ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 12 ᠰᠠᠷ᠎ᠠ ᠶᠢᠨ 24 ᠤ ᠡᠳᠦᠷ ᠳᠤᠮᠳᠠᠳᠤ ᠤᠯᠤᠰ ᠤᠨ | ᠳᠣᠷᠣᠨᠠᠳᠠᠬᠢᠨ ᠤ ᠲᠣᠬᠯᠠᠯᠲᠠ ᠶᠢᠨ ᠪᠦᠯᠦᠭᠯᠡᠯ ᠤᠨ ᠤᠷᠠᠯᠢᠭᠴᠢᠳ ᠲᠤ ᠬᠠᠷᠢᠭᠤ ᠵᠠᠬᠢᠳᠠᠯ ᠢᠯᠡᠭᠡᠵᠦ᠂ ᠲᠡᠳᠡᠨ ᠢ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ | ᠲᠤᠭᠤᠰᠢᠯᠠᠭᠤᠯᠤᠨ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠲᠠᠭᠢᠨ | ᠰᠢᠨ᠎ᠡ ᠭᠠᠪᠢᠶ᠎ᠠ ᠪᠠᠶᠢᠭᠤᠯᠰᠤᠭᠠᠢ ᠭᠡᠵᠦ ᠵᠣᠷᠢᠭᠵᠢᠭᠤᠯᠪᠠ᠃ | ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠡᠨᠡ ᠵᠢᠯ ᠪᠣᠯ ᠳᠤᠮᠳᠠᠳᠤ ᠤᠯᠤᠰ ᠤᠨ ᠳᠣᠷᠣᠨᠠᠳᠠᠬᠢᠨ ᠤ | ᠲᠣᠬᠯᠠᠯᠲᠠ ᠶᠢᠨ ᠪᠦᠯᠦᠭᠯᠡᠯ ᠤᠨ ᠤᠤᠯ ᠤᠨ ᠪᠠᠶᠢᠭᠤᠯᠭ᠎ᠠ — ᠲᠥᠪ ᠤᠨ ᠳᠠᠭᠤᠤ ᠪᠥᠵᠢᠭ ᠤᠨ ᠪᠦᠯᠭᠦᠮ | ᠪᠠᠶᠢᠭᠤᠯᠤᠭᠳᠠᠭᠰᠠᠨ 70 ᠵᠢᠯ ᠤᠨ ᠤᠢ᠂ ᠳᠣᠷᠣᠨᠠᠳᠠᠬᠢᠨ ᠤ ᠳᠠᠭᠤᠤ ᠪᠥᠵᠢᠭ ᠤᠨ ᠪᠦᠯᠭᠦᠮ ᠪᠠᠶᠢᠭᠤᠯᠤᠭᠳᠠᠭᠰᠠᠨ | 60 ᠵᠢᠯ ᠤᠨ ᠤᠢ ᠪᠣᠯᠣᠨ᠎ᠠ᠂ ᠲᠠ ᠨᠠᠷ ᠵᠢᠴᠢ ᠪᠦᠭᠦ ᠲᠣᠭᠯᠠᠭᠴᠢᠳ ᠲᠤ ᠬᠠᠯᠠᠭᠤᠨ ᠪᠠᠶᠠᠷ ᠭᠦᠷᠭᠡᠭᠦ ᠶᠢᠨ ᠬᠠᠮᠲᠤ | ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠦ ᠪᠠᠶᠢᠨ᠎ᠠ ᠭᠡᠵᠦ ᠬᠡᠯᠡᠪᠡ᠃ | ᠰᠢ ᠶᠢᠨ ᠫᠢᠩ᠂ ᠤᠯᠠᠨ ᠵᠢᠯ ᠤᠨ ᠲᠤᠷᠰᠢ᠂ ᠲᠠ ᠨᠠᠷ ᠨᠠᠮ ᠤᠨ ᠤᠳᠬ᠎ᠠ ᠤᠷᠠᠯᠢᠭ ᠤᠨ ᠴᠢᠭᠯᠡᠯᠲᠡ | ᠲᠦᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠮᠠᠰᠢ ᠤᠯᠠᠨ ᠰᠢᠯᠢᠳᠡᠭ ᠤᠳᠬ᠎ᠠ ᠤᠷᠠᠯᠢᠭ ᠤᠨ | ᠪᠦᠲᠦᠭᠡᠯ ᠢ ᠵᠣᠬᠢᠶᠠᠨ ᠪᠦᠲᠦᠭᠡᠵᠦ᠂ ᠤᠳᠬ᠎ᠠ ᠤᠷᠠᠯᠢᠭ ᠢ ᠬᠥᠭᠵᠢᠭᠦᠯᠦᠨ ᠴᠡᠴᠡᠭᠯᠡᠭᠦᠯᠬᠦ᠂ ᠭᠠᠳᠠᠭᠠᠳᠤ ᠯᠤᠭ᠎ᠠ ᠶᠢᠨ | ᠰᠣᠶᠣᠯ ᠤᠨ ᠰᠣᠯᠢᠯᠴᠠᠭ᠎ᠠ ᠳᠤ ᠦᠢᠯᠡᠴᠢᠯᠡᠬᠦ ᠵᠡᠷᠭᠡ ᠲᠠᠯ᠎ᠠ ᠪᠠᠷ ᠢᠳᠡᠪᠬᠢᠲᠡᠢ ᠬᠤᠪᠢ ᠨᠡᠮᠡᠷᠢ ᠦᠵᠡᠭᠦᠯᠵᠦ᠂ ᠰᠢᠨ᠎ᠡ | ᠳᠤᠮᠳᠠᠳᠤ ᠤᠯᠤᠰ ᠤᠨ ᠴᠢᠬᠤᠯᠠ ︽ᠰᠣᠶᠣᠯ ᠤᠨ ᠡᠯᠴᠢ︾᠂ ᠦᠵᠡᠰᠬᠦᠯᠡᠩᠲᠦ ᠰᠠᠶᠢᠬᠠᠨ ︽ᠰᠣᠶᠣᠯ ᠤᠨ | ᠨᠡᠷ᠎ᠡ ᠶᠢᠨ ᠬᠠᠭᠤᠳᠠᠰᠤ︾ ᠪᠣᠯᠵᠠᠢ᠃ ᠦᠶ᠎ᠡ ᠦᠶ᠎ᠡ ᠶᠢᠨ ᠤᠷᠠᠯᠢᠭᠴᠢᠳ ᠤᠭ ᠰᠠᠨᠠᠭ᠎ᠠ ᠪᠠᠨ ᠦᠯᠦ ᠮᠠᠷᠲᠠᠵᠤ᠂ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠴᠠᠭ ᠦᠶ᠎ᠡ ᠶᠢ ᠮᠠᠭᠲᠠᠨ ᠳᠠᠭᠤᠯᠠᠨ᠂ ᠠᠷᠠᠳ ᠲᠦᠮᠡᠨ ᠤ | ᠲᠥᠯᠥᠭᠡ ᠳᠠᠭᠤᠯᠠᠨ ᠪᠥᠵᠢᠭᠯᠡᠵᠦ᠂ ᠤᠳᠬ᠎ᠠ ᠤᠷᠠᠯᠢᠭ ᠤᠨ ᠠᠵᠢᠯᠲᠠᠳ ᠤᠨ ᠡᠭᠦᠷᠭᠡ ᠬᠠᠷᠢᠭᠤᠴᠠᠯᠭ᠎ᠠ ᠶᠢ | ᠢᠯᠡᠷᠡᠭᠦᠯᠪᠡ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠲᠠ ᠨᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠠᠷᠠᠳ ᠲᠦᠮᠡᠨ ᠢᠶᠠᠷ ᠭᠤᠣᠯ ᠪᠤᠯᠭᠠᠬᠰᠠᠨ ᠵᠣᠬᠢᠶᠠᠨ ᠪᠦᠲᠦᠭᠡᠬᠦ | ᠤᠳᠤᠷᠢᠳᠤᠮᠵᠢ ᠶᠢ ᠪᠠᠷᠢᠮᠲᠠᠯᠠᠵᠤ᠂ ᠶᠣᠰᠣ ᠰᠤᠷᠲᠠᠬᠤᠨ ᠢ ᠡᠷᠬᠢᠮᠯᠡᠨ ᠤᠷᠠᠯᠢᠭ ᠢ ᠳᠡᠭᠡᠳᠦᠯᠡᠵᠦ᠂ ᠲᠥᠪ ᠶᠣᠰᠣ ᠶᠢ | ᠪᠠᠷᠢᠮᠲᠠᠯᠠᠨ ᠰᠢᠨ᠎ᠡ ᠶᠢ ᠡᠭᠦᠳᠴᠦ᠂ ᠰᠢᠨ᠎ᠡ ᠴᠠᠭ ᠦᠶ᠎ᠡ ᠶᠢᠨ ᠭᠤᠣᠯ ᠭᠦᠭ ᠠᠶᠠᠰ ᠢ ᠴᠢᠪᠬᠠᠳᠠᠵᠤ᠂ | ᠳᠤᠮᠳᠠᠳᠤᠴᠤᠳ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠳᠬ᠎ᠠ ᠤᠷᠠᠯᠢᠭ ᠤᠨ ᠦᠢᠯᠡᠰ ᠢ ᠴᠡᠴᠡᠭᠯᠡᠭᠦᠯᠦᠨ | ᠬᠥᠭᠵᠢᠭᠦᠯᠬᠦ᠂ ᠰᠣᠶᠣᠯ ᠤᠨ ᠢᠲᠡᠭᠡᠯ ᠢᠶᠠᠷ ᠥᠪᠡᠷ ᠢ ᠪᠠᠨ ᠬᠦᠴᠦᠷᠬᠡᠭᠵᠢᠭᠦᠯᠬᠦ ᠶᠢ ᠠᠬᠢᠭᠤᠯᠬᠤ᠂ ᠨᠡᠶᠢᠭᠡᠮ | ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠲᠠᠭᠢᠨ ᠰᠢᠨ᠎ᠡ ᠭᠠᠪᠢᠶ᠎ᠠ | ᠪᠠᠶᠢᠭᠤᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ | ᠳᠤᠮᠳᠠᠳᠤ ᠤᠯᠤᠰ ᠤᠨ ᠳᠣᠷᠣᠨᠠᠳᠠᠬᠢᠨ ᠤ ᠲᠣᠬᠯᠠᠯᠲᠠ ᠶᠢᠨ ᠪᠦᠯᠦᠭᠯᠡᠯ ᠤᠤᠯ ᠳᠠᠭᠠᠨ ᠬᠤᠶᠠᠷ ᠪᠠᠶᠢᠭᠤᠯᠭ᠎ᠠ | ᠪᠠᠶᠢᠵᠠᠢ᠂ ᠲᠤᠰ ᠲᠤᠰ 1952 ᠣᠨ ᠤ 12 ᠰᠠᠷ᠎ᠠ ᠳᠤ ᠪᠠᠶᠢᠭᠤᠯᠤᠭᠳᠠᠭᠰᠠᠨ ᠲᠥᠪ ᠤᠨ ᠳᠠᠭᠤᠤ ᠪᠥᠵᠢᠭ ᠤᠨ | ᠪᠦᠯᠭᠦᠮ ᠪᠠ 1962 ᠣᠨ ᠤ 1 ᠰᠠᠷ᠎ᠠ ᠳᠤ ᠪᠠᠶᠢᠭᠤᠯᠤᠭᠳᠠᠭᠰᠠᠨ ᠳᠣᠷᠣᠨᠠᠳᠠᠬᠢᠨ ᠤ ᠳᠠᠭᠤᠤ ᠪᠥᠵᠢᠭ ᠤᠨ ᠪᠦᠯᠭᠦᠮ | ᠪᠣᠯᠣᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠲᠣᠰ ᠪᠦᠯᠦᠭᠯᠡᠯ ᠤᠨ ᠬᠢᠨ ᠪᠥᠵᠢᠭᠲᠦ | ᠰᠢᠯᠦᠭᠯᠡᠯᠲᠦ ᠵᠢᠷᠤᠭ ︽ᠤᠯᠤᠰ ᠤᠨ ᠥᠩᠭᠡ︾᠂ ᠪᠥᠵᠢᠭᠲᠦ ᠬᠥᠭᠵᠢᠮ ︽ᠳᠤᠮᠳᠠᠳᠤ ᠤᠯᠤᠰ ᠤᠨ ᠥᠯᠢᠭᠡᠷ — | ᠠᠷᠪᠠᠨ ᠬᠤᠶᠠᠷ ᠵᠢᠯ︾᠂ ᠪᠥᠵᠢᠭᠲᠦ ᠰᠢᠯᠦᠭᠯᠡᠯᠲᠦ ᠵᠦᠴᠦᠭᠡ ︽ᠨᠣᠮᠢᠨ ᠨᠣᠭᠤᠭᠠᠨ — ︿ᠮᠢᠩᠭᠠᠨ ᠭᠠᠵᠠᠷ ᠤᠨ | ᠠᠭᠤᠯᠠ ᠤᠰᠤᠨ ᠤ ᠵᠢᠷᠤᠭ﹀ ᠢ ᠤᠷᠠᠯᠠᠨ ᠵᠢᠷᠤᠭᠰᠠᠨ ᠨᠢ︾᠂ ᠬᠥᠭᠵᠢᠮᠲᠦ ᠵᠦᠴᠦᠭᠡ ︽ᠪᠠᠳᠠᠷᠠᠨ ᠳᠡᠯᠭᠡᠷᠡᠭᠰᠡᠨ ᠨᠢ | ︾ ᠵᠡᠷᠭᠡ ᠨᠢᠭᠡ ᠪᠦᠯᠦᠭ ᠰᠠᠶᠢᠨ ᠦᠨᠡᠯᠡᠯᠲᠡ ᠣᠯᠣᠭᠰᠠᠨ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ | ᠪᠦᠲᠦᠭᠡᠭᠰᠡᠨ ᠪᠠᠶᠢᠨ᠎ᠠ᠃ ᠣᠶᠢᠷ᠎ᠠ ᠳᠤ᠂ ᠳᠤᠮᠳᠠᠳᠤ ᠤᠯᠤᠰ ᠤᠨ ᠳᠣᠷᠣᠨᠠᠳᠠᠬᠢᠨ ᠤ ᠲᠣᠬᠯᠠᠯᠲᠠ ᠶᠢᠨ ᠪᠦᠯᠦᠭᠯᠡᠯ ᠤᠨ | 10 ᠤᠷᠠᠯᠢᠭᠴᠢᠨ ᠶᠡᠷᠦᠩᠬᠡᠢ ᠱᠦᠵᠢ ᠰᠢ ᠶᠢᠨ ᠫᠢᠩ ᠳᠤ ᠵᠠᠬᠢᠳᠠᠯ ᠪᠢᠴᠢᠵᠦ᠂ ᠰᠢᠨ᠎ᠡ ᠴᠠᠭ ᠦᠶ᠎ᠡ ᠶᠢᠨ ᠠᠷᠪᠠᠨ | ᠵᠢᠯ ᠳᠤ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠥᠷᠨᠢᠭᠦᠯᠦᠭᠰᠡᠨ ᠣᠯᠣᠯᠲᠠ ᠪᠠᠨ ᠬᠠᠷᠢᠭᠤ ᠮᠡᠳᠡᠭᠦᠯᠵᠦ᠂ | ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠤᠷᠠᠯᠢᠭ ᠢᠶᠠᠷ ᠳᠤᠮᠳᠠᠳᠤ ᠤᠯᠤᠰ ᠤᠨ | ᠥᠯᠢᠭᠡᠷ ᠢ ᠰᠠᠶᠢᠲᠤᠷ ᠶᠠᠷᠢᠵᠤ᠂ ᠳᠤᠮᠳᠠᠳᠤ ᠤᠯᠤᠰ ᠤᠨ ᠲᠠᠭᠤᠨ ᠢ ᠰᠠᠶᠢᠲᠤᠷ ᠳᠠᠮᠵᠢᠭᠤᠯᠬᠤ ᠵᠣᠷᠢᠭ ᠢᠶᠠᠨ | ᠢᠯᠡᠳᠬᠡᠪᠡ᠃ | |