ᠰᠢᠨ᠎ᠠ ᠴᠠᠭ ᠦᠶ᠎ᠡ ᠶᠢᠨ ᠳᠤᠮᠳᠠᠳᠤ ᠤᠯᠤᠰ ᠤᠨ ᠦᠨᠳᠦᠰᠦᠨ ᠬᠠᠤᠯᠢ ᠶᠢᠨ ᠦᠢᠯᠡᠳᠦᠯᠭᠡ ᠶᠢᠨ ᠰᠢᠨ᠎ᠡ | ᠬᠠᠭᠤᠳᠠᠰᠤ ᠶᠢ ᠪᠢᠴᠢᠭᠯᠡᠶ᠎ᠡ | — — ᠣᠳᠣ ᠶᠢᠨ ᠬᠡᠷᠡᠭᠵᠢᠭᠦᠯᠵᠦ ᠪᠠᠶᠢᠭ᠎ᠠ ᠦᠨᠳᠦᠰᠦᠨ ᠬᠠᠤᠯᠢ ᠶᠢ ᠨᠡᠶᠢᠲᠡᠯᠡᠵᠦ ᠬᠡᠷᠡᠭᠵᠢᠭᠦᠯᠦᠭᠰᠡᠨ | 40 ᠵᠢᠯ ᠤᠨ ᠣᠶ ᠶᠢ ᠳᠤᠷᠠᠰᠬᠠᠪᠠ | ᠰᠢ ᠶᠢᠨ ᠫᠢᠩ | ᠡᠨᠡ ᠵᠢᠯ ᠪᠣᠯ ᠮᠠᠨ ᠤ ᠤᠯᠤᠰ ᠤᠨ ᠤᠳᠤ ᠶᠢᠨ ᠬᠡᠷᠡᠭᠵᠢᠭᠦᠯᠵᠦ ᠪᠠᠶᠢᠭ᠎ᠠ ᠦᠨᠳᠦᠰᠦᠨ ᠬᠠᠤᠯᠢ ᠶᠢ ᠨᠡᠶᠢᠲᠡᠯᠡᠵᠦ | ᠬᠡᠷᠡᠭᠵᠢᠭᠦᠯᠦᠭᠰᠡᠨ 40 ᠵᠢᠯ ᠤᠨ ᠤᠢ ᠪᠣᠯᠣᠨ᠎ᠠ᠃ 40 ᠵᠢᠯ ᠤᠨ ᠲᠤᠷᠰᠢ᠂ ᠤᠳᠤ ᠶᠢᠨ ᠬᠡᠷᠡᠭᠵᠢᠭᠦᠯᠵᠦ ᠪᠠᠶᠢᠭ᠎ᠠ | ᠦᠨᠳᠦᠰᠦᠨ ᠬᠠᠤᠯᠢ ᠨᠢ ᠨᠡᠶᠢᠭᠡᠮ ᠵᠢᠷᠤᠮ ᠤᠨ ᠬᠠᠤᠯᠢᠵᠢᠯ ᠤᠨ ᠪᠠᠶᠢᠭᠤᠯᠤᠯᠲᠠ ᠶᠢ ᠬᠦᠴᠦᠲᠡᠢ ᠠᠬᠢᠭᠤᠯᠤᠨ | ᠴᠢᠩᠭᠠᠳᠬᠠᠵᠤ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢ ᠬᠦᠴᠦᠲᠡᠢ ᠠᠬᠢᠭᠤᠯᠤᠨ | ᠪᠠᠲᠤᠯᠠᠪᠠ᠃ ᠪᠢᠳᠡ ᠤᠳᠤ ᠶᠢᠨ ᠬᠡᠷᠡᠭᠵᠢᠭᠦᠯᠵᠦ ᠪᠠᠶᠢᠭ᠎ᠠ ᠦᠨᠳᠦᠰᠦᠨ ᠬᠠᠤᠯᠢ ᠶᠢ ᠨᠡᠶᠢᠲᠡᠯᠡᠵᠦ ᠬᠡᠷᠡᠭᠵᠢᠭᠦᠯᠦᠭᠰᠡᠨ | 40 ᠵᠢᠯ ᠤᠨ ᠤᠢ ᠶᠢ ᠳᠤᠷᠠᠰᠬᠠᠬᠤ ᠪᠠᠷ ᠠᠵᠠ ᠲᠣᠭᠢᠶᠠᠯ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠲᠤᠭᠤᠰᠢᠯᠠᠭᠤᠯᠵᠤ᠂ ᠦᠨᠳᠦᠰᠦᠨ ᠬᠠᠤᠯᠢ ᠶᠢᠨ ᠤᠬᠠᠮᠰᠠᠷ ᠢᠶᠠᠨ ᠴᠢᠩᠭᠠᠳᠬᠠᠵᠤ᠂ ᠦᠨᠳᠦᠰᠦᠨ | ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠨᠳᠦᠰᠦᠨ ᠬᠠᠤᠯᠢ ᠶᠢᠨ ᠬᠡᠷᠡᠭᠵᠢᠭᠦᠯᠦᠯᠲᠡ ᠶᠢ ᠠᠬᠢᠭᠤᠯᠵᠤ᠂ | ᠦᠨᠳᠦᠰᠦᠨ ᠬᠠᠤᠯᠢ ᠶᠢᠨ ᠲᠦᠷᠦ ᠶᠢ ᠵᠠᠰᠠᠵᠤ ᠵᠠᠰᠠᠭ ᠢ ᠡᠷᠭᠢᠯᠡᠭᠦ ᠳᠤᠮᠳᠠᠬᠢ ᠴᠢᠬᠤᠯᠠ ᠦᠢᠯᠡᠳᠦᠯ ᠢ ᠨᠡᠩ ᠰᠠᠶᠢᠲᠤᠷ | ᠪᠠᠳᠠᠷᠠᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠪᠠᠲᠤ | ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ | ᠦᠨᠳᠦᠰᠦᠨ ᠬᠠᠤᠯᠢ ᠶᠢ ᠲᠣᠭᠲᠠᠭᠠᠨ ᠬᠡᠷᠡᠭᠵᠢᠭᠦᠯᠬᠦ ᠪᠣᠯ ᠬᠥᠮᠥᠨ ᠲᠥᠷᠥᠯᠬᠢᠲᠡᠨ ᠤ ᠪᠣᠯᠪᠠᠰᠤᠨ ᠤ | ᠲᠠᠪᠰᠢᠯᠳᠠ ᠶᠢᠨ ᠪᠡᠯᠭᠡ ᠲᠡᠮᠳᠡᠭ ᠮᠥᠨ᠂ ᠬᠥᠮᠥᠨ ᠲᠥᠷᠥᠯᠬᠢᠲᠡᠨ ᠤ ᠨᠡᠶᠢᠭᠡᠮ ᠤᠨ ᠣᠳᠣᠬᠢᠴᠢᠯᠠᠯᠲᠠ ᠲᠡᠶᠢᠰᠢ | ᠤᠷᠤᠭᠰᠢᠯᠠᠬᠤ ᠴᠢᠬᠤᠯᠠ ᠲᠤᠯᠭᠠᠭᠤᠷᠢᠯᠠᠯ ᠮᠥᠨ᠃ ᠣᠶᠢᠷ᠎ᠠ ᠦᠶ᠎ᠡ ᠠᠴᠠ ᠨᠠᠭᠠᠰᠢ᠂ ᠳᠤᠮᠳᠠᠳᠤ ᠤᠯᠤᠰ ᠤᠨ ᠠᠷᠠᠳ | ᠲᠦᠮᠡᠨ ᠳᠤᠮᠳᠠᠳᠤ ᠶᠢᠨ ᠦᠨᠳᠦᠰᠦᠲᠡᠨ ᠤ ᠢᠷᠡᠭᠡᠳᠦᠢ ᠬᠤᠪᠢ ᠵᠠᠶᠠᠭ᠎ᠠ ᠶᠢ ᠬᠤᠪᠢᠷᠠᠭᠤᠯᠬᠤ ᠵᠠᠮ ᠢ ᠬᠠᠲᠠᠭᠤᠵᠢᠯᠲᠠᠢ | ᠡᠷᠢᠯᠬᠢᠯᠡᠭᠰᠡᠨ ᠶᠤᠮ᠃ ᠵᠠᠷᠢᠮ ᠤᠯᠤᠰ ᠲᠦᠷᠦ ᠶᠢᠨ ᠬᠦᠴᠦᠨ ᠥᠷᠥᠨᠡᠳᠠᠬᠢᠨ ᠤ ᠤᠯᠤᠰ ᠲᠦᠷᠦ ᠶᠢᠨ | ᠪᠠᠶᠢᠭᠤᠯᠤᠯ ᠤᠨ ᠬᠡᠪ ᠵᠠᠭᠪᠤᠷ ᠢᠶᠠᠷ ᠮᠠᠨ ᠤ ᠤᠯᠤᠰ ᠤᠨ ᠹᠧᠣᠳᠠᠯ ᠤᠨ ᠡᠵᠡᠷᠬᠡᠭ ᠪᠠᠶᠢᠭᠤᠯᠤᠯ ᠢ ᠥᠭᠡᠷᠡᠴᠢᠯᠡᠨ | ᠰᠠᠶᠢᠵᠢᠷᠠᠭᠤᠯᠬᠤ ᠪᠠᠷ ᠤᠷᠤᠯᠳᠤᠭᠠᠳ ᠴᠥᠮ ᠢᠯᠠᠭᠳᠠᠭᠰᠠᠨ ᠪᠠᠶᠢᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ | ᠳᠤᠮᠳᠠᠳᠤ ᠤᠯᠤᠰ ᠤᠨ ᠲᠡᠦᠬᠡ ᠶᠢᠨ ᠲᠠᠪᠴᠠᠩ ᠳᠤ ᠭᠠᠷᠤᠭᠰᠠᠨ ᠤ ᠲᠠᠷᠠᠭ᠎ᠠ᠂ ᠬᠠᠲᠠᠭᠤᠵᠢᠯᠲᠠᠢ ᠰᠦᠪᠡᠭᠴᠢᠯᠡᠯᠲᠡ | ᠪᠠ ᠦᠢᠯᠡᠳᠦᠯᠭᠡ ᠪᠠᠷ ᠲᠠᠮᠵᠢᠨ᠂ ᠳᠤᠮᠳᠠᠳᠤ ᠶᠢᠨ ᠡᠬᠡ ᠭᠠᠵᠠᠷ ᠲᠤ ᠢᠯᠡ ᠲᠣᠳᠣ ᠨᠡᠶᠢᠭᠡᠮ ᠵᠢᠷᠤᠮ ᠤᠨ ᠰᠢᠨᠵᠢ | ᠴᠢᠨᠠᠷ ᠲᠠᠢ ᠦᠨᠳᠦᠰᠦᠨ ᠬᠠᠤᠯᠢ᠂ ᠵᠢᠩᠬᠢᠨᠢ ᠤᠳᠬ᠎ᠠ ᠠᠭᠤᠯᠭ᠎ᠠ ᠳᠡᠭᠡᠷᠡᠬᠢ ᠠᠷᠠᠳ ᠤᠨ ᠦᠨᠳᠦᠰᠦᠨ ᠬᠠᠤᠯᠢ ᠶᠢ | ᠠᠮᠵᠢᠯᠲᠠ ᠲᠠᠢ ᠲᠣᠭᠲᠠᠭᠠᠨ ᠬᠡᠷᠡᠭᠵᠢᠭᠦᠯᠦᠭᠰᠡᠨ ᠨᠢ ᠮᠠᠨ ᠤ ᠤᠯᠤᠰ ᠤᠨ ᠦᠨᠳᠦᠰᠦᠨ ᠬᠠᠤᠯᠢ ᠶᠢᠨ ᠬᠥᠭᠵᠢᠯᠲᠡ ᠶᠢᠨ | ᠲᠡᠦᠬᠡ ᠴᠢᠨᠠᠭᠰᠢᠯᠠᠪᠠᠯ ᠳᠡᠯᠡᠬᠡᠢ ᠶᠢᠨ ᠦᠨᠳᠦᠰᠦᠨ ᠬᠠᠤᠯᠢ ᠶᠢᠨ ᠳᠦᠷᠢᠮ ᠤᠨ ᠲᠡᠦᠬᠡᠨ ᠳᠡᠭᠡᠷ᠎ᠡ ᠴᠥᠮ ᠪᠦᠲᠦᠭᠡᠯᠴᠢ | ᠴᠢᠨᠠᠷᠲᠠᠢ ᠠᠴᠢ ᠬᠤᠯᠪᠣᠭᠳᠠᠯ ᠲᠠᠢ ᠪᠠᠶᠢᠵᠤ᠂ ᠬᠥᠮᠥᠨ ᠲᠥᠷᠥᠯᠬᠢᠲᠡᠨ ᠤ ᠬᠠᠤᠯᠢᠵᠢᠯ ᠤᠨ ᠪᠣᠯᠪᠠᠰᠤᠨ ᠤ | ᠲᠠᠪᠰᠢᠯᠳᠠ ᠳᠤ ᠳᠤᠮᠳᠠᠳᠤ ᠤᠯᠤᠰ ᠤᠨ ᠤᠶᠤᠨ ᠤᠬᠠᠭᠠᠨ᠂ ᠳᠤᠮᠳᠠᠳᠤ ᠤᠯᠤᠰ ᠤᠨ ᠲᠥᠰᠥᠯ ᠢ ᠨᠡᠮᠡᠷᠢᠯᠡᠭᠰᠡᠨ | ᠪᠠᠶᠢᠨ᠎ᠠ᠃ ᠮᠠᠨ ᠤ ᠨᠠᠮ ᠤᠨ ᠠᠷᠠᠳ ᠲᠦᠮᠡᠨ ᠢ ᠤᠳᠤᠷᠢᠳᠤᠨ ᠲᠣᠭᠲᠠᠭᠠᠭᠰᠠᠨ ᠦᠨᠳᠦᠰᠦᠨ ᠬᠠᠤᠯᠢ ᠨᠢ ᠠᠷᠠᠳ | ᠲᠦᠮᠡᠨ ᠤ ᠤᠶᠤᠨ ᠤᠬᠠᠭᠠᠨ ᠢ ᠲᠥᠪᠯᠡᠷᠡᠭᠦᠯᠵᠦ᠂ ᠪᠦᠭᠦ ᠠᠷᠠᠳ ᠲᠦᠮᠡᠨ ᠤ ᠬᠠᠮᠲᠤ ᠶᠢᠨ ᠬᠦᠰᠡᠯ ᠵᠣᠷᠢᠭ ᠢ | ᠢᠯᠡᠷᠡᠭᠦᠯᠵᠦ᠂ ᠨᠠᠮ ᠤᠨ ᠵᠣᠷᠢᠯᠲᠠ ᠪᠠ ᠠᠷᠠᠳ ᠲᠦᠮᠡᠨ ᠤ ᠬᠦᠰᠡᠯ ᠵᠣᠷᠢᠭ ᠤᠨ ᠳᠡᠭᠡᠳᠦ ᠬᠡᠮᠵᠢᠶᠡᠨ ᠤ ᠨᠢᠭᠡᠳᠦᠯ ᠢ | ᠪᠡᠶᠡᠯᠡᠭᠦᠯᠵᠦ᠂ ᠠᠯᠢᠪᠠ ᠬᠠᠭᠤᠴᠢᠨ ᠦᠨᠳᠦᠰᠦᠨ ᠬᠠᠤᠯᠢ ᠶᠢᠨ ᠵᠥᠪᠭᠡᠨ ᠴᠥᠭᠡᠨ ᠲᠣᠭᠠᠨ ᠤ ᠬᠥᠮᠥᠰ ᠤᠨ ᠬᠦᠰᠡᠯ | ᠵᠣᠷᠢᠭ ᠢ ᠲᠥᠯᠥᠭᠡᠯᠡᠵᠦ᠂ ᠴᠥᠭᠡᠨ ᠲᠣᠭᠠᠨ ᠤ ᠬᠥᠮᠥᠰ ᠤᠨ ᠠᠰᠢᠭ ᠲᠤᠰᠠ ᠳᠤ ᠦᠢᠯᠡᠴᠢᠯᠡᠬᠦ ᠭᠡᠮ ᠰᠣᠭᠤᠭ ᠢ | ᠢᠯᠠᠨ ᠳᠠᠪᠠᠭᠰᠠᠨ ᠠᠴᠠ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠬᠦᠷᠢᠶᠡᠯᠡᠯ ᠪᠠ ᠵᠢᠷᠤᠮᠯᠠᠯ ᠢ ᠣᠯᠵᠤ᠂ | ᠢᠯᠡᠳᠲᠡ ᠳᠠᠪᠠᠭᠤᠯᠢᠭ᠂ ᠪᠠᠲᠤ ᠪᠠᠬᠢ ᠰᠠᠭᠤᠷᠢ᠂ ᠬᠦᠴᠦᠷᠬᠡᠭ ᠶᠡᠭᠡ ᠠᠮᠢᠵᠢᠷᠠᠯ ᠤᠨ ᠬᠦᠴᠦᠨ ᠲᠠᠢ ᠪᠣᠯᠤᠭᠰᠠᠨ | ᠪᠠᠶᠢᠨ᠎ᠠ᠃ 1982 ᠣᠨ ᠳᠤ ᠮᠠᠨ ᠤ ᠤᠯᠤᠰ ᠤᠨ ᠤᠳᠤ ᠶᠢᠨ ᠬᠡᠷᠡᠭᠵᠢᠭᠦᠯᠵᠦ ᠪᠠᠶᠢᠭ᠎ᠠ ᠦᠨᠳᠦᠰᠦᠨ ᠬᠠᠤᠯᠢ ᠶᠢ | ᠨᠡᠶᠢᠲᠡᠯᠡᠵᠦ ᠬᠡᠷᠡᠭᠵᠢᠭᠦᠯᠦᠭᠰᠡᠨ ᠤ ᠲᠠᠷᠠᠭ᠎ᠠ᠂ ᠨᠠᠮ ᠤᠨ ᠲᠥᠪ ᠬᠤᠷᠢᠶᠠᠨ ᠤ ᠤᠳᠤᠷᠢᠳᠤᠯᠭ᠎ᠠ ᠳᠣᠣᠷ᠎ᠠ᠂ ᠪᠦᠭᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠡᠨᠡ ᠬᠦ ᠦᠨᠳᠦᠰᠦᠨ ᠬᠠᠤᠯᠢ ᠶᠢᠨ ᠣᠨᠴᠠ | ᠵᠠᠷᠢᠮ ᠵᠦᠢᠯ ᠵᠤᠷᠪᠤᠰ ᠪᠣᠯᠣᠨ ᠨᠢᠭᠡ ᠪᠦᠯᠦᠭ ᠠᠭᠤᠯᠭ᠎ᠠ ᠳᠤ ᠤᠷᠢᠳ ᠬᠤᠵᠢᠳ 5 ᠤᠳᠠᠭ᠎ᠠ ᠵᠠᠶᠢᠯᠠᠰᠢ ᠦᠭᠡᠢ | ᠱᠠᠭᠠᠷᠳᠠᠭᠳᠠᠬᠤ ᠪᠥᠭᠡᠳ ᠲᠦᠢᠯ ᠤᠨ ᠴᠢᠬᠤᠯᠠ ᠵᠠᠰᠠᠪᠤᠷᠢ ᠣᠷᠣᠭᠤᠯᠵᠠᠢ᠃ ᠡᠳᠡᠭᠡᠷ ᠵᠠᠰᠠᠪᠤᠷᠢ ᠣᠷᠣᠭᠤᠯᠤᠯᠲᠠ ᠨᠢ | ᠮᠠᠨ ᠤ ᠤᠯᠤᠰ ᠤᠨ ᠦᠨᠳᠦᠰᠦᠨ ᠬᠠᠤᠯᠢ ᠶᠢ ᠲᠡᠭᠦᠯᠳᠡᠷᠵᠢᠭᠦᠯᠦᠨ ᠬᠥᠭᠵᠢᠭᠦᠯᠬᠦ᠂ ᠨᠡᠶᠢᠭᠡᠮ ᠵᠢᠷᠤᠮ ᠤᠨ | ᠬᠠᠤᠯᠢᠵᠢᠯ ᠤᠨ ᠪᠠᠶᠢᠭᠤᠯᠤᠯᠲᠠ ᠶᠢ ᠠᠬᠢᠭᠤᠯᠬᠤ᠂ ᠨᠠᠮ ᠤᠨ ᠬᠠᠤᠯᠢ ᠪᠠᠷ ᠤᠯᠤᠰ ᠢᠶᠠᠨ ᠵᠠᠰᠠᠬᠤ ᠴᠢᠳᠠᠪᠤᠷᠢ ᠶᠢ | ᠳᠡᠭᠡᠭᠰᠢᠯᠡᠭᠦᠯᠭᠦ ᠳᠤ ᠴᠢᠬᠤᠯᠠ ᠦᠢᠯᠡᠳᠦᠯ ᠦᠵᠡᠭᠦᠯᠪᠡ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠨᠠᠮ ᠪᠦᠭᠦ ᠲᠠᠯ᠎ᠠ ᠪᠠᠷ ᠬᠠᠤᠯᠢ ᠪᠠᠷ | ᠤᠯᠤᠰ ᠢᠶᠠᠨ ᠵᠠᠰᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠮ ᠪᠣᠯᠣᠨ ᠤᠯᠤᠰ ᠤᠨ ᠥᠨᠢ ᠤᠳᠠᠭᠠᠨ | ᠠᠮᠤᠷ ᠲᠦᠪᠰᠢᠨ ᠪᠠᠶᠢᠬᠤ ᠲᠠᠢ ᠬᠤᠯᠪᠣᠭᠳᠠᠬᠤ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠬᠠᠤᠯᠢᠵᠢᠯ ᠢ | ᠲᠣᠭᠲᠠᠭᠠᠵᠤ᠂ ᠬᠠᠤᠯᠢᠵᠢᠯ ᠢ ᠪᠠᠶᠢᠷᠢᠰᠢᠭᠤᠯᠵᠤ᠂ ᠬᠠᠤᠯᠢᠵᠢᠯ ᠢ ᠴᠢᠩᠭ᠎ᠠ ᠬᠡᠷᠡᠭᠵᠢᠭᠦᠯᠵᠦ᠂ ᠪᠦᠭᠦ ᠲᠠᠯ᠎ᠠ ᠪᠠᠷ | ᠬᠠᠤᠯᠢ ᠪᠠᠷ ᠤᠯᠤᠰ ᠢᠶᠠᠨ ᠵᠠᠰᠠᠬᠤ ᠶᠢ ︽ᠲᠦᠷᠪᠡᠨ ᠪᠦᠭᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ | ᠪᠠᠶᠢᠷᠢᠰᠢᠭᠤᠯᠤᠯᠲᠠ ᠳᠤ ᠣᠷᠣᠭᠤᠯᠵᠤ ᠲᠥᠯᠥᠪᠵᠢᠭᠦᠯᠵᠦ᠂ ᠠᠬᠢᠭᠤᠯᠵᠤ᠂ ᠮᠠᠨ ᠤ ᠤᠯᠤᠰ ᠤᠨ ᠦᠨᠳᠦᠰᠦᠨ | ᠬᠠᠤᠯᠢ ᠶᠢᠨ ᠳᠦᠷᠢᠮ ᠤᠨ ᠪᠠᠶᠢᠭᠤᠯᠤᠯᠲᠠ ᠪᠣᠯᠣᠨ ᠦᠨᠳᠦᠰᠦᠨ ᠬᠠᠤᠯᠢ ᠶᠢᠨ ᠬᠡᠷᠡᠭᠵᠢᠭᠦᠯᠦᠯᠲᠡ ᠶᠢᠨ ᠲᠡᠦᠬᠡᠲᠦ | ᠴᠢᠨᠠᠷᠲᠠᠢ ᠠᠮᠵᠢᠯᠲᠠ ᠣᠯᠬᠤ ᠶᠢ ᠠᠬᠢᠭᠤᠯᠪᠠ᠃ ᠪᠢᠳᠡ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ᠂ | ᠦᠨᠳᠦᠰᠦᠨ ᠬᠠᠤᠯᠢ ᠶᠢᠨ ᠬᠡᠰᠡᠭ ᠠᠭᠤᠯᠭ᠎ᠠ ᠳᠤ ᠵᠠᠰᠠᠪᠤᠷᠢ ᠣᠷᠣᠭᠤᠯᠬᠤ ᠵᠡᠷᠭᠡ ᠲᠠᠯ᠎ᠠ ᠪᠠᠷ ᠤᠷᠢᠳ ᠬᠤᠵᠢᠳ | ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠲᠥᠪ ᠤᠨ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ | ᠵᠠᠰᠠᠬᠤ ᠵᠥᠪᠯᠡᠯ ᠢ ᠪᠠᠶᠢᠭᠤᠯᠵᠤ᠂ ᠨᠠᠮ ᠤᠨ ᠬᠠᠤᠯᠢ ᠲᠣᠭᠲᠠᠭᠠᠬᠤ ᠶᠢ ᠤᠳᠤᠷᠢᠳᠬᠤ᠂ ᠬᠠᠤᠯᠢ ᠬᠡᠷᠡᠭᠵᠢᠭᠦᠯᠬᠦ ᠶᠢ | ᠪᠠᠲᠤᠯᠠᠬᠤ᠂ ᠬᠠᠤᠯᠢ ᠪᠠᠷᠢᠬᠤ ᠶᠢ ᠳᠡᠮᠵᠢᠭᠦ᠂ ᠲᠦᠷᠦᠭᠦᠯᠡᠨ ᠬᠠᠤᠯᠢ ᠶᠢ ᠰᠠᠬᠢᠬᠤ ᠳᠦᠷᠢᠮ ᠤᠨ ᠴᠢᠨᠠᠷᠲᠠᠢ | ᠲᠣᠬᠢᠷᠠᠭᠤᠯᠤᠯᠲᠠ ᠶᠢ ᠪᠦᠷᠢᠨᠰᠢᠭᠦᠯᠵᠦ᠂ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠪᠠ ᠦᠨᠳᠦᠰᠦᠨ | ᠬᠠᠤᠯᠢ ᠶᠢ ᠬᠡᠷᠡᠭᠵᠢᠭᠦᠯᠬᠦ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠦᠭᠦ ᠲᠠᠯ᠎ᠠ ᠪᠠᠷ ᠴᠢᠩᠭᠠᠳᠬᠠᠪᠠ᠃ ᠨᠠᠮ ᠤᠨ | ᠤᠳᠤᠷᠢᠳᠤᠯᠭ᠎ᠠ ᠶᠢ ᠳᠦᠷᠢᠮᠵᠢᠭᠦᠯᠬᠦ᠂ ᠬᠠᠤᠯᠢᠵᠢᠭᠤᠯᠬᠤ ᠶᠢ ᠢᠳᠡᠪᠬᠢᠲᠡᠢ ᠠᠬᠢᠭᠤᠯᠵᠤ᠂ ᠦᠨᠳᠦᠰᠦᠨ ᠬᠠᠤᠯᠢ ᠳᠤ | ᠵᠠᠰᠠᠪᠤᠷᠢ ᠣᠷᠣᠭᠤᠯᠬᠤ ᠲᠥᠰᠥᠯ ᠳᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢᠨ ᠤᠯᠤᠰ ᠤᠨ ᠤᠯᠤᠰ ᠲᠦᠷᠦ ᠪᠠ ᠨᠡᠶᠢᠭᠡᠮ ᠤᠨ ᠠᠮᠢᠳᠤᠷᠠᠯ ᠳᠠᠬᠢ ᠵᠢᠯᠤᠭᠤᠳᠬᠤ | ᠪᠠᠶᠢᠷᠢ ᠰᠠᠭᠤᠷᠢ ᠶᠢ ᠲᠣᠭᠲᠠᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠣᠯ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠮᠤᠭ ᠤᠨ ᠮᠥᠨ ᠴᠢᠨᠠᠷ ᠤᠨ ᠣᠨᠴᠠᠯᠢᠭ ᠮᠥᠨ ᠭᠡᠳᠡᠭ ᠢ | ᠲᠣᠳᠣᠷᠬᠠᠶᠢᠯᠠᠵᠤ᠂ ᠨᠠᠮ ᠤᠨ ᠤᠳᠤᠷᠢᠳᠤᠯᠭ᠎ᠠ ᠶᠢᠨ ᠦᠨᠳᠦᠰᠦᠨ ᠬᠠᠤᠯᠢ ᠶᠢᠨ ᠪᠠᠲᠤᠯᠠᠭ᠎ᠠ ᠨᠡᠩ ᠪᠦᠷᠢᠨᠰᠢᠪᠡ᠃ | ᠦᠨᠳᠦᠰᠦᠨ ᠬᠠᠤᠯᠢ ᠪᠠᠷ ᠭᠤᠣᠯ ᠪᠤᠯᠭᠠᠬᠰᠠᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢ | ᠴᠠᠭᠠᠵᠠ ᠶᠢᠨ ᠰᠢᠰᠲ᠋ᠧᠮ ᠢ ᠬᠦᠴᠦᠯᠡᠨ ᠲᠡᠭᠦᠯᠳᠡᠷᠵᠢᠭᠦᠯᠵᠦ᠂ ᠦᠨᠳᠦᠰᠦᠨ ᠬᠠᠤᠯᠢ ᠶᠢᠨ ᠬᠤᠯᠪᠣᠭᠳᠠᠯ ᠪᠦᠬᠦᠢ | ᠬᠠᠤᠯᠢ ᠴᠠᠭᠠᠵᠠ ᠶᠢᠨ ᠳᠦᠷᠢᠮ ᠪᠠ ᠲᠣᠭᠲᠠᠴᠠ ᠶᠢ ᠪᠦᠷᠢᠨᠰᠢᠭᠦᠯᠦᠨ᠂ ᠦᠨᠳᠦᠰᠦᠨ ᠬᠠᠤᠯᠢ ᠶᠢᠨ | ᠬᠡᠷᠡᠭᠵᠢᠭᠦᠯᠦᠯᠲᠡ ᠶᠢ ᠨᠡᠩ ᠪᠦᠲᠦᠮᠵᠢᠲᠡᠢ ᠪᠣᠯᠭᠠᠪᠠ᠃ ᠦᠨᠳᠦᠰᠦᠨ ᠬᠠᠤᠯᠢ ᠶᠢᠨ ᠬᠢᠨᠠᠯᠲᠠ ᠲᠠᠯᠪᠢᠬᠤ ᠳᠦᠷᠢᠮ ᠢ | ᠲᠡᠭᠦᠯᠳᠡᠷᠵᠢᠭᠦᠯᠵᠦ᠂ ᠦᠨᠳᠦᠰᠦᠨ ᠬᠠᠤᠯᠢ ᠳᠤ ᠨᠡᠶᠢᠴᠡᠭᠦ ᠴᠢᠨᠠᠷᠲᠠᠢ ᠬᠢᠨᠠᠨ ᠪᠠᠶᠢᠴᠠᠭᠠᠬᠤ᠂ ᠲᠠᠩᠰᠠᠯᠠᠵᠤ ᠬᠢᠨᠠᠨ | ᠪᠠᠶᠢᠴᠠᠭᠠᠬᠤ ᠳᠦᠷᠢᠮ ᠪᠠ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠬᠠᠤᠯᠢ ᠶᠢᠨ ᠬᠢᠨᠠᠯᠲᠠ | ᠲᠠᠯᠪᠢᠬᠤ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠪᠡ᠃ ᠤᠯᠤᠰ ᠤᠨ ᠦᠨᠳᠦᠰᠦᠨ ᠬᠠᠤᠯᠢ ᠶᠢᠨ ᠡᠳᠦᠷ ᠢ | ᠲᠣᠭᠲᠠᠭᠠᠵᠤ᠂ ᠦᠨᠳᠦᠰᠦᠨ ᠬᠠᠤᠯᠢ ᠳᠤ ᠲᠠᠩᠭᠠᠷᠢᠭᠯᠠᠬᠤ ᠳᠦᠷᠢᠮ ᠢ ᠪᠠᠶᠢᠭᠤᠯᠤᠨ᠂ ᠦᠨᠳᠦᠰᠦᠨ ᠬᠠᠤᠯᠢ ᠶᠢᠨ | ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠪᠦᠭᠦ ᠨᠡᠶᠢᠭᠡᠮ ᠤᠨ ᠦᠨᠳᠦᠰᠦᠨ ᠬᠠᠤᠯᠢ ᠶᠢᠨ ᠤᠬᠠᠮᠰᠠᠷ | ᠪᠠ ᠬᠠᠤᠯᠢ ᠪᠠᠷ ᠵᠠᠰᠠᠬᠤ ᠦᠵᠡᠯᠲᠡ ᠶᠢ ᠢᠯᠡᠳᠲᠡ ᠴᠢᠩᠭᠠᠳᠬᠠᠪᠠ᠃ ᠦᠨᠳᠦᠰᠦᠨ ᠬᠠᠤᠯᠢ ᠪᠠ ᠦᠨᠳᠦᠰᠦ ᠪᠤᠯᠬᠤ | ᠬᠠᠤᠯᠢ ᠶᠣᠰᠣᠭᠠᠷ ᠣᠨᠴᠠᠭᠠᠢ ᠵᠠᠰᠠᠭ ᠵᠠᠬᠢᠷᠭᠠᠨ ᠤ ᠣᠷᠣᠨ ᠳᠠᠬᠢ ᠪᠦᠭᠦ ᠲᠠᠯ᠎ᠠ ᠪᠠᠷ ᠬᠠᠮᠢᠶᠠᠷᠤᠨ ᠵᠠᠰᠠᠬᠤ ᠡᠷᠬᠡ ᠶᠢ | ᠪᠦᠲᠦᠮᠵᠢᠲᠡᠢ ᠬᠡᠷᠡᠭᠵᠢᠭᠦᠯᠵᠦ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠤᠯᠤᠰ ᠤᠨ ᠠᠮᠤᠷ | ᠲᠦᠪᠰᠢᠨ ᠢ ᠬᠠᠮᠠᠭᠠᠯᠠᠬᠤ ᠬᠠᠤᠯᠢ ᠶᠢ ᠲᠣᠭᠲᠠᠭᠠᠨ ᠬᠡᠷᠡᠭᠵᠢᠭᠦᠯᠵᠦ᠂ ︽ᠨᠢᠭᠡ ᠤᠯᠤᠰ ᠲᠤ ᠬᠤᠶᠠᠷ ᠪᠠᠶᠢᠭᠤᠯᠤᠯ ᠢ | ᠬᠡᠷᠡᠭᠵᠢᠭᠦᠯᠬᠦ︾ ᠦᠢᠯᠡᠳᠦᠯᠭᠡ ᠶᠢᠨ ᠬᠠᠤᠯᠢᠵᠢᠯ ᠤᠨ ᠪᠠᠲᠤᠯᠠᠭ᠎ᠠ ᠶᠢ ᠨᠡᠩ ᠬᠦᠴᠦᠲᠡᠢ ᠪᠣᠯᠭᠠᠪᠠ᠃ | ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠮᠠᠨ ᠤ ᠤᠯᠤᠰ ᠤᠨ ᠦᠨᠳᠦᠰᠦᠨ ᠬᠠᠤᠯᠢ ᠶᠢᠨ ᠳᠦᠷᠢᠮ ᠤᠨ | ᠪᠠᠶᠢᠭᠤᠯᠤᠯᠲᠠ ᠪᠣᠯᠣᠨ ᠦᠨᠳᠦᠰᠦᠨ ᠬᠠᠤᠯᠢ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠴᠢᠬᠤᠯᠠ ᠶᠡᠭᠡ | ᠦᠷ᠎ᠡ ᠪᠦᠲᠦᠮᠵᠢ ᠣᠯᠵᠤ᠂ ᠪᠦᠭᠦ ᠨᠠᠮ ᠪᠦᠭᠦ ᠨᠡᠶᠢᠭᠡᠮ ᠤᠨ ᠦᠨᠳᠦᠰᠦᠨ ᠬᠠᠤᠯᠢ ᠶᠢᠨ ᠤᠬᠠᠮᠰᠠᠷ ᠢᠯᠡᠳᠲᠡ | ᠳᠡᠭᠡᠭᠰᠢᠯᠡᠵᠦ᠂ ᠨᠡᠶᠢᠭᠡᠮ ᠵᠢᠷᠤᠮ ᠤᠨ ᠬᠠᠤᠯᠢᠵᠢᠯ ᠤᠨ ᠪᠠᠶᠢᠭᠤᠯᠤᠯᠲᠠ ᠪᠠᠶᠠᠯᠢᠭ ᠦᠷ᠎ᠡ ᠪᠦᠲᠦᠭᠡᠯ ᠣᠯᠣᠭᠰᠠᠨ ᠢ | ᠪᠣᠳᠠᠲᠤ ᠪᠠᠶᠢᠳᠠᠯ ᠭᠡᠷᠡᠴᠢᠯᠡᠭᠰᠡᠨ ᠪᠠᠶᠢᠨ᠎ᠠ᠃ | | ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ | ᠠᠬᠢᠴᠠ ᠳᠤᠮᠳᠠ᠂ ᠮᠠᠨ ᠤ ᠨᠠᠮ ᠲᠡᠦᠬᠡ ᠶᠢᠨ ᠲᠤᠷᠰᠢᠯᠭ᠎ᠠ ᠪᠠᠨ ᠳ᠋ᠦᠩᠨᠡᠨ ᠬᠡᠷᠡᠭᠯᠡᠵᠦ᠂ ᠦᠨᠳᠦᠰᠦᠨ ᠬᠠᠤᠯᠢ ᠶᠢ | ᠪᠦᠭᠦ ᠲᠠᠯ᠎ᠠ ᠪᠠᠷ ᠲᠤᠭᠤᠰᠢᠯᠠᠭᠤᠯᠤᠨ ᠬᠡᠷᠡᠭᠵᠢᠭᠦᠯᠵᠦ᠂ ᠦᠨᠳᠦᠰᠦᠨ ᠬᠠᠤᠯᠢ ᠶᠢᠨ ᠤᠨᠤᠯ ᠪᠣᠯᠣᠨ ᠦᠨᠳᠦᠰᠦᠨ | ᠬᠠᠤᠯᠢ ᠶᠢᠨ ᠦᠢᠯᠡᠳᠦᠯᠭᠡ ᠶᠢᠨ ᠰᠢᠨ᠎ᠡ ᠶᠢ ᠡᠭᠦᠳᠭᠦ ᠶᠢ ᠵᠣᠷᠢᠭᠲᠠᠢ ᠠᠬᠢᠭᠤᠯᠵᠤ᠂ ᠮᠠᠰᠢ ᠤᠯᠠᠨ ᠰᠢᠨ᠎ᠡ | ᠲᠤᠷᠰᠢᠯᠭ᠎ᠠ ᠶᠢ ᠬᠤᠷᠠᠮᠳᠤᠭᠤᠯᠵᠤ᠂ ᠮᠠᠨ ᠤ ᠤᠯᠤᠰ ᠤᠨ ᠦᠨᠳᠦᠰᠦᠨ ᠬᠠᠤᠯᠢ ᠶᠢᠨ ᠳᠦᠷᠢᠮ ᠤᠨ | ᠪᠠᠶᠢᠭᠤᠯᠤᠯᠲᠠ ᠶᠢᠨ ᠲᠤᠬᠠᠢ ᠵᠢᠮ᠎ᠡ ᠶᠣᠰᠣᠴᠢ ᠴᠢᠨᠠᠷᠲᠠᠢ ᠲᠠᠨᠢᠯᠲᠠ ᠪᠠᠨ ᠭᠦᠨᠵᠡᠭᠡᠶᠢᠷᠡᠭᠦᠯᠪᠡ᠃ | ᠨᠢᠭᠡ ᠳᠤ ᠡᠷᠬᠡᠪᠰᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠬᠡᠷᠡᠭᠲᠡᠢ᠃ | ᠮᠠᠨ ᠤ ᠤᠯᠤᠰ ᠤᠨ ᠦᠨᠳᠦᠰᠦᠨ ᠬᠠᠤᠯᠢ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠬᠤ ᠪᠠᠶᠢᠷᠢ | ᠰᠠᠭᠤᠷᠢ ᠶᠢ ᠲᠣᠭᠲᠠᠭᠠᠭᠰᠠᠨ ᠪᠠᠶᠢᠨ᠎ᠠ᠂ ᠡᠨᠡ ᠪᠣᠯ ᠮᠠᠨ ᠤ ᠤᠯᠤᠰ ᠤᠨ ᠦᠨᠳᠦᠰᠦᠨ ᠬᠠᠤᠯᠢ ᠶᠢᠨ ᠬᠠᠮᠤᠭ ᠤᠨ | ᠢᠯᠡᠷᠬᠡᠢ ᠣᠨᠴᠠᠯᠢᠭ ᠮᠥᠨ᠂ ᠪᠠᠰᠠ ᠴᠤ ᠮᠠᠨ ᠤ ᠤᠯᠤᠰ ᠤᠨ ᠦᠨᠳᠦᠰᠦᠨ ᠬᠠᠤᠯᠢ ᠶᠢ ᠪᠦᠭᠦ ᠲᠠᠯ᠎ᠠ ᠪᠠᠷ | ᠲᠤᠭᠤᠰᠢᠯᠠᠭᠤᠯᠤᠨ ᠬᠡᠷᠡᠭᠵᠢᠭᠦᠯᠬᠦ ᠦᠨᠳᠦᠰᠦᠨ ᠪᠠᠲᠤᠯᠠᠭ᠎ᠠ ᠮᠥᠨ᠃ ᠭᠠᠭᠴᠠ ᠬᠦ ᠳᠤᠮᠳᠠᠳᠤ ᠤᠯᠤᠰ ᠤᠨ ᠡᠪ | ᠬᠠᠮᠲᠤ ᠨᠠᠮ ᠰᠠᠶ᠋ᠢ ᠨᠡᠶᠢᠲᠡ ᠶᠢᠨ ᠲᠥᠯᠥᠭᠡ ᠨᠠᠮ ᠪᠠᠶᠢᠭᠤᠯᠵᠤ᠂ ᠠᠷᠠᠳ ᠤᠨ ᠲᠥᠯᠥᠭᠡ ᠵᠠᠰᠠᠭ ᠪᠠᠷᠢᠬᠤ ᠶᠢ | ᠪᠠᠷᠢᠮᠲᠠᠯᠠᠵᠤ᠂ ᠠᠷᠠᠳᠴᠢᠯᠠᠯ ᠢ ᠭᠦᠢᠴᠡᠳ ᠪᠠᠳᠠᠷᠠᠭᠤᠯᠤᠨ᠂ ᠠᠷᠠᠳ ᠲᠦᠮᠡᠨ ᠢ ᠤᠳᠤᠷᠢᠳᠤᠨ ᠠᠷᠠᠳ ᠲᠦᠮᠡᠨ ᠤ | ᠬᠦᠰᠡᠯ ᠵᠣᠷᠢᠭ ᠢ ᠢᠯᠡᠷᠡᠭᠦᠯᠦᠭᠰᠡᠨ ᠦᠨᠳᠦᠰᠦᠨ ᠬᠠᠤᠯᠢ ᠶᠢ ᠲᠣᠭᠲᠠᠭᠠᠵᠤ᠂ ᠠᠷᠠᠳ ᠲᠦᠮᠡᠨ ᠢ ᠤᠳᠤᠷᠢᠳᠤᠨ | ᠦᠨᠳᠦᠰᠦᠨ ᠬᠠᠤᠯᠢ ᠶᠢ ᠬᠡᠷᠡᠭᠵᠢᠭᠦᠯᠵᠦ᠂ ᠮᠠᠨ ᠤ ᠤᠯᠤᠰ ᠤᠨ ᠦᠨᠳᠦᠰᠦᠨ ᠬᠠᠤᠯᠢ ᠶᠢᠨ ᠬᠥᠭᠵᠢᠯᠲᠡ ᠶᠢᠨ ᠤᠯᠤᠰ | ᠲᠦᠷᠦ ᠶᠢᠨ ᠵᠥᠪ ᠴᠢᠭᠯᠡᠯ ᠢ ᠦᠨᠡᠨ ᠬᠦ ᠪᠠᠲᠤᠯᠠᠵᠤ ᠴᠢᠳᠠᠨ᠎ᠠ᠃ | ᠬᠤᠶᠠᠷ ᠲᠤ ᠡᠷᠬᠡᠪᠰᠢ ᠠᠷᠠᠳ ᠲᠦᠮᠡᠨ ᠡᠵᠡᠨ ᠰᠠᠭᠤᠵᠤ ᠡᠷᠬᠡ ᠮᠡᠳᠡᠭᠦ ᠶᠢ ᠪᠠᠷᠢᠮᠲᠠᠯᠠᠬᠤ ᠬᠡᠷᠡᠭᠲᠡᠢ᠃ | ᠨᠠᠮ ᠠᠴᠠ ᠠᠷᠠᠳ ᠲᠦᠮᠡᠨ ᠢ ᠤᠳᠤᠷᠢᠳᠤᠨ ᠦᠨᠳᠦᠰᠦᠨ ᠬᠠᠤᠯᠢ ᠶᠢ ᠲᠣᠭᠲᠠᠭᠠᠨ ᠬᠡᠷᠡᠭᠵᠢᠭᠦᠯᠬᠦ ᠬᠠᠮᠤᠭ ᠤᠨ | ᠦᠨᠳᠦᠰᠦᠨ ᠵᠣᠷᠢᠯᠭ᠎ᠠ ᠪᠣᠯ ᠠᠷᠠᠳ ᠲᠦᠮᠡᠨ ᠤ ᠠᠰᠢᠭ ᠲᠤᠰᠠ ᠶᠢ ᠬᠠᠮᠠᠭᠠᠯᠠᠵᠤ᠂ ᠠᠷᠠᠳ ᠲᠦᠮᠡᠨ ᠤ ᠬᠦᠰᠡᠯ | ᠰᠠᠨᠠᠭ᠎ᠠ ᠶᠢ ᠲᠤᠰᠬᠠᠨ᠂ ᠠᠷᠠᠳ ᠲᠦᠮᠡᠨ ᠤ ᠡᠷᠬᠡ ᠠᠰᠢᠭ ᠢ ᠪᠠᠲᠤᠯᠠᠵᠤ᠂ ᠠᠷᠠᠳ ᠲᠦᠮᠡᠨ ᠤ ᠪᠤᠶᠠᠨ ᠵᠢᠷᠭᠠᠯ ᠢ | ᠨᠡᠮᠡᠭᠳᠡᠭᠦᠯᠬᠦ ᠶᠢᠨ ᠲᠥᠯᠥᠭᠡ ᠶᠤᠮ᠃ ᠭᠠᠭᠴᠠ ᠬᠦ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ | ᠡᠷᠬᠡ ᠮᠡᠳᠡᠭᠦ᠂ ᠬᠠᠤᠯᠢ ᠪᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠬᠡᠬᠦ ᠶᠢ ᠪᠠᠷᠢᠮᠲᠠᠯᠠᠵᠤ᠂ ᠪᠦᠭᠦ | ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠦᠨ᠂ ᠠᠷᠠᠳ ᠲᠦᠮᠡᠨ ᠢᠶᠠᠷ ᠭᠤᠣᠯ ᠪᠤᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠬᠠᠤᠯᠢ ᠲᠣᠭᠲᠠᠭᠠᠬᠤ᠂ ᠬᠠᠤᠯᠢ ᠬᠡᠷᠡᠭᠵᠢᠭᠦᠯᠬᠦ᠂ ᠬᠠᠤᠯᠢ ᠪᠠᠷᠢᠬᠤ᠂ | ᠬᠠᠤᠯᠢ ᠶᠢ ᠰᠠᠬᠢᠬᠤ ᠡᠯ᠎ᠡ ᠭᠤᠭᠴᠤᠭ᠎ᠠ ᠳᠤ ᠲᠤᠭᠤᠰᠢᠯᠠᠭᠤᠯᠵᠤ᠂ ᠡᠷᠬᠡ ᠶᠢᠨ ᠲᠥᠪ ᠭᠤᠣᠯᠴᠢ᠂ ᠠᠵᠠ | ᠲᠣᠭᠢᠶᠠᠯ ᠤᠨ ᠲᠥᠪ ᠭᠤᠣᠯᠴᠢ᠂ ᠳᠦᠷᠢᠮ ᠤᠨ ᠲᠥᠪ ᠭᠤᠣᠯᠴᠢ ᠶᠢ ᠢᠯᠡᠷᠡᠭᠦᠯᠭᠦ ᠬᠠᠤᠯᠢ ᠴᠠᠭᠠᠵᠠ ᠶᠢᠨ ᠳᠦᠷᠢᠮ ᠢ | ᠲᠦᠷᠭᠡᠨ ᠢᠶᠠᠷ ᠲᠡᠭᠦᠯᠳᠡᠷᠵᠢᠭᠦᠯᠵᠦ᠂ ᠠᠷᠠᠳ ᠢᠷᠭᠡᠨ ᠤ ᠪᠡᠶ᠎ᠡ ᠶᠢᠨ ᠡᠷᠬᠡ᠂ ᠡᠳ᠋ ᠬᠥᠷᠥᠩᠭᠡ ᠶᠢᠨ ᠡᠷᠬᠡ᠂ | ᠬᠥᠮᠥᠨ ᠤ ᠨᠡᠷ᠎ᠡ ᠬᠦᠨᠳᠦ ᠶᠢᠨ ᠡᠷᠬᠡ ᠪᠠ ᠦᠨᠳᠦᠰᠦᠨ ᠤᠯᠤᠰ ᠲᠦᠷᠦ ᠶᠢᠨ ᠡᠷᠬᠡ ᠶᠢᠨ ᠬᠠᠯᠳᠠᠯᠭ᠎ᠠ ᠳᠤ ᠤᠴᠠᠷᠠᠬᠤ | ᠦᠭᠡᠢ ᠪᠠᠶᠢᠬᠤ ᠶᠢ ᠪᠠᠲᠤᠯᠠᠵᠤ᠂ ᠠᠷᠠᠳ ᠢᠷᠭᠡᠨ ᠤ ᠠᠵᠤ ᠠᠬᠤᠢ᠂ ᠰᠣᠶᠣᠯ᠂ ᠨᠡᠶᠢᠭᠡᠮ ᠵᠡᠷᠭᠡ ᠡᠯ᠎ᠡ ᠲᠠᠯ᠎ᠠ ᠶᠢᠨ | ᠡᠷᠬᠡ ᠶᠢ ᠨᠠᠶᠢᠳᠠᠪᠤᠷᠢᠵᠢᠭᠤᠯᠬᠤ ᠶᠢ ᠪᠠᠲᠤᠯᠠᠪᠠᠯ ᠰᠠᠶ᠋ᠢ ᠬᠠᠤᠯᠢ ᠴᠠᠭᠠᠵᠠ ᠶᠢᠨ ᠡᠮᠦᠨ᠎ᠡ ᠬᠥᠮᠥᠨ ᠪᠦᠭᠦᠨ ᠡᠷᠬᠡ ᠲᠡᠭᠰᠢ | ᠪᠠᠶᠢᠬᠤ ᠶᠢ ᠦᠨᠡᠨ ᠬᠦ ᠪᠠᠲᠤᠯᠠᠵᠤ ᠴᠢᠳᠠᠨ᠎ᠠ᠃ | ᠭᠤᠷᠪᠠ ᠳᠤ ᠡᠷᠬᠡᠪᠰᠢ ᠦᠨᠳᠦᠰᠦᠨ ᠬᠠᠤᠯᠢ ᠪᠠᠷ ᠤᠯᠤᠰ ᠢᠶᠠᠨ ᠵᠠᠰᠠᠵᠤ᠂ ᠦᠨᠳᠦᠰᠦᠨ ᠬᠠᠤᠯᠢ ᠪᠠᠷ ᠲᠦᠷᠦ | ᠪᠠᠷᠢᠬᠤ ᠶᠢ ᠪᠠᠷᠢᠮᠲᠠᠯᠠᠬᠤ ᠬᠡᠷᠡᠭᠲᠡᠢ᠃ ᠮᠠᠨ ᠤ ᠤᠯᠤᠰ ᠤᠨ ᠦᠨᠳᠦᠰᠦᠨ ᠬᠠᠤᠯᠢ ᠪᠣᠯ ᠮᠠᠨ ᠤ ᠨᠠᠮ ᠤᠨ ᠤᠷᠳᠤ | ᠬᠤᠭᠤᠴᠠᠭ᠎ᠠ ᠪᠠᠷ ᠲᠦᠷᠦ ᠪᠠᠷᠢᠬᠤ ᠦᠨᠳᠦᠰᠦᠨ ᠬᠠᠤᠯᠢ ᠴᠠᠭᠠᠵᠠ ᠶᠢᠨ ᠦᠨᠳᠦᠰᠦᠯᠡᠯ ᠮᠥᠨ᠃ ᠭᠠᠭᠴᠠ ᠬᠦ | ᠦᠨᠳᠦᠰᠦᠨ ᠬᠠᠤᠯᠢ ᠪᠠᠷ ᠤᠯᠤᠰ ᠢᠶᠠᠨ ᠵᠠᠰᠠᠬᠤ᠂ ᠦᠨᠳᠦᠰᠦᠨ ᠬᠠᠤᠯᠢ ᠪᠠᠷ ᠲᠦᠷᠦ ᠪᠠᠷᠢᠬᠤ ᠶᠢ ᠪᠠᠷᠢᠮᠲᠠᠯᠠᠵᠤ᠂ | ᠨᠠᠮ ᠤᠨ ᠪᠦᠭᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠪᠣᠯᠣᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ᠂ ᠬᠢᠨᠠᠨ | ᠪᠠᠶᠢᠴᠠᠭᠠᠬᠤ ᠪᠠᠶᠢᠭᠤᠯᠭ᠎ᠠ᠂ ᠰᠢᠭᠦᠨ ᠲᠠᠰᠤᠯᠬᠤ ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠶᠣᠰᠣᠭᠠᠷ | ᠳᠦᠷᠢᠮ ᠶᠣᠰᠣᠭᠠᠷ ᠡᠭᠦᠷᠭᠡ ᠴᠢᠳᠠᠪᠤᠷᠢ ᠪᠠᠨ ᠭᠦᠢᠴᠡᠳᠬᠡᠬᠦ᠂ ᠠᠵᠢᠯ ᠢᠶᠠᠨ ᠥᠷᠨᠢᠭᠦᠯᠬᠦ ᠶᠢ ᠨᠢᠭᠡᠳᠬᠡᠵᠦ᠂ ᠨᠠᠮ ᠤᠨ | ᠠᠷᠠᠳ ᠲᠦᠮᠡᠨ ᠢ ᠤᠳᠤᠷᠢᠳᠤᠨ ᠦᠨᠳᠦᠰᠦᠨ ᠬᠠᠤᠯᠢ ᠬᠠᠤᠯᠢ ᠴᠠᠭᠠᠵᠠ ᠶᠢ ᠲᠣᠭᠲᠠᠭᠠᠨ ᠬᠡᠷᠡᠭᠵᠢᠭᠦᠯᠬᠦ ᠪᠣᠯᠣᠨ | ᠨᠠᠮ ᠤᠨ ᠦᠨᠳᠦᠰᠦᠨ ᠬᠠᠤᠯᠢ ᠬᠠᠤᠯᠢ ᠴᠠᠭᠠᠵᠠ ᠶᠢᠨ ᠬᠡᠪᠴᠢᠶᠡᠨ ᠳᠤ ᠠᠵᠢᠯᠯᠠᠭ᠎ᠠ ᠬᠢᠬᠦ ᠶᠢ ᠪᠠᠷᠢᠮᠲᠠᠯᠠᠬᠤ ᠶᠢ | ᠨᠢᠭᠡᠳᠬᠡᠪᠡᠯ ᠰᠠᠶ᠋ᠢ ᠨᠠᠮ ᠠᠴᠠ ᠠᠷᠠᠳ ᠲᠦᠮᠡᠨ ᠢ ᠤᠳᠤᠷᠢᠳᠤᠨ ᠬᠠᠤᠯᠢ ᠶᠣᠰᠣᠭᠠᠷ ᠪᠦᠲᠦᠮᠵᠢᠲᠡᠢ ᠪᠠᠷ ᠤᠯᠤᠰ ᠢᠶᠠᠨ | ᠵᠠᠰᠠᠬᠤ ᠶᠢ ᠪᠠᠲᠤᠯᠠᠵᠤ ᠴᠢᠳᠠᠨ᠎ᠠ᠃ | ᠳᠥᠷᠪᠡ ᠳᠤ ᠡᠷᠬᠡᠪᠰᠢ ᠦᠨᠳᠦᠰᠦᠨ ᠬᠠᠤᠯᠢ ᠶᠢᠨ ᠤᠯᠤᠰ ᠤᠨ ᠦᠨᠳᠦᠰᠦ ᠪᠤᠯᠬᠤ ᠬᠠᠤᠯᠢ ᠶᠢᠨ ᠪᠠᠶᠢᠷᠢ | ᠰᠠᠭᠤᠷᠢ ᠶᠢ ᠪᠠᠷᠢᠮᠲᠠᠯᠠᠬᠤ ᠬᠡᠷᠡᠭᠲᠡᠢ᠃ ᠦᠨᠳᠦᠰᠦᠨ ᠬᠠᠤᠯᠢ ᠨᠢ ᠨᠠᠮ ᠪᠣᠯᠣᠨ ᠠᠷᠠᠳ ᠲᠦᠮᠡᠨ ᠤ ᠨᠢᠭᠡᠳᠦᠯᠲᠡᠢ | ᠵᠣᠷᠢᠭ ᠰᠠᠨᠠᠭ᠎ᠠ ᠪᠣᠯᠣᠨ ᠬᠠᠮᠲᠤ ᠶᠢᠨ ᠬᠦᠰᠡᠯ ᠡᠷᠡᠮᠡᠯᠵᠡᠯ ᠢ ᠲᠥᠪᠯᠡᠷᠡᠩᠭᠦᠢ ᠢᠯᠡᠷᠡᠭᠦᠯᠵᠦ᠂ ᠤᠯᠤᠰ ᠤᠨ ᠵᠣᠷᠢᠭ | ᠰᠠᠨᠠᠭᠠᠨ ᠤ ᠬᠠᠮᠤᠭ ᠤᠨ ᠳᠡᠭᠡᠳᠦ ᠢᠯᠡᠷᠡᠯ ᠤᠨ ᠭᠡᠯᠪᠡᠷᠢ ᠪᠠᠶᠢᠵᠤ᠂ ᠦᠨᠳᠦᠰᠦᠨ ᠴᠢᠨᠠᠷ᠂ ᠪᠦᠭᠦ ᠲᠠᠯᠠᠲᠤ ᠴᠢᠨᠠᠷ᠂ | ᠲᠣᠭᠲᠠᠪᠤᠷᠢᠲᠤ ᠴᠢᠨᠠᠷ᠂ ᠤᠷᠳᠤ ᠬᠤᠭᠤᠴᠠᠭᠠᠲᠤ ᠴᠢᠨᠠᠷ ᠲᠠᠢ ᠶᠤᠮ᠃ ᠦᠨᠳᠦᠰᠦᠨ ᠬᠠᠤᠯᠢ ᠳᠤ ᠤᠯᠤᠰ ᠤᠨ | ᠴᠢᠬᠤᠯᠠ ᠶᠡᠭᠡ ᠪᠠᠶᠢᠭᠤᠯᠤᠯ ᠪᠣᠯᠣᠨ ᠴᠢᠬᠤᠯᠠ ᠶᠡᠭᠡ ᠶᠠᠪᠤᠳᠠᠯ ᠢ ᠲᠣᠭᠲᠠᠭᠠᠵᠤ᠂ ᠤᠯᠤᠰ ᠪᠣᠯᠣᠨ ᠨᠡᠶᠢᠭᠡᠮ ᠤᠨ | ᠠᠮᠢᠳᠤᠷᠠᠯ ᠳᠤᠮᠳᠠ ᠶᠡᠷᠦᠩᠬᠡᠶᠢᠯᠡᠭᠰᠡᠨ ᠴᠢᠨᠠᠷ᠂ ᠵᠠᠷᠴᠢᠮᠲᠤ ᠴᠢᠨᠠᠷ᠂ ᠬᠥᠲᠥᠯᠪᠦᠷᠢ ᠶᠢᠨ ᠴᠢᠨᠠᠷ᠂ ᠴᠢᠭᠯᠡᠭᠦᠯᠦᠯᠲᠦ | ᠴᠢᠨᠠᠷ ᠲᠠᠢ ᠶᠤᠮ᠃ ᠦᠨᠳᠦᠰᠦᠨ ᠬᠠᠤᠯᠢ ᠪᠣᠯ ᠤᠯᠤᠰ ᠤᠨ ᠠᠯᠢᠪᠠ ᠬᠠᠤᠯᠢ ᠴᠠᠭᠠᠵᠠ ᠬᠠᠤᠯᠢ ᠲᠣᠭᠲᠠᠭᠠᠯ ᠤᠨ | ᠶᠡᠷᠦᠩᠬᠡᠢ ᠦᠨᠳᠦᠰᠦᠯᠡᠯ᠂ ᠶᠡᠷᠦᠩᠬᠡᠢ ᠡᠬᠢ ᠰᠤᠷᠪᠤᠯᠵᠢ ᠮᠥᠨ᠂ ᠬᠠᠮᠤᠭ ᠤᠨ ᠳᠡᠭᠡᠳᠦ ᠬᠠᠤᠯᠢ ᠴᠠᠭᠠᠵᠠ ᠶᠢᠨ | ᠪᠠᠶᠢᠷᠢ ᠰᠠᠭᠤᠷᠢ᠂ ᠬᠠᠤᠯᠢ ᠴᠠᠭᠠᠵᠠ ᠶᠢᠨ ᠡᠷᠬᠡ ᠰᠦᠷ᠂ ᠬᠠᠤᠯᠢ ᠴᠠᠭᠠᠵᠠ ᠶᠢᠨ ᠬᠦᠴᠦᠨ ᠲᠠᠢ ᠶᠤᠮ᠃ ᠭᠠᠭᠴᠠ | ᠬᠦ ᠦᠨᠳᠦᠰᠦᠨ ᠬᠠᠤᠯᠢ ᠨᠢ ᠤᠯᠤᠰ ᠤᠨ ᠦᠨᠳᠦᠰᠦ ᠪᠤᠯᠬᠤ ᠬᠠᠤᠯᠢ ᠶᠢᠨ ᠪᠠᠶᠢᠷᠢ ᠰᠠᠭᠤᠷᠢ ᠶᠢ ᠪᠠᠷᠢᠮᠲᠠᠯᠠᠵᠤ᠂ | ᠦᠨᠳᠦᠰᠦᠨ ᠬᠠᠤᠯᠢ ᠶᠢᠨ ᠲᠣᠭᠲᠠᠭᠠᠯ᠂ ᠵᠠᠷᠴᠢᠮ᠂ ᠵᠣᠷᠢᠭ ᠰᠠᠨᠠᠭ᠎ᠠ ᠶᠢ ᠡᠷᠡᠰ ᠬᠠᠮᠠᠭᠠᠯᠠᠨ ᠲᠤᠭᠤᠰᠢᠯᠠᠭᠤᠯᠪᠠᠯ ᠰᠠᠶ᠋ᠢ | ᠤᠯᠤᠰ ᠤᠨ ᠨᠢᠭᠡᠳᠦᠯ᠂ ᠬᠠᠤᠯᠢ ᠳᠦᠷᠢᠮ ᠤᠨ ᠨᠢᠭᠡᠳᠦᠯ᠂ ᠵᠠᠰᠠᠭ ᠤᠨ ᠵᠠᠷᠯᠢᠭ ᠤᠨ ᠨᠢᠭᠡᠳᠦᠯ ᠢ ᠪᠠᠲᠤᠯᠠᠵᠤ ᠴᠢᠳᠠᠨ᠎ᠠ | ᠃ | ᠲᠠᠪᠤ ᠳᠤ ᠡᠷᠬᠡᠪᠰᠢ ᠦᠨᠳᠦᠰᠦᠨ ᠬᠠᠤᠯᠢ ᠶᠢᠨ ᠬᠡᠷᠡᠭᠵᠢᠭᠦᠯᠦᠯᠲᠡ ᠬᠢᠭᠡᠳ ᠬᠢᠨᠠᠯᠲᠠ ᠶᠢ ᠳᠦᠷᠢᠮᠵᠢᠭᠦᠯᠬᠦ ᠪᠠ | ᠬᠠᠤᠯᠢᠵᠢᠭᠤᠯᠬᠤ ᠶᠢ ᠪᠠᠷᠢᠮᠲᠠᠯᠠᠬᠤ ᠬᠡᠷᠡᠭᠲᠡᠢ᠃ ᠦᠨᠳᠦᠰᠦᠨ ᠬᠠᠤᠯᠢ ᠶᠢᠨ ᠠᠮᠢ ᠨᠠᠰᠤ ᠨᠢ ᠬᠡᠷᠡᠭᠵᠢᠭᠦᠯᠬᠦ ᠳᠤ ᠪᠤᠢ᠂ | ᠦᠨᠳᠦᠰᠦᠨ ᠬᠠᠤᠯᠢ ᠶᠢᠨ ᠡᠷᠬᠡ ᠰᠦᠷ ᠨᠢ ᠴᠦ ᠬᠡᠷᠡᠭᠵᠢᠭᠦᠯᠬᠦ ᠳᠤ ᠪᠤᠢ᠃ ᠡᠷᠬᠡᠪᠰᠢ ᠰᠢᠨᠵᠢᠯᠡᠬᠦ ᠤᠬᠠᠭᠠᠨᠴᠢ | ᠪᠦᠲᠦᠮᠵᠢᠲᠡᠢ᠂ ᠰᠢᠰᠲ᠋ᠧᠮ ᠲᠠᠢ ᠪᠦᠷᠢᠨ ᠲᠡᠭᠦᠯᠳᠡᠷ ᠳᠦᠷᠢᠮ ᠬᠠᠤᠯᠢ ᠲᠣᠭᠲᠠᠭᠠᠯ ᠤᠨ ᠰᠢᠰᠲ᠋ᠧᠮ ᠢᠶᠠᠷ ᠦᠨᠳᠦᠰᠦᠨ | ᠬᠠᠤᠯᠢ ᠶᠢ ᠬᠡᠷᠡᠭᠵᠢᠭᠦᠯᠬᠦ ᠶᠢ ᠪᠠᠲᠤᠯᠠᠵᠤ᠂ ᠪᠦᠷᠢᠨ ᠲᠡᠭᠦᠯᠳᠡᠷ ᠬᠠᠤᠯᠢ ᠴᠠᠭᠠᠵᠠ ᠶᠢᠨ ᠵᠢᠷᠤᠮᠵᠢᠯ ᠤᠨ ᠰᠢᠰᠲ᠋ᠧᠮ᠂ | ᠥᠨᠳᠥᠷ ᠪᠦᠲᠦᠮᠵᠢᠲᠡᠢ ᠬᠠᠤᠯᠢᠵᠢᠯ ᠤᠨ ᠬᠡᠷᠡᠭᠵᠢᠭᠦᠯᠬᠦ ᠰᠢᠰᠲ᠋ᠧᠮ᠂ ᠨᠢᠭᠲᠠ ᠴᠢᠩᠭ᠎ᠠ ᠬᠠᠤᠯᠢᠵᠢᠯ ᠤᠨ ᠬᠢᠨᠠᠯᠲᠠ ᠶᠢᠨ | ᠰᠢᠰᠲ᠋ᠧᠮ᠂ ᠬᠦᠴᠦᠲᠡᠢ ᠬᠠᠤᠯᠢᠵᠢᠯ ᠤᠨ ᠪᠠᠲᠤᠯᠠᠭ᠎ᠠ ᠶᠢᠨ ᠰᠢᠰᠲ᠋ᠧᠮ ᠢ ᠪᠤᠢ ᠪᠤᠯᠭᠠᠵᠤ᠂ ᠨᠠᠮ ᠤᠨ ᠳᠣᠲᠣᠭᠠᠳᠤ ᠶᠢᠨ | ᠪᠦᠷᠢᠨ ᠲᠡᠭᠦᠯᠳᠡᠷ ᠬᠠᠤᠯᠢ ᠲᠣᠭᠲᠠᠭᠠᠯ ᠤᠨ ᠰᠢᠰᠲ᠋ᠧᠮ ᠢ ᠪᠤᠢ ᠪᠤᠯᠭᠠᠵᠤ᠂ ᠦᠨᠳᠦᠰᠦᠨ ᠬᠠᠤᠯᠢ ᠶᠢᠨ ᠬᠢᠨᠠᠯᠲᠠ ᠶᠢ | ᠴᠢᠩᠭᠠᠳᠬᠠᠵᠤ᠂ ᠬᠠᠤᠯᠢᠵᠢᠯ ᠤᠨ ᠵᠠᠮ ᠳᠡᠭᠡᠷ᠎ᠡ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠲᠦᠭᠡᠨ | ᠪᠠᠶᠢᠭᠤᠯᠬᠤ ᠶᠢ ᠪᠠᠲᠤᠯᠠᠬᠤ ᠬᠡᠷᠡᠭᠲᠡᠢ᠃ | ᠵᠢᠷᠭᠤᠭ᠎ᠠ ᠳᠤ ᠡᠷᠬᠡᠪᠰᠢ ᠦᠨᠳᠦᠰᠦᠨ ᠬᠠᠤᠯᠢ ᠶᠢᠨ ᠡᠷᠬᠡ ᠰᠦᠷ ᠪᠠ ᠨᠡᠷ᠎ᠡ ᠬᠦᠨᠳᠦ ᠶᠢ ᠬᠠᠮᠠᠭᠠᠯᠠᠬᠤ ᠶᠢ | ᠪᠠᠷᠢᠮᠲᠠᠯᠠᠬᠤ ᠬᠡᠷᠡᠭᠲᠡᠢ᠃ ᠦᠨᠳᠦᠰᠦᠨ ᠬᠠᠤᠯᠢ ᠶᠢᠨ ᠡᠷᠬᠡ ᠰᠦᠷ ᠢ ᠬᠠᠮᠠᠭᠠᠯᠠᠬᠤ ᠪᠣᠯ ᠳᠠᠷᠤᠢ ᠨᠠᠮ ᠪᠣᠯᠣᠨ ᠠᠷᠠᠳ | ᠲᠦᠮᠡᠨ ᠤ ᠬᠠᠮᠲᠤ ᠶᠢᠨ ᠵᠣᠷᠢᠭ ᠰᠠᠨᠠᠭᠠᠨ ᠤ ᠡᠷᠬᠡ ᠰᠦᠷ ᠢ ᠬᠠᠮᠠᠭᠠᠯᠠᠬᠤ ᠶᠠᠪᠤᠳᠠᠯ ᠪᠤᠯᠤᠨ᠎ᠠ ; ᠦᠨᠳᠦᠰᠦᠨ | ᠬᠠᠤᠯᠢ ᠶᠢᠨ ᠨᠡᠷ᠎ᠡ ᠬᠦᠨᠳᠦ ᠶᠢ ᠬᠠᠮᠠᠭᠠᠯᠠᠬᠤ ᠪᠣᠯ ᠳᠠᠷᠤᠢ ᠨᠠᠮ ᠪᠣᠯᠣᠨ ᠠᠷᠠᠳ ᠲᠦᠮᠡᠨ ᠤ ᠬᠠᠮᠲᠤ ᠶᠢᠨ ᠵᠣᠷᠢᠭ | ᠰᠠᠨᠠᠭᠠᠨ ᠤ ᠨᠡᠷ᠎ᠡ ᠬᠦᠨᠳᠦ ᠶᠢ ᠬᠠᠮᠠᠭᠠᠯᠠᠬᠤ ᠶᠠᠪᠤᠳᠠᠯ ᠪᠤᠯᠤᠨ᠎ᠠ ; ᠦᠨᠳᠦᠰᠦᠨ ᠬᠠᠤᠯᠢ ᠶᠢᠨ ᠬᠡᠷᠡᠭᠵᠢᠭᠦᠯᠦᠯᠲᠡ ᠶᠢ | ᠪᠠᠲᠤᠯᠠᠬᠤ ᠪᠣᠯ ᠳᠠᠷᠤᠢ ᠠᠷᠠᠳ ᠲᠦᠮᠡᠨ ᠤ ᠦᠨᠳᠦᠰᠦᠨ ᠠᠰᠢᠭ ᠲᠤᠰᠠ ᠶᠢᠨ ᠪᠡᠶᠡᠯᠡᠭᠳᠡᠬᠦ ᠶᠢ ᠪᠠᠲᠤᠯᠠᠬᠤ ᠶᠠᠪᠤᠳᠠᠯ | ᠪᠣᠯᠣᠨ᠎ᠠ᠃ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠠᠯᠢᠪᠠ ᠲᠦᠷᠦ ᠶᠢᠨ ᠪᠠᠶᠢᠭᠤᠯᠭ᠎ᠠ | ᠪᠠ ᠵᠡᠪᠰᠡᠭᠲᠦ ᠬᠦᠴᠦᠨ᠂ ᠡᠯ᠎ᠡ ᠲᠦᠷᠦ ᠶᠢᠨ ᠨᠠᠮ ᠪᠠ ᠨᠡᠶᠢᠭᠡᠮ ᠤᠨ ᠪᠦᠯᠭᠦᠮ᠂ ᠡᠯ᠎ᠡ ᠠᠵᠤ ᠠᠬᠤᠶᠢᠯᠠᠯ ᠠᠵᠢᠯ | ᠦᠢᠯᠡᠰ ᠤᠨ ᠵᠣᠬᠢᠶᠠᠨ ᠪᠠᠶᠢᠭᠤᠯᠤᠯᠲᠠ ᠴᠥᠮ ᠦᠨᠳᠦᠰᠦᠨ ᠬᠠᠤᠯᠢ ᠪᠠᠷ ᠠᠵᠢᠯᠯᠠᠭᠠᠨ ᠤ ᠪᠠᠨ ᠦᠨᠳᠦᠰᠦᠨ | ᠪᠠᠷᠢᠮᠵᠢᠶ᠎ᠠ ᠪᠤᠯᠭᠠᠬᠤ ᠬᠡᠷᠡᠭᠲᠡᠢ ᠪᠥᠭᠡᠳ ᠦᠨᠳᠦᠰᠦᠨ ᠬᠠᠤᠯᠢ ᠶᠢᠨ ᠨᠡᠷ᠎ᠡ ᠬᠦᠨᠳᠦ ᠶᠢ ᠬᠠᠮᠠᠭᠠᠯᠠᠬᠤ᠂ ᠦᠨᠳᠦᠰᠦᠨ | ᠬᠠᠤᠯᠢ ᠶᠢᠨ ᠬᠡᠷᠡᠭᠵᠢᠭᠦᠯᠦᠯᠲᠡ ᠶᠢ ᠪᠠᠲᠤᠯᠠᠬᠤ ᠡᠭᠦᠷᠭᠡ ᠬᠠᠷᠢᠭᠤᠴᠠᠯᠭ᠎ᠠ ᠲᠠᠢ ᠶᠤᠮ᠃ ᠶᠠᠮᠠᠷᠪᠠ ᠵᠣᠬᠢᠶᠠᠨ | ᠪᠠᠶᠢᠭᠤᠯᠤᠯᠲᠠ ᠪᠠ ᠬᠤᠪᠢ ᠬᠥᠮᠥᠨ ᠴᠥᠮ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠳᠠᠪᠠᠭᠰᠠᠨ ᠣᠨᠴᠠ | ᠡᠷᠬᠡ ᠲᠠᠢ ᠪᠠᠶᠢᠵᠤ ᠪᠤᠯᠬᠤ ᠦᠭᠡᠢ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠵᠥᠷᠢᠴᠡᠭᠰᠡᠨ ᠠᠯᠢᠪᠠ | ᠦᠢᠯᠡ ᠠᠵᠢᠯᠯᠠᠭ᠎ᠠ ᠠᠴᠠ ᠡᠷᠬᠡᠪᠰᠢ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | ᠲᠤᠯᠤᠭ᠎ᠠ ᠳᠤ ᠡᠷᠬᠡᠪᠰᠢ ᠴᠠᠭ ᠦᠶ᠎ᠡ ᠲᠠᠢ ᠵᠡᠷᠭᠡ ᠪᠠᠷ ᠤᠷᠤᠭᠰᠢᠯᠠᠵᠤ ᠦᠨᠳᠦᠰᠦᠨ ᠬᠠᠤᠯᠢ ᠶᠢ | ᠲᠡᠭᠦᠯᠳᠡᠷᠵᠢᠭᠦᠯᠦᠨ ᠬᠥᠭᠵᠢᠭᠦᠯᠬᠦ ᠶᠢ ᠪᠠᠷᠢᠮᠲᠠᠯᠠᠬᠤ ᠬᠡᠷᠡᠭᠲᠡᠢ᠃ ᠦᠨᠳᠦᠰᠦᠨ ᠬᠠᠤᠯᠢ ᠨᠢ ᠳᠡᠭᠡᠳᠦ ᠳᠠᠪᠬᠤᠷᠭ᠎ᠠ | ᠪᠣᠯᠤᠭᠰᠠᠨ ᠤ ᠬᠤᠪᠢ ᠳᠤ᠂ ᠡᠷᠬᠡᠪᠰᠢ ᠠᠵᠤ ᠠᠬᠤᠢ ᠶᠢᠨ ᠰᠠᠭᠤᠷᠢ ᠶᠢᠨ ᠬᠤᠪᠢᠷᠠᠯᠲᠠ ᠳᠤ ᠵᠣᠬᠢᠴᠠᠵᠤ᠂ ᠨᠠᠮ | ᠪᠣᠯᠣᠨ ᠠᠷᠠᠳ ᠲᠦᠮᠡᠨ ᠤ ᠠᠵᠢᠯ ᠦᠢᠯᠡᠰ ᠤᠨ ᠲᠡᠦᠬᠡᠲᠦ ᠳᠠᠪᠰᠢᠯᠲᠠ ᠶᠢ ᠢᠯᠡᠷᠡᠭᠦᠯᠵᠦ᠂ ᠨᠠᠮ ᠠᠴᠠ ᠠᠷᠠᠳ | ᠲᠦᠮᠡᠨ ᠢ ᠤᠳᠤᠷᠢᠳᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠦᠲᠦᠭᠡᠨ ᠪᠠᠶᠢᠭᠤᠯᠬᠤ | ᠦᠢᠯᠡᠳᠦᠯᠭᠡ ᠶᠢᠨ ᠬᠥᠭᠵᠢᠯᠲᠡ ᠶᠢ ᠳᠠᠭᠠᠯᠳᠤᠨ ᠲᠠᠰᠤᠷᠠᠯᠲᠠ ᠦᠭᠡᠢ ᠲᠡᠭᠦᠯᠳᠡᠷᠵᠢᠨ ᠭᠦᠭᠵᠢᠭᠦ ᠬᠡᠷᠡᠭᠲᠡᠢ᠃ ᠭᠠᠭᠴᠠ | ᠬᠦ ᠴᠠᠭ ᠦᠶ᠎ᠡ ᠶᠢᠨ ᠱᠠᠭᠠᠷᠳᠠᠯᠭ᠎ᠠ ᠪᠠ ᠠᠷᠠᠳ ᠲᠦᠮᠡᠨ ᠤ ᠬᠦᠰᠡᠯ ᠰᠠᠨᠠᠭ᠎ᠠ ᠶᠢ ᠴᠢᠩᠭ᠎ᠠ ᠲᠠᠭᠠᠵᠤ᠂ ᠬᠠᠤᠯᠢᠵᠢᠯ ᠤᠨ | ᠵᠢᠮ᠎ᠡ ᠶᠣᠰᠣ ᠶᠢ ᠵᠢᠷᠤᠮᠯᠠᠨ᠂ ᠦᠨᠳᠦᠰᠦᠨ ᠬᠠᠤᠯᠢ ᠶᠢᠨ ᠦᠷᠭᠦᠯᠵᠢᠯᠡᠬᠦ ᠴᠢᠨᠠᠷ᠂ ᠲᠣᠭᠲᠠᠪᠤᠷᠢᠲᠤ ᠴᠢᠨᠠᠷ᠂ ᠡᠷᠬᠡ | ᠰᠦᠷᠲᠦ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠦᠨᠳᠦᠰᠦᠨ ᠬᠠᠤᠯᠢ ᠶᠢᠨ ᠲᠠᠰᠤᠷᠠᠯᠳᠠ ᠦᠭᠡᠢ ᠰᠢᠨ᠎ᠡ | ᠪᠠᠶᠢᠳᠠᠯ ᠳᠤ ᠵᠣᠬᠢᠴᠠᠬᠤ᠂ ᠰᠢᠨ᠎ᠡ ᠲᠤᠷᠰᠢᠯᠭ᠎ᠠ ᠶᠢ ᠰᠢᠩᠭᠡᠬᠡᠨ ᠠᠪᠬᠤ᠂ ᠰᠢᠨ᠎ᠡ ᠦᠷ᠎ᠡ ᠪᠦᠲᠦᠭᠡᠯ ᠢ ᠨᠤᠲᠠᠯᠠᠬᠤ᠂ | ᠰᠢᠨ᠎ᠡ ᠵᠢᠷᠤᠮᠵᠢᠯ ᠭᠠᠷᠭᠠᠬᠤ ᠶᠢ ᠠᠬᠢᠭᠤᠯᠪᠠᠯ ᠰᠠᠶ᠋ᠢ ᠦᠨᠳᠦᠰᠦᠨ ᠬᠠᠤᠯᠢ ᠶᠢᠨ ᠠᠮᠢᠵᠢᠷᠠᠯ ᠤᠨ ᠬᠦᠴᠦᠨ ᠢ ᠡᠭᠦᠷᠢᠳᠡ | ᠪᠠᠲᠤᠯᠠᠵᠤ ᠴᠢᠳᠠᠨ᠎ᠠ᠃ | ᠨᠠᠮ ᠤᠨ ᠬᠤᠷᠢᠳᠤᠭᠠᠷ ᠶᠡᠭᠡ ᠬᠤᠷᠠᠯ ᠠᠴᠠ ᠰᠢᠨ᠎ᠡ ᠴᠠᠭ ᠦᠶ᠎ᠡ ᠰᠢᠨ᠎ᠡ ᠠᠶᠠᠨ ᠳᠤ ᠨᠠᠮ ᠪᠣᠯᠣᠨ ᠤᠯᠤᠰ ᠤᠨ | ᠠᠵᠢᠯ ᠦᠢᠯᠡᠰ ᠤᠨ ᠬᠥᠭᠵᠢᠯᠲᠡ ᠳᠤ ᠪᠦᠭᠦ ᠲᠠᠯ᠎ᠠ ᠶᠢᠨ ᠪᠠᠶᠢᠷᠢᠯᠠᠭᠤᠯᠤᠯᠲᠠ ᠬᠢᠵᠦ᠂ ᠦᠨᠳᠦᠰᠦᠨ ᠬᠠᠤᠯᠢ ᠶᠢᠨ | ᠲᠦᠷᠦ ᠶᠢ ᠵᠠᠰᠠᠵᠤ ᠵᠠᠰᠠᠭ ᠢ ᠡᠷᠭᠢᠯᠡᠭᠦ ᠳᠤᠮᠳᠠᠬᠢ ᠴᠢᠬᠤᠯᠠ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ | ᠬᠠᠤᠯᠢᠵᠢᠯ ᠤᠨ ᠦᠨᠳᠦᠰᠦ ᠶᠢ ᠪᠠᠬᠢᠵᠢᠭᠦᠯᠬᠦ᠂ ᠵᠢᠱᠢᠯᠲᠡ ᠶᠢ ᠲᠣᠭᠲᠠᠪᠤᠷᠢᠵᠢᠭᠤᠯᠬᠤ᠂ ᠠᠯᠤᠰ ᠭᠡᠳᠤ ᠳᠤ ᠠᠰᠢᠭᠲᠠᠢ | ᠪᠠᠲᠤᠯᠠᠭ᠎ᠠ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠬᠠᠤᠯᠢᠵᠢᠯ ᠤᠨ ᠵᠠᠮ ᠳᠡᠭᠡᠷ᠎ᠡ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠪᠢᠳᠡ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠵᠠᠮ ᠢᠶᠠᠷ ᠡᠷᠡᠰ ᠭᠤᠶᠢᠪᠢᠰᠢ ᠦᠭᠡᠢ | ᠵᠠᠮᠨᠠᠵᠤ᠂ ᠦᠨᠳᠦᠰᠦᠨ ᠬᠠᠤᠯᠢ ᠶᠢᠨ ᠤᠬᠠᠮᠰᠠᠷ ᠢᠶᠠᠨ ᠴᠢᠩᠭᠠᠳᠬᠠᠨ᠂ ᠦᠨᠳᠦᠰᠦᠨ ᠬᠠᠤᠯᠢ ᠶᠢᠨ | ᠬᠡᠷᠡᠭᠵᠢᠭᠦᠯᠦᠯᠲᠡ ᠶᠢ ᠴᠢᠩᠭᠠᠳᠬᠠᠵᠤ᠂ ᠦᠨᠳᠦᠰᠦᠨ ᠬᠠᠤᠯᠢ ᠶᠢᠨ ᠡᠭᠦᠷᠭᠡ ᠶᠢ ᠭᠦᠢᠴᠡᠳᠬᠡᠨ᠂ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠦᠨᠳᠦᠰᠦᠨ ᠬᠠᠤᠯᠢ ᠶᠢᠨ ᠦᠢᠯᠡᠳᠦᠯᠭᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ | ᠬᠡᠷᠡᠭᠲᠡᠢ᠃ | ᠨᠢᠭᠡᠳᠦᠭᠡᠷ ᠲᠤ᠂ ᠦᠨᠳᠦᠰᠦᠨ ᠬᠠᠤᠯᠢ ᠶᠢᠨ ᠠᠵᠢᠯ ᠳᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠨ ᠴᠢᠩᠭᠠᠳᠬᠠᠵᠤ᠂ ᠮᠠᠨ ᠤ ᠤᠯᠤᠰ ᠤᠨ ᠦᠨᠳᠦᠰᠦᠨ ᠬᠠᠤᠯᠢ ᠶᠢᠨ ᠳᠦᠷᠢᠮ ᠤᠨ ᠢᠯᠡᠳᠲᠡ ᠳᠠᠪᠠᠭᠤᠯᠢᠭ | ᠪᠠ ᠴᠢᠬᠤᠯᠠ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠮᠠᠨ ᠤ ᠤᠯᠤᠰ ᠤᠨ ᠦᠨᠳᠦᠰᠦᠨ ᠬᠠᠤᠯᠢ | ᠪᠣᠯ ᠮᠠᠨ ᠤ ᠨᠠᠮ ᠤᠨ ᠠᠷᠠᠳ ᠲᠦᠮᠡᠨ ᠢ ᠤᠳᠤᠷᠢᠳᠤᠨ ᠤᠷᠳᠤ ᠬᠤᠭᠤᠴᠠᠭ᠎ᠠ ᠪᠠᠷ ᠲᠡᠮᠡᠴᠡᠭᠰᠡᠨ ᠲᠡᠦᠬᠡ ᠶᠢᠨ ᠯᠣᠭᠢᠭ | ᠂ ᠤᠨᠤᠯ ᠤᠨ ᠯᠣᠭᠢᠭ᠂ ᠦᠢᠯᠡᠳᠦᠯᠭᠡ ᠶᠢᠨ ᠯᠣᠭᠢᠭ ᠤᠨ ᠵᠠᠶᠢᠯᠠᠰᠢ ᠦᠭᠡᠢ ᠦᠷ᠎ᠡ ᠳ᠋ᠦᠩ ᠮᠥᠨ᠃ ᠳᠤᠮᠳᠠᠳᠤ | ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠦᠭᠡᠢ ᠪᠣᠯ ᠮᠠᠨ ᠤ ᠤᠯᠤᠰ ᠤᠨ ᠦᠨᠳᠦᠰᠦᠨ ᠬᠠᠤᠯᠢ ᠶᠢᠨ | ᠪᠦᠭᠦ ᠲᠠᠯ᠎ᠠ ᠪᠠᠷ ᠲᠤᠭᠤᠰᠢᠯᠠᠭᠳᠠᠨ ᠪᠦᠲᠦᠮᠵᠢᠲᠡᠢ ᠬᠡᠷᠡᠭᠵᠢᠭᠦᠯᠦᠭᠳᠡᠬᠦ ᠶᠢ ᠪᠠᠲᠤᠯᠠᠵᠤ ᠴᠢᠳᠠᠬᠤ ᠦᠭᠡᠢ ᠶᠤᠮ᠃ | ᠦᠨᠳᠦᠰᠦᠨ ᠬᠠᠤᠯᠢ ᠶᠢᠨ ᠠᠵᠢᠯ ᠳᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ | ᠴᠢᠩᠭᠠᠳᠬᠠᠵᠤ᠂ ᠮᠠᠨ ᠤ ᠤᠯᠤᠰ ᠤᠨ ᠦᠨᠳᠦᠰᠦᠨ ᠬᠠᠤᠯᠢ ᠶᠢᠨ ᠬᠥᠭᠵᠢᠯᠲᠡ ᠶᠢᠨ ᠵᠥᠪ ᠤᠯᠤᠰ ᠲᠦᠷᠦ ᠶᠢᠨ | ᠴᠢᠭᠯᠡᠯ ᠢ ᠦᠨᠡᠨ ᠬᠦ ᠪᠠᠲᠤᠯᠠᠵᠤ᠂ ᠮᠠᠨ ᠤ ᠤᠯᠤᠰ ᠤᠨ ᠦᠨᠳᠦᠰᠦᠨ ᠬᠠᠤᠯᠢ ᠶᠢᠨ ᠪᠦᠭᠦ ᠲᠠᠯ᠎ᠠ ᠪᠠᠷ | ᠲᠤᠭᠤᠰᠢᠯᠠᠭᠳᠠᠨ ᠪᠦᠲᠦᠮᠵᠢᠲᠡᠢ ᠬᠡᠷᠡᠭᠵᠢᠭᠦᠯᠦᠭᠳᠡᠬᠦ ᠶᠢ ᠪᠠᠲᠤᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠤᠳᠤᠷᠢᠳᠤᠯᠭ᠎ᠠ ᠶᠢ ᠪᠠᠷᠢᠮᠲᠠᠯᠠᠬᠤ᠂ ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠭᠦ ᠶᠢ ᠪᠠᠲᠤᠯᠠᠬᠤ᠂ | ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ | ᠠᠬᠢᠭᠤᠯᠬᠤ᠂ ᠨᠡᠶᠢᠭᠡᠮ ᠵᠢᠷᠤᠮᠲᠤ ᠬᠠᠤᠯᠢᠵᠢᠯ ᠤᠨ ᠤᠯᠤᠰ ᠤᠨ ᠪᠠᠶᠢᠭᠤᠯᠤᠯᠲᠠ ᠶᠢᠨ ᠠᠬᠢᠴᠠ ᠶᠢ ᠠᠬᠢᠭᠤᠯᠬᠤ᠂ | ᠬᠥᠮᠥᠨ ᠤ ᠡᠷᠬᠡ ᠶᠢᠨ ᠦᠢᠯᠡᠰ ᠤᠨ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠬᠤ᠂ ᠤᠯᠤᠰ ᠤᠨ ᠨᠢᠭᠡᠳᠦᠯ᠂ | ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠬᠤ ᠵᠡᠷᠭᠡ | ᠲᠠᠯ᠎ᠠ ᠪᠠᠷ ᠬᠢ ᠦᠨᠳᠦᠰᠦᠨ ᠬᠠᠤᠯᠢ ᠶᠢᠨ ᠴᠢᠬᠤᠯᠠ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ | ᠤᠯᠤᠰ ᠲᠦᠷᠦ ᠶᠢᠨ ᠪᠠᠶᠢᠭᠤᠯᠤᠯ ᠤᠨ ᠢᠲᠡᠭᠡᠯ ᠢᠶᠠᠨ ᠪᠠᠲᠤᠳᠬᠠᠵᠤ᠂ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠤᠯᠤᠰ ᠲᠦᠷᠦ ᠶᠢᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ | ᠦᠨᠳᠦᠰᠦᠨ ᠬᠠᠤᠯᠢ ᠳᠤ ᠲᠣᠭᠲᠠᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠬᠤ ᠪᠠᠶᠢᠷᠢ | ᠰᠠᠭᠤᠷᠢ ᠶᠢ ᠭᠤᠶᠢᠪᠢᠰᠢ ᠦᠭᠡᠢ ᠪᠠᠷᠢᠮᠲᠠᠯᠠᠵᠤ᠂ ᠦᠨᠳᠦᠰᠦᠨ ᠬᠠᠤᠯᠢ ᠳᠤ ᠲᠣᠭᠲᠠᠭᠠᠭᠰᠠᠨ ᠠᠷᠠᠳ ᠤᠨ | ᠠᠷᠠᠳᠴᠢᠯᠠᠭᠰᠠᠨ ᠳᠠᠷᠤᠩᠭᠤᠶᠢᠯᠠᠬᠤ ᠵᠠᠰᠠᠭ ᠤᠨ ᠲᠦᠷᠦ ᠶᠢᠨ ᠪᠦᠲᠦᠴᠡ ᠪᠣᠯᠣᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠭᠤᠯᠤᠯ ᠤᠨ ᠵᠠᠰᠠᠭ ᠤᠨ ᠪᠦᠲᠦᠴᠡ ᠶᠢ ᠭᠤᠶᠢᠪᠢᠰᠢ ᠦᠭᠡᠢ ᠪᠠᠷᠢᠮᠲᠠᠯᠠᠵᠤ᠂ ᠶᠠᠭᠠᠬᠢᠭᠰᠠᠨ ᠴᠤ | ᠪᠤᠰᠤᠳ ᠤᠯᠤᠰ ᠤᠨ ᠬᠡᠪ ᠵᠠᠭᠪᠤᠷ ᠪᠣᠯᠣᠨ ᠠᠷᠭ᠎ᠠ ᠬᠢᠳᠡᠯ ᠢ ᠲᠡᠷᠡ ᠬᠡᠪ ᠢᠶᠠᠷ ᠨᠢ ᠨᠡᠭᠦᠯᠭᠡᠨ ᠬᠡᠷᠡᠭᠯᠡᠵᠦ ᠪᠤᠯᠬᠤ | ᠦᠭᠡᠢ᠃ | ᠬᠤᠶᠠᠳᠤᠭᠠᠷ ᠲᠤ᠂ ᠦᠨᠳᠦᠰᠦᠨ ᠬᠠᠤᠯᠢ ᠶᠢᠨ ᠬᠡᠷᠡᠭᠵᠢᠭᠦᠯᠦᠯᠲᠡ ᠶᠢ ᠲᠦᠷᠦ ᠶᠢ ᠵᠠᠰᠠᠵᠤ ᠵᠠᠰᠠᠭ ᠢ ᠡᠷᠭᠢᠯᠡᠭᠦ | ᠡᠯ᠎ᠡ ᠲᠠᠯ᠎ᠠ ᠪᠦᠭᠦ ᠶᠠᠪᠤᠴᠠ ᠳᠤ ᠲᠤᠭᠤᠰᠢᠯᠠᠭᠤᠯᠵᠤ᠂ ᠨᠠᠮ ᠤᠨ ᠦᠨᠳᠦᠰᠦᠨ ᠬᠠᠤᠯᠢ ᠪᠠᠷ ᠤᠯᠤᠰ ᠢᠶᠠᠨ ᠵᠠᠰᠠᠬᠤ᠂ | ᠦᠨᠳᠦᠰᠦᠨ ᠬᠠᠤᠯᠢ ᠪᠠᠷ ᠲᠦᠷᠦ ᠪᠠᠷᠢᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃ | ᠦᠨᠳᠦᠰᠦᠨ ᠬᠠᠤᠯᠢ ᠪᠣᠯ ᠤᠯᠤᠰ ᠢ ᠵᠠᠰᠠᠵᠤ ᠲᠦᠷᠦ ᠶᠢ ᠲᠦᠪᠰᠢᠳᠬᠡᠬᠦ ᠶᠡᠷᠦᠩᠬᠡᠢ ᠳᠦᠷᠢᠮ ᠮᠥᠨ᠂ ᠮᠠᠨ ᠤ | ᠨᠠᠮ ᠤᠨ ᠲᠦᠷᠦ ᠶᠢ ᠵᠠᠰᠠᠵᠤ ᠵᠠᠰᠠᠭ ᠢ ᠡᠷᠭᠢᠯᠡᠭᠦ ᠦᠨᠳᠦᠰᠦᠨ ᠬᠠᠤᠯᠢ ᠴᠠᠭᠠᠵᠠ ᠶᠢᠨ ᠦᠨᠳᠦᠰᠦᠯᠡᠯ ᠮᠥᠨ᠂ | ᠤᠯᠤᠰ ᠤᠨ ᠤᠯᠤᠰ ᠲᠦᠷᠦ ᠪᠠ ᠨᠡᠶᠢᠭᠡᠮ ᠤᠨ ᠠᠮᠢᠳᠤᠷᠠᠯ ᠤᠨ ᠬᠠᠮᠤᠭ ᠤᠨ ᠳᠡᠭᠡᠳᠦ ᠬᠠᠤᠯᠢ ᠴᠠᠭᠠᠵᠠ ᠶᠢᠨ | ᠵᠢᠷᠤᠮᠵᠢᠯ ᠮᠥᠨ᠃ ᠨᠠᠮ ᠤᠨ ᠦᠨᠳᠦᠰᠦᠨ ᠬᠠᠤᠯᠢ ᠪᠠᠷ ᠤᠯᠤᠰ ᠢᠶᠠᠨ ᠵᠠᠰᠠᠬᠤ᠂ ᠦᠨᠳᠦᠰᠦᠨ ᠬᠠᠤᠯᠢ ᠪᠠᠷ ᠲᠦᠷᠦ | ᠪᠠᠷᠢᠬᠤ ᠴᠢᠳᠠᠪᠤᠷᠢ ᠶᠢ ᠳᠡᠭᠡᠭᠰᠢᠯᠡᠭᠦᠯᠭᠦ ᠳᠤ᠂ ᠡᠷᠬᠡᠪᠰᠢ ᠦᠨᠳᠦᠰᠦᠨ ᠬᠠᠤᠯᠢ ᠶᠢᠨ ᠬᠡᠷᠡᠭᠵᠢᠭᠦᠯᠦᠯᠲᠡ ᠶᠢ ︽ᠲᠠᠪᠤ ᠶᠢ | ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂ ︽ | ᠲᠦᠷᠪᠡᠨ ᠪᠦᠭᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠬᠤ | ᠪᠦᠭᠦ ᠦᠢᠯᠡᠳᠦᠯᠭᠡ ᠳᠤ ᠲᠤᠭᠤᠰᠢᠯᠠᠭᠤᠯᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ᠂ ᠳᠣᠲᠣᠭᠠᠳᠤ ᠵᠠᠰᠠᠭ | ᠭᠠᠳᠠᠭᠠᠳᠤ ᠬᠠᠷᠢᠯᠴᠠᠭ᠎ᠠ ᠤᠯᠤᠰ ᠤᠨ ᠪᠠᠲᠤᠯᠠᠨ ᠬᠠᠮᠠᠭᠠᠯᠠᠯᠲᠠ᠂ ᠨᠠᠮ ᠢ ᠵᠠᠰᠠᠬᠤ ᠤᠯᠤᠰ ᠢ ᠵᠠᠰᠠᠬᠤ ᠴᠡᠷᠢᠭ ᠢ | ᠵᠠᠰᠠᠬᠤ ᠡᠯ᠎ᠡ ᠬᠦᠷᠢᠶ᠎ᠡ ᠴᠠᠷᠠᠭ᠎ᠠ ᠡᠯ᠎ᠡ ᠲᠠᠯ᠎ᠠ ᠳᠤ ᠲᠤᠭᠤᠰᠢᠯᠠᠭᠤᠯᠵᠤ᠂ ᠤᠯᠤᠰ ᠤᠨ ᠡᠯ᠎ᠡ ᠲᠠᠯ᠎ᠠ ᠶᠢᠨ ᠠᠵᠢᠯ ᠤᠨ | ᠬᠠᠤᠯᠢᠵᠢᠯᠳᠠ ᠶᠢ ᠪᠦᠭᠦ ᠲᠠᠯ᠎ᠠ ᠪᠠᠷ ᠠᠬᠢᠭᠤᠯᠬᠤ ᠬᠡᠷᠡᠭᠲᠡᠢ᠃ | ᠨᠠᠮ ᠠᠷᠠᠳ ᠲᠦᠮᠡᠨ ᠢ ᠤᠳᠤᠷᠢᠳᠤᠨ ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠲᠣᠭᠲᠠᠭᠠᠬᠤ ᠳᠤ᠂ ᠨᠠᠮ | ᠡᠩ ᠲᠡᠷᠢᠭᠦᠨ ᠳᠤ ᠦᠨᠳᠦᠰᠦᠨ ᠬᠠᠤᠯᠢ ᠶᠢ ᠲᠦᠷᠦᠭᠦᠯᠡᠨ ᠭᠦᠨᠳᠦᠳᠭᠡᠵᠦ ᠬᠡᠷᠡᠭᠵᠢᠭᠦᠯᠬᠦ ᠬᠡᠷᠡᠭᠲᠡᠢ᠃ ᠨᠠᠮ ᠤᠨ | ᠵᠣᠷᠢᠯᠲᠠ ᠶᠢ ᠬᠠᠤᠯᠢ ᠳᠤ ᠲᠣᠭᠲᠠᠭᠠᠭᠰᠠᠨ ᠵᠢᠷᠤᠮ ᠢᠶᠠᠷ ᠳᠠᠮᠵᠢᠭᠤᠯᠤᠨ ᠲᠦᠷᠦ ᠶᠢᠨ ᠵᠣᠷᠢᠭ ᠰᠠᠨᠠᠭ᠎ᠠ | ᠪᠤᠯᠭᠠᠬᠤ ᠳᠠᠭᠠᠨ ᠴᠢᠳᠠᠮᠠᠭᠠᠢ ᠪᠠᠶᠢᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠨᠢᠯᠴᠠᠭᠤᠯᠤᠭᠰᠠᠨ | ᠵᠢᠱᠢᠭᠳᠡᠭᠰᠡᠳ ᠢ ᠬᠠᠤᠯᠢ ᠳᠤ ᠲᠣᠭᠲᠠᠭᠠᠭᠰᠠᠨ ᠵᠢᠷᠤᠮ ᠢᠶᠠᠷ ᠳᠠᠮᠵᠢᠭᠤᠯᠤᠨ ᠲᠦᠷᠦ ᠶᠢᠨ ᠵᠠᠰᠠᠭ ᠤᠨ ᠡᠷᠬᠡᠲᠦ | ᠪᠠᠶᠢᠭᠤᠯᠭ᠎ᠠ ᠶᠢᠨ ᠤᠳᠤᠷᠢᠳᠬᠤ ᠬᠥᠮᠥᠨ ᠪᠤᠯᠭᠠᠬᠤ ᠳᠠᠭᠠᠨ ᠴᠢᠳᠠᠮᠠᠭᠠᠢ ᠪᠠᠶᠢᠵᠤ᠂ ᠲᠦᠷᠦ ᠶᠢᠨ ᠵᠠᠰᠠᠭ ᠤᠨ ᠡᠷᠬᠡᠲᠦ | ᠪᠠᠶᠢᠭᠤᠯᠭ᠎ᠠ ᠪᠠᠷ ᠳᠠᠮᠵᠢᠭᠤᠯᠤᠨ ᠨᠠᠮ ᠤᠨ ᠤᠯᠤᠰ ᠣᠷᠣᠨ ᠪᠠ ᠨᠡᠶᠢᠭᠡᠮ ᠳᠠᠬᠢ ᠤᠳᠤᠷᠢᠳᠤᠯᠭ᠎ᠠ ᠶᠢ | ᠬᠡᠷᠡᠭᠵᠢᠭᠦᠯᠬᠦ ᠳᠡᠭᠡᠨ ᠴᠢᠳᠠᠮᠠᠭᠠᠢ ᠪᠠᠶᠢᠵᠤ᠂ ᠲᠦᠷᠦ ᠶᠢᠨ ᠡᠷᠬᠡᠲᠦ ᠪᠠᠶᠢᠭᠤᠯᠭ᠎ᠠ᠂ ᠵᠠᠰᠠᠭ ᠵᠠᠬᠢᠷᠭᠠᠨ ᠤ ᠪᠠᠶᠢᠭᠤᠯᠭ᠎ᠠ᠂ | ᠬᠢᠨᠠᠨ ᠪᠠᠶᠢᠴᠠᠭᠠᠬᠤ ᠪᠠᠶᠢᠭᠤᠯᠭ᠎ᠠ᠂ ᠰᠢᠭᠦᠨ ᠲᠠᠰᠤᠯᠬᠤ ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ ᠶᠢᠨ ᠦᠨᠳᠦᠰᠦᠨ | ᠬᠠᠤᠯᠢ ᠪᠠ ᠬᠠᠤᠯᠢ ᠴᠠᠭᠠᠵᠠ ᠶᠣᠰᠣᠭᠠᠷ ᠪᠡᠶ᠎ᠡ ᠪᠠᠨ ᠳᠠᠭᠠᠭᠠᠨ ᠬᠠᠷᠢᠭᠤᠴᠠᠵᠤ᠂ ᠵᠣᠬᠢᠴᠠᠩᠭᠤᠢ ᠨᠢᠭᠡᠳᠦᠯᠲᠡᠢ ᠪᠠᠷ | ᠠᠵᠢᠯ ᠢᠶᠠᠨ ᠥᠷᠨᠢᠭᠦᠯᠬᠦ ᠶᠢ ᠳᠡᠮᠵᠢᠭᠦ ᠳᠡᠭᠡᠨ ᠴᠢᠳᠠᠮᠠᠭᠠᠢ ᠪᠠᠶᠢᠬᠤ ᠬᠡᠷᠡᠭᠲᠡᠢ᠃ ᠦᠨᠳᠦᠰᠦᠨ ᠬᠠᠤᠯᠢ ᠬᠠᠤᠯᠢ | ᠴᠠᠭᠠᠵᠠ ᠶᠢ ᠲᠤᠭᠤᠰᠢᠯᠠᠭᠤᠯᠬᠤ ᠶᠢ ᠡᠯ᠎ᠡ ᠱᠠᠲᠤᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ | ᠬᠡᠷᠡᠭᠵᠢᠭᠦᠯᠬᠦ ᠪᠦᠭᠦ ᠶᠠᠪᠤᠴᠠ ᠳᠤ ᠨᠠᠶᠢᠳᠠᠪᠤᠷᠢᠵᠢᠭᠤᠯᠵᠤ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ | ᠲᠣᠭᠲᠠᠭᠠᠬᠤ᠂ ᠬᠠᠤᠯᠢ ᠶᠣᠰᠣᠭᠠᠷ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠦᠨᠳᠦᠰᠦᠨ ᠬᠠᠤᠯᠢ | ᠬᠠᠤᠯᠢ ᠴᠠᠭᠠᠵᠠ ᠲᠠᠢ ᠦᠯᠦ ᠬᠠᠷᠰᠢᠯᠳᠤᠬᠤ ᠬᠤᠷᠢᠭ᠎ᠠ ᠱᠤᠭᠤᠮ ᠢ ᠰᠠᠬᠢᠵᠤ᠂ ᠰᠢᠢᠳᠪᠦᠷᠢᠲᠦ ᠪᠣᠳᠣᠯᠭ᠎ᠠ | ᠬᠡᠷᠡᠭᠵᠢᠭᠦᠯᠬᠦ ᠳᠤ ᠲᠡᠦᠬᠡ ᠪᠠ ᠠᠷᠠᠳ ᠲᠦᠮᠡᠨ ᠤ ᠰᠢᠯᠭᠠᠯᠲᠠ ᠶᠢ ᠳᠠᠭᠠᠭᠠᠵᠤ ᠭᠠᠷᠬᠤ ᠶᠢ ᠦᠨᠡᠨ ᠬᠦ ᠪᠠᠲᠤᠯᠠᠬᠤ | ᠬᠡᠷᠡᠭᠲᠡᠢ᠃ | ᠭᠤᠷᠪᠠᠳᠤᠭᠠᠷ ᠲᠤ᠂ ᠦᠨᠳᠦᠰᠦᠨ ᠬᠠᠤᠯᠢ ᠪᠠᠷ ᠭᠤᠣᠯᠯᠠᠭᠤᠯᠤᠭᠰᠠᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠰᠢᠰᠲ᠋ᠧᠮ ᠢ ᠲᠦᠷᠭᠡᠨ ᠢᠶᠠᠷ ᠲᠡᠭᠦᠯᠳᠡᠷᠵᠢᠭᠦᠯᠵᠦ᠂ ᠬᠠᠤᠯᠢ | ᠴᠠᠭᠠᠵᠠ ᠶᠢᠨ ᠵᠢᠷᠤᠮᠵᠢᠯ ᠤᠨ ᠰᠢᠰᠲ᠋ᠧᠮ ᠤᠨ ᠪᠦᠭᠦ ᠲᠠᠯᠠᠲᠤ ᠴᠢᠨᠠᠷ᠂ ᠰᠢᠰᠲ᠋ᠧᠮᠲᠦ ᠴᠢᠨᠠᠷ᠂ ᠵᠣᠬᠢᠴᠠᠯᠳᠤ ᠴᠢᠨᠠᠷ ᠢ | ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃ ᠬᠠᠤᠯᠢ ᠶᠣᠰᠣᠭᠠᠷ ᠬᠠᠤᠯᠢ ᠲᠣᠭᠲᠠᠭᠠᠬᠤ ᠶᠢ ᠪᠠᠷᠢᠮᠲᠠᠯᠠᠬᠤ | ᠬᠠᠮᠤᠭ ᠤᠨ ᠦᠨᠳᠦᠰᠦᠨ ᠵᠦᠢᠯ ᠪᠣᠯ ᠦᠨᠳᠦᠰᠦᠨ ᠬᠠᠤᠯᠢ ᠶᠣᠰᠣᠭᠠᠷ ᠬᠠᠤᠯᠢ ᠲᠣᠭᠲᠠᠭᠠᠬᠤ ᠶᠢ ᠪᠠᠷᠢᠮᠲᠠᠯᠠᠵᠤ᠂ | ᠦᠨᠳᠦᠰᠦᠨ ᠬᠠᠤᠯᠢ ᠶᠢᠨ ᠲᠣᠭᠲᠠᠭᠠᠯ᠂ ᠦᠨᠳᠦᠰᠦᠨ ᠬᠠᠤᠯᠢ ᠶᠢᠨ ᠵᠠᠷᠴᠢᠮ᠂ ᠦᠨᠳᠦᠰᠦᠨ ᠬᠠᠤᠯᠢ ᠶᠢᠨ ᠵᠣᠷᠢᠭ | ᠰᠠᠨᠠᠭ᠎ᠠ ᠶᠢ ᠬᠠᠤᠯᠢ ᠲᠣᠭᠲᠠᠭᠠᠬᠤ ᠳᠤᠮᠳᠠ ᠡᠷᠡᠰ ᠲᠤᠭᠤᠰᠢᠯᠠᠭᠤᠯᠵᠤ᠂ ᠡᠯ᠎ᠡ ᠵᠦᠢᠯ ᠤᠨ ᠬᠠᠤᠯᠢ ᠴᠠᠭᠠᠵᠠ ᠬᠠᠤᠯᠢ | ᠲᠣᠭᠲᠠᠭᠠᠯ ᠳᠤ ᠢᠯᠡᠷᠡᠭᠦᠯᠭᠦ ᠶᠠᠪᠤᠳᠠᠯ ᠪᠣᠯᠣᠨ᠎ᠠ᠃ ᠠᠯᠢᠪᠠ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ | ᠲᠣᠭᠲᠠᠭᠠᠯ ᠪᠠ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠨᠢ ᠴᠥᠮ ᠦᠨᠳᠦᠰᠦᠨ ᠬᠠᠤᠯᠢ ᠲᠠᠢ | ᠬᠠᠷᠰᠢᠯᠳᠤᠵᠤ ᠪᠤᠯᠬᠤ ᠦᠭᠡᠢ᠂ ᠦᠨᠳᠦᠰᠦᠨ ᠬᠠᠤᠯᠢ ᠶᠢᠨ ᠲᠣᠭᠲᠠᠭᠠᠯ᠂ ᠵᠠᠷᠴᠢᠮ᠂ ᠵᠣᠷᠢᠭ ᠰᠠᠨᠠᠭ᠎ᠠ ᠶᠢ | ᠵᠥᠷᠢᠴᠡᠭᠰᠡᠨ ᠠᠯᠢᠪᠠ ᠬᠠᠤᠯᠢ ᠴᠠᠭᠠᠵᠠ ᠬᠠᠤᠯᠢ ᠲᠣᠭᠲᠠᠭᠠᠯ ᠢ ᠡᠷᠬᠡᠪᠰᠢ ᠵᠠᠯᠠᠷᠠᠭᠤᠯᠬᠤ ᠬᠡᠷᠡᠭᠲᠡᠢ᠃ | ᠬᠠᠤᠯᠢ ᠲᠣᠭᠲᠠᠭᠠᠬᠤ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨᠴᠢ ᠪᠠᠷ ᠬᠠᠤᠯᠢ | ᠲᠣᠭᠲᠠᠭᠠᠬᠤ᠂ ᠠᠷᠠᠳᠴᠢᠯᠠᠯ ᠢᠶᠠᠷ ᠬᠠᠤᠯᠢ ᠲᠣᠭᠲᠠᠭᠠᠬᠤ᠂ ᠬᠠᠤᠯᠢ ᠶᠣᠰᠣᠭᠠᠷ ᠬᠠᠤᠯᠢ ᠲᠣᠭᠲᠠᠭᠠᠬᠤ ᠶᠢ ᠠᠬᠢᠭᠤᠯᠵᠤ | ᠂ ᠬᠠᠤᠯᠢ ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠦᠭᠡᠢ ᠪᠤᠯᠭᠠᠬᠤ ᠲᠠᠶᠢᠯᠪᠤᠷᠢᠯᠠᠯᠲᠠ ᠶᠢ ᠨᠢᠭᠡᠳᠦᠯᠲᠡᠢ | ᠲᠥᠯᠥᠪᠯᠡᠵᠦ᠂ ᠬᠠᠤᠯᠢ ᠲᠣᠭᠲᠠᠭᠠᠬᠤ ᠶᠢᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ | ᠴᠢᠨᠠᠷ᠂ ᠬᠤᠭᠤᠴᠠᠭᠠᠲᠤ ᠴᠢᠨᠠᠷ ᠢ ᠴᠢᠩᠭᠠᠳᠬᠠᠬᠤ ᠬᠡᠷᠡᠭᠲᠡᠢ᠃ ᠦᠨᠳᠦᠰᠦᠨ ᠬᠠᠤᠯᠢ ᠶᠢᠨ ᠬᠠᠤᠯᠢ ᠲᠣᠭᠲᠠᠭᠠᠬᠤ | ᠶᠠᠪᠤᠴᠠ ᠳᠠᠬᠢ ᠭᠤᠣᠯᠯᠠᠬᠤ ᠪᠠᠶᠢᠷᠢ ᠰᠠᠭᠤᠷᠢ ᠴᠢᠳᠠᠮᠵᠢ ᠶᠢ ᠪᠦᠭᠦ ᠲᠠᠯ᠎ᠠ ᠪᠠᠷ ᠪᠠᠳᠠᠷᠠᠭᠤᠯᠵᠤ᠂ ᠬᠠᠤᠯᠢ ᠲᠣᠭᠲᠠᠭᠠᠬᠤ | ᠭᠤᠭᠴᠤᠭ᠎ᠠ ᠨᠢᠭᠡᠪᠦᠷᠢ ᠳᠤ ᠦᠨᠳᠦᠰᠦᠨ ᠬᠠᠤᠯᠢ ᠶᠢᠨ ᠪᠣᠭᠤᠮᠲᠠ ᠶᠢ ᠰᠠᠶᠢᠲᠤᠷ ᠰᠠᠬᠢᠵᠤ᠂ ᠶᠠᠮᠠᠷᠪᠠ ᠬᠠᠤᠯᠢ ᠶᠢ | ᠲᠣᠭᠲᠠᠭᠠᠬᠤ ᠳᠤ ᠴᠥᠮ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠳᠤ ᠨᠡᠶᠢᠴᠡᠭᠦᠯᠬᠦ᠂ ᠦᠨᠳᠦᠰᠦᠨ ᠬᠠᠤᠯᠢ ᠶᠢᠨ | ᠡᠷᠬᠡ ᠰᠦᠷ ᠢ ᠬᠠᠷᠠᠭᠤᠯᠬᠤ᠂ ᠦᠨᠳᠦᠰᠦᠨ ᠬᠠᠤᠯᠢ ᠶᠢᠨ ᠬᠡᠷᠡᠭᠵᠢᠭᠦᠯᠦᠯᠲᠡ ᠶᠢ ᠪᠠᠲᠤᠯᠠᠬᠤ ᠪᠠᠷ ᠴᠢᠷᠮᠠᠶᠢᠬᠤ ᠬᠡᠷᠡᠭᠲᠡᠢ | ᠃ ᠦᠨᠳᠦᠰᠦᠨ ᠬᠠᠤᠯᠢ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ | ᠬᠤᠷᠢᠶ᠎ᠠ ᠳᠤ ᠣᠯᠭᠤᠭᠰᠠᠨ ᠲᠤᠰᠢᠶᠠᠯ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠲᠡᠭᠦᠨ ᠤ ᠬᠠᠤᠯᠢ ᠲᠣᠭᠲᠠᠭᠠᠬᠤ | ᠠᠵᠢᠯ ᠳᠠᠬᠢ ᠭᠤᠣᠯᠯᠠᠬᠤ ᠦᠢᠯᠡᠳᠦᠯ ᠢ ᠪᠠᠳᠠᠷᠠᠭᠤᠯᠵᠤ᠂ ᠠᠷᠠᠳ ᠲᠦᠮᠡᠨ ᠤ ᠬᠠᠤᠯᠢ ᠲᠣᠭᠲᠠᠭᠠᠬᠤ ᠳᠤ ᠡᠮᠬᠢ | ᠵᠢᠷᠤᠮ ᠲᠠᠢ ᠪᠠᠷ ᠣᠷᠤᠯᠴᠠᠬᠤ ᠠᠷᠭ᠎ᠠ ᠵᠠᠮ ᠢ ᠥᠷᠭᠡᠳᠬᠡᠬᠦ ᠬᠡᠷᠡᠭᠲᠡᠢ᠃ ᠭᠤᠣᠯᠳᠠᠯᠭ᠎ᠠ ᠲᠠᠢ ᠬᠦᠷᠢᠶ᠎ᠡ᠂ ᠰᠢᠨ᠎ᠡ ᠪᠠᠷ | ᠮᠠᠨᠳᠤᠭᠰᠠᠨ ᠬᠦᠷᠢᠶ᠎ᠡ᠂ ᠭᠠᠳᠠᠭᠠᠳᠤ ᠳᠤ ᠬᠤᠯᠪᠣᠭᠳᠠᠬᠤ ᠬᠦᠷᠢᠶᠡᠨ ᠳᠠᠬᠢ ᠬᠠᠤᠯᠢ ᠲᠣᠭᠲᠠᠭᠠᠬᠤ ᠶᠢ ᠴᠢᠩᠭᠠᠳᠬᠠᠵᠤ᠂ | ᠤᠯᠤᠰ ᠤᠨ ᠵᠠᠰᠠᠯᠲᠠ ᠳᠤ ᠪᠠᠴᠢᠮ ᠬᠡᠷᠡᠭᠴᠡᠭᠡ ᠲᠠᠢ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ | ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠳᠤ ᠵᠠᠪᠠᠯ ᠱᠠᠭᠠᠷᠳᠠᠭᠳᠠᠬᠤ᠂ ᠤᠯᠤᠰ ᠤᠨ ᠠᠮᠤᠷ | ᠲᠦᠪᠰᠢᠨ ᠢ ᠬᠠᠮᠠᠭᠠᠯᠠᠬᠤ ᠳᠤ ᠵᠠᠪᠠᠯ ᠱᠠᠭᠠᠷᠳᠠᠭᠳᠠᠬᠤ ᠬᠠᠤᠯᠢ ᠴᠠᠭᠠᠵᠠ ᠶᠢᠨ ᠳᠦᠷᠢᠮ ᠢ ᠪᠦᠷᠢᠨᠰᠢᠭᠦᠯᠵᠦ᠂ ᠮᠠᠨ ᠤ | ᠤᠯᠤᠰ ᠤᠨ ᠬᠠᠤᠯᠢ ᠶᠢᠨ ᠬᠦᠷᠢᠶᠡᠨ ᠠᠴᠠ ᠭᠠᠳᠠᠨ᠎ᠠ ᠬᠡᠷᠡᠭᠯᠡᠬᠦ ᠳᠤ ᠲᠣᠬᠢᠷᠠᠬᠤ ᠬᠠᠤᠯᠢ ᠴᠠᠭᠠᠵᠠ ᠶᠢᠨ ᠰᠢᠰᠲ᠋ᠧᠮ ᠤᠨ | ᠪᠠᠶᠢᠭᠤᠯᠤᠯᠲᠠ ᠶᠢ ᠲᠦᠷᠭᠡᠳᠬᠡᠬᠦ ᠬᠡᠷᠡᠭᠲᠡᠢ᠃ ᠰᠢᠰᠲ᠋ᠧᠮ ᠤᠨ ᠦᠵᠡᠯᠲᠡ ᠶᠢ ᠪᠠᠷᠢᠮᠲᠠᠯᠠᠨ᠂ ᠬᠠᠤᠯᠢ ᠴᠠᠭᠠᠵᠠ᠂ | ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠴᠡᠷᠢᠭ ᠤᠨ ᠶᠠᠪᠤᠳᠠᠯ ᠤᠨ ᠬᠠᠤᠯᠢ ᠲᠣᠭᠲᠠᠭᠠᠯ᠂ ᠬᠢᠨᠠᠨ ᠪᠠᠶᠢᠴᠠᠭᠠᠬᠤ | ᠬᠠᠤᠯᠢ ᠲᠣᠭᠲᠠᠭᠠᠯ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠰᠢᠰᠲ᠋ᠧᠮ ᠢ ᠪᠦᠭᠦ ᠲᠠᠯ᠎ᠠ ᠪᠠᠷ | ᠲᠡᠭᠦᠯᠳᠡᠷᠵᠢᠭᠦᠯᠵᠦ᠂ ᠬᠠᠤᠯᠢ ᠴᠠᠭᠠᠵᠠ ᠶᠢᠨ ᠰᠢᠰᠲ᠋ᠧᠮ ᠢ ᠨᠡᠩ ᠰᠢᠨᠵᠢᠯᠡᠬᠦ ᠤᠬᠠᠭᠠᠨᠴᠢ ᠪᠥᠭᠡᠳ ᠪᠦᠷᠢᠨ ᠲᠡᠭᠦᠯᠳᠡᠷ | ᠂ ᠨᠢᠭᠡᠳᠦᠯᠲᠡᠢ ᠡᠷᠬᠡ ᠰᠦᠷ ᠲᠠᠢ ᠪᠤᠯᠭᠠᠵᠤ᠂ ᠤᠯᠤᠰ ᠤᠨ ᠬᠠᠤᠯᠢᠵᠢᠯ ᠤᠨ ᠨᠢᠭᠡᠳᠦᠯ ᠢ ᠬᠠᠮᠠᠭᠠᠯᠠᠬᠤ ᠬᠡᠷᠡᠭᠲᠡᠢ᠃ | ᠳᠥᠷᠪᠡᠳᠦᠭᠡᠷ ᠲᠤ᠂ ᠦᠨᠳᠦᠰᠦᠨ ᠬᠠᠤᠯᠢ ᠶᠢ ᠪᠦᠭᠦ ᠲᠠᠯ᠎ᠠ ᠪᠠᠷ ᠬᠡᠷᠡᠭᠵᠢᠭᠦᠯᠬᠦ ᠶᠢ ᠪᠠᠲᠤᠯᠠᠬᠤ ᠳᠦᠷᠢᠮ ᠤᠨ | ᠰᠢᠰᠲ᠋ᠧᠮ ᠢ ᠪᠦᠷᠢᠨᠰᠢᠭᠦᠯᠵᠦ᠂ ᠦᠨᠳᠦᠰᠦᠨ ᠬᠠᠤᠯᠢ ᠶᠢᠨ ᠬᠡᠷᠡᠭᠵᠢᠭᠦᠯᠦᠯᠲᠡ ᠪᠠ ᠬᠢᠨᠠᠯᠲᠠ ᠲᠠᠯᠪᠢᠬᠤ ᠲᠦᠪᠰᠢᠨ ᠢ | ᠲᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ᠃ ᠦᠨᠳᠦᠰᠦᠨ ᠬᠠᠤᠯᠢ ᠶᠢᠨ ᠪᠦᠭᠦ ᠲᠠᠯ᠎ᠠ ᠪᠠᠷ ᠬᠡᠷᠡᠭᠵᠢᠭᠦᠯᠦᠭᠳᠡᠬᠦ ᠶᠢ | ᠪᠠᠲᠤᠯᠠᠬᠤ ᠳᠦᠷᠢᠮ ᠤᠨ ᠰᠢᠰᠲ᠋ᠧᠮ ᠢ ᠪᠦᠷᠢᠨᠰᠢᠭᠦᠯᠬᠦ ᠳᠤ᠂ ᠡᠷᠬᠡᠪᠰᠢ ᠦᠨᠳᠦᠰᠦᠨ ᠬᠠᠤᠯᠢ ᠶᠢᠨ ᠲᠣᠭᠲᠠᠭᠠᠯ᠂ | ᠦᠨᠳᠦᠰᠦᠨ ᠬᠠᠤᠯᠢ ᠶᠢᠨ ᠵᠠᠷᠴᠢᠮ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠬᠤ ᠶᠢ ᠪᠠᠷᠢᠮᠲᠠᠯᠠᠵᠤ᠂ ᠦᠨᠳᠦᠰᠦᠨ ᠬᠠᠤᠯᠢ ᠶᠢᠨ ᠬᠡᠷᠡᠭᠵᠢᠭᠦᠯᠦᠯᠲᠡ᠂ ᠦᠨᠳᠦᠰᠦᠨ ᠬᠠᠤᠯᠢ ᠶᠢᠨ | ᠲᠠᠶᠢᠯᠪᠤᠷᠢᠯᠠᠯᠲᠠ᠂ ᠦᠨᠳᠦᠰᠦᠨ ᠬᠠᠤᠯᠢ ᠶᠢᠨ ᠬᠢᠨᠠᠯᠲᠠ ᠶᠢ ᠰᠢᠰᠲ᠋ᠧᠮ ᠲᠠᠢ ᠪᠠᠷ ᠠᠬᠢᠭᠤᠯᠬᠤ ᠶᠢ ᠪᠠᠷᠢᠮᠲᠠᠯᠠᠵᠤ᠂ | ᠬᠠᠤᠯᠢ ᠴᠠᠭᠠᠵᠠ ᠶᠢᠨ ᠵᠢᠷᠤᠮᠵᠢᠯ ᠤᠨ ᠰᠢᠰᠲ᠋ᠧᠮ᠂ ᠬᠠᠤᠯᠢᠵᠢᠯ ᠤᠨ ᠬᠡᠷᠡᠭᠵᠢᠭᠦᠯᠦᠯᠲᠡ ᠶᠢᠨ ᠰᠢᠰᠲ᠋ᠧᠮ᠂ | ᠬᠠᠤᠯᠢᠵᠢᠯ ᠤᠨ ᠬᠢᠨᠠᠯᠲᠠ ᠶᠢᠨ ᠰᠢᠰᠲ᠋ᠧᠮ᠂ ᠬᠠᠤᠯᠢᠵᠢᠯ ᠤᠨ ᠪᠠᠲᠤᠯᠠᠭ᠎ᠠ ᠶᠢᠨ ᠰᠢᠰᠲ᠋ᠧᠮ ᠪᠠ ᠨᠠᠮ ᠤᠨ | ᠳᠣᠲᠣᠭᠠᠳᠤ ᠶᠢᠨ ᠬᠠᠤᠯᠢ ᠲᠣᠭᠲᠠᠭᠠᠯ ᠤᠨ ᠰᠢᠰᠲ᠋ᠧᠮ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ | ᠂ ᠦᠨᠳᠦᠰᠦᠨ ᠬᠠᠤᠯᠢ ᠶᠢᠨ ᠪᠦᠷᠢᠨ ᠪᠦᠲᠦᠨ ᠵᠥᠪ ᠣᠨᠣᠪᠴᠢᠲᠠᠢ ᠪᠦᠭᠦ ᠲᠠᠯ᠎ᠠ ᠪᠠᠷ ᠬᠡᠷᠡᠭᠵᠢᠭᠦᠯᠦᠭᠳᠡᠬᠦ ᠶᠢ ᠦᠨᠡᠨ | ᠬᠦ ᠪᠠᠲᠤᠯᠠᠬᠤ ᠬᠡᠷᠡᠭᠲᠡᠢ᠃ ᠦᠨᠳᠦᠰᠦᠨ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠢ ᠰᠢᠭᠤᠳ ᠬᠡᠷᠡᠭᠵᠢᠭᠦᠯᠬᠦ | ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠬᠦᠨᠳᠦ ᠶᠡᠭᠡ ᠠᠶᠤᠯ ᠲᠦᠭᠰᠢᠭᠦᠷᠢ ᠥᠷᠢᠰᠦᠯᠳᠦᠭᠡᠨ ᠢ | ᠠᠷᠭᠠᠴᠠᠭᠠᠬᠤ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠴᠢᠭᠯᠡᠯᠲᠡ ᠶᠢ ᠲᠤᠭᠤᠰᠢᠯᠠᠭᠤᠯᠬᠤ᠂ | ᠡᠬᠡ ᠤᠯᠤᠰ ᠤᠨ ᠨᠢᠭᠡᠳᠦᠯ ᠤᠨ ᠠᠬᠢᠴᠠ ᠶᠢ ᠠᠬᠢᠭᠤᠯᠬᠤ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ | ᠲᠣᠭᠲᠠᠭᠤᠨ ᠢ ᠬᠠᠮᠠᠭᠠᠯᠠᠬᠤ ᠳᠤ ᠦᠵᠡᠭᠦᠯᠭᠦ ᠦᠨᠳᠦᠰᠦᠨ ᠬᠠᠤᠯᠢ ᠶᠢᠨ ᠴᠢᠬᠤᠯᠠ ᠦᠢᠯᠡᠳᠦᠯ ᠢ ᠭᠦᠢᠴᠡᠳ | ᠪᠠᠳᠠᠷᠠᠭᠤᠯᠬᠤ ᠬᠡᠷᠡᠭᠲᠡᠢ᠃ ᠦᠨᠳᠦᠰᠦᠨ ᠬᠠᠤᠯᠢ ᠶᠢᠨ ᠬᠢᠨᠠᠯᠲᠠ ᠲᠠᠯᠪᠢᠬᠤ ᠳᠦᠷᠢᠮ ᠢ ᠲᠡᠭᠦᠯᠳᠡᠷᠵᠢᠭᠦᠯᠵᠦ᠂ | ᠦᠨᠳᠦᠰᠦᠨ ᠬᠠᠤᠯᠢ ᠶᠢᠨ ᠬᠢᠨᠠᠯᠲᠠ ᠶᠢ ᠵᠢᠷᠤᠮᠵᠢᠭᠤᠯᠬᠤ᠂ ᠲᠡᠰ ᠲᠠᠷᠠᠭᠠᠯᠠᠯᠵᠢᠭᠤᠯᠬᠤ ᠪᠠᠶᠢᠭᠤᠯᠤᠯᠲᠠ ᠶᠢ ᠠᠬᠢᠭᠤᠯᠵᠤ | ᠂ ᠦᠨᠳᠦᠰᠦᠨ ᠬᠠᠤᠯᠢ ᠳᠤ ᠨᠡᠶᠢᠴᠡᠭᠦ ᠴᠢᠨᠠᠷ ᠢ ᠬᠢᠨᠠᠨ ᠪᠠᠶᠢᠴᠠᠭᠠᠬᠤ᠂ ᠲᠠᠩᠰᠠᠯᠠᠵᠤ ᠬᠢᠨᠠᠨ ᠪᠠᠶᠢᠴᠠᠭᠠᠬᠤ ᠴᠢᠳᠠᠪᠤᠷᠢ | ᠪᠠ ᠶᠠᠰᠤ ᠴᠢᠨᠠᠷ ᠢ ᠳᠡᠭᠡᠭᠰᠢᠯᠡᠭᠦᠯᠵᠦ᠂ ᠦᠨᠳᠦᠰᠦᠨ ᠬᠠᠤᠯᠢ ᠳᠤ ᠨᠡᠶᠢᠴᠡᠭᠦ ᠴᠢᠨᠠᠷ ᠤᠨ ᠬᠢᠨᠠᠨ ᠪᠠᠶᠢᠴᠠᠭᠠᠬᠤ ᠠᠵᠢᠯ ᠢ | ᠠᠬᠢᠭᠤᠯᠵᠤ᠂ ᠦᠨᠳᠦᠰᠦᠨ ᠬᠠᠤᠯᠢ ᠶᠢᠨ ᠲᠠᠶᠢᠯᠪᠤᠷᠢᠯᠠᠯᠲᠠ ᠶᠢᠨ ᠵᠢᠷᠤᠮ ᠤᠨ ᠲᠣᠭᠲᠠᠴᠠ ᠶᠢ ᠨᠠᠶᠢᠳᠠᠪᠤᠷᠢᠵᠢᠭᠤᠯᠵᠤ᠂ | ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠦᠨᠳᠦᠰᠦᠨ ᠬᠠᠤᠯᠢ ᠳᠤ ᠬᠤᠯᠪᠣᠭᠳᠠᠬᠤ ᠠᠰᠠᠭᠤᠳᠠᠯ ᠤᠨ ᠲᠤᠬᠠᠢ | ᠠᠩᠬᠠᠷᠤᠯ ᠳᠤ ᠢᠳᠡᠪᠬᠢᠲᠡᠢ ᠬᠠᠷᠢᠭᠤᠯᠲᠠ ᠥᠭᠭᠦ ᠬᠡᠷᠡᠭᠲᠡᠢ᠃ | ᠲᠠᠪᠤᠳᠤᠭᠠᠷ ᠲᠤ᠂ ᠦᠨᠳᠦᠰᠦᠨ ᠬᠠᠤᠯᠢ ᠶᠢᠨ ᠤᠨᠤᠯ ᠤᠨ ᠰᠤᠳᠤᠯᠭᠠᠨ ᠪᠠ ᠤᠬᠠᠭᠤᠯᠭ᠎ᠠ ᠬᠥᠮᠦᠵᠢᠯ ᠢ | ᠴᠢᠩᠭᠠᠳᠬᠠᠵᠤ᠂ ᠳᠤᠮᠳᠠᠳᠤ ᠤᠯᠤᠰ ᠤᠨ ᠦᠨᠳᠦᠰᠦᠨ ᠬᠠᠤᠯᠢ ᠶᠢᠨ ᠤᠨᠤᠯ ᠪᠠ ᠦᠢᠯᠡᠳᠦᠯᠭᠡ ᠶᠢᠨ ᠢᠲᠡᠭᠡᠭᠦᠯᠭᠦ | ᠬᠦᠴᠦᠨ᠂ ᠨᠥᠯᠥᠭᠡᠯᠡᠬᠦ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ᠃ ᠦᠨᠳᠦᠰᠦᠨ ᠬᠠᠤᠯᠢ ᠶᠢᠨ | ᠰᠠᠭᠤᠷᠢ ᠨᠢ ᠠᠷᠠᠳ ᠲᠦᠮᠡᠨ ᠴᠢᠩ ᠰᠡᠳᠬᠢᠯ ᠠᠴᠠ ᠪᠠᠨ ᠬᠦᠷᠢᠶᠡᠯᠡᠬᠦ ᠳᠤ ᠪᠤᠢ᠂ ᠦᠨᠳᠦᠰᠦᠨ ᠬᠠᠤᠯᠢ ᠶᠢᠨ ᠠᠤᠭ᠎ᠠ | ᠬᠦᠴᠦᠨ ᠨᠢ ᠠᠷᠠᠳ ᠲᠦᠮᠡᠨ ᠤ ᠴᠢᠩ ᠦᠨᠡᠨᠴᠢ ᠢᠲᠡᠭᠡᠯ ᠪᠢᠰᠢᠷᠡᠯ ᠳᠤ ᠪᠤᠢ᠃ ᠡᠷᠬᠡᠪᠰᠢ ᠤᠬᠠᠭᠤᠯᠭ᠎ᠠ᠂ | ᠬᠥᠮᠦᠵᠢᠯ᠂ ᠰᠤᠳᠤᠯᠭᠠᠨ ᠢ ᠬᠠᠮᠲᠤ ᠪᠠᠷ ᠠᠬᠢᠭᠤᠯᠬᠤ ᠶᠢ ᠪᠠᠷᠢᠮᠲᠠᠯᠠᠵᠤ᠂ ᠮᠡᠳᠡᠯᠭᠡ ᠶᠢ ᠲᠦᠭᠡᠮᠡᠯᠵᠢᠭᠦᠯᠬᠦ᠂ | ᠤᠨᠤᠯ ᠤᠨ ᠲᠠᠶᠢᠯᠪᠤᠷᠢᠯᠠᠯᠲᠠ ᠬᠢᠬᠦ᠂ ᠣᠶᠢᠯᠠᠭᠠᠭᠳᠠᠬᠤᠨ ᠢᠶᠠᠷ ᠬᠥᠲᠥᠯᠥᠨ ᠵᠢᠯᠤᠭᠤᠳᠴᠤ ᠪᠦᠭᠦ ᠲᠠᠯ᠎ᠠ ᠪᠠᠷ | ᠬᠦᠴᠦᠯᠡᠬᠦ ᠶᠢ ᠪᠠᠷᠢᠮᠲᠠᠯᠠᠵᠤ᠂ ᠦᠨᠳᠦᠰᠦᠨ ᠬᠠᠤᠯᠢ ᠶᠢᠨ ᠬᠥᠮᠥᠰ ᠤᠨ ᠰᠡᠳᠬᠢᠯ ᠳᠤ ᠬᠠᠳᠠᠩᠰᠢᠬᠤ᠂ ᠠᠷᠠᠳ | ᠤᠯᠠᠨ ᠤ ᠳᠤᠮᠳᠠ ᠬᠦᠷᠬᠦ ᠶᠢ ᠠᠬᠢᠭᠤᠯᠵᠤ᠂ ᠦᠨᠳᠦᠰᠦᠨ ᠬᠠᠤᠯᠢ ᠶᠢᠨ ᠬᠡᠷᠡᠭᠵᠢᠭᠦᠯᠦᠯᠲᠡ ᠶᠢ ᠪᠦᠭᠦ ᠠᠷᠠᠳ | ᠲᠦᠮᠡᠨ ᠤ ᠤᠬᠠᠮᠰᠠᠷᠲᠤ ᠠᠵᠢᠯᠯᠠᠭ᠎ᠠ ᠪᠤᠯᠭᠠᠬᠤ ᠶᠢ ᠠᠬᠢᠭᠤᠯᠬᠤ ᠬᠡᠷᠡᠭᠲᠡᠢ᠃ | ᠦᠨᠳᠦᠰᠦᠨ ᠬᠠᠤᠯᠢ ᠶᠢᠨ ᠤᠬᠠᠭᠤᠯᠭ᠎ᠠ ᠬᠥᠮᠦᠵᠢᠯ ᠤᠨ ᠠᠵᠢᠯ ᠤᠨ ᠪᠠᠶᠢᠷᠢᠰᠢᠯ ᠢ ᠲᠡᠭᠦᠯᠳᠡᠷᠵᠢᠭᠦᠯᠵᠦ᠂ | ᠦᠨᠳᠦᠰᠦᠨ ᠬᠠᠤᠯᠢ ᠳᠤ ᠲᠠᠩᠭᠠᠷᠢᠭᠯᠠᠬᠤ᠂ ᠦᠨᠳᠦᠰᠦᠨ ᠬᠠᠤᠯᠢ ᠶᠢ ᠳᠤᠷᠠᠰᠬᠠᠬᠤ᠂ ᠤᠯᠤᠰ ᠤᠨ ᠪᠡᠯᠭᠡ ᠲᠡᠮᠳᠡᠭ | ᠪᠠ ᠰᠢᠨᠵᠢ ᠲᠡᠮᠳᠡᠭ ᠵᠡᠷᠭᠡ ᠳᠦᠷᠢᠮ ᠤᠨ ᠬᠥᠮᠦᠵᠢᠯ ᠤᠨ ᠴᠢᠳᠠᠮᠵᠢ ᠶᠢ ᠭᠦᠨᠵᠡᠭᠡᠶᠢᠷᠡᠭᠦᠯᠵᠦ᠂ ᠦᠨᠳᠦᠰᠦᠨ | ᠬᠠᠤᠯᠢ ᠶᠢᠨ ᠤᠬᠠᠭᠤᠯᠭ᠎ᠠ ᠬᠥᠮᠦᠵᠢᠯ ᠢ ᠪᠠᠶᠢᠩᠭᠤᠵᠢᠭᠤᠯᠤᠨ ᠤᠷᠳᠤ ᠬᠤᠭᠤᠴᠠᠭ᠎ᠠ ᠬᠦᠴᠦᠨ ᠲᠠᠢ ᠪᠤᠯᠭᠠᠬᠤ ᠶᠢ | ᠠᠬᠢᠭᠤᠯᠬᠤ ᠬᠡᠷᠡᠭᠲᠡᠢ᠃ ᠤᠳᠤᠷᠢᠳᠬᠤ ᠺᠠᠳ᠋ᠷ ᠭᠡᠬᠦ ᠡᠨᠡ ᠬᠦ ᠵᠠᠩᠭᠢᠯᠠᠭ᠎ᠠ ᠶᠢᠨ ᠴᠥᠭᠡᠨ ᠲᠣᠭᠠᠲᠠᠨ ᠢ ᠠᠳᠬᠤᠵᠤ᠂ | ᠵᠠᠯᠠᠭᠤᠴᠤᠳ ᠪᠠᠭᠠᠴᠤᠳ᠂ ᠰᠦᠯᠵᠢᠶᠡᠨ ᠤ ᠢᠷᠭᠡᠳ ᠵᠡᠷᠭᠡ ᠭᠤᠣᠯᠳᠠᠯᠭ᠎ᠠ ᠲᠠᠢ ᠬᠥᠮᠥᠰ ᠢ ᠠᠳᠬᠤᠵᠤ᠂ | ᠦᠨᠳᠦᠰᠦᠨ ᠬᠠᠤᠯᠢ ᠶᠢᠨ ᠳᠤᠷᠠᠰᠬᠠᠯ᠂ ᠦᠨᠳᠦᠰᠦᠨ ᠬᠠᠤᠯᠢ ᠳᠤ ᠲᠠᠩᠭᠠᠷᠢᠭᠯᠠᠬᠤ᠂ ᠦᠨᠳᠦᠰᠦᠨ ᠬᠠᠤᠯᠢ ᠶᠢᠨ | ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠴᠢᠶᠠᠯᠠᠪᠤᠷᠢ ᠶᠢ ᠠᠳᠬᠤᠵᠤ᠂ ᠰᠤᠷᠭᠠᠭᠤᠯᠢ᠂ | ᠨᠡᠶᠢᠭᠡᠮ ᠲᠣᠭᠤᠷᠢᠭ᠂ ᠵᠠᠭᠤᠴᠢᠯᠠᠭᠤᠷ ᠵᠡᠷᠭᠡ ᠭᠤᠣᠯᠳᠠᠯᠭ᠎ᠠ ᠲᠠᠢ ᠵᠢᠭᠰᠠᠭᠠᠯ ᠤᠨ ᠭᠠᠵᠠᠷ ᠢ ᠠᠳᠬᠤᠵᠤ᠂ | ᠦᠨᠳᠦᠰᠦᠨ ᠬᠠᠤᠯᠢ ᠶᠢᠨ ᠤᠬᠠᠭᠤᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠢ ᠥᠷᠨᠢᠭᠦᠯᠬᠦ ᠬᠡᠷᠡᠭᠲᠡᠢ᠃ ᠤᠳᠤ | ᠦᠶ᠎ᠡ ᠶᠢᠨ ᠳᠤᠮᠳᠠᠳᠤ ᠤᠯᠤᠰ ᠤᠨ ᠦᠨᠳᠦᠰᠦᠨ ᠬᠠᠤᠯᠢ ᠶᠢᠨ ᠳᠦᠷᠢᠮ ᠪᠠ ᠦᠨᠳᠦᠰᠦᠨ ᠬᠠᠤᠯᠢ ᠶᠢᠨ | ᠦᠢᠯᠡᠳᠦᠯᠭᠡ ᠲᠠᠢ ᠤᠶᠠᠯᠳᠤᠭᠤᠯᠤᠨ᠂ ᠳᠤᠮᠳᠠᠳᠤ ᠤᠯᠤᠰ ᠤᠨ ᠦᠨᠳᠦᠰᠦᠨ ᠬᠠᠤᠯᠢ ᠶᠢᠨ ᠤᠨᠤᠯ ᠤᠨ ᠰᠤᠳᠤᠯᠭᠠᠨ ᠢ | ᠴᠢᠩᠭᠠᠳᠬᠠᠵᠤ᠂ ᠪᠡᠯᠭᠡ ᠲᠡᠮᠳᠡᠭ ᠤᠨ ᠴᠢᠨᠠᠷᠲᠠᠢ ᠤᠬᠠᠭᠳᠠᠬᠤᠨ᠂ ᠤᠤᠭᠠᠯ ᠡᠭᠦᠳᠦᠯᠲᠡ ᠶᠢᠨ ᠴᠢᠨᠠᠷᠲᠠᠢ | ᠦᠵᠡᠯᠲᠡ ᠶᠢ ᠪᠣᠯᠪᠠᠰᠤᠷᠠᠭᠤᠯᠤᠨ᠂ ᠳᠤᠮᠳᠠᠳᠤ ᠤᠯᠤᠰ ᠤᠨ ᠦᠨᠳᠦᠰᠦᠨ ᠬᠠᠤᠯᠢ ᠶᠢᠨ ᠰᠢᠨᠵᠢᠯᠡᠭᠡᠨ ᠤ ᠰᠢᠰᠲ᠋ᠧᠮ᠂ | ᠡᠷᠳᠡᠮ ᠰᠢᠨᠵᠢᠯᠡᠭᠡᠨ ᠤ ᠰᠢᠰᠲ᠋ᠧᠮ᠂ ᠦᠭᠡ ᠶᠠᠷᠢᠶᠠᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ | ᠳᠤᠮᠳᠠᠳᠤ ᠤᠯᠤᠰ ᠤᠨ ᠦᠨᠳᠦᠰᠦᠨ ᠬᠠᠤᠯᠢ ᠶᠢᠨ ᠤᠨᠤᠯ ᠤᠨ ᠮᠠᠨ ᠤ ᠤᠯᠤᠰ ᠤᠨ ᠬᠠᠤᠯᠢᠵᠢᠯ ᠤᠨ ᠬᠥᠮᠦᠵᠢᠯ ᠳᠠᠬᠢ | ᠵᠢᠯᠤᠭᠤᠳᠬᠤ ᠪᠠᠶᠢᠷᠢ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠳᠤᠮᠳᠠᠳᠤ ᠤᠯᠤᠰ ᠤᠨ ᠦᠨᠳᠦᠰᠦᠨ ᠬᠠᠤᠯᠢ ᠶᠢᠨ | ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠤᠯᠤᠰ ᠤᠨ ᠦᠨᠳᠦᠰᠦᠨ ᠬᠠᠤᠯᠢ ᠶᠢᠨ ᠪᠠᠶᠢᠭᠤᠯᠤᠯ᠂ ᠦᠨᠳᠦᠰᠦᠨ | ᠬᠠᠤᠯᠢ ᠶᠢᠨ ᠤᠨᠤᠯ ᠤᠨ ᠢᠯᠡᠳᠲᠡ ᠳᠠᠪᠠᠭᠤᠯᠢᠭ ᠪᠣᠯᠣᠨ ᠬᠦᠴᠦᠷᠬᠡᠭ ᠶᠡᠭᠡ ᠠᠮᠢᠵᠢᠷᠠᠯ ᠤᠨ ᠬᠦᠴᠦᠨ ᠢ | ᠢᠲᠡᠭᠡᠯ ᠲᠠᠢ᠂ ᠰᠥᠰᠥ ᠵᠣᠷᠢᠭ ᠲᠠᠢ ᠪᠠᠷ ᠤᠬᠠᠭᠤᠯᠵᠤ᠂ ᠳᠤᠮᠳᠠᠳᠤ ᠤᠯᠤᠰ ᠤᠨ ᠦᠨᠳᠦᠰᠦᠨ ᠬᠠᠤᠯᠢ ᠶᠢ | ᠭᠠᠵᠢᠭᠤᠳᠠᠭᠤᠯᠤᠭᠰᠠᠨ᠂ ᠭᠦᠳᠬᠡᠭᠰᠡᠨ᠂ ᠳᠠᠭᠠᠷᠢᠬᠰᠠᠨ ᠠᠯᠢᠪᠠ ᠪᠤᠷᠤᠭᠤ ᠦᠭᠡ ᠶᠠᠷᠢᠶ᠎ᠠ ᠦᠢᠯᠡ ᠠᠵᠢᠯᠯᠠᠭ᠎ᠠ ᠲᠠᠢ | ᠵᠣᠷᠢᠭᠲᠠᠢ ᠪᠠᠷ ᠲᠡᠮᠡᠴᠡᠯ ᠬᠢᠬᠦ ᠬᠡᠷᠡᠭᠲᠡᠢ᠃ | ᠮᠠᠤ ᠽᠧ ᠳ᠋ᠦᠩ ᠨᠥᠬᠦᠷ ᠰᠢᠨ᠎ᠡ ᠳᠤᠮᠳᠠᠳᠤ ᠤᠯᠤᠰ ᠤᠨ ᠠᠩᠬᠠᠳᠠᠭᠴᠢ ᠦᠨᠳᠦᠰᠦᠨ ᠬᠠᠤᠯᠢ ᠶᠢ ᠤᠳᠤᠷᠢᠳᠤᠨ | ᠲᠣᠭᠲᠠᠭᠠᠬᠤ ᠳᠠᠭᠠᠨ᠄ ︽ᠪᠢᠳᠠ ᠤᠳᠦ ᠪᠦᠭᠦ ᠤᠯᠤᠰ ᠤᠨ ᠠᠷᠠᠳ ᠲᠦᠮᠡᠨ ᠲᠠᠢ ᠪᠦᠯᠬᠦᠮᠳᠡᠵᠦ᠂ ᠪᠦᠯᠬᠦᠮᠳᠡᠵᠦ | ᠪᠤᠯᠬᠤ ᠪᠠ ᠪᠦᠯᠬᠦᠮᠳᠡᠬᠦ ᠶᠣᠰᠣᠲᠠᠢ ᠬᠦᠴᠦᠨ ᠪᠦᠭᠦᠠ ᠲᠠᠢ ᠪᠦᠯᠬᠦᠮᠳᠡᠵᠦ᠂ ᠠᠭᠤᠤ ᠶᠡᠭᠡ ᠨᠡᠶᠢᠭᠡᠮ ᠵᠢᠷᠤᠮᠲᠤ | ᠤᠯᠤᠰ ᠢ ᠪᠦᠲᠦᠭᠡᠨ ᠪᠠᠶᠢᠭᠤᠯᠬᠤ ᠶᠢᠨ ᠲᠥᠯᠥᠭᠡ ᠲᠡᠮᠡᠴᠡᠬᠦ ᠬᠡᠷᠡᠭᠲᠡᠢ᠃ ᠡᠨᠡ ᠦᠨᠳᠦᠰᠦᠨ ᠬᠠᠤᠯᠢ ᠶᠢ ᠶᠠᠭ ᠡᠨᠡ | ᠵᠣᠷᠢᠯᠭ᠎ᠠ ᠠᠴᠠ ᠪᠢᠴᠢᠭᠰᠡᠨ ᠶᠤᠮ︾ ᠭᠡᠵᠦ ᠬᠡᠯᠡᠪᠡ᠃ ᠪᠢᠳᠠ ᠦᠨᠳᠦᠰᠦᠨ ᠬᠠᠤᠯᠢ ᠶᠢ ᠪᠦᠭᠦ ᠲᠠᠯ᠎ᠠ ᠪᠠᠷ | ᠲᠤᠭᠤᠰᠢᠯᠠᠭᠤᠯᠤᠨ ᠬᠡᠷᠡᠭᠵᠢᠭᠦᠯᠵᠦ᠂ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠠᠬᠢᠭᠤᠯᠵᠤ᠂ | ᠬᠠᠤᠯᠢᠵᠢᠯ ᠤᠨ ᠳᠤᠮᠳᠠᠳᠤ ᠤᠯᠤᠰ ᠤᠨ ᠪᠠᠶᠢᠭᠤᠯᠤᠯᠲᠠ ᠶᠢ ᠠᠬᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ | ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ | ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠯᠲᠠ ᠪᠠᠷ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ | ᠲᠡᠮᠡᠴᠡᠬᠦ ᠬᠡᠷᠡᠭᠲᠡᠢ︕ | |