ᠤᠯᠠᠮᠵᠢᠯᠠᠯᠲᠤ ᠳᠠᠪᠠᠭᠤᠯᠢᠭ ᠢᠶᠠᠨ ᠪᠠᠬᠢᠵᠢᠭᠦᠯᠵᠦ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠢᠳᠡᠪᠬᠢᠵᠢᠭᠦᠯᠦᠶ᠎ᠡ — ᠪᠠᠶᠠᠨᠨᠠᠭᠤᠷ ᠬᠤᠳᠠ ᠭᠠᠳᠠᠭᠠᠳᠤ ᠠᠷᠠᠯᠵᠢᠶᠠᠨ ᠤ ᠬᠡᠪᠴᠢᠶ᠎ᠡ ᠪᠠ ᠶᠠᠰᠤ ᠴᠢᠨᠠᠷ ᠤᠨ ᠬᠤᠣᠰ ᠳᠡᠭᠡᠭᠰᠢᠯᠡᠯᠲᠡ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2022/12/25
    ᠣᠶᠢᠷ᠎ᠠ ᠶᠢᠨ ᠵᠢᠯ ᠤᠨ ᠲᠤᠷᠰᠢ᠂ ᠪᠠᠶᠠᠨᠨᠠᠭᠤᠷ ᠬᠤᠲᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ  ᠠᠴᠠ ᠪᠣᠯᠤᠭᠰᠠᠨ ᠨᠠᠵᠠᠭᠠᠶ ᠨᠥᠯᠥᠭᠡ ᠶᠢ ᠲᠡᠪᠴᠢᠨ ᠂ ᠭᠠᠳᠠᠭᠠᠳᠤ ᠠᠷᠠᠯᠵᠢᠶᠠᠨ ᠤ ᠪᠠᠭᠤᠷᠠᠯᠳᠠ ᠂ ᠠᠷᠠᠯᠵᠢᠶᠠᠨ ᠤ ᠬᠢᠵᠠᠭᠠᠷᠯᠠᠯ ᠨᠡᠮᠡᠭᠳᠡᠬᠦ ᠵᠡᠷᠭᠡ ᠠᠰᠢᠭ ᠥᠬᠡᠶ ᠵᠦᠶᠯ ᠢ ᠢᠳᠡᠪᠬᠢᠲᠡᠶ ᠠᠷᠭᠠᠴᠠᠵᠤ᠂ ᠭᠠᠳᠠᠭᠠᠳᠤ ᠠᠷᠠᠯᠵᠢᠶᠠᠨ ᠤ ᠬᠡᠪᠴᠢᠶ᠎ᠡ ᠪᠠ ᠶᠠᠰᠤ ᠴᠢᠨᠠᠷ ᠤᠨ ᠬᠤᠤᠰ ᠳᠡᠭᠡᠭᠰᠢᠯᠡᠯᠲᠡ ᠶᠢ ᠪᠡᠶᠡᠯᠡᠭᠦᠯᠪᠡ᠃ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠲᠤᠭ᠎ᠠ 2018 ᠣᠨ  ᠳᠤ ᠠᠩᠬ᠎ᠠ ᠤᠳᠠᠭ᠎ᠠ 200 ᠳ᠋ᠦᠩᠰᠢᠭᠤᠷ ᠲᠥᠭᠦᠷᠢᠭ ᠢ ᠳᠠᠪᠠᠵᠤ᠂ 3 ᠵᠢᠯ ᠳᠠᠷᠠᠭᠠᠯᠠᠨ ᠪᠥᠬᠦ ᠣᠷᠣᠨ ᠤ ᠲᠡᠷᠢᠭᠦᠨ  ᠳᠤ ᠣᠷᠣᠵᠤ᠂ ᠪᠥᠬᠦ ᠣᠷᠣᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠲᠤᠭ᠎ᠠ ᠶᠢᠨ 20 % ᠣᠷᠴᠢᠮ ᠢ ᠡᠵᠡᠯᠡᠪᠡ ︔ ᠲᠠᠷᠢᠶᠠᠯᠠᠩ ᠮᠠᠯ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ 13 ᠵᠢᠯ ᠳᠠᠷᠠᠭᠠᠯᠠᠨ ᠪᠥᠬᠦ ᠣᠷᠣᠨ ᠳᠤ ᠲᠡᠷᠢᠭᠦᠯᠡᠵᠦ᠂ ᠪᠥᠬᠦ ᠣᠷᠣᠨ ᠤ ᠲᠠᠷᠢᠶᠠᠯᠠᠩ ᠮᠠᠯ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠶᠢᠨ ᠶᠡᠷᠦᠩᠬᠡᠶ ᠲᠤᠭ᠎ᠠ ᠶᠢᠨ 60 % ᠠᠴᠠ ᠳᠡᠭᠡᠭᠰᠢᠬᠢ ᠶᠢ ᠡᠵᠡᠯᠡᠪᠡ᠃ ᠡᠨᠡ ᠵᠢᠯ ᠤᠨ 1 ᠳ᠋ᠤᠭᠡᠷ ᠠᠴᠠ10 ᠳ᠋ᠤᠭᠠᠷ ᠰᠠᠷ᠎ᠠ ᠳᠤ᠂ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠲᠤᠭ᠎ᠠ 272.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 41.8 % ᠪᠠᠷ ᠨᠡᠮᠡᠭᠳᠡᠪᠡ᠂ ᠡᠭᠦᠨ ᠳᠤ ᠭᠠᠳᠠᠭᠠᠳᠤ ᠭᠠᠷᠭᠠᠯᠲᠠ 40.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 37.2 % ᠢᠶᠠᠷ ᠨᠡᠮᠡᠭᠳᠡᠪᠡ ︔ ᠭᠠᠳᠠᠭᠠᠳᠤ ᠣᠷᠣᠭᠤᠯᠤᠯᠲᠠ 231.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ  ᠠᠴᠠ 42.6 % ᠪᠠᠷ ᠨᠡᠮᠡᠭᠳᠡᠪᠡ᠃ ᠵᠢᠱᠢᠯᠲᠡ ᠪᠠᠷ ᠪᠥᠬᠦ ᠵᠢᠯ ᠤᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠪᠥᠬᠦ ᠲᠤᠭ᠎ᠠ ᠠᠩᠬ᠎ᠠ ᠤᠳᠠᠭ᠎ᠠ 300 ᠳ᠋ᠦᠩᠰᠢᠭᠤᠷ ᠲᠥᠭᠦᠷᠢᠭ  ᠢ ᠳᠠᠪᠠᠭ᠋ᠤ ᠪᠣᠯᠤᠨ᠎ᠠ᠃   ᠭᠠᠳᠠᠭᠠᠳᠤ ᠣᠷᠴᠢᠨ ᠲᠣᠭᠤᠷᠢᠨ ᠤ ᠲᠣᠭᠲᠠᠭᠠᠯᠲᠤ ᠪᠤᠰᠤ ᠴᠢᠨᠠᠷ ᠳᠡᠭᠡᠭᠰᠢᠯᠡᠬᠦ᠂ ᠭᠠᠳᠠᠭᠠᠳᠤ ᠬᠡᠷᠡᠭᠴᠡᠭᠡ ᠤᠳᠠᠭᠠᠰᠢᠷᠠᠬᠤ᠂ ᠵᠠᠬᠢᠶᠠᠯᠠᠭ᠎ᠠ ᠶᠢᠨ ᠬᠠᠭᠤᠳᠠᠰᠤ ᠴᠦᠬᠡᠷᠡᠬᠦ ᠪᠠ ᠬᠢᠵᠢᠭ ᠤᠨ ᠪᠠᠶᠢᠳᠠᠯ ᠳᠠᠬᠢᠨ ᠳᠠᠪᠲᠠᠬᠤ ᠵᠡᠷᠭᠡ ᠠᠰᠢᠭ ᠥᠬᠡᠶ ᠨᠥᠯᠥᠭᠡ ᠳᠣᠤᠷ᠎ᠠ᠂ ᠪᠠᠶᠠᠨᠨᠠᠭᠤᠷ ᠬᠤᠲᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠠᠷᠠᠯᠵᠢᠶ᠎ᠠ ᠨᠡᠯᠢᠶᠡᠳ ᠲᠦᠷᠭᠡᠨ ᠬᠥᠭᠵᠢᠭᠰᠡᠨ ᠪᠠᠶᠢᠨ᠎ᠠ ᠂ ᠭᠤᠤᠯᠳᠠᠭᠤ ᠳᠣᠤᠷᠠᠬᠢ ᠮᠡᠲᠦ ᠪᠦᠲᠦᠮᠵᠢᠲᠡᠶ ᠠᠷᠭ᠎ᠠ ᠬᠡᠮᠵᠢᠶ᠎ᠡ ᠶᠢ ᠠᠪᠴᠠᠶ᠃   ᠨᠢᠭᠡ ᠳᠤ᠂ ᠴᠠᠭ ᠲᠤᠨᠢ ᠲᠣᠬᠢᠷᠠᠭᠤᠯᠤᠨ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠲᠥᠷᠥ ᠶᠢᠨ ᠪᠣᠳᠣᠯᠭ᠎ᠠ  ᠶᠢᠨ ᠠᠰᠢᠭ ᠲᠤᠰᠠ  ᠪᠠᠷ ᠵᠠᠬ᠎ᠠ ᠳᠡᠯᠭᠡᠭᠦᠷ ᠤᠨ ᠲᠠᠭᠠᠷᠢᠯᠲᠠ ᠶᠢ ᠠᠷᠭᠠᠴᠠᠭᠠᠪᠠ ᠃ ᠪᠣᠬᠢᠷᠲᠤᠯ ᠦᠭᠡᠶ ᠲᠠᠷᠢᠶᠠᠯᠠᠩ ᠮᠠᠯ ᠤᠨ ᠪᠦᠲᠦᠭᠡᠭᠳᠡᠬᠦᠨ ᠢ ᠨᠠᠷᠢᠯᠢᠭ ᠭᠦᠨᠵᠡᠭᠡᠶ ᠦᠢᠯᠡᠳᠪᠦᠷᠢᠯᠡᠬᠦ ᠠᠵᠤ ᠦᠢᠯᠡᠰ ᠤᠨ ᠣᠯᠠᠨ ᠤᠯᠤᠰ ᠤᠨ ᠵᠠᠬ᠎ᠠ ᠳᠡᠯᠭᠡᠭᠦᠷ ᠢ ᠨᠡᠭᠡᠭᠡᠬᠦ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠭᠠᠳᠠᠭᠠᠳᠤ ᠠᠷᠠᠯᠵᠢᠶᠠᠨ ᠤ ᠨᠡᠮᠡᠭᠳᠡᠯ ᠢ ᠲᠣᠭᠲᠠᠪᠤᠷᠢᠵᠢᠭᠤᠯᠤᠨ ᠥᠷᠢᠰᠥᠯᠳᠦᠭᠡᠨ ᠤ ᠰᠢᠨ᠎ᠡ ᠳᠠᠪᠠᠭᠤᠯᠢᠭ ᠢ ᠲᠦᠷᠭᠡᠳᠬᠡᠨ ᠪᠣᠶᠢᠵᠢᠭᠤᠯᠬᠤ ᠵᠡᠷᠭᠡ ᠠᠯᠢ ᠣᠯᠠᠨ ᠲᠥᠬᠦᠷ ᠠᠷᠭ᠎ᠠ ᠬᠡᠮᠵᠢᠶ᠎ᠡ ᠶᠢ ᠲᠣᠭᠲᠠᠭᠠᠨ ᠬᠡᠪᠯᠡᠨ ᠲᠠᠷᠬᠠᠭᠠᠵᠤ ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠬᠢᠵᠦ ᠳᠡᠰ ᠳᠡᠪᠰᠢᠭᠦᠯᠬᠦ᠂ ᠪᠡᠶ᠎ᠡ ᠪᠠᠨ ᠳᠠᠭᠠᠭᠠᠭᠰᠠᠨ ᠨᠡᠷᠡᠲᠦ ᠲᠡᠮᠳᠡᠭ ᠪᠣᠶᠢᠵᠢᠭᠤᠯᠬᠤ᠂ ᠣᠯᠠᠨ ᠤᠯᠤᠰ ᠤᠨ ᠡᠵᠡᠩᠨᠡᠨ ᠪᠣᠷᠣᠯᠠᠭᠤᠯᠬᠤ ᠰᠢᠰᠲ᠋ᠧᠮᠵᠢ ᠶᠢᠨ ᠪᠠᠶᠢᠭᠤᠯᠤᠯᠲᠠ ᠶᠢ ᠭᠤᠣᠯᠳᠠᠯᠭ᠎ᠠ ᠲᠠᠢ ᠲᠦᠯᠬᠢᠨ ᠠᠬᠢᠭᠤᠯᠵᠤ᠂ ᠲᠠᠷᠢᠶᠠᠯᠠᠩ ᠮᠠᠯ ᠤᠨ ᠪᠦᠲᠦᠭᠡᠭᠳᠡᠬᠦᠨ ᠢ ᠭᠠᠳᠠᠭᠠᠳᠤ ᠳᠤ ᠭᠠᠷᠭᠠᠬᠤ《ᠲᠥᠷᠥ ᠶᠢᠨ ᠪᠣᠳᠣᠯᠭ᠎ᠠ ᠶᠢᠨ ᠳᠤᠲᠠᠭᠳᠠᠯ》 ᠪᠠ《ᠦᠢᠯᠡᠴᠢᠯᠡᠭᠡᠨ ᠤ ᠳᠠᠪᠠᠭᠤᠯᠢᠭ》 ᠢ ᠬᠦᠴᠦᠯᠡᠨ ᠪᠣᠶ ᠪᠣᠯᠭᠠᠪᠠ᠃ ᠪᠠᠶᠠᠨᠨᠠᠭᠤᠷ ᠬᠤᠲᠠ ᠨᠢᠭᠡᠨᠲᠡ ᠪᠥᠬᠦ ᠤᠯᠤᠰ ᠤᠨ ᠨᠡᠷᠡᠨ ᠬᠤᠸᠠᠷ ᠤᠨ ᠦᠷ᠎ᠡ ᠶᠢ ᠪᠣᠯᠪᠠᠰᠤᠷᠠᠭᠤᠯᠵᠤ ᠭᠠᠳᠠᠭᠠᠳᠤ ᠳᠤ ᠭᠠᠷᠭᠠᠬᠤ ᠲᠥᠪᠯᠡᠷᠡᠭᠦᠯᠦᠨ ᠲᠠᠷᠬᠠᠭᠠᠬᠤ ᠭᠠᠵᠠᠷ ᠪᠣᠯᠵᠣ᠂ ᠣᠲᠣ ᠦᠷ᠎ᠡ ᠪᠣᠯᠪᠠᠰᠤᠷᠠᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ 130 ᠪᠠᠶᠢᠵᠤ᠂ ᠵᠢᠯ ᠳᠤ 60 ᠲᠦᠮᠡᠨ ᠲᠣᠨ ᠡᠳ᠋ᠰᠢᠭᠦᠯᠬᠦ ᠴᠢᠳᠠᠪᠤᠷᠢ ᠲᠠᠢ᠂ ᠲᠤᠬᠠᠶ ᠶᠢᠨ ᠭᠠᠵᠠᠷ ᠤᠨ ᠨᠡᠷᠡᠨ ᠬᠤᠸᠠᠷ ᠤᠨ ᠦᠷ᠎ᠡ ᠶᠢ ᠪᠣᠯᠪᠠᠰᠤᠷᠠᠭᠤᠯᠬᠤ ᠠᠴᠠ ᠭᠠᠳᠠᠨ᠎ᠠ᠂ ᠤᠯᠠᠭᠠᠨᠬᠠᠳᠠ᠂ ᠰᠢᠯᠢ ᠶᠢᠨ ᠭᠤᠤᠯ ᠠᠶᠢᠮᠠᠭ᠂ ᠰᠢᠨᠵᠢᠶᠠᠩ᠂ ᠭᠠᠨᠰᠦ ᠵᠢᠴᠢ ᠺᠠᠽᠠᠭᠰᠲ᠋ᠠᠨ᠂ ᠣᠷᠣᠰ ᠤᠨ ᠨᠡᠷᠡᠨ ᠬᠤᠸᠠᠷ ᠤᠨ ᠦᠷ᠎ᠡ ᠶᠢ ᠠᠳᠡ ᠴᠤᠭᠯᠠᠭᠤᠯᠤᠨ ᠪᠣᠯᠪᠠᠰᠤᠷᠠᠭᠤᠯᠵᠤ᠂ ᠲᠠᠪᠤᠨ ᠶᠡᠭᠡ ᠲᠢᠪ ᠤᠨ 90 ᠭᠠᠷᠤᠶ ᠤᠯᠤᠰ ᠪᠠ ᠭᠠᠵᠠᠷ ᠣᠷᠣᠨ ᠳᠤ ᠭᠠᠷᠭᠠᠵᠤ ᠪᠠᠶᠢᠨ᠎ᠠ᠃ ᠪᠦᠷᠢᠳᠬᠡᠯ ᠢ ᠦᠨᠳᠦᠰᠦᠯᠡᠪᠡᠯ᠂ ᠦᠷ᠎ᠡ ᠶᠢᠨ ᠲᠥᠷᠥᠯ ᠤᠨ ᠦᠶᠯᠡᠳᠬᠦᠨ ᠤ ᠭᠠᠳᠠᠭᠠᠳᠤ ᠭᠠᠷᠭᠠᠯᠲᠠ ᠶᠢᠨ ᠨᠢᠭᠡ ᠯᠡ ᠵᠦᠶᠯ ᠨᠢ ᠪᠥᠬᠦ ᠬᠤᠲᠠ ᠶᠢᠨ 80 ᠲᠦᠮᠡᠨ ᠮᠠᠯᠴᠢᠨ ᠲᠠᠷᠢᠶᠠᠴᠢᠨ ᠤ ᠵᠢᠯ ᠤᠨ ᠬᠥᠮᠦᠨ ᠳᠤᠮᠳᠠᠴᠢ ᠶᠢᠨ ᠣᠷᠣᠯᠭ᠎ᠠ 4000 ᠲᠥᠭᠦᠷᠢᠭ ᠠᠷᠠᠳ ᠤᠨ ᠵᠣᠭᠤᠰ ᠨᠡᠮᠡᠭᠳᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠭᠠᠳᠠᠭᠠᠳᠤ ᠠᠷᠠᠯᠵᠢᠶᠠᠨ ᠤ ᠬᠦᠴᠦᠨ ᠨᠡᠮᠡᠷᠢᠯᠡᠪᠡ᠃   ᠬᠤᠶᠠᠷ ᠲᠤ᠂ ᠠᠵᠤ ᠠᠬᠤᠶᠢᠯᠠᠯ ᠤᠨ ᠪᠣᠳᠠᠲᠠᠶ ᠬᠦᠴᠢᠷᠳᠡᠯ ᠳᠤ ᠠᠩᠬᠠᠷᠤᠯ  ᠢᠶᠠᠨ ᠲᠥᠪᠯᠡᠷᠡᠭᠦᠯᠵᠦ᠂ ᠪᠥᠬᠦ ᠶᠠᠪᠤᠴᠠ ᠶᠢᠨ ᠦᠶᠯᠡᠴᠢᠯᠡᠭᠡ ᠪᠠᠷ ᠭᠠᠳᠠᠭᠠᠳᠤ ᠠᠷᠠᠯᠵᠢᠶᠠᠨ ᠤ ᠠᠮᠢᠵᠢᠷᠠᠯ ᠤᠨ ᠬᠦᠴᠦᠨ ᠢ ᠬᠥᠭᠵᠢᠭᠡᠵᠡᠢ ᠃ ᠭᠤᠤᠯᠳᠠᠯᠭ᠎ᠠ ᠲᠠᠢ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠳᠤ ᠠᠩᠬᠠᠷᠤᠯ ᠢᠶᠠᠨ ᠲᠥᠪᠯᠡᠷᠡᠭᠦᠯᠦᠨ《ᠳᠠᠭᠠᠭᠠᠴᠢᠯᠠᠨ ᠬᠤᠯᠪᠣᠭᠠᠯᠠᠬᠤ ᠪᠠᠲᠤᠯᠠᠭ᠎ᠠ ᠶᠢᠨ ᠦᠶᠯᠡᠴᠢᠯᠡᠭᠡᠨ ᠤ ᠲᠣᠭᠲᠠᠴᠠ》 ᠶᠢ ᠪᠠᠶᠢᠭᠤᠯᠵᠤ ᠂ ᠪᠥᠬᠦ ᠬᠤᠲᠠ ᠶᠢᠨ 32 ᠭᠤᠤᠯᠳᠠᠯᠭ᠎ᠠ ᠲᠠᠢ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠳᠤ ᠨᠢᠭᠡᠳ ᠨᠢᠭᠡ ᠪᠠᠷ ᠣᠨᠣᠪᠴᠢᠲᠠᠶ ᠦᠶᠯᠡᠴᠢᠯᠡᠭᠡ ᠬᠠᠩᠭᠠᠵᠤ᠂ ᠠᠵᠤ ᠠᠬᠤᠶᠢᠯᠠᠯ ᠢ ᠬᠠᠪᠰᠤᠷᠤᠨ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠶᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠭᠦᠶᠴᠡᠳ ᠬᠡᠷᠡᠭᠵᠢᠭᠦᠯᠪᠡ ᠃ ᠪᠣᠭᠤᠮᠲᠠ᠂ ᠭᠠᠶᠢᠯᠢ ᠶᠢᠨ ᠶᠠᠪᠤᠳᠠᠯ᠂ ᠭᠠᠳᠠᠭᠠᠳᠤ ᠭᠤᠪᠢᠭᠤᠯᠭ᠎ᠠ᠂ ᠮᠥᠩᠭᠦᠨ ᠭᠦᠶᠯᠭᠡᠭᠡ ᠵᠡᠷᠭᠡ ᠭᠠᠳᠠᠭᠠᠳᠤ ᠲᠠᠢ ᠬᠤᠯᠪᠣᠭᠳᠠᠬᠤ ᠰᠠᠯᠠᠭ᠎ᠠ ᠮᠥᠴᠢᠷ ᠯᠦᠭᠡ ᠬᠤᠯᠪᠣᠭᠠᠯᠠᠨ ᠬᠥᠳᠡᠯᠦᠯᠴᠡᠵᠦ ᠬᠠᠮᠵᠢᠯᠴᠠᠬᠤ ᠪᠠᠨ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠠᠮᠲᠤᠷᠠᠭᠰᠠᠨ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠵᠤ᠂ ᠲᠤᠬᠠᠶ ᠶᠢᠨ ᠭᠠᠵᠠᠷ  ᠲᠤᠨᠢ ᠬᠦᠷᠴᠦ ᠰᠤᠷᠪᠤᠯᠵᠢᠯᠠᠨ᠂ ᠶᠠᠷᠢᠯᠴᠠᠨ ᠣᠶᠢᠯᠠᠭᠠᠵᠤ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠲᠦᠭᠵᠢᠷᠡᠯ᠂ ᠬᠦᠴᠢᠷ ᠠᠰᠠᠭᠤᠳᠠᠯ ᠢ ᠰᠢᠶᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠵᠢᠭᠠᠨ ᠵᠢᠯᠣᠭᠤᠳᠣᠭᠴᠢ᠂ ᠵᠣᠬᠢᠴᠠᠭᠤᠯᠤᠭᠴᠢ᠂ ᠦᠶᠯᠡᠴᠢᠯᠡᠭᠴᠢ  ᠶᠢ ᠰᠠᠶᠢᠲᠤᠷ ᠬᠢᠵᠦ᠂ ᠰᠠᠶᠢᠨ ᠰᠠᠶᠢᠬᠠᠨ ᠠᠷᠠᠯᠵᠢᠶᠠᠨ ᠤ ᠣᠷᠴᠢᠨ ᠨᠥᠬᠦᠴᠡᠯ ᠢ ᠴᠢᠷᠮᠠᠶᠢᠨ ᠪᠣᠶ ᠪᠤᠯᠭᠠᠪᠠ ᠃ ᠥᠪᠡᠷᠲᠡᠭᠡᠨ ᠵᠠᠰᠠᠬᠤ ᠣᠷᠣᠨ ᠤ ᠲᠠᠰ ᠤᠨ 3 ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠶᠯᠡᠴᠢᠯᠡᠭᠡᠨ ᠤ ᠠᠵᠤ ᠠᠬᠤᠶᠢᠯᠠᠯ ᠤᠨ ᠦᠶᠯᠡᠳᠦᠯ ᠢ ᠭᠦᠶᠴᠡᠳ ᠪᠠᠳᠠᠷᠠᠭᠤᠯᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠪᠣᠭᠤᠮᠲᠠ ᠪᠠᠷ ᠥᠩᠭᠡᠷᠡᠬᠦ᠂ ᠪᠠᠷᠠᠭᠠᠨ ᠤ ᠭᠦᠶᠯᠭᠡᠭᠡᠨ᠂ ᠭᠠᠶᠢᠯᠢ ᠪᠤᠴᠠᠭᠠᠬᠤ᠂ ᠪᠠᠯᠠ ᠳᠣᠭᠢᠷᠠᠭᠤᠯᠬᠤ᠂ ᠢᠲᠡᠭᠡᠮᠵᠢ ᠶᠢᠨ ᠳᠠᠭᠠᠳᠬᠠᠯ ᠵᠡᠷᠭᠡ ᠪᠥᠬᠦ ᠶᠠᠪᠤᠴᠠ ᠶᠢᠨ ᠦᠶᠯᠡᠴᠢᠯᠡᠭᠡ ᠬᠠᠩᠭᠠᠵᠤ᠂ ᠨᠢᠭᠡ ᠪᠦᠯᠦᠭ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠭᠠᠳᠠᠭᠠᠳᠤ ᠠᠷᠠᠯᠵᠢᠶᠠᠨ ᠤ ᠲᠤᠬᠠᠶᠢᠯᠠᠭᠰᠠᠨ ᠠᠵᠢᠯ ᠥᠷᠨᠢᠭᠦᠯᠬᠦ ᠶᠢ ᠬᠥᠲᠥᠯᠦᠨ ᠵᠢᠯᠣᠭᠤᠳᠪᠠ᠃ ᠣᠳᠣᠬᠠᠨ ᠪᠣᠯᠲᠠᠯ᠎ᠠ ᠭᠠᠳᠠᠭᠠᠳᠤ ᠠᠷᠠᠯᠵᠢᠶᠠᠨ ᠤ ᠳᠠᠩᠰᠠᠯᠠᠭᠤᠯᠤᠨ ᠲᠡᠮᠳᠡᠭᠯᠡᠭᠦᠯᠦᠭᠰᠡᠨ ᠠᠵᠤ ᠠᠬᠤᠶᠢᠯᠠᠯ 2266  ᠳᠤ ᠬᠦᠷᠴᠦ ᠂ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠠᠮᠵᠢᠯᠲᠠ ᠪᠦᠲᠦᠮᠵᠢ ᠲᠠᠢ ᠠᠵᠤ ᠠᠬᠤᠶᠢᠯᠠᠯ 300 ᠶᠢ ᠳᠠᠪᠠᠪᠠ᠃   ᠭᠤᠷᠪᠠ ᠳᠤ᠂ ᠭᠠᠳᠠᠭᠠᠳᠤ ᠠᠷᠠᠯᠵᠢᠶᠠᠨ ᠤ ᠬᠡᠯᠪᠡᠷᠢ  ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠬᠦᠴᠦᠯᠡᠨ ᠠᠬᠢᠭᠤᠯᠵᠤ᠂ ᠠᠵᠤ ᠦᠢᠯᠡᠰ ᠤᠨ ᠥᠷᠢᠰᠥᠯᠳᠦᠭᠡᠨ ᠤ ᠳᠠᠪᠠᠭᠤᠯᠢᠭ ᠢ ᠪᠣᠶᠢᠵᠢᠭᠤᠯᠵᠠᠢ ᠃ ᠭᠠᠳᠠᠭᠠᠳᠤ ᠠᠷᠠᠯᠵᠢᠶᠠᠨ  ᠤ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ 5 ᠭᠠᠳᠠᠭᠠᠳᠤ ᠠᠷᠠᠯᠵᠢᠶᠠᠨ ᠤ ᠬᠡᠯᠪᠡᠷᠢ ᠪᠠᠨ ᠬᠤᠪᠢᠷᠠᠭᠤᠯᠬᠤ ᠰᠠᠭᠤᠷᠢᠨ ᠭᠠᠵᠠᠷ ᠢ ᠢᠳᠡᠪᠬᠢᠲᠡᠶ ᠴᠢᠷᠮᠠᠶᠢᠨ ᠡᠭᠦᠳᠴᠦ᠂ ᠪᠥᠬᠦ ᠤᠯᠤᠰ ᠤᠨ ᠲᠤᠰᠬᠠᠶ ᠣᠷᠣᠨ ᠬᠤᠲᠠ ᠶᠢᠨ ᠲᠠᠰ ᠤᠨ ᠠᠳᠠᠯᠢ ᠨᠢᠭᠡᠨ ᠬᠦᠷᠢᠶᠡᠨ ᠳᠤ ᠮᠠᠭᠠᠳᠯᠠᠨ ᠲᠣᠭᠲᠠᠭᠠᠭᠰᠠᠨ ᠲᠤᠭ᠎ᠠ ᠬᠡᠮᠵᠢᠶ᠎ᠡ ᠪᠠᠷ ᠬᠠᠮᠤᠭ ᠤᠨ ᠣᠯᠠᠨ ᠪᠣᠯᠪᠠ᠃ 《ᠲᠥᠯᠥᠪᠵᠢᠭᠦᠯᠭᠡ ᠲᠣᠭᠲᠠᠭᠠᠬᠤ᠂ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠲᠠᠪᠴᠠᠩ ᠢ ᠲᠡᠭᠦᠯᠳᠡᠷᠵᠢᠭᠦᠯᠬᠦ᠂ ᠲᠣᠭᠲᠠᠴᠠ ᠶᠢ ᠪᠦᠷᠢᠨᠰᠢᠭᠦᠯᠬᠦ 》 ᠰᠡᠳᠬᠢᠴᠡ ᠪᠠᠷ ᠭᠤᠤᠯᠯᠠᠭᠤᠯᠤᠨ᠂ ᠰᠠᠭᠤᠷᠢᠨ ᠭᠠᠵᠠᠷ ᠤᠨ ᠭᠠᠳᠠᠭᠠᠳᠤ ᠠᠷᠠᠯᠵᠢᠶᠠᠨ ᠤ ᠣᠨᠴᠠᠯᠢᠭᠲᠤ ᠳᠠᠪᠠᠭᠤᠯᠢᠭ ᠠᠵᠤ ᠦᠶᠯᠡᠰ ᠲᠤ ᠦᠶᠯᠡᠴᠢᠯᠡᠬᠦ ᠡᠷᠴᠢᠮ ᠢᠶᠠᠨ ᠤᠯᠠᠮ ᠨᠢᠭᠡ ᠠᠯᠬᠤᠮ ᠨᠡᠮᠡᠭᠳᠡᠭᠦᠯᠵᠦ᠂ ᠤᠯᠠᠮᠵᠢᠯᠠᠯᠲᠤ ᠭᠠᠳᠠᠭᠠᠳᠤ ᠭᠠᠷᠭᠠᠯᠲᠠ ᠶᠢᠨ ᠳᠠᠪᠠᠭᠤᠯᠢᠭ ᠢᠶᠠᠨ ᠪᠠᠲᠤᠯᠠᠭᠰᠠᠨ ᠰᠠᠭᠤᠷᠢᠨ ᠳᠡᠭᠡᠷ᠎ᠡ ᠭᠤᠤᠯᠯᠠᠬᠤ ᠥᠷᠢᠰᠥᠯᠳᠦᠬᠦ ᠬᠦᠴᠦᠨ ᠢᠶᠠᠨ ᠲᠠᠰᠤᠷᠠᠯᠲᠠ ᠤᠢᠭᠡᠢ ᠳᠡᠭᠡᠭᠰᠢᠯᠡᠭᠦᠯᠪᠡ ᠃ ᠰᠠᠭᠤᠷᠢᠨ ᠭᠠᠵᠠᠷ ᠤᠨ ᠭᠠᠳᠠᠭᠠᠳᠤ ᠳᠤ ᠭᠠᠷᠭᠠᠬᠤ ᠦᠢᠯᠡᠳᠬᠦᠨ ᠤ ᠪᠦᠲᠦᠴᠡ ᠶᠢ ᠥᠩᠭᠡᠷᠡᠭᠰᠡᠨ ᠤ ᠲᠠᠩ ᠴᠤᠯᠭᠤᠢ ᠲᠦᠭᠦᠬᠡᠢ ᠮᠠᠲ᠋ᠧᠷᠢᠶᠠᠯ  ᠤᠨ ᠭᠠᠳᠠᠭᠠᠳᠤ ᠭᠠᠷᠭᠠᠯᠲᠠ ᠠᠴᠠ ᠪᠣᠯᠭᠤᠭᠰᠠᠨ ᠨᠡᠷᠡᠨ ᠬᠤᠸᠠᠷ ᠤᠨ ᠦᠷ᠎ᠡ᠂ ᠯᠠᠩᠭᠤᠸᠠ ᠶᠢᠨ ᠦᠷ᠎ᠡ ᠶᠢᠨ ᠲᠤᠰᠤ᠂ ᠵᠢᠵᠢᠭ ᠪᠣᠭᠤᠳᠠᠯᠳᠤ ᠲᠥᠪᠡᠳ ᠬᠠᠰᠢ ᠶᠢᠨ ᠨᠣᠬᠤᠰᠢ ᠂ ᠬᠥᠯᠳᠡᠭᠡᠭᠰᠡᠨ ᠤᠰᠤ ᠦᠭᠡᠶᠢᠳᠡᠭᠦᠯᠦᠭᠰᠡᠨ ᠨᠣᠭᠤᠭ᠎ᠠ ᠵᠡᠷᠭᠡ ᠥᠨᠳᠥᠷ ᠨᠡᠮᠡᠯᠲᠡ ᠦᠷᠳᠡᠭ ᠪᠦᠬᠦᠢ ᠠᠵᠤ ᠦᠢᠯᠡᠰ ᠪᠣᠯᠭᠠᠨ ᠥᠷᠭᠡᠳᠬᠡᠵᠦ᠂ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠶᠢᠨ ᠶᠠᠰᠤ ᠴᠢᠨᠠᠷ ᠳᠡᠭᠡᠭᠰᠢᠯᠡᠭᠰᠡᠨ ᠂ ᠦᠢᠯᠡᠳᠬᠦᠨ ᠤ ᠦᠷᠳᠡᠭ ᠢ ᠬᠢᠵᠠᠭᠠᠷᠯᠠᠬᠤ ᠴᠢᠳᠠᠪᠤᠷᠢ ᠳᠡᠭᠡᠭᠰᠢᠯᠡᠭᠰᠡᠨ ᠂ ᠦᠢᠯᠡᠳᠬᠦᠨ ᠤ ᠦᠷᠳᠡᠭ ᠤᠨ ᠦᠨ᠎ᠡ ᠬᠠᠩᠰᠢ ᠳᠡᠭᠡᠭᠰᠢᠯᠡᠭᠰᠡᠨ ᠂ ᠭᠠᠳᠠᠭᠠᠳᠤ ᠠᠷᠠᠯᠵᠢᠶᠠᠨ ᠤ ᠵᠠᠬᠢᠶᠠᠯᠠᠭ᠎ᠠ ᠳᠡᠭᠡᠭᠰᠢᠯᠡᠭᠰᠡᠨ ᠂ ᠭᠠᠳᠠᠭᠠᠳᠤ ᠠᠴᠠ ᠪᠤᠴᠠᠭᠠᠨ ᠠᠪᠴᠢᠷᠠᠬᠤ ᠬᠡᠮᠵᠢᠶ᠎ᠡ ᠪᠠᠭᠤᠷᠠᠭᠰᠠᠨ《 ᠲᠦᠷᠪᠡ ᠎ᠶ᠋ᠢ ᠳᠡᠭᠡᠭᠰᠢᠯᠡᠭᠦᠯᠵᠦ ᠨᠢᠭᠡ ᠪᠠᠭᠤᠷᠠᠭᠰᠠᠨ》ᠰᠠᠶᠢᠨ ᠰᠠᠶᠢᠬᠠᠨ ᠪᠠᠶᠢᠳᠠᠯ ᠢ ᠠᠯᠬᠤᠮ ᠠᠯᠬᠤᠮ ᠢᠶᠠᠷ ᠪᠤᠢ ᠪᠣᠯᠭᠠᠪᠠ᠃ ᠡᠭᠦᠨ ᠤ ᠬᠠᠮᠲᠤ᠂ ᠳᠠᠪᠠᠭᠤᠯᠢᠭ ᠤᠨᠴᠠᠯᠢᠬᠳᠤ ᠪᠦᠲᠦᠭᠡᠭᠳᠡᠬᠦᠨ ᠤ ᠠᠷᠠᠯᠵᠢᠶ᠎ᠠ ᠨᠢ ᠪᠠᠰᠠ ᠲᠠᠷᠢᠶᠠᠯᠠᠩ ᠤᠨ ᠪᠦᠲᠦᠭᠡᠭᠳᠡᠬᠦᠨ ᠤ ᠮᠠᠰᠢᠨ ᠲᠥᠬᠦᠭᠡᠷᠦᠮᠵᠢ ᠶᠢ ᠭᠠᠳᠠᠭᠠᠳᠤ ᠳᠤ ᠭᠠᠷᠭᠠᠬᠤ  ᠶᠢ ᠳᠠᠶᠢᠴᠢᠯᠠᠵᠤ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ ᠦᠷ᠎ᠡ ᠴᠥᠮ᠎ᠡ ᠶᠢᠨ ᠪᠦᠲᠦᠭᠡᠭᠳᠡᠬᠦᠨ ᠢ ᠪᠣᠯᠪᠠᠰᠤᠷᠠᠭᠤᠯᠬᠤ ᠢᠵᠢ ᠪᠦᠷᠢᠨ ᠲᠥᠬᠦᠭᠡᠷᠦᠮᠵᠢ ᠶᠢ ᠨᠢᠭᠡᠨᠲᠡ ᠣᠷᠣᠰ᠂ ᠲᠦᠷᠺ᠂ ᠪᠤᠯᠭᠠᠷᠢᠶ᠎ᠠ᠂ ᠺᠠᠽᠠᠭᠰᠲ᠋ᠠᠨ ᠵᠡᠷᠭᠡ ᠤᠯᠤᠰ ᠲᠤ ᠭᠠᠷᠭᠠᠵᠤ᠂ ᠶᠠᠰᠤ ᠴᠢᠨᠠᠷ᠂ ᠨᠠᠷᠠᠲᠤ ᠲᠡᠮᠳᠡᠭ ᠪᠠ ᠰᠢᠨ᠎ᠡ ᠶᠢ ᠡᠭᠦᠳᠬᠦ《ᠭᠤᠷᠪᠠᠨ ᠬᠦᠷᠳᠦ ᠪᠠᠷ ᠬᠥᠳᠡᠯᠭᠡᠭᠦᠷ ᠪᠣᠯᠭᠠᠬᠤ》ᠭᠠᠳᠠᠭᠠᠳᠤ ᠠᠷᠠᠯᠵᠢᠶᠠᠨ ᠤ ᠬᠥᠭᠵᠢᠯᠲᠡ ᠶᠢᠨ ᠰᠢᠨ᠎ᠡ ᠪᠠᠶᠢᠷᠢᠰᠢᠯ ᠢ ᠡᠭᠦᠳᠪᠡ᠃   ᠳᠥᠷᠪᠡ ᠳᠤ᠂ ᠪᠣᠭᠤᠮᠲᠠ ᠪᠠᠷ ᠥᠩᠭᠡᠷᠡᠭᠦᠯᠬᠦ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠬᠢᠵᠢᠭᠲᠦ ᠬᠤᠭᠤᠴᠠᠭᠠᠨ ᠤ ᠪᠠᠷᠠᠭ᠎ᠠ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠵᠠᠢ ᠃《ᠬᠢᠵᠢᠭ ᠤᠨ ᠪᠠᠶᠢᠳᠠᠯ ᠢ ᠰᠡᠷᠭᠡᠶᠢᠯᠡᠵᠦ᠂ ᠠᠵᠤ ᠠᠬᠤᠶ ᠶᠢ ᠲᠣᠭᠲᠠᠪᠤᠷᠢᠵᠢᠭᠤᠯᠵᠤ᠂ ᠠᠮᠤᠷ ᠲᠦᠪᠰᠢᠨ ᠢᠶᠠᠷ ᠬᠥᠭᠵᠢᠬᠦ》ᠱᠠᠭᠠᠷᠳᠠᠯᠭ᠎ᠠ ᠶᠣᠰᠣᠭᠠᠷ᠂ ᠭᠠᠭᠴᠠᠮᠤᠳᠤ ᠬᠢᠯᠢ ᠶᠢᠨ ᠪᠣᠭᠤᠮᠲᠠ ᠪᠢᠲᠡᠭᠦᠮᠵᠢᠯᠡᠭᠰᠡᠨ ᠬᠠᠮᠢᠶᠠᠷᠤᠯᠲᠠ ᠪᠠᠨ ᠰᠢᠯᠢᠳᠡᠭᠵᠢᠭᠦᠯᠵᠦ᠂ ᠡᠷᠡᠭᠦᠯ ᠬᠠᠮᠠᠭᠠᠯᠠᠯ ᠬᠢᠵᠢᠭ ᠪᠠᠶᠢᠴᠠᠭᠠᠬᠤ ᠰᠡᠷᠭᠡᠶᠢᠯᠡᠯᠲᠡ ᠶᠢᠨ ᠱᠤᠭᠤᠮ ᠢ ᠪᠠᠲᠤᠳᠬᠠᠬᠤ  ᠶᠢᠨ ᠬᠠᠮᠲᠤ᠂ ᠭᠠᠳᠠᠭᠠᠳᠤ ᠠᠷᠠᠯᠵᠢᠶᠠᠨ ᠤ ᠲᠣᠭᠲᠠᠭᠤᠨ ᠢ ᠪᠠᠲᠤᠯᠠᠵᠤ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠬᠤ ᠬᠠᠲᠠᠭᠤ ᠴᠢᠩᠭ᠎ᠠ ᠠᠷᠭ᠎ᠠ ᠬᠡᠮᠵᠢᠶ᠎ᠡ ᠶᠢ ᠪᠣᠳᠠᠲᠠᠶ ᠨᠠᠷᠢᠯᠢᠭ ᠨᠠᠶᠢᠳᠠᠪᠤᠷᠢᠵᠢᠭᠤᠯᠵᠤ᠂ ᠪᠣᠭᠤᠮᠲᠠ ᠪᠠᠷ ᠥᠩᠭᠡᠷᠡᠬᠦ ᠪᠠᠷᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠠᠩᠭᠠᠯᠭ᠎ᠠ ᠶᠢᠨ ᠬᠡᠯᠬᠢᠶ᠎ᠡ ᠶᠢᠨ ᠠᠵᠤ ᠦᠶᠯᠡᠰ ᠤᠨ ᠬᠡᠯᠬᠢᠶ᠎ᠡ ᠶᠢᠨ ᠰᠠᠭᠠᠳ ᠥᠬᠡᠶ ᠨᠡᠪᠲᠡᠷᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃ ᠣᠶᠤᠨᠴᠢᠯᠠᠭᠰᠠᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠪᠠᠷ ᠳᠠᠮᠵᠢᠭᠤᠯᠤᠨ᠂《ᠠᠵᠤ ᠠᠬᠤᠶᠢᠯᠠᠯ ᠤᠷᠢᠳᠠᠪᠠᠷ ᠭᠤᠶᠤᠴᠢᠯᠠᠨ ᠮᠡᠳᠡᠭᠦᠯᠵᠦ᠂ ᠳᠠᠷᠠᠭ᠎ᠠ ᠨᠢ ᠪᠠᠷᠠᠭ᠎ᠠ ᠲᠠᠸᠠᠷ ᠬᠢᠯᠢ ᠳᠤ ᠣᠷᠣᠬᠤ》ᠵᠠᠭᠪᠤᠷ  ᠤᠨ ᠣᠶᠤᠨᠴᠢ ᠺᠠᠷᠲ  ᠶᠢ ᠬᠡᠷᠡᠭᠵᠢᠭᠦᠯᠪᠡ︔ AGV ᠵᠢᠯᠣᠭᠤᠴᠢ ᠥᠬᠡᠶ ᠮᠠᠰᠢᠨ ᠲᠡᠷᠭᠡ ᠪᠠᠷ ᠪᠠᠷᠠᠭ᠎ᠠ ᠥᠩᠭᠡᠷᠡᠭᠦᠯᠬᠦ ᠶᠢ ᠲᠤᠷᠰᠢᠵᠤ᠂ ᠭᠠᠳᠠᠭᠠᠳᠤ ᠶᠢᠨ ᠬᠠᠷᠢᠶᠠᠲᠤ ᠪᠠᠷᠠᠭ᠎ᠠ ᠲᠡᠭᠡᠭᠡᠪᠦᠷᠢ ᠶᠢᠨ ᠵᠢᠯᠣᠭᠤᠴᠢ ᠬᠢᠯᠢ ᠳᠤ ᠣᠷᠣᠬᠤ ᠥᠬᠡᠶ ᠪᠠᠶᠢᠬᠤ ᠤᠷᠢᠲᠠᠯ ᠳᠣᠤᠷ᠎ᠠ᠂ ᠪᠠᠷᠠᠭ᠎ᠠ ᠣᠷᠣᠭᠤᠯᠬᠤ ᠬᠤᠷᠳᠤᠴᠠ ᠶᠢ ᠳᠡᠭᠡᠭᠰᠢᠯᠡᠭᠦᠯᠦᠨ ᠬᠡᠮᠵᠢᠶ᠎ᠡ ᠶᠢ ᠨᠡᠮᠡᠭᠳᠡᠭᠦᠯᠬᠦ ᠶᠢ ᠪᠡᠶᠡᠯᠡᠭᠦᠯᠪᠡ︔ ᠴᠢᠩᠭᠡᠯᠢᠭ ᠢᠶᠠᠷ ᠭᠠᠳᠠᠭᠠᠳᠤ ᠠᠴᠠ ᠨᠡᠭᠦᠷᠡᠰᠦ ᠣᠷᠣᠭᠤᠯᠬᠤ ᠶᠢ ᠳᠡᠯᠭᠡᠷᠡᠭᠦᠯᠵᠦ᠂ ᠬᠢᠯᠢ ᠠᠯᠤᠰᠯᠠᠭᠰᠠᠨ ᠪᠠᠷᠠᠭᠠᠨ ᠤ ᠭᠦᠢᠯᠭᠡᠭᠡ ᠪᠠ ᠡᠳ᠋ ᠪᠠᠷᠠᠭ᠎ᠠ ᠶᠢ ᠡᠭᠡᠭᠦᠯᠦᠨ ᠰᠠᠪᠠᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠪᠣᠭᠤᠮᠲᠠ ᠪᠠᠷ ᠥᠩᠭᠡᠷᠡᠬᠦ ᠶᠢ ᠨᠡᠩ ᠤᠷᠤᠭᠰᠢᠲᠠᠢ ᠪᠠᠶᠢᠯᠭᠠᠵᠤ᠂ ᠭᠠᠳᠠᠭᠠᠳᠤ ᠠᠷᠠᠯᠵᠢᠶ᠎ᠠ ᠶᠢ ᠳᠠᠬᠢᠨ ᠲᠦᠷᠭᠡᠳᠬᠡᠬᠦ ᠶᠢ ᠦᠨᠡᠨᠬᠦ ᠪᠠᠲᠤᠯᠠᠵᠠᠢ ᠃ 1 ᠠᠴᠠ10 ᠳ᠋ᠤᠭᠠᠷ ᠰᠠᠷ᠎ᠠ ᠳᠤ ᠬᠢᠯᠢ ᠶᠢᠨ ᠪᠣᠭᠤᠮᠲᠠ ᠶᠢᠨ ᠡᠬᠢ ᠪᠠᠶᠠᠯᠢᠭ ᠤᠨ ᠭᠠᠳᠠᠭᠠᠳᠤ ᠣᠷᠣᠭᠤᠯᠤᠯᠲᠠ ᠦᠷᠭᠦᠯᠵᠢᠯᠡᠨ ᠰᠡᠷᠭᠦᠯᠲᠡ ᠶᠢᠨ ᠴᠢᠨᠠᠷᠲᠠᠶ ᠨᠡᠮᠡᠭᠳᠡᠯ ᠤᠨ ᠬᠠᠨᠳᠤᠰᠢ ᠲᠠᠢ ᠪᠣᠯᠵᠣ᠂ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1309 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 112. 3 % ᠪᠠᠷ ᠨᠡᠮᠡᠭᠳᠡᠪᠡ ︔ ᠠᠷᠠᠯᠵᠢᠶᠠᠨ ᠤ ᠥᠷᠲᠡᠭ 277.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 50.7 % ᠪᠠᠷ ᠨᠡᠮᠡᠭᠳᠡᠪᠡ᠃   ᠲᠠᠪᠤ ᠳᠤ᠂ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠵᠠᠭᠪᠤᠷ ᠢ ᠰᠦᠪᠡᠭᠴᠢᠯᠡᠵᠦ᠂ ᠭᠠᠳᠠᠭᠠᠳᠤ ᠠᠷᠠᠯᠵᠢᠶᠠᠨ ᠤ ᠨᠡᠮᠡᠭᠳᠡᠯ ᠤᠨ ᠲᠤᠯᠭᠠᠭᠤᠷᠢᠯᠠᠯ ᠢ ᠴᠢᠩᠭᠠᠳᠬᠠᠵᠠᠢ᠃ ᠨᠥᠬᠦᠴᠡᠯ ᠲᠠᠢ ᠠᠵᠤ ᠠᠬᠤᠶᠢᠯᠠᠯ ᠤᠨ《ᠭᠠᠳᠠᠭᠰᠢ ᠭᠠᠷᠴᠤ》ᠣᠷᠣᠰ ᠪᠣᠯᠤᠨ ᠺᠠᠽᠠᠭᠰᠲ᠋ᠠᠨ ᠳᠤ ᠬᠢᠯᠢ ᠶᠢᠨ ᠭᠠᠳᠠᠨᠠᠬᠢ ᠲᠠᠷᠢᠶᠠᠯᠠᠩ ᠤᠨ ᠬᠠᠮᠲᠤᠷᠠᠯᠴᠠᠭᠠᠨ ᠤ ᠣᠷᠣᠨ ᠤ ᠪᠥᠲᠥᠭᠡᠨ ᠪᠠᠶᠢᠭᠤᠯᠤᠯᠲᠠ ᠬᠢᠬᠦ ᠶᠢ ᠳᠡᠮᠵᠢᠨ᠎ᠡ᠃ 1 ᠠᠴᠠ10 ᠳ᠋ᠤᠭᠠᠷ ᠰᠠᠷ᠎ᠠ ᠳᠤ᠂ ᠲᠣᠰᠣᠯᠢᠭ ᠨᠡᠷᠡᠨ ᠬᠤᠸᠠᠷ ᠤᠨ ᠦᠷ᠎ᠡ ᠪᠠᠷ ᠭᠤᠤᠯ ᠪᠣᠯᠭᠠᠭᠰᠠᠨ ᠠᠮᠤ ᠪᠤᠳᠠᠭ᠎ᠠ ᠶᠢ ᠪᠤᠴᠠᠭᠠᠨ ᠲᠡᠭᠡᠭᠡᠪᠦᠷᠢᠯᠡᠬᠦ ᠡᠭᠡᠯᠵᠢ ᠶᠢᠨ ᠭᠠᠯᠲᠤ ᠲᠡᠷᠭᠡ 17 ᠴᠤᠪᠤᠭ᠎ᠠ ᠳᠤ ᠬᠦᠷᠴᠦ᠂ ᠪᠠᠷᠠᠭᠠᠨ ᠤ ᠥᠷᠲᠡᠭ 1.8 ᠳ᠋ᠦᠩᠰᠢᠭᠤᠷ ᠲᠥᠭᠦᠷᠢᠭ ᠲᠤ ᠬᠦᠷᠴᠡᠶ ᠃ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠳᠤᠮᠳᠠᠳᠤ ᠳᠣᠷᠣᠨᠠᠲᠤ᠂ ᠵᠡᠭᠦᠨ ᠡᠮᠦᠨᠡᠲᠦ ᠠᠽᠢᠶ᠎ᠠ ᠶᠢᠨ ᠬᠤᠯᠪᠣᠭ᠎ᠠ᠂ ᠣᠷᠣᠰ᠂ ᠲᠦᠷᠺ ᠵᠡᠷᠭᠡ ᠤᠯᠤᠰ ᠪᠠ ᠭᠠᠵᠠᠷ ᠣᠷᠣᠨ ᠳᠤ ᠭᠠᠳᠠᠭᠠᠳᠤ ᠳᠠᠬᠢ ᠬᠥᠮᠥᠷᠭᠡ ᠪᠠᠶᠢᠷᠢᠯᠠᠭᠤᠯᠬᠤ ᠶᠢ ᠵᠣᠷᠢᠭᠵᠢᠭᠤᠯᠵᠤ᠂ ᠡᠳ᠋ ᠪᠠᠷᠠᠭ᠎ᠠ ᠶᠢ ᠭᠠᠳᠠᠭᠠᠳᠤ ᠳᠤ ᠭᠠᠷᠭᠠᠬᠤ ᠳᠤ ᠣᠯᠠᠨ ᠤᠯᠤᠰ ᠠᠴᠠ ᠬᠥᠮᠥᠷᠭᠡᠯᠡᠨ ᠬᠠᠳᠠᠭᠠᠯᠠᠬᠤ ᠪᠠᠷᠠᠭ᠎ᠠ ᠶᠢᠨ ᠭᠦᠶᠯᠭᠡᠭᠡᠨ ᠤ ᠦᠶᠯᠡᠴᠢᠯᠡᠭᠡ ᠬᠠᠩᠭᠠᠨ᠎ᠠ᠃ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠠ ᠯᠢ ᠪᠠ ᠪᠠ ᠂ ᠳᠤᠮᠳᠠᠳᠤ ᠤᠯᠤᠰ ᠤᠨ ᠦᠶᠯᠡᠳᠬᠦ ᠦᠶᠯᠡᠰ ᠵᠡᠷᠭᠡ ᠭᠤᠷᠪᠠᠳᠠᠬᠢ ᠡᠲᠡᠭᠡᠳ  ᠤᠨ ᠲᠠᠪᠴᠠᠩ ᠳᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠲᠤᠬᠠᠶᠢᠯᠠᠭᠰᠠᠨ ᠠᠵᠢᠯ ᠥᠷᠨᠢᠭᠦᠯᠬᠦ ᠶᠢ ᠬᠥᠲᠥᠯᠦᠨ ᠵᠢᠯᠣᠭᠤᠳᠤᠨ᠎ᠠ᠃ ᠰᠢᠶᠠᠨ ᠤ ᠬᠡᠪᠴᠢᠶᠡᠨ ᠤ ᠭᠠᠳᠠᠭᠠᠳᠤ ᠠᠷᠠᠯᠵᠢᠶᠠᠨ ᠤ《ᠨᠡᠮᠡᠭᠳᠡᠯ ᠥᠬᠡᠶ ᠪᠣᠯᠭᠠᠬᠤ》ᠢᠨᠵᠧᠨᠧᠷᠢᠩ ᠢ ᠬᠡᠷᠡᠭᠵᠢᠭᠦᠯᠵᠦ᠂ ᠯᠢᠨᠾᠧ ᠲᠣᠭᠤᠷᠢᠭ ᠤᠨ ᠬᠠᠲᠠᠭᠤ ᠵᠢᠮᠢᠰ᠂ ᠦᠶᠤᠸᠠᠨ ᠰᠢᠶᠠᠨ ᠤ ᠰᠢᠨ᠎ᠡ ᠰᠣᠷᠭᠤᠭ ᠡᠷᠳᠡᠨᠢ ᠰᠢᠰᠢ᠂ ᠡᠮᠦᠨᠡᠲᠦ ᠬᠤᠰᠢᠭᠤᠨ ᠤ ᠬᠢᠲᠠᠳ ᠡᠮ ᠤᠨ ᠮᠠᠲ᠋ᠧᠷᠢᠶᠠᠯ ᠵᠢᠴᠢ ᠲᠠᠷᠢᠶᠠᠯᠠᠩ ᠤᠨ ᠪᠦᠲᠦᠭᠡᠭᠳᠡᠬᠦᠨ ᠤ ᠮᠠᠰᠢᠨ ᠮᠧᠬᠠᠨᠢᠭ ᠦᠶᠯᠡᠳᠬᠦ ᠵᠡᠷᠭᠡ ᠰᠢᠨ᠎ᠡ ᠪᠠᠷ ᠮᠠᠨᠳᠤᠭᠰᠠᠨ ᠦᠶᠯᠡᠳᠬᠦᠨ ᠤ ᠳᠡᠯᠡᠬᠡᠶ ᠶᠢᠨ ᠵᠠᠬ᠎ᠠ ᠳᠡᠯᠭᠡᠭᠦᠷ ᠢ ᠨᠡᠭᠡᠭᠡᠬᠦ ᠶᠢ ᠠᠬᠢᠭᠤᠯᠵᠠᠢ ᠃   ᠲᠠᠷᠠᠭᠠᠴᠢ ᠶᠢᠨ ᠠᠯᠬᠤᠮ ᠳᠤ᠂ ᠪᠠᠶᠠᠨᠨᠠᠭᠤᠷ ᠬᠤᠲᠠ ᠭᠠᠳᠠᠭᠠᠳᠤ ᠠᠷᠠᠯᠵᠢᠶᠠᠨ ᠤ ᠶᠠᠰᠤ ᠴᠢᠨᠠᠷ ᠢ ᠲᠣᠭᠲᠠᠭᠤᠨ  ᠢᠶᠠᠷ ᠳᠡᠭᠡᠭᠰᠢᠯᠡᠭᠦᠯᠬᠦ ᠠᠵᠢᠯ ᠢ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠥᠲᠥᠭᠡᠨ ᠪᠠᠶᠢᠭᠤᠯᠬᠤ ᠶᠢᠨ ᠭᠤᠤᠯᠳᠠᠯᠭ᠎ᠠ ᠲᠠᠢ ᠡᠭᠦᠷᠭᠡ ᠪᠣᠯᠭᠠᠵᠤ᠂ ᠭᠠᠳᠠᠭᠠᠳᠤ ᠠᠷᠠᠯᠵᠢᠶᠠᠨ ᠤ ᠬᠥᠭᠵᠢᠯᠲᠡ ᠶᠢᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠭᠠᠳᠠᠭᠠᠳᠤ ᠠᠷᠠᠯᠵᠢᠶᠠᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠣᠶᠢᠵᠢᠭᠤᠯᠵᠤ᠂ ᠭᠠᠳᠠᠭᠠᠳᠤ ᠠᠷᠠᠯᠵᠢᠶᠠᠨ ᠤ ᠪᠣᠷᠣᠯᠠᠭᠤᠯᠭ᠎ᠠ ᠶᠢᠨ ᠠᠷᠭ᠎ᠠ ᠵᠠᠮ ᠢ ᠰᠢᠯᠤᠭᠤᠳᠬᠠᠨ᠂ ᠭᠠᠳᠠᠭᠠᠳᠤ ᠠᠷᠠᠯᠵᠢᠶᠠᠨ ᠤ ᠨᠡᠮᠡᠭᠳᠡᠯ ᠤᠨ ᠳᠠᠯᠳᠠ ᠬᠦᠴᠦᠨ ᠢ ᠠᠭᠤᠳᠠᠯᠵᠤ᠂ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠢ ᠬᠥᠭᠵᠢᠭᠦᠯᠦᠨ᠂ ᠭᠠᠳᠠᠭᠠᠳᠤ ᠠᠷᠠᠯᠵᠢᠶᠠᠨ ᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠪᠣᠯᠤᠨ᠎ᠠ᠃ 
 
ᠢᠷᠡᠯᠲᠡ᠄ ᠲᠣᠲᠣᠷᠬᠠᠢ ᠦᠭᠡᠢ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号