᠤᠲᠠ ᠵᠡᠷᠭᠡ 3 ᠠᠶᠢᠮᠠᠭ ᠬᠤᠲᠠ ᠲᠣᠰ ᠲᠣᠰ 2.1%᠂ 3.1%᠂ 19. | 6% ᠪᠠᠷ ᠪᠠᠭᠤᠷᠠᠵᠤ᠂ ᠰᠢᠯᠢ ᠶᠢᠨ ᠭᠤᠤᠯ ᠠᠶᠢᠮᠠᠭ ᠤᠨ ᠨᠡᠮᠡᠭᠳᠡᠯ ᠤᠨ ᠬᠤᠷᠳᠤᠴᠠ ᠰᠥᠭᠡᠷᠭᠦ ᠪᠠᠶᠢᠭᠰᠠᠨ ᠠᠴᠠ ᠪᠠᠨ | ᠡᠶᠡᠷᠡᠬᠦ ᠪᠣᠯᠵᠦ᠂ 1 — 9 ᠰᠠᠷ᠎ᠠ ᠳᠤ 3.9% ᠪᠠᠷ ᠪᠠᠭᠤᠷᠠᠵᠤ ᠪᠠᠶᠢᠭᠰᠠᠨ ᠠᠴᠠ ᠪᠠᠨ 5.5% ᠪᠠᠷ ᠨᠡᠮᠡᠭᠳᠡᠪᠡ | ᠃ | ᠪᠥᠬᠦ ᠣᠷᠣᠨ ᠤ ᠪᠣᠳᠠᠲᠠᠶ ᠬᠡᠷᠡᠭᠯᠡᠭᠰᠡᠨ ᠭᠠᠳᠠᠭᠠᠳᠤ ᠪᠠᠯᠠ 33.5 ᠳ᠋ᠦᠩᠰᠢᠭᠤᠷ ᠲᠥᠭᠦᠷᠢᠭ ᠠᠷᠠᠳ ᠤᠨ | ᠵᠣᠭᠤᠰ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 82.8% ᠨᠡᠮᠡᠭᠳᠡᠪᠡ ︵5.2 ᠳ᠋ᠦᠩᠰᠢᠭᠤᠷ | ᠳ᠋ᠣᠯᠯᠠᠷ ᠢᠶᠠᠷ ᠨᠤᠭᠤᠯᠵᠤ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 99.1% ᠨᠡᠮᠡᠭᠳᠡᠪᠡ︶︔ ᠪᠥᠬᠦ | ᠣᠷᠣᠨ ᠳᠤ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠭᠰᠠᠨ ᠠᠵᠤ ᠠᠬᠤᠶᠢᠯᠠᠯ ᠢ ᠰᠢᠨ᠎ᠡ ᠪᠠᠷ 32 | ᠪᠠᠶᠢᠭᠤᠯᠵᠤ᠂ ᠠᠳᠠᠯᠢ ᠬᠤᠭᠤᠴᠠᠭᠠᠨ ᠤ ᠬᠢ ᠠᠴᠠ 3 ᠬᠠᠰᠤᠭᠳᠠᠵᠠᠶ᠃ ᠨᠡᠮᠡᠭᠳᠡᠯ ᠤᠨ ᠬᠡᠮᠵᠢᠶ᠎ᠡ ᠠᠴᠠ ᠦᠵᠡᠪᠡᠯ᠂ | ᠬᠥᠬᠡᠬᠤᠲᠠ ᠶᠢᠨ ᠪᠥᠬᠦ ᠣᠷᠣᠨ ᠤ ᠪᠣᠳᠠᠲᠠᠶ ᠬᠡᠷᠡᠭᠯᠡᠭᠰᠡᠨ ᠭᠠᠳᠠᠭᠠᠳᠤ ᠪᠠᠯᠠ ᠶᠢᠨ ᠨᠡᠮᠡᠭᠳᠡᠯ ᠤᠨ ᠬᠡᠮᠵᠢᠶ᠎ᠡ ᠳᠤ | ᠦᠵᠡᠭᠦᠯᠦᠭᠰᠡᠨ ᠬᠤᠪᠢ ᠨᠡᠮᠡᠷᠢ ᠨᠢ ᠨᠢᠭᠡᠳᠦᠭᠡᠷ ᠲᠤ ᠣᠷᠣᠵᠤ᠂ 15.5 ᠳ᠋ᠦᠩᠰᠢᠭᠤᠷ ᠲᠥᠭᠦᠷᠢᠭ ᠨᠡᠮᠡᠭᠳᠡᠭᠰᠡᠨ | ᠪᠠᠶᠢᠨ᠎ᠠ᠃ ᠨᠡᠮᠡᠭᠳᠡᠯ ᠤᠨ ᠬᠤᠷᠳᠤᠴᠠ ᠠᠴᠠ ᠦᠵᠡᠪᠡᠯ᠂ ᠬᠥᠬᠡᠬᠤᠲᠠ ᠶᠢᠨ ᠨᠡᠮᠡᠭᠳᠡᠯ ᠨᠡᠯᠢᠶᠡᠳ ᠲᠦᠷᠭᠡᠨ ᠪᠠᠶᠢᠵᠤ᠂ | 1.5 ᠳᠠᠬᠢᠨ ᠢᠶᠠᠷ ᠨᠡᠮᠡᠭᠳᠡᠵᠡᠶ᠃ ᠪᠤᠭᠤᠲᠤ ᠬᠤᠳᠠ᠂ ᠬᠥᠯᠥᠨ ᠪᠤᠶᠢᠷ ᠬᠤᠳᠠ᠂ ᠬᠢᠩᠭᠠᠨ ᠠᠶᠢᠮᠠᠭ᠂ ᠲᠦᠩᠯᠢᠶᠣᠤ | ᠬᠤᠳᠠ᠂ ᠦᠬᠠᠢ ᠬᠤᠳᠠ᠂ ᠠᠯᠠᠱᠠ ᠠᠶᠢᠮᠠᠭ᠂ ᠮᠠᠨᠵᠤᠤᠷ ᠬᠤᠳᠠ᠂ ᠡᠷᠢᠶᠡᠨ ᠬᠤᠳᠠ ᠶᠢᠨ ᠪᠣᠳᠠᠲᠠᠢ ᠬᠡᠷᠡᠭᠯᠡᠭᠰᠡᠨ | ᠭᠠᠳᠠᠭᠠᠳᠤ ᠪᠡᠯᠡ ᠨᠢ ᠲᠡᠭ ᠪᠣᠯᠤᠨ᠎ᠠ᠃ ᠪᠤᠭᠤᠲᠤ ᠬᠤᠲᠠ᠂ ᠬᠥᠯᠥᠨ ᠪᠤᠶᠢᠷ ᠬᠤᠲᠠ᠂ ᠠᠯᠠᠱᠠ ᠠᠶᠢᠮᠠᠭ ᠠᠳᠠᠯᠢ | ᠬᠤᠭᠤᠴᠠᠭᠠᠨ ᠤ ᠬᠢ ᠠᠴᠠ 100% ᠪᠠᠷ ᠪᠠᠭᠤᠷᠠᠪᠠ᠃ | ᠪᠥᠬᠦ ᠣᠷᠣᠨ ᠳᠤ ᠭᠠᠳᠠᠭᠠᠳᠤ ᠳᠤ ᠪᠠᠯᠠ ᠣᠷᠣᠭᠤᠯᠬᠤ ᠲᠥᠷᠥᠯ ᠵᠦᠢᠯ 16 ᠰᠢᠨ᠎ᠡ ᠪᠠᠷ ᠨᠡᠮᠡᠭᠳᠡᠵᠦ᠂ ᠠᠳᠠᠯᠢ | ᠬᠤᠭᠤᠴᠠᠭᠠᠨ ᠤ ᠬᠢ ᠠᠴᠠ 26 ᠬᠠᠰᠤᠭᠳᠠᠪᠠ᠃ ᠳᠤᠮᠳᠠᠳᠤ ᠶᠢᠨ ᠲᠠᠯ᠎ᠠ ᠶᠢᠨ ᠬᠡᠯᠡᠯᠴᠡᠭᠡᠷ ᠢᠶᠠᠷ ᠪᠠᠯᠠ | ᠣᠷᠣᠭᠤᠯᠤᠭᠰᠠᠨ ᠲᠤᠭ᠎ᠠ 18.94 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3. | 3 ᠳᠠᠬᠢᠨ ᠨᠡᠮᠡᠭᠳᠡᠵᠡᠶ᠃ 1 — 10 ᠰᠠᠷ᠎ᠠ ᠳᠤ᠂ ᠭᠠᠳᠠᠭᠠᠳᠤ ᠳᠤ ᠵᠣᠷᠢᠭᠤᠯᠤᠭᠰᠠᠨ ᠪᠣᠳᠠᠲᠠᠶ ᠪᠠᠯᠠ | ᠣᠷᠣᠭᠤᠯᠤᠯᠲᠠ ᠶᠢᠨ ᠲᠤᠭ᠎ᠠ 8.4 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 92. | 6% ᠪᠠᠷ ᠨᠡᠮᠡᠭᠳᠡᠨ᠂ ᠪᠥᠬᠦ ᠤᠯᠤᠰ ᠤᠨ 19 ᠳ᠋ᠣᠭᠡᠷ ᠪᠠᠶᠢᠷᠢᠨ ᠳᠤ ᠣᠷᠣᠵᠤ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 2 ᠳ᠋ᠤᠭᠠᠷ ᠪᠠᠶᠢᠷᠢᠨ ᠳᠤ ᠣᠷᠣᠵᠠᠶ᠃ ᠨᠡᠮᠡᠭᠳᠡᠯ ᠤᠨ ᠬᠡᠮᠵᠢᠶ᠎ᠡ ᠠᠴᠠ ᠦᠵᠡᠪᠡᠯ᠂ | ᠬᠥᠬᠡᠬᠤᠲᠠ᠂ ᠤᠯᠠᠭᠠᠨᠬᠠᠳᠠ ᠬᠤᠲᠠ ᠶᠢᠨ ᠪᠥᠬᠦ ᠣᠷᠣᠨ ᠳᠠᠬᠢ ᠭᠠᠳᠠᠭᠠᠳᠤ ᠳᠠᠬᠢ ᠪᠠᠯᠠ ᠣᠷᠣᠭᠤᠯᠤᠯᠲᠠ ᠶᠢᠨ | ᠬᠠᠮᠲᠤᠷᠠᠯᠴᠠᠭ᠎ᠠ ᠶᠢᠨ ᠨᠡᠮᠡᠭᠳᠡᠯ ᠤᠨ ᠬᠡᠮᠵᠢᠶ᠎ᠡ ᠡᠮᠦᠨ᠎ᠡ ᠡᠩᠨᠡᠭᠡᠨ ᠳᠤ ᠣᠷᠣᠵᠤ᠂ ᠲᠣᠰ ᠲᠣᠰ 13.1᠂ 3.6 | ᠳ᠋ᠦᠩᠰᠢᠭᠤᠷ ᠳ᠋ᠣᠯᠯᠠᠷ ᠨᠡᠮᠡᠭᠳᠡᠪᠡ᠃ ᠨᠡᠮᠡᠭᠳᠡᠯ ᠤᠨ ᠬᠤᠷᠳᠤᠴᠠ ᠠᠴᠠ ᠦᠵᠡᠪᠡᠯ᠂ ᠬᠥᠬᠡᠬᠤᠲᠠ᠂ ᠤᠯᠠᠭᠠᠨᠬᠠᠳᠠ | ᠬᠤᠲᠠ ᠶᠢᠨ ᠨᠡᠮᠡᠭᠳᠡᠯ ᠨᠡᠯᠢᠶᠡᠳ ᠲᠦᠷᠭᠡᠨ ᠪᠠᠶᠢᠵᠤ᠂ ᠲᠣᠰ ᠲᠣᠰ 16.6 ᠳᠠᠬᠢᠨ᠂ 3.3 ᠳᠠᠬᠢᠨ ᠨᠡᠮᠡᠭᠳᠡᠵᠡᠶ᠃ | ᠪᠤᠰᠤᠳ ᠠᠶᠢᠮᠠᠭ ᠬᠤᠲᠠ ᠨᠤᠭᠤᠳ ᠴᠥᠮ ᠰᠥᠭᠡᠷᠭᠦ ᠨᠡᠮᠡᠭᠳᠡᠯ ᠲᠠᠢ ᠪᠠᠶᠢᠨ᠎ᠠ᠃ | ᠪᠥᠬᠦ ᠣᠷᠣᠨ ᠤ ᠪᠣᠭᠤᠮᠲᠠ ᠶᠢᠨ ᠬᠢᠯᠢ ᠪᠠᠷ ᠣᠷᠣᠭᠤᠯᠵᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ | 4474.8 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.1% ᠪᠠᠷ ᠪᠠᠭᠤᠷᠠᠪᠠ᠂ | ᠡᠭᠦᠨ ᠳᠤ᠂ ᠬᠢᠯᠢ ᠪᠠᠷ ᠣᠷᠣᠭᠤᠯᠵᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 3928.9 ᠲᠦᠮᠡᠨ | ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.8% ᠪᠠᠷ ᠨᠡᠮᠡᠭᠳᠡᠪᠡ︔ ᠬᠢᠯᠢ ᠠᠴᠠ ᠭᠠᠷᠬᠤ | ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 545.9 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 26.4% ᠪᠠᠷ ᠪᠠᠭᠤᠷᠠᠪᠠ᠃ 10 ᠳ᠋ᠤᠭᠠᠷ ᠰᠠᠷ᠎ᠠ ᠳᠤ᠂ ᠪᠥᠬᠦ ᠣᠷᠣᠨ ᠤ ᠪᠣᠭᠤᠮᠲᠠ ᠶᠢᠨ ᠬᠢᠯᠢ ᠪᠠᠷ ᠣᠷᠣᠭᠤᠯᠵᠤ | ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 661.3 ᠲᠦᠮᠡᠨ ᠲᠣᠨ ᠳᠤ ᠬᠦᠷᠴᠦ᠂ ᠲᠦᠷᠦᠭᠦᠤ | ᠰᠠᠷ᠎ᠠ ᠶᠢᠨ ᠬᠢ ᠠᠴᠠ ᠪᠠᠨ 0.4% ᠨᠡᠮᠡᠭᠳᠡᠪᠡ᠃ ᠨᠡᠮᠡᠭᠳᠡᠯ ᠤᠨ ᠬᠡᠮᠵᠢᠶ᠎ᠡ ᠠᠴᠠ ᠦᠵᠡᠪᠡᠯ᠂ ᠡᠷᠢᠶᠡᠨ ᠬᠤᠲᠠ ᠶᠢᠨ | ᠲᠡᠮᠦᠷ ᠵᠠᠮ ᠤᠨ ᠪᠣᠭᠤᠮᠲᠠ᠂ ᠴᠡᠭᠡ ᠵᠠᠰᠠᠮᠠᠯ ᠵᠠᠮ ᠤᠨ ᠪᠣᠭᠤᠮᠲᠠ᠂ ᠡᠷᠢᠶᠡᠨ ᠬᠤᠲᠠ ᠶᠢᠨ ᠵᠠᠰᠠᠮᠠᠯ ᠵᠠᠮ ᠤᠨ | ᠪᠣᠭᠤᠮᠲᠠ ᠶᠢᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢᠨ ᠳᠡᠭᠡᠭᠰᠢᠯᠡᠯᠲᠡ ᠳᠤ ᠦᠵᠡᠭᠦᠯᠬᠦ | ᠳᠠᠶᠢᠴᠢᠯᠠᠬᠤ ᠦᠢᠯᠡᠳᠦᠯ ᠨᠢ ᠨᠡᠯᠢᠶᠡᠳ ᠶᠡᠭᠡ ᠪᠠᠶᠢᠵᠤ᠂ ᠪᠥᠬᠦ ᠣᠷᠣᠨ ᠤ ᠡᠮᠦᠨ᠎ᠡ ᠭᠤᠷᠪᠠ ᠳᠤ ᠵᠢᠭᠰᠠᠭᠠᠭᠳᠠᠵᠠᠶ᠃ | ᠨᠡᠮᠡᠭᠳᠡᠯ ᠤᠨ ᠬᠤᠷᠳᠤᠴᠠ ᠠᠴᠠ ᠦᠵᠡᠪᠡᠯ᠂ ᠡᠷᠢᠶᠡᠨ ᠬᠤᠲᠠ ᠶᠢᠨ ᠵᠠᠰᠠᠮᠠᠯ ᠵᠠᠮ ᠤᠨ ᠪᠣᠭᠤᠮᠲᠠ᠂ ᠮᠠᠨᠵᠤᠤᠷ ᠤᠨ | ᠵᠠᠰᠠᠮᠠᠯ ᠵᠠᠮ ᠤᠨ ᠪᠣᠭᠤᠮᠲᠠ᠂ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠶᠢᠨ ᠨᠡᠮᠡᠭᠳᠡᠯ ᠨᠡᠯᠢᠶᠡᠳ ᠲᠦᠷᠭᠡᠨ | ᠪᠠᠶᠢᠵᠤ᠂ ᠲᠣᠰ ᠲᠣᠰ 22.6%᠂ 22.0%᠂ 10.9% ᠪᠠᠷ ᠨᠡᠮᠡᠭᠳᠡᠪᠡ᠃ 1 — 10 ᠳ᠋ᠤᠭᠠᠷ | ᠰᠠᠷ᠎ᠠ ᠳᠤ᠂ ᠪᠥᠬᠦ ᠣᠷᠣᠨ ᠤ ᠬᠢᠯᠢ ᠪᠠᠷ ᠣᠷᠣᠭᠤᠯᠵᠤ ᠭᠠᠷᠭᠠᠭᠰᠠᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ | ᠲᠡᠷᠭᠡ 6010 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 18.2% ᠨᠡᠮᠡᠭᠳᠡᠪᠡ᠂ ᠡᠭᠦᠨ ᠳᠤ ᠮᠠᠨᠵᠤᠤᠷ | ᠪᠣᠭᠤᠮᠲᠠ ᠶᠢᠨ ᠬᠢᠯᠢ ᠪᠠᠷ ᠣᠷᠣᠭᠤᠯᠵᠤ ᠭᠠᠷᠭᠠᠭᠰᠠᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ | 3968 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 41.0% ᠨᠡᠮᠡᠭᠳᠡᠪᠡ︔ ᠡᠷᠢᠶᠡᠨ ᠬᠤᠲᠠ ᠶᠢᠨ | ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ 2042 | ᠪᠠᠶᠢᠵᠤ᠂ ᠠᠳᠠᠯᠢ ᠬᠤᠭᠤᠴᠠᠭᠠᠨ ᠤ ᠬᠢ ᠠᠴᠠ 10% ᠪᠠᠷ ᠪᠠᠭᠤᠷᠠᠪᠠ᠃ | |