ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ 12 | ᠳ᠋ᠤᠭᠠᠷ ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ ᠰᠣᠨᠢᠨ ᠮᠡᠳᠡᠭᠡ ᠨᠡᠶᠢᠲᠡᠯᠡᠬᠦ ᠬᠤᠷᠠᠯ | ᠬᠤᠷᠠᠯᠳᠤᠭᠤᠯᠵᠤ᠂ ᠦᠨᠳᠦᠰᠦᠨ ᠱᠠᠲᠤᠨ ᠤ ᠡᠮᠴᠢᠯᠡᠭᠡᠨ ᠤ ᠦᠢᠯᠡᠴᠢᠯᠡᠭᠡ ᠪᠠᠲᠤᠯᠠᠭ᠎ᠠ ᠶᠢᠨ ᠬᠤᠯᠪᠣᠭᠳᠠᠯ ᠪᠦᠬᠦᠢ | ᠪᠠᠶᠢᠳᠠᠯ ᠢ ᠲᠠᠨᠢᠯᠴᠠᠭᠤᠯᠵᠠᠢ᠂ ᠬᠠᠮᠲᠤ ᠪᠠᠷ ᠦᠵᠡᠵᠡᠭᠡᠶ᠎ᠡ︕ | ᠬᠢᠵᠢᠭ ᠢ ᠰᠡᠷᠭᠡᠶᠢᠯᠡᠬᠦ ᠭᠤᠣᠯᠳᠠᠯᠭ᠎ᠠ ᠨᠢ ᠬᠠᠯᠳᠠᠪᠤᠷᠢᠯᠠᠯ ᠢ ᠰᠡᠷᠭᠡᠶᠢᠯᠡᠨ ᠡᠵᠡᠮᠳᠡᠵᠦ ᠪᠠᠶᠢᠭᠰᠠᠨ ᠠᠴᠠ ᠠᠪᠤᠷᠠᠨ | ᠵᠠᠰᠠᠬᠤ ᠠᠵᠢᠯ ᠲᠡᠶᠢᠰᠢ ᠰᠢᠯᠵᠢᠪᠡ | ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠭᠤᠣᠯᠳᠠᠯᠭ᠎ᠠ ᠨᠢ ᠬᠠᠯᠳᠠᠪᠤᠷᠢᠯᠠᠯ ᠢ | ᠰᠡᠷᠭᠡᠶᠢᠯᠡᠨ ᠡᠵᠡᠮᠳᠡᠬᠦ ᠠᠴᠠ ᠡᠮᠨᠡᠯᠭᠡ ᠶᠢᠨ ᠠᠪᠤᠷᠠᠨ ᠵᠠᠰᠠᠯᠲᠠ ᠲᠡᠶᠢᠰᠢ ᠰᠢᠯᠵᠢᠵᠦ ᠪᠠᠶᠢᠨ᠎ᠠ᠃ ᠨᠡᠶᠢᠭᠡᠮ ᠲᠣᠭᠤᠷᠢᠭ᠂ | ᠬᠥᠳᠡᠭᠡ ᠲᠣᠰᠬᠤᠨ ᠪᠣᠯ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠠᠮᠤᠭ ᠤᠨ ᠡᠴᠦᠰ ᠤᠨ ᠨᠢᠭᠡ | ᠺᠢᠯᠣᠮᠧᠳ᠋ᠷ ᠪᠣᠯᠣᠨ᠎ᠠ᠂ ᠭᠡᠷ ᠪᠦᠯᠢ ᠶᠢᠨ ᠡᠮᠴᠢ᠂ ᠬᠥᠳᠡᠭᠡ ᠲᠣᠰᠬᠤᠨ ᠤ ᠡᠮᠴᠢ ᠪᠣᠯ ᠤᠯᠠᠨ ᠲᠦᠮᠡᠨ ᠤ ᠡᠷᠡᠭᠦᠯ | ᠮᠡᠨᠳᠤ ᠶᠢᠨ ᠮᠠᠨᠠᠭᠠᠴᠢ ᠮᠥᠨ᠃ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠨᠤᠭᠤᠳ ᠬᠠᠯᠳᠠᠪᠤᠷᠢᠯᠠᠭᠰᠠᠳ ᠢ ᠲᠠᠰ ᠲᠥᠷᠥᠯ ᠬᠤᠪᠢᠶᠠᠨ ᠭᠥᠯᠢᠶᠡᠨ ᠠᠪᠴᠤ ᠡᠮᠨᠡᠨ ᠵᠠᠰᠠᠬᠤ᠂ | ᠲᠦᠭᠰᠢᠭᠦᠷᠢᠲᠦ ᠬᠥᠮᠥᠰ ᠤᠨ ᠡᠷᠡᠭᠦᠯ ᠮᠡᠨᠳᠦ ᠶᠢ ᠬᠢᠨᠠᠨ ᠰᠢᠨᠵᠢᠯᠡᠵᠦ ᠬᠠᠮᠢᠶᠠᠷᠬᠤ᠂ ᠨᠠᠰᠤᠲᠠᠶᠢᠴᠤᠳ ᠪᠠ ᠬᠡᠦᠬᠡᠳ | ᠵᠡᠷᠭᠡ ᠭᠤᠣᠯᠳᠠᠯᠭ᠎ᠠ ᠲᠠᠢ ᠬᠥᠮᠥᠰ ᠤᠨ ᠡᠮ ᠡᠮᠨᠡᠯᠭᠡ ᠶᠢᠨ ᠦᠢᠯᠡᠴᠢᠯᠡᠭᠡᠨ ᠤ ᠪᠠᠲᠤᠯᠠᠭ᠎ᠠ ᠶᠢ ᠠᠬᠢᠭᠤᠯᠬᠤ ᠳᠤ | ᠴᠢᠬᠤᠯᠠ ᠦᠢᠯᠡᠳᠦᠯ ᠢᠶᠠᠨ ᠪᠠᠳᠠᠷᠠᠭᠤᠯᠬᠤ ᠪᠣᠯᠣᠨ᠎ᠠ᠃ ᠬᠢᠵᠢᠭ ᠤᠨ ᠪᠠᠶᠢᠳᠠᠯ᠂ ᠡᠪᠡᠳᠴᠢᠨ ᠤ ᠪᠠᠶᠢᠳᠠᠯ ᠤᠨ ᠬᠦᠨᠳᠦ | ᠬᠥᠩᠭᠡᠨ ᠠᠯᠭᠤᠷ ᠪᠠᠴᠢᠮ ᠤᠨ ᠬᠡᠮᠵᠢᠶ᠎ᠡ ᠵᠡᠷᠭᠡ ᠶᠢ ᠦᠨᠳᠦᠰᠦᠯᠡᠨ ᠡᠮ ᠡᠮᠨᠡᠯᠭᠡ ᠶᠢᠨ ᠡᠬᠢ ᠪᠠᠶᠠᠯᠢᠭ ᠢ ᠵᠦᠢ | ᠵᠣᠬᠢᠰᠲᠠᠢ ᠪᠠᠷ ᠬᠤᠪᠢᠶᠠᠷᠢᠯᠠᠵᠤ᠂ ᠦᠢᠯᠡᠴᠢᠯᠡᠭᠡᠨ ᠤ ᠦᠷ᠎ᠡ ᠪᠦᠲᠦᠮᠵᠢ ᠪᠠ ᠶᠠᠰᠤ ᠴᠢᠨᠠᠷ ᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠬᠡᠷᠡᠭᠲᠡᠢ︔ ᠭᠤᠣᠯᠳᠠᠯᠭ᠎ᠠ ᠲᠠᠢ ᠬᠥᠮᠥᠰ ᠤᠨ ᠡᠷᠡᠭᠦᠯ ᠮᠡᠨᠳᠦ ᠶᠢᠨ ᠬᠢᠨᠠᠨ ᠰᠢᠨᠵᠢᠯᠡᠯᠲᠡ ᠪᠠ | ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠴᠠᠭ ᠲᠤᠬᠠᠢ ᠳᠤ ᠨᠢ ᠯᠠᠪᠯᠠᠭ᠎ᠠ ᠵᠢᠯᠣᠭᠤᠳᠤᠯᠭ᠎ᠠ ᠬᠠᠩᠭᠠᠬᠤ | ᠬᠡᠷᠡᠭᠲᠡᠢ︔ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠠᠯᠠᠭᠤᠷᠠᠯ ᠤᠨ | ᠡᠭᠦᠳᠡᠨ ᠡᠮᠨᠡᠯᠭᠡ ᠶᠢᠨ ᠲᠣᠬᠢᠷᠠᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠠᠩᠬᠠᠨ ᠤ | ᠣᠨᠣᠰᠢᠯᠠᠯᠲᠠ ᠶᠢᠨ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠬᠡᠷᠡᠭᠲᠡᠢ᠃ | ᠦᠨᠳᠦᠰᠦᠨ ᠱᠠᠲᠤᠨ ᠤ ᠬᠢᠵᠢᠭ ᠢ ᠰᠡᠷᠭᠡᠶᠢᠯᠡᠬᠦ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠬᠤᠪᠢᠷᠠᠯᠲᠠ | ᠡᠭᠦᠨ ᠳᠤ ᠭᠤᠣᠯᠳᠠᠭᠤ ᠥᠩᠭᠡᠷᠡᠭᠰᠡᠨ ᠤ ᠡᠷᠲᠡ ᠢᠯᠡᠷᠡᠭᠦᠯᠬᠦ᠂ ᠡᠷᠲᠡ ᠲᠤᠰᠠᠭᠠᠷᠯᠠᠬᠤ ᠪᠠ ᠬᠠᠯᠳᠠᠪᠤᠷᠢᠯᠠᠯ ᠢ | ᠭᠤᠣᠯᠳᠠᠯᠭ᠎ᠠ ᠲᠠᠢ ᠰᠡᠷᠭᠡᠶᠢᠯᠡᠵᠦ ᠪᠠᠶᠢᠭᠰᠠᠨ ᠠᠴᠠ ᠲᠦᠷᠦᠯ ᠳᠡᠰ ᠬᠤᠪᠢᠶᠠᠨ ᠡᠷᠡᠭᠦᠯ ᠮᠡᠨᠳᠦ ᠶᠢᠨ ᠦᠢᠯᠡᠴᠢᠯᠡᠭᠡ | ᠪᠣᠯᠣᠨ ᠡᠮ ᠡᠮᠨᠡᠯᠭᠡ ᠶᠢᠨ ᠠᠪᠤᠷᠠᠨ ᠵᠠᠰᠠᠯᠲᠠ ᠶᠢ ᠬᠡᠷᠡᠭᠵᠢᠭᠦᠯᠬᠦ ᠲᠡᠶᠢᠰᠢ ᠬᠤᠪᠢᠷᠠᠭᠤᠯᠤᠨ᠎ᠠ᠃ | ᠨᠢᠭᠡ ᠳᠤ᠂ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠬᠤ ᠬᠡᠷᠡᠭᠲᠡᠢ᠃ ᠭᠤᠣᠯᠳᠠᠯᠭ᠎ᠠ ᠲᠠᠢ ᠬᠥᠮᠥᠰ ᠤᠨ | ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ ᠨᠡᠶᠢᠭᠡᠮ ᠲᠣᠭᠤᠷᠢᠭ ︵ᠲᠣᠰᠬᠤᠨ︶ ᠪᠣᠯᠣᠨ ᠦᠨᠳᠦᠰᠦᠨ | ᠱᠠᠲᠤᠨ ᠤ ᠡᠮᠨᠡᠯᠭᠡ ᠶᠢᠨ ᠠᠵᠢᠯᠲᠠᠳ ᠣᠯᠠᠨ ᠵᠦᠢᠯ ᠤᠨ ᠠᠷᠭ᠎ᠠ ᠵᠠᠮ ᠢᠶᠠᠷ ᠳᠡᠮᠵᠢᠨ᠂ ᠰᠠᠭᠤᠷᠢ ᠡᠪᠡᠳᠴᠢᠨ | ᠳᠠᠪᠬᠤᠴᠠᠭᠰᠠᠨ ᠨᠠᠰᠤᠲᠠᠶᠢᠴᠤᠳ ᠤᠨ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠬᠤ ᠬᠡᠷᠡᠭᠲᠡᠢ᠃ ᠡᠭᠦᠨ ᠤ ᠬᠠᠮᠲᠤ | ᠂ ᠵᠢᠷᠮᠦᠰᠦᠨ ᠬᠥᠩᠭᠡᠵᠢᠭᠰᠡᠨ ᠡᠬᠡᠴᠦᠳ᠂ ᠬᠡᠦᠬᠡᠳ ᠵᠡᠷᠭᠡ ᠬᠥᠮᠥᠰ ᠤᠨ ᠬᠠᠮᠢᠶᠠᠷᠤᠯᠲᠠ ᠦᠢᠯᠡᠴᠢᠯᠡᠭᠡ ᠶᠢ | ᠥᠩᠭᠡᠷᠡᠭᠰᠡᠨ ᠳᠤ ᠨᠢᠭᠡᠨᠲᠡ ᠨᠠᠶᠢᠳᠠᠪᠤᠷᠢᠵᠢᠭᠤᠯᠤᠭᠰᠠᠨ ᠤᠴᠢᠷ ᠠᠴᠠ ᠣᠲᠣ ᠶᠢᠨ ᠭᠤᠣᠯᠳᠠᠯᠭ᠎ᠠ ᠲᠠᠢ ᠦᠢᠯᠡᠴᠢᠯᠡᠬᠦ | ᠡᠲᠡᠭᠡᠳ ᠪᠣᠯ ᠨᠠᠰᠤᠲᠠᠶᠢᠴᠤᠳ ᠪᠣᠯᠣᠨ᠎ᠠ᠂ ᠣᠨᠴᠠᠭᠠᠶᠢᠯᠠᠨ ᠤᠷᠢᠳ ᠢᠶᠠᠷ ᠰᠠᠭᠤᠷᠢ ᠡᠪᠡᠳᠴᠢᠨ ᠳᠠᠪᠬᠤᠴᠠᠭᠰᠠᠨ | ᠬᠥᠮᠥᠰ ᠤᠨ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠬᠤ ᠬᠡᠷᠡᠭᠲᠡᠢ᠃ | ᠬᠤᠶᠠᠷ ᠲᠤ᠂ ᠲᠦᠷᠦᠯ ᠬᠤᠪᠢᠶᠠᠬᠤ ᠬᠡᠷᠡᠭᠲᠡᠢ᠃ ᠪᠠᠶᠢᠳᠠᠯ ᠢ ᠣᠶᠢᠯᠠᠭᠠᠨ ᠳᠠᠩᠰᠠᠯᠠᠭᠰᠠᠨ ᠭᠤᠣᠯᠳᠠᠯᠭ᠎ᠠ ᠲᠠᠢ | ᠬᠥᠮᠥᠰ ᠲᠤ ᠲᠥᠷᠥᠯ ᠪᠠ ᠲᠠᠰ ᠬᠤᠪᠢᠶᠠᠨ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠨ᠎ᠠ ︵ᠭᠤᠣᠯᠳᠠᠯᠭ᠎ᠠ ᠲᠠᠢ | ᠬᠥᠮᠥᠰ᠂ ᠳᠡᠳ᠋ ᠭᠤᠣᠯᠳᠠᠯᠭ᠎ᠠ ᠲᠠᠢ ᠬᠥᠮᠥᠰ ᠪᠠ ᠡᠩ ᠤᠨ ᠬᠥᠮᠥᠰ︶᠃ ᠲᠥᠷᠥᠯ ᠠᠩᠭᠢᠯᠠᠯ ᠤᠨ ᠠᠳᠠᠯᠢ ᠪᠤᠰᠤ ᠶᠢ | ᠦᠨᠳᠦᠰᠦᠯᠡᠨ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠪᠠᠷ ᠳᠠᠮᠵᠢᠭᠤᠯᠤᠨ᠂ ᠣᠯᠠᠨ ᠵᠦᠢᠯ ᠤᠨ ᠠᠷᠭ᠎ᠠ | ᠮᠠᠶ᠋ᠢᠭ ᠤᠨ ᠡᠷᠡᠭᠦᠯ ᠮᠡᠨᠳᠦ ᠶᠢᠨ ᠵᠢᠯᠣᠭᠤᠳᠤᠯᠭ᠎ᠠ᠂ ᠡᠷᠡᠭᠦᠯ ᠮᠡᠨᠳᠦ ᠶᠢᠨ ᠬᠢᠨᠠᠨ ᠰᠢᠨᠵᠢᠯᠡᠯᠲᠡ᠂ ᠮᠥᠷᠳᠡᠨ | ᠰᠤᠷᠪᠤᠯᠵᠢᠯᠠᠬᠤ ᠶᠢ ᠬᠠᠩᠭᠠᠵᠤ᠂ ᠥᠳᠥᠭᠡᠭᠴᠢ ᠶᠢᠨ ᠪᠠᠶᠢᠴᠠᠭᠠᠯᠲᠠ ᠬᠢᠬᠦ ᠶᠢ ᠵᠢᠯᠤᠭᠤᠳᠴᠤ᠂ ᠡᠪᠡᠳᠴᠢᠨ ᠳᠤ ᠨᠢ | ᠲᠠᠭᠠᠷᠠᠭᠤᠯᠵᠤ ᠡᠮ ᠬᠡᠷᠡᠭᠯᠡᠬᠦ ᠲᠠᠯ᠎ᠠ ᠪᠠᠷ ᠵᠢᠯᠣᠭᠤᠳᠤᠯᠭ᠎ᠠ ᠬᠢᠬᠦ ᠳᠤᠩ ᠭᠤᠣᠯᠳᠠᠯᠭ᠎ᠠ ᠨᠢ ᠳᠠᠷᠤᠢ ᠲᠡᠳᠡᠨ ᠳᠤ | ᠡᠮᠴᠢᠯᠡᠭᠡᠨ ᠤ ᠲᠠᠯ᠎ᠠ ᠶᠢᠨ ᠦᠢᠯᠡᠴᠢᠯᠡᠭᠡ ᠬᠠᠩᠭᠠᠨ᠎ᠠ᠃ | ᠭᠤᠷᠪᠠ ᠳᠤ᠂ ᠱᠠᠲᠤ ᠬᠤᠪᠢᠶᠠᠨ ᠠᠪᠤᠷᠠᠨ ᠵᠠᠰᠠᠬᠤ ᠶᠢ ᠨᠠᠶᠢᠳᠠᠪᠤᠷᠢᠵᠢᠭᠤᠯᠬᠤ ᠬᠡᠷᠡᠭᠲᠡᠢ᠃ ᠨᠥᠬᠦᠴᠡᠯ | ᠡᠭᠦᠳᠴᠦ ᠪᠠᠶᠢᠭᠠᠳ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠣᠯᠣᠨ ᠨᠡᠶᠢᠭᠡᠮ ᠲᠣᠭᠤᠷᠢᠭ ᠤᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠬᠠᠯᠠᠭᠤᠷᠠᠯ ᠤᠨ ᠡᠮᠴᠢᠯᠡᠭᠡᠨ ᠤ ᠲᠠᠰᠤᠭ ᠭᠠᠷᠭᠠᠵᠤ᠂ ᠨᠡᠭᠡᠭᠡᠬᠦ | ᠶᠣᠰᠣᠲᠠᠢ ᠨᠢ ᠠᠯᠢ ᠴᠢᠳᠠᠬᠤ ᠪᠠᠷ ᠨᠡᠭᠡᠭᠡᠬᠦ ᠬᠡᠷᠡᠭᠲᠡᠢ᠃ ᠠᠩᠬᠠᠨ ᠤ ᠣᠨᠣᠰᠢᠯᠠᠯᠲᠠ ᠶᠢᠨ ᠳᠦᠷᠢᠮ ᠢ | ᠨᠠᠶᠢᠳᠠᠪᠤᠷᠢᠵᠢᠭᠤᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠪᠡᠳᠴᠢᠨ ᠤ ᠢᠯᠡᠷᠡᠯ ᠲᠠᠢ | ᠡᠪᠡᠳᠴᠢᠲᠡᠨ ᠳᠤ ᠣᠨᠣᠰᠢᠯᠠᠨ ᠡᠮᠨᠡᠬᠦ ᠪᠠ ᠡᠮ ᠬᠡᠷᠡᠭᠯᠡᠬᠦ ᠦᠢᠯᠡᠴᠢᠯᠡᠭᠡ ᠬᠠᠩᠭᠠᠬᠤ ᠬᠡᠷᠡᠭᠲᠡᠢ᠃ ᠨᠡᠶᠢᠭᠡᠮ ᠲᠣᠭᠤᠷᠢᠭ | ︵ᠲᠣᠰᠬᠤᠨ︶ ᠵᠢᠴᠢ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠨᠤᠭᠤᠳ ᠳᠠᠶᠢᠴᠢᠯᠠᠯᠲᠠ ᠤᠬᠠᠭᠤᠯᠭ᠎ᠠ ᠶᠢ | ᠥᠷᠭᠡᠨ ᠢᠶᠠᠷ ᠥᠷᠨᠢᠭᠦᠯᠵᠦ᠂ ᠡᠷᠡᠭᠦᠯ ᠮᠡᠨᠳᠦ ᠶᠢᠨ ᠬᠥᠮᠦᠵᠢᠯ᠂ ᠡᠪᠡᠳᠴᠢᠨ ᠦᠵᠡᠭᠦᠯᠬᠦ᠂ ᠡᠮ ᠬᠤᠳᠠᠯᠳᠤᠨ ᠠᠪᠴᠤ | ᠡᠮ ᠬᠦᠷᠭᠡᠬᠦ ᠵᠡᠷᠭᠡ ᠦᠢᠯᠡᠴᠢᠯᠡᠭᠡᠨ ᠤ ᠪᠠᠲᠤᠯᠠᠭ᠎ᠠ ᠳᠤ ᠬᠠᠮᠵᠢᠯᠴᠠᠬᠤ ᠬᠡᠷᠡᠭᠲᠡᠢ᠃ ᠡᠭᠦᠨ ᠤ ᠵᠣᠷᠢᠯᠭ᠎ᠠ ᠨᠢ | ᠭᠡᠷ ᠲᠤ ᠪᠠᠨ ᠰᠠᠭᠤᠵᠤ ᠡᠮᠨᠡᠭᠦᠯᠬᠦ ᠳᠤ ᠲᠣᠬᠢᠷᠠᠬᠤ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠪᠤᠶᠤ | ᠬᠥᠩᠭᠡᠨ ᠬᠡᠯᠪᠡᠷᠢ ᠶᠢᠨ ᠡᠪᠡᠳᠴᠢᠲᠡᠨ ᠳᠤ ᠵᠣᠬᠢᠬᠤ ᠡᠳᠡᠭᠡᠷᠡᠯᠲᠡ ᠪᠠ ᠡᠮ ᠬᠡᠷᠡᠭᠯᠡᠬᠦ ᠵᠢᠯᠣᠭᠤᠳᠤᠯᠭ᠎ᠠ ᠬᠠᠩᠭᠠᠬᠤ ᠶᠢᠨ | ᠲᠥᠯᠥᠭᠡ ᠶᠤᠮ᠃ | ᠨᠠᠰᠤᠲᠠᠶᠢᠴᠤᠳ᠂ ᠰᠠᠭᠤᠷᠢ ᠡᠪᠡᠳᠴᠢᠨ ᠲᠠᠢ ᠡᠪᠡᠳᠴᠢᠲᠡᠨ᠂ ᠴᠢᠰᠤ ᠨᠡᠪᠴᠢᠭᠦᠯᠬᠦ ᠡᠪᠡᠳᠴᠢᠲᠡᠨ ᠵᠡᠷᠭᠡ | ᠬᠥᠮᠥᠰ ᠤᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠬᠢᠨ᠎ᠡ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ 12 ᠳ᠋ᠤᠭᠠᠷ ᠰᠠᠷ᠎ᠠ ᠶᠢᠨ 1 ᠤ ᠡᠳᠦᠷ | ᠮᠡᠳᠡᠭᠳᠡᠯ ᠪᠠᠭᠤᠯᠭᠠᠭᠰᠠᠨ ᠤ ᠬᠠᠮᠲᠤ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠦ᠂ ᠡᠯ᠎ᠡ ᠭᠠᠵᠠᠷ ᠤᠨ ᠬᠢᠨ 65 | ᠨᠠᠰᠤᠨ ᠠᠴᠠ ᠳᠡᠭᠡᠭᠰᠢᠬᠢ ᠨᠠᠰᠤᠲᠠᠶᠢᠴᠤᠳ᠂ ᠢᠯᠠᠩᠭᠤᠶ᠎ᠠ ᠵᠢᠷᠦᠬᠡᠨ ᠤ ᠲᠢᠲᠢᠮ ᠡᠪᠡᠳᠴᠢᠨ᠂ ᠲᠠᠷᠢᠬᠢᠨ ᠤ ᠰᠠ | ᠡᠪᠡᠳᠴᠢᠨ᠂ ᠴᠢᠰᠤᠨ ᠳᠠᠷᠤᠯᠲᠠ ᠥᠨᠳᠥᠷ ᠡᠪᠡᠳᠴᠢᠨ᠂ ᠠᠭᠤᠰᠬᠢᠨ ᠤ ᠠᠷᠬᠠᠭ ᠪᠥᠭᠯᠡᠷᠡᠯᠲᠡ ᠡᠪᠡᠳᠴᠢᠨ᠂ ᠰᠢᠬᠢᠷ | ᠰᠢᠵᠢᠩ ᠡᠪᠡᠳᠴᠢᠨ᠂ ᠤᠳᠠᠭᠠᠨ ᠴᠢᠨᠠᠷᠲᠠᠢ ᠪᠥᠭᠡᠷᠡᠨ ᠤ ᠡᠪᠡᠳᠴᠢᠨ᠂ ᠬᠤᠣᠷᠲᠤ ᠬᠠᠪᠤᠳᠠᠷ ᠤᠨ ᠰᠠᠴᠤᠷᠠᠭ ᠵᠢᠴᠢ | ᠬᠢᠮᠢ ᠶᠢᠨ ᠵᠠᠰᠠᠯ ᠬᠢᠯᠭᠡᠵᠦ ᠪᠠᠶᠢᠭ᠎ᠠ ᠡᠪᠡᠳᠴᠢᠲᠡᠨ᠂ ᠪᠠᠰᠠ ᠲᠠᠷᠬᠠᠯᠠᠭ᠎ᠠ ᠬᠤᠮᠰᠠᠳᠠᠯ ᠲᠠᠢ ᠡᠪᠡᠳᠴᠢᠲᠡᠨ ᠤ ᠪᠠᠶᠢᠳᠠᠯ ᠢ | ᠣᠶᠢᠯᠠᠭᠠᠬᠤ ᠪᠠᠶᠢᠴᠠᠭᠠᠯᠲᠠ ᠬᠢᠬᠦ ᠶᠢᠨ ᠬᠠᠮᠲᠤ ᠲᠡᠳᠡᠨ ᠤ ᠸᠠᠺᠼᠢᠨ ᠤ ᠲᠠᠷᠢᠯᠭ᠎ᠠ ᠶᠢᠨ ᠪᠠᠶᠢᠳᠠᠯ ᠢ ᠣᠶᠢᠯᠠᠭᠠᠬᠤ | ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃ ᠣᠷᠣᠨ ᠨᠤᠲᠤᠭ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ | ᠂ ᠣᠲᠣ ᠶᠢᠨ ᠪᠠᠶᠢᠭ᠎ᠠ ᠬᠤᠪᠢ ᠬᠥᠮᠥᠨ ᠤ ᠡᠷᠡᠭᠦᠯ ᠮᠡᠨᠳᠦ ᠶᠢᠨ ᠲᠠᠩᠰᠠ ᠡᠪᠬᠡᠮᠡᠯ᠂ ᠨᠠᠰᠤᠲᠠᠶᠢᠴᠤᠳ ᠤᠨ ᠡᠷᠡᠭᠦᠯ | ᠮᠡᠨᠳᠦ ᠶᠢᠨ ᠪᠠᠶᠢᠴᠠᠭᠠᠯᠲᠠ᠂ ᠠᠷᠠᠳ ᠤᠨ ᠶᠠᠪᠤᠳᠠᠯ ᠤᠨ ᠨᠠᠰᠤᠲᠠᠶᠢᠴᠤᠳ ᠤᠨ ᠳᠠᠩᠰᠠᠯᠠᠯᠲᠠ ᠶᠢᠨ ᠰᠢᠰᠲ᠋ᠧᠮ ᠵᠢᠴᠢ | ᠸᠠᠺᠼᠢᠨ ᠤ ᠲᠠᠷᠢᠯᠭ᠎ᠠ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢ ᠵᠠᠳᠠᠯᠤᠨ ᠬᠠᠷᠢᠴᠠᠭᠤᠯᠵᠤ ᠪᠣᠯᠣᠨ᠎ᠠ᠂ ᠴᠢᠬᠤᠯᠠᠲᠠᠢ | ᠦᠶ᠎ᠡ ᠳᠤ ᠪᠠᠰᠠ ᠡᠷᠦᠬᠡ ᠳᠤ ᠬᠦᠷᠴᠦ ᠪᠠᠶᠢᠴᠠᠭᠠᠯᠲᠠ ᠬᠢᠵᠦ᠂ ᠡᠲᠡᠭᠡᠷ ᠬᠥᠮᠥᠰ ᠤᠨ ᠪᠠᠶᠢᠳᠠᠯ ᠢ ᠲᠣᠳᠣᠷᠬᠠᠢ | ᠣᠶᠢᠯᠠᠭᠠᠬᠤ ᠬᠡᠷᠡᠭᠲᠡᠢ᠃ ᠪᠠᠶᠢᠴᠠᠭᠠᠵᠤ ᠳᠠᠭᠤᠰᠤᠭᠰᠠᠨ ᠤ ᠳᠠᠷᠠᠭ᠎ᠠ᠂ ᠲᠡᠳᠡᠨ ᠤ ᠰᠠᠭᠤᠷᠢ ᠡᠪᠡᠳᠴᠢᠨ ᠤ ᠪᠠᠶᠢᠳᠠᠯ᠂ | ᠨᠠᠰᠤᠨ ᠤ ᠪᠠᠶᠢᠳᠠᠯ᠂ ᠸᠠᠺᠼᠢᠨ ᠤ ᠲᠠᠷᠢᠯᠭ᠎ᠠ ᠶᠢᠨ ᠪᠠᠶᠢᠳᠠᠯ ᠵᠡᠷᠭᠡ ᠶᠢ ᠦᠨᠳᠦᠰᠦᠯᠡᠨ ᠲᠥᠷᠥᠯ ᠬᠤᠪᠢᠶᠠᠵᠤ᠂ | ᠠᠳᠠᠯᠢ ᠪᠤᠰᠤ ᠬᠥᠮᠥᠰ ᠲᠤ ᠭᠤᠷᠪᠠᠨ ᠳᠡᠰ ᠬᠤᠪᠢᠶᠠᠨ ᠦᠢᠯᠡᠴᠢᠯᠡᠭᠡ ᠬᠠᠩᠭᠠᠨ᠎ᠠ᠃ ᠵᠠᠷᠢᠮ ᠭᠠᠵᠠᠷ ᠤᠨ ᠬᠢᠨ ᠮᠠᠰᠢ | ᠰᠠᠶᠢᠨ ᠲᠤᠷᠰᠢᠯᠭ᠎ᠠ ᠬᠤᠷᠠᠮᠳᠤᠭᠤᠯᠵᠤ᠂ ᠲᠡᠳᠡ ᠲᠣᠮᠣ ᠳ᠋ᠠᠶᠢᠲ᠋ᠠ ᠶᠢᠨ ᠬᠠᠷᠢᠴᠠᠭᠤᠯᠤᠯ ᠢᠶᠠᠷ ᠲᠠᠮᠵᠢᠨ | ᠭᠤᠣᠯᠳᠠᠯᠭ᠎ᠠ ᠲᠠᠢ ᠬᠥᠮᠥᠰ ᠢ ᠰᠢᠭᠤᠳ ᠵᠠᠭᠠᠭᠯᠠᠨ ᠲᠣᠭᠲᠠᠭᠠᠵᠤ᠂ ᠡᠳᠡᠭᠡᠷ ᠭᠤᠣᠯᠳᠠᠯᠭ᠎ᠠ ᠲᠠᠢ ᠬᠥᠮᠥᠰ ᠤᠨ | ᠪᠠᠶᠢᠳᠠᠯ ᠢ ᠨᠡᠶᠢᠭᠡᠮ ᠲᠣᠭᠤᠷᠢᠭ ᠲᠤ ᠳᠠᠮᠵᠢᠭᠤᠯᠵᠤ᠂ ᠲᠠᠬᠢᠨ ᠨᠡᠶᠢᠭᠡᠮ ᠲᠣᠭᠤᠷᠢᠭ ᠢᠶᠠᠷ ᠪᠠᠶᠢᠳᠠᠯ ᠢ ᠣᠶᠢᠯᠠᠭᠠᠬᠤ | ᠪᠠᠶᠢᠴᠠᠭᠠᠯᠲᠠ ᠬᠢᠯᠭᠡᠬᠦ ᠨᠢ ᠬᠥᠮᠥᠨ ᠤ ᠬᠦᠴᠦᠨ ᠢ ᠠᠷᠪᠢᠯᠠᠭᠰᠠᠨ ᠢᠶᠠᠷ ᠪᠠᠷᠠᠬᠤ ᠦᠭᠡᠢ ᠠᠵᠢᠯ ᠤᠨ ᠶᠠᠰᠤ ᠴᠢᠨᠠᠷ ᠢ | ᠴᠤ ᠳᠡᠭᠡᠭᠰᠢᠯᠡᠭᠦᠯᠦᠭᠰᠡᠨ ᠪᠣᠯᠬᠤᠷ ᠡᠯ᠎ᠡ ᠭᠠᠵᠠᠷ ᠤᠨ ᠬᠢᠨ ᠲᠣᠯᠢ ᠪᠣᠯᠭᠠᠭᠤᠰᠢᠲᠠᠢ ᠪᠠᠶᠢᠨ᠎ᠠ᠃ | ᠨᠠᠰᠤᠲᠠᠶᠢᠴᠤᠳ ᠢ ᠬᠠᠷᠢᠶ᠎ᠠ ᠲᠣᠭᠤᠷᠢᠭ ᠤᠨ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠪᠠ ᠭᠡᠷ ᠪᠦᠯᠢ ᠶᠢᠨ ᠡᠮᠴᠢ ᠲᠠᠢ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ ᠪᠠᠶᠢᠭᠠᠳ ᠡᠷᠡᠭᠦᠯ | ᠮᠡᠨᠳᠦ ᠶᠢᠨ ᠮᠡᠳᠡᠭᠡ ᠵᠠᠩᠭᠢ ᠪᠠᠨ ᠳᠠᠩᠰᠠᠯᠠᠭᠤᠯᠵᠤ᠂ ᠢᠯᠠᠩᠭᠤᠶ᠎ᠠ ᠭᠤᠣᠯᠳᠠᠯᠭ᠎ᠠ ᠲᠠᠢ ᠬᠥᠮᠥᠰ ᠤᠨ ᠭᠡᠷ ᠪᠦᠯᠢ ᠶᠢᠨ | ᠡᠮᠴᠢ ᠶᠢᠨ ᠦᠢᠯᠡᠴᠢᠯᠡᠭᠡ ᠶᠢᠨ ᠭᠡᠷ᠎ᠡ ᠲᠣᠭᠲᠠᠵᠤ ᠴᠢᠳᠠᠬᠤ ᠨᠢ ᠠᠯᠢ ᠴᠢᠳᠠᠬᠤ ᠪᠠᠷ ᠭᠡᠷ᠎ᠡ ᠲᠣᠭᠲᠠᠬᠤ ᠶᠢ | ᠤᠷᠢᠶᠠᠯᠠᠵᠤ ᠪᠠᠶᠢᠨ᠎ᠠ᠃ | ᠥᠨᠳᠥᠷ ᠨᠠᠰᠤᠲᠠᠢ ᠰᠠᠭᠤᠷᠢ ᠡᠪᠡᠳᠴᠢᠨ ᠲᠠᠢ ᠨᠠᠰᠤᠲᠠᠶᠢᠴᠤᠳ ᠲᠤ ᠲᠥᠷᠥᠯ ᠲᠠᠰ ᠬᠤᠪᠢᠶᠠᠬᠤ ᠦᠢᠯᠡᠴᠢᠯᠡᠭᠡ | ᠬᠠᠩᠭᠠᠨ᠎ᠠ | ᠨᠠᠰᠤᠲᠠᠶᠢᠴᠤᠳ ᠢ ᠭᠤᠷᠪᠠᠨ ᠲᠥᠷᠥᠯ ᠳᠤ ᠬᠤᠪᠢᠶᠠᠨ᠎ᠠ᠂ ᠨᠢᠭᠡᠳᠦᠭᠡᠷ ᠲᠥᠷᠥᠯ ᠨᠢ ᠡᠩ ᠤᠨ ᠬᠥᠮᠥᠰ᠂ ᠳᠠᠷᠤᠢ | ᠲᠦᠭᠰᠢᠭᠦᠷᠢ ᠪᠠᠷ ᠳᠣᠣᠷ᠎ᠠ ᠬᠥᠮᠥᠰ ᠪᠣᠯᠣᠨ᠎ᠠ᠂ ᠡᠶᠢᠮᠦ ᠬᠥᠮᠥᠰ ᠲᠤ ᠭᠤᠣᠯᠳᠠᠭᠤ ᠡᠷᠡᠭᠦᠯ ᠮᠡᠨᠳᠦ ᠶᠢᠨ ᠬᠥᠮᠦᠵᠢᠯ ᠢ | ᠴᠢᠩᠭᠠᠳᠬᠠᠵᠤ᠂ ᠸᠠᠺᠼᠢᠨ ᠤ ᠲᠠᠷᠢᠯᠭ᠎ᠠ ᠬᠢᠭᠰᠡᠨ ᠦᠭᠡᠢ ᠬᠥᠮᠥᠰ ᠢ ᠴᠠᠭ ᠲᠤᠬᠠᠢ ᠳᠤ ᠨᠢ ᠸᠠᠺᠼᠢᠨ ᠤ ᠲᠠᠷᠢᠯᠭ᠎ᠠ | ᠬᠢᠯᠭᠡᠬᠦ ᠪᠠᠷ ᠳᠠᠶᠢᠴᠢᠯᠠᠬᠤ ᠬᠡᠷᠡᠭᠲᠡᠢ᠃ ᠬᠤᠶᠠᠳᠤᠭᠠᠷ ᠲᠥᠷᠥᠯ ᠨᠢ ᠳᠡᠳ᠋ ᠭᠤᠣᠯᠳᠠᠯᠭ᠎ᠠ ᠲᠠᠢ ᠬᠥᠮᠥᠰ ᠪᠣᠯᠣᠨ᠎ᠠ᠂ | ᠥᠭᠡᠷ᠎ᠡ ᠪᠠᠷ ᠬᠡᠯᠡᠪᠡᠯ ᠵᠣᠬᠢᠬᠤ ᠲᠦᠭᠰᠢᠭᠦᠷᠢ ᠲᠠᠢ ᠬᠥᠮᠥᠰ ᠪᠣᠯᠣᠨ᠎ᠠ᠂ ᠡᠨᠡ ᠲᠥᠷᠥᠯ ᠤᠨ ᠬᠥᠮᠥᠰ ᠲᠤ ᠨᠢᠭᠡᠳᠦᠭᠡᠷ | ᠳᠡᠰ ᠤᠨ ᠦᠢᠯᠡᠴᠢᠯᠡᠭᠡᠨ ᠤ ᠰᠠᠭᠤᠷᠢᠨ ᠳᠡᠭᠡᠷ᠎ᠡ ᠭᠡᠷ ᠪᠦᠯᠢ ᠶᠢᠨ ᠠᠵᠢᠭᠯᠠᠯᠲᠠ ᠬᠢᠬᠦ ᠶᠢ ᠴᠢᠩᠭᠠᠳᠬᠠᠵᠤ᠂ ᠴᠠᠭ | ᠲᠤᠬᠠᠢ ᠳᠤ ᠨᠢ ᠡᠮ ᠬᠡᠷᠡᠭᠯᠡᠬᠦ ᠵᠢᠯᠣᠭᠤᠳᠤᠯᠭ᠎ᠠ ᠬᠠᠩᠭᠠᠵᠤ᠂ ᠦᠨᠳᠦᠰᠦᠨ ᠱᠠᠲᠤᠨ ᠳᠤ ᠰᠢᠢᠳᠪᠦᠷᠢᠯᠡᠵᠦ ᠳᠡᠶᠢᠯᠬᠦ | ᠦᠭᠡᠢ ᠠᠰᠠᠭᠤᠳᠠᠯ ᠪᠠᠶᠢᠬᠤ ᠶᠢ ᠣᠯᠵᠤ ᠮᠡᠳᠡᠪᠡᠯ ᠴᠠᠭ ᠲᠤᠬᠠᠢ ᠳᠤ ᠨᠢ ᠰᠢᠯᠵᠢᠭᠦᠯᠦᠨ ᠡᠮᠨᠡᠭᠦᠯᠬᠦ ᠬᠡᠷᠡᠭᠲᠡᠢ᠃ | ᠭᠤᠷᠪᠠᠳᠤᠭᠠᠷ ᠲᠥᠷᠥᠯ ᠤᠨ ᠬᠥᠮᠥᠰ ᠪᠣᠯ ᠭᠤᠣᠯᠳᠠᠭᠤ ᠲᠦᠭᠰᠢᠭᠦᠷᠢ ᠪᠠᠷ ᠨᠡᠯᠢᠶᠡᠳ ᠥᠨᠳᠥᠷ ᠬᠥᠮᠥᠰ ᠪᠣᠯᠣᠨ᠎ᠠ᠂ | ᠨᠠᠰᠤ ᠨᠢ ᠨᠡᠯᠢᠶᠡᠳ ᠥᠨᠳᠥᠷ᠂ 80 ᠠᠴᠠ ᠳᠡᠭᠡᠭᠰᠢᠬᠢ᠂ ᠰᠠᠭᠤᠷᠢ ᠡᠪᠡᠳᠴᠢᠨ ᠲᠠᠢ ᠪᠥᠭᠡᠳ ᠲᠣᠭᠲᠠᠭᠤᠨ ᠪᠤᠰᠤ᠂ | ᠥᠩᠭᠡᠷᠡᠭᠰᠡᠨ ᠳᠤ ᠪᠠᠰᠠ ᠳᠠᠷᠬᠠᠯᠠᠭᠠᠵᠢᠭᠤᠯᠤᠯᠲᠠ ᠶᠢᠨ ᠲᠠᠷᠢᠯᠭ᠎ᠠ ᠬᠢᠯᠭᠡᠭᠰᠡᠨ ᠦᠭᠡᠢ ᠪᠠᠶᠢᠵᠤ ᠮᠡᠳᠡᠨ᠎ᠡ᠂ ᠡᠶᠢᠮᠦ | ᠬᠥᠮᠥᠰ ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠭᠰᠡᠨ ᠢ ᠣᠯᠵᠤ ᠮᠡᠳᠡᠪᠡᠯ ᠳᠠᠷᠤᠢ ᠦᠨᠡᠯᠡᠨ | ᠵᠢᠱᠢᠯᠲᠡ ᠬᠢᠵᠦ᠂ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ ᠴᠠᠭ ᠲᠤᠬᠠᠢ ᠳᠤ ᠨᠢ ᠳᠡᠭᠡᠳᠦ ᠱᠠᠲᠤᠨ ᠤ | ᠡᠮᠨᠡᠯᠭᠡ ᠶᠢᠨ ᠬᠤᠷᠢᠶ᠎ᠠ ᠳᠤ ᠰᠢᠯᠵᠢᠭᠦᠯᠬᠦ ᠬᠡᠷᠡᠭᠲᠡᠢ᠃ ᠡᠭᠦᠨ ᠤ ᠭᠤᠣᠯᠳᠠᠯᠭ᠎ᠠ ᠨᠢ ᠡᠷᠡᠭᠦᠯ ᠮᠡᠨᠳᠦ ᠶᠢ ᠪᠠᠲᠤᠯᠠᠨ᠂ | ᠬᠦᠨᠳᠦ ᠡᠪᠡᠳᠴᠢᠨ ᠢ ᠰᠡᠷᠭᠡᠶᠢᠯᠡᠵᠦ᠂ ᠠᠳᠠᠯᠢ ᠪᠤᠰᠤ ᠬᠥᠮᠥᠰ ᠲᠤ ᠲᠥᠷᠥᠯ ᠳᠡᠰ ᠬᠤᠪᠢᠶᠠᠨ ᠦᠢᠯᠡᠴᠢᠯᠡᠭᠡ | ᠬᠠᠩᠭᠠᠨ᠎ᠠ᠃ ᠬᠢᠵᠠᠭᠠᠷᠲᠠᠢ ᠡᠮ ᠡᠮᠨᠡᠯᠭᠡ ᠶᠢᠨ ᠡᠬᠢ ᠪᠠᠶᠠᠯᠢᠭ ᠢ ᠬᠠᠮᠤᠭ ᠤᠨ ᠬᠡᠷᠡᠭᠴᠡᠭᠡ ᠲᠠᠢ ᠬᠥᠮᠥᠰ ᠲᠤ | ᠬᠦᠷᠭᠡᠵᠦ᠂ ᠡᠮ ᠡᠮᠨᠡᠯᠭᠡ ᠶᠢᠨ ᠡᠬᠢ ᠪᠠᠶᠠᠯᠢᠭ ᠢ ᠪᠦᠷᠢᠯᠭᠡᠬᠦ ᠠᠴᠠ ᠵᠠᠶᠢᠯᠠᠰᠬᠢᠵᠦ᠂ ᠡᠮ ᠡᠮᠨᠡᠯᠭᠡ ᠶᠢᠨ | ᠦᠢᠯᠡᠴᠢᠯᠡᠭᠡᠨ ᠤ ᠦᠷ᠎ᠡ ᠪᠦᠲᠦᠮᠵᠢ ᠪᠠ ᠶᠠᠰᠤ ᠴᠢᠨᠠᠷ ᠢ ᠳᠡᠭᠡᠭᠰᠢᠯᠡᠭᠦᠯᠦᠨ᠎ᠡ᠃ | ᠣᠳᠣᠬᠠᠨ ᠳᠤ ᠮᠠᠨ ᠤ ᠤᠯᠤᠰ ᠤᠨ ᠦᠨᠳᠦᠰᠦᠨ ᠱᠠᠲᠤᠨ ᠤ ᠬᠠᠯᠠᠭᠤᠷᠠᠯ ᠤᠨ ᠡᠮᠴᠢᠯᠡᠭᠡᠨ ᠤ ᠲᠠᠰᠤᠭ ᠤᠨ | ᠪᠠᠶᠢᠭᠤᠯᠤᠯᠲᠠ ᠶᠢᠨ ᠶᠠᠮᠠᠷ ᠪᠠᠶᠢᠳᠠᠯ ᠲᠠᠢ ᠪᠣᠢ︖ | 2022 ᠣᠨ ᠤ 10 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠤᠯᠤᠰ ᠤᠨ ᠰᠢᠶᠠᠩ ᠪᠠᠯᠭᠠᠰᠤᠨ ᠤ | ᠡᠷᠡᠭᠦᠯ ᠬᠠᠮᠠᠭᠠᠯᠠᠯ ᠤᠨ ᠬᠤᠷᠢᠶ᠎ᠠ ᠪᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠲᠥᠪ ᠤᠨ ᠬᠠᠯᠠᠭᠤᠷᠠᠯ ᠤᠨ ᠡᠮᠴᠢᠯᠡᠭᠡᠨ ᠤ ᠲᠠᠰᠤᠭ ︵ᠡᠭᠦᠳᠡᠨ ᠡᠮᠨᠡᠯᠭᠡ︶ ᠢ ᠨᠡᠶᠢᠲᠡ 1.94 ᠲᠦᠮᠡ ᠪᠠᠶᠢᠭᠤᠯᠵᠤ | ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ 45% ᠶᠢ ᠡᠵᠡᠯᠡᠪᠡ᠃ | ᠡᠭᠦᠨ ᠠᠴᠠ ᠭᠠᠳᠠᠨ᠎ᠠ᠂ ᠤᠷᠢᠳᠴᠢᠯᠠᠨ ᠪᠠᠶᠢᠴᠠᠭᠠᠵᠤ ᠬᠤᠪᠢᠶᠠᠨ ᠣᠨᠣᠰᠢᠯᠠᠬᠤ ᠴᠢᠳᠠᠮᠵᠢ ᠲᠠᠢ ᠬᠠᠯᠠᠭᠤᠷᠠᠯ ᠤᠨ | ᠴᠡᠭ ᠢ 2.2 ᠲᠦᠮᠡ ᠪᠠᠶᠢᠭᠤᠯᠵᠤ᠂ 52% ᠢ ᠡᠵᠡᠯᠡᠵᠦ ᠪᠠᠶᠢᠨ᠎ᠠ᠃ ᠣᠳᠣᠬᠠᠨ ᠳᠤ ᠵᠧᠵᠢᠶᠠᠩ᠂ ᠱᠠᠨᠳᠦ᠋ᠩ᠂ | ᠾᠧᠨᠠᠨ᠂ ᠬᠤᠪᠧᠢ ᠪᠣᠯᠣᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠵᠡᠷᠭᠡ | 5 ᠮᠤᠵᠢ ᠣᠷᠣᠨ ᠤ ᠪᠦᠲᠦᠭᠡᠨ ᠪᠠᠶᠢᠭᠤᠯᠵᠤ ᠪᠠᠶᠢᠭ᠎ᠠ ᠬᠠᠯᠠᠭᠤᠷᠠᠯ ᠤᠨ ᠡᠮᠴᠢᠯᠡᠭᠡᠨ ᠤ ᠲᠠᠰᠤᠭ ︵ᠡᠭᠦᠳᠡᠨ ᠡᠮᠨᠡᠯᠭᠡ︶ | 90% ᠠᠴᠠ ᠳᠡᠭᠡᠭᠰᠢ ᠪᠣᠯᠵᠤ᠂ ᠪᠤᠰᠤᠳ ᠮᠤᠵᠢ ᠬᠤᠲᠠ ᠠᠴᠠ ᠮᠥᠨ ᠴᠦ ᠪᠦᠲᠦᠭᠡᠨ ᠪᠠᠶᠢᠭᠤᠯᠤᠯᠲᠠ ᠪᠠᠨ | ᠲᠦᠷᠭᠡᠳᠬᠡᠵᠦ ᠪᠠᠶᠢᠨ᠎ᠠ᠃ ᠵᠠᠷᠢᠮ ᠭᠠᠵᠠᠷ ᠤᠨ ᠦᠨᠳᠦᠰᠦᠨ ᠱᠠᠲᠤᠨ ᠤ ᠬᠠᠯᠠᠭᠤᠷᠠᠯ ᠤᠨ ᠡᠮᠴᠢᠯᠡᠭᠡᠨ ᠤ ᠲᠠᠰᠤᠭ ︵ | ᠡᠭᠦᠳᠡᠨ ᠡᠮᠨᠡᠯᠭᠡ︶ ᠴᠤ ᠨᠢᠭᠡᠨᠲᠡ ᠮᠠᠰᠢ ᠰᠠᠶᠢᠨ ᠦᠢᠯᠡᠳᠦᠯ ᠢᠶᠠᠨ ᠪᠠᠳᠠᠷᠠᠭᠤᠯᠬᠤ ᠪᠣᠯᠵᠠᠢ᠃ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠲᠠᠰᠤᠷᠠᠯᠲᠠ | ᠦᠭᠡᠢ ᠰᠢᠯᠢᠳᠡᠭᠵᠢᠨ ᠲᠡᠭᠦᠯᠳᠡᠷᠵᠢᠬᠦ ᠶᠢ ᠳᠠᠭᠠᠯᠳᠤᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠠᠴᠠ ᠡᠯ᠎ᠡ ᠭᠠᠵᠠᠷ ᠤᠨ ᠬᠢᠨ ᠢ ᠵᠢᠭᠠᠨ ᠵᠢᠯᠤᠭᠤᠳᠴᠤ ᠪᠠᠶᠢᠭᠠᠳ ᠬᠠᠯᠠᠭᠤᠷᠠᠯ ᠤᠨ ᠡᠮᠴᠢᠯᠡᠭᠡᠨ ᠤ ᠲᠠᠰᠤᠭ ︵ | ᠡᠭᠦᠳᠡᠨ ᠡᠮᠨᠡᠯᠭᠡ︶ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠠᠯᠠᠭᠤᠷᠠᠯ ᠤᠨ ᠴᠡᠭ ᠢ | ᠥᠭᠡᠷᠡᠴᠢᠯᠡᠵᠦ ᠥᠷᠭᠡᠳᠬᠡᠨ ᠪᠠᠶᠢᠭᠤᠯᠬᠤ᠂ ᠤᠭᠰᠠᠷᠠᠮᠠᠯ ᠪᠠᠶᠢᠰᠢᠩ ᠬᠤᠳᠠᠯᠳᠤᠨ ᠠᠪᠬᠤ ᠵᠡᠷᠭᠡ ᠣᠯᠠᠨ ᠵᠦᠢᠯ ᠤᠨ | ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠯᠠᠭᠤᠷᠠᠯ ᠤᠨ ᠡᠮᠴᠢᠯᠡᠭᠡᠨ ᠤ ᠲᠠᠰᠤᠭ ︵ᠡᠭᠦᠳᠡᠨ ᠡᠮᠨᠡᠯᠭᠡ︶ ᠤᠨ | ᠲᠣᠬᠢᠷᠠᠭᠤᠯᠤᠨ ᠪᠠᠶᠢᠭᠤᠯᠬᠤ ᠨᠣᠷᠮ᠎ᠠ ᠶᠢ ᠲᠦᠷᠭᠡᠳᠬᠡᠨ ᠳᠡᠭᠡᠭᠰᠢᠯᠡᠭᠦᠯᠵᠦ ᠪᠠᠶᠢᠨ᠎ᠠ᠃ ᠦᠨᠡᠨ ᠳᠤ ᠪᠠᠨ | ᠬᠠᠯᠠᠭᠤᠷᠠᠯ ᠤᠨ ᠡᠮᠴᠢᠯᠡᠭᠡᠨ ᠤ ᠲᠠᠰᠤᠭ ︵ᠡᠭᠦᠳᠡᠨ ᠡᠮᠨᠡᠯᠭᠡ︶ ᠣᠨᠴᠠᠭᠠᠶᠢᠯᠠᠨ ᠦᠨᠳᠦᠰᠦᠨ ᠱᠠᠲᠤᠨ ᠤ | ᠬᠠᠯᠠᠭᠤᠷᠠᠯ ᠤᠨ ᠡᠮᠴᠢᠯᠡᠭᠡᠨ ᠤ ᠲᠠᠰᠤᠭ ︵ᠡᠭᠦᠳᠡᠨ ᠡᠮᠨᠡᠯᠭᠡ︶ ᠨᠢ ᠲᠡᠶᠢᠮᠦ ᠪᠤᠳᠤᠯᠢᠶᠠᠨᠲᠠᠢ ᠪᠢᠰᠢ᠂ ᠵᠠᠷᠢᠮ | ᠭᠠᠵᠠᠷ ᠤᠨ ᠬᠢᠨ ᠨᠢᠭᠡ ᠬᠤᠶᠠᠷ ᠲᠠᠰᠤᠯᠭ᠎ᠠ ᠤᠭᠰᠠᠷᠠᠮᠠᠯ ᠪᠠᠶᠢᠰᠢᠩ ᠢ ᠬᠠᠷᠢᠴᠠᠩᠭᠤᠢ ᠪᠠᠷ ᠲᠤᠰᠠᠭᠠᠷ ᠣᠷᠣᠨ ᠵᠠᠢ ᠳᠤ | ᠲᠣᠬᠢᠷᠠᠭᠤᠯᠤᠭᠰᠠᠨ ᠪᠠᠶᠢᠳᠠᠭ᠃ ᠭᠡᠪᠡᠴᠦ ᠨᠥᠬᠦᠴᠡᠯ ᠲᠠᠢ ᠭᠠᠵᠠᠷ ᠣᠷᠣᠨ ᠤ ᠬᠢᠨ ᠬᠠᠰᠢ ᠯᠡ ᠪᠠᠷᠢᠮᠵᠢᠶ᠎ᠠ ᠶᠣᠰᠣᠭᠠᠷ | ᠪᠠᠶᠢᠭᠤᠯᠪᠠᠯ ᠬᠠᠮᠤᠭ ᠤᠨ ᠰᠠᠶᠢᠨ ᠶᠤᠮ᠃ ᠡᠶᠢᠮᠦ ᠠᠴᠠ ᠪᠢᠳᠡ 2023 ᠣᠨ ᠤ 3 ᠰᠠᠷ᠎ᠠ ᠶᠢᠨ ᠰᠡᠭᠦᠯᠴᠢ ᠪᠠᠷ᠂ | ᠡᠯ᠎ᠡ ᠭᠠᠵᠠᠷ ᠤᠨ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠬᠠᠯᠠᠭᠤᠷᠠᠯ ᠤᠨ ᠡᠮᠴᠢᠯᠡᠭᠡᠨ ᠤ ᠲᠠᠰᠤᠭ ︵ᠡᠭᠦᠳᠡᠨ ᠡᠮᠨᠡᠯᠭᠡ︶ ᠤᠨ ᠪᠠᠶᠢᠭᠤᠯᠤᠯᠲᠠ ᠶᠢ 90% ᠳᠤ ᠬᠦᠷᠭᠡᠬᠦ | ᠬᠡᠷᠡᠭᠲᠡᠢ ᠭᠡᠵᠦ ᠳᠤᠷᠠᠳᠪᠠ᠃ ᠦᠨᠡᠨ ᠳᠤ ᠪᠠᠨ ᠣᠷᠣᠨ ᠨᠤᠲᠤᠭ ᠤᠨ ᠵᠠᠰᠠᠭ ᠤᠨ ᠣᠷᠳᠣᠨ ᠠᠴᠠ ᠴᠢᠬᠤᠯᠠᠴᠢᠯᠠᠨ | ᠦᠵᠡᠳᠡᠭ ᠯᠡ ᠶᠤᠮ ᠪᠣᠯ ᠡᠨᠡ ᠬᠦ ᠬᠠᠷᠠᠯᠲᠠ ᠶᠢ ᠪᠡᠶᠡᠯᠡᠭᠦᠯᠵᠦ ᠪᠣᠯᠬᠤ ᠶᠤᠮ᠂ ᠡᠨᠡ ᠨᠢ ᠦᠨᠳᠦᠰᠦᠨ ᠱᠠᠲᠤᠨ ᠤ | ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠠᠯᠠᠭᠤᠷᠠᠵᠤ ᠪᠠᠶᠢᠭ᠎ᠠ ᠡᠪᠡᠳᠴᠢᠲᠡᠨ ᠢ ᠭᠥᠯᠢᠶᠡᠨ ᠠᠪᠴᠤ | ᠡᠮᠨᠡᠨ ᠵᠠᠰᠠᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ ᠴᠢᠳᠠᠨ᠎ᠠ᠃ | ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠥᠮᠥᠨ ᠤ ᠬᠦᠴᠦᠨ | ᠬᠦᠷᠦᠯᠴᠡᠬᠦ ᠦᠭᠡᠢ ᠪᠠᠶᠢᠪᠠᠯ ᠶᠠᠭᠠᠬᠢᠬᠤ ᠪᠤᠢ︖ | ᠬᠥᠮᠥᠨ ᠤ ᠬᠦᠴᠦᠨ ᠢ ᠣᠬᠤᠷᠬᠠᠨ ᠬᠤᠭᠤᠴᠠᠭᠠᠨ ᠤ ᠳᠣᠲᠣᠷ᠎ᠠ ᠬᠥᠮᠥᠵᠢᠭᠦᠯᠬᠦ ᠳᠤ ᠨᠡᠯᠢᠶᠡᠳ ᠬᠦᠴᠢᠷᠲᠡᠢ | ᠶᠤᠮ᠂ ᠣᠬᠤᠷᠬᠠᠨ ᠬᠤᠭᠤᠴᠠᠭᠠᠨ ᠤ ᠳᠣᠲᠣᠷ᠎ᠠ ᠬᠤᠶᠠᠳᠤᠭᠠᠷ ᠭᠤᠷᠪᠠᠳᠤᠭᠠᠷ ᠳᠡᠰ ᠤᠨ ᠡᠮᠨᠡᠯᠭᠡ ᠶᠢᠨ | ᠬᠤᠷᠢᠶ᠎ᠠ ᠠᠴᠠ ᠬᠥᠮᠥᠨ ᠲᠣᠮᠢᠯᠠᠨ ᠳᠣᠷᠣᠭᠰᠢ ᠪᠠᠭᠤᠯᠭᠠᠬᠤ ᠪᠠᠷ ᠳᠠᠮᠵᠢᠭᠤᠯᠤᠨ᠂ ᠦᠨᠳᠦᠰᠦᠨ ᠱᠠᠲᠤ ᠶᠢ ᠳᠡᠮᠵᠢᠵᠦ | ᠪᠣᠯᠣᠨ᠎ᠠ᠂ ᠪᠠᠰᠠ ᠣᠶᠢᠷ᠎ᠠ ᠶᠢᠨ ᠲᠠᠪᠤᠨ ᠵᠢᠯ ᠤᠨ ᠲᠤᠷᠰᠢ ᠨᠢᠭᠡᠨᠲᠡ ᠠᠵᠢᠯ ᠠᠴᠠ ᠪᠠᠨ ᠪᠠᠭᠤᠵᠤ ᠠᠮᠠᠷᠠᠭᠰᠠᠨ | ᠡᠮᠨᠡᠯᠭᠡ ᠶᠢᠨ ᠠᠵᠢᠯᠲᠠᠳ ᠢ ᠤᠷᠢᠵᠤ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠳᠤ ᠠᠵᠢᠯᠯᠠᠭᠤᠯᠵᠤ ᠪᠣᠯᠣᠨ᠎ᠠ᠃ ᠪᠠᠰᠠ ᠵᠠᠷᠢᠮ ᠪᠤᠰᠤᠳ ᠠᠵᠢᠯ ᠤᠨ ᠪᠠᠶᠢᠷᠢᠨ ᠳᠤ ᠪᠠᠶᠢᠭ᠎ᠠ ᠡᠮ | ᠡᠮᠨᠡᠯᠭᠡ ᠡᠷᠡᠭᠦᠯ ᠬᠠᠮᠠᠭᠠᠯᠠᠯ ᠤᠨ ᠠᠵᠢᠯᠲᠠᠨ ᠢ ᠴᠥᠮ ᠦᠨᠳᠦᠰᠦᠨ ᠱᠠᠲᠤᠨ ᠤ ᠪᠠᠶᠢᠭᠤᠯᠤᠮᠵᠢ ᠳᠤ ᠡᠯᠰᠡᠨ | ᠠᠪᠴᠢᠷᠠᠵᠤ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠳᠠᠷᠤᠭᠠᠰᠤ ᠶᠢ ᠨᠢ | ᠬᠥᠩᠭᠡᠯᠡᠵᠦ ᠪᠣᠯᠣᠨ᠎ᠠ᠃ ᠡᠭᠦᠨ ᠤ ᠬᠠᠮᠲᠤ᠂ ᠭᠡᠷ ᠪᠦᠯᠢ ᠶᠢᠨ ᠡᠮᠴᠢ ᠶᠢᠨ ᠦᠢᠯᠡᠳᠦᠯ ᠢ ᠦᠨᠡᠨ ᠬᠦ ᠪᠠᠳᠠᠷᠠᠭᠤᠯᠵᠤ᠂ | ᠭᠤᠣᠯᠳᠠᠯᠭ᠎ᠠ ᠲᠠᠢ ᠬᠥᠮᠥᠰ ᠤᠨ ᠭᠡᠷᠡᠲᠦ ᠦᠢᠯᠡᠴᠢᠯᠡᠭᠡ ᠲᠣᠭᠲᠠᠬᠤ ᠶᠢ ᠠᠬᠢᠭᠤᠯᠤᠨ᠂ ᠪᠦᠬᠦᠨ ᠢ | ᠬᠠᠮᠤᠷᠤᠭᠤᠯᠬᠤ ᠪᠠᠷ ᠴᠢᠷᠮᠠᠶᠢᠵᠤ᠂ ᠬᠡᠷᠡᠭᠴᠡᠭᠡ ᠲᠠᠢ ᠦᠶ᠎ᠡ ᠳᠤ ᠭᠡᠷ ᠪᠦᠯᠢ ᠶᠢᠨ ᠡᠮᠴᠢ ᠲᠠᠢ ᠬᠠᠷᠢᠯᠴᠠᠬᠤ ᠪᠣᠯᠬᠤ ᠶᠢ | ᠪᠠᠲᠤᠯᠠᠬᠤ ᠬᠡᠷᠡᠭᠲᠡᠢ᠃ | ᠡᠭᠦᠨ ᠠᠴᠠ ᠭᠠᠳᠠᠨ᠎ᠠ᠂ ᠡᠮ ᠡᠮᠨᠡᠯᠭᠡ ᠶᠢᠨ ᠬᠤᠯᠪᠣᠭᠠᠲᠤ ᠴᠣᠭᠴᠠ᠂ ᠡᠮ ᠡᠮᠨᠡᠯᠭᠡ ᠶᠢᠨ ᠬᠠᠮᠲᠤ ᠶᠢᠨ | ᠴᠣᠭᠴᠠ ᠶᠢᠨ ᠦᠢᠯᠡᠳᠦᠯ ᠢ ᠢᠳᠡᠪᠬᠢᠲᠡᠢ ᠪᠠᠳᠠᠷᠠᠭᠤᠯᠬᠤ ᠬᠡᠷᠡᠭᠲᠡᠢ᠃ ᠢᠯᠠᠩᠭᠤᠶ᠎ᠠ ᠳᠠᠭᠠᠭᠤᠯᠤᠭᠴᠢ ᠡᠮᠨᠡᠯᠭᠡ ᠶᠢᠨ | ᠬᠤᠷᠢᠶ᠎ᠠ ᠶᠢᠨ ᠦᠢᠯᠡᠳᠦᠯ ᠢ ᠪᠠᠳᠠᠷᠠᠭᠤᠯᠵᠤ᠂ ᠪᠦᠷᠢᠯᠳᠦᠭᠦᠨ ᠨᠢᠭᠡᠴᠢ ᠶᠢᠨ ᠬᠠᠯᠠᠭᠤᠷᠠᠯ ᠤᠨ ᠡᠭᠦᠳᠡᠨ ᠡᠮᠨᠡᠯᠭᠡ ᠶᠢᠨ | ᠪᠦᠲᠦᠭᠡᠨ ᠪᠠᠶᠢᠭᠤᠯᠤᠯᠲᠠ ᠵᠢᠴᠢ ᠠᠵᠢᠯᠯᠠᠭᠠᠨ ᠤ ᠪᠠᠶᠢᠳᠠᠯ ᠳᠤ ᠵᠢᠯᠣᠭᠤᠳᠤᠯᠭ᠎ᠠ ᠦᠵᠡᠭᠦᠯᠬᠦ ᠶᠢ ᠴᠢᠩᠭᠠᠳᠬᠠᠬᠤ | ᠬᠡᠷᠡᠭᠲᠡᠢ᠃ ᠡᠮ ᠡᠮᠨᠡᠯᠭᠡ ᠶᠢᠨ ᠬᠤᠯᠪᠣᠭᠠᠲᠤ ᠴᠣᠭᠴᠠ ᠶᠢᠨ ᠳᠣᠲᠣᠭᠠᠳᠤ ᠳᠠᠬᠢ ᠠᠵᠢᠯᠲᠠᠨ ᠤ ᠲᠣᠬᠢᠷᠠᠭᠤᠯᠤᠯᠲᠠ ᠶᠢ | ᠨᠢᠭᠡᠳᠦᠯᠲᠡᠢ ᠲᠥᠯᠥᠪᠯᠡᠵᠦ᠂ ᠬᠤᠣᠰ ᠴᠢᠭᠯᠡᠯ ᠢᠶᠠᠷ ᠰᠢᠯᠵᠢᠭᠦᠯᠦᠨ ᠡᠮᠨᠡᠭᠦᠯᠬᠦ ᠵᠠᠮ ᠢ ᠰᠠᠭᠠᠳ ᠦᠭᠡᠢ ᠨᠠᠪᠲᠠᠷᠡᠭᠦᠯᠵᠦ᠂ | ᠦᠨᠳᠦᠰᠦᠨ ᠱᠠᠲᠤᠨ ᠳᠤ ᠦᠵᠡᠭᠦᠯᠬᠦ ᠮᠡᠷᠭᠡᠵᠢᠯ ᠤᠨ ᠳᠡᠮᠵᠢᠯᠭᠡ᠂ ᠪᠣᠯᠪᠠᠰᠤᠷᠠᠭᠤᠯᠤᠯ ᠢ ᠴᠢᠩᠭᠠᠳᠬᠠᠨ᠂ | ᠵᠢᠯᠣᠭᠤᠳᠤᠯᠭ᠎ᠠ ᠪᠠᠨ ᠴᠢᠩᠭᠠᠳᠬᠠᠬᠤ ᠶᠢᠨ ᠬᠠᠮᠲᠤ ᠶᠠᠰᠤ ᠴᠢᠨᠠᠷ ᠤᠨ ᠡᠵᠡᠮᠳᠡᠯ ᠢ ᠴᠢᠩᠭᠠᠳᠬᠠᠬᠤ ᠬᠡᠷᠡᠭᠲᠡᠢ᠃ | |