ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠵᠢᠯ ᠠᠴᠠ ᠪᠠᠨ ᠪᠠᠭᠤᠵᠤ ᠠᠮᠠᠷᠠᠭᠰᠠᠨ ᠠᠬᠠᠮᠠᠳ ᠺᠠᠳ᠋ᠷᠴᠤᠳ ᠢ ᠢᠳᠡᠪᠬᠢᠲᠡᠶ ᠪᠠᠷ ᠵᠣᠬᠢᠶᠠᠨ ᠪᠠᠶᠢᠭᠤᠯᠵᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠵᠦ ᠣᠬᠠᠭᠤᠯᠣᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2022/11/29
  ᠬᠤᠳᠠ ᠶᠢᠨ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠤᠨ ᠨᠠᠮ ᠤᠨ ᠠᠵᠢᠯᠯᠠᠬᠤ ᠬᠤᠷᠢᠶ᠎ᠡ ᠶᠢᠨ ᠱᠠᠭᠠᠷᠳᠠᠯᠭ᠎ᠠ ᠶᠣᠰᠣᠭᠠᠷ᠂ ᠬᠤᠳᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠡ ᠠᠴᠠ ᠠᠭᠤᠯᠭ᠎ᠠ ᠪᠠᠷ ᠪᠠᠶᠠᠯᠢᠭ ᠬᠡᠯᠪᠡᠷᠢ ᠮᠠᠶ᠋ᠢᠭ ᠢᠶᠠᠷ ᠤᠯᠠᠨ ᠶᠠᠩᠵᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠣᠪᠴᠢᠶ᠎ᠡ ᠶᠢᠨ ᠪᠠᠶᠢᠭᠤᠯᠭ᠎ᠠ ᠶᠢᠨ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷ ᠠᠵᠢᠯᠳᠠᠨ ᠠᠵᠢᠯᠴᠢᠨ ᠢ ᠵᠣᠬᠢᠶᠠᠨ ᠪᠠᠶᠢᠭᠤᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠭᠤᠯᠵᠤ᠂ ᠰᠠᠶᠢᠲᠤᠷ ᠤᠬᠠᠭᠤᠯᠵᠤ᠂ ᠰᠠᠶᠢᠲᠤᠷ  ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠡᠷᠳᠡᠮᠲᠡᠨ᠂ ᠬᠦᠷᠢᠶᠡᠯᠡᠭᠴᠢ᠂ ᠤᠬᠠᠭᠤᠯᠤᠨ ᠲᠠᠶᠢᠯᠪᠤᠷᠢᠯᠠᠭᠴᠢ ᠪᠣᠯᠭᠠᠨ ᠬᠦᠮᠦᠵᠢᠬᠦᠯᠬᠦ ᠪᠠᠷ ᠬᠦᠳᠦᠯᠦᠨ ᠵᠢᠯᠣᠭᠤᠳᠣᠪᠠ᠃     ᠵᠣᠬᠢᠶᠠᠨ ᠪᠠᠶᠢᠭᠤᠯᠵᠦ ᠦᠵᠡᠬᠦᠯᠣᠨ ᠦᠵᠡᠯ ᠰᠠᠨᠠᠭᠠᠨ ᠤ ᠠᠤᠭ᠎ᠠ ᠬᠦᠴᠦᠨ ᠢ ᠣᠶᠢᠯᠠᠭᠠᠭᠤᠯᠪᠠ᠃ 10 ᠰᠠᠷ᠎ᠠ ᠶᠢᠨ 16 ᠤ ᠡᠳᠦᠷ᠂ ᠬᠤᠳᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠡ ᠲᠡᠷᠡ ᠳᠠᠷᠤᠢ ᠳᠤ ᠨᠢ ᠠᠬᠠᠮᠠᠳ ᠨᠥᠬᠦᠳ ᠢ ᠵᠣᠬᠢᠶᠠᠨ ᠪᠠᠶᠢᠭᠤᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠡᠬᠢᠯᠡᠯᠲᠡ ᠶᠢᠨ ᠬᠤᠷᠠᠯ ᠤᠨ ᠦᠪᠡᠳᠡᠭᠰᠢ ᠪᠠᠶᠢᠳᠠᠯ ᠢ ᠬᠦᠯᠢᠶᠡᠨ ᠠᠪᠴᠤ ᠰᠣᠨᠣᠰᠤᠭᠤᠯᠵᠤ᠂ 60 ᠭᠠᠷᠤᠢ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷ ᠠᠵᠢᠯᠳᠠᠨ ︽ᠥᠪᠥᠷ ᠮᠣᠩᠭᠤᠯ ᠤᠨ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷ ᠨᠠᠮ ᠤᠨ ᠭᠡᠰᠢᠭᠦᠨ ᠤ ᠭᠡᠷ︾ ᠵᠡᠷᠭᠡ ᠵᠢᠷᠬᠢᠷ᠎ᠡ ᠶᠢᠨ ᠤᠯᠠᠨ ᠨᠡᠶᠢᠲᠡ ᠶᠢᠨ ᠲᠠᠪᠴᠠᠩ ᠢᠶᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠡᠬᠢᠯᠡᠯᠲᠡ ᠶᠢᠨ ᠬᠤᠷᠠᠯ᠂ ᠲᠡᠭᠦᠰᠬᠦ ᠬᠤᠷᠠᠯ ᠢ ᠬᠦᠯᠢᠶᠡᠨ ᠠᠪᠴᠤ ᠦᠵᠡᠬᠦᠯᠪᠠ᠃     ᠣᠶᠢᠷ᠎ᠠ ᠶᠢᠨ ᠬᠤᠭᠤᠴᠠᠭᠠᠨ ᠳᠤ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ 2 ᠤᠳᠠᠭ᠎ᠠ ᠠᠵᠢᠯ ᠠᠴᠠ ᠪᠠᠨ ᠪᠠᠭᠤᠵᠦ ᠠᠮᠠᠷᠠᠭᠰᠠᠨ ᠠᠬᠠᠮᠠᠳ ᠺᠠᠳ᠋ᠷᠴᠤᠳ ᠢ ᠵᠣᠬᠢᠶᠠᠨ ᠪᠠᠶᠢᠭᠤᠯᠤᠨ ᠣᠯᠤᠯᠲᠠ ᠲᠦᠷᠦᠭᠳᠡᠯ  ᠢᠶᠠᠨ ᠬᠤᠪᠢᠶᠠᠯᠴᠠᠪᠠ᠃ ᠠᠬᠠᠮᠠᠳ ᠺᠠᠳ᠋ᠷᠴᠤᠳ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠨᠠᠮ᠂ ᠪᠦᠬᠦ ᠴᠡᠷᠢᠭ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠥᠭᠡᠳᠡᠯᠡᠨ ᠲᠠᠪᠰᠢᠬᠤ ᠵᠣᠷᠢᠭ ᠰᠠᠨᠠᠭ᠎ᠠ ᠪᠠᠷ ᠡᠯ᠎ᠡ ᠵᠦᠢᠯ ᠤᠨ ᠬᠦᠴᠢᠷ ᠪᠡᠷᠬᠡᠰᠢᠶᠡᠯ ᠬᠠᠷᠰᠢ ᠰᠠᠭᠠᠳ ᠢ ᠠᠷᠢᠯᠭᠠᠵᠤ᠂ ᠲᠡᠰᠪᠦᠷᠢ ᠬᠠᠲᠠᠭᠤᠵᠢᠯᠲᠠᠢ ᠪᠠᠷ ᠲᠡᠮᠡᠴᠡᠵᠦ᠂ ᠲᠣᠭᠲᠠᠭᠰᠠᠨ ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠵᠦ᠂ ᠨᠠᠮ ᠤᠨ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠡᠢ᠃ ᠥᠨᠥᠳᠦᠷ ᠮᠠᠨ ᠤ ᠨᠠᠮ ᠤᠨ ᠬᠤᠷᠢᠳᠤᠭᠠᠷ ᠶᠡᠭᠡ ᠬᠤᠷᠠᠯ ᠢᠯᠠᠯᠲᠠ ᠲᠠᠢ ᠪᠠᠷ ᠬᠤᠷᠠᠯᠳᠤᠵᠤ᠂ ᠪᠦᠬᠦ ᠨᠠᠮ᠂ ᠪᠦᠬᠦ ᠴᠡᠷᠢᠭ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠲᠡᠰᠢ ᠤᠷᠤᠭᠰᠢᠯᠠᠬᠤ ᠶᠢ ᠤᠷᠢᠶᠠᠯᠠᠵᠤ ᠪᠠᠶᠢᠨ᠎ᠠ᠃ ᠪᠢᠳᠠ ᠵᠠᠪᠠᠯ ᠨᠠᠮ ᠤᠨ ᠦᠭᠡ ᠶᠢ ᠡᠷᠡᠰ ᠰᠣᠨᠣᠰᠴᠤ᠂ ᠨᠠᠮ ᠢᠶᠠᠨ ᠡᠭᠦᠷᠢᠳᠡ ᠳᠠᠭᠠᠨ᠎ᠠ᠃ ᠨᠠᠮ ᠤᠨ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠤᠭᠤᠳᠤᠯᠭ᠎ᠠ ᠳᠣᠣᠷ᠎ᠠ᠂ ᠪᠦᠬᠦ ᠨᠠᠮ᠂ ᠪᠦᠬᠦ ᠴᠡᠷᠢᠭ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠪᠦᠯᠬᠦᠮᠳᠡᠨ ᠨᠢᠭᠡᠳᠴᠦ᠂ ᠴᠢᠷᠮᠠᠶᠢᠨ ᠲᠡᠮᠡᠴᠡᠪᠡᠯ᠂ ᠡᠬᠡ ᠤᠯᠤᠰ ᠤᠨ ᠢᠷᠡᠭᠡᠳᠦᠢ ᠡᠳᠦᠷ ᠠᠴᠠ ᠡᠳᠦᠷ ᠰᠢᠨᠡᠳᠴᠦ᠂ ᠠᠷᠠᠳ ᠲᠦᠮᠡᠨ ᠤ ᠠᠮᠢᠳᠤᠷᠠᠯ ᠤᠯᠠᠮ ᠠᠴᠠ ᠤᠯᠠᠮ ᠰᠠᠶᠢᠵᠢᠷᠠᠵᠤ᠂ ᠤᠯᠤᠰ ᠣᠷᠣᠨ ᠤᠯᠠᠮ ᠠᠴᠠ ᠤᠯᠠᠮ ᠪᠠᠶᠠᠵᠢᠨ ᠬᠦᠴᠦᠷᠬᠡᠭᠵᠢᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠯᠠᠪᠲᠠᠢ ᠪᠡᠶᠡᠯᠡᠭᠳᠡᠨ᠎ᠡ ᠭᠡᠳᠡᠭ ᠢ ᠢᠲᠡᠭᠡᠵᠦ ᠪᠠᠶᠢᠨ᠎ᠠ ᠭᠡᠵᠦ ᠢᠯᠡᠳᠬᠡᠵᠡᠭᠡᠪᠡ᠃     ᠤᠢᠢᠷ᠎ᠠ ᠶᠢᠨ ᠡᠳᠦᠷ ᠤᠳ ᠲᠤ᠂ ᠬᠤᠳᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠡ ᠶᠢᠨ ᠠᠯᠪᠠᠨ ᠭᠡᠷ ᠤᠯᠤᠰ ᠠᠴᠠ ᠨᠡᠶᠢᠲᠡᠯᠡᠭᠰᠡᠨ ᠨᠠᠮ ᠤᠨ ᠬᠤᠷᠢᠳᠤᠭᠠᠷ ᠶᠡᠭᠡ ᠬᠤᠷᠠᠯ ᠤᠨ ᠤᠬ ᠵᠣᠬᠢᠶᠠᠯ ᠪᠣᠯᠤᠨ ᠲᠤᠰᠬᠠᠢ ᠮᠡᠷᠭᠡᠵᠢᠯᠲᠡᠨ ᠤ ᠲᠠᠶᠢᠯᠤᠮᠵᠢ ᠶᠢ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠲᠤ ᠴᠠᠭ ᠲᠤᠬᠠᠢ ᠳᠤ ᠨᠢ ᠬᠦᠷᠭᠡᠨ ᠥᠭᠴᠦ᠂ ᠲᠡᠳᠡᠨ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠣᠶᠢᠯᠠᠭᠠᠭᠤᠯᠬᠤ ᠶᠢᠨ ᠬᠠᠮᠲᠤ ᠳᠡᠷᠭᠡᠳᠡᠬᠢ ᠠᠬᠠᠮᠠᠳ ᠨᠥᠬᠦᠳ ᠢ ᠲᠠᠶᠢᠴᠢᠯᠠᠨ ᠰᠤᠷᠤᠯᠴᠠᠯᠭ᠎ᠠ ᠶᠢᠨ ᠠᠵᠢᠯᠯᠠᠭ᠎ᠠ ᠳᠤ ᠣᠷᠣᠯᠴᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠡᠩ ᠰᠠᠶᠢᠲᠤᠷ ᠰᠤᠷᠤᠯᠴᠠᠬᠤ ᠳᠤ ᠪᠠᠲᠤ ᠪᠠᠬᠢ ᠤᠨᠤᠯ ᠤᠨ ᠰᠠᠭᠤᠷᠢ ᠶᠢ ᠲᠠᠯᠪᠢᠵᠤ ᠥᠭᠪᠡ᠃ 
 
ᠢᠷᠡᠯᠲᠡ᠄ ᠦᠬᠠᠶ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号