ᠵᠢᠶᠠᠩ ᠽᠧ ᠮᠢᠨ ᠨᠥᠬᠦᠷ ᠤᠨ ᠴᠢᠨᠳᠠᠷ ᠤᠨ ᠦᠨᠡᠰᠦ ᠶᠢ ᠬᠥᠬᠡᠮᠥ᠋ᠷᠡᠨ ᠪᠣᠯᠣᠨ ᠳᠠᠯᠠᠢ ᠳᠤ ᠰᠠᠴᠤᠪᠠ | ᠨᠠᠮ ᠤᠨ ᠲᠥᠪ ᠬᠤᠷᠢᠶᠠᠨ ᠤ ᠨᠠᠶᠢᠳᠠᠯᠭ᠎ᠠ ᠪᠠᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠱᠦᠵᠢ ᠨᠠᠷ ᠤᠨ | ᠭᠠᠵᠠᠷ ᠤᠨ ᠱᠦᠵᠢ ᠼᠠᠢ ᠴᠢ ᠵᠡᠷᠭᠡ ᠤᠳᠤᠷᠢᠳᠬᠤ ᠨᠥᠬᠦᠳ ᠪᠣᠯᠣᠨ ᠵᠢᠶᠠᠩ ᠽᠧ ᠮᠢᠨ ᠨᠥᠬᠦᠷ ᠤᠨ ᠬᠠᠲᠤᠨ | ᠸᠠᠩ ᠶᠧ ᠫᠢᠩ ᠵᠡᠷᠭᠡ ᠲᠥᠷᠥᠯ ᠰᠠᠳᠤᠨ ᠨᠢ ᠬᠠᠮᠠᠭᠠᠯᠠᠨ ᠬᠦᠷᠭᠡᠵᠦ ᠴᠢᠨᠳᠠᠷ ᠤᠨ ᠦᠨᠡᠰᠦ ᠶᠢ ᠰᠠᠴᠤᠵᠠᠢ | | | ᠰᠢᠨᠬᠤᠸᠠ ᠬᠤᠷᠢᠶᠠᠨ ᠤ ᠪᠡᠭᠡᠵᠢᠩ ᠤᠨ 12 ᠰᠠᠷ᠎ᠠ ᠶᠢᠨ 11 ᠤ ᠴᠠᠬᠢᠯᠭᠠᠨ ᠮᠡᠳᠡᠭᠡ ᠵᠢᠶᠠᠩ ᠽᠧ ᠮᠢᠨ ᠨᠥᠬᠦᠷ | ᠵᠢᠴᠢ ᠲᠡᠭᠦᠨ ᠤ ᠲᠥᠷᠥᠯ ᠰᠠᠳᠤᠨ ᠤ ᠬᠦᠰᠡᠯ ᠰᠠᠨᠠᠭ᠎ᠠ ᠶᠢ ᠵᠢᠷᠤᠮᠯᠠᠵᠤ᠂ ᠬᠦᠨᠳᠦᠲᠦ ᠬᠠᠶᠢᠷᠠᠲᠤ ᠵᠢᠶᠠᠩ ᠽᠧ ᠮᠢᠨ | ᠨᠥᠬᠦᠷ ᠤᠨ ᠴᠢᠨᠳᠠᠷ ᠤᠨ ᠦᠨᠡᠰᠦ ᠶᠢ 11 ᠤ ᠡᠳᠦᠷ ᠬᠥᠬᠡᠮᠥ᠋ᠷᠡᠨ ᠤ ᠳᠠᠯᠠᠢ ᠶᠢᠨ ᠴᠢᠳᠬᠤᠯᠠᠩ ᠢᠶᠠᠷ ᠳᠠᠯᠠᠢ ᠳᠤ | ᠰᠠᠴᠤᠪᠠ᠃ | ᠨᠠᠮ ᠤᠨ ᠲᠥᠪ ᠬᠤᠷᠢᠶᠠᠨ ᠤ ᠨᠠᠶᠢᠳᠠᠯᠭ᠎ᠠ ᠪᠠᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠱᠦᠵᠢ ᠨᠠᠷ ᠤᠨ | ᠭᠠᠵᠠᠷ ᠤᠨ ᠱᠦᠵᠢ ᠼᠠᠢ ᠴᠢ ᠵᠡᠷᠭᠡ ᠤᠳᠤᠷᠢᠳᠬᠤ ᠨᠥᠬᠦᠳ ᠪᠣᠯᠣᠨ ᠵᠢᠶᠠᠩ ᠽᠧ ᠮᠢᠨ ᠨᠥᠬᠦᠷ ᠤᠨ ᠬᠠᠲᠤᠨ | ᠸᠠᠩ ᠶᠧ ᠫᠢᠩ ᠵᠡᠷᠭᠡ ᠲᠥᠷᠥᠯ ᠰᠠᠳᠤᠨ ᠨᠢ ᠬᠠᠮᠠᠭᠠᠯᠠᠨ ᠬᠦᠷᠭᠡᠵᠦ ᠴᠢᠨᠳᠠᠷ ᠤᠨ ᠦᠨᠡᠰᠦ ᠶᠢ ᠰᠠᠴᠤᠵᠤ᠂ | ᠬᠠᠮᠤᠭ ᠤᠨ ᠬᠦᠨᠳᠦᠳᠬᠡᠨ ᠪᠢᠰᠢᠷᠡᠬᠦ᠂ ᠬᠠᠮᠤᠭ ᠤᠨ ᠲᠥᠪ ᠴᠢᠩᠭ᠎ᠠ ᠠᠷᠭ᠎ᠠ ᠮᠠᠶ᠋ᠢᠭ ᠢᠶᠠᠷ᠂ ᠮᠠᠨ ᠤ ᠨᠠᠮ ᠮᠠᠨ ᠤ | ᠴᠡᠷᠢᠭ ᠮᠠᠨ ᠤ ᠤᠯᠤᠰ ᠤᠨ ᠦᠨᠳᠦᠰᠦᠲᠡᠨ ᠨᠥᠬᠦᠳ ᠤᠨ ᠠᠷᠠᠳ ᠲᠦᠮᠡᠨ ᠳᠤ ᠨᠡᠶᠢᠳᠡᠮ ᠮᠡᠳᠡᠷᠡᠭᠳᠡᠭᠰᠡᠨ ᠡᠷᠬᠢᠮ | ᠳᠡᠭᠡᠳᠦ ᠨᠡᠷ᠎ᠡ ᠬᠦᠨᠳᠦᠲᠡᠢ ᠰᠢᠯᠭᠠᠷᠠᠭᠰᠠᠨ ᠤᠳᠤᠷᠢᠳᠬᠤ ᠬᠥᠮᠥᠨ᠂ ᠠᠭᠤᠤ ᠶᠡᠭᠡ ᠮᠠᠷᠺᠰ ᠤᠨ ᠦᠵᠡᠯᠲᠡᠨ᠂ | ᠦᠭᠡᠶᠢᠭᠦᠦ ᠠᠩᠭᠢ ᠶᠢᠨ ᠠᠭᠤᠤ ᠶᠡᠭᠡ ᠬᠤᠪᠢᠰᠬᠠᠯᠴᠢ᠂ ᠤᠯᠤᠰ ᠲᠥᠷᠥᠴᠢᠨ᠂ ᠴᠡᠷᠢᠭ ᠤᠨ ᠡᠷᠳᠡᠮᠲᠡᠨ᠂ | ᠭᠠᠳᠠᠭᠠᠳᠤ ᠬᠠᠷᠢᠯᠴᠠᠭᠠᠨ ᠤ ᠵᠢᠳᠬᠦᠯᠲᠡᠨ᠂ ᠤᠷᠲᠤ ᠬᠤᠭᠤᠴᠠᠭᠠᠨ ᠤ ᠰᠢᠯᠭᠠᠯᠲᠠ ᠶᠢ ᠥᠩᠭᠡᠷᠡᠭᠡᠭᠰᠡᠨ ᠡᠪ ᠬᠠᠮᠲᠤ | ᠶᠣᠰᠣᠨ ᠤ ᠪᠠᠶᠢᠯᠳᠤᠭᠴᠢ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ | ᠦᠢᠯᠡᠰ ᠤᠨ ᠭᠠᠷᠮᠠᠭᠠᠢ ᠤᠳᠤᠷᠢᠳᠤᠭᠴᠢ᠂ ᠨᠠᠮ ᠤᠨ ᠭᠤᠷᠪᠠᠳᠤᠭᠠᠷ ᠦᠶ᠎ᠡ ᠶᠢᠨ ᠲᠥᠪ ᠬᠤᠷᠢᠶᠠᠨ ᠤ ᠤᠳᠤᠷᠢᠳᠬᠤ | ᠬᠠᠮᠲᠤ ᠶᠢᠨ ᠭᠤᠣᠯᠯᠠᠭᠴᠢ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭᠠᠨ ᠤ ᠭᠤᠣᠯ ᠡᠭᠦᠳᠦᠭᠴᠢ | ᠵᠢᠶᠠᠩ ᠽᠧ ᠮᠢᠨ ᠨᠥᠬᠦᠷ ᠢ ᠭᠦᠨ᠎ᠡ ᠭᠠᠰᠢᠭᠤᠳᠠᠵᠤ ᠬᠢᠵᠠᠭᠠᠯᠠᠰᠢ ᠦᠭᠡᠢ ᠳᠤᠷᠠᠰᠤᠨ ᠰᠠᠨᠠᠭᠠᠯᠵᠠᠵᠤ ᠪᠠᠶᠢᠭ᠎ᠠ ᠪᠠᠨ | ᠢᠯᠡᠳᠬᠡᠪᠡ᠃ | ᠵᠢᠶᠠᠩ ᠽᠧ ᠮᠢᠨ ᠨᠥᠬᠦᠷ ᠪᠣᠯ ᠲᠦᠢᠯᠪᠤᠷᠢᠲᠠᠢ ᠪᠣᠳᠠᠰᠴᠢ ᠦᠵᠡᠯᠲᠡᠨ ᠮᠥᠨ᠃ ᠲᠡᠷᠡ ᠠᠮᠢᠳᠤ ᠰᠡᠷᠡᠭᠦᠨ | ᠪᠠᠶᠢᠬᠤ ᠳᠠᠭᠠᠨ ᠴᠢᠨᠳᠠᠷ ᠤᠨ ᠦᠨᠡᠰᠦ ᠪᠠᠨ ᠬᠥᠬᠡᠮᠥ᠋ᠷᠡᠨ ᠪᠣᠯᠣᠨ ᠳᠠᠯᠠᠢ ᠳᠤ ᠰᠠᠴᠤᠬᠤ ᠬᠦᠰᠡᠯ ᠢᠶᠠᠨ ᠦᠯᠡᠳᠡᠭᠡᠵᠡᠢ᠃ | ᠵᠢᠶᠠᠩ ᠽᠧ ᠮᠢᠨ ᠨᠥᠬᠦᠷ ᠪᠥᠬᠦ ᠨᠠᠰᠤ ᠪᠠᠨ ᠡᠬᠡ ᠣᠷᠣᠨ ᠪᠠ ᠠᠷᠠᠳ ᠲᠦᠮᠡᠨ ᠳᠡᠭᠡᠨ ᠬᠠᠷᠠᠮ ᠦᠭᠡᠢ | ᠵᠣᠷᠢᠭᠤᠯᠵᠠᠢ᠃ | ᠲᠣᠰ ᠡᠳᠦᠷ ᠤᠨ ᠦᠳᠡ ᠶᠢᠨ ᠡᠮᠦᠨ᠎ᠡ᠂ ᠵᠢᠶᠠᠩ ᠽᠧ ᠮᠢᠨ ᠨᠥᠬᠦᠷ ᠤᠨ ᠠᠮᠢᠳᠤ ᠰᠡᠷᠡᠭᠦᠨ ᠪᠠᠶᠢᠬᠤ ᠳᠠᠭᠠᠨ | ᠤᠷᠲᠤ ᠬᠤᠭᠤᠴᠠᠭ᠎ᠠ ᠪᠠᠷ ᠠᠵᠢᠯᠯᠠᠵᠤ ᠪᠠᠶᠢᠭᠰᠠᠨ ᠵᠥᠩ ᠨᠠᠨ ᠬᠠᠢ ᠲᠤᠭ ᠢᠶᠠᠨ ᠬᠠᠭᠠᠰ ᠪᠠᠭᠤᠯᠭᠠᠵᠤ | ᠭᠠᠰᠢᠭᠤᠳᠠᠯ ᠢᠶᠠᠨ ᠢᠯᠡᠷᠬᠡᠶᠢᠯᠡᠵᠡᠢ᠃ ᠯᠠᠢ ᠹᠦ᠋ ᠲᠠᠩ ᠲᠠᠩᠬᠢᠮ ᠳᠤ᠂ ᠴᠠᠭᠠᠨ ᠬᠥᠰᠢᠭᠡᠨ ᠳᠡᠭᠡᠷ᠎ᠡ᠂ ᠵᠢᠶᠠᠩ ᠽᠧ | ᠮᠢᠨ ᠨᠥᠬᠦᠷ ᠤᠨ ᠪᠤᠳᠤᠭᠲᠤ ᠬᠥᠷᠥᠭ ᠢ ᠡᠯᠭᠦᠵᠦ ᠪᠠᠶᠢᠯ᠎ᠠ᠃ ᠬᠥᠷᠥᠭ ᠤᠨ ᠳᠣᠣᠷ᠎ᠠ ᠲᠠᠯ᠎ᠠ ᠳᠤ᠂ ᠵᠢᠶᠠᠩ ᠽᠧ ᠮᠢᠨ | ᠨᠥᠬᠦᠷ ᠤᠨ ᠴᠢᠨᠳᠠᠷ ᠤᠨ ᠬᠠᠶᠢᠷᠴᠠᠭ ᠢ ᠲᠠᠯᠪᠢᠵᠤ᠂ ᠳᠡᠭᠡᠷ᠎ᠡ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠠᠯ | ᠤᠯᠠᠭᠠᠨ ᠲᠤᠭ ᠢᠶᠠᠷ ᠪᠦᠲᠡᠭᠡᠵᠡᠢ᠃ ᠵᠢᠶᠠᠩ ᠽᠧ ᠮᠢᠨ ᠨᠥᠬᠦᠷ ᠤᠨ ᠬᠠᠲᠤᠨ ᠸᠠᠩ ᠶᠧ ᠫᠢᠩ ᠪᠥᠬᠦ ᠭᠡᠷ ᠤᠨ ᠢᠶᠠᠨ | ᠬᠦᠷᠭᠡᠭᠰᠡᠨ ᠰᠠᠭᠰᠤᠲᠤ ᠴᠡᠴᠡᠭ ᠢ ᠵᠢᠶᠠᠩ ᠽᠧ ᠮᠢᠨ ᠨᠥᠬᠦᠷ ᠤᠨ ᠴᠢᠨᠳᠠᠷ ᠤᠨ ᠬᠠᠶᠢᠷᠴᠠᠭ ᠤᠨ ᠡᠮᠦᠨ᠎ᠡ ᠲᠠᠯᠪᠢᠵᠤ᠂ | ᠬᠤᠶᠠᠷ ᠲᠠᠯ᠎ᠠ ᠳᠤᠨᠢ ᠪᠤᠰᠤᠳ ᠲᠥᠷᠥᠯ ᠰᠠᠳᠤᠨ ᠪᠠ ᠬᠤᠯᠪᠣᠭᠳᠠᠯ ᠪᠦᠬᠦᠢ ᠲᠠᠯ᠎ᠠ ᠶᠢᠨ ᠬᠦᠷᠭᠡᠭᠰᠡᠨ ᠴᠠᠭᠠᠷᠢᠭᠲᠤ | ᠴᠡᠴᠡᠭ ᠲᠠᠯᠪᠢᠭᠠᠰᠤᠲᠠᠢ ᠪᠠᠶᠢᠯ᠎ᠠ᠃ | ᠦᠳᠡ ᠶᠢᠨ ᠡᠮᠦᠨᠡᠬᠢ 8 ᠴᠠᠭ 10 ᠮᠢᠨᠦ᠋ᠲ ᠲᠤ᠂ ᠼᠠᠢ ᠴᠢ ᠪᠣᠯᠣᠨ ᠭᠠᠰᠢᠭᠤᠳᠠᠯ ᠤᠨ ᠶᠠᠪᠤᠳᠠᠯ ᠢ ᠡᠷᠬᠢᠯᠡᠬᠦ | ᠭᠡᠰᠢᠭᠦᠳ ᠤᠨ ᠬᠤᠷᠠᠯ ᠤᠨ ᠠᠯᠪᠠᠨ ᠭᠡᠷ ᠤᠨ ᠤᠳᠤᠷᠢᠳᠬᠤ ᠨᠥᠬᠦᠳ᠂ ᠵᠢᠶᠠᠩ ᠽᠧ ᠮᠢᠨ ᠨᠥᠬᠦᠷ ᠤᠨ ᠲᠥᠷᠥᠯ | ᠰᠠᠳᠤᠨ ᠲᠠᠢ ᠠᠳᠡ ᠢᠷᠡᠵᠦ ᠬᠢᠴᠢᠶᠡᠩᠭᠦ᠋ᠢᠯᠡᠨ ᠵᠣᠭᠰᠣᠵᠤ᠂ ᠲᠦᠢᠯ ᠢᠶᠠᠷ ᠡᠮᠭᠡᠨᠢᠨ ᠭᠠᠰᠢᠭᠤᠳᠠᠵᠤ ᠪᠠᠶᠢᠭ᠎ᠠ | ᠰᠡᠳᠬᠢᠯᠭᠡ ᠪᠣᠯᠣᠨ ᠭᠦᠨ ᠳᠤᠷᠠᠰᠤᠨ ᠰᠠᠨᠠᠭᠠᠯᠵᠠᠵᠤ ᠪᠠᠶᠢᠭ᠎ᠠ ᠰᠡᠳᠬᠢᠯᠭᠡ ᠪᠠᠷ ᠵᠢᠶᠠᠩ ᠽᠧ ᠮᠢᠨ ᠨᠥᠬᠦᠷ ᠤᠨ | ᠬᠥᠷᠥᠭ ᠲᠤ ᠭᠤᠷᠪᠠᠨᠲᠠ ᠶᠣᠰᠣᠯᠠᠪᠠ᠃ ᠳᠠᠷᠠᠭ᠎ᠠ ᠨᠢ᠂ ᠵᠢᠶᠠᠩ ᠽᠧ ᠮᠢᠨ ᠨᠥᠬᠦᠷ ᠤᠨ ᠲᠥᠷᠥᠯ ᠰᠠᠳᠤᠨ ᠨᠢ | ᠬᠥᠷᠥᠭ᠂ ᠴᠢᠨᠳᠠᠷ ᠤᠨ ᠬᠠᠶᠢᠷᠴᠠᠭ ᠪᠣᠯᠣᠨ ᠴᠠᠭᠠᠷᠢᠭᠲᠤ ᠴᠡᠴᠡᠭ ᠢ ᠡᠷᠭᠦᠨ᠂ ᠠᠯᠭᠤᠷᠬᠠᠨ ᠢᠶᠠᠷ ᠯᠠᠢ ᠹᠦ᠋ ᠲᠠᠩ | ᠲᠠᠩᠬᠢᠮ ᠠᠴᠠ ᠭᠠᠷᠴᠤ ᠢᠷᠡᠪᠡ᠃ | ᠴᠢᠨᠳᠠᠷ ᠤᠨ ᠲᠡᠷᠭᠡ ᠵᠥᠩ ᠨᠠᠨ ᠬᠠᠢ ᠠᠴᠠ ᠠᠯᠭᠤᠷᠬᠠᠨ ᠮᠣᠷᠳᠠᠵᠤ᠂ ᠵᠥᠩ ᠨᠠᠨ ᠬᠠᠢ ᠳᠤ ᠠᠵᠢᠯᠯᠠᠵᠤ | ᠪᠠᠶᠢᠭᠰᠠᠨ ᠺᠠᠳ᠋ᠷ ᠠᠵᠢᠯᠲᠠᠳ ᠵᠠᠮ ᠤᠨ ᠬᠤᠶᠠᠷ ᠬᠠᠵᠠᠭᠤ ᠪᠠᠷ ᠡᠩᠨᠡᠷᠡᠵᠦ᠂ ᠡᠩᠭᠡᠷ ᠲᠡᠭᠡᠨ ᠴᠠᠭᠠᠨ ᠬᠤᠸᠠᠷ ᠵᠡᠭᠦᠵᠦ᠂ | ᠲᠥᠪ ᠬᠢᠴᠢᠶᠡᠩᠭᠦᠢ ᠪᠠᠷ ᠵᠢᠶᠠᠩ ᠽᠧ ᠮᠢᠨ ᠨᠥᠬᠦᠷ ᠢ ᠠᠶᠠᠷᠯᠠᠨ ᠮᠣᠷᠳᠠᠭᠤᠯᠪᠠ᠃ | ᠴᠢᠨᠳᠠᠷ ᠤᠨ ᠲᠡᠷᠭᠡ ᠪᠠᠷᠠᠭᠤᠨ ᠳᠡᠭᠦᠷᠭᠡ ᠨᠢᠰᠬᠡᠯ ᠤᠨ ᠪᠠᠭᠤᠳᠠᠯ ᠳᠤ ᠠᠯᠭᠤᠷᠬᠠᠨ ᠣᠷᠣᠪᠠ᠃ ᠨᠠᠷᠠᠰᠤ ᠮᠠᠶᠢᠯᠠᠰᠤ | ᠨᠠᠮ ᠵᠢᠮᠬᠡᠨ ᠰᠡᠬᠦ᠋ᠢᠵᠦ᠂ ᠠᠯᠤᠰ ᠤᠨ ᠠᠭᠤᠯᠠᠰ ᠨᠠᠮᠬᠠᠨ ᠰᠦᠨᠳᠡᠷᠯᠡᠨ᠎ᠡ᠃ ᠠᠭᠠᠷ ᠤᠨ ᠴᠡᠷᠢᠭ ᠤᠨ ᠳᠠᠷᠤᠭ᠎ᠠ | ᠪᠠᠶᠢᠯᠳᠤᠭᠴᠢᠳ ᠡᠩᠨᠡᠷᠡᠨ ᠵᠢᠭᠰᠠᠵᠤ ᠮᠠᠯᠠᠭᠠᠢ ᠪᠠᠨ ᠠᠪᠴᠤ᠂ ᠵᠢᠶᠠᠩ ᠽᠧ ᠮᠢᠨ ᠨᠥᠬᠦᠷ ᠤᠨ ᠴᠢᠨᠳᠠᠷ ᠢ ᠠᠴᠢᠶᠠᠯᠠᠨ | ᠬᠠᠮᠠᠭᠠᠯᠠᠬᠤ ᠲᠤᠰᠬᠠᠢ ᠨᠢᠰᠬᠡᠯ ᠢ ᠪᠠᠷᠠᠯᠠᠨ ᠮᠣᠷᠳᠠᠭᠤᠯᠪᠠ᠃ ᠲᠤᠰᠬᠠᠢ ᠨᠢᠰᠬᠡᠯ ᠨᠡᠶᠢᠰᠯᠡᠯ ᠪᠡᠭᠡᠵᠢᠩ ᠤᠨ | ᠣᠭᠲᠠᠷᠭᠤᠢ ᠪᠠᠷ ᠨᠢᠭᠡ ᠳᠤᠭᠤᠶᠢᠯᠠᠨ ᠠᠯᠭᠤᠷᠬᠠᠨ ᠡᠷᠭᠢᠯᠳᠦᠵᠦ᠂ ᠵᠢᠶᠠᠩ ᠽᠧ ᠮᠢᠨ ᠨᠥᠬᠦᠷ ᠤᠨ ᠨᠠᠮ ᠪᠠ | ᠤᠯᠤᠰ ᠤᠨ ᠦᠢᠯᠡᠰ ᠤᠨ ᠲᠥᠯᠥᠭᠡ ᠰᠡᠳᠬᠢᠯ ᠰᠠᠨᠠᠭ᠎ᠠ ᠪᠠᠨ ᠴᠢᠯᠡᠭᠡᠵᠦ ᠣᠶᠣᠨ ᠤᠬᠠᠭᠠᠨ ᠢᠶᠠᠨ ᠰᠢᠪᠬᠠᠭᠰᠠᠨ ᠡᠨᠡ | ᠬᠦ ᠭᠠᠵᠠᠷ ᠠᠴᠠ ᠠᠶᠠᠷᠯᠠᠵᠠᠢ᠃ | ᠦᠳᠡ ᠶᠢᠨ ᠡᠮᠦᠨᠡᠬᠢ 11 ᠴᠠᠭ 5 ᠮᠢᠨᠦ᠋ᠲ ᠲᠤ᠂ ᠵᠢᠶᠠᠩ ᠽᠧ ᠮᠢᠨ ᠨᠥᠬᠦᠷ ᠤᠨ ᠴᠢᠨᠳᠠᠷ ᠢ ᠠᠴᠢᠶᠠᠯᠠᠨ | ᠬᠠᠮᠠᠭᠠᠯᠠᠬᠤ ᠲᠤᠰᠬᠠᠢ ᠨᠢᠰᠬᠡᠯ ᠱᠠᠩᠬᠠᠢ ᠶᠢᠨ ᠬᠤᠩ ᠴᠢᠶᠣᠣ ᠨᠢᠰᠬᠡᠯ ᠤᠨ ᠪᠠᠭᠤᠳᠠᠯ ᠳᠤ ᠬᠥᠷᠪᠡ᠃ ᠳᠠᠷᠠᠭ᠎ᠠ ᠨᠢ | ᠴᠢᠨᠳᠠᠷ ᠤᠨ ᠲᠡᠷᠭᠡ ᠪᠠᠷ ᠴᠢᠨᠳᠠᠷ ᠢ ᠠᠴᠢᠶᠠᠯᠠᠨ ᠬᠠᠮᠠᠭᠠᠯᠠᠵᠤ ᠡᠦ ᠰᠥᠩ ᠴᠡᠷᠢᠭ ᠤᠨ ᠭᠠᠷᠠᠮ ᠳᠤ ᠬᠦᠷᠭᠡᠪᠡ᠃ | ᠡᠦ ᠰᠥᠩ ᠴᠡᠷᠢᠭ ᠤᠨ ᠭᠠᠷᠠᠮ ᠳᠤ᠂ ᠤᠯᠤᠰ ᠤᠨ ᠲᠤᠭ ᠢ ᠬᠠᠭᠠᠰ ᠪᠠᠭᠤᠯᠭᠠᠵᠤ᠂ ᠲᠥᠪ ᠬᠢᠴᠢᠶᠡᠩᠭᠦᠢ ᠪᠠᠶᠢᠯ᠎ᠠ | ᠃ ᠬᠠᠷ᠎ᠠ ᠳᠡᠪᠢᠰᠬᠡᠷᠲᠦ ᠴᠠᠭᠠᠨ ᠦᠰᠦᠭ ᠤᠨ ᠬᠥᠨᠳᠡᠯᠡᠨ ᠪᠢᠴᠢᠭᠡᠰᠦ ᠳᠡᠭᠡᠷ᠎ᠡ᠄ ︽ᠵᠢᠶᠠᠩ ᠽᠧ ᠮᠢᠨ ᠨᠥᠬᠦᠷ | ᠥᠨᠢᠳᠡ ᠪᠠᠯᠠᠷᠠᠰᠢ ᠦᠭᠡᠢ︾᠂ ︽ᠵᠢᠶᠠᠩ ᠽᠧ ᠮᠢᠨ ᠨᠥᠬᠦᠷ ᠪᠢᠳᠡᠨ ᠤ ᠰᠡᠳᠬᠢᠯ ᠵᠢᠷᠦᠬᠡᠨ ᠳᠤ ᠥᠨᠢᠳᠡ | ᠮᠥᠩᠬᠡᠷᠡᠨ᠎ᠡ︾ ᠭᠡᠵᠦ ᠪᠢᠴᠢᠭᠰᠡᠨ ᠪᠠᠶᠢᠯ᠎ᠠ᠃ ᠳᠠᠯᠠᠢ ᠶᠢᠨ ᠴᠡᠷᠢᠭ ᠤᠨ ᠳᠠᠷᠤᠭ᠎ᠠ ᠪᠠᠶᠢᠯᠳᠤᠭᠴᠢᠳ ᠳᠡᠷᠢ ᠲᠡᠭᠰᠢ | ᠵᠢᠭᠰᠠᠵᠤ᠂ ᠮᠠᠯᠠᠭᠠᠢ ᠪᠠᠨ ᠠᠪᠴᠤ ᠶᠣᠰᠣᠯᠠᠪᠠ᠃ ᠵᠢᠶᠠᠩ ᠽᠧ ᠮᠢᠨ ᠨᠥᠬᠦᠷ ᠤᠨ ᠲᠥᠷᠥᠯ ᠰᠠᠳᠤᠨ ᠨᠢ ᠴᠢᠨᠳᠠᠷ ᠢ | ᠡᠷᠭᠦᠨ ᠴᠢᠨᠳᠠᠷ ᠤᠨ ᠲᠡᠷᠭᠡᠨ ᠠᠴᠠ ᠪᠠᠭᠤᠵᠤ᠂ ᠴᠢᠨᠳᠠᠷ ᠢ ᠴᠢᠨᠳᠠᠷ ᠤᠨ ᠰᠢᠷᠡᠭᠡᠨ ᠳᠡᠭᠡᠷ᠎ᠡ ᠲᠠᠯᠪᠢᠵᠠᠢ᠃ ᠤᠶᠠᠷᠠᠭᠤᠨ | ᠨᠠᠮᠬᠠᠨ ᠭᠠᠰᠢᠭᠤᠳᠠᠯ ᠤᠨ ᠠᠶᠠᠰ ᠳᠤᠮᠳᠠ᠂ ᠮᠣᠷᠳᠠᠭᠤᠯᠬᠤ ᠪᠠᠷ ᠢᠷᠡᠭᠰᠡᠨ ᠬᠥᠮᠥᠰ ᠲᠥᠪ ᠬᠢᠴᠢᠶᠡᠩᠭᠦ᠋ᠢᠯᠡᠨ | ᠵᠣᠭᠰᠣᠵᠤ᠂ ᠭᠦᠨ ᠮᠡᠬᠦ᠋ᠢᠨ ᠶᠣᠰᠣᠯᠠᠵᠤ᠂ ᠵᠢᠶᠠᠩ ᠽᠧ ᠮᠢᠨ ᠨᠥᠬᠦᠷ ᠲᠠᠢ ᠡᠴᠦᠰ ᠤᠨ ᠰᠠᠯᠬᠤ ᠶᠣᠰᠣ | ᠭᠦᠢᠴᠡᠳᠬᠡᠪᠡ᠃ | ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠳᠠᠯᠠᠢ ᠶᠢᠨ ᠴᠡᠷᠢᠭ ᠤᠨ ᠶᠠᠩᠵᠧᠦ ᠬᠥᠯᠭᠡ | ᠣᠩᠭᠤᠴᠠ ᠡᠷᠭᠢ ᠬᠥᠪᠡᠭᠡᠳᠡᠨ ᠨᠠᠮ ᠵᠢᠮ ᠵᠣᠭᠰᠣᠨ᠎ᠠ᠂ ᠬᠥᠯᠭᠡ ᠣᠩᠭᠤᠴᠠ ᠳᠡᠭᠡᠷ᠎ᠡ ᠳᠠᠷᠤᠭ᠎ᠠ ᠪᠠᠶᠢᠯᠳᠤᠭᠴᠢᠳ | ᠲᠣᠭᠤᠷᠢᠭ ᠬᠤᠪᠢᠶᠠᠨ ᠣᠩᠭᠤᠴᠠᠨ ᠵᠣᠭᠰᠣᠭᠠᠯ ᠤᠨ ᠬᠥᠪᠡᠭᠡ ᠳᠤ ᠵᠢᠭᠰᠠᠵᠤ ᠲᠥᠪ ᠵᠣᠭᠰᠣᠪᠠ᠃ ᠶᠠᠩᠵᠧᠦ ᠪᠣᠯ | ᠵᠢᠶᠠᠩ ᠽᠧ ᠮᠢᠨ ᠨᠥᠬᠦᠷ ᠤᠨ ᠲᠥᠷᠥᠭᠰᠡᠨ ᠨᠤᠲᠤᠭ ᠪᠣᠯᠣᠨ᠎ᠠ᠃ ᠥᠨᠥᠳᠥᠷ᠂ ᠶᠠᠩᠵᠧᠦ ᠪᠠᠷ ᠨᠡᠷᠡᠶᠢᠳᠦᠭᠰᠡᠨ ᠡᠨᠡ | ᠬᠦ ᠴᠡᠷᠢᠭ ᠤᠨ ᠬᠥᠯᠭᠡ ᠣᠩᠭᠤᠴᠠ ᠬᠠᠮᠤᠭ ᠤᠨ ᠳᠡᠭᠡᠳᠦ ᠶᠣᠰᠣᠯᠠᠯ ᠢᠶᠠᠷ ᠨᠠᠮ ᠪᠣᠯᠣᠨ ᠠᠷᠠᠳ ᠲᠦᠮᠡᠨ ᠳᠤ | ᠪᠠᠯᠠᠷᠠᠰᠢ ᠦᠭᠡᠢ ᠭᠠᠪᠢᠶ᠎ᠠ ᠵᠢᠳᠬᠦᠯ ᠦᠵᠡᠭᠦᠯᠦᠭᠰᠡᠨ ᠡᠨᠡ ᠬᠦ ᠭᠠᠷᠮᠠᠭᠠᠢ ᠤᠳᠤᠷᠢᠳᠤᠭᠴᠢ ᠪᠠᠨ ᠮᠣᠷᠳᠠᠭᠤᠯᠤᠯ᠎ᠠ᠃ | ᠵᠢᠶᠠᠩ ᠽᠧ ᠮᠢᠨ ᠨᠥᠬᠦᠷ ᠤᠨ ᠲᠥᠷᠥᠯ ᠰᠠᠳᠤᠨ ᠨᠢ ᠴᠢᠨᠳᠠᠷ ᠢ ᠡᠷᠭᠦᠨ ᠶᠠᠩᠵᠧᠦ ᠬᠥᠯᠭᠡ ᠣᠩᠭᠤᠴᠠᠨ ᠳᠤ ᠭᠠᠷᠪᠠ | ᠃ ᠳᠠᠯᠠᠢ ᠶᠢᠨ ᠴᠡᠷᠢᠭ ᠤᠨ ᠪᠦᠷᠢᠶ᠎ᠡ ᠳᠤᠤᠭᠠᠷᠴᠤ᠂ ᠶᠣᠰᠣᠯᠠᠯ ᠤᠨ ᠠᠩᠭᠢ ᠶᠢᠨ ᠬᠢᠨ ᠫᠤᠤ ᠠᠳᠬᠤᠨ ᠲᠥᠪ | ᠵᠣᠭᠰᠣᠵᠤ᠂ ᠰᠢᠷᠲᠡᠨ ᠬᠠᠷᠠᠵᠤ ᠶᠣᠰᠣ ᠭᠦᠢᠴᠡᠳᠬᠡᠪᠡ᠃ ᠶᠠᠩᠵᠧᠦ ᠬᠥᠯᠭᠡ ᠣᠩᠭᠤᠴᠠ ᠠᠶᠠᠯᠠᠯ ᠢᠶᠠᠨ ᠡᠬᠢᠯᠡᠭᠦᠯᠬᠦ | ᠦᠶ᠎ᠡ ᠳᠤ᠂ ᠴᠡᠷᠢᠭ ᠤᠨ ᠭᠠᠷᠠᠮ ᠳᠤ ᠪᠠᠶᠢᠭᠰᠠᠨ ᠪᠣᠢ ᠪᠦᠬᠦᠢ ᠬᠥᠯᠭᠡ ᠣᠩᠭᠤᠴᠠ ᠠᠭᠤᠷ ᠤᠨ ᠱᠤᠤᠭᠢᠯ ᠢᠶᠠᠨ | ᠳᠤᠤᠭᠠᠷᠭᠠᠵᠤ᠂ ᠣᠭᠲᠠᠷᠭᠤᠢ ᠴᠤᠤᠷᠢᠶᠠᠳᠤᠪᠠ᠃ | ᠶᠠᠩᠵᠧᠦ ᠬᠥᠯᠭᠡ ᠣᠩᠭᠤᠴᠠ ᠬᠥᠬᠡᠮᠥ᠋ᠷᠡᠨ ᠳᠤ ᠣᠷᠣᠵᠤ ᠨᠡᠯᠦᠭᠡᠷ ᠶᠡᠭᠡ ᠳᠠᠯᠠᠢ ᠶᠢ ᠵᠣᠷᠢᠯ᠎ᠠ᠃ ᠴᠡᠷᠢᠭ ᠤᠨ | ᠬᠥᠯᠭᠡ ᠣᠩᠭᠤᠴᠠ ᠠᠯᠭᠤᠷ ᠠᠶᠠᠯᠠᠵᠤ᠂ ᠱᠠᠩᠬᠠᠢ ᠭᠡᠬᠦ ᠡᠨᠡ ᠬᠦ ᠵᠢᠶᠠᠩ ᠽᠧ ᠮᠢᠨ ᠨᠥᠬᠦᠷ ᠤᠨ ᠵᠠᠯᠠᠭᠤ ᠨᠠᠰᠤᠨ ᠤ | ᠣᠨ ᠵᠢᠯ ᠢᠶᠠᠨ ᠥᠩᠭᠡᠷᠡᠭᠦᠯᠦᠭᠰᠡᠨ᠂ ᠤᠷᠲᠤ ᠬᠤᠭᠤᠴᠠᠭ᠎ᠠ ᠠᠵᠢᠯᠯᠠᠵᠤ᠂ ᠲᠡᠮᠡᠴᠡᠵᠦ᠂ ᠬᠤᠪᠢ ᠨᠡᠮᠡᠷᠢ | ᠦᠵᠡᠭᠦᠯᠦᠭᠰᠡᠨ ᠨᠤᠲᠤᠭ ᠤᠰᠤᠨ ᠠᠴᠠ ᠠᠶᠠᠷᠯᠠᠪᠠ᠃ | ᠦᠳᠡ ᠶᠢᠨ ᠡᠮᠦᠨᠡᠬᠢ 12 ᠴᠠᠭ 35 ᠮᠢᠨᠦ᠋ᠲ ᠲᠤ᠂ ᠶᠠᠩᠵᠧᠦ ᠬᠥᠯᠭᠡ ᠣᠩᠭᠤᠴᠠ ᠬᠥᠬᠡᠮᠥ᠋ᠷᠡᠨ ᠤ | ᠳᠠᠯᠠᠢ ᠶᠢᠨ ᠴᠢᠳᠬᠤᠯᠠᠩ ᠳᠤ ᠬᠦᠷᠴᠡᠢ᠃ ᠴᠡᠷᠢᠭ ᠤᠨ ᠬᠥᠯᠭᠡ ᠣᠩᠭᠤᠴᠠᠨ ᠤ ᠱᠠᠯᠠ ᠳᠡᠭᠡᠷ᠎ᠡ᠂ ᠮᠣᠷᠳᠠᠭᠤᠯᠬᠤ | ᠬᠥᠮᠥᠰ ᠲᠥᠪ ᠵᠣᠭᠰᠣᠨ ᠨᠠᠮᠠᠨᠴᠢᠯᠠᠪᠠ᠃ ᠳᠠᠯᠠᠢ ᠶᠢᠨ ᠤᠰᠤ ᠨᠠᠮ ᠳᠥᠯᠭᠡᠬᠡᠨ ᠢᠶᠠᠷ ᠳᠠᠪᠠᠯᠭᠠᠯᠠᠨ᠎ᠠ᠃ ᠼᠠᠢ ᠴᠢ | ᠪᠣᠯᠣᠨ ᠵᠢᠶᠠᠩ ᠽᠧ ᠮᠢᠨ ᠨᠥᠬᠦᠷ ᠤᠨ ᠬᠠᠲᠤᠨ ᠸᠠᠩ ᠶᠧ ᠫᠢᠩ ᠵᠡᠷᠭᠡ ᠲᠥᠷᠥᠯ ᠰᠠᠳᠤᠨ ᠨᠢ ᠨᠢᠳᠦᠨ ᠳᠡᠭᠡᠨ | ᠨᠢᠯᠪᠤᠰᠤ ᠮᠡᠯᠮᠡᠯᠵᠡᠭᠦᠯᠵᠦ᠂ ᠡᠮᠭᠡᠨᠢᠯ ᠭᠠᠰᠢᠭᠤᠳᠠᠯ ᠢ ᠲᠡᠰᠪᠦᠷᠢᠯᠡᠨ᠂ ᠵᠢᠶᠠᠩ ᠽᠧ ᠮᠢᠨ ᠨᠥᠬᠦᠷ ᠤᠨ ᠴᠢᠨᠳᠠᠷ ᠤᠨ | ᠦᠨᠡᠰᠦ ᠪᠣᠯᠣᠨ ᠮᠢᠷᠠᠯᠵᠠᠭᠰᠠᠨ ᠴᠡᠴᠡᠭ ᠤᠨ ᠬᠡᠯᠲᠡᠰ ᠢ ᠬᠥᠪᠡᠭᠡ ᠬᠢᠵᠠᠭᠠᠷ ᠦᠭᠡᠢ ᠮᠥᠷᠡᠨ ᠲᠠᠩᠭᠢᠰ ᠲᠤ | ᠠᠯᠭᠤᠷᠬᠠᠨ ᠢᠶᠠᠷ ᠰᠠᠴᠤᠪᠠ᠃ | ᠥᠷᠭᠡᠨ ᠮᠥᠷᠡᠨ ᠳᠣᠷᠤᠨᠠᠰᠢ ᠴᠢᠳᠬᠤᠯᠠᠵᠤ ᠠᠨᠠᠪᠠᠳ ᠳᠠᠯᠠᠢ ᠲᠠᠢ ᠪᠠᠨ ᠠᠰᠢᠳᠠ ᠣᠷᠣᠰᠢᠨ᠎ᠠ᠃ ᠳᠤᠮᠳᠠᠳᠤ ᠶᠢᠨ | ᠡᠬᠡ ᠭᠠᠵᠠᠷ ᠤᠨ ᠠᠭᠤᠯᠠ ᠤᠰᠤ ᠪᠥᠬᠦᠨ ᠨᠢᠭᠡᠨ ᠠᠭᠤᠤ ᠶᠡᠭᠡ ᠬᠥᠮᠥᠨ ᠤ ᠭᠡᠷᠡᠯ ᠰᠠᠴᠤᠷᠠᠩᠭᠤᠢ ᠪᠥᠭᠡᠳ ᠡᠷᠡᠯᠬᠡᠭ | ᠳᠠᠶᠢᠴᠢᠨ ᠡᠷᠢᠨ ᠵᠠᠭᠤᠨ ᠤ ᠠᠮᠢᠳᠤᠷᠠᠯ ᠢ ᠭᠡᠷᠡᠴᠢᠯᠡᠵᠦ᠂ ᠨᠢᠭᠡᠨ ᠭᠠᠷᠮᠠᠭᠠᠢ ᠤᠳᠤᠷᠢᠳᠬᠤ ᠬᠥᠮᠥᠨ ᠤ ᠨᠠᠰᠤᠨ | ᠲᠤᠷᠰᠢᠲᠠ ᠪᠠᠨ ᠬᠢᠴᠢᠶᠡᠩᠭᠦ᠋ᠢᠯᠡᠨ ᠵᠢᠳᠬᠦᠵᠦ᠂ ᠡᠷᠡᠯᠬᠡᠭᠯᠡᠨ ᠲᠡᠮᠡᠴᠡᠭᠰᠡᠨ ᠠᠤᠭ᠎ᠠ ᠰᠦᠷ ᠰᠢᠳᠤᠷᠭᠤ ᠰᠦᠨᠡᠰᠦ ᠶᠢ | ᠥᠨᠢᠳᠡ ᠬᠠᠳᠠᠭᠠᠯᠠᠨ᠎ᠠ᠃ | ᠥᠷᠭᠡᠨ ᠮᠥᠷᠡᠨ ᠳᠣᠷᠤᠨᠠᠰᠢ ᠴᠢᠳᠬᠤᠯᠠᠵᠤ ᠠᠨᠠᠪᠠᠳ ᠳᠠᠯᠠᠢ ᠲᠠᠢ ᠪᠠᠨ ᠠᠰᠢᠳᠠ ᠣᠷᠣᠰᠢᠨ᠎ᠠ᠃ ᠥᠨᠥᠳᠥᠷ᠂ | ᠳᠡᠯᠡᠬᠡᠢ ᠶᠢᠨ ᠳᠣᠷᠣᠨᠠᠳᠠᠬᠢᠨ ᠳᠤ ᠰᠡᠬᠦ᠋ᠢᠨ ᠰᠦᠨᠳᠡᠷᠯᠡᠵᠦ ᠪᠠᠶᠢᠭ᠎ᠠ ᠨᠡᠶᠢᠭᠡᠮ ᠵᠢᠷᠤᠮᠲᠤ ᠳᠤᠮᠳᠠᠳᠤ ᠤᠯᠤᠰ ᠴᠡᠴᠡᠭᠯᠡᠨ | ᠬᠥᠭᠵᠢᠵᠦ᠂ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢᠨ ᠲᠡᠦᠬᠡ ᠶᠢᠨ ᠠᠬᠢᠴᠠ ᠰᠦᠷ ᠳᠠᠯᠠᠶᠢᠴᠠᠲᠠᠢ ᠶᠠᠪᠤᠭᠳᠠᠵᠤ᠂ ᠠᠬᠠᠮᠠᠳ ᠦᠶ᠎ᠡ ᠶᠢᠨ ᠬᠢᠨ ᠤ ᠭᠡᠭᠡᠨ | ᠰᠦᠨᠡᠰᠦ ᠪᠠᠶᠠᠰᠤᠨ ᠠᠮᠤᠷᠵᠢᠨᠠ᠃ | ᠥᠷᠭᠡᠨ ᠮᠥᠷᠡᠨ ᠳᠣᠷᠤᠨᠠᠰᠢ ᠴᠢᠳᠬᠤᠯᠠᠵᠤ ᠠᠨᠠᠪᠠᠳ ᠳᠠᠯᠠᠢ ᠲᠠᠢ ᠪᠠᠨ ᠠᠰᠢᠳᠠ ᠣᠷᠣᠰᠢᠨ᠎ᠠ᠃ ᠬᠦᠨᠳᠦᠲᠦ | ᠬᠠᠶᠢᠷᠠᠲᠤ ᠵᠢᠶᠠᠩ ᠽᠧ ᠮᠢᠨ ᠨᠥᠬᠦᠷ ᠤᠨ ᠪᠠᠭᠠᠲᠤᠷ ᠨᠡᠷ᠎ᠡ᠂ ᠭᠠᠪᠢᠶ᠎ᠠ ᠵᠢᠳᠬᠦᠯ᠂ ᠦᠵᠡᠯ ᠰᠠᠨᠠᠭ᠎ᠠ᠂ ᠬᠡᠪ | ᠰᠤᠷᠲᠠᠯ ᠨᠢ ᠲᠡᠦᠬᠡᠨ ᠬᠠᠭᠤᠳᠠᠰᠤᠨ᠎ᠠ ᠥᠨᠢᠳᠡ ᠲᠡᠮᠳᠡᠭᠯᠡᠭᠳᠡᠵᠦ᠂ ᠦᠶ᠎ᠡ ᠶᠢᠨ ᠦᠶ᠎ᠡ ᠳᠡᠭᠡᠨ ᠠᠷᠠᠳ ᠲᠦᠮᠡᠨ ᠤ | ᠰᠡᠳᠬᠢᠯ ᠳᠤ ᠬᠠᠳᠠᠩᠰᠢᠬᠤ ᠨᠢ ᠯᠠᠪᠲᠠᠢ᠃ | | | | 2 ᠰᠠᠷ᠎ᠠ ᠶᠢᠨ 11 ᠤ ᠡᠳᠦᠷ᠂ ᠵᠢᠶᠠᠩ ᠽᠧ ᠮᠢᠨ ᠨᠥᠬᠦᠷ ᠵᠢᠴᠢ ᠲᠡᠭᠦᠨ ᠤ ᠲᠦᠷᠦᠯ ᠰᠠᠳᠤᠨ ᠤ ᠬᠦᠰᠡᠯ | ᠰᠠᠨᠠᠭ᠎ᠠ ᠶᠢ ᠵᠢᠷᠤᠮᠯᠠᠵᠤ᠂ ᠬᠦᠨᠳᠦᠲᠦ ᠬᠠᠶᠢᠷᠠᠲᠤ ᠵᠢᠶᠠᠩ ᠽᠧ ᠮᠢᠨ ᠨᠥᠬᠦᠷ ᠤᠨ ᠴᠢᠨᠳᠠᠷ ᠤᠨ ᠦᠨᠡᠰᠦ ᠶᠢ | ᠬᠥᠬᠡᠮᠥ᠋ᠷᠡᠨ ᠤ ᠲᠠᠯᠠᠢ ᠶᠢᠨ ᠴᠢᠳᠬᠤᠯᠠᠩ ᠢᠶᠠᠷ ᠲᠠᠯᠠᠢ ᠳᠤ ᠰᠠᠴᠤᠪᠠ᠃ ᠨᠠᠮ ᠤᠨ ᠲᠥᠪ ᠬᠤᠷᠢᠶᠠᠨ ᠤ | ᠨᠠᠶᠢᠳᠠᠯᠭ᠎ᠠ ᠪᠠᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ ᠼᠠᠢ ᠴᠢ ᠵᠡᠷᠭᠡ | ᠤᠳᠤᠷᠢᠳᠬᠤ ᠨᠥᠬᠦᠳ ᠪᠣᠯᠣᠨ ᠵᠢᠶᠠᠩ ᠽᠧ ᠮᠢᠨ ᠨᠥᠬᠦᠷ ᠤᠨ ᠬᠠᠳᠤᠨ ᠸᠠᠩ ᠶᠧ ᠫᠢᠩ ᠵᠡᠷᠭᠡ ᠲᠦᠷᠤᠯ | ᠰᠠᠳᠤᠨ ᠨᠢ ᠬᠠᠮᠠᠭᠠᠯᠠᠨ ᠬᠦᠷᠭᠡᠵᠦ ᠴᠢᠨᠳᠠᠷ ᠤᠨ ᠦᠨᠡᠰᠦ ᠶᠢ ᠰᠠᠴᠤᠵᠠᠢ᠃ ᠵᠢᠷᠤᠭ ᠪᠣᠯ ᠵᠢᠶᠠᠩ ᠽᠧ ᠮᠢᠨ | ᠨᠥᠬᠦᠷ ᠤᠨ ᠲᠦᠷᠦᠯ ᠰᠠᠲᠤᠨ ᠨᠢ ᠭᠦᠷᠦᠭ᠂ ᠴᠢᠨᠳᠠᠷ ᠤᠨ ᠬᠠᠶᠢᠷᠴᠠᠭ ᠪᠣᠯᠣᠨ ᠴᠠᠭᠠᠷᠢᠭᠲᠤ ᠴᠡᠴᠡᠭ ᠢ ᠡᠷᠭᠦᠨ᠂ | ᠠᠯᠭᠤᠷᠬᠠᠨ ᠢᠶᠠᠷ ᠯᠠᠢ ᠹᠦ᠋ ᠲᠡᠩ ᠲᠠᠩᠬᠢᠮ ᠠᠴᠠ ᠭᠠᠷᠴᠤ ᠢᠷᠡᠵᠦ ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ | | | | | 12 ᠰᠠᠷ᠎ᠠ ᠶᠢᠨ 11 ᠤ ᠡᠳᠦᠷ᠂ ᠵᠢᠶᠠᠩ ᠽᠧ ᠮᠢᠨ ᠨᠥᠬᠦᠷ ᠵᠢᠴᠢ ᠲᠡᠭᠦᠨ ᠤ ᠲᠦᠷᠦᠯ ᠰᠠᠳᠤᠨ ᠤ ᠬᠦᠰᠡᠯ | ᠰᠠᠨᠠᠭ᠎ᠠ ᠶᠢ ᠵᠢᠷᠤᠮᠯᠠᠵᠤ᠂ ᠬᠦᠨᠳᠦᠲᠦ ᠬᠠᠶᠢᠷᠠᠲᠤ ᠵᠢᠶᠠᠩ ᠽᠧ ᠮᠢᠨ ᠨᠥᠬᠦᠷ ᠤᠨ ᠴᠢᠨᠳᠠᠷ ᠤᠨ ᠦᠨᠡᠰᠦ ᠶᠢ | ᠬᠥᠬᠡᠮᠥ᠋ᠷᠡᠨ ᠤ ᠲᠠᠯᠠᠢ ᠶᠢᠨ ᠴᠢᠳᠬᠤᠯᠠᠩ ᠢᠶᠠᠷ ᠲᠠᠯᠠᠢ ᠳᠤ ᠰᠠᠴᠤᠪᠠ᠃ ᠨᠠᠮ ᠤᠨ ᠲᠥᠪ ᠬᠤᠷᠢᠶᠠᠨ ᠤ | ᠨᠠᠶᠢᠳᠠᠯᠭ᠎ᠠ ᠪᠠᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ ᠼᠠᠢ ᠴᠢ ᠵᠡᠷᠭᠡ | ᠤᠳᠤᠷᠢᠳᠬᠤ ᠨᠥᠬᠦᠳ ᠪᠣᠯᠣᠨ ᠵᠢᠶᠠᠩ ᠽᠧ ᠮᠢᠨ ᠨᠥᠬᠦᠷ ᠤᠨ ᠬᠠᠳᠤᠨ ᠸᠠᠩ ᠶᠧ ᠫᠢᠩ ᠵᠡᠷᠭᠡ ᠲᠦᠷᠤᠯ | ᠰᠠᠳᠤᠨ ᠨᠢ ᠬᠠᠮᠠᠭᠠᠯᠠᠨ ᠬᠦᠷᠭᠡᠵᠦ ᠴᠢᠨᠳᠠᠷ ᠤᠨ ᠦᠨᠡᠰᠦ ᠶᠢ ᠰᠠᠴᠤᠵᠠᠢ᠃ ᠵᠢᠷᠤᠭ ᠪᠣᠯ ᠪᠡᠭᠡᠵᠢᠭ ᠤᠨ ᠪᠠᠷᠠᠭᠤᠨ | ᠲᠡᠭᠦᠷᠭᠡ ᠨᠢᠰᠬᠡᠯ ᠤᠨ ᠪᠠᠭᠤᠳᠠᠯ ᠳᠤ᠂ ᠵᠢᠶᠠᠩ ᠽᠧ ᠮᠢᠨ ᠨᠥᠬᠦᠷ ᠤᠨ ᠲᠦᠷᠦᠯ ᠰᠠᠲᠤᠨ ᠨᠢ ᠭᠦᠷᠦᠭ᠂ | ᠴᠢᠨᠳᠠᠷ ᠤᠨ ᠬᠠᠶᠢᠷᠴᠠᠭ ᠪᠣᠯᠣᠨ ᠴᠠᠭᠠᠷᠢᠭᠲᠤ ᠴᠡᠴᠡᠭ ᠢ ᠡᠷᠭᠦᠨ᠂ ᠠᠯᠭᠤᠷᠬᠠᠨ ᠢᠶᠠᠷ ᠲᠤᠰᠬᠠᠢ ᠨᠢᠰᠬᠡᠯ ᠵᠦᠭ | ᠶᠠᠪᠤᠵᠤ ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ | | | | 12 ᠰᠠᠷ᠎ᠠ ᠶᠢᠨ 11 ᠤ ᠡᠳᠦᠷ᠂ ᠵᠢᠶᠠᠩ ᠽᠧ ᠮᠢᠨ ᠨᠥᠬᠦᠷ ᠵᠢᠴᠢ ᠲᠡᠭᠦᠨ ᠤ ᠲᠦᠷᠦᠯ ᠰᠠᠳᠤᠨ ᠤ ᠬᠦᠰᠡᠯ | ᠰᠠᠨᠠᠭ᠎ᠠ ᠶᠢ ᠵᠢᠷᠤᠮᠯᠠᠵᠤ᠂ ᠬᠦᠨᠳᠦᠲᠦ ᠬᠠᠶᠢᠷᠠᠲᠤ ᠵᠢᠶᠠᠩ ᠽᠧ ᠮᠢᠨ ᠨᠥᠬᠦᠷ ᠤᠨ ᠴᠢᠨᠳᠠᠷ ᠤᠨ ᠦᠨᠡᠰᠦ ᠶᠢ | ᠬᠥᠬᠡᠮᠥ᠋ᠷᠡᠨ ᠤ ᠲᠠᠯᠠᠢ ᠶᠢᠨ ᠴᠢᠳᠬᠤᠯᠠᠩ ᠢᠶᠠᠷ ᠲᠠᠯᠠᠢ ᠳᠤ ᠰᠠᠴᠤᠪᠠ᠃ ᠨᠠᠮ ᠤᠨ ᠲᠥᠪ ᠬᠤᠷᠢᠶᠠᠨ ᠤ | ᠨᠠᠶᠢᠳᠠᠯᠭ᠎ᠠ ᠪᠠᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ ᠼᠠᠢ ᠴᠢ ᠵᠡᠷᠭᠡ | ᠤᠳᠤᠷᠢᠳᠬᠤ ᠨᠥᠬᠦᠳ ᠪᠣᠯᠣᠨ ᠵᠢᠶᠠᠩ ᠽᠧ ᠮᠢᠨ ᠨᠥᠬᠦᠷ ᠤᠨ ᠬᠠᠳᠤᠨ ᠸᠠᠩ ᠶᠧ ᠫᠢᠩ ᠵᠡᠷᠭᠡ ᠲᠦᠷᠤᠯ | ᠰᠠᠳᠤᠨ ᠨᠢ ᠬᠠᠮᠠᠭᠠᠯᠠᠨ ᠬᠦᠷᠭᠡᠵᠦ ᠴᠢᠨᠳᠠᠷ ᠤᠨ ᠦᠨᠡᠰᠦ ᠶᠢ ᠰᠠᠴᠤᠵᠠᠢ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠯᠢ ᠲᠤᠤ ᠰᠡᠭᠦᠳᠡᠷᠯᠡᠪᠡ | | | | 2 ᠰᠠᠷ᠎ᠠ ᠶᠢᠨ 11 ᠤ ᠡᠳᠦᠷ᠂ ᠵᠢᠶᠠᠩ ᠽᠧ ᠮᠢᠨ ᠨᠥᠬᠦᠷ ᠵᠢᠴᠢ ᠲᠡᠭᠦᠨ ᠤ ᠲᠦᠷᠦᠯ ᠰᠠᠳᠤᠨ ᠤ ᠬᠦᠰᠡᠯ | ᠰᠠᠨᠠᠭ᠎ᠠ ᠶᠢ ᠵᠢᠷᠤᠮᠯᠠᠵᠤ᠂ ᠬᠦᠨᠳᠦᠲᠦ ᠬᠠᠶᠢᠷᠠᠲᠤ ᠵᠢᠶᠠᠩ ᠽᠧ ᠮᠢᠨ ᠨᠥᠬᠦᠷ ᠤᠨ ᠴᠢᠨᠳᠠᠷ ᠤᠨ ᠦᠨᠡᠰᠦ ᠶᠢ | ᠬᠥᠬᠡᠮᠥ᠋ᠷᠡᠨ ᠤ ᠲᠠᠯᠠᠢ ᠶᠢᠨ ᠴᠢᠳᠬᠤᠯᠠᠩ ᠢᠶᠠᠷ ᠲᠠᠯᠠᠢ ᠳᠤ ᠰᠠᠴᠤᠪᠠ᠃ ᠨᠠᠮ ᠤᠨ ᠲᠥᠪ ᠬᠤᠷᠢᠶᠠᠨ ᠤ | ᠨᠠᠶᠢᠳᠠᠯᠭ᠎ᠠ ᠪᠠᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ ᠼᠠᠢ ᠴᠢ ᠵᠡᠷᠭᠡ | ᠤᠳᠤᠷᠢᠳᠬᠤ ᠨᠥᠬᠦᠳ ᠪᠣᠯᠣᠨ ᠵᠢᠶᠠᠩ ᠽᠧ ᠮᠢᠨ ᠨᠥᠬᠦᠷ ᠤᠨ ᠬᠠᠳᠤᠨ ᠸᠠᠩ ᠶᠧ ᠫᠢᠩ ᠵᠡᠷᠭᠡ ᠲᠦᠷᠤᠯ | ᠰᠠᠳᠤᠨ ᠨᠢ ᠬᠠᠮᠠᠭᠠᠯᠠᠨ ᠬᠦᠷᠭᠡᠵᠦ ᠴᠢᠨᠳᠠᠷ ᠤᠨ ᠦᠨᠡᠰᠦ ᠶᠢ ᠰᠠᠴᠤᠵᠠᠢ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠯᠢ ᠲᠤᠤ ᠰᠡᠭᠦᠳᠡᠷᠯᠡᠪᠡ | | | | 12 ᠰᠠᠷ᠎ᠠ ᠶᠢᠨ 11 ᠤ ᠡᠳᠦᠷ᠂ ᠵᠢᠶᠠᠩ ᠽᠧ ᠮᠢᠨ ᠨᠥᠬᠦᠷ ᠵᠢᠴᠢ ᠲᠡᠭᠦᠨ ᠤ ᠲᠦᠷᠦᠯ ᠰᠠᠳᠤᠨ ᠤ ᠬᠦᠰᠡᠯ | ᠰᠠᠨᠠᠭ᠎ᠠ ᠶᠢ ᠵᠢᠷᠤᠮᠯᠠᠵᠤ᠂ ᠬᠦᠨᠳᠦᠲᠦ ᠬᠠᠶᠢᠷᠠᠲᠤ ᠵᠢᠶᠠᠩ ᠽᠧ ᠮᠢᠨ ᠨᠥᠬᠦᠷ ᠤᠨ ᠴᠢᠨᠳᠠᠷ ᠤᠨ ᠦᠨᠡᠰᠦ ᠶᠢ | ᠬᠥᠬᠡᠮᠥ᠋ᠷᠡᠨ ᠤ ᠲᠠᠯᠠᠢ ᠶᠢᠨ ᠴᠢᠳᠬᠤᠯᠠᠩ ᠢᠶᠠᠷ ᠲᠠᠯᠠᠢ ᠳᠤ ᠰᠠᠴᠤᠪᠠ᠃ ᠨᠠᠮ ᠤᠨ ᠲᠥᠪ ᠬᠤᠷᠢᠶᠠᠨ ᠤ | ᠨᠠᠶᠢᠳᠠᠯᠭ᠎ᠠ ᠪᠠᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ ᠼᠠᠢ ᠴᠢ ᠵᠡᠷᠭᠡ | ᠤᠳᠤᠷᠢᠳᠬᠤ ᠨᠥᠬᠦᠳ ᠪᠣᠯᠣᠨ ᠵᠢᠶᠠᠩ ᠽᠧ ᠮᠢᠨ ᠨᠥᠬᠦᠷ ᠤᠨ ᠬᠠᠳᠤᠨ ᠸᠠᠩ ᠶᠧ ᠫᠢᠩ ᠵᠡᠷᠭᠡ ᠲᠦᠷᠤᠯ | ᠰᠠᠳᠤᠨ ᠨᠢ ᠬᠠᠮᠠᠭᠠᠯᠠᠨ ᠬᠦᠷᠭᠡᠵᠦ ᠴᠢᠨᠳᠠᠷ ᠤᠨ ᠦᠨᠡᠰᠦ ᠶᠢ ᠰᠠᠴᠤᠵᠠᠢ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠯᠢ ᠲᠤᠤ ᠰᠡᠭᠦᠳᠡᠷᠯᠡᠪᠡ | |