ᠤᠯᠠᠮᠵᠢᠯᠠᠯᠲᠤ ᠳᠠᠪᠠᠭᠤᠯᠢᠭ ᠢᠶᠠᠨ ᠪᠠᠬᠢᠵᠢᠭᠦᠯᠵᠦ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠦᠭᠵᠢᠭᠡᠪᠡ — ᠪᠠᠶᠠᠨᠨᠠᠭᠤᠷ ᠬᠤᠳᠠ ᠶᠢᠨ ᠬᠢᠨ ᠭᠠᠳᠠᠭᠠᠳᠤ ᠠᠷᠠᠯᠵᠢᠶᠠᠨ ᠤ ᠬᠡᠪᠴᠢᠶ᠎ᠡ ᠪᠣᠯᠤᠨ ᠶᠠᠰᠤ ᠴᠢᠨᠠᠷ ᠤᠨ ᠬᠤᠣᠰ ᠳᠡᠭᠡᠭᠰᠢᠯᠡᠯᠲᠡ ᠶᠢ ᠪᠡᠶᠡᠯᠡᠭᠦᠯᠵᠡᠢ
ᠨᠡᠶᠢᠲᠡᠯᠡᠭᠰᠡᠨ ᠴᠠᠭ᠄
2022/11/27
  ᠤᠢᠢᠷ᠎ᠠ ᠶᠢᠨ ᠵᠢᠯ ᠠᠴᠠ᠂ ᠪᠠᠶᠠᠨᠨᠠᠭᠤᠷ ᠬᠤᠳᠠ ᠶᠢᠨ ᠬᠢᠨ ᠰᠢᠨ᠎ᠡ ᠲᠢᠳᠢᠮᠯᠢᠩ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠠᠴᠠ ᠪᠣᠯᠤᠭᠰᠠᠨ ᠨᠠᠵᠠᠭᠠᠢ ᠲᠠᠯ᠎ᠠ ᠶᠢᠨ ᠨᠥᠯᠥᠭᠡ ᠬᠠᠨᠳᠣᠭᠤᠯᠣᠨ᠂ ᠭᠠᠳᠠᠭᠠᠳᠤ ᠠᠷᠠᠯᠵᠢᠶᠠᠨ ᠤ ᠪᠠᠭᠤᠷᠠᠯᠲᠠ ᠶᠢᠨ ᠳᠠᠷᠤᠯᠲᠠ ᠨᠡᠮᠡᠭᠳᠡᠬᠦ᠂ ᠠᠷᠠᠯᠵᠢᠶᠠᠨ ᠤ ᠪᠠᠬᠢᠯᠡᠯᠲᠡ ᠨᠡᠮᠡᠭᠳᠡᠭᠰᠡᠨ ᠵᠡᠷᠭᠡ ᠠᠰᠢᠭ ᠦᠭᠡᠢ ᠬᠦᠴᠦᠨ ᠵᠦᠢᠯ ᠢ ᠢᠳᠡᠪᠬᠢᠲᠡᠢ ᠠᠷᠭᠠᠴᠠᠵᠤ᠂ ᠭᠠᠳᠠᠭᠠᠳᠤ ᠠᠷᠠᠯᠵᠢᠶᠠᠨ ᠤ ᠬᠡᠪᠴᠢᠶ᠎ᠡ ᠪᠣᠯᠤᠨ ᠶᠠᠰᠤ ᠴᠢᠨᠠᠷ ᠤᠨ ᠬᠤᠣᠰ ᠳᠡᠭᠡᠭᠰᠢᠯᠡᠯᠲᠡ ᠶᠢ ᠪᠡᠶᠡᠯᠡᠭᠦᠯᠵᠡᠢ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠲᠤᠭ᠎ᠠ 2018 ᠣᠨ ᠳᠤ ᠠᠩᠬ᠎ᠠ ᠤᠳᠠᠭ᠎ᠠ 200 ᠳ᠋ᠦᠩᠰᠢᠭᠤᠷ ᠲᠥᠭᠦᠷᠢᠭ ᠤᠨ ᠪᠣᠭᠤᠮᠲᠠ ᠶᠢ ᠳᠠᠪᠠᠵᠤ᠂ 3 ᠵᠢᠯ ᠳᠠᠷᠠᠭᠠᠯᠠᠨ ᠪᠥᠬᠦ ᠣᠷᠣᠨ ᠤ ᠨᠢᠭᠡᠳᠦᠭᠡᠷ ᠲᠤ ᠣᠷᠣᠵᠤ᠂ ᠪᠥᠬᠦ ᠣᠷᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠲᠣᠭᠠᠨ ᠤ 20% ᠣᠷᠴᠢᠮ ᠢ ᠡᠵᠡᠯᠡᠪᠡ︔ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ 13 ᠵᠢᠯ ᠳᠠᠷᠠᠭᠠᠯᠠᠨ ᠪᠥᠬᠦ ᠣᠷᠣᠨ ᠤ ᠨᠢᠭᠡᠳᠦᠭᠡᠷ ᠲᠤ ᠣᠷᠣᠵᠤ᠂ ᠪᠥᠬᠦ ᠣᠷᠣᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠶᠢᠨ ᠶᠡᠷᠦᠩᠬᠡᠶ ᠲᠣᠭᠠᠨ ᠤ 60% ᠠᠴᠠ ᠡᠨᠡ ᠵᠢᠯ ᠤᠨ 1 — 10 ᠰᠠᠷ᠎ᠠ ᠳᠤ᠂ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠬᠡᠮᠵᠢᠶ᠎ᠡ 272.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 41.8% ᠪᠠᠷ ᠨᠡᠮᠡᠭᠳᠡᠪᠡ᠂ ᠡᠭᠦᠨ ᠳᠤ ᠭᠠᠳᠠᠭᠠᠳᠤ ᠭᠠᠷᠭᠠᠯᠲᠠ 40.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 37.2% ᠢᠶᠠᠷ ᠨᠡᠮᠡᠭᠳᠡᠪᠡ︔ ᠭᠠᠳᠠᠭᠠᠳᠤ ᠣᠷᠣᠭᠤᠯᠤᠯᠲᠠ 231.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 42.6% ᠨᠡᠮᠡᠭᠳᠡᠪᠡ᠃ ᠵᠢᠱᠢᠯᠲᠡ ᠪᠠᠷ ᠪᠥᠬᠦ ᠵᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠥᠬᠦ ᠲᠤᠭ᠎ᠠ ᠠᠩᠬ᠎ᠠ ᠤᠳᠠᠭ᠎ᠠ 300 ᠳ᠋ᠦᠩᠰᠢᠭᠤᠷ ᠲᠥᠭᠦᠷᠢᠭ ᠤᠨ ᠪᠣᠭᠤᠮᠲᠠ ᠶᠢ ᠳᠠᠪᠠᠭ᠋ᠤ ᠪᠣᠯᠤᠨ᠎ᠠ᠃  ᠭᠠᠳᠠᠭᠠᠳᠤ ᠣᠷᠴᠢᠨ ᠲᠣᠭᠤᠷᠢᠨ ᠤ ᠲᠣᠭᠲᠠᠪᠤᠷᠢ ᠥᠬᠡᠶ ᠴᠢᠨᠠᠷ ᠳᠡᠭᠡᠭᠰᠢᠯᠡᠬᠦ᠂ ᠭᠠᠳᠠᠭᠠᠳᠤ ᠬᠡᠷᠡᠭᠴᠡᠭᠡ ᠤᠳᠠᠭᠠᠰᠢᠷᠠᠬᠤ᠂ ᠵᠠᠬᠢᠶᠠᠯᠠᠭ᠎ᠠ ᠶᠢᠨ ᠬᠠᠭᠤᠳᠠᠰᠤ ᠯᠡᠪᠡᠷᠡᠬᠦ ᠪᠠ ᠬᠢᠵᠢᠭ ᠤᠨ ᠪᠠᠶᠢᠳᠠᠯ ᠳᠠᠬᠢᠨ ᠳᠠᠪᠲᠠᠬᠤ ᠵᠡᠷᠭᠡ ᠠᠰᠢᠭ ᠥᠬᠡᠶ ᠬᠦᠴᠦᠨ ᠵᠦᠢᠯ ᠤᠨ ᠨᠥᠯᠥᠭᠡᠯᠡᠯ ᠳᠣᠤᠷ᠎ᠠ᠂ ᠪᠠᠶᠠᠨᠨᠠᠭᠤᠷ ᠬᠤᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ ᠨᠡᠯᠢᠶᠡᠳ ᠲᠦᠷᠭᠡᠨ ᠬᠥᠭᠵᠢᠯᠲᠡ ᠲᠠᠢ ᠪᠣᠯᠵᠣ᠂ ᠭᠤᠤᠯᠳᠠᠭᠤ ᠳᠣᠤᠷᠠᠬᠢ ᠮᠡᠲᠦ ᠪᠦᠲᠦᠮᠵᠢᠲᠡᠶ ᠠᠷᠭ᠎ᠠ ᠬᠡᠮᠵᠢᠶ᠎ᠡ ᠶᠢ ᠠᠪᠤᠭᠰᠠᠨ ᠪᠠᠶᠢᠨ᠎ᠠ᠃  ᠨᠢᠭᠡ ᠳᠤ᠂ ᠴᠠᠭ ᠲᠤ ᠨᠢ ᠲᠣᠬᠢᠷᠠᠭᠤᠯᠤᠨ ︽ᠲᠦᠷᠦ ᠶᠢᠨ ᠪᠤᠳᠤᠯᠭ᠎ᠠ ᠶᠢᠨ ᠳᠠᠭᠠᠭᠠᠴᠢᠯᠠᠯᠲᠠ︾ ᠶᠢ ᠨᠡᠶᠢᠲᠡᠯᠡᠵᠦ᠂ ᠲᠦᠷᠦ ᠶᠢᠨ ᠪᠤᠳᠤᠯᠭ᠎ᠠ ᠶᠢᠨ ᠠᠰᠢᠭ ᠣᠯᠵᠠᠪᠤᠷᠢ ᠪᠠᠷ ᠵᠠᠬ᠎ᠠ ᠳᠡᠯᠭᠡᠭᠦᠷ ᠤᠨ ᠲᠠᠭᠠᠷᠢᠯᠳᠠ ᠶᠢ ᠠᠷᠢᠯᠭᠠᠪᠠ᠃ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠭᠦᠨᠵᠡᠭᠡᠶ ᠡᠳ᠋ᠰᠢᠭᠦᠯᠬᠦ ᠠᠵᠤ ᠦᠢᠯᠡᠰ ᠤᠨ ᠣᠯᠠᠨ ᠤᠯᠤᠰ ᠤᠨ ᠵᠠᠬ᠎ᠠ ᠳᠡᠯᠭᠡᠭᠦᠷ ᠢ ᠨᠡᠭᠡᠭᠡᠬᠦ ᠶᠢ ᠢᠳᠡᠪᠬᠢᠲᠡᠶ ᠪᠠᠷ ᠳᠥᠯᠭᠢᠨ ᠠᠬᠢᠭᠤᠯᠵᠤ᠂ ᠭᠠᠳᠠᠭᠠᠳᠤ ᠠᠷᠠᠯᠵᠢᠶᠠᠨ ᠤ ᠨᠡᠮᠡᠭᠳᠡᠯ ᠢ ᠲᠣᠭᠲᠠᠪᠤᠷᠢᠵᠢᠭᠤᠯᠤᠨ ᠥᠷᠢᠰᠥᠯᠳᠦᠭᠡᠨ ᠤ ᠰᠢᠨ᠎ᠡ ᠳᠠᠪᠠᠭᠤᠯᠢᠭ ᠢ ᠲᠦᠷᠭᠡᠳᠬᠡᠨ ᠪᠤᠶᠢᠵᠢᠭᠤᠯᠬᠤ ᠵᠡᠷᠭᠡ ᠠᠯᠢ ᠣᠯᠠᠨ ᠢᠵᠢ ᠪᠥᠷᠢᠳᠦᠭᠦᠯᠬᠦ ᠠᠷᠭ᠎ᠠ ᠬᠡᠮᠵᠢᠶ᠎ᠡ ᠶᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠬᠢᠵᠦ ᠲᠠᠰ ᠳᠡᠪᠰᠢᠭᠦᠯᠬᠦ᠂ ᠪᠡᠶ᠎ᠡ ᠪᠠᠨ ᠳᠠᠭᠠᠭᠠᠭᠰᠠᠨ ᠨᠠᠷᠠᠲᠤ ᠲᠥᠷᠥᠯ ᠲᠡᠮᠳᠡᠭᠲᠦ ᠶᠢ ᠪᠤᠶᠢᠵᠢᠭᠤᠯᠬᠤ᠂ ᠣᠯᠠᠨ ᠤᠯᠤᠰ ᠤᠨ ᠡᠵᠡᠩᠨᠡᠨ ᠪᠣᠷᠣᠯᠠᠭᠤᠯᠬᠤ ᠰᠢᠰᠲ᠋ᠧᠮᠵᠢ ᠶᠢᠨ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠠᠬᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠭᠠᠳᠠᠭᠠᠳᠤ ᠳᠤ ᠭᠠᠷᠭᠠᠬᠤ ︽ᠲᠥᠷᠥ ᠶᠢᠨ ᠪᠣᠳᠣᠯᠭ᠎ᠠ ᠶᠢᠨ ᠬᠤᠲᠣᠭᠤᠷ ᠭᠠᠵᠠᠷ︾ ᠪᠠ ︽ᠦᠢᠯᠡᠴᠢᠯᠡᠭᠡᠨ ᠤ ᠥᠨᠳᠦᠷᠯᠢᠭ ᠭᠠᠵᠠᠷ︾ ᠢ ᠬᠦᠴᠦᠯᠡᠨ ᠪᠣᠶ ᠪᠣᠯᠭᠠᠪᠠ᠃ ᠪᠠᠶᠠᠨᠨᠠᠭᠤᠷ ᠬᠤᠳᠠ ᠨᠢᠭᠡᠨᠲᠡ ᠪᠦᠬᠦ ᠤᠯᠤᠰ ᠤᠨ ᠨᠡᠷᠡᠨ ᠬᠤᠸᠠᠷ ᠤᠨ ᠦᠷ᠎ᠡ ᠡᠳ᠋ᠰᠢᠭᠦᠯᠵᠦ ᠭᠠᠳᠠᠭᠠᠳᠤ ᠳᠤ ᠭᠠᠷᠭᠠᠬᠤ ᠲᠥᠪᠯᠡᠷᠡᠭᠦᠯᠦᠨ ᠲᠠᠷᠬᠠᠭᠠᠬᠤ ᠭᠠᠵᠠᠷ ᠪᠤᠯᠵᠤ᠂ ᠤᠳᠤ ᠦᠷ᠎ᠡ ᠡᠳ᠋ᠰᠢᠭᠦᠯᠵᠦ ᠭᠠᠳᠠᠭᠠᠳᠤ ᠳᠤ ᠭᠠᠷᠭᠠᠬᠤ ᠠᠵᠤ ᠠᠬᠤᠶᠢᠯᠠᠯ 130 ᠪᠠᠶᠢᠵᠤ᠂ ᠵᠢᠯ ᠤᠨ ᠡᠳ᠋ᠰᠢᠭᠦᠯᠵᠦ ᠪᠣᠯᠪᠠᠰᠤᠷᠠᠭᠤᠯᠬᠤ ᠴᠢᠳᠠᠪᠤᠷᠢ ᠨᠢ 60 ᠲᠦᠮᠡᠨ ᠲᠣᠨ ᠳᠤ ᠬᠦᠷᠴᠦ᠂ ᠲᠤᠬᠠᠢ ᠶᠢᠨ ᠭᠠᠵᠠᠷ ᠤᠨ ᠲᠠᠷᠢᠭᠰᠠᠨ ᠨᠡᠷᠡᠨ ᠬᠤᠸᠠᠷ ᠤᠨ ᠦᠷ᠎ᠡ ᠶᠢ ᠡᠳ᠋ᠰᠢᠭᠦᠯᠬᠦ ᠠᠴᠠ ᠭᠠᠳᠠᠨ᠎ᠠ᠂ ᠤᠯᠠᠭᠠᠨᠬᠠᠳᠠ᠂ ᠰᠢᠯᠢ ᠶᠢᠨ ᠭᠤᠣᠯ ᠠᠶᠢᠮᠠᠭ᠂ ᠰᠢᠨᠵᠢᠶᠠᠩ᠂ ᠭᠠᠨᠰᠦ ᠵᠢᠴᠢ ᠺᠠᠽᠠᠭᠰᠲ᠋ᠠᠨ᠂ ᠤᠷᠤᠰ ᠤᠨ ᠨᠡᠷᠡᠨ ᠬᠤᠸᠠᠷ ᠤᠨ ᠦᠷ᠎ᠡ ᠶᠢ ᠠᠳᠡ ᠴᠤᠭᠯᠠᠭᠤᠯᠤᠨ ᠡᠳ᠋ᠰᠢᠭᠦᠯᠵᠦ᠂ ᠭᠠᠳᠠᠭᠠᠳᠤ ᠳᠤ ᠭᠠᠷᠭᠠᠭᠰᠠᠨ ᠨᠢ ᠲᠠᠪᠤᠨ ᠲᠢᠪ ᠤᠨ 90 ᠭᠠᠷᠤᠢ ᠤᠯᠤᠰ ᠪᠠ ᠭᠠᠵᠠᠷ ᠣᠷᠣᠨ ᠳᠤ ᠬᠤᠯᠪᠣᠭᠳᠠᠵᠠᠢ᠃ ᠪᠦᠷᠢᠳᠬᠡᠯ ᠢ ᠦᠨᠳᠦᠰᠦᠯᠡᠪᠡᠯ᠂ ᠭᠠᠭᠴᠠ ᠦᠷ᠎ᠡ ᠶᠢᠨ ᠦᠷ᠎ᠡ ᠶᠢᠨ ᠲᠦᠷᠦᠯ ᠤᠨ ᠦᠢᠯᠡᠳᠬᠦᠨ ᠢ ᠭᠠᠳᠠᠭᠠᠳᠤ ᠳᠤ ᠭᠠᠷᠭᠠᠬᠤ ᠨᠢᠭᠡ ᠵᠦᠢᠯ ᠨᠢ ᠪᠦᠬᠦ ᠬᠤᠲᠠ ᠶᠢᠨ 80 ᠲᠦᠮᠡᠨ ᠮᠠᠯᠴᠢᠨ ᠲᠠᠷᠢᠶᠠᠴᠢᠨ ᠤ ᠵᠢᠯ ᠤᠨ ᠬᠥᠮᠦᠨ ᠳᠤᠮᠳᠠᠴᠢ ᠶᠢᠨ ᠣᠷᠣᠯᠭ᠎ᠠ 4000 ᠲᠥᠭᠦᠷᠢᠭ ᠠᠷᠠᠳ ᠤᠨ ᠵᠣᠭᠤᠰ ᠲᠤ ᠬᠦᠷᠴᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠭᠠᠳᠠᠭᠠᠳᠤ ᠠᠷᠠᠯᠵᠢᠶᠠᠨ ᠤ ᠬᠦᠴᠦᠨ ᠴᠢᠳᠠᠯ ᠢ ᠨᠡᠮᠡᠷᠢᠯᠡᠭᠰᠡᠨ ᠪᠠᠶᠢᠨ᠎ᠠ᠃  ᠬᠤᠶᠠᠷ ᠲᠤ᠂ ᠠᠵᠤ ᠠᠬᠤᠶᠢᠯᠠᠯ ᠤᠨ ᠪᠣᠳᠠᠲᠠᠢ ᠬᠦᠴᠢᠷᠳᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠶᠠᠪᠤᠴᠠ ᠶᠢᠨ ᠦᠢᠯᠡᠴᠢᠯᠡᠭᠡ ᠪᠠᠷ ᠭᠠᠳᠠᠭᠠᠳᠤ ᠠᠷᠠᠯᠵᠢᠶᠠᠨ ᠤ ᠠᠮᠢᠵᠢᠷᠠᠯ ᠤᠨ ᠬᠦᠴᠦᠨ ᠢ ᠭᠦᠭᠵᠢᠭᠡᠪᠡ᠃ ᠭᠤᠣᠯᠳᠠᠯᠭ᠎ᠠ ᠲᠠᠢ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠳᠤ ᠠᠩᠬᠠᠷᠤᠯ ᠢᠶᠠᠨ ᠲᠥᠪᠯᠡᠷᠡᠭᠦᠯᠦᠨ ︽ᠳᠠᠭᠠᠭᠠᠴᠢᠯᠠᠨ ᠬᠤᠯᠪᠣᠭᠠᠯᠠᠵᠤ ᠪᠠᠲᠤᠯᠠᠬᠤ ᠦᠢᠯᠡᠴᠢᠯᠡᠭᠡᠨ ᠤ ᠲᠣᠭᠲᠠᠴᠠ︾ ᠶᠢ ᠪᠠᠶᠢᠭᠤᠯᠵᠤ᠂ ᠪᠦᠬᠦ ᠬᠤᠳᠠ ᠶᠢᠨ ᠭᠤᠣᠯᠳᠠᠯᠭ᠎ᠠ ᠲᠠᠢ ᠭᠠᠳᠠᠭᠠᠳᠤ ᠳᠤ ᠭᠠᠷᠭᠠᠬᠤ 32 ᠠᠵᠤ ᠠᠬᠤᠶᠢᠯᠠᠯ ᠳᠤ ᠨᠢᠭᠡ ᠨᠢᠭᠡ  ᠪᠠᠷ ᠨᠠᠷᠢᠯᠢᠭ ᠣᠨᠣᠴᠠᠲᠠᠶ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠢ ᠬᠠᠪᠰᠤᠷᠤᠨ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠰᠠᠶᠢᠲᠤᠷ ᠬᠡᠷᠡᠭᠯᠡᠵᠦ ᠭᠦᠢᠴᠡᠳ ᠨᠡᠶᠢᠳᠠᠪᠣᠷᠢᠵᠢᠭᠤᠯᠪᠠ᠃ ᠪᠣᠭᠤᠮᠲᠠ᠂ ᠭᠠᠶᠢᠯᠢ ᠶᠢᠨ ᠶᠠᠪᠤᠳᠠᠯ᠂ ᠭᠠᠳᠠᠭᠠᠳᠤ ᠭᠤᠪᠢᠭᠤᠯᠭ᠎ᠠ᠂ ᠮᠥᠩᠭᠦᠨ ᠭᠦᠢᠯᠭᠡᠭᠡ ᠵᠡᠷᠭᠡ ᠭᠠᠳᠠᠭᠠᠳᠤ ᠲᠠᠢ ᠬᠤᠯᠪᠣᠭᠳᠠᠬᠤ ᠰᠠᠯᠠᠭ᠎ᠠ ᠮᠥᠴᠢᠷ ᠲᠠᠢ ᠬᠤᠯᠪᠣᠭᠠᠯᠠᠨ ᠬᠠᠮᠵᠢᠯᠴᠠᠬᠤ ᠶᠢ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠠᠮᠲᠤᠷᠠᠨ ᠪᠠᠶᠢᠴᠠᠭᠠᠨ ᠰᠤᠳᠤᠯᠬᠤ᠂ ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ᠂ ᠶᠠᠷᠢᠯᠴᠠᠬᠤ ᠬᠤᠷᠠᠯ ᠬᠢᠵᠦ ᠣᠶᠢᠯᠠᠭᠠᠬᠤ ᠶᠢ ᠵᠣᠬᠢᠶᠠᠨ ᠪᠠᠶᠢᠭᠤᠯᠵᠤ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠲᠦᠭᠵᠢᠷᠡᠯ ᠤᠨ ᠴᠡᠭ᠂ ᠪᠡᠷᠬᠡᠲᠡᠶ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠵᠢᠭᠠᠨ ᠵᠢᠯᠤᠭᠤᠳᠤᠭᠴᠢ᠂ ᠵᠣᠬᠢᠴᠠᠭᠤᠯᠤᠭᠴᠢ᠂ ᠦᠢᠯᠡᠴᠢᠯᠡᠭᠴᠢ ᠶᠢ ᠰᠠᠶᠢᠲᠤᠷ ᠬᠢᠵᠦ᠂ ᠠᠷᠠᠯᠵᠢᠶᠠᠨ ᠤ ᠰᠠᠶᠢᠨ ᠰᠠᠶᠢᠬᠠᠨ ᠣᠷᠴᠢᠨ ᠨᠥᠬᠦᠴᠡᠯ ᠢ ᠴᠢᠷᠮᠠᠶᠢᠨ ᠪᠤᠢ ᠪᠣᠯᠭᠠᠪᠠ᠃ ᠥᠪᠡᠷᠲᠡᠭᠡᠨ ᠵᠠᠰᠠᠬᠤ ᠣᠷᠣᠨ ᠤ ᠲᠠᠰ ᠤᠨ 3 ᠭᠠᠳᠠᠭᠠᠳᠤ ᠠᠷᠠᠯᠵᠢᠶ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠤᠨ ᠦᠢᠯᠡᠳᠦᠯ ᠢ ᠬᠦᠢᠴᠡᠳ ᠪᠠᠳᠠᠷᠠᠭᠤᠯᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠪᠣᠭᠤᠮᠲᠠ ᠪᠠᠷ ᠥᠩᠭᠡᠷᠡᠬᠦ᠂ ᠪᠠᠷᠠᠭᠠᠨ ᠤ ᠭᠦᠢᠯᠭᠡᠭᠡᠨ᠂ ᠭᠠᠶᠢᠯᠢ ᠪᠤᠴᠠᠭᠠᠬᠤ᠂ ᠪᠠᠯᠠ ᠳᠣᠭᠢᠷᠠᠭᠤᠯᠬᠤ᠂ ᠢᠲᠡᠭᠡᠮᠵᠢ ᠶᠢᠨ ᠪᠠᠲᠤᠯᠠᠭ᠎ᠠ ᠵᠡᠷᠭᠡ ᠪᠥᠬᠦ ᠴᠤᠪᠤᠷᠠᠯ  ᠤᠨ ᠦᠢᠯᠡᠴᠢᠯᠡᠭᠡ ᠬᠠᠩᠭᠠᠵᠤ᠂ ᠨᠢᠭᠡ ᠪᠦᠯᠦᠭ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠭᠠᠳᠠᠭᠠᠳᠤ ᠠᠷᠠᠯᠵᠢᠶ᠎ᠠ ᠶᠢᠨ ᠲᠤᠬᠠᠶᠢᠯᠠᠭᠰᠠᠨ ᠠᠵᠢᠯ ᠥᠷᠨᠢᠭᠦᠯᠬᠦ ᠶᠢ ᠬᠥᠲᠥᠯᠦᠨ ᠵᠢᠯᠣᠭᠤᠳᠴᠤ ᠳᠠᠶᠢᠴᠢᠯᠠᠪᠠ᠃ ᠣᠲᠣ ᠪᠣᠯᠲᠠᠯ᠎ᠠ᠂ ᠭᠠᠳᠠᠭᠠᠳᠤ ᠠᠷᠠᠯᠵᠢᠶᠠᠨ ᠤ ᠳᠠᠩᠰᠠᠯᠠᠭᠤᠯᠤᠭᠰᠠᠨ ᠠᠵᠤ ᠠᠬᠤᠶᠢᠯᠠᠯ 2266 ᠪᠣᠯᠵᠣ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠠᠮᠵᠢᠯᠲᠠ ᠪᠦᠲᠦᠮᠵᠢ ᠲᠠᠢ ᠠᠵᠤ ᠠᠬᠤᠶᠢᠯᠠᠯ 300 ᠶᠢ ᠳᠠᠪᠠᠵᠠᠶ᠃  ᠭᠤᠷᠪᠠ ᠳᠤ᠂ ᠭᠠᠳᠠᠭᠠᠳᠤ ᠠᠷᠠᠯᠵᠢᠶᠠᠨ ᠤ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠬᠦᠴᠦᠯᠡᠨ ᠠᠬᠢᠭᠤᠯᠵᠤ᠂ ᠠᠵᠤ ᠦᠢᠯᠡᠰ ᠤᠨ ᠥᠷᠢᠰᠥᠯᠳᠦᠭᠡᠨ ᠤ ᠳᠠᠪᠠᠭᠤᠯᠢᠭ ᠢ ᠪᠣᠶᠢᠵᠢᠭᠤᠯᠪᠠ᠃ ᠭᠠᠳᠠᠭᠠᠳᠤ ᠠᠷᠠᠯᠵᠢᠶᠠᠨ ᠤ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠠᠳᠠᠭᠠᠳᠤ ᠠᠷᠠᠯᠵᠢᠶᠠᠨ ᠤ ᠬᠡᠯᠪᠡᠷᠢ ᠶᠢ ᠬᠤᠪᠢᠷᠠᠭᠤᠯᠬᠤ 5 ᠰᠠᠭᠤᠷᠢᠨ ᠭᠠᠵᠠᠷ ᠢ ᠢᠳᠡᠪᠬᠢᠲᠡᠶ ᠪᠠᠷ ᠴᠢᠷᠮᠠᠶᠢᠨ ᠪᠠᠶᠢᠭᠤᠯᠵᠤ᠂ ᠪᠦᠬᠦ ᠤᠯᠤᠰ ᠤᠨ ᠲᠤᠰᠬᠠᠶ ᠣᠷᠣᠨ ᠬᠤᠳᠠ ᠶᠢᠨ ᠲᠡᠰ ᠤᠨ ᠠᠳᠠᠯᠢ ᠨᠢᠭᠡᠨ ᠬᠦᠷᠢᠶᠡᠨ ᠳᠤ ᠮᠠᠭᠠᠳᠯᠠᠨ ᠲᠣᠭᠲᠠᠭᠠᠭᠰᠠᠨ ᠲᠤᠭ᠎ᠠ ᠬᠡᠮᠵᠢᠶ᠎ᠡ ᠪᠠᠷ ᠬᠠᠮᠤᠭ ᠤᠨ ᠤᠯᠠᠨ ᠪᠣᠯᠪᠠ᠃ ︽ᠲᠥᠯᠥᠪᠵᠢᠭᠦᠯᠭᠡ ᠲᠣᠭᠲᠠᠭᠠᠬᠤ᠂ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠲᠠᠪᠴᠠᠩ ᠢ ᠲᠡᠭᠦᠯᠳᠡᠷᠵᠢᠭᠦᠯᠬᠦ᠂ ᠲᠣᠭᠲᠠᠴᠠ ᠶᠢ ᠪᠦᠷᠢᠨᠰᠢᠬᠦᠯᠬᠦ︾ ᠰᠡᠳᠬᠢᠮᠵᠢ ᠶᠢᠨ ᠲᠣᠭᠤᠷᠢᠨ ᠳᠤ᠂ ᠰᠠᠭᠤᠷᠢᠨ ᠭᠠᠵᠠᠷ ᠤᠨ ᠭᠠᠳᠠᠭᠠᠳᠤ ᠠᠷᠠᠯᠵᠢᠶ᠎ᠠ ᠶᠢᠨ ᠣᠨᠴᠠᠯᠢᠭ ᠲᠠᠢ ᠳᠠᠪᠠᠭᠤᠯᠢᠭ ᠠᠵᠤ ᠦᠢᠯᠡᠰ ᠲᠤ ᠦᠢᠯᠡᠴᠢᠯᠡᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠤᠯᠠᠮᠵᠢᠯᠠᠯᠲᠤ ᠭᠠᠳᠠᠭᠠᠳᠤ ᠭᠠᠷᠭᠠᠯᠲᠠ ᠶᠢᠨ ᠳᠠᠪᠠᠭᠤᠯᠢᠭ ᠢ ᠪᠠᠲᠤᠯᠠᠭᠰᠠᠨ ᠰᠠᠭᠤᠷᠢᠨ ᠳᠡᠭᠡᠷ᠎ᠡ ᠭᠤᠤᠯᠯᠠᠬᠤ ᠥᠷᠢᠰᠦᠯᠳᠦᠬᠦ ᠬᠦᠴᠦᠨ ᠢᠶᠠᠨ ᠲᠠᠰᠤᠷᠠᠯᠲᠠ ᠥᠬᠡᠶ ᠲᠡᠭᠡᠭᠰᠢᠯᠡᠬᠦᠯᠪᠠ᠃ ᠰᠠᠭᠤᠷᠢᠨ ᠭᠠᠵᠠᠷ ᠤᠨ ᠭᠠᠳᠠᠭᠠᠳᠤ ᠳᠤ ᠭᠠᠷᠭᠠᠬᠤ ᠦᠢᠯᠡᠳᠬᠦᠨ ᠤ ᠪᠦᠲᠦᠴᠡ ᠶᠢ ᠥᠩᠭᠡᠷᠡᠭᠰᠡᠨ ᠤ ᠲᠠᠩ ᠭᠠᠭᠴᠠ ᠲᠦᠭᠦᠬᠡᠢ ᠮᠠᠲ᠋ᠧᠷᠢᠶᠠᠯ ᠤᠨ ᠭᠠᠳᠠᠭᠠᠳᠤ ᠭᠠᠷᠭᠠᠯᠲᠠ ᠠᠴᠠ ᠪᠤᠯᠭᠤᠭᠰᠠᠨ ᠨᠡᠷᠡᠨ ᠬᠤᠸᠠᠷ ᠤᠨ ᠦᠷ᠎ᠡ᠂ ᠯᠠᠩᠭᠤᠸᠠ ᠶᠢᠨ ᠦᠷ᠎ᠡ ᠶᠢᠨ ᠲᠤᠰᠤ᠂ ᠵᠢᠵᠢᠭ ᠪᠠᠭᠯᠠᠭ᠎ᠠ ᠲᠠᠢ ᠲᠥᠪᠡᠳ ᠬᠠᠰᠢ ᠶᠢᠨ ᠨᠤᠬᠤᠰᠢ᠂ ᠬᠥᠯᠳᠡᠭᠡᠵᠦ ᠬᠠᠲᠠᠭᠠᠭᠰᠠᠨ ᠤᠰᠤ ᠦᠭᠡᠶᠢᠳᠡᠭᠦᠯᠦᠭᠰᠡᠨ ᠨᠣᠭᠤᠭ᠎ᠠ ᠵᠡᠷᠭᠡ ᠥᠨᠳᠥᠷ ᠨᠡᠮᠡᠯᠲᠡ ᠦᠷᠳᠡᠭ ᠲᠠᠢ ᠠᠵᠤ ᠦᠢᠯᠡᠰ ᠪᠣᠯᠭᠠᠨ ᠥᠷᠭᠡᠳᠬᠡᠵᠦ᠂ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠶᠠᠰᠤ ᠴᠢᠨᠠᠷ ᠢ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠬᠦ᠂ ᠦᠢᠯᠡᠳᠬᠦᠨ ᠤ ᠦᠷᠳᠡᠭ ᠤᠨ ᠦᠨ᠎ᠡ ᠶᠢ ᠳᠡᠭᠡᠭᠰᠢᠯᠡᠭᠦᠯᠬᠦ᠂ ᠭᠠᠳᠠᠭᠠᠳᠤ ᠠᠷᠠᠯᠵᠢᠶᠠᠨ ᠤ ᠵᠠᠬᠢᠶᠠᠯᠠᠭ᠎ᠠ ᠶᠢᠨ ᠬᠠᠭᠤᠳᠠᠰᠤ ᠶᠢ ᠳᠡᠭᠡᠭᠰᠢᠯᠡᠭᠦᠯᠬᠦ᠂ ᠭᠠᠳᠠᠭᠠᠳᠤ ᠠᠴᠠ ᠡᠭᠡᠭᠦᠯᠦᠨ ᠠᠪᠴᠢᠷᠠᠬᠤ ᠶᠢ ᠪᠠᠭᠤᠷᠠᠭᠤᠯᠬᠤ ︽ᠲᠦᠷᠪᠡ ᠶᠢ ᠳᠡᠭᠡᠭᠰᠢᠯᠡᠭᠦᠯᠵᠦ ᠨᠢᠭᠡ ᠶᠢ ᠪᠠᠭᠤᠷᠠᠭᠤᠯᠬᠤ︾ ᠰᠠᠶᠢᠨ ᠰᠠᠶᠢᠬᠠᠨ ᠪᠠᠶᠢᠳᠠᠯ ᠢ ᠠᠯᠬᠤᠮ ᠠᠯᠬᠤᠮ ᠢᠶᠠᠷ ᠪᠤᠢ ᠪᠤᠯᠭᠠᠪᠠ᠃ ᠡᠭᠦᠨ ᠤ ᠬᠠᠮᠲᠤ᠂ ᠳᠠᠪᠠᠭᠤᠯᠢᠭ ᠤᠨᠴᠠᠯᠢᠬᠳᠤ ᠪᠦᠲᠦᠭᠡᠭᠳᠡᠬᠦᠨ ᠤ ᠠᠷᠠᠯᠵᠢᠶ᠎ᠠ ᠨᠢ ᠪᠠᠰᠠ ᠲᠠᠷᠢᠶᠠᠯᠠᠩ ᠤᠨ ᠪᠦᠲᠦᠭᠡᠭᠳᠡᠬᠦᠨ ᠤ ᠮᠠᠰᠢᠨ ᠲᠥᠬᠦᠭᠡᠷᠦᠮᠵᠢ ᠶᠢ ᠭᠠᠳᠠᠭᠠᠳᠤ ᠳᠤ ᠭᠠᠷᠭᠠᠬᠤ ᠶᠢ ᠲᠠᠶᠢᠴᠢᠯᠠᠵᠦ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ ᠦᠷ᠎ᠡ ᠶᠢᠨ ᠪᠦᠲᠦᠭᠡᠭᠳᠡᠬᠦᠨ ᠤ ᠪᠦᠷᠢᠨ ᠲᠦᠬᠦᠷ ᠪᠣᠯᠪᠠᠰᠤᠷᠠᠭᠤᠯᠬᠤ ᠲᠥᠬᠦᠭᠡᠷᠦᠮᠵᠢ ᠶᠢ ᠤᠷᠤᠰ᠂ ᠲᠦᠷᠺ᠂ ᠪᠤᠯᠭᠠᠷᠢᠶ᠎ᠠ᠂ ᠺᠠᠽᠠᠭᠰᠲ᠋ᠠᠨ ᠵᠡᠷᠭᠡ ᠤᠯᠤᠰ ᠲᠤ ᠭᠠᠷᠭᠠᠵᠤ᠂ ᠶᠠᠰᠤ ᠴᠢᠨᠠᠷ᠂ ᠲᠦᠷᠦᠯ ᠲᠡᠮᠳᠡᠭ ᠪᠣᠯᠤᠨ ᠰᠢᠨ᠎ᠡ ᠶᠢ ᠡᠭᠦᠳᠬᠦ ︽ᠭᠤᠷᠪᠠᠨ ᠬᠦᠷᠳᠦ ᠪᠠᠷ ᠬᠥᠳᠡᠯᠭᠡᠭᠦᠷ ᠪᠣᠯᠭᠠᠬᠤ︾ ᠭᠠᠳᠠᠭᠠᠳᠤ ᠠᠷᠠᠯᠵᠢᠶᠠᠨ ᠤ ᠬᠥᠭᠵᠢᠯᠲᠡ ᠶᠢᠨ ᠰᠢᠨ᠎ᠡ ᠪᠠᠶᠢᠷᠢᠰᠢᠯ ᠢ ᠡᠭᠦᠳᠴᠡᠢ᠃    ᠲᠦᠷᠪᠡ ᠳᠤ᠂ ᠪᠣᠭᠤᠮᠲᠠ ᠪᠠᠷ ᠥᠩᠭᠡᠷᠡᠬᠦ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠬᠢᠵᠢᠭ ᠤᠨ ᠬᠤᠭᠤᠴᠠᠭᠠᠨ ᠳᠠᠬᠢ ᠡᠳ᠋ ᠪᠠᠷᠠᠭᠠᠨ ᠤ ᠰᠠᠭᠠᠳ ᠦᠭᠡᠢ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠢ ᠶᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠱᠠᠭᠠᠷᠳᠠᠯᠭ᠎ᠠ ᠶᠣᠰᠣᠭᠠᠷ᠂ ᠭᠠᠭᠴᠠᠮᠤᠳᠤ ᠪᠣᠭᠤᠮᠲᠠ ᠶᠢᠨ ᠬᠢᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠰᠢᠯᠢᠳᠡᠭᠵᠢᠭᠦᠯᠵᠦ᠂ ᠡᠷᠡᠭᠦᠯ ᠬᠠᠮᠠᠭᠠᠯᠠᠯ ᠬᠢᠵᠢᠭ  ᠤᠨ ᠪᠠᠶᠢᠴᠠᠭᠠᠯᠲᠠ ᠶᠢᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠶᠢᠨ ᠬᠠᠮᠲᠤ᠂ ᠭᠠᠳᠠᠭᠠᠳᠤ ᠠᠷᠠᠯᠵᠢᠶᠠᠨ ᠤ ᠲᠣᠭᠲᠠᠭᠤᠨ ᠢ ᠪᠠᠲᠤᠯᠠᠵᠤ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠬᠤ ᠬᠠᠲᠠᠭᠤ ᠴᠥᠮ᠎ᠡ ᠶᠢᠨ ᠠᠷᠭ᠎ᠠ ᠬᠡᠨᠵᠢᠶ᠎ᠡ ᠶᠢ ᠨᠠᠶᠢᠳᠠᠪᠤᠷᠢᠵᠢᠭᠤᠯᠵᠤ᠂ ᠪᠣᠭᠤᠮᠲᠠ ᠪᠠᠷ ᠥᠩᠭᠡᠷᠡᠬᠦ ᠪᠠᠷᠠᠭ᠎ᠠ ᠶᠢᠨ ᠴᠢᠳᠠᠪᠬᠢ ᠶᠢ ᠳᠡᠭᠡᠭᠰᠢᠯᠡᠭᠦᠯᠵᠦ᠂ ᠬᠠᠩᠭᠠᠯᠭ᠎ᠠ ᠶᠢᠨ ᠬᠡᠯᠬᠢᠶ᠎ᠡ ᠶᠢᠨ ᠠᠵᠤ ᠦᠢᠯᠡᠰ ᠤᠨ ᠬᠡᠯᠬᠢᠶ᠎ᠡ ᠶᠢᠨ ᠰᠠᠭᠠᠳ ᠦᠭᠡᠢ ᠨᠡᠪᠲᠡᠷᠡᠬᠦ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠣᠶᠤᠨᠴᠢᠯᠠᠭᠰᠠᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠪᠠᠷ ᠳᠠᠮᠵᠢᠭᠤᠯᠤᠨ᠂ ︽ᠠᠵᠤ ᠠᠬᠤᠶᠢᠯᠠᠯ ᠤᠷᠢᠳᠠᠪᠠᠷ ᠭᠤᠶᠤᠴᠢᠯᠠᠨ ᠮᠡᠳᠡᠭᠦᠯᠵᠦ᠂ ᠳᠠᠷᠠᠭ᠎ᠠ ᠨᠢ ᠪᠠᠷᠠᠭ᠎ᠠ ᠶᠢ ᠬᠢᠯᠢ ᠳᠤ ᠣᠷᠣᠭᠤᠯᠬᠤ︾ ᠵᠠᠭᠪᠤᠷ ᠤᠨ ᠳᠣᠤᠷ᠎ᠠ ᠤᠶᠤᠨᠲᠤ ᠺᠠᠷᠲ ᠤᠨ ᠬᠠᠰᠢᠯᠳᠠ ᠶᠢ ᠠᠵᠢᠯᠯᠠᠭᠤᠯᠪᠠ︔ AGV ᠶᠢᠨ ᠵᠢᠯᠣᠭᠤᠴᠢ ᠥᠬᠡᠶ ᠮᠠᠰᠢᠨ ᠲᠡᠷᠭᠡ ᠶᠢᠨ ᠪᠠᠷᠠᠭ᠎ᠠ ᠪᠠᠷ ᠥᠩᠭᠡᠷᠡᠬᠦ ᠶᠢ ᠲᠤᠷᠰᠢᠨ ᠰᠢᠯᠭᠠᠵᠤ᠂ ᠭᠠᠳᠠᠭᠠᠳᠤ ᠶᠢᠨ ᠬᠠᠷᠢᠶᠠᠲᠤ ᠪᠠᠷᠠᠭᠠᠨ ᠤ ᠲᠡᠭᠡᠭᠡᠪᠦᠷᠢ ᠶᠢᠨ ᠵᠢᠯᠣᠭᠤᠴᠢ ᠬᠢᠯᠢ ᠳᠤ ᠣᠷᠣᠵᠤ ᠢᠷᠡᠬᠦ ᠥᠬᠡᠶ ᠪᠠᠶᠢᠬᠤ ᠤᠷᠢᠲᠠᠯ ᠳᠣᠤᠷ᠎ᠠ᠂ ᠪᠠᠷᠠᠭ᠎ᠠ ᠶᠢ ᠭᠠᠳᠠᠭᠠᠳᠤ ᠠᠴᠠ ᠣᠷᠣᠭᠤᠯᠬᠤ ᠬᠤᠷᠳᠤᠴᠠ ᠶᠢ ᠳᠡᠭᠡᠭᠰᠢᠯᠡᠭᠦᠯᠦᠨ ᠨᠡᠮᠡᠭᠳᠡᠭᠦᠯᠬᠦ ᠶᠢ ᠪᠡᠶᠡᠯᠡᠬᠦᠯᠵᠡᠢ︔ ᠴᠢᠩᠭᠡᠯᠢᠭ ᠢᠶᠠᠷ ᠭᠠᠳᠠᠭᠠᠳᠤ ᠠᠴᠠ ᠣᠷᠣᠭᠤᠯᠬᠤ ᠨᠡᠭᠦᠷᠡᠰᠦ ᠶᠢ ᠲᠡᠭᠡᠭᠡᠪᠦᠷᠢᠯᠡᠬᠦ ᠶᠢ ᠳᠡᠯᠭᠡᠷᠡᠭᠦᠯᠵᠦ᠂ ᠬᠢᠯᠢ ᠠᠯᠤᠰᠯᠠᠭᠰᠠᠨ ᠪᠠᠷᠠᠭᠠᠨ ᠤ ᠬᠦᠢᠯᠭᠡᠭᠡᠨ ᠪᠠ ᠪᠠᠷᠠᠭ᠎ᠠ ᠶᠢ ᠲᠣᠩᠭᠤᠷᠤᠭᠤᠯᠤᠨ ᠰᠠᠪᠠᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠪᠣᠭᠤᠮᠲᠠ ᠪᠠᠷ ᠥᠩᠭᠡᠷᠡᠬᠦ ᠶᠢ ᠨᠠᠩ ᠤᠷᠤᠭᠰᠢᠲᠠᠶ ᠪᠠᠶᠢᠯᠭᠠᠵᠤ᠂ ᠭᠠᠳᠠᠭᠠᠳᠤ ᠠᠷᠠᠯᠵᠢᠶ᠎ᠠ ᠶᠢ ᠳᠠᠬᠢᠨ ᠲᠦᠷᠭᠡᠳᠬᠡᠬᠦ ᠶᠢ ᠦᠨᠡᠨ ᠬᠦ ᠪᠠᠳᠣᠯᠠᠪᠠ᠃ 1 — 10 ᠰᠠᠷ᠎ᠠ ᠳᠤ ᠪᠣᠭᠤᠮᠲᠠ ᠶᠢᠨ ᠡᠬᠢ ᠪᠠᠶᠠᠯᠢᠭ ᠤᠨ ᠭᠠᠳᠠᠭᠠᠳᠤ ᠣᠷᠣᠭᠤᠯᠤᠯᠲᠠ ᠦᠷᠭᠦᠯᠵᠢᠯᠡᠨ ᠰᠡᠷᠭᠦᠯᠲᠡ ᠶᠢᠨ ᠴᠢᠨᠠᠷᠲᠠᠶ ᠨᠡᠮᠡᠭᠳᠡᠯ ᠤᠨ ᠬᠠᠨᠳᠤᠰᠢ ᠲᠠᠢ ᠪᠣᠯᠵᠣ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1309 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 112.3% ᠪᠠᠷ ᠨᠡᠮᠡᠭᠳᠡᠪᠡ︔ ᠠᠷᠠᠯᠵᠢᠶᠠᠨ ᠤ ᠥᠷᠲᠡᠭ 277.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 50.7% ᠨᠡᠮᠡᠭᠳᠡᠪᠡ᠃  ᠲᠠᠪᠤ ᠳᠤ᠂ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠵᠠᠭᠪᠤᠷ ᠢ ᠰᠦᠪᠡᠭᠴᠢᠯᠡᠵᠦ᠂ ᠭᠠᠳᠠᠭᠠᠳᠤ ᠠᠷᠠᠯᠵᠢᠶᠠᠨ ᠤ ᠨᠡᠮᠡᠭᠳᠡᠯ ᠤᠨ ᠲᠤᠯᠭᠠᠭᠤᠷᠢᠯᠠᠯ ᠢ ᠴᠢᠩᠭᠠᠳᠬᠠᠪᠠ᠃ ᠨᠥᠬᠦᠴᠡᠯ ᠲᠠᠢ ᠠᠵᠤ ᠠᠬᠤᠶᠢᠯᠠᠯ ᠤᠨ ︽ᠭᠠᠳᠠᠭᠰᠢ ᠭᠠᠷᠴᠤ︾ ᠤᠷᠤᠰ ᠪᠣᠯᠤᠨ ᠺᠠᠽᠠᠭᠰᠲ᠋ᠠᠨ ᠳᠤ ᠬᠢᠯᠢ ᠶᠢᠨ ᠭᠠᠳᠠᠨᠠᠬᠢ ᠲᠠᠷᠢᠶᠠᠯᠠᠩ ᠤᠨ ᠬᠠᠮᠲᠤᠷᠠᠯᠴᠠᠭᠠᠨ ᠤ ᠣᠷᠣᠨ ᠤ ᠪᠦᠳᠦᠭᠡᠨ ᠪᠠᠶᠢᠭᠤᠯᠤᠯᠲᠠ ᠥᠷᠨᠢᠭᠦᠯᠬᠦ ᠶᠢ ᠲᠡᠮᠵᠢᠪᠠ᠃ 1 — 10 ᠰᠠᠷ᠎ᠠ ᠳᠤ᠂ ᠲᠤᠰᠤᠨ ᠴᠡᠴᠡᠭ ᠤᠨ ᠦᠷ᠎ᠡ ᠪᠠᠷ ᠭᠤᠣᠯ ᠪᠣᠯᠭᠠᠭᠰᠠᠨ ᠠᠮᠤ ᠪᠤᠳᠠᠭ᠎ᠠ ᠶᠢ ᠪᠤᠴᠠᠭᠠᠨ ᠵᠥᠭᠡᠭᠡᠪᠦᠷᠢᠯᠡᠬᠦ ᠡᠭᠡᠯᠵᠢ ᠶᠢᠨ ᠭᠠᠯᠲᠤ ᠲᠡᠷᠭᠡ 17 ᠴᠤᠪᠤᠭ᠎ᠠ ᠲᠡᠷᠭᠡ ᠳᠤ ᠬᠦᠷᠴᠦ᠂ ᠪᠠᠷᠠᠭᠠᠨ ᠤ ᠦᠷᠳᠡᠭ ᠨᠢ 1.8 ᠳ᠋ᠦᠩᠰᠢᠭᠤᠷ ᠲᠥᠭᠦᠷᠢᠭ ᠲᠤ ᠬᠦᠷᠴᠡᠢ᠃ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠳᠤᠮᠳᠠᠳᠤ ᠳᠣᠷᠣᠨᠠᠲᠤ᠂ ᠵᠡᠭᠦᠨ ᠡᠮᠦᠨᠡᠲᠦ ᠠᠽᠢᠶ᠎ᠠ ᠶᠢᠨ ᠬᠤᠯᠪᠣᠭ᠎ᠠ᠂ ᠣᠷᠣᠰ᠂ ᠲᠦᠷᠺ ᠵᠡᠷᠭᠡ ᠤᠯᠤᠰ ᠪᠠ ᠭᠠᠵᠠᠷ ᠣᠷᠣᠨ ᠳᠤ ᠭᠠᠳᠠᠭᠠᠳᠤ ᠳᠠᠬᠢ ᠬᠥᠮᠥᠷᠭᠡ ᠪᠠᠶᠢᠷᠢᠯᠠᠭᠤᠯᠬᠤ ᠶᠢ ᠵᠣᠷᠢᠭᠵᠢᠭᠤᠯᠵᠤ᠂ ᠡᠳ᠋ ᠪᠠᠷᠠᠭ᠎ᠠ ᠶᠢ ᠭᠠᠳᠠᠭᠠᠳᠤ ᠳᠤ ᠭᠠᠷᠭᠠᠬᠤ ᠳᠤ ᠣᠯᠠᠨ ᠤᠯᠤᠰ ᠤᠨ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠦᠢᠯᠡᠴᠢᠯᠡᠭᠡ ᠬᠠᠩᠭᠠᠪᠠ᠃ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠠ ᠯᠢ ᠪᠠ ᠪᠠ᠂ ᠳᠤᠮᠳᠠᠳᠤ ᠤᠯᠤᠰ ᠤᠨ ᠦᠢᠯᠡᠳᠬᠦ ᠦᠢᠯᠡᠰ ᠵᠡᠷᠭᠡ ᠭᠤᠷᠪᠠᠳᠠᠬᠢ ᠡᠲᠡᠭᠡᠳ ᠤᠨ ᠲᠠᠪᠴᠠᠩ ᠳᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠲᠤᠬᠠᠶᠢᠯᠠᠭᠰᠠᠨ ᠠᠵᠢᠯ ᠥᠷᠨᠢᠭᠦᠯᠬᠦ ᠶᠢ ᠬᠥᠲᠥᠯᠦᠨ ᠵᠢᠯᠣᠭᠤᠳᠤᠨ᠎ᠠ᠃ ᠰᠢᠶᠠᠨ ᠤ ᠬᠡᠪᠴᠢᠶᠡᠨ ᠤ ᠭᠠᠳᠠᠭᠠᠳᠤ ᠠᠷᠠᠯᠵᠢᠶ᠎ᠠ ᠶᠢᠨ ︽ᠨᠡᠮᠡᠭᠳᠡᠯ ᠤᠨ ᠬᠡᠮᠵᠢᠶ᠎ᠡ ᠶᠢ ᠬᠠᠰᠤᠬᠤ︾ ᠢᠨᠵᠧᠨᠧᠷᠢᠩ ᠢ ᠬᠡᠷᠡᠭᠵᠢᠭᠦᠯᠵᠦ᠂ ᠯᠢᠨ ᠾᠧ ᠲᠣᠭᠤᠷᠢᠭ ᠤᠨ ᠬᠠᠲᠠᠭᠤ ᠵᠢᠮᠢᠰ᠂ ᠦᠶᠤᠸᠠᠨ ᠰᠢᠶᠠᠨ ᠤ ᠰᠢᠨ᠎ᠡ ᠰᠣᠷᠭᠤᠭ ᠡᠷᠳᠡᠨᠢ ᠰᠢᠰᠢ᠂ ᠡᠮᠦᠨᠡᠲᠦ ᠬᠤᠰᠢᠭᠤᠨ ᠤ ᠬᠢᠲᠠᠳ ᠡᠮ ᠤᠨ ᠮᠠᠲ᠋ᠧᠷᠢᠶᠠᠯ ᠵᠢᠴᠢ ᠲᠠᠷᠢᠶᠠᠯᠠᠩ ᠤᠨ ᠪᠦᠲᠦᠭᠡᠭᠳᠡᠬᠦᠨ ᠤ ᠮᠠᠰᠢᠨ ᠮᠧᠬᠠᠨᠢᠭ ᠦᠢᠯᠡᠳᠬᠦ ᠵᠡᠷᠭᠡ ᠰᠢᠨ᠎ᠡ ᠪᠠᠷ ᠪᠣᠶ ᠪᠣᠯᠤᠭᠰᠠᠨ ᠪᠦᠲᠦᠭᠡᠭᠳᠡᠬᠦᠨ ᠤ ᠣᠯᠠᠨ ᠤᠯᠤᠰ ᠤᠨ ᠵᠠᠬ᠎ᠠ ᠳᠡᠯᠭᠡᠭᠦᠷ ᠢ ᠨᠡᠭᠡᠭᠡᠬᠦ ᠶᠢ ᠠᠬᠢᠭᠤᠯᠤᠨ᠎ᠠ᠃ ᠳᠠᠷᠠᠭᠠᠴᠢ ᠶᠢᠨ ᠠᠯᠬᠤᠮ ᠳᠤ᠂ ᠪᠠᠶᠠᠨᠨᠠᠭᠤᠷ ᠬᠤᠳᠠ ᠶᠢᠨ ᠬᠢᠨ ᠭᠠᠳᠠᠭᠠᠳᠤ ᠠᠷᠠᠯᠵᠢᠶᠠᠨ ᠤ ᠲᠣᠭᠲᠠᠭᠤᠨ ᠢ ᠠᠬᠢᠭᠤᠯᠵᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠢ ᠤᠯᠤᠰ ᠤᠨ ᠤᠮᠠᠷᠠᠰᠢ ᠨᠡᠬᠡᠬᠡᠯᠳᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ ᠭᠤᠣᠯᠳᠠᠯᠭ᠎ᠠ ᠲᠠᠢ ᠡᠭᠦᠷᠭᠡ ᠪᠣᠯᠭᠠᠵᠤ᠂ ᠭᠠᠳᠠᠭᠠᠳᠤ ᠠᠷᠠᠯᠵᠢᠶᠠᠨ ᠤ ᠬᠥᠭᠵᠢᠯᠲᠡ ᠶᠢᠨ ᠣᠷᠴᠢᠨ ᠲᠣᠭᠤᠷᠢᠨ ᠢ ᠴᠢᠨᠠᠭᠰᠢᠳᠠ ᠰᠢᠯᠢᠳᠡᠭᠵᠢᠭᠦᠯᠵᠦ᠂ ᠭᠠᠳᠠᠭᠠᠳᠤ ᠠᠷᠠᠯᠵᠢᠶᠠᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠤᠶᠢᠵᠢᠭᠤᠯᠵᠤ᠂ ᠭᠠᠳᠠᠭᠠᠳᠤ ᠠᠷᠠᠯᠵᠢᠶᠠᠨ ᠤ ᠪᠣᠷᠣᠯᠠᠭᠤᠯᠭ᠎ᠠ ᠶᠢᠨ ᠵᠠᠮ ᠢ ᠰᠢᠯᠤᠭᠤᠳᠬᠠᠵᠤ᠂ ᠭᠠᠳᠠᠭᠠᠳᠤ ᠠᠷᠠᠯᠵᠢᠶᠠᠨ ᠤ ᠨᠡᠮᠡᠭᠳᠡᠯ ᠤᠨ ᠳᠠᠯᠳᠠ ᠬᠦᠴᠦᠨ ᠢ ᠠᠭᠤᠳᠠᠯᠵᠤ᠂ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠵᠠᠭᠪᠤᠷ ᠢ ᠬᠥᠭᠵᠢᠭᠦᠯᠵᠦ᠂ ᠭᠠᠳᠠᠭᠠᠳᠤ ᠠᠷᠠᠯᠵᠢᠶᠠᠨ ᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠪᠣᠯᠤᠨ᠎ᠠ᠃ 
 
ᠢᠷᠡᠯᠲᠡ᠄ ᠭᠠᠳᠠᠭᠠᠳᠤ ᠠᠷᠠᠯᠵᠢᠶᠠᠨ ᠤ ᠭᠠᠵᠠᠷ 
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号