ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠪᠣᠳᠠᠰ ᠤᠨ ᠪᠤᠰᠤ ᠰᠣᠶᠣᠯ ᠤᠨ ᠥᠪ ᠢ | ᠬᠠᠮᠠᠭᠠᠯᠠᠬᠤ ᠠᠵᠢᠯ ᠳᠤ ᠴᠢᠬᠤᠯᠠ ᠵᠢᠭᠠᠪᠤᠷᠢ ᠥᠭᠴᠦ᠂ ︽ᠳᠤᠮᠳᠠᠳᠤ ᠤᠯᠤᠰ ᠤᠨ ᠤᠯᠠᠮᠵᠢᠯᠠᠯᠲᠤ ᠴᠠᠢ ᠬᠢᠬᠦ | ᠮᠡᠷᠭᠡᠰᠢᠯ ᠵᠢᠴᠢ ᠬᠤᠯᠪᠣᠭᠳᠠᠯ ᠪᠦᠬᠦᠢ ᠵᠠᠩᠰᠢᠯ︾ ᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ | ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠶᠢᠨ ᠬᠥᠮᠥᠨ ᠲᠥᠷᠥᠯᠬᠢᠲᠡᠨ ᠤ ᠪᠣᠳᠠᠰ ᠤᠨ | ᠪᠤᠰᠤ ᠰᠣᠶᠣᠯ ᠤᠨ ᠥᠪ ᠤᠨ ᠲᠥᠯᠥᠭᠡᠯᠡᠭᠴᠢ ᠪᠦᠲᠦᠭᠡᠯ ᠤᠨ ᠨᠡᠷᠡᠰ ᠤᠨ ᠵᠢᠭᠰᠠᠭᠠᠯᠲᠠ ᠳᠤ ᠣᠷᠣᠭᠤᠯᠤᠭᠰᠠᠨ ᠨᠢ | ᠳᠤᠮᠳᠠᠳᠤ ᠤᠯᠤᠰ ᠤᠨ ᠴᠠᠢ ᠶᠢᠨ ᠰᠣᠶᠣᠯ ᠢ ᠪᠠᠳᠠᠷᠠᠭᠤᠯᠬᠤ ᠳᠤ ᠮᠠᠰᠢ ᠶᠡᠭᠡ ᠠᠴᠢ ᠬᠤᠯᠪᠣᠭᠳᠠᠯ ᠲᠠᠢ ᠶᠤᠮ᠃ | ᠪᠣᠳᠠᠰ ᠤᠨ ᠪᠤᠰᠤ ᠰᠣᠶᠣᠯ ᠤᠨ ᠥᠪ ᠤᠨ ᠰᠢᠰᠲ᠋ᠧᠮᠲᠦ ᠴᠢᠨᠠᠷᠲᠠᠢ ᠬᠠᠮᠠᠭᠠᠯᠠᠯᠲᠠ ᠶᠢ ᠯᠠᠪᠳᠠᠭᠤᠨ ᠪᠠᠲᠤᠲᠠᠢ ᠰᠠᠶᠢᠲᠤᠷ | ᠬᠢᠵᠦ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠤᠶᠤᠨ ᠤ ᠪᠠ ᠰᠣᠶᠣᠯ ᠤᠨ ᠬᠡᠷᠡᠭᠴᠡᠭᠡ | ᠱᠠᠭᠠᠷᠳᠠᠯᠭ᠎ᠠ ᠶᠢ ᠨᠡᠩ ᠰᠠᠶᠢᠲᠤᠷ ᠬᠠᠩᠭᠠᠵᠤ᠂ ᠰᠣᠶᠣᠯ ᠤᠨ ᠢᠲᠡᠭᠡᠯ ᠢᠶᠠᠷ ᠥᠪᠡᠷ ᠢ ᠪᠠᠨ ᠬᠦᠴᠦᠷᠬᠡᠭᠵᠢᠭᠦᠯᠬᠦ ᠶᠢ | ᠠᠬᠢᠭᠤᠯᠬᠤ ᠬᠡᠷᠡᠭᠲᠡᠢ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠪᠦᠲᠦᠭᠡᠯᠴᠢ ᠴᠢᠨᠠᠷᠲᠠᠢ | ᠬᠤᠪᠢᠷᠠᠭᠤᠯᠤᠯᠲᠠ᠂ ᠰᠢᠨ᠎ᠡ ᠶᠢ ᠡᠭᠦᠳᠭᠦ ᠴᠢᠨᠠᠷᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠶᠢᠨ | ᠦᠨᠳᠦᠰᠦᠲᠡᠨ ᠤ ᠨᠢᠭᠲᠠᠷᠠᠯ ᠤᠨ ᠬᠦᠴᠦᠨ ᠪᠠ ᠳᠤᠮᠳᠠᠳᠤ ᠶᠢᠨ ᠰᠣᠶᠣᠯ ᠤᠨ ᠨᠥᠯᠥᠭᠡᠯᠡᠬᠦ ᠬᠦᠴᠦᠨ ᠢ ᠲᠠᠰᠤᠷᠠᠯᠲᠠ | ᠦᠭᠡᠢ ᠨᠡᠮᠡᠭᠳᠡᠭᠦᠯᠵᠦ᠂ ᠪᠣᠯᠪᠠᠰᠤᠨ ᠤ ᠰᠣᠯᠢᠯᠴᠠᠭ᠎ᠠ ᠲᠣᠯᠢᠳᠠᠯ ᠢ ᠭᠦᠨᠵᠡᠭᠡᠶᠢᠷᠡᠭᠦᠯᠵᠦ᠂ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠤᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠶᠢᠨ ᠰᠣᠶᠣᠯ ᠤᠨ ᠨᠡᠩ ᠰᠠᠶᠢᠲᠤᠷ | ᠳᠡᠯᠡᠬᠡᠢ ᠳᠤ ᠬᠠᠨᠳᠤᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | 11 ᠰᠠᠷ᠎ᠠ ᠶᠢᠨ 29 ᠤ ᠡᠳᠦᠷ᠂ ᠮᠠᠨ ᠤ ᠤᠯᠤᠰ ᠠᠴᠠ ᠭᠤᠶᠤᠴᠢᠯᠠᠨ ᠮᠡᠳᠡᠭᠦᠯᠦᠭᠰᠡᠨ ︽ᠳᠤᠮᠳᠠᠳᠤ | ᠤᠯᠤᠰ ᠤᠨ ᠤᠯᠠᠮᠵᠢᠯᠠᠯᠲᠤ ᠴᠠᠢ ᠬᠢᠬᠦ ᠮᠡᠷᠭᠡᠰᠢᠯ ᠵᠢᠴᠢ ᠬᠤᠯᠪᠣᠭᠳᠠᠯ ᠪᠦᠬᠦᠢ ᠵᠠᠩᠰᠢᠯ︾ ᠢ ᠮᠤᠷᠤᠺᠺᠤ ᠶᠢᠨ | ᠷᠠᠪᠠᠲ ᠲᠤ ᠬᠤᠷᠠᠯᠳᠤᠭᠤᠯᠤᠭᠰᠠᠨ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠦᠵᠢᠯ | ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠶᠢᠨ ᠪᠣᠳᠠᠰ ᠤᠨ ᠪᠤᠰᠤ ᠰᠣᠶᠣᠯ ᠤᠨ ᠥᠪ ᠢ | ᠬᠠᠮᠠᠭᠠᠯᠠᠬᠤ ᠵᠠᠰᠠᠭ ᠤᠨ ᠣᠷᠳᠣᠨ ᠤ ᠬᠤᠭᠤᠷᠣᠨᠳᠣᠭᠢ ᠵᠥᠪᠯᠡᠯ ᠤᠨ 17 ᠳ᠋ᠤᠭᠠᠷ ᠬᠤᠭᠤᠴᠠᠭᠠᠨ ᠤ ᠪᠠᠶᠢᠩᠭᠤ ᠶᠢᠨ | ᠬᠤᠷᠠᠯ ᠳᠡᠭᠡᠷ᠎ᠡ ᠬᠢᠨᠠᠨ ᠲᠣᠭᠲᠠᠭᠠᠯᠲᠠ ᠬᠢᠵᠦ ᠪᠠᠲᠤᠯᠠᠨ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ | ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠶᠢᠨ ᠬᠥᠮᠥᠨ ᠲᠥᠷᠥᠯᠬᠢᠲᠡᠨ ᠤ | ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠭᠴᠢ ᠪᠦᠲᠦᠭᠡᠯ ᠤᠨ ᠨᠡᠷᠡᠰ ᠤᠨ ᠵᠢᠭᠰᠠᠭᠠᠯᠲᠠ ᠳᠤ | ᠣᠷᠣᠭᠤᠯᠪᠠ᠃ ᠣᠳᠣᠬᠠᠨ ᠳᠤ᠂ ᠮᠠᠨ ᠤ ᠤᠯᠤᠰ ᠤᠨ 43 ᠲᠥᠷᠥᠯ ᠵᠦᠢᠯ ᠣᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠶᠢᠨ ᠪᠣᠳᠠᠰ ᠤᠨ | ᠪᠤᠰᠤ ᠰᠣᠶᠣᠯ ᠤᠨ ᠥᠪ ᠤᠨ ᠨᠡᠷᠡᠰ᠂ ᠨᠡᠷᠡᠰ ᠤᠨ ᠳᠡᠪᠲᠡᠷ ᠲᠤ ᠵᠢᠭᠰᠠᠭᠠᠭᠳᠠᠵᠤ ᠳᠡᠯᠡᠬᠡᠢ ᠶᠢᠨ ᠨᠢᠭᠡᠳᠦᠭᠡᠷ ᠲᠤ | ᠣᠷᠣᠵᠤ ᠪᠤᠢ᠃ | |