ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ 12 | ᠳ᠋ᠤᠭᠠᠷ ᠰᠠᠷ᠎ᠠ ᠶᠢᠨ 27 ᠤ ᠡᠳᠦᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠰᠢᠨ᠎ᠡ ᠲᠢᠲᠢᠮᠯᠢᠭ | ᠸᠢᠷᠦ᠋ᠰ ᠤᠨ ᠬᠠᠯᠳᠠᠪᠤᠷᠢᠯᠠᠯ ᠳᠤ ︽ᠬᠥᠬᠡᠭᠴᠢᠨ ᠲᠥᠷᠥᠯ ᠳᠤ ᠬᠥᠬᠡᠭᠴᠢᠨ ᠬᠠᠮᠢᠶᠠᠷᠤᠯᠲᠠ︾ ᠶᠢᠨ ᠠᠷᠭ᠎ᠠ | ᠬᠡᠮᠵᠢᠶ᠎ᠡ ᠶᠢ ᠬᠡᠷᠡᠭᠵᠢᠭᠦᠯᠦᠭᠰᠡᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠣᠳᠣᠬᠠᠨ ᠳᠤ ᠮᠠᠨ ᠤ | ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠨ᠎ᠡ ᠪᠠᠶᠢᠳᠠᠯ ᠨᠢ ᠶᠠᠮᠠᠷ ᠪᠤᠢ︖ ︽ᠬᠥᠬᠡᠭᠴᠢᠨ | ᠲᠥᠷᠥᠯ ᠳᠤ ᠬᠥᠬᠡᠭᠴᠢᠨ ᠬᠠᠮᠢᠶᠠᠷᠤᠯᠲᠠ︾ ᠬᠡᠷᠡᠭᠵᠢᠭᠦᠯᠦᠭᠰᠡᠨ ᠤ ᠳᠠᠷᠠᠭ᠎ᠠ ᠶᠠᠮᠠᠷ ᠶᠠᠮᠠᠷ ᠠᠳᠠᠯᠢ ᠪᠤᠰᠤ ᠲᠠᠯ᠎ᠠ ᠲᠠᠢ | ᠪᠣᠶ︖ ᠬᠠᠮᠲᠤ ᠪᠠᠷ ᠠᠩᠬᠠᠷᠴᠠᠭᠠᠶ᠎ᠠ︕ | ᠮᠠᠨ ᠤ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠭᠤᠣᠯᠳᠠᠯᠭ᠎ᠠ ᠨᠢ ︽ | ᠬᠠᠯᠳᠠᠪᠤᠷᠢᠯᠠᠯ ᠢ ᠰᠡᠷᠭᠡᠶᠢᠯᠡᠬᠦ︾ ᠠᠴᠠ ︽ᠡᠷᠡᠭᠦᠯ ᠮᠡᠨᠳᠦ ᠶᠢ ᠪᠠᠲᠤᠯᠠᠬᠤ᠂ ᠬᠦᠨᠳᠦ ᠡᠪᠡᠳᠴᠢᠨ ᠢ ᠰᠡᠷᠭᠡᠶᠢᠯᠡᠬᠦ︾ | ᠲᠡᠶᠢᠰᠢ ᠰᠢᠯᠵᠢᠪᠡ | ᠣᠳᠣᠬᠠᠨ ᠳᠤ᠂ ᠮᠠᠨ ᠤ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠨᠢ ᠰᠢᠨ᠎ᠡ | ᠱᠠᠲᠤᠨ ᠳᠤ ᠣᠷᠣᠵᠤ᠂ ᠰᠢᠨ᠎ᠡ ᠪᠠᠶᠢᠳᠠᠯ᠂ ᠰᠢᠨ᠎ᠡ ᠡᠭᠦᠷᠭᠡ ᠳᠤ ᠲᠤᠯᠭᠠᠷᠠᠵᠤ᠂ ᠠᠵᠢᠯ ᠤᠨ ᠭᠤᠣᠯᠳᠠᠯᠭ᠎ᠠ ᠪᠠᠨ ︽ | ᠬᠠᠯᠳᠠᠪᠤᠷᠢᠯᠠᠯ ᠢ ᠰᠡᠷᠭᠡᠶᠢᠯᠡᠬᠦ︾ ᠠᠴᠠ ︽ᠡᠷᠡᠭᠦᠯ ᠮᠡᠨᠳᠦ ᠶᠢ ᠪᠠᠲᠤᠯᠠᠬᠤ᠂ ᠬᠦᠨᠳᠦ ᠡᠪᠡᠳᠴᠢᠨ ᠢ ᠰᠡᠷᠭᠡᠶᠢᠯᠡᠬᠦ︾ | ᠲᠡᠶᠢᠰᠢ ᠰᠢᠯᠵᠢᠭᠦᠯᠪᠡ᠃ | - ︽ᠬᠥᠬᠡᠭᠴᠢᠨ ᠲᠦᠷᠦᠯ ᠳᠤ ᠬᠥᠬᠡᠭᠴᠢᠨ ᠬᠠᠮᠢᠶᠠᠷᠤᠯᠲᠠ︾ ᠬᠡᠷᠡᠭᠵᠢᠭᠦᠯᠬᠦ ᠪᠣᠯ ᠸᠢᠷᠦ᠋ᠰ ᠤᠨ ᠣᠨᠳᠣᠣᠰᠢᠯ᠂
| - ᠬᠢᠵᠢᠭ ᠤᠨ ᠪᠠᠶᠢᠳᠠᠯ ᠪᠠ ᠮᠠᠨ ᠤ ᠤᠯᠤᠰ ᠤᠨ ᠰᠡᠷᠭᠡᠶᠢᠯᠡᠨ ᠡᠵᠡᠮᠳᠡᠬᠦ ᠠᠵᠢᠯ ᠵᠡᠷᠭᠡ ᠶᠢ ᠶᠡᠷᠦᠩᠬᠡᠶᠢᠯᠡᠨ ᠦᠨᠡᠯᠡᠨ
| - ᠵᠢᠱᠢᠭᠰᠡᠨ ᠰᠠᠭᠤᠷᠢᠨ ᠳᠡᠭᠡᠷ᠎ᠡ ᠲᠣᠭᠲᠠᠭᠠᠭᠰᠠᠨ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢᠨ ᠲᠣᠬᠢᠷᠠᠭᠤᠯᠤᠯᠲᠠ
| - ᠪᠣᠯᠣᠨ᠎ᠠ᠂ ᠦᠨᠡᠨ ᠠᠴᠠ ᠵᠥᠪ ᠢ ᠡᠷᠢᠵᠦ᠂ ᠴᠠᠭ ᠤᠨ ᠪᠠᠶᠢᠳᠠᠯ ᠢ ᠦᠨᠳᠦᠰᠦᠯᠡᠨ ᠰᠡᠷᠭᠡᠶᠢᠯᠡᠨ ᠡᠵᠡᠮᠳᠡᠬᠦ ᠠᠷᠭ᠎ᠠ
| - ᠬᠡᠮᠵᠢᠶ᠎ᠡ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ ᠪᠠᠶᠢᠭ᠎ᠠ ᠰᠠᠨᠠᠭᠠᠴᠢᠯᠠᠭᠠᠲᠤ ᠠᠵᠢᠯᠯᠠᠭ᠎ᠠ ᠮᠥᠨ᠂ ᠡᠨᠡ ᠨᠢ
| - ᠰᠡᠷᠭᠡᠶᠢᠯᠡᠨ ᠡᠵᠡᠮᠳᠡᠬᠦ ᠠᠵᠢᠯ ᠤᠨ ᠰᠢᠨᠵᠢᠯᠡᠬᠦ ᠤᠬᠠᠭᠠᠨᠴᠢ ᠴᠢᠨᠠᠷ᠂ ᠨᠠᠷᠢᠯᠢᠭ ᠣᠨᠣᠪᠴᠢᠲᠤ ᠴᠢᠨᠠᠷ᠂ ᠪᠦᠲᠦᠮᠵᠢᠲᠦ
| - ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠶᠢᠨ ᠲᠥᠯᠥᠭᠡ ᠶᠤᠮ᠃
| - ︽ᠬᠥᠬᠡᠭᠴᠢᠨ ᠲᠥᠷᠥᠯ ᠳᠤ ᠬᠥᠬᠡᠭᠴᠢᠨ ᠬᠠᠮᠢᠶᠠᠷᠤᠯᠲᠠ︾ ᠶᠢ ᠬᠡᠷᠡᠭᠵᠢᠭᠦᠯᠵᠦ᠂ ᠰᠢᠨ᠎ᠡ ᠲᠢᠲᠢᠮᠯᠢᠭ ᠸᠢᠷᠦ᠋ᠰ ᠲᠤ
| - ᠬᠠᠯᠳᠠᠪᠤᠷᠢᠯᠠᠭᠳᠠᠭᠰᠠᠳ ᠢ ᠳᠠᠭᠢᠵᠤ ᠲᠤᠰᠠᠭᠠᠷᠯᠠᠬᠤ ᠠᠷᠭ᠎ᠠ ᠬᠡᠮᠵᠢᠶ᠎ᠡ ᠠᠪᠬᠤ ᠦᠭᠡᠢ᠂ ᠨᠢᠭᠲᠠ ᠣᠶᠢᠷᠠᠲᠤᠭᠰᠠᠳ ᠢ
| - ᠳᠠᠭᠢᠵᠤ ᠮᠠᠭᠠᠳᠯᠠᠨ ᠲᠣᠭᠲᠠᠭᠠᠬᠤ ᠦᠭᠡᠢ︔ ᠥᠨᠳᠥᠷ ᠳᠣᠣᠷ᠎ᠠ ᠳᠡᠰ ᠤᠨ ᠲᠦᠭᠰᠢᠭᠦᠷᠢᠲᠦ ᠣᠷᠣᠨ ᠢ ᠳᠠᠭᠢᠵᠤ
| - ᠵᠠᠭᠠᠭᠯᠠᠨ ᠲᠣᠭᠲᠠᠭᠠᠬᠤ ᠦᠭᠡᠢ︔ ᠬᠢᠯᠢ ᠪᠠᠷ ᠣᠷᠣᠵᠤ ᠢᠷᠡᠭᠰᠡᠳ ᠪᠠ ᠡᠳ᠋ ᠪᠠᠷᠠᠭ᠎ᠠ ᠵᠡᠷᠭᠡ ᠳᠤ ᠳᠠᠬᠢᠵᠤ ᠬᠢᠵᠢᠭ ᠢ
| - ᠪᠠᠶᠢᠴᠠᠭᠠᠬᠤ ᠬᠠᠯᠳᠠᠪᠤᠷᠢᠲᠤ ᠡᠪᠡᠳᠴᠢᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠠᠪᠬᠤ ᠦᠭᠡᠢ᠃ ᠰᠢᠨ᠎ᠡ
| - ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠳ ᠢ ᠱᠠᠲᠤ ᠲᠥᠷᠥᠯ ᠬᠤᠪᠢᠶᠠᠨ ᠭᠥᠯᠢᠶᠡᠨ ᠠᠪᠴᠤ ᠡᠮᠨᠡᠨ
| - ᠵᠠᠰᠠᠬᠤ ᠶᠢᠨ ᠬᠠᠮᠲᠤ ᠡᠮᠴᠢᠯᠡᠭᠡᠨ ᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠳᠤ ᠴᠠᠭ ᠲᠤᠬᠠᠢ ᠳᠤ ᠨᠢ
| - ᠲᠣᠬᠢᠷᠠᠭᠤᠯᠤᠯᠲᠠ ᠬᠢᠨ᠎ᠡ᠃ ᠪᠠᠶᠢᠴᠠᠭᠠᠯᠲᠠ ᠶᠢᠨ ᠠᠷᠭ᠎ᠠ ᠪᠣᠳᠣᠯᠭ᠎ᠠ ᠶᠢ ᠴᠤ ᠰᠠᠶᠢᠨ ᠳᠤᠷ᠎ᠠ ᠠᠴᠠ ᠪᠠᠨ ᠪᠠᠶᠢᠴᠠᠭᠠᠬᠤ
| - ᠪᠣᠯᠭᠠᠨ ᠲᠣᠬᠢᠷᠠᠭᠤᠯᠪᠠ᠃ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠨᠡᠶᠢᠲᠡᠯᠡᠬᠦ ᠤᠳᠠᠭ᠎ᠠ ᠪᠠ ᠠᠭᠤᠯᠭ᠎ᠠ ᠳᠤ
| | - ︽ᠬᠥᠬᠡᠭᠴᠢᠨ ᠲᠦᠷᠦᠯ ᠳᠤ ᠬᠥᠬᠡᠭᠴᠢᠨ ᠬᠠᠮᠢᠶᠠᠷᠤᠯᠲᠠ︾ ᠶᠢ ᠬᠡᠷᠡᠭᠵᠢᠭᠦᠯᠬᠦ ᠨᠢ ᠬᠠᠮᠢᠶᠠᠷᠬᠤ ᠦᠭᠡᠢ ᠴᠢᠯᠦᠭᠡᠲᠡᠢ
| - ᠲᠠᠯᠪᠢᠬᠤ ᠭᠡᠰᠡᠨ ᠶᠠᠪᠤᠳᠠᠯ ᠤᠭᠳᠤ ᠪᠢᠰᠢ᠂ ᠦᠢᠯᠡᠴᠢᠯᠡᠭᠡ ᠪᠠ ᠪᠠᠲᠤᠯᠠᠭ᠎ᠠ ᠶᠢ ᠴᠢᠩᠭᠠᠳᠬᠠᠬᠤ ᠪᠠᠷ ᠭᠤᠣᠯᠳᠠᠯᠭ᠎ᠠ
| - ᠪᠣᠯᠭᠠᠨ᠎ᠠ᠃ ᠡᠮᠴᠢᠯᠡᠭᠡᠨ ᠤ ᠠᠪᠤᠷᠠᠨ ᠵᠠᠰᠠᠬᠤ ᠡᠬᠢ ᠪᠠᠶᠠᠯᠢᠭ ᠤᠨ ᠪᠡᠯᠡᠳᠬᠡᠯ ᠢ ᠪᠣᠳᠠᠲᠠᠢ ᠪᠥᠭᠡᠳ ᠨᠠᠷᠢᠯᠢᠭ
| - ᠠᠳᠬᠤᠵᠤ᠂ ᠤᠯᠠᠨ ᠲᠦᠮᠡᠨ ᠤ ᠡᠮ ᠬᠡᠷᠡᠭᠯᠡᠬᠦ ᠬᠡᠷᠡᠭᠴᠡᠭᠡ ᠶᠢ ᠬᠦᠴᠦᠯᠡᠨ ᠰᠠᠶᠢᠲᠤᠷ ᠬᠢᠵᠦ᠂ ᠨᠠᠰᠤᠲᠠᠶᠢᠴᠤᠳ᠂
| - ᠬᠡᠦᠬᠡᠳ ᠵᠡᠷᠭᠡ ᠭᠤᠣᠯᠳᠠᠯᠭ᠎ᠠ ᠲᠠᠢ ᠬᠥᠮᠥᠰ ᠢ ᠰᠡᠷᠭᠡᠶᠢᠯᠡᠨ ᠬᠠᠮᠠᠭᠠᠯᠠᠬᠤ ᠪᠠ ᠠᠪᠤᠷᠠᠨ ᠵᠠᠰᠠᠬᠤ ᠠᠵᠢᠯ ᠢ ᠪᠦᠬᠦ
| - ᠬᠦᠴᠦᠨ ᠢᠶᠠᠷ ᠢᠶᠠᠨ ᠰᠠᠶᠢᠲᠤᠷ ᠬᠢᠵᠦ᠂ ᠣᠨᠴᠠᠭᠠᠶᠢᠯᠠᠨ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠪᠠ ᠡᠷᠡᠭᠦᠯ
| - ᠮᠡᠨᠳᠦ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠭᠠᠵᠠᠷ ᠣᠷᠣᠨ ᠤ ᠬᠢᠵᠢᠭ ᠤᠨ ᠪᠠᠶᠢᠳᠠᠯ ᠢ
| - ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠴᠢᠩᠭᠠᠳᠬᠠᠬᠤ ᠬᠡᠷᠡᠭᠲᠡᠢ᠃
| - ︽ᠬᠥᠬᠡᠭᠴᠢᠨ ᠲᠦᠷᠦᠯ ᠳᠤ ᠬᠥᠬᠡᠭᠴᠢᠨ ᠬᠠᠮᠢᠶᠠᠷᠤᠯᠲᠠ︾ ᠶᠢ ᠬᠡᠷᠡᠭᠵᠢᠭᠦᠯᠬᠦ ᠳᠤ ᠮᠥᠨ ᠯᠡ ᠥᠷᠭᠡᠨ ᠤᠯᠠᠨ
| - ᠲᠦᠮᠡᠨ ᠤ ᠳᠡᠮᠵᠢᠯᠭᠡ ᠪᠠ ᠬᠠᠮᠵᠢᠯᠴᠠᠭ᠎ᠠ ᠳᠤ ᠲᠦᠰᠢᠭᠯᠡᠨ᠎ᠡ᠃ ᠣᠶᠢᠷ᠎ᠠ ᠶᠢᠨ ᠭᠤᠷᠪᠠᠨ ᠵᠢᠯ ᠤᠨ ᠲᠤᠷᠰᠢ ᠪᠤᠢ
| - ᠪᠣᠯᠭᠠᠭᠰᠠᠨ ᠰᠠᠶᠢᠨ ᠰᠠᠶᠢᠬᠠᠨ ᠬᠤᠪᠢ ᠬᠥᠮᠥᠨ ᠤ ᠡᠷᠡᠭᠦᠯ ᠬᠠᠮᠠᠭᠠᠯᠠᠯ ᠤᠨ ᠳᠠᠳᠬᠠᠯ ᠪᠣᠯᠣᠨ ᠡᠷᠡᠭᠦᠯ ᠰᠠᠷᠠᠭᠤᠯ
| - ᠠᠮᠢᠳᠤᠷᠠᠯ ᠤᠨ ᠠᠷᠭ᠎ᠠ ᠮᠠᠶ᠋ᠢᠭ ᠢ ᠦᠷᠭᠦᠯᠵᠢᠯᠡᠨ ᠪᠠᠷᠢᠮᠲᠠᠯᠠᠵᠤ᠂ ᠬᠤᠪᠢ ᠬᠥᠮᠥᠨ ᠤ ᠬᠠᠮᠠᠭᠠᠯᠠᠯᠲᠠ ᠶᠢ ᠢᠮᠠᠭᠲᠠ
| | - ︽ᠬᠥᠬᠡᠭᠴᠢᠨ ᠲᠦᠷᠦᠯ ᠳᠤ ᠬᠥᠬᠡ ᠬᠠᠮᠢᠶᠠᠷᠤᠯᠲᠠ ᠶᠢ ᠬᠡᠷᠡᠭᠵᠢᠭᠦᠯᠬᠦ︾ ᠶᠢ ︽ᠬᠥᠬᠡᠭᠴᠢᠨ ᠲᠦᠷᠦᠯ ᠳᠤ
| - ᠬᠥᠬᠡᠭᠴᠢᠨ ᠬᠠᠮᠢᠶᠠᠷᠤᠯᠲᠠ ᠶᠢ ᠬᠡᠷᠡᠭᠵᠢᠭᠦᠯᠬᠦ︾ ᠪᠣᠯᠭᠠᠨ ᠲᠣᠬᠢᠷᠠᠭᠤᠯᠬᠤ ᠳᠤ ᠶᠠᠮᠠᠷ ᠶᠠᠮᠠᠷ ᠨᠥᠬᠦᠴᠡᠯ ᠢ
| | - ᠬᠢᠵᠢᠭ ᠤᠨ ᠪᠠᠶᠢᠳᠠᠯ ᠪᠠ ᠸᠢᠷᠦ᠋ᠰ ᠤᠨ ᠣᠨᠳᠣᠣᠰᠢᠯ ᠤᠨ ᠪᠠᠶᠢᠳᠠᠯ ᠠᠴᠠ ᠦᠵᠡᠪᠡᠯ᠂ ᠣᠮᠢᠺᠷᠦᠨ ᠣᠨᠳᠣᠣᠰᠢᠭᠰᠠᠨ
| - ᠸᠢᠷᠦ᠋ᠰ ᠨᠢ ᠨᠢᠭᠡᠨᠲᠡ ᠪᠦᠬᠦ ᠳᠡᠯᠡᠬᠡᠢ ᠳᠤ ᠳᠡᠯᠭᠡᠷᠡᠵᠦ ᠪᠠᠶᠢᠭ᠎ᠠ ᠳᠠᠪᠠᠭᠤᠯᠢᠭ ᠬᠤᠣᠷᠲᠤ ᠸᠢᠷᠦ᠋ᠰ ᠪᠣᠯᠵᠤ᠂
| - ᠬᠡᠳᠦ᠋ᠢᠪᠡᠷ ᠬᠠᠯᠳᠠᠪᠤᠷᠢᠯᠠᠭᠰᠠᠨ ᠬᠥᠮᠥᠨ ᠤ ᠲᠤᠭ᠎ᠠ ᠨᠢ ᠣᠯᠠᠨ ᠪᠣᠯᠪᠠᠴᠤ ᠬᠦᠨᠳᠦ ᠡᠪᠡᠳᠴᠢᠨ ᠤ ᠨᠣᠷᠮ᠎ᠠ ᠪᠠ
| - ᠦᠬᠦᠯ ᠤᠨ ᠨᠣᠷᠮ᠎ᠠ ᠨᠢ ᠳᠣᠣᠷ᠎ᠠ ᠪᠣᠯᠵᠠᠢ᠃ ᠣᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠰᠢᠯᠭᠠᠨ
| - ᠪᠠᠶᠢᠴᠠᠭᠠᠭᠰᠠᠨ ᠲᠤᠭ᠎ᠠ ᠪᠠᠷᠢᠮᠲᠠ ᠶᠢᠨ ᠢᠯᠡᠷᠡᠭᠦᠯᠦᠭᠰᠡᠨ ᠢᠶᠠᠷ᠂ ᠣᠮᠢᠺᠷᠦᠨ ᠣᠨᠳᠣᠣᠰᠢᠭᠰᠠᠨ ᠸᠢᠷᠦ᠋ᠰ ᠤᠨ
| - ᠡᠪᠡᠳᠴᠢᠯᠡᠭᠦᠯᠬᠦ ᠬᠦᠴᠦ ᠨᠢ ᠠᠩᠬᠠᠨ ᠤ ᠸᠢᠷᠦ᠋ᠰ ᠪᠠ ᠪᠤᠰᠤᠳ ᠠᠩᠬᠠᠷᠴᠤ ᠪᠠᠶᠢᠭᠰᠠᠨ ᠣᠨᠳᠣᠣᠰᠢᠭᠰᠠᠨ
| - ᠸᠢᠷᠦ᠋ᠰ ᠤᠨ ᠬᠢ ᠠᠴᠠ ᠪᠠᠭᠤᠷᠠᠵᠤ᠂ ᠡᠭᠦᠨ ᠠᠴᠠ ᠪᠣᠯᠤᠭᠰᠠᠨ ᠡᠪᠡᠳᠴᠢᠨ ᠤ ᠢᠯᠡᠷᠡᠯ ᠨᠢ ᠬᠠᠯᠠᠭᠤᠷᠠᠬᠤ ᠪᠠ
| - ᠠᠮᠢᠰᠬᠤᠯ ᠤᠨ ᠵᠠᠮ ᠤᠨ ᠳᠡᠭᠡᠳᠦ ᠬᠡᠰᠡᠭ ᠤᠨ ᠡᠪᠡᠳᠴᠢᠨ ᠤ ᠢᠯᠡᠷᠡᠯ ᠢᠶᠠᠷ ᠭᠤᠣᠯ ᠪᠣᠯᠭᠠᠳᠠᠭ᠃
| - ᠬᠥᠮᠥᠰ ᠤᠨ ᠡᠭᠡᠯᠢᠯᠡᠭᠡ ᠶᠢᠨ ᠬᠢᠷᠢ ᠲᠦᠪᠰᠢᠨ ᠠᠴᠠ ᠦᠵᠡᠪᠡᠯ᠂ ᠮᠠᠨ ᠤ ᠤᠯᠤᠰ ᠤᠨ ᠰᠢᠨ᠎ᠡ ᠸᠠᠺᠼᠢᠨ ᠤ ᠲᠠᠷᠢᠯᠭ᠎ᠠ
| - ᠲᠦᠭᠡᠮᠡᠯᠵᠢᠭᠰᠡᠨ ᠪᠠᠶᠢᠨ᠎ᠠ᠃ ᠣᠳᠣᠬᠠᠨ ᠳᠤ ᠪᠥᠬᠦ ᠤᠯᠤᠰ ᠲᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ
| - ᠨᠡᠶᠢᠲᠡ 34 ᠳ᠋ᠦᠩᠰᠢᠭᠤᠷ ᠭᠠᠷᠤᠢ ᠤᠳᠠᠭ᠎ᠠ ᠳᠠᠷᠢᠵᠤ᠂ ᠸᠠᠺᠼᠢᠨ ᠤ ᠲᠠᠷᠢᠯᠭ᠎ᠠ ᠶᠢᠨ ᠬᠠᠮᠤᠷᠤᠭᠰᠠᠨ ᠬᠥᠮᠥᠨ ᠤ
| - ᠲᠤᠭ᠎ᠠ ᠪᠠ ᠪᠥᠬᠦ ᠶᠠᠪᠤᠴᠠ ᠶᠢᠨ ᠲᠠᠷᠢᠯᠭ᠎ᠠ ᠬᠢᠭᠰᠡᠨ ᠬᠥᠮᠥᠨ ᠤ ᠲᠤᠭ᠎ᠠ ᠲᠣᠰ ᠲᠣᠰ ᠪᠥᠬᠦ ᠤᠯᠤᠰ ᠤᠨ ᠶᠡᠷᠦᠩᠬᠡᠢ
| - ᠬᠥᠮᠥᠨ ᠠᠮᠠ ᠶᠢᠨ 92% ᠪᠠ 90% ᠠᠴᠠ ᠳᠡᠭᠡᠭᠰᠢᠬᠢ ᠶᠢ ᠡᠵᠡᠯᠡᠪᠡ᠃ ᠠᠷᠠᠳ ᠣᠯᠠᠨ ᠤ ᠡᠷᠡᠭᠦᠯ ᠮᠡᠨᠳᠦ ᠶᠢᠨ
| - ᠤᠬᠠᠮᠰᠠᠷ᠂ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠯᠠᠮ ᠨᠢᠭᠡ ᠠᠯᠬᠤᠮ ᠳᠡᠭᠡᠭᠰᠢᠯᠡᠵᠦ᠂ ᠬᠤᠪᠢ ᠬᠥᠮᠥᠨ ᠤ
| - ᠰᠡᠷᠭᠡᠶᠢᠯᠡᠨ ᠬᠠᠮᠠᠭᠠᠯᠠᠬᠤ ᠴᠢᠳᠠᠪᠤᠷᠢ ᠢᠳᠡᠭ ᠢᠳᠡᠭ ᠢᠶᠠᠷ ᠳᠡᠭᠡᠭᠰᠢᠯᠡᠪᠡ᠃
| - ᠰᠡᠷᠭᠡᠶᠢᠯᠡᠨ ᠡᠵᠡᠮᠳᠡᠬᠦ ᠠᠵᠢᠯ ᠤᠨ ᠰᠠᠭᠤᠷᠢ ᠠᠴᠠ ᠦᠵᠡᠪᠡᠯ᠂ ᠲᠠᠰ ᠬᠤᠪᠢᠶᠠᠨ ᠣᠨᠣᠰᠢᠯᠠᠨ ᠡᠮᠨᠡᠵᠦ ᠠᠪᠤᠷᠠᠨ
| - ᠵᠠᠰᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ
| - ᠬᠠᠮᠠᠭᠠᠯᠠᠯ ᠤᠨ ᠪᠠᠶᠢᠭᠤᠯᠤᠮᠵᠢ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠠᠯᠠᠭᠤᠷᠠᠯ ᠤᠨ ᠡᠭᠦᠳᠡᠨ
| - ᠡᠮᠨᠡᠯᠭᠡ ᠶᠢ ᠨᠡᠮᠡᠨ ᠪᠠᠶᠢᠭᠤᠯᠵᠤ᠂ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠶᠢᠨ ᠬᠦᠨᠳᠦ ᠡᠪᠡᠳᠴᠢᠲᠡᠨ ᠤ
| - ᠣᠷᠣ᠂ ICU ᠵᠢᠴᠢ ᠬᠠᠮᠢᠶ᠎ᠠ ᠪᠦᠬᠦᠢ ᠠᠪᠤᠷᠠᠨ ᠵᠠᠰᠠᠬᠤ ᠲᠥᠬᠦᠭᠡᠷᠦᠮᠵᠢ ᠬᠢᠭᠡᠳ ᠡᠳ᠋ ᠪᠣᠳᠠᠰ ᠤᠨ ᠨᠥᠭᠡᠴᠡ ᠶᠢ
| - ᠨᠡᠮᠡᠭᠳᠡᠭᠦᠯᠦᠨ᠂ ᠡᠮᠴᠢᠯᠡᠭᠡᠨ ᠤ ᠠᠪᠤᠷᠠᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠵᠦ᠂ ᠰᠢᠨ᠎ᠡ ᠲᠢᠲᠢᠮᠯᠢᠭ ᠸᠢᠷᠦ᠋ᠰ ᠲᠤ
| - ᠬᠠᠯᠳᠠᠪᠤᠷᠢᠯᠠᠭᠰᠠᠳ ᠢ ᠠᠪᠤᠷᠠᠨ ᠵᠠᠰᠠᠬᠤ ᠪᠠ ᠡᠳᠦᠷ ᠲᠤᠲᠤᠮ ᠤᠨ ᠡᠮᠴᠢᠯᠡᠭᠡᠨ ᠤ ᠦᠢᠯᠡᠴᠢᠯᠡᠭᠡ ᠪᠠᠲᠤᠯᠠᠭ᠎ᠠ ᠶᠢ
| - ᠠᠯᠬᠤᠮ ᠠᠯᠬᠤᠮ ᠢᠶᠠᠷ ᠨᠢᠭᠡᠳᠦᠯᠲᠡᠢ ᠲᠥᠯᠥᠪᠯᠡᠨ ᠪᠡᠶᠡᠯᠡᠭᠦᠯᠵᠦ ᠪᠠᠶᠢᠨ᠎ᠠ᠃ ᠤᠯᠤᠰ ᠤᠨ ᠳᠣᠲᠣᠭᠠᠳᠤ
| - ᠭᠠᠳᠠᠭᠠᠳᠤ ᠶᠢᠨ ᠸᠢᠷᠦ᠋ᠰ ᠢ ᠡᠰᠡᠷᠭᠦᠴᠡᠬᠦ ᠣᠨᠴᠠᠭᠠᠶ ᠴᠢᠨᠠᠷᠲᠠᠢ ᠡᠮ ᠤᠨ ᠰᠤᠳᠤᠯᠤᠨ ᠨᠡᠭᠡᠭᠡᠬᠦ ᠠᠵᠢᠯ ᠠᠬᠢᠴᠠ ᠲᠠᠢ
| - ᠪᠣᠯᠵᠤ᠂ ᠮᠠᠨ ᠤ ᠤᠯᠤᠰ ︽ᠭᠤᠷᠪᠠᠨ ᠵᠦᠢᠯ ᠤᠨ ᠡᠮ ᠳᠤ ᠭᠤᠷᠪᠠᠨ ᠡᠮ ᠤᠨ ᠵᠣᠷ ᠢ ᠬᠡᠷᠡᠭᠯᠡᠬᠦ︾ ᠵᠡᠷᠭᠡ
| - ᠪᠦᠲᠦᠮᠵᠢᠲᠡᠶ ᠡᠮᠴᠢᠯᠡᠭᠡᠨ ᠤ ᠡᠮ ᠤᠨ ᠵᠣᠷ ᠪᠠ ᠡᠮ ᠢ ᠰᠣᠩᠭᠤᠨ ᠭᠠᠷᠭᠠᠪᠠ᠃ ᠥᠷᠭᠡᠨ ᠤᠯᠠᠨ ᠡᠮᠴᠢᠯᠡᠭᠡ ᠡᠷᠡᠭᠦᠯ
| - ᠬᠠᠮᠠᠭᠠᠯᠠᠯ ᠤᠨ ᠠᠵᠢᠯᠲᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠰᠢᠢᠳᠪᠦᠷᠢᠯᠡᠬᠦ ᠨᠡᠯᠢᠶᠡᠳ ᠪᠠᠶᠠᠯᠢᠭ
| - ᠲᠤᠷᠰᠢᠯᠭ᠎ᠠ ᠶᠢ ᠬᠤᠷᠠᠮᠳᠤᠭᠤᠯᠵᠤ᠂ ᠰᠡᠷᠭᠡᠶᠢᠯᠡᠨ ᠡᠮᠨᠡᠬᠦ ᠴᠢᠳᠠᠪᠤᠷᠢ ᠨᠢ ᠢᠯᠡᠳᠲᠡ ᠳᠡᠭᠡᠭᠰᠢᠯᠡᠪᠡ᠃
| - ︽ᠬᠥᠬᠡᠭᠴᠢᠨ ᠲᠥᠷᠥᠯ ᠳᠤ ᠬᠥᠬᠡᠭᠴᠢᠨ ᠬᠠᠮᠢᠶᠠᠷᠤᠯᠲᠠ︾ ᠶᠢ ᠬᠡᠷᠡᠭᠵᠢᠭᠦᠯᠦᠭᠰᠡᠨ ᠤ ᠳᠠᠷᠠᠭ᠎ᠠ᠂ ᠰᠡᠷᠭᠡᠶᠢᠯᠡᠨ
| - ᠡᠵᠡᠮᠳᠡᠬᠦ ᠲᠠᠯ᠎ᠠ ᠪᠠᠷ ᠶᠠᠮᠠᠷ ᠶᠠᠮᠠᠷ ᠠᠳᠠᠯᠢ ᠪᠤᠰᠤ ᠲᠠᠯ᠎ᠠ ᠲᠠᠢ ᠪᠣᠶ︖
| - ᠨᠢᠭᠡ ᠳᠤ᠂ ᠬᠠᠯᠳᠠᠪᠤᠷᠢᠯᠠᠯ ᠤᠨ ᠡᠬᠢ ᠰᠤᠷᠪᠤᠯᠵᠢ ᠶᠢ ᠪᠠᠶᠢᠴᠠᠭᠠᠨ ᠢᠯᠡᠷᠡᠭᠦᠯᠬᠦ ᠲᠠᠯ᠎ᠠ ᠪᠠᠷ᠂ ︽ᠬᠥᠬᠡᠭᠴᠢᠨ
| - ᠲᠥᠷᠥᠯ ᠳᠤ ᠬᠥᠬᠡ ᠬᠠᠮᠢᠶᠠᠷᠤᠯᠲᠠ︾ ᠶᠢ ᠬᠡᠷᠡᠭᠵᠢᠭᠦᠯᠵᠦ ᠪᠠᠶᠢᠭᠰᠠᠨ ᠦᠶ᠎ᠡ ᠳᠤ᠂ ᠭᠤᠣᠯᠳᠠᠭᠤ ᠲᠦᠭᠰᠢᠭᠦᠷᠢᠲᠦ
| - ᠠᠵᠢᠯ ᠮᠡᠷᠭᠡᠵᠢᠯ ᠤᠨ ᠬᠥᠮᠥᠰ ᠤᠨ ︽ᠪᠠᠶᠢᠴᠠᠭᠠᠬᠤ ᠶᠣᠰᠣᠲᠠᠢ ᠶᠢ ᠨᠢ ᠴᠥᠮ ᠪᠠᠶᠢᠴᠠᠭᠠᠬᠤ︾᠂ ᠲᠦᠭᠰᠢᠭᠦᠷᠢᠲᠦ
| - ᠣᠷᠣᠨ ᠤ ᠪᠥᠬᠦ ᠠᠵᠢᠯᠲᠠᠨ ᠤ ᠪᠥᠭᠡᠮ ᠬᠦᠴᠢᠯ ᠤᠨ ᠰᠢᠭᠰᠢᠨ ᠪᠠᠶᠢᠴᠠᠭᠠᠯᠲᠠ ᠬᠢᠬᠦ ᠵᠡᠷᠭᠡ ᠠᠷᠭ᠎ᠠ ᠮᠠᠶ᠋ᠢᠭ ᠢᠶᠠᠷ
| - ᠬᠠᠯᠳᠠᠪᠤᠷᠢᠯᠠᠭᠰᠠᠳ ᠢ ᠪᠠᠶᠢᠴᠠᠭᠠᠨ ᠢᠯᠡᠷᠡᠭᠦᠯᠵᠦ ᠪᠠᠶᠢᠵᠠᠢ᠃ ︽ᠬᠥᠬᠡᠭᠴᠢᠨ ᠲᠥᠷᠥᠯ ᠳᠤ ᠬᠥᠬᠡᠭᠴᠢᠨ
| - ᠬᠠᠮᠢᠶᠠᠷᠤᠯᠲᠠ︾ ᠶᠢ ᠬᠡᠷᠡᠭᠵᠢᠭᠦᠯᠦᠭᠰᠡᠨ ᠤ ᠳᠠᠷᠠᠭ᠎ᠠ᠂ ᠭᠤᠣᠯᠳᠠᠭᠤ ᠡᠮᠴᠢᠯᠡᠭᠡᠨ ᠤ ᠪᠠᠶᠢᠭᠤᠯᠤᠮᠵᠢ ᠶᠢᠨ ᠡᠪᠡᠳᠴᠢᠨ
| - ᠦᠵᠡᠭᠦᠯᠬᠦ ᠬᠥᠮᠥᠰ᠂ ᠰᠠᠭᠤᠭᠠᠯᠢ ᠠᠷᠠᠳ ᠥᠪᠡᠰᠦᠪᠡᠨ ᠡᠷᠡᠭᠦᠯ ᠮᠡᠨᠳᠦ ᠪᠠᠨ ᠬᠢᠨᠠᠨ ᠰᠢᠨᠵᠢᠯᠡᠬᠦ᠂ ᠭᠤᠣᠯᠳᠠᠯᠭ᠎ᠠ ᠲᠠᠢ
| - ᠬᠥᠮᠥᠰ ᠢ ᠪᠠᠶᠢᠴᠠᠭᠠᠨ ᠰᠢᠨᠵᠢᠯᠡᠬᠦ ᠵᠡᠷᠭᠡ ᠠᠷᠭ᠎ᠠ ᠮᠠᠶ᠋ᠢᠭ ᠢᠶᠠᠷ ᠬᠠᠯᠳᠠᠪᠤᠷᠢᠯᠠᠭᠰᠠᠳ ᠢ ᠢᠯᠡᠷᠡᠭᠦᠯᠬᠦ ᠪᠣᠯᠵᠠᠢ᠃ ᠡᠯ᠎ᠡ
| - ᠭᠠᠵᠠᠷ ᠤᠨ ᠬᠢᠨ ᠨᠡᠶᠢᠭᠡᠮ ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ ᠪᠥᠭᠡᠮ ᠬᠦᠴᠢᠯ ᠤᠨ
| - ᠪᠠᠶᠢᠴᠠᠭᠠᠯᠲᠠ ᠶᠢᠨ ᠴᠡᠭ ᠢ ᠭᠦᠢᠴᠡᠳ ᠦᠯᠡᠳᠡᠭᠡᠬᠦ ᠶᠢ ᠪᠠᠲᠤᠯᠠᠵᠤ᠂ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ᠂
| - ᠰᠦᠯᠵᠢᠶᠡᠨ ᠤ ᠪᠣᠷᠤᠯᠠᠭᠤᠯᠭ᠎ᠠ ᠶᠢᠨ ᠡᠯᠧᠺᠳ᠋ᠷᠣᠨ ᠬᠤᠳᠠᠯᠳᠤᠭ᠎ᠠ ᠳᠤ ᠠᠨᠲ᠋ᠢᠭᠧᠡ ᠢ ᠪᠠᠶᠢᠴᠠᠭᠠᠨ ᠰᠢᠨᠵᠢᠯᠡᠬᠦ
| - ᠲᠤᠷᠰᠢᠯᠲᠠ ᠶᠢᠨ ᠡᠮ ᠢ ᠭᠦᠢᠴᠡᠳ ᠬᠠᠩᠭᠠᠬᠤ ᠶᠢ ᠪᠠᠲᠤᠯᠠᠵᠤ᠂ ᠰᠠᠭᠤᠭᠠᠯᠢ ᠠᠷᠠᠳ ᠤᠨ ᠪᠠᠶᠢᠴᠠᠭᠠᠨ ᠰᠢᠨᠵᠢᠯᠡᠬᠦ
| - ᠬᠡᠷᠡᠭᠴᠡᠭᠡ ᠶᠢ ᠬᠠᠩᠭᠠᠬᠤ ᠬᠡᠷᠡᠭᠲᠡᠢ᠃
| - ᠬᠤᠶᠠᠷ ᠲᠤ᠂ ᠬᠠᠯᠳᠠᠪᠤᠷᠢᠯᠠᠯ ᠤᠨ ᠡᠬᠢ ᠰᠤᠷᠪᠤᠯᠵᠢ ᠶᠢᠨ ᠬᠠᠮᠢᠶᠠᠷᠤᠯᠲᠠ ᠶᠢᠨ ᠲᠠᠯ᠎ᠠ ᠪᠠᠷ᠂ ︽ᠬᠥᠬᠡᠭᠴᠢᠨ
| - ᠲᠦᠷᠦᠯ ᠳᠤ ᠬᠥᠬᠡ ᠬᠠᠮᠢᠶᠠᠷᠤᠯᠲᠠ︾ ᠬᠡᠷᠡᠭᠵᠢᠭᠦᠯᠵᠦ ᠪᠠᠶᠢᠭᠰᠠᠨ ᠦᠶ᠎ᠡ ᠳᠤ᠂ ᠣᠯᠵᠤ ᠮᠡᠳᠡᠭᠰᠡᠨ
| - ᠬᠠᠯᠳᠠᠪᠤᠷᠢᠯᠠᠭᠰᠠᠳ ᠪᠠ ᠰᠢᠭᠰᠢᠨ ᠪᠠᠶᠢᠴᠠᠭᠠᠳᠤᠢ ᠰᠡᠵᠢᠭᠯᠡᠯᠲᠡᠢ ᠡᠪᠡᠳᠴᠢᠨ ᠤ ᠵᠢᠱᠢᠶ᠎ᠡ ᠶᠢ ᠲᠤᠰᠠᠭᠠᠷᠯᠠᠨ ᠵᠠᠰᠠᠬᠤ
| - ᠠᠷᠭ᠎ᠠ ᠬᠡᠮᠵᠢᠶ᠎ᠡ ᠠᠪᠴᠤ ᠪᠠᠶᠢᠪᠠ᠃ ᠡᠭᠦᠨ ᠤ ᠬᠠᠮᠲᠤ᠂ ᠨᠢᠭᠲᠠ ᠣᠶᠢᠷᠠᠲᠤᠭᠰᠠᠳ ᠲᠤ ᠲᠠᠬᠤᠯ ᠡᠪᠡᠳᠴᠢᠨ ᠤ
| - ᠪᠠᠶᠢᠴᠠᠭᠠᠯᠲᠠ ᠪᠠ ᠲᠤᠰᠠᠭᠠᠷᠯᠠᠨ ᠠᠵᠢᠭᠯᠠᠬᠤ ᠠᠵᠢᠯ ᠢ ᠥᠷᠨᠢᠭᠦᠯᠵᠦ ᠪᠠᠶᠢᠵᠠᠢ᠃ ︽ᠬᠥᠬᠡᠭᠴᠢᠨ ᠲᠥᠷᠥᠯ ᠳᠤ
| - ᠬᠥᠬᠡᠭᠴᠢᠨ ᠬᠠᠮᠢᠶᠠᠷᠤᠯᠲᠠ︾ ᠶᠢ ᠬᠡᠷᠡᠭᠵᠢᠭᠦᠯᠦᠭᠰᠡᠨ ᠤ ᠳᠠᠷᠠᠭ᠎ᠠ᠂ ᠡᠪᠡᠳᠴᠢᠨ ᠤ ᠢᠯᠡᠷᠡᠯ ᠦᠭᠡᠢ
| - ᠬᠠᠯᠳᠠᠪᠤᠷᠢᠯᠠᠭᠰᠠᠳ ᠪᠠ ᠬᠥᠩᠭᠡᠨ ᠡᠪᠡᠳᠴᠢᠨ ᠤ ᠵᠢᠱᠢᠶ᠎ᠡ ᠳᠤ ᠭᠡᠷ ᠪᠦᠯᠢ ᠶᠢᠨ ᠡᠷᠡᠭᠦᠯ ᠮᠡᠨᠳᠦ ᠶᠢᠨ
| - ᠬᠠᠮᠢᠶᠠᠷᠤᠯᠲᠠ ᠶᠢ ᠬᠡᠷᠡᠭᠵᠢᠭᠦᠯᠬᠦ ᠪᠣᠯᠵᠠᠢ᠃
| - ᠭᠤᠷᠪᠠ ᠳᠤ᠂ ᠨᠡᠶᠢᠭᠡᠮ ᠤᠨ ᠲᠠᠯ᠎ᠠ ᠶᠢᠨ ᠰᠡᠷᠭᠡᠶᠢᠯᠡᠨ ᠡᠵᠡᠮᠳᠡᠬᠦ ᠲᠠᠯ᠎ᠠ ᠪᠠᠷ᠂ ︽ᠬᠥᠬᠡᠭᠴᠢᠨ ᠲᠦᠷᠦᠯ ᠳᠤ
| - ᠬᠥᠬᠡ ᠬᠠᠮᠢᠶᠠᠷᠤᠯᠲᠠ︾ ᠶᠢ ᠬᠡᠷᠡᠭᠵᠢᠭᠦᠯᠬᠦ ᠠᠴᠠ ︽ᠬᠥᠬᠡᠭᠴᠢᠨ ᠲᠦᠷᠦᠯ ᠳᠤ ᠬᠥᠬᠡᠭᠴᠢᠨ ᠬᠠᠮᠢᠶᠠᠷᠤᠯᠲᠠ︾ ᠶᠢ
| - ᠬᠡᠷᠡᠭᠵᠢᠭᠦᠯᠬᠦ ᠪᠣᠯᠭᠠᠨ ᠲᠣᠬᠢᠷᠠᠭᠤᠯᠤᠭᠰᠠᠨ ᠤ ᠲᠠᠷᠠᠭ᠎ᠠ᠂ ᠨᠡᠶᠢᠭᠡᠮ ᠤᠨ ᠲᠠᠯ᠎ᠠ ᠶᠢᠨ ᠰᠡᠷᠭᠡᠶᠢᠯᠡᠨ ᠡᠵᠡᠮᠳᠡᠬᠦ ᠠᠷᠭ᠎ᠠ
| - ᠬᠡᠮᠵᠢᠶ᠎ᠡ ᠶᠢ ᠭᠤᠣᠯᠳᠠᠯᠭ᠎ᠠ ᠲᠠᠢ ᠲᠠᠯᠠᠪᠤᠷ ᠭᠠᠵᠠᠷ᠂ ᠭᠤᠣᠯᠳᠠᠯᠭ᠎ᠠ ᠲᠠᠢ ᠪᠠᠶᠢᠭᠤᠯᠤᠮᠵᠢ᠂ ᠭᠤᠣᠯᠳᠠᠯᠭ᠎ᠠ ᠲᠠᠢ
| - ᠬᠥᠮᠥᠰ ᠲᠤ ᠨᠡᠩ ᠤᠯᠠᠨ ᠲᠥᠪᠯᠡᠷᠡᠭᠦᠯᠵᠦ᠂ ᠪᠤᠰᠤᠳ ᠲᠠᠯᠠᠪᠤᠷ ᠭᠠᠵᠠᠷ ᠪᠠᠶᠢᠭᠤᠯᠤᠮᠵᠢ ᠪᠠ ᠠᠵᠢᠯᠲᠠᠨ ᠤ
| - ᠠᠵᠢᠯᠯᠠᠭ᠎ᠠ ᠶᠢᠨ ᠬᠢᠵᠠᠭᠠᠷᠯᠠᠯ ᠢ ᠬᠦᠴᠦᠨ ᠦᠭᠡᠢ ᠪᠣᠯᠭᠠᠬᠤ ᠪᠤᠶᠤ ᠪᠠᠭᠠᠰᠬᠠᠵᠤ᠂ ᠤᠯᠠᠨ ᠲᠦᠮᠡᠨ ᠤ ᠬᠡᠪ ᠤᠨ
| - ᠦᠢᠯᠡᠳᠪᠦᠷᠢᠯᠡᠯ ᠠᠮᠢᠳᠤᠷᠠᠯ ᠳᠤ ᠦᠵᠡᠭᠦᠯᠬᠦ ᠨᠥᠯᠥᠭᠡ ᠶᠢ ᠠᠯᠢ ᠴᠢᠳᠠᠬᠤ ᠪᠠᠷ ᠪᠠᠭᠠᠰᠬᠠᠪᠠ᠃ ᠨᠠᠰᠤᠲᠠᠨ ᠢ
| - ᠠᠰᠠᠷᠠᠬᠤ ᠬᠦᠷᠢᠶᠡᠯᠡᠩ᠂ ᠨᠡᠶᠢᠭᠡᠮ ᠤᠨ ᠠᠰᠠᠷᠠᠮᠵᠢ ᠶᠢᠨ ᠬᠦᠷᠢᠶᠡᠯᠡᠩ ᠵᠡᠷᠭᠡ ᠣᠨᠴᠠᠭᠠᠶ ᠪᠠᠶᠢᠭᠤᠯᠤᠮᠵᠢ ᠠᠴᠠ
| - ᠭᠠᠳᠠᠨ᠎ᠠ᠂ ᠪᠥᠭᠡᠮ ᠬᠦᠴᠢᠯ ᠤᠨ ᠪᠢᠯᠢᠭ ᠴᠢᠨᠠᠷ ᠤᠨ ᠭᠡᠷᠡᠴᠢ ᠶᠢ ᠳᠠᠭᠢᠵᠤ ᠪᠠᠶᠢᠴᠠᠭᠠᠨ ᠰᠢᠯᠭᠠᠬᠤ ᠦᠭᠡᠢ᠂ ᠣᠷᠣᠨ
| - ᠪᠦᠰᠡ ᠠᠯᠤᠰᠯᠠᠨ ᠨᠠᠭᠠᠰᠢ ᠴᠠᠭᠠᠰᠢ ᠶᠠᠪᠤᠬᠤ ᠬᠥᠮᠥᠰ ᠲᠤ ᠳᠠᠭᠢᠵᠤ ᠬᠦᠷᠦᠭᠰᠡᠨ ᠭᠠᠵᠠᠷ ᠤᠨ ᠪᠠᠶᠢᠴᠠᠭᠠᠯᠲᠠ ᠬᠢᠬᠦ
| - ᠦᠭᠡᠢ᠂ ᠪᠠᠰᠠ ᠳᠠᠭᠢᠵᠤ ᠲᠦᠭᠰᠢᠭᠦᠷᠢᠲᠦ ᠭᠠᠵᠠᠷ ᠣᠷᠣᠨ ᠠᠴᠠ ᠢᠷᠡᠭᠰᠡᠨ ᠬᠥᠮᠥᠰ ᠲᠤ ᠣᠷᠣᠨ ᠪᠦᠰᠡ
| - ᠠᠯᠤᠰᠯᠠᠭᠰᠠᠨ ᠬᠠᠮᠵᠢᠯᠴᠠᠭᠰᠠᠨ ᠪᠠᠶᠢᠴᠠᠭᠠᠯᠲᠠ ᠬᠢᠬᠦ ᠦᠭᠡᠢ᠂ ᠥᠨᠳᠥᠷ ᠳᠡᠰ᠂ ᠳᠣᠣᠷ᠎ᠠ ᠳᠡᠰ ᠤᠨ ᠲᠦᠭᠰᠢᠭᠦᠷᠢᠲᠦ
| - ᠭᠠᠵᠠᠷ ᠣᠷᠣᠨ ᠢ ᠳᠠᠭᠢᠵᠤ ᠵᠠᠭᠠᠭᠯᠠᠨ ᠲᠣᠭᠲᠠᠭᠠᠬᠤ ᠦᠭᠡᠢ᠂ ᠪᠠᠰᠠ ᠥᠨᠳᠥᠷ ᠳᠡᠰ ᠤᠨ ᠲᠦᠭᠰᠢᠭᠦᠷᠢᠲᠦ ᠭᠠᠵᠠᠷ
| - ᠣᠷᠣᠨ ᠳᠤ ︽ᠭᠡᠷ ᠠᠴᠠ ᠪᠠᠨ ᠭᠠᠷᠬᠤ ᠦᠭᠡᠢ᠂ ᠭᠡᠷ ᠲᠤ ᠨᠢ ᠣᠴᠢᠵᠤ ᠦᠢᠯᠡᠴᠢᠯᠡᠬᠦ︾ ᠵᠡᠷᠭᠡ ᠲᠦᠭᠰᠢᠭᠦᠷᠢ ᠶᠢ
| - ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠬᠤ ᠦᠭᠡᠢ ᠪᠣᠯᠵᠠᠢ᠃
| - ᠳᠥᠷᠪᠡ ᠳᠤ᠂ ᠤᠯᠤᠰ ᠤᠨ ᠬᠢᠯᠢ ᠶᠢᠨ ᠡᠷᠡᠭᠦᠯ ᠬᠠᠮᠠᠭᠠᠯᠠᠯ ᠪᠠ ᠬᠢᠵᠢᠭ ᠤᠨ ᠪᠠᠶᠢᠴᠠᠭᠠᠯᠲᠠ ᠶᠢᠨ ᠲᠠᠯ᠎ᠠ ᠪᠠᠷ᠂
| - ︽ᠬᠥᠬᠡᠭᠴᠢᠨ ᠲᠥᠷᠥᠯ ᠳᠤ ᠬᠥᠬᠡᠭᠴᠢᠨ ᠬᠠᠮᠢᠶᠠᠷᠤᠯᠲᠠ︾ ᠶᠢ ᠬᠡᠷᠡᠭᠵᠢᠭᠦᠯᠦᠭᠰᠡᠨ ᠤ ᠳᠠᠷᠠᠭ᠎ᠠ᠂ ᠬᠢᠯᠢ ᠪᠠᠷ ᠣᠷᠣᠵᠤ
| - ᠢᠷᠡᠭᠰᠡᠳ ᠲᠤ ᠳᠠᠭᠢᠵᠤ ᠪᠢᠲᠡᠭᠦᠦ ᠴᠠᠭᠠᠷᠢᠭᠲᠤ ᠳᠠᠮᠵᠢᠭᠤᠯᠤᠨ ᠲᠡᠭᠡᠭᠡᠪᠦᠷᠢᠯᠡᠬᠦ᠂ ᠲᠥᠪᠯᠡᠷᠡᠭᠦᠯᠦᠨ ᠲᠤᠰᠠᠭᠠᠷᠯᠠᠬᠤ
| - ᠵᠡᠷᠭᠡ ᠠᠷᠭ᠎ᠠ ᠬᠡᠮᠵᠢᠶ᠎ᠡ ᠠᠪᠬᠤ ᠦᠭᠡᠢ᠃ ᠳᠤᠮᠳᠠᠳᠤ ᠤᠯᠤᠰ ᠲᠤ ᠢᠷᠡᠭᠰᠡᠳ ᠪᠣᠭᠤᠮᠲᠠ ᠶᠢᠨ ᠱᠠᠭᠠᠷᠳᠠᠯᠭ᠎ᠠ
| - ᠶᠣᠰᠣᠭᠠᠷ᠂ ᠡᠷᠡᠭᠦᠯ ᠮᠡᠨᠳᠦ ᠶᠢᠨ ᠲᠣᠳᠣᠷᠬᠠᠶᠢᠯᠠᠯᠲᠠ ᠶᠢᠨ ᠺᠠᠷᠲ ᠲᠠᠭᠯᠠᠵᠤ᠂ ᠬᠡᠪ ᠤᠨ ᠪᠠᠶᠢᠳᠠᠯ ᠢᠶᠠᠷ
| - ᠮᠡᠳᠡᠭᠦᠯᠦᠭᠰᠡᠨ ᠪᠥᠭᠡᠳ ᠪᠣᠭᠤᠮᠲᠠ ᠶᠢᠨ ᠡᠩ ᠤᠨ ᠬᠢᠵᠢᠭ ᠤᠨ ᠪᠠᠶᠢᠴᠠᠭᠠᠯᠲᠠ ᠳᠤ ᠬᠡᠪ ᠤᠨ ᠪᠤᠰᠤ ᠪᠠᠶᠢᠳᠠᠯ ᠦᠭᠡᠢ
| - ᠬᠥᠮᠥᠰ ᠰᠢᠭᠤᠳ ᠣᠷᠣᠵᠤ ᠢᠷᠡᠵᠦ ᠪᠣᠯᠣᠨ᠎ᠠ᠂ ᠬᠢᠯᠢ ᠪᠠᠷ ᠣᠷᠣᠵᠤ ᠢᠷᠡᠬᠦ ᠡᠳ᠋ ᠪᠣᠳᠠᠰ ᠲᠤ ᠳᠠᠭᠢᠵᠤ
| - ᠤᠷᠢᠳᠴᠢᠯᠠᠨ ᠰᠡᠷᠭᠡᠶᠢᠯᠡᠬᠦ ᠴᠢᠨᠠᠷᠲᠠᠢ ᠠᠷᠢᠭᠤᠳᠬᠠᠯ ᠬᠢᠬᠦ ᠦᠭᠡᠢ᠂ ᠭᠠᠳᠠᠭᠠᠳᠤ ᠠᠴᠠ ᠣᠷᠣᠭᠤᠯᠤᠭᠰᠠᠨ ᠬᠦᠢᠲᠡᠨ
| - ᠬᠡᠯᠬᠢᠶᠡᠲᠦ ᠢᠳᠡᠭᠡᠨ ᠳᠤ ᠴᠦ ᠳᠠᠭᠢᠵᠤ ᠰᠤᠭᠤᠴᠢᠨ ᠪᠠᠶᠢᠴᠠᠭᠠᠯᠲᠠ ᠬᠢᠬᠦ ᠦᠭᠡᠢ ᠪᠣᠯᠵᠠᠢ᠃
| - ᠬᠦᠨᠳᠦ ᠡᠪᠡᠳᠴᠢᠲᠡᠨ ᠢ ᠠᠪᠤᠷᠠᠨ ᠵᠠᠰᠠᠬᠤ ᠪᠣᠯ ᠣᠳᠣᠬᠠᠨ ᠤ ᠠᠵᠢᠯ ᠤᠨ ᠭᠤᠣᠯᠳᠠᠯᠭ᠎ᠠ ᠪᠣᠯᠣᠨ᠎ᠠ
| - ᠬᠦᠨᠳᠦ ᠡᠪᠡᠳᠴᠢᠲᠡᠨ ᠢ ᠠᠪᠤᠷᠠᠨ ᠵᠠᠰᠠᠬᠤ ᠪᠣᠯ ᠮᠠᠨ ᠤ ᠣᠳᠣᠬᠠᠨ ᠤ ᠠᠵᠢᠯ ᠤᠨ ᠭᠤᠣᠯᠳᠠᠯᠭ᠎ᠠ ᠪᠣᠯᠣᠨ᠎ᠠ᠃
| - ᠨᠢᠭᠡ ᠳᠤ᠂ ᠪᠥᠬᠦ ᠤᠯᠤᠰ ᠤᠨ ᠬᠦᠨᠳᠦ ᠡᠪᠡᠳᠴᠢᠨ ᠤ ᠡᠮᠴᠢᠯᠡᠭᠡᠨ ᠤ ᠡᠬᠢ ᠪᠠᠶᠠᠯᠢᠭ ᠢ ᠥᠷᠭᠡᠳᠬᠡᠨ᠎ᠡ᠃ ᠪᠥᠬᠦ
| - ᠤᠯᠤᠰ ᠤᠨ ᠭᠠᠵᠠᠷ ᠪᠤᠯᠠᠭᠠᠨ ᠳᠤ ᠱᠠᠭᠠᠷᠳᠠᠯᠭ᠎ᠠ ᠶᠣᠰᠣᠭᠠᠷ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ᠂ ᠴᠡᠭ
| - ᠲᠣᠭᠲᠠᠭᠠᠭᠰᠠᠨ ᠬᠤᠶᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢ ᠥᠷᠭᠡᠳᠬᠡᠬᠦ ᠪᠠ ᠥᠭᠡᠷᠡᠴᠢᠯᠡᠨ
| - ᠪᠠᠶᠢᠭᠤᠯᠬᠤ ᠶᠢᠨ ᠬᠠᠮᠲᠤ ᠬᠤᠶᠠᠳᠤᠭᠠᠷ ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠬᠦᠨᠳᠦ ᠡᠪᠡᠳᠴᠢᠲᠡᠨ ᠢ ᠡᠮᠨᠡᠨ
| - ᠵᠠᠰᠠᠬᠤ ᠡᠬᠢ ᠪᠠᠶᠠᠯᠢᠭ ᠢ ᠨᠡᠮᠡᠭᠳᠡᠭᠦᠯᠵᠦ᠂ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢᠨ ᠬᠦᠨᠳᠦ
| - ᠡᠪᠡᠳᠴᠢᠨ ᠤ ᠡᠮᠴᠢᠯᠡᠭᠡᠨ ᠤ ᠡᠬᠢ ᠪᠠᠶᠠᠯᠢᠭ ᠢ ᠭᠤᠣᠯᠳᠠᠯᠭ᠎ᠠ ᠲᠠᠢ ᠥᠷᠭᠡᠳᠬᠡᠨ᠎ᠡ᠂ ᠡᠭᠦᠨ ᠳᠤ ᠡᠪᠡᠳᠴᠢᠲᠡᠨ ᠤ
| - ᠣᠷᠣ᠂ ᠲᠥᠬᠦᠭᠡᠷᠦᠮᠵᠢ ᠵᠢᠴᠢ ᠠᠵᠢᠯᠲᠠᠨ ᠤ ᠪᠣᠯᠪᠠᠰᠤᠷᠠᠯ ᠢ ᠪᠠᠭᠲᠠᠭᠠᠨ᠎ᠠ᠃ ᠡᠳᠦᠷ ᠤᠨ ᠲᠣᠬᠢᠷᠠᠭᠤᠯᠤᠯᠲᠠ ᠶᠢᠨ
| - ᠳᠦᠷᠢᠮ ᠢ ᠪᠠᠶᠢᠭᠤᠯᠵᠤ᠂ ᠡᠯ᠎ᠡ ᠭᠠᠵᠠᠷ ᠤᠨ ᠡᠮᠴᠢᠯᠡᠭᠡᠨ ᠤ ᠡᠬᠢ ᠪᠠᠶᠠᠯᠢᠭ ᠤᠨ ᠪᠡᠯᠡᠳᠬᠡᠯ ᠪᠠ ᠬᠡᠷᠡᠭᠯᠡᠯᠲᠡ ᠶᠢᠨ
| - ᠪᠠᠶᠢᠳᠠᠯ ᠢ ᠴᠠᠭ ᠲᠤᠬᠠᠢ ᠳᠤ ᠨᠢ ᠲᠣᠬᠢᠷᠠᠭᠤᠯᠤᠨ᠎ᠠ᠃
| - ᠬᠤᠶᠠᠷ ᠲᠤ᠂ ᠪᠣᠭᠤᠮᠲᠠ ᠶᠢ ᠤᠷᠤᠭᠰᠢ ᠰᠢᠯᠵᠢᠭᠦᠯᠵᠦ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ
| - ᠬᠠᠮᠠᠭᠠᠯᠠᠯ ᠤᠨ ᠪᠠᠶᠢᠭᠤᠯᠤᠮᠵᠢ ᠪᠠᠷ ᠳᠠᠮᠵᠢᠭᠤᠯᠤᠨ ᠰᠠᠭᠤᠷᠢ ᠡᠪᠡᠳᠴᠢᠨ ᠲᠠᠢ ᠨᠠᠰᠤᠲᠠᠶᠢᠴᠤᠳ ᠢ ᠬᠠᠮᠢᠶᠠᠷᠴᠤ᠂
| - ᠲᠡᠳᠡᠨ ᠤ ᠡᠷᠡᠭᠦᠯ ᠮᠡᠨᠳᠦ ᠶᠢᠨ ᠲᠦᠭᠰᠢᠭᠦᠷᠢ ᠶᠢᠨ ᠲᠠᠰ ᠢ ᠦᠨᠳᠦᠰᠦᠯᠡᠨ ᠲᠠᠰ ᠬᠤᠪᠢᠶᠠᠨ ᠡᠷᠡᠭᠦᠯ ᠮᠡᠨᠳᠦ ᠶᠢᠨ
| - ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠡᠨᠡ ᠬᠦ ᠠᠵᠢᠯ ᠢ ᠦᠨᠳᠦᠰᠦᠨ ᠱᠠᠲᠤᠨ ᠤ ᠡᠮᠴᠢᠯᠡᠭᠡ ᠡᠷᠡᠭᠦᠯ
| - ᠬᠠᠮᠠᠭᠠᠯᠠᠯ ᠤᠨ ᠪᠠᠶᠢᠭᠤᠯᠤᠮᠵᠢ ᠴᠤ ᠶᠠᠪᠤᠭᠳᠠᠭᠤᠯᠵᠤ ᠪᠠᠶᠢᠨ᠎ᠠ᠃
| - ᠭᠤᠷᠪᠠ ᠳᠤ᠂ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢᠨ ᠬᠦᠨᠳᠦ ᠡᠪᠡᠳᠴᠢᠲᠡᠨ ᠢ ᠡᠮᠨᠡᠨ
| - ᠵᠠᠰᠠᠬᠤ ᠶᠢᠨ ᠦᠨᠳᠦᠰᠦᠨ ᠵᠦᠢᠯ ᠢ ᠪᠠᠲᠤᠯᠠᠬᠤ ᠦᠢᠯᠡᠳᠦᠯ ᠢ ᠪᠠᠳᠠᠷᠠᠭᠤᠯᠬᠤ ᠶᠢᠨ ᠬᠠᠮᠲᠤ ᠡᠮᠴᠢᠯᠡᠭᠡᠨ ᠤ
| - ᠪᠠᠶᠢᠭᠤᠯᠤᠮᠵᠢ ᠶᠢᠨ ᠲᠦᠷᠭᠡᠨ ᠡᠮᠴᠢᠯᠡᠭᠡᠨ ᠤ ᠭᠥᠯᠢᠶᠡᠨ ᠠᠪᠴᠤ ᠡᠮᠨᠡᠬᠦ ᠴᠢᠳᠠᠪᠤᠷᠢ ᠶᠢ ᠥᠷᠭᠡᠳᠬᠡᠵᠦ᠂ ᠡᠮᠨᠡᠯᠭᠡ ᠶᠢᠨ
| - ᠬᠤᠷᠢᠶ᠎ᠠ ᠶᠢᠨ ᠡᠪᠡᠳᠴᠢᠲᠡᠨ ᠤ ᠣᠷᠣ ᠢ ᠨᠡᠮᠡᠭᠳᠡᠭᠦᠯᠵᠦ᠂ ᠭᠥᠯᠢᠶᠡᠨ ᠠᠪᠴᠤ ᠡᠮᠨᠡᠬᠦ ᠴᠢᠳᠠᠪᠤᠷᠢ ᠶᠢ ᠥᠷᠭᠡᠳᠬᠡᠬᠦ
| - ᠬᠡᠷᠡᠭᠲᠡᠢ ᠭᠡᠵᠦ ᠱᠠᠭᠠᠷᠳᠠᠨ᠎ᠠ᠃ ᠡᠮᠨᠡᠯᠭᠡ ᠶᠢᠨ ᠬᠤᠷᠢᠶ᠎ᠠ ᠶᠢᠨ ᠲᠦᠷᠭᠡᠨ ᠡᠮᠨᠡᠬᠦ ᠪᠠ ᠡᠮᠨᠡᠯᠭᠡ ᠳᠤ ᠰᠠᠭᠤᠬᠤ
| - ᠡᠪᠡᠳᠴᠢᠲᠡᠨ ᠤ ᠦᠷᠦᠭᠡ ᠳᠤ ᠡᠮᠨᠡᠨ ᠵᠠᠰᠠᠬᠤ ᠶᠢᠨ ᠬᠤᠭᠤᠷᠣᠨᠳᠣᠬᠢ ᠨᠡᠪᠲᠡᠷᠡᠬᠦ ᠵᠠᠮ ᠢ ᠰᠠᠭᠠᠳ ᠦᠭᠡᠢ
| - ᠨᠠᠪᠲᠠᠷᠡᠭᠦᠯᠵᠦ᠂ ᠲᠦᠷᠭᠡᠨ ᠡᠮᠴᠢᠯᠡᠭᠡᠨ ᠶᠢᠨ ᠭᠠᠵᠠᠷ ᠲᠤ ᠦᠯᠡᠳᠡᠭᠡᠨ ᠠᠵᠢᠭᠯᠠᠵᠤ ᠪᠠᠶᠢᠭ᠎ᠠ ᠬᠦᠨᠳᠦ ᠡᠪᠡᠳᠴᠢᠲᠡᠨ ᠢ
| - 24 ᠴᠠᠭ ᠤᠨ ᠳᠣᠲᠣᠷ᠎ᠠ ᠲᠡᠭ ᠪᠣᠯᠭᠠᠬᠤ ᠶᠢ ᠪᠡᠶᠡᠯᠡᠭᠦᠯᠵᠦ᠂ ᠲᠦᠷᠭᠡᠨ ᠡᠮᠴᠢᠯᠡᠭᠡᠨ ᠤ ᠡᠬᠢ ᠪᠠᠶᠠᠯᠢᠭ ᠢ ᠨᠡᠩ
| - ᠲᠦᠷᠭᠡᠨ ᠢᠶᠠᠷ ᠡᠷᠭᠢᠯᠳᠦᠭᠦᠯᠵᠦ᠂ ᠨᠡᠩ ᠤᠯᠠᠨ ᠬᠦᠨᠳᠦ ᠡᠪᠡᠳᠴᠢᠲᠡᠨ ᠢ ᠡᠮᠨᠡᠨ ᠵᠠᠰᠠᠵᠤ᠂ ᠬᠦᠨᠳᠦ ᠡᠪᠡᠳᠴᠢᠲᠡᠨ ᠢ
| - ᠣᠨᠣᠰᠢᠯᠠᠨ ᠡᠮᠨᠡᠬᠦ ᠦᠢᠯᠡᠴᠢᠯᠡᠭᠡ ᠬᠠᠩᠭᠠᠵᠤ᠂ ᠬᠦᠨᠳᠦ ᠡᠪᠡᠳᠴᠢᠲᠡᠨ ᠢ ᠦᠯᠡᠳᠡᠭᠡᠪᠡᠰᠦ ᠵᠣᠬᠢᠬᠤ ᠶᠢ ᠨᠢ ᠪᠦᠬᠦᠨ ᠢ
| - ᠦᠯᠡᠳᠡᠭᠡᠵᠦ᠂ ᠵᠠᠰᠠᠪᠠᠰᠤ ᠵᠣᠬᠢᠬᠤ ᠶᠢ ᠨᠢ ᠪᠦᠬᠦᠨ ᠢ ᠡᠮᠨᠡᠨ ᠵᠠᠰᠠᠬᠤ ᠶᠢ ᠬᠠᠮᠤᠭ ᠤᠨ ᠶᠡᠭᠡ ᠬᠡᠮᠵᠢᠶ᠎ᠡ ᠪᠠᠷ
| - ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃ ᠡᠭᠦᠨ ᠤ ᠬᠠᠮᠲᠤ᠂ ᠡᠮᠴᠢᠯᠡᠭᠡᠨ ᠤ ᠪᠠᠶᠢᠭᠤᠯᠤᠮᠵᠢ ᠶᠢᠨ ᠬᠦᠨᠳᠦ
| - ᠡᠪᠡᠳᠴᠢᠲᠡᠨ ᠢ ᠠᠪᠤᠷᠠᠨ ᠵᠠᠰᠠᠬᠤ ᠳᠤ ᠪᠠᠴᠢᠮ ᠲᠦᠭᠰᠢᠭᠦᠷᠢᠲᠡᠢ ᠬᠦᠨᠳᠦ ᠡᠪᠡᠳᠴᠢᠲᠡᠨ ᠢ ᠲᠦᠷᠭᠡᠨ ᠠᠪᠤᠷᠠᠬᠤ
| - ᠳᠦᠷᠢᠮ᠂ ᠬᠦᠴᠢᠷ ᠲᠦᠪᠡᠭᠲᠡᠢ ᠡᠪᠡᠳᠴᠢᠨ ᠤ ᠵᠢᠱᠢᠶ᠎ᠡ ᠶᠢ ᠬᠠᠮᠲᠤᠷᠠᠨ ᠣᠨᠣᠰᠢᠯᠠᠬᠤ ᠪᠠ ᠶᠠᠷᠢᠯᠴᠠᠬᠤ ᠳᠦᠷᠢᠮ᠂
| - ᠪᠦᠬᠦᠯᠢ ᠴᠣᠭᠴᠠ ᠶᠢᠨ ᠰᠤᠪᠢᠯᠠᠯᠲᠠ ᠶᠢᠨ ᠳᠦᠷᠢᠮ ᠵᠡᠷᠭᠡ ᠶᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃
| - ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠡᠪᠡᠳᠴᠢᠲᠡᠨ ᠳᠤ᠂ ᠢᠵᠢᠯᠰᠢᠭᠦᠯᠬᠦ ᠪᠠ ᠵᠢᠷᠤᠮᠵᠢᠭᠤᠯᠤᠨ
| - ᠡᠮᠨᠡᠨ ᠵᠠᠰᠠᠵᠤ᠂ ᠣᠯᠠᠨ ᠰᠢᠨᠵᠢᠯᠡᠭᠡᠨ ᠤ ᠰᠠᠯᠠᠭ᠎ᠠ ᠠᠴᠠ ᠰᠠᠭᠤᠷᠢ ᠡᠪᠡᠳᠴᠢᠨ ᠡᠮᠭᠡᠭ ᠢ ᠣᠨᠣᠰᠢᠯᠠᠨ ᠡᠮᠨᠡᠬᠦ
| - ᠦᠢᠯᠡᠴᠢᠯᠡᠭᠡ ᠶᠢ ᠬᠠᠮᠲᠤ ᠪᠠᠷ ᠬᠠᠩᠭᠠᠬᠤ ᠬᠡᠷᠡᠭᠲᠡᠢ᠃ ᠡᠭᠦᠨ ᠠᠴᠠ ᠭᠠᠳᠠᠨ᠎ᠠ᠂ 120 ᠶᠢᠨ ᠬᠠᠩᠭᠠᠯᠭ᠎ᠠ ᠬᠡᠷᠡᠭᠴᠡᠭᠡ
| - ᠪᠠᠴᠢᠮ ᠪᠠᠶᠢᠬᠤ ᠠᠰᠠᠭᠤᠳᠠᠯ ᠤᠨ ᠲᠠᠯ᠎ᠠ ᠪᠠᠷ᠂ ᠡᠯ᠎ᠡ ᠭᠠᠵᠠᠷ ᠤᠨ ᠬᠢᠨ ᠢ ᠵᠢᠯᠣᠭᠤᠳᠤᠨ ᠨᠢᠭᠡ ᠲᠠᠯ᠎ᠠ ᠪᠠᠷ 120
| - ᠲᠦᠷᠭᠡᠨ ᠠᠪᠤᠷᠠᠯᠳᠠ ᠶᠢᠨ ᠤᠲᠠᠰᠤ ᠲᠣᠰᠬᠤ ᠴᠢᠳᠠᠪᠤᠷᠢ ᠶᠢ ᠥᠷᠭᠡᠳᠬᠡᠵᠦ᠂ ᠨᠥᠭᠦᠭᠡ ᠲᠠᠯ᠎ᠠ ᠪᠠᠷ 120 ᠲᠦᠷᠭᠡᠨ
| - ᠠᠪᠤᠷᠠᠯᠳᠠ ᠶᠢᠨ ᠲᠡᠷᠭᠡ ᠬᠥᠰᠬᠡ ᠶᠢᠨ ᠴᠤᠤᠷᠢᠶᠠᠲᠤᠨ ᠳᠠᠭᠠᠬᠤ ᠨᠣᠷᠮ᠎ᠠ ᠶᠢ ᠳᠡᠭᠡᠭᠰᠢᠯᠡᠭᠦᠯᠬᠦ ᠬᠡᠷᠡᠭᠲᠡᠢ᠃ ᠣᠯᠠᠨ
| - ᠠᠷᠭ᠎ᠠ ᠵᠠᠮ ᠢ ᠠᠰᠢᠭᠯᠠᠨ ᠲᠦᠷᠭᠡᠨ ᠠᠪᠤᠷᠠᠯᠲᠠ ᠶᠢᠨ ᠪᠤᠰᠤ ᠳᠠᠮᠵᠢᠭᠤᠯᠤᠨ ᠲᠡᠭᠡᠭᠡᠪᠦᠷᠢᠯᠡᠬᠦ ᠬᠡᠷᠡᠭᠴᠡᠭᠡ ᠶᠢ
| - ᠰᠢᠢᠳᠪᠦᠷᠢᠯᠡᠵᠦ᠂ 120 ᠲᠦᠷᠭᠡᠨ ᠠᠪᠤᠷᠠᠯᠲᠠ ᠶᠢᠨ ᠲᠡᠷᠭᠡ ᠶᠢ ᠭᠤᠣᠯᠳᠠᠭᠤ ᠪᠠᠴᠢᠮ ᠲᠦᠭᠰᠢᠭᠦᠷᠢᠲᠡᠢ ᠬᠦᠨᠳᠦ
| - ᠡᠪᠡᠳᠴᠢᠲᠡᠨ ᠢ ᠰᠢᠯᠵᠢᠭᠦᠯᠦᠨ ᠲᠡᠭᠡᠭᠡᠪᠦᠷᠢᠯᠡᠬᠦ ᠳᠤ ᠬᠡᠷᠡᠭᠯᠡᠬᠦ ᠶᠢ ᠪᠠᠲᠤᠯᠠᠬᠤ ᠬᠡᠷᠡᠭᠲᠡᠢ᠃
| - ᠳᠥᠷᠪᠡ ᠳᠤ᠂ ᠨᠠᠰᠤᠲᠠᠶᠢᠴᠤᠳ ᠲᠤ ᠸᠠᠺᠼᠢᠨ ᠤ ᠲᠠᠷᠢᠯᠭ᠎ᠠ ᠬᠢᠬᠦ ᠶᠢ ᠴᠢᠩᠭᠠᠳᠬᠠᠵᠤ᠂ ᠬᠦᠨᠳᠦ ᠡᠪᠡᠳᠴᠢᠨ
| - ᠪᠠ ᠡᠪᠡᠳᠴᠢᠨ ᠢᠶᠠᠷ ᠦᠬᠦᠬᠦ ᠶᠢ ᠰᠡᠷᠭᠡᠶᠢᠯᠡᠬᠦ ᠪᠠ ᠪᠠᠭᠠᠰᠬᠠᠬᠤ ᠶᠢ ᠴᠢᠩᠭ᠎ᠠ ᠰᠠᠨᠠᠭᠤᠯᠬᠤ ᠪᠤᠶᠤ ᠤᠷᠢᠶᠠᠯᠠᠨ᠎ᠠ᠃
| - ᠪᠥᠬᠦ ᠤᠯᠤᠰ ᠤᠨ ᠡᠪᠡᠳᠴᠢᠲᠡᠨ ᠤ ᠣᠷᠣ ᠶᠢᠨ ᠡᠬᠢ ᠪᠠᠶᠠᠯᠢᠭ ᠪᠠ ᠲᠥᠬᠦᠭᠡᠷᠦᠮᠵᠢ ᠶᠢᠨ ᠡᠬᠢ ᠪᠠᠶᠠᠯᠢᠭ ᠨᠢ
| - ᠬᠦᠨᠳᠦ ᠡᠪᠡᠳᠴᠢᠲᠡᠨ ᠢ ᠠᠪᠤᠷᠠᠨ ᠵᠠᠰᠠᠬᠤ ᠬᠡᠷᠡᠭᠴᠡᠭᠡ ᠶᠢ ᠬᠠᠩᠭᠠᠵᠤ ᠴᠢᠳᠠᠨ᠎ᠠ
| - ᠡᠪᠡᠳᠴᠢᠲᠡᠨ ᠤ ᠣᠷᠣ ᠶᠢᠨ ᠡᠬᠢ ᠪᠠᠶᠠᠯᠢᠭ ᠤᠨ ᠲᠠᠯ᠎ᠠ ᠪᠠᠷ᠂ ᠪᠥᠬᠦ ᠤᠯᠤᠰ ᠤᠨ ᠬᠤᠶᠠᠳᠤᠭᠠᠷ ᠳᠡᠰ ᠠᠴᠠ
| - ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠶᠢᠨ ᠡᠪᠡᠳᠴᠢᠲᠡᠨ ᠤ ᠣᠷᠣ ᠶᠢᠨ ᠶᠡᠷᠦᠩᠬᠡᠢ ᠲᠤᠭ᠎ᠠ ᠨᠢ 561.6 ᠲᠦᠮᠡ
| - ᠪᠠᠶᠢᠵᠤ᠂ ᠣᠶᠢᠷ᠎ᠠ ᠶᠢᠨ ᠬᠤᠭᠤᠴᠠᠭᠠᠨ ᠳᠤ ᠡᠪᠡᠳᠴᠢᠲᠡᠨ ᠤ ᠣᠷᠣ ᠶᠢᠨ ᠬᠡᠷᠡᠭᠯᠡᠯᠲᠡ ᠶᠢᠨ ᠨᠣᠷᠮ᠎ᠠ ᠨᠢ ᠴᠥᠮ
| - 60% ᠣᠷᠴᠢᠮ ᠳᠤ ᠬᠡᠯᠪᠡᠯᠵᠡᠵᠦ ᠪᠠᠶᠢᠨ᠎ᠠ᠃ 12 ᠳ᠋ᠤᠭᠠᠷ ᠰᠠᠷ᠎ᠠ ᠶᠢᠨ 25 ᠤ ᠡᠳᠦᠷ ᠪᠣᠯᠲᠠᠯ᠎ᠠ᠂ ᠪᠥᠬᠦ
| - ᠤᠯᠤᠰ ᠤᠨ ᠬᠦᠨᠳᠦ ᠡᠪᠡᠳᠴᠢᠨ ᠤ ᠠᠨᠠᠭᠠᠬᠤ ᠤᠬᠠᠭᠠᠨ ᠤ ᠡᠪᠡᠳᠴᠢᠲᠡᠨ ᠤ ᠣᠷᠣ ᠶᠢᠨ ᠪᠥᠬᠦ ᠲᠤᠭ᠎ᠠ ᠨᠢ 18.1
| - ᠲᠦᠮᠡ ᠪᠠᠶᠢᠵᠤ᠂ ᠥᠭᠡᠷ᠎ᠡ ᠪᠠᠷ ᠬᠡᠯᠡᠪᠡᠯ 10 ᠲᠦᠮᠡᠨ ᠬᠥᠮᠥᠨ ᠳᠤ 12.8 ᠡᠪᠡᠳᠴᠢᠲᠡᠨ ᠤ ᠣᠷᠣ ᠪᠣᠶ᠃
| - ᠡᠭᠦᠨ ᠳᠤ ᠭᠤᠷᠪᠠᠳᠤᠭᠠᠷ ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠬᠦᠨᠳᠦ ᠡᠪᠡᠳᠴᠢᠨ ᠤ ᠠᠨᠠᠭᠠᠬᠤ
| - ᠤᠬᠠᠭᠠᠨ ᠤ ᠡᠪᠡᠳᠴᠢᠲᠡᠨ ᠤ ᠣᠷᠣ ᠶᠢᠨ ᠲᠤᠭ᠎ᠠ ᠨᠢ 13.34 ᠲᠦᠮᠡ ᠪᠠᠶᠢᠵᠤ᠂ ICU ᠲᠡᠶᠢᠰᠢ ᠰᠢᠯᠵᠢᠭᠦᠯᠵᠦ
| - ᠪᠣᠯᠬᠤ ᠡᠪᠡᠳᠴᠢᠲᠡᠨ ᠤ ᠣᠷᠣ ᠶᠢᠨ ᠲᠤᠭ᠎ᠠ ᠨᠢ 10.48 ᠲᠦᠮᠡ ᠪᠣᠶ᠃ ᠡᠭᠦᠨ ᠤ ᠳᠣᠲᠣᠷ᠎ᠠ ᠭᠤᠷᠪᠠᠳᠤᠭᠠᠷ
| - ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠬᠦᠨᠳᠦ ᠡᠪᠡᠳᠴᠢᠨ ᠤ ᠠᠨᠠᠭᠠᠬᠤ ᠤᠬᠠᠭᠠᠨ ᠤ ᠡᠪᠡᠳᠴᠢᠲᠡᠨ ᠤ
| - ᠣᠷᠣ ᠶᠢᠨ ᠲᠤᠭ᠎ᠠ ᠨᠢ 13.34 ᠲᠦᠮᠡ ᠪᠠᠶᠢᠵᠤ᠂ ICU ᠲᠡᠶᠢᠰᠢ ᠰᠢᠯᠵᠢᠭᠦᠯᠵᠦ ᠪᠣᠯᠬᠤ ᠡᠪᠡᠳᠴᠢᠲᠡᠨ ᠤ
| - ᠣᠷᠣ ᠶᠢᠨ ᠲᠤᠭ᠎ᠠ ᠨᠢ 10.48 ᠲᠦᠮᠡ ᠪᠣᠶ᠃ ᠬᠤᠶᠠᠳᠤᠭᠠᠷ ᠳᠡᠰ ᠠᠴᠠ ᠳᠡᠭᠡᠭᠰᠢᠬᠢ ᠡᠮᠴᠢᠯᠡᠭᠡᠨ ᠤ
| - ᠪᠠᠶᠢᠭᠤᠯᠤᠮᠵᠢ ᠶᠢᠨ ᠬᠦᠨᠳᠦ ᠡᠪᠡᠳᠴᠢᠲᠡᠨ ᠤ ᠣᠷᠣ ᠶᠢᠨ ᠬᠡᠷᠡᠭᠯᠡᠬᠦ ᠨᠣᠷᠮ᠎ᠠ ᠨᠢ ᠳᠤᠮᠳᠠᠴᠢ ᠪᠠᠷ 50%
| - ᠣᠷᠴᠢᠮ ᠳᠤ ᠬᠡᠯᠪᠡᠯᠵᠡᠦ ᠪᠤᠢ᠃ ᠪᠥᠬᠦ ᠤᠯᠤᠰ ᠤᠨ ᠬᠦᠨᠳᠦ ᠡᠪᠡᠳᠴᠢᠲᠡᠨ ᠤ ᠣᠷᠣ ᠶᠢᠨ ᠡᠬᠢ ᠪᠠᠶᠠᠯᠢᠭ
| - ᠶᠡᠷᠦᠩᠬᠡᠢ ᠳᠤ ᠪᠠᠨ ᠭᠦᠢᠴᠡᠳ ᠪᠠᠶᠢᠨ᠎ᠠ᠃
| - ᠬᠦᠨᠳᠦ ᠡᠪᠡᠳᠴᠢᠲᠡᠨ ᠢ ᠠᠪᠤᠷᠠᠨ ᠵᠠᠰᠠᠬᠤ ᠲᠥᠬᠦᠭᠡᠷᠦᠮᠵᠢ ᠶᠢᠨ ᠲᠠᠯ᠎ᠠ ᠪᠠᠷ᠂ 12 ᠳ᠋ᠤᠭᠠᠷ ᠰᠠᠷ᠎ᠠ ᠶᠢᠨ 25 ᠤ
| - ᠡᠳᠦᠷ ᠪᠣᠯᠲᠠᠯ᠎ᠠ᠂ ᠴᠢᠰᠤ ᠨᠡᠪᠴᠢᠭᠦᠯᠦᠨ ᠢᠯᠭᠠᠷᠠᠭᠤᠯᠬᠤ ᠨᠢᠭᠡᠴᠢ 16.7 ᠲᠦᠮᠡ ᠪᠠᠶᠢᠵᠤ᠂ ᠣᠷᠣ ᠶᠢᠨ
| - ᠳᠡᠷᠭᠡᠳᠡᠬᠢ ᠴᠢᠰᠤ ᠢᠯᠭᠠᠷᠠᠭᠤᠯᠬᠤ ᠮᠠᠰᠢᠨ᠂ ᠥᠭᠡᠷ᠎ᠡ ᠪᠠᠷ ᠬᠡᠯᠡᠪᠡᠯ CRRT ᠮᠠᠰᠢᠨ 2.4 ᠲᠦᠮᠡ ᠪᠠᠶᠢᠵᠤ᠂
| - ᠪᠡᠶ᠎ᠡ ᠶᠢᠨ ᠭᠠᠳᠠᠷ ᠪᠦᠷᠬᠦᠭᠦᠯᠲᠦ ᠠᠭᠤᠰᠬᠢᠨ ᠤ ᠬᠦᠴᠢᠯᠲᠥ᠋ᠷᠥᠭᠴᠢ ᠶᠢᠨ ᠨᠡᠶᠢᠯᠡᠮᠡᠯ ᠮᠠᠰᠢᠨ᠂ ᠳᠠᠷᠤᠢ ᠣᠯᠠᠨ ᠤ
| - ᠮᠡᠳᠡᠵᠦ ᠪᠠᠶᠢᠭ᠎ᠠ ECMO ᠮᠠᠰᠢᠨ 2600 ᠭᠠᠷᠤᠢ᠂ ᠰᠢᠷᠬᠠᠯᠠᠭ᠎ᠠ ᠶᠢᠨ ᠠᠮᠢᠰᠬᠤᠯ ᠤᠨ ᠮᠠᠰᠢᠨ 13.1 ᠲᠦᠮᠡ
| - ᠂ ᠰᠢᠷᠬᠠᠯᠠᠭ᠎ᠠ ᠦᠭᠡᠢ ᠠᠮᠢᠰᠬᠤᠯ ᠤᠨ ᠮᠠᠰᠢᠨ 15.7 ᠲᠦᠮᠡ᠂ ᠬᠢᠨᠠᠨ ᠬᠠᠮᠠᠭᠠᠯᠠᠬᠤ ᠪᠠᠭᠠᠵᠢ 109 ᠲᠦᠮᠡ᠂
| - ᠥᠨᠳᠥᠷ ᠤᠷᠤᠰᠬᠠᠯᠲᠤ ᠬᠦᠴᠢᠯᠲᠥ᠋ᠷᠥᠭᠴᠢ ᠰᠣᠷᠣᠬᠤ ᠪᠠᠭᠠᠵᠢ 5.8 ᠲᠦᠮᠡ ᠪᠠᠶᠢᠨ᠎ᠠ᠃
| - ᠣᠳᠣᠬᠠᠨ ᠤ ᠪᠠᠶᠢᠳᠠᠯ ᠠᠴᠠ ᠦᠵᠡᠪᠡᠯ᠂ ᠪᠦᠬᠦ ᠤᠯᠤᠰ ᠤᠨ ᠡᠪᠡᠳᠴᠢᠲᠡᠨ ᠤ ᠣᠷᠣ ᠶᠢᠨ ᠶᠡᠷᠦᠩᠬᠡᠢ ᠡᠬᠢ ᠪᠠᠶᠠᠯᠢᠭ
| - ᠪᠣᠯᠣᠨ ᠲᠥᠬᠦᠭᠡᠷᠦᠮᠵᠢ ᠶᠢᠨ ᠡᠬᠢ ᠪᠠᠶᠠᠯᠢᠭ ᠨᠢ ᠬᠦᠨᠳᠦ ᠡᠪᠡᠳᠴᠢᠲᠡᠨ ᠢ ᠠᠪᠤᠷᠠᠨ ᠵᠠᠰᠠᠬᠤ ᠬᠡᠷᠡᠭᠴᠡᠭᠡ ᠶᠢ
| - ᠬᠠᠩᠭᠠᠵᠤ ᠴᠢᠳᠠᠨ᠎ᠠ᠃ ᠪᠢᠳᠡ ᠪᠠᠰᠠ ᠬᠢᠵᠢᠭ ᠤᠨ ᠪᠠᠶᠢᠳᠠᠯ ᠤᠨ ᠬᠥᠭᠵᠢᠯᠲᠡ ᠶᠢᠨ ᠪᠠᠶᠢᠳᠠᠯ ᠢ ᠦᠨᠳᠦᠰᠦᠯᠡᠨ ᠬᠢᠨᠠᠨ
| - ᠰᠢᠨᠵᠢᠯᠡᠯᠲᠡ ᠪᠠᠨ ᠦᠷᠭᠦᠯᠵᠢᠯᠡᠨ ᠴᠢᠩᠭᠠᠷᠠᠭᠤᠯᠬᠤ ᠶᠢᠨ ᠬᠠᠮᠲᠤ ᠤᠯᠤᠰ ᠤᠨ ᠣᠷᠣᠨ ᠪᠦᠰᠡ ᠶᠢᠨ
| - ᠬᠤᠭᠤᠷᠣᠨᠳᠤ ᠪᠠᠨ ᠣᠷᠣᠨ ᠪᠦᠰᠡ ᠶᠢᠨ ᠬᠠᠮᠵᠢᠯᠴᠠᠨ ᠲᠤᠰᠠᠯᠠᠬᠤ ᠳᠦᠷᠢᠮ ᠢ ᠪᠠᠶᠢᠭᠤᠯᠵᠤ᠂ ᠣᠷᠣᠨ ᠨᠤᠲᠤᠭ
| - ᠨᠢᠭᠡᠪᠦᠷᠢ ᠶᠢᠨ ᠬᠢᠵᠢᠭ ᠤᠨ ᠪᠠᠶᠢᠳᠠᠯ ᠤᠨ ᠬᠥᠭᠵᠢᠯᠲᠡ ᠶᠢᠨ ᠠᠳᠠᠯᠢ ᠪᠤᠰᠤ ᠱᠠᠲᠤᠨ ᠤ ᠬᠡᠷᠡᠭᠴᠡᠭᠡ ᠶᠢ ᠦᠨᠳᠦᠰᠦᠯᠡᠨ
| - ᠂ ᠪᠦᠬᠦ ᠤᠯᠤᠰ ᠤᠨ ᠬᠦᠨᠳᠦ ᠡᠪᠡᠳᠴᠢᠲᠡᠨ ᠤ ᠡᠬᠢ ᠪᠠᠶᠠᠯᠢᠭ ᠢ ᠴᠠᠭ ᠲᠤᠬᠠᠢ ᠳᠤ ᠨᠢ ᠨᠢᠭᠡᠳᠦᠯᠲᠡᠢ ᠲᠥᠯᠥᠪᠯᠡᠨ
| - ᠲᠣᠬᠢᠷᠠᠭᠤᠯᠵᠤ᠂ ᠬᠦᠨᠳᠦ ᠡᠪᠡᠳᠴᠢᠲᠡᠨ ᠢ ᠡᠮᠨᠡᠨ ᠵᠠᠰᠠᠬᠤ ᠠᠵᠢᠯ ᠢ ᠴᠢᠩᠭᠠᠳᠬᠠᠬᠤ ᠶᠢ ᠱᠠᠭᠠᠷᠳᠠᠵᠤ ᠪᠠᠶᠢᠨ᠎ᠠ᠃
| - ︽ᠬᠥᠬᠡᠭᠴᠢᠨ ᠲᠥᠷᠥᠯ ᠳᠤ ᠬᠥᠬᠡᠭᠴᠢᠨ ᠬᠠᠮᠢᠶᠠᠷᠤᠯᠲᠠ︾ ᠶᠢ ᠬᠡᠷᠡᠭᠵᠢᠭᠦᠯᠦᠭᠰᠡᠨ ᠤ ᠳᠠᠷᠠᠭ᠎ᠠ᠂ ᠬᠢᠨᠠᠨ
| - ᠰᠢᠨᠵᠢᠯᠡᠬᠦ᠂ ᠮᠡᠳᠡᠭᠦᠯᠬᠦ ᠵᠢᠴᠢ ᠭᠠᠳᠠᠭᠰᠢ ᠨᠡᠶᠢᠲᠡᠯᠡᠬᠦ ᠳᠤ ᠬᠡᠷᠬᠢᠨ ᠲᠣᠬᠢᠷᠠᠭᠤᠯᠤᠯᠲᠠ ᠬᠢᠬᠦ ᠪᠣᠶ︖
| - ᠨᠢᠭᠡ ᠳᠤ᠂ ᠨᠡᠶᠢᠲᠡᠯᠡᠬᠦ ᠠᠭᠤᠯᠭ᠎ᠠ ᠳᠤ ᠲᠣᠬᠢᠷᠠᠭᠤᠯᠤᠯᠲᠠ ᠬᠢᠨ᠎ᠡ᠂ ᠣᠲᠣ ᠪᠠᠶᠢᠭ᠎ᠠ ᠡᠮᠨᠡᠯᠭᠡ ᠳᠤ ᠰᠠᠭᠤᠭᠰᠠᠨ
| - ᠡᠪᠡᠳᠴᠢᠨ ᠤ ᠵᠢᠱᠢᠶ᠎ᠡ ᠶᠢᠨ ᠲᠤᠭ᠎ᠠ᠂ ᠣᠲᠣ ᠪᠠᠶᠢᠭ᠎ᠠ ᠬᠦᠨᠳᠦ ᠡᠪᠡᠳᠴᠢᠲᠡᠨ ᠢ ᠨᠡᠶᠢᠲᠡᠯᠡᠨ᠎ᠡ᠂ ᠡᠭᠦᠨ ᠳᠤ
| - ᠲᠦᠭᠰᠢᠭᠦᠷᠢᠲᠡᠢ ᠬᠦᠨᠳᠦ ᠡᠪᠡᠳᠴᠢᠲᠡᠨ ᠵᠢᠴᠢ ᠦᠬᠦᠭᠰᠡᠨ ᠨᠡᠶᠢᠲᠡ ᠡᠪᠡᠳᠴᠢᠨ ᠤ ᠵᠢᠱᠢᠶ᠎ᠡ ᠶᠢᠨ ᠲᠤᠭ᠎ᠠ ᠪᠠᠭᠲᠠᠨ᠎ᠠ᠃
| - ᠥᠩᠭᠡᠷᠡᠭᠰᠡᠨ ᠤ ᠨᠢᠭᠲᠠ ᠣᠶᠢᠷᠠᠲᠤᠭᠰᠠᠳ ᠤᠨ ᠮᠡᠳᠡᠭᠦᠯᠦᠯᠲᠡ ᠶᠢᠨ ᠪᠠᠶᠢᠳᠠᠯ ᠢ ᠬᠠᠰᠤᠨ᠎ᠠ᠃ ᠲᠤᠬᠠᠢ ᠶᠢᠨ
| - ᠭᠠᠵᠠᠷ ᠤᠨ ᠡᠪᠡᠳᠴᠢᠨ ᠤ ᠵᠢᠱᠢᠶ᠎ᠡ ᠪᠠ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠵᠢᠱᠢᠶ᠎ᠡ ᠭᠡᠵᠦ
| | - ᠬᠤᠶᠠᠷ ᠲᠤ᠂ ᠨᠡᠶᠢᠲᠡᠯᠡᠬᠦ ᠤᠳᠠᠭ᠎ᠠ ᠳᠤ ᠲᠣᠬᠢᠷᠠᠭᠤᠯᠤᠯᠲᠠ ᠬᠢᠨ᠎ᠡ᠂ ᠪᠢᠳᠡ ᠬᠢᠵᠢᠭ ᠤᠨ ᠪᠠᠶᠢᠳᠠᠯ ᠢ
| - ᠦᠨᠳᠦᠰᠦᠯᠡᠨ ᠬᠥᠳᠡᠯᠦᠩᠭᠦᠢ ᠪᠠᠷ ᠲᠣᠬᠢᠷᠠᠭᠤᠯᠤᠯᠲᠠ ᠬᠢᠵᠦ᠂ ᠡᠴᠦᠰ ᠲᠤ ᠪᠠᠨ ᠬᠥᠬᠡᠭᠴᠢᠨ ᠲᠥᠷᠥᠯ ᠤᠨ
| - ᠬᠠᠯᠳᠠᠪᠤᠷᠢᠲᠤ ᠡᠪᠡᠳᠴᠢᠨ ᠢ ᠰᠠᠷ᠎ᠠ ᠪᠦᠷᠢ ᠨᠢᠭᠡ ᠤᠳᠠᠭ᠎ᠠ ᠨᠡᠶᠢᠲᠡᠯᠡᠬᠦ ᠪᠠᠶᠢᠳᠠᠯ ᠳᠤ ᠪᠤᠴᠠᠨ᠎ᠠ᠃
| - ᠭᠤᠷᠪᠠ ᠳᠤ᠂ ᠨᠡᠶᠢᠲᠡᠯᠡᠬᠦ ᠲᠠᠪᠴᠠᠩ ᠢ ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ
| - ᠲᠥᠪ ᠠᠴᠠ ᠲᠥᠪ ᠤᠨ ᠰᠦᠯᠵᠢᠶᠡᠨ ᠳᠡᠭᠡᠷ᠎ᠡ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠨ᠎ᠡ᠃ ᠬᠢᠨᠠᠨ ᠰᠢᠨᠵᠢᠯᠡᠬᠦ
| - ᠠᠭᠤᠯᠭ᠎ᠠ ᠶᠢᠨ ᠲᠠᠯ᠎ᠠ ᠪᠠᠷ᠂ ᠬᠠᠯᠳᠠᠪᠤᠷᠢᠲᠤ ᠡᠪᠡᠳᠴᠢᠨ ᠤ ᠰᠦᠯᠵᠢᠶ᠎ᠡ ᠪᠠᠷ ᠡᠪᠡᠳᠴᠢᠨ ᠤ ᠵᠢᠱᠢᠶ᠎ᠡ ᠶᠢᠨ
| - ᠮᠡᠳᠡᠭᠦᠯᠦᠯᠲᠡ ᠶᠢ ᠰᠢᠭᠤᠳ ᠮᠡᠳᠡᠭᠦᠯᠬᠦ ᠪᠠᠷ ᠭᠤᠣᠯ ᠪᠣᠯᠭᠠᠵᠤ᠂ ᠡᠪᠡᠳᠴᠢᠨ ᠤ ᠵᠢᠱᠢᠶ᠎ᠡ ᠶᠢᠨ ᠮᠡᠳᠡᠭᠦᠯᠦᠯᠲᠡ᠂
| - ᠪᠥᠭᠡᠮ ᠬᠦᠴᠢᠯ ᠪᠠ ᠠᠨᠲ᠋ᠢᠭ᠍ᠸᠡ ᠤ ᠪᠠᠶᠢᠴᠠᠭᠠᠨ ᠰᠢᠨᠵᠢᠯᠡᠯᠲᠡ᠂ ᠠᠵᠢᠭᠯᠠᠬᠤ ᠴᠡᠭ ᠤᠨ ᠡᠮᠨᠡᠯᠭᠡ ᠶᠢᠨ ᠬᠤᠷᠢᠶᠠᠨ ᠤ
| - ᠬᠢᠨᠠᠨ ᠰᠢᠨᠵᠢᠯᠡᠯᠲᠡ ᠵᠢᠴᠢ ᠭᠤᠣᠯᠳᠠᠯᠭ᠎ᠠ ᠲᠠᠢ ᠬᠥᠮᠥᠰ᠂ ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠬᠢᠨᠠᠨ
| - ᠰᠢᠨᠵᠢᠯᠡᠯᠲᠡ᠂ ᠣᠨᠴᠠᠭᠠᠶᠢᠯᠠᠨ ᠸᠢᠷᠦ᠋ᠰ ᠤᠨ ᠣᠨᠳᠣᠣᠰᠢᠯ ᠤᠨ ᠪᠠᠶᠢᠳᠠᠯ ᠵᠡᠷᠭᠡ ᠳᠤ ᠶᠡᠷᠦᠩᠬᠡᠶᠢᠯᠡᠭᠰᠡᠨ ᠬᠢᠨᠠᠨ
| - ᠰᠢᠨᠵᠢᠯᠡᠯᠲᠡ ᠬᠢᠬᠦ ᠪᠣᠯᠭᠠᠨ ᠲᠣᠬᠢᠷᠠᠭᠤᠯᠪᠠ᠃
| - ︽ᠬᠥᠬᠡᠭᠴᠢᠨ ᠲᠥᠷᠥᠯ ᠳᠤ ᠬᠥᠬᠡᠭᠴᠢᠨ ᠬᠠᠮᠢᠶᠠᠷᠤᠯᠲᠠ︾ ᠶᠢ ᠬᠡᠷᠡᠭᠵᠢᠭᠦᠯᠦᠭᠰᠡᠨ ᠤ ᠳᠠᠷᠠᠭ᠎ᠠ᠂ ᠰᠡᠷᠭᠡᠶᠢᠯᠡᠨ
| - ᠡᠵᠡᠮᠳᠡᠬᠦ ᠭᠤᠣᠯᠳᠠᠯᠭ᠎ᠠ ᠨᠢ ︽ᠭᠤᠷᠪᠠᠨ ᠭᠤᠣᠯᠳᠠᠯᠭ᠎ᠠ ᠶᠢ ᠴᠢᠩᠭᠠᠳᠬᠠᠵᠤ ᠨᠢᠭᠡ ᠶᠡᠭᠡ ᠲᠠᠯᠠᠪᠤᠷ ᠢ ᠡᠵᠡᠮᠳᠡᠬᠦ︾
| | - ᠨᠢᠭᠡ ᠳᠤ᠂ ᠭᠤᠣᠯᠳᠠᠯᠭ᠎ᠠ ᠲᠠᠢ ᠬᠥᠮᠥᠰ ᠤᠨ ᠬᠠᠮᠠᠭᠠᠯᠠᠯᠲᠠ ᠶᠢ ᠴᠢᠩᠭᠠᠳᠬᠠᠨ᠎ᠠ᠃ ᠨᠠᠰᠤᠲᠠᠶᠢᠴᠤᠳ ᠤᠨ ᠰᠢᠨ᠎ᠡ
| - ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂
| - ᠡᠮ ᠤᠨ ᠵᠦᠢᠯ ᠤᠨ ᠭᠦᠢᠴᠡᠳ ᠬᠠᠩᠭᠠᠯᠭ᠎ᠠ ᠶᠢ ᠪᠠᠲᠤᠯᠠᠨ᠂ 65 ᠨᠠᠰᠤ ᠵᠢᠴᠢ 65 ᠨᠠᠰᠤᠨ ᠠᠴᠠ ᠳᠡᠭᠡᠭᠰᠢᠬᠢ
| - ᠨᠠᠰᠤᠲᠠᠶᠢᠴᠤᠳ ᠵᠡᠷᠭᠡ ᠲᠦᠭᠰᠢᠭᠦᠷᠢ ᠶᠡᠬᠡᠲᠡᠢ ᠬᠥᠮᠥᠰ ᠤᠨ ᠡᠷᠡᠭᠦᠯ ᠮᠡᠨᠳᠦ ᠶᠢᠨ ᠪᠠᠶᠢᠴᠠᠭᠠᠯᠲᠠ ᠶᠢ ᠥᠷᠨᠢᠭᠦᠯᠵᠦ᠂
| - ᠲᠠᠰ ᠲᠥᠷᠥᠯ ᠬᠤᠪᠢᠶᠠᠵᠤ ᠣᠨᠣᠰᠢᠯᠠᠨ ᠡᠮᠨᠡᠬᠦ ᠠᠵᠢᠯ ᠢ ᠰᠠᠶᠢᠲᠤᠷ ᠬᠢᠨ᠎ᠡ᠃
| - ᠬᠤᠶᠠᠷ ᠲᠤ᠂ ᠭᠤᠣᠯᠳᠠᠯᠭ᠎ᠠ ᠲᠠᠢ ᠪᠠᠶᠢᠭᠤᠯᠤᠮᠵᠢ ᠶᠢᠨ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ᠃
| - ᠨᠠᠰᠤᠲᠠᠨ ᠢ ᠠᠰᠠᠷᠠᠬᠤ ᠬᠦᠷᠢᠶᠡᠯᠡᠩ᠂ ᠨᠡᠶᠢᠭᠡᠮ ᠤᠨ ᠠᠰᠠᠷᠠᠮᠵᠢ ᠶᠢᠨ ᠬᠦᠷᠢᠶᠡᠯᠡᠩ᠂ ᠡᠮᠴᠢᠯᠡᠭᠡᠨ ᠤ ᠪᠠᠶᠢᠭᠤᠯᠤᠮᠵᠢ᠂
| - ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠪᠠᠶᠢᠭᠤᠯᠤᠮᠵᠢ ᠵᠡᠷᠭᠡ ᠬᠥᠮᠥᠰ ᠲᠥᠪᠯᠡᠷᠡᠭᠰᠡᠨ
| - ᠭᠤᠣᠯᠳᠠᠯᠭ᠎ᠠ ᠲᠠᠢ ᠪᠠᠶᠢᠭᠤᠯᠤᠮᠵᠢ ᠶᠢᠨ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠬᠢᠵᠢᠭ ᠤᠨ ᠪᠠᠶᠢᠳᠠᠯ
| - ᠳᠡᠯᠭᠡᠷᠡᠭᠰᠡᠨ ᠬᠤᠭᠤᠴᠠᠭᠠᠨ ᠳᠤ ᠠᠵᠢᠯᠲᠠᠨ ᠤ ᠡᠷᠡᠭᠦᠯ ᠮᠡᠨᠳᠦ ᠶᠢᠨ ᠬᠢᠨᠠᠨ ᠰᠢᠨᠵᠢᠯᠡᠯᠲᠡ ᠶᠢ ᠴᠢᠩᠭᠠᠳᠬᠠᠵᠤ᠂
| - ᠨᠠᠰᠤᠲᠠᠨ ᠢ ᠠᠰᠠᠷᠠᠬᠤ ᠬᠦᠷᠢᠶᠡᠯᠡᠩ ᠪᠠ ᠨᠡᠶᠢᠭᠡᠮ ᠤᠨ ᠠᠰᠠᠷᠠᠮᠵᠢ ᠶᠢᠨ ᠬᠦᠷᠢᠶᠡᠯᠡᠩ ᠵᠡᠷᠭᠡ ᠪᠠᠶᠢᠭᠤᠯᠤᠮᠵᠢ ᠳᠤ ᠴᠠᠭ
| - ᠲᠤᠬᠠᠢ ᠳᠤ ᠨᠢ ᠪᠢᠲᠡᠭᠦᠮᠵᠢᠯᠡᠭᠰᠡᠨ ᠬᠠᠮᠢᠶᠠᠷᠤᠯᠲᠠ ᠶᠠᠪᠤᠭᠤᠯᠵᠤ᠂ ᠪᠠᠶᠢᠭᠤᠯᠤᠮᠵᠢ ᠶᠢᠨ ᠳᠣᠲᠣᠭᠠᠳᠤ ᠳᠤ
| - ᠲᠥᠪᠯᠡᠷᠡᠭᠰᠡᠨ ᠴᠢᠨᠠᠷᠲᠠᠢ ᠬᠢᠵᠢᠭ ᠤᠨ ᠪᠠᠶᠢᠳᠠᠯ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ᠃
| - ᠭᠤᠷᠪᠠ ᠳᠤ᠂ ᠭᠤᠣᠯᠳᠠᠯᠭ᠎ᠠ ᠲᠠᠢ ᠠᠵᠢᠯ ᠲᠥᠷᠥᠯ ᠤᠨ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠨ᠎ᠡ᠃
| - ᠨᠡᠶᠢᠭᠡᠮ ᠤᠨ ᠦᠨᠳᠦᠰᠦᠨ ᠠᠵᠢᠯᠯᠠᠭᠠᠨ ᠢ ᠪᠠᠲᠤᠯᠠᠬᠤ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ᠂ ᠡᠳ᠋
| - ᠪᠠᠷᠠᠭᠠᠨ ᠤ ᠭᠦᠢᠯᠭᠡᠭᠡ ᠵᠢᠴᠢ ᠤᠰᠤ ᠴᠠᠬᠢᠯᠭᠠᠨ ᠬᠡᠢ ᠳᠤᠯᠠᠭᠠᠯᠭ᠎ᠠ ᠶᠢ ᠪᠠᠲᠤᠯᠠᠬᠤ ᠵᠡᠷᠭᠡ ᠠᠵᠢᠯ ᠲᠦᠷᠦᠯ ᠳᠤ
| - ᠠᠵᠢᠯᠲᠠᠨ ᠤ ᠬᠤᠪᠢ ᠬᠥᠮᠥᠨ ᠤ ᠬᠠᠮᠠᠭᠠᠯᠠᠯᠲᠠ ᠪᠠ ᠠᠵᠢᠯ ᠤᠨ ᠣᠷᠴᠢᠨ ᠲᠣᠭᠤᠷᠢᠨ ᠤ ᠰᠠᠯᠬᠢ ᠨᠡᠪᠲᠡᠷᠡᠭᠦᠯᠦᠨ
| - ᠠᠷᠢᠭᠤᠳᠬᠠᠬᠤ ᠶᠢ ᠴᠢᠩᠭᠠᠳᠬᠠᠵᠤ᠂ ᠠᠵᠢᠯᠲᠠᠨ ᠢ ᠠᠵᠢᠯ ᠤᠨ ᠪᠠᠶᠢᠷᠢ ᠡᠭᠡᠯᠵᠢᠯᠡᠭᠦᠯᠦᠨ ᠠᠵᠢᠯ ᠤᠨ ᠪᠠᠶᠢᠷᠢ
| - ᠪᠡᠯᠡᠳᠬᠡᠬᠦ ᠳᠦᠷᠢᠮ ᠢ ᠪᠠᠶᠢᠭᠤᠯᠬᠤ ᠬᠡᠷᠡᠭᠲᠡᠢ᠃
| - ᠳᠥᠷᠪᠡ ᠳᠤ᠂ ᠲᠣᠮᠣ ᠬᠡᠯᠪᠡᠷᠢ ᠶᠢᠨ ᠪᠢᠲᠡᠭᠦᠮᠵᠢᠯᠡᠭᠰᠡᠨ ᠲᠠᠯᠠᠪᠤᠷ ᠢ ᠰᠡᠷᠭᠡᠶᠢᠯᠡᠨ ᠡᠵᠡᠮᠳᠡᠬᠦ ᠪᠠ ᠲᠣᠮᠣ
| - ᠬᠡᠯᠪᠡᠷᠢ ᠶᠢᠨ ᠠᠵᠢᠯᠯᠠᠭ᠎ᠠ ᠶᠢᠨ ᠬᠠᠮᠢᠶᠠᠷᠤᠯᠲᠠ ᠶᠢ ᠬᠥᠳᠡᠯᠦᠩᠭᠦᠢ ᠪᠠᠷ ᠥᠷᠨᠢᠭᠦᠯᠦᠨ᠎ᠡ᠃ ᠬᠢᠵᠢᠭ ᠤᠨ ᠪᠠᠶᠢᠳᠠᠯ ᠢ
| - ᠬᠥᠳᠡᠯᠦᠩᠭᠦᠢ ᠪᠠᠷ ᠬᠢᠨᠠᠨ ᠰᠢᠨᠵᠢᠯᠡᠬᠦ ᠪᠠ ᠠᠷᠭᠠᠴᠠᠭᠠᠬᠤ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠬᠦᠨᠳᠦ
| - ᠨᠣᠴᠢᠲᠠᠢ ᠦᠶ᠎ᠡ ᠳᠤ᠂ ᠬᠥᠮᠥᠨ ᠤ ᠪᠠᠭᠲᠠᠭᠠᠮᠵᠢ ᠪᠠᠷ ᠶᠡᠭᠡ᠂ ᠣᠷᠣᠨ ᠵᠠᠢ ᠨᠢ ᠨᠢᠭᠲᠠ ᠪᠢᠲᠡᠭᠦᠮᠵᠢᠯᠡᠭᠰᠡᠨ ᠲᠠᠯᠠᠪᠤᠷ
| - ᠭᠠᠵᠠᠷ᠂ ᠵᠢᠱᠢᠶᠡᠯᠡᠪᠡᠯ ᠲᠠᠯᠠᠪᠤᠷ ᠦᠷᠳᠡᠭᠡ ᠭᠠᠷᠠᠮ᠂ ᠲᠣᠮᠣ ᠬᠡᠯᠪᠡᠷᠢ ᠶᠢᠨ ᠬᠡᠳᠦ ᠳᠡᠯᠭᠡᠭᠦᠷ᠂ ᠲᠣᠮᠣ ᠬᠡᠯᠪᠡᠷᠢ ᠶᠢᠨ
| - ᠵᠤᠭ᠎ᠠ ᠴᠡᠩᠭᠡᠯ ᠤᠨ ᠲᠠᠯᠠᠪᠤᠷ ᠭᠠᠵᠠᠷ ᠵᠢᠴᠢ ᠵᠠᠮ ᠲᠡᠭᠡᠭᠡᠪᠦᠷᠢ ᠶᠢᠨ ᠪᠠᠭᠠᠵᠢ ᠵᠡᠷᠭᠡ ᠳᠤ ᠣᠬᠤᠷᠬᠠᠨ ᠬᠤᠭᠤᠴᠠᠭᠠᠨ ᠤ
| - ᠳᠣᠲᠣᠷ᠎ᠠ ᠬᠥᠮᠥᠨ ᠬᠠᠷ᠎ᠠ ᠴᠤᠭᠯᠠᠷᠠᠬᠤ ᠪᠠ ᠬᠥᠮᠥᠨ ᠬᠠᠷ᠎ᠠ ᠶᠢᠨ ᠰᠢᠯᠵᠢᠯᠲᠡ ᠶᠢ ᠪᠠᠭᠠᠰᠬᠠᠬᠤ ᠵᠡᠷᠭᠡ ᠴᠢᠬᠤᠯᠠ
| - ᠪᠦᠬᠦᠢ ᠠᠷᠭ᠎ᠠ ᠬᠡᠮᠵᠢᠶ᠎ᠡ ᠠᠪᠴᠤ᠂ ᠲᠣᠮᠣ ᠬᠡᠯᠪᠡᠷᠢ ᠶᠢᠨ ᠠᠵᠢᠯᠯᠠᠭ᠎ᠠ ᠡᠷᠬᠢᠯᠡᠬᠦ ᠶᠢ ᠲᠦᠷ ᠬᠤᠶᠢᠰᠢᠯᠠᠭᠤᠯᠵᠤ᠂
| - ᠬᠢᠵᠢᠭ ᠤᠨ ᠪᠠᠶᠢᠳᠠᠯ ᠤᠨ ᠤᠷᠬᠢᠯ ᠦᠶ᠎ᠡ ᠶᠢ ᠰᠡᠷᠭᠡᠶᠢᠯᠡᠨ ᠬᠤᠷᠢᠭᠯᠠᠵᠤ ᠪᠣᠯᠣᠨ᠎ᠠ᠃ ᠡᠭᠦᠨ ᠠᠴᠠ ᠭᠠᠳᠠᠨ᠎ᠠ᠂
| - ᠬᠤᠪᠢ ᠬᠥᠮᠥᠨ ᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠪᠠᠷᠢᠮᠲᠠᠯᠠᠬᠤ ᠶᠢ ᠰᠠᠨᠠᠭᠠᠴᠢᠯᠠᠨ᠎ᠠ᠃ ᠡᠷᠡᠭᠦᠯ ᠡᠩᠬᠡ
| - ᠳᠤᠮᠳᠠᠳᠤ ᠤᠯᠤᠰ ᠤᠨ ᠠᠵᠢᠯᠯᠠᠭ᠎ᠠ ᠳᠤ ︽ᠬᠥᠮᠥᠨ ᠪᠦᠬᠦᠨ ᠥᠪᠡᠷ ᠤᠨ ᠢᠶᠠᠨ ᠡᠷᠡᠭᠦᠯ ᠮᠡᠨᠳᠦ ᠶᠢᠨ ᠨᠢᠭᠡᠳᠦᠭᠡᠷ
| - ᠬᠠᠷᠢᠭᠤᠴᠠᠯᠭᠠᠲᠠᠨ ᠮᠥᠨ︾ ᠭᠡᠬᠦ ᠣᠨᠣᠯᠵᠢᠬᠤᠨ ᠢ ᠰᠠᠨᠠᠭᠠᠴᠢᠯᠠᠭᠰᠠᠨ ᠶᠤᠮ᠂ ᠡᠶᠢᠮᠦ ᠠᠴᠠ ︽ᠬᠥᠬᠡᠭᠴᠢᠨ
| - ᠲᠥᠷᠥᠯ ᠳᠤ ᠬᠥᠬᠡᠭᠴᠢᠨ ᠬᠠᠮᠢᠶᠠᠷᠤᠯᠲᠠ︾ ᠶᠢ ᠬᠡᠷᠡᠭᠵᠢᠭᠦᠯᠦᠭᠰᠡᠨ ᠤ ᠳᠠᠷᠠᠭ᠎ᠠ ᠮᠥᠨ ᠬᠦ ᠠᠮᠠᠪᠴᠢ ᠵᠡᠭᠦᠬᠦ᠂
| - ᠭᠠᠷ ᠢᠶᠠᠨ ᠰᠠᠶᠢᠲᠤᠷ ᠤᠬᠢᠶᠠᠬᠤ᠂ ᠰᠠᠯᠬᠢ ᠢᠯᠡᠭᠦᠬᠡᠨ ᠨᠡᠪᠲᠡᠷᠡᠭᠦᠯᠬᠦ ᠵᠡᠷᠭᠡ ᠰᠠᠶᠢᠨ ᠰᠠᠶᠢᠬᠠᠨ ᠠᠮᠢᠳᠤᠷᠠᠯ ᠤᠨ
| - ᠠᠷᠭ᠎ᠠ ᠮᠠᠶ᠋ᠢᠭ ᠢ ᠪᠠᠷᠢᠮᠲᠠᠯᠠᠵᠤ᠂ ᠸᠠᠺᠼᠢᠨ ᠤ ᠪᠥᠬᠦ ᠶᠠᠪᠤᠴᠠ ᠶᠢᠨ ᠲᠠᠷᠢᠯᠭ᠎ᠠ ᠪᠠ ᠴᠢᠩᠭᠠᠳᠬᠠᠬᠤ ᠲᠠᠷᠢᠯᠭ᠎ᠠ ᠬᠢᠬᠦ
| - ᠠᠵᠢᠯ ᠢ ᠴᠠᠭ ᠲᠤᠬᠠᠢ ᠳᠤ ᠨᠢ ᠪᠡᠶᠡᠯᠡᠭᠦᠯᠬᠦ ᠬᠡᠷᠡᠭᠲᠡᠢ᠃
| - ᠣᠳᠣᠬᠠᠨ ᠳᠤ ᠢᠯᠡᠷᠡᠵᠦ ᠪᠠᠶᠢᠭ᠎ᠠ ︽ᠴᠠᠭᠠᠨ ᠠᠭᠤᠰᠬᠢ︾ ᠨᠢ ᠠᠩᠬᠠᠨ ᠤ ᠬᠤᠣᠷᠲᠤ ᠸᠢᠷᠦ᠋ᠰ ᠪᠠ
| - ᠸᠠᠺᠼᠢᠨ ᠤ ᠲᠠᠷᠢᠯᠭ᠎ᠠ ᠲᠠᠢ ᠬᠠᠮᠢᠶ᠎ᠠ ᠦᠭᠡᠢ
| - ᠣᠳᠣᠬᠠᠨ ᠳᠤ ᠢᠯᠡᠷᠡᠵᠦ ᠪᠠᠶᠢᠭ᠎ᠠ ︽ᠴᠠᠭᠠᠨ ᠠᠭᠤᠰᠬᠢ︾ ᠭᠡᠳᠡᠭ ᠨᠢ ᠠᠩᠬᠠᠨ ᠤ ᠬᠤᠣᠷᠲᠤ ᠸᠢᠷᠦ᠋ᠰ ᠪᠠ
| - ᠸᠠᠺᠼᠢᠨ ᠤ ᠲᠠᠷᠢᠯᠭ᠎ᠠ ᠲᠠᠢ ᠬᠤᠯᠪᠣᠭ᠎ᠠ ᠦᠭᠡᠢ ᠮᠥᠷᠲᠡᠭᠡᠨ ᠣᠳᠣᠬᠠᠨ ᠳᠤ ᠳᠡᠯᠭᠡᠷᠡᠵᠦ ᠪᠠᠶᠢᠭ᠎ᠠ ᠳᠠᠪᠠᠭᠤᠯᠢᠭ
| - ᠬᠤᠣᠷᠲᠤ ᠸᠢᠷᠦ᠋ᠰ ᠨᠢ ᠮᠥᠨ ᠬᠦ ᠣᠮᠢᠺᠷᠦᠨ ᠬᠤᠣᠷᠲᠤ ᠸᠢᠷᠦ᠋ᠰ ᠪᠣᠯᠣᠨ᠎ᠠ᠃
| - ᠴᠠᠭᠠᠨ ᠠᠭᠤᠰᠬᠢ ᠪᠣᠯ ᠠᠭᠤᠰᠬᠢᠨ ᠤ ᠵᠢᠷᠤᠭ ᠳᠦᠷᠰᠦ ᠶᠢᠨ ᠤᠬᠠᠭᠠᠨ ᠳᠤ ᠢᠯᠡᠷᠡᠭᠦᠯᠦᠭᠰᠡᠨ ᠨᠢᠭᠡᠨ
| - ᠶᠠᠷᠢᠶᠠᠴᠢᠯᠠᠭᠰᠠᠨ ᠳᠦᠷᠰᠦᠯᠡᠯ ᠮᠥᠨ᠃ ᠡᠩ ᠤᠨ ᠪᠠᠶᠢᠳᠠᠯ ᠳᠤ ᠠᠭᠤᠰᠬᠢᠨ ᠤ ᠬᠡᠰᠡᠭ ᠤᠨ ᠦᠷᠪᠢᠰᠦᠯ ᠨᠢ ᠨᠡᠯᠢᠶᠡᠳ
| - ᠬᠦᠨᠳᠦ᠂ ᠨᠡᠪᠴᠢᠷᠡᠬᠦ ᠨᠢ ᠨᠡᠯᠢᠶᠡᠳ ᠠᠷᠪᠢᠨ ᠦᠶ᠎ᠡ ᠳᠤ᠂ ᠥᠭᠡᠷ᠎ᠡ ᠪᠠᠷ ᠬᠡᠯᠡᠪᠡᠯ ᠴᠠᠭᠠᠨ ᠥᠩᠭᠡᠲᠦ ᠳᠦᠷᠰᠦ
| - ᠰᠢᠩᠭᠡᠭᠡᠯᠲᠡ ᠶᠢᠨ ᠬᠡᠰᠡᠭ ᠤᠨ ᠲᠠᠯᠠᠪᠠᠢ ᠨᠢ 70% ᠠᠴᠠ 80% ᠳᠤ ᠬᠦᠷᠬᠦ ᠦᠶᠡᠰ᠂ ᠡᠮᠴᠢᠯᠡᠭᠡᠨ ᠳᠡᠭᠡᠷ᠎ᠡ
| - ᠣᠯᠠᠨ ᠢᠶᠠᠷ ᠢᠶᠠᠨ ᠴᠠᠭᠠᠨ ᠠᠭᠤᠰᠬᠢ ᠭᠡᠳᠡᠭ᠃ ᠡᠶᠢᠮᠦ ᠠᠴᠠ ᠦᠷᠪᠢᠰᠦᠯ ᠡᠭᠦᠰᠦᠭᠰᠡᠭᠡᠷ ᠳᠠᠷᠤᠢ ᠴᠠᠭᠠᠨ ᠠᠭᠤᠰᠬᠢ
| - ᠪᠣᠯᠬᠤ ᠪᠢᠰᠢ᠃ ᠡᠨᠡ ᠱᠠᠲᠤᠨ ᠳᠤ ᠡᠪᠡᠳᠴᠢᠲᠡᠨ ᠳᠤ ᠴᠢᠰᠤᠨ ᠤ ᠬᠦᠴᠢᠯᠲᠥ᠋ᠷᠥᠭᠴᠢ ᠳᠣᠣᠷ᠎ᠠ ᠭᠡᠮ ᠪᠤᠶᠤ
| - ᠠᠮᠢᠰᠬᠤᠯ ᠴᠢᠬᠤᠯᠳᠠᠬᠤ ᠪᠠᠶᠢᠳᠠᠯ ᠢᠯᠡᠷᠡᠨ᠎ᠡ᠃ ᠡᠶᠢᠮᠦ ᠲᠥᠷᠥᠯ ᠤᠨ ᠡᠪᠡᠳᠴᠢᠲᠡᠨ ᠡᠮᠴᠢᠯᠡᠭᠡᠨ ᠳᠡᠭᠡᠷ᠎ᠡ᠂
| - ᠢᠯᠠᠩᠭᠤᠶ᠎ᠠ ᠥᠨᠳᠥᠷ ᠨᠠᠰᠤᠲᠠᠢ ᠨᠠᠰᠤᠲᠠᠨ ᠳᠤ ᠬᠦᠨᠳᠦ ᠨᠣᠴᠢᠲᠠᠢ ᠰᠠᠭᠤᠷᠢ ᠡᠪᠡᠳᠴᠢᠨ ᠳᠠᠪᠬᠤᠴᠠᠭᠰᠠᠨ
| - ᠡᠪᠡᠳᠴᠢᠲᠡᠨ ᠳᠤ ᠢᠯᠡᠷᠡᠬᠦ ᠪᠣᠯᠣᠯᠴᠠᠭ᠎ᠠ ᠲᠠᠢ᠂ ᠭᠡᠪᠡᠴᠦ ᠡᠶᠢᠮᠦ ᠲᠥᠷᠥᠯ ᠤᠨ ᠡᠪᠡᠳᠴᠢᠲᠡᠨ ᠤ ᠡᠵᠡᠯᠡᠬᠦ
| - ᠬᠠᠷᠢᠴᠠᠯ ᠨᠢ ᠲᠦᠢᠯ ᠤᠨ ᠳᠣᠣᠷ᠎ᠠ ᠪᠠᠶᠢᠳᠠᠭ᠃ ᠣᠳᠣᠬᠠᠨ ᠳᠤ ᠰᠦᠯᠵᠢᠶᠡᠨ ᠳᠡᠭᠡᠷ᠎ᠡ ᠣᠯᠠᠨ ᠤ ᠬᠡᠯᠡᠳᠡᠭ ᠴᠠᠭᠠᠨ
| - ᠠᠭᠤᠰᠬᠢ ᠶᠢᠨ ᠵᠠᠷᠢᠮ ᠨᠢ ᠵᠢᠩᠬᠢᠨᠢ ᠴᠠᠭᠠᠨ ᠠᠭᠤᠰᠬᠢ ᠪᠢᠰᠢ᠂ ᠵᠠᠷᠢᠮ ᠨᠢ ᠪᠠᠰᠠ ᠲᠡᠶᠢᠮᠦ ᠬᠦᠨᠳᠦ ᠨᠣᠴᠢᠲᠠᠢ
| - ᠬᠡᠮᠵᠢᠶᠡᠨ ᠳᠤ ᠬᠦᠷᠦᠭᠰᠡᠨ ᠦᠭᠡᠢ᠂ ᠭᠡᠪᠡᠴᠦ ᠲᠡᠭᠦᠨ ᠢ ᠴᠠᠭᠠᠨ ᠠᠭᠤᠰᠬᠢ ᠭᠡᠵᠦ ᠠᠳᠡᠭᠦᠷᠡᠭᠰᠡᠨ ᠵᠦᠢᠯ ᠪᠣᠢ᠃
| - ᠵᠥᠪᠬᠡᠨ ᠰᠢᠨ᠎ᠡ ᠲᠢᠲᠢᠮᠯᠢᠭ ᠸᠢᠷᠦ᠋ᠰ ᠪᠢᠰᠢ᠂ ᠣᠯᠠᠨ ᠡᠪᠡᠳᠴᠢᠨ ᠡᠭᠦᠰᠬᠡᠭᠴᠢ ᠨᠢ ᠪᠦᠷ ᠠᠭᠤᠰᠬᠢᠨ ᠤ
| - ᠦᠷᠪᠢᠰᠦᠯ ᠢ ᠡᠭᠦᠰᠬᠡᠵᠦ ᠮᠡᠳᠡᠨ᠎ᠡ᠂ ᠵᠢᠱᠢᠶᠡᠯᠡᠪᠡᠯ ᠠᠮᠢᠰᠬᠤᠯ ᠤᠨ ᠵᠠᠮ ᠤᠨ ᠨᠡᠶᠢᠯᠡᠮᠡᠯ ᠡᠰ ᠤᠨ ᠸᠢᠷᠦ᠋ᠰ᠂ ᠲᠠᠬᠤᠯ
| - ᠲᠠᠭᠰᠢᠭᠤᠷ ᠤᠨ ᠸᠢᠷᠦ᠋ᠰ᠂ ᠵᠠᠷᠢᠮ ᠪᠠᠺᠲ᠋ᠧᠷᠢ ᠶᠢ ᠪᠠᠭᠲᠠᠭᠠᠭᠰᠠᠨ ᠨᠡᠶᠢᠯᠡᠮᠡᠯ ᠪᠥᠭᠡᠮ ᠪᠠᠺᠲ᠋ᠧᠷᠢ ᠵᠡᠷᠭᠡ ᠨᠢ ᠪᠦᠷ
| - ᠠᠭᠤᠰᠬᠢᠨ ᠤ ᠦᠷᠪᠢᠰᠦᠯ ᠢ ᠡᠭᠦᠰᠬᠡᠵᠦ᠂ ᠬᠦᠨᠳᠦ ᠨᠣᠴᠢᠲᠠᠢ ᠦᠶ᠎ᠡ ᠳᠤ ᠪᠦᠷ ᠦᠷᠪᠢᠰᠦᠯ ᠤᠨ ᠢᠯᠡᠷᠡᠯ ᠭᠠᠷᠳᠠᠭ᠃
| - ᠡᠮᠴᠢᠯᠡᠭᠡᠨ ᠤ ᠲᠠᠯ᠎ᠠ ᠪᠠᠷ ᠠᠪᠴᠤ ᠬᠡᠯᠡᠪᠡᠯ᠂ ᠣᠳᠣᠬᠠᠨ ᠳᠤ ᠨᠡᠯᠢᠶᠡᠳ ᠪᠣᠯᠪᠠᠰᠤᠷᠠᠩᠭᠤᠢ ᠪᠣᠯᠤᠭᠰᠠᠨ ᠲᠤᠰᠬᠠᠢ
| - ᠮᠡᠷᠭᠡᠵᠢᠯᠲᠡᠨ ᠤ ᠬᠠᠮᠲᠤ ᠶᠢᠨ ᠲᠠᠨᠢᠯᠲᠠ ᠪᠠ ᠡᠮᠴᠢᠯᠡᠭᠡᠨ ᠤ ᠲᠥᠰᠥᠯ ᠲᠠᠢ ᠪᠣᠯᠵᠠᠢ᠂ ᠡᠭᠦᠨ ᠳᠤ ᠭᠤᠣᠯᠳᠠᠭᠤ
| - ᠡᠯᠢᠭᠡᠲᠡᠨ ᠬᠡᠪᠲᠡᠭᠦᠯᠵᠦ ᠠᠭᠠᠷ ᠨᠡᠪᠲᠡᠷᠡᠭᠦᠯᠬᠦ᠂ ᠡᠭᠦᠨ ᠠᠴᠠ ᠭᠠᠳᠠᠨ᠎ᠠ ᠬᠦᠴᠢᠯᠲᠥ᠋ᠷᠥᠭᠴᠢ ᠪᠠᠷ ᠡᠮᠨᠡᠨ ᠵᠠᠰᠠᠨ᠎ᠠ᠂
| - ᠡᠭᠦᠨ ᠳᠤ ᠰᠢᠷᠬᠠᠯᠠᠭ᠎ᠠ ᠦᠭᠡᠢ ᠠᠮᠢᠰᠬᠤᠯ ᠤᠨ ᠮᠠᠰᠢᠨ᠂ ᠰᠢᠷᠬᠠᠯᠠᠭ᠎ᠠ ᠲᠠᠢ ᠠᠮᠢᠰᠬᠤᠯ ᠤᠨ ᠮᠠᠰᠢᠨ ᠵᠡᠷᠭᠡ ᠪᠣᠶ᠂
| - ᠰᠦᠯᠵᠢᠶᠡᠨ ᠤ ᠨᠠᠶᠢᠵᠠ ᠨᠠᠷ ᠲᠤ ᠠᠮᠢ ᠠᠪᠤᠷᠠᠬᠤ ᠰᠢᠳᠢᠲᠦ ᠪᠠᠭᠠᠵᠢ ᠭᠡᠭᠳᠡᠭᠰᠡᠨ ECMO ᠪᠠᠰᠠ ᠪᠠᠭᠲᠠᠨ᠎ᠠ᠃
| - ᠠᠩᠬᠠᠨ ᠤ ᠡᠪᠡᠳᠴᠢᠨ ᠡᠭᠦᠰᠬᠡᠬᠦ ᠴᠢᠨᠠᠷᠲᠠᠢ ᠡᠪᠡᠳᠴᠢᠨ ᠤ ᠰᠢᠯᠲᠠᠭᠠᠨ ᠤ ᠡᠮᠴᠢᠯᠡᠭᠡ ᠶᠢ ᠴᠢᠩᠭᠠᠳᠬᠠᠪᠠᠯ᠂ ᠴᠠᠭᠠᠨ
| - ᠠᠭᠤᠰᠬᠢ ᠢᠯᠡᠷᠡᠭᠰᠡᠨ ᠡᠪᠡᠳᠴᠢᠲᠡᠨ ᠤ ᠳᠣᠲᠣᠷᠠᠬᠢ ᠨᠡᠯᠢᠶᠡᠳ ᠬᠡᠰᠡᠭ ᠨᠢ ᠰᠠᠶᠢᠵᠢᠷᠠᠵᠤ ᠴᠢᠳᠠᠨ᠎ᠠ᠃
| - ᠨᠠᠰᠤᠲᠠᠶᠢᠴᠤᠳ ᠤᠨ ᠡᠷᠡᠭᠦᠯ ᠮᠡᠨᠳᠦ ᠶᠢᠨ ᠪᠠᠶᠢᠳᠠᠯ ᠤᠨ ᠬᠢᠨᠠᠨ ᠰᠢᠨᠵᠢᠯᠡᠯᠲᠡ ᠶᠢ ᠡᠷᠬᠡᠪᠰᠢ ᠴᠢᠩᠭᠠᠳᠬᠠᠵᠤ᠂
| - ᠪᠣᠭᠤᠮᠲᠠ ᠶᠢ ᠡᠮᠦᠨᠡᠰᠢ ᠪᠠᠨ ᠰᠢᠯᠵᠢᠭᠦᠯᠬᠦ ᠬᠡᠷᠡᠭᠲᠡᠢ᠃ ᠨᠠᠰᠤᠲᠠᠶᠢᠴᠤᠳ ᠤᠨ ᠬᠠᠯᠳᠠᠪᠤᠷᠢᠯᠠᠯ ᠡᠭᠦᠰᠬᠦ᠂ ᠢᠯᠠᠩᠭᠤᠶ᠎ᠠ
| - ᠠᠮᠢᠰᠬᠤᠯ ᠴᠢᠬᠤᠯᠳᠠᠬᠤ ᠵᠡᠷᠭᠡ ᠬᠦᠨᠳᠦᠷᠡᠬᠦ ᠪᠠᠶᠢᠳᠠᠯ ᠭᠠᠷᠪᠠᠯ ᠡᠷᠬᠡᠪᠰᠢ ᠴᠠᠭ ᠲᠤᠬᠠᠢ ᠳᠤ ᠨᠢ ᠡᠮᠨᠡᠭᠦᠯᠬᠦ ᠬᠡᠷᠡᠭᠲᠡᠢ᠃
| - ᠪᠢᠳᠡ ᠪᠠᠰᠠ ᠨᠠᠰᠤᠲᠠᠶᠢᠴᠤᠳ ᠤᠨ ᠬᠦᠨᠳᠦ ᠡᠪᠡᠳᠴᠢᠨ ᠳᠤ ᠨᠡᠷᠪᠡᠭᠳᠡᠭᠰᠡᠳ ᠢ ᠱᠠᠲᠤ ᠬᠤᠪᠢᠶᠠᠨ ᠡᠮᠨᠡᠭᠦᠯᠵᠦ ᠱᠠᠲᠤ
| - ᠳᠠᠷᠠᠭᠠᠯᠠᠨ ᠰᠢᠯᠵᠢᠭᠦᠯᠦᠨ ᠡᠮᠨᠡᠭᠦᠯᠬᠦ ᠴᠢᠬᠤᠯᠠ ᠦᠭᠡᠢ᠂ ᠰᠢᠭᠤᠳ ᠭᠤᠷᠪᠠᠳᠤᠭᠠᠷ ᠳᠡᠰ ᠤᠨ ᠡᠮᠨᠡᠯᠭᠡ ᠶᠢᠨ
| - ᠬᠤᠷᠢᠶᠠᠨ ᠳᠤ ᠰᠢᠯᠵᠢᠭᠦᠯᠦᠨ ᠡᠮᠨᠡᠭᠦᠯᠦᠨ ᠵᠠᠰᠠᠭᠤᠯᠬᠤ ᠬᠡᠷᠡᠭᠲᠡᠢ ᠭᠡᠵᠦ ᠱᠠᠭᠠᠷᠳᠠᠵᠤ ᠪᠠᠶᠢᠨ᠎ᠠ᠃
| - ᠬᠥᠳᠡᠭᠡ ᠲᠣᠰᠬᠤᠨ ᠤ ᠡᠮᠴᠢᠯᠡᠭᠡᠨ ᠤ ᠠᠪᠤᠷᠠᠨ ᠵᠠᠰᠠᠯᠲᠠ ᠵᠢᠴᠢ ᠡᠮ ᠤᠨ ᠵᠦᠢᠯ ᠤᠨ ᠪᠠᠲᠤᠯᠠᠭ᠎ᠠ ᠶᠢᠨ ᠠᠵᠢᠯ ᠢ
| | - ᠨᠢᠭᠡ ᠳᠤ᠂ ᠬᠥᠳᠡᠭᠡ ᠲᠣᠰᠬᠤᠨ ᠳᠤ ᠰᠢᠶᠠᠨ ᠢᠶᠠᠷ ᠨᠢᠭᠡᠴᠢ ᠪᠣᠯᠭᠠᠨ ᠰᠢᠶᠠᠨ ᠤ ᠬᠡᠪᠴᠢᠶᠡᠨ ᠤ ᠡᠮᠨᠡᠯᠭᠡ ᠶᠢᠨ
| - ᠬᠠᠮᠲᠤ ᠶᠢᠨ ᠴᠣᠭᠴᠠ ᠶᠢ ᠲᠣᠣᠷᠵᠢᠭᠤᠯᠤᠨ ᠪᠠᠶᠢᠷᠢᠰᠢᠭᠤᠯᠵᠤ᠂ ᠰᠢᠶᠠᠨ᠂ ᠰᠢᠶᠠᠩ᠂ ᠲᠣᠰᠬᠤᠨ ᠤ ᠬᠢᠨ ᠥᠪᠡᠷ
| - ᠥᠪᠡᠷ ᠤᠨ ᠡᠭᠦᠷᠭᠡᠯᠡᠭᠰᠡᠨ ᠴᠢᠳᠠᠮᠵᠢ ᠡᠭᠦᠷᠭᠡ ᠪᠠᠨ ᠪᠠᠳᠠᠷᠠᠭᠤᠯᠵᠤ᠂ ᠳᠠᠪᠬᠤᠴᠠᠭᠰᠠᠨ ᠡᠪᠡᠳᠴᠢᠨ ᠲᠠᠢ
| - ᠨᠠᠰᠤᠲᠠᠶᠢᠴᠤᠳ ᠵᠢᠴᠢ ᠬᠡᠦᠬᠡᠳ ᠵᠡᠷᠭᠡ ᠲᠦᠭᠰᠢᠭᠦᠷᠢ ᠶᠡᠬᠡᠲᠡᠢ ᠬᠥᠮᠥᠰ ᠢ ᠴᠥᠮ ᠡᠮᠨᠡᠯᠭᠡ ᠶᠢᠨ ᠬᠤᠯᠪᠣᠭᠠᠲᠤ
| - ᠴᠣᠭᠴᠠ ᠶᠢᠨ ᠬᠠᠮᠢᠶᠠᠷᠤᠯᠲᠠ ᠳᠤ ᠣᠷᠣᠭᠤᠯᠬᠤ ᠬᠡᠷᠡᠭᠲᠡᠢ᠃
| - ᠬᠤᠶᠠᠷ ᠲᠤ᠂ ᠮᠠᠨ ᠤ ᠤᠯᠤᠰ ᠤᠨ ᠨᠢᠭᠡᠨᠲᠡ ᠪᠠᠶᠢᠭᠤᠯᠤᠭᠰᠠᠨ ᠬᠤᠲᠠ ᠬᠥᠳᠡᠭᠡ ᠶᠢᠨ ᠠᠵᠢᠯ ᠲᠥᠷᠥᠯ ᠤᠨ
| - ᠰᠢᠰᠲ᠋ᠧᠮᠵᠢᠭᠦᠯᠦᠨ ᠳᠡᠮᠵᠢᠬᠦ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠮᠤᠵᠢ ᠶᠢᠨ ᠳᠣᠲᠣᠷ᠎ᠠ ᠪᠠᠨ
| - ᠬᠤᠲᠠ ᠶᠢᠨ ᠬᠤᠶᠠᠳᠤᠭᠠᠷ ᠳᠡᠰ ᠠᠴᠠ ᠳᠡᠭᠡᠭᠰᠢᠬᠢ ᠡᠮᠨᠡᠯᠭᠡ ᠶᠢᠨ ᠬᠤᠷᠢᠶ᠎ᠠ ᠠᠴᠠ ᠰᠢᠶᠠᠨ ᠤ ᠡᠮᠨᠡᠯᠭᠡ ᠶᠢᠨ
| - ᠬᠤᠷᠢᠶ᠎ᠠ ᠲᠠᠢ ᠬᠤᠯᠪᠣᠭᠠᠰᠤ ᠶᠢᠨ ᠬᠠᠷᠢᠴᠠᠭ᠎ᠠ ᠪᠠᠶᠢᠭᠤᠯᠤᠨ ᠬᠡᠰᠡᠭ ᠬᠤᠪᠢᠶᠠᠨ ᠳᠠᠭᠠᠭᠠᠴᠢᠯᠠᠵᠤ᠂ ᠬᠤᠲᠠ ᠶᠢᠨ
| - ᠰᠢᠯᠢᠳᠡᠭ ᠡᠮᠴᠢᠯᠡᠭᠡᠨ ᠤ ᠡᠬᠢ ᠪᠠᠶᠠᠯᠢᠭ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠦᠨᠳᠦ ᠡᠪᠡᠳᠴᠢᠲᠡᠨ ᠢ
| - ᠡᠮᠨᠡᠨ ᠵᠠᠰᠠᠬᠤ ᠴᠢᠬᠤᠯᠠᠲᠠᠢ ᠪᠠᠶᠢᠳᠠᠯ ᠢᠯᠡᠷᠡᠭᠰᠡᠭᠡᠷ ᠳᠠᠷᠤᠢ ᠬᠤᠲᠠ ᠪᠠ ᠰᠢᠶᠠᠨ ᠤ ᠬᠤᠭᠤᠷᠣᠨᠳᠣᠬᠢ ᠬᠤᠶᠠᠷ
| - ᠱᠠᠲᠤᠨ ᠤ ᠰᠢᠯᠵᠢᠭᠦᠯᠦᠨ ᠡᠮᠨᠡᠬᠦ ᠲᠣᠭᠲᠠᠴᠠ ᠶᠢᠨ ᠦᠢᠯᠡᠳᠦᠯ ᠢ ᠪᠠᠳᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃
| - ᠭᠤᠷᠪᠠ ᠳᠤ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠢᠯᠡᠳᠦᠯ ᠢ
| - ᠭᠦᠢᠴᠡᠳ ᠪᠠᠳᠠᠷᠠᠭᠤᠯᠵᠤ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠ ᠲᠣᠰᠬᠤᠨ ᠤ ᠡᠷᠡᠭᠦᠯ
| - ᠬᠠᠮᠠᠭᠠᠯᠠᠯ ᠤᠨ ᠲᠠᠰᠤᠭ ᠠᠴᠠ ᠲᠦᠭᠰᠢᠭᠦᠷᠢ ᠶᠡᠬᠡᠲᠡᠢ ᠬᠥᠮᠥᠰ ᠢ ᠬᠠᠮᠢᠶᠠᠷᠴᠤ᠂ ᠲᠡᠳᠡᠨ ᠤ ᠡᠷᠡᠭᠦᠯ ᠮᠡᠨᠳᠦ ᠶᠢᠨ
| - ᠪᠠᠶᠢᠳᠠᠯ ᠢ ᠣᠶᠢᠯᠠᠭᠠᠵᠤ᠂ ᠠᠳᠠᠯᠢ ᠪᠤᠰᠤ ᠡᠷᠡᠭᠦᠯ ᠮᠡᠨᠳᠦ ᠶᠢᠨ ᠠᠶᠤᠯ ᠲᠦᠭᠰᠢᠭᠦᠷᠢ ᠶᠢᠨ ᠳᠡᠰ ᠢ ᠦᠨᠳᠦᠰᠦᠯᠡᠨ
| - ᠡᠷᠡᠭᠦᠯ ᠮᠡᠨᠳᠦ ᠶᠢᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠡᠪᠡᠳᠴᠢᠨ ᠤ ᠪᠠᠶᠢᠳᠠᠯ ᠳᠤ ᠬᠤᠪᠢᠷᠠᠯᠲᠠ ᠭᠠᠷᠤᠮᠠᠭᠴᠠ
| - ᠴᠠᠭ ᠲᠤᠬᠠᠢ ᠳᠤ ᠨᠢ ᠰᠢᠯᠵᠢᠭᠦᠯᠦᠨ ᠣᠨᠣᠰᠢᠯᠠᠭᠤᠯᠬᠤ ᠬᠡᠷᠡᠭᠲᠡᠢ᠃
| - ᠳᠥᠷᠪᠡ ᠳᠤ᠂ ᠱᠠᠲᠤ ᠬᠤᠪᠢᠶᠠᠨ ᠣᠨᠣᠰᠢᠯᠠᠨ ᠡᠮᠨᠡᠬᠦ ᠪᠠ ᠲᠥᠷᠥᠯ ᠬᠤᠪᠢᠶᠠᠨ ᠡᠮᠨᠡᠨ ᠵᠠᠰᠠᠬᠤ ᠬᠡᠷᠡᠭᠲᠡᠢ᠂
| - ᠢᠯᠠᠩᠭᠤᠶ᠎ᠠ ᠬᠦᠨᠳᠦ ᠡᠪᠡᠳᠴᠢᠲᠡᠨ ᠢ ᠵᠣᠬᠢᠬᠤ ᠡᠮᠨᠡᠨ ᠵᠠᠰᠠᠬᠤ ᠴᠢᠳᠠᠪᠤᠷᠢ ᠲᠠᠢ ᠡᠮᠴᠢᠯᠡᠭᠡᠨ ᠤ ᠪᠠᠶᠢᠭᠤᠯᠤᠮᠵᠢ ᠳᠤ
| - ᠳᠠᠷᠤᠢ ᠲᠦᠷᠭᠡᠨ ᠰᠢᠯᠵᠢᠭᠦᠯᠦᠨ ᠡᠮᠨᠡᠭᠦᠯᠬᠦ ᠬᠡᠷᠡᠭᠲᠡᠢ᠃ ᠬᠡᠷᠪᠡ ᠡᠪᠡᠳᠴᠢᠲᠡᠨ ᠢ ᠰᠢᠯᠵᠢᠭᠦᠯᠦᠨ ᠡᠮᠨᠡᠭᠦᠯᠬᠦ
| - ᠨᠥᠬᠦᠴᠡᠯ ᠢ ᠪᠦᠷᠢᠯᠳᠦᠭᠦᠯᠦᠭᠰᠡᠨ ᠦᠭᠡᠢ ᠪᠠᠶᠢᠪᠠᠯ᠂ ᠪᠢᠳᠡ ᠬᠤᠳᠠ ᠶᠢᠨ ᠲᠤᠰᠠᠯᠠᠬᠤ ᠡᠮᠨᠡᠯᠭᠡ ᠶᠢᠨ ᠬᠤᠷᠢᠶ᠎ᠠ ᠪᠠᠷ
| - ᠠᠯᠤᠰ ᠵᠠᠢ ᠠᠴᠠ ᠡᠮᠨᠡᠭᠦᠯᠬᠦ ᠪᠤᠶᠤ ᠲᠤᠰᠬᠠᠢ ᠮᠡᠷᠭᠡᠵᠢᠯᠲᠡᠨ ᠲᠣᠮᠢᠯᠠᠵᠤ ᠵᠢᠯᠣᠭᠤᠳᠤᠭᠤᠯᠬᠤ ᠠᠷᠭ᠎ᠠ ᠮᠠᠶ᠋ᠢᠭ ᠢᠶᠠᠷ
| - ᠳᠠᠮᠵᠢᠭᠤᠯᠤᠨ ᠡᠮᠴᠢᠯᠡᠭᠡᠨ ᠤ ᠠᠪᠤᠷᠠᠨ ᠵᠠᠰᠠᠯᠲᠠ ᠶᠢ ᠵᠢᠯᠣᠭᠤᠳᠤᠨ ᠥᠷᠨᠢᠭᠦᠯᠬᠦ ᠶᠢ ᠱᠠᠭᠠᠷᠳᠠᠪᠠ᠃ ᠡᠭᠦᠨ ᠤ
| - ᠵᠡᠷᠭᠡ ᠳᠤ ᠡᠯ᠎ᠡ ᠭᠠᠵᠠᠷ ᠤᠨ ᠬᠢᠨ ᠬᠤᠶᠠᠷ ᠪᠠᠶᠠᠷ ᠤᠨ ᠬᠤᠭᠤᠴᠠᠭᠠᠨ ᠳᠤ ᠲᠤᠰᠠᠯᠠᠬᠤ ᠡᠮᠨᠡᠯᠭᠡ ᠶᠢᠨ ᠬᠤᠷᠢᠶ᠎ᠠ ᠠᠴᠠ
| - ᠡᠮᠨᠡᠯᠭᠡ ᠶᠢᠨ ᠠᠵᠢᠯᠲᠠᠨ ᠲᠣᠮᠢᠯᠠᠨ ᠰᠢᠶᠠᠨ ᠤ ᠡᠮᠨᠡᠯᠭᠡ ᠶᠢᠨ ᠬᠤᠷᠢᠶᠠᠨ ᠳᠤ ᠰᠠᠭᠤᠯᠭᠠᠵᠤ ᠵᠢᠭᠠᠨ ᠵᠢᠯᠣᠭᠤᠳᠤᠭᠤᠯᠬᠤ
| - ᠬᠡᠷᠡᠭᠲᠡᠢ᠃ ᠡᠭᠦᠨ ᠠᠴᠠ ᠭᠠᠳᠠᠨ᠎ᠠ ᠡᠯ᠎ᠡ ᠭᠠᠵᠠᠷ ᠤᠨ ᠬᠢᠨ ᠲᠣᠭᠤᠷᠢᠨ ᠡᠮᠴᠢᠯᠡᠬᠦ ᠠᠩᠭᠢ ᠲᠣᠮᠢᠯᠠᠵᠤ᠂ ᠬᠤᠶᠠᠷ
| - ᠪᠠᠶᠠᠷ ᠤᠨ ᠬᠤᠭᠤᠴᠠᠭᠠᠨ ᠳᠤ ᠬᠥᠳᠡᠭᠡ ᠲᠣᠰᠬᠤᠨ ᠤ ᠲᠣᠭᠤᠷᠢᠨ ᠡᠮᠴᠢᠯᠡᠭᠡ ᠶᠢ ᠨᠡᠮᠡᠭᠳᠡᠭᠦᠯᠵᠦ᠂ ᠲᠦᠭᠰᠢᠭᠦᠷᠢ
| - ᠶᠡᠬᠡᠲᠡᠢ ᠬᠥᠮᠥᠰ ᠢ ᠴᠠᠭ ᠲᠤᠬᠠᠢ ᠳᠤ ᠨᠢ ᠢᠯᠡᠷᠡᠭᠦᠯᠵᠦ᠂ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠠᠷᠭ᠎ᠠ
| - ᠬᠡᠮᠵᠢᠶ᠎ᠡ ᠶᠢ ᠡᠷᠲᠡᠬᠡᠨ ᠠᠪᠬᠤ ᠬᠡᠷᠡᠭᠲᠡᠢ ᠭᠡᠵᠦ ᠱᠠᠭᠠᠷᠳᠠᠪᠠ᠃
| - ︽ᠬᠥᠬᠡᠭᠴᠢᠨ ᠲᠦᠷᠦᠯ ᠳᠤ ᠬᠥᠬᠡᠭᠴᠢᠨ ᠬᠠᠮᠢᠶᠠᠷᠤᠯᠲᠠ︾ ᠶᠢ ᠬᠡᠷᠡᠭᠵᠢᠭᠦᠯᠦᠭᠰᠡᠨ ᠤ ᠲᠠᠷᠠᠭ᠎ᠠ᠂ ᠲᠦᠷᠪᠡᠨ
| - ᠲᠠᠯ᠎ᠠ ᠶᠢᠨ ᠬᠠᠷᠢᠭᠤᠴᠠᠯᠭ᠎ᠠ ᠳᠤ ᠶᠠᠮᠠᠷ ᠬᠤᠪᠢᠷᠠᠯᠲᠠ ᠭᠠᠷᠬᠤ ᠪᠤᠢ︖
| - ᠬᠠᠷᠢᠶ᠎ᠠ ᠭᠠᠵᠠᠷ ᠤᠨ ᠵᠠᠰᠠᠭ ᠤᠨ ᠣᠷᠳᠣᠨ ᠭᠤᠣᠯᠳᠠᠭᠤ ᠦᠢᠯᠡᠴᠢᠯᠡᠬᠦ ᠪᠠᠷ ᠭᠤᠣᠯᠳᠠᠭᠤᠯᠵᠤ᠂ ᠭᠤᠣᠯᠳᠠᠭᠤ ᠬᠢᠨᠠᠨ
| - ᠰᠢᠨᠵᠢᠯᠡᠬᠦ᠂ ᠤᠷᠢᠳᠴᠢᠯᠠᠨ ᠰᠡᠷᠡᠮᠵᠢᠯᠡᠭᠦᠯᠬᠦ ᠵᠢᠴᠢ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠨᠡᠶᠢᠲᠡᠯᠡᠬᠦ
| - ᠠᠵᠢᠯ ᠢ ᠰᠠᠶᠢᠲᠤᠷ ᠬᠢᠵᠦ᠂ ᠡᠮᠴᠢᠯᠡᠭᠡᠨ ᠤ ᠠᠪᠤᠷᠠᠨ ᠵᠠᠰᠠᠬᠤ ᠲᠠᠯ᠎ᠠ ᠶᠢᠨ ᠦᠢᠯᠡᠴᠢᠯᠡᠭᠡᠨ ᠤ ᠠᠵᠢᠯ ᠢ ᠴᠢᠩᠭᠠᠳᠬᠠᠨ
| - ᠲᠡᠭᠦᠯᠳᠡᠷᠵᠢᠭᠦᠯᠬᠦ ᠬᠡᠷᠡᠭᠲᠡᠢ᠃ ᠡᠭᠦᠨ ᠤ ᠵᠡᠷᠭᠡ ᠳᠤ ᠡᠷᠡᠭᠦᠯ ᠮᠡᠨᠳᠦ ᠶᠢᠨ ᠲᠤᠬᠠᠢ ᠤᠬᠠᠭᠤᠯᠭ᠎ᠠ ᠬᠥᠮᠦᠵᠢᠯ ᠢ
| - ᠢᠳᠡᠪᠬᠢᠲᠡᠢ ᠬᠢᠵᠦ᠂ ᠣᠯᠠᠨ ᠤ ᠠᠮᠠᠪᠴᠢ ᠵᠡᠭᠦᠬᠦ᠂ ᠭᠠᠷ ᠢᠶᠠᠨ ᠰᠠᠶᠢᠲᠤᠷ ᠤᠬᠢᠶᠠᠬᠤ᠂ ᠰᠠᠯᠬᠢ ᠢᠯᠡᠭᠦᠬᠡᠨ
| - ᠨᠡᠪᠲᠡᠷᠡᠭᠦᠯᠬᠦ ᠶᠢ ᠬᠥᠲᠥᠯᠥᠨ ᠵᠢᠯᠤᠭᠤᠳᠬᠤ ᠬᠡᠷᠡᠭᠲᠡᠢ᠂ ᠡᠨᠡ ᠬᠦ ᠰᠠᠶᠢᠨ ᠳᠠᠳᠬᠠᠯ ᠢ ᠪᠠᠰᠠ ᠦᠷᠭᠦᠯᠵᠢᠯᠡᠨ
| | - ᠰᠠᠯᠠᠭ᠎ᠠ ᠮᠥᠴᠢᠷ ᠪᠠ ᠠᠵᠢᠯ ᠲᠥᠷᠥᠯ ᠤᠨ ᠬᠢᠨ ᠠᠵᠢᠯᠲᠠᠨ ᠳᠤ ᠪᠠᠨ ᠥᠪᠡᠷ ᠤᠨ ᠬᠠᠮᠠᠭᠠᠯᠠᠯᠲᠠ ᠪᠠᠨ ᠴᠢᠩᠭᠠᠳᠬᠠᠬᠤ
| - ᠂ ᠸᠠᠺᠼᠢᠨ ᠤ ᠪᠥᠬᠦ ᠶᠠᠪᠤᠴᠠ ᠶᠢᠨ ᠲᠠᠷᠢᠯᠭ᠎ᠠ ᠬᠢᠬᠦ ᠵᠢᠴᠢ ᠠᠷᠭ᠎ᠠ ᠴᠢᠨᠠᠷ ᠢ ᠣᠯᠵᠤ ᠮᠡᠳᠡᠭᠰᠡᠨ ᠤ ᠳᠠᠷᠠᠭ᠎ᠠ
| - ᠭᠡᠷ ᠲᠤ ᠪᠠᠨ ᠰᠠᠭᠤᠵᠤ ᠥᠪᠡᠷ ᠢ ᠪᠠᠨ ᠠᠰᠠᠷᠠᠨ ᠬᠠᠷᠠᠭᠠᠯᠵᠠᠬᠤ ᠵᠡᠷᠭᠡ ᠦᠢᠯᠡᠴᠢᠯᠡᠭᠡᠨ ᠤ ᠠᠵᠢᠯ ᠢ ᠰᠠᠨᠠᠭᠠᠴᠢᠯᠠᠬᠤ
| - ᠬᠡᠷᠡᠭᠲᠡᠢ᠃ ᠭᠡᠪᠡᠴᠦ ᠨᠠᠰᠤᠲᠠᠨ ᠢ ᠠᠰᠠᠷᠠᠬᠤ ᠬᠦᠷᠢᠶᠡᠯᠡᠩ᠂ ᠬᠡᠦᠬᠡᠳ ᠤᠨ ᠠᠰᠠᠷᠠᠮᠵᠢ ᠶᠢᠨ ᠬᠦᠷᠢᠶᠡᠯᠡᠩ᠂ ᠬᠡᠦᠬᠡᠳ
| - ᠰᠠᠭᠠᠲᠠᠭᠤᠯᠬᠤ ᠪᠠᠶᠢᠭᠤᠯᠤᠮᠵᠢ᠂ ᠰᠤᠷᠭᠠᠭᠤᠯᠢ ᠵᠡᠷᠭᠡ ᠭᠤᠣᠯᠳᠠᠯᠭ᠎ᠠ ᠲᠠᠢ ᠪᠠᠶᠢᠭᠤᠯᠤᠮᠵᠢ ᠨᠤᠭᠤᠳ ᠤᠨ ᠭᠤᠣᠯᠴᠢᠯᠠᠨ
| - ᠬᠠᠮᠢᠶᠠᠷᠬᠤ ᠰᠠᠯᠠᠭ᠎ᠠ ᠮᠥᠴᠢᠷ ᠤᠳ ᠬᠢᠵᠢᠭ ᠳᠡᠯᠭᠡᠷᠡᠭᠰᠡᠨ ᠬᠤᠭᠤᠴᠠᠭᠠᠨ ᠳᠤ ᠪᠠᠰᠠ ᠠᠵᠢᠯ ᠲᠦᠷᠦᠯ ᠤᠨ ᠴᠢᠬᠤᠯᠠ
| - ᠵᠢᠯᠤᠭᠤᠳᠬᠤ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠬᠤ ᠬᠡᠷᠡᠭᠲᠡᠢ᠃
| - ᠪᠠᠶᠢᠭᠤᠯᠭ᠎ᠠ ᠨᠢᠭᠡᠴᠢ ᠠᠴᠠ ᠠᠵᠢᠯᠲᠠᠨ ᠳᠤ ᠪᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ
| - ᠦᠢᠯᠡᠴᠢᠯᠡᠭᠡᠨ ᠤ ᠠᠵᠢᠯ ᠢ ᠬᠠᠩᠭᠠᠬᠤ ᠲᠡᠶᠢᠰᠢ ᠰᠢᠯᠵᠢᠵᠦ᠂ ᠬᠢᠵᠢᠭ ᠳᠡᠯᠭᠡᠷᠡᠵᠦ ᠪᠠᠶᠢᠭ᠎ᠠ ᠬᠤᠭᠤᠴᠠᠭᠠᠨ ᠳᠤ
| - ᠪᠠᠶᠢᠭᠤᠯᠭ᠎ᠠ ᠨᠢᠭᠡᠴᠢ ᠠᠴᠠ ᠠᠵᠢᠯᠲᠠᠨ ᠳᠤ ᠪᠠᠨ ᠡᠷᠡᠭᠦᠯ ᠮᠡᠨᠳᠦ ᠶᠢᠨ ᠵᠠᠷᠢᠮ ᠲᠠᠯ᠎ᠠ ᠶᠢᠨ ᠬᠢᠨᠠᠨ ᠪᠠᠶᠢᠴᠠᠭᠠᠯᠲᠠ ᠬᠢᠬᠦ
| - ᠬᠡᠷᠡᠭᠲᠡᠢ᠃ ᠡᠭᠦᠨ ᠠᠴᠠ ᠭᠠᠳᠠᠨ᠎ᠠ᠂ ᠸᠠᠺᠼᠢᠨ ᠤ ᠲᠠᠷᠢᠯᠭ᠎ᠠ ᠬᠢᠬᠦ ᠶᠢ ᠰᠢᠮᠳᠠᠭᠤᠯᠬᠤ ᠬᠡᠷᠡᠭᠲᠡᠢ᠃ ᠰᠤᠷᠭᠠᠭᠤᠯᠢ
| - ᠪᠣᠯᠣᠨ ᠨᠠᠰᠤᠲᠠᠨ ᠢ ᠠᠰᠠᠷᠠᠬᠤ ᠬᠦᠷᠢᠶᠡᠯᠡᠩ ᠵᠡᠷᠭᠡ ᠭᠤᠣᠯᠳᠠᠯᠭ᠎ᠠ ᠲᠠᠢ ᠪᠠᠶᠢᠭᠤᠯᠤᠮᠵᠢ ᠨᠤᠭᠤᠳ ᠬᠢᠵᠢᠭ ᠤᠨ
| - ᠪᠠᠶᠢᠳᠠᠯ ᠳᠡᠯᠭᠡᠷᠡᠵᠦ ᠪᠠᠶᠢᠭ᠎ᠠ ᠬᠤᠭᠤᠴᠠᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ
| - ᠦᠷᠭᠦᠯᠵᠢᠯᠡᠨ ᠰᠠᠶᠢᠲᠤᠷ ᠬᠢᠵᠦ᠂ ᠴᠠᠭ ᠲᠤᠬᠠᠢ ᠳᠤ ᠨᠢ ᠴᠢᠩᠭ᠎ᠠ ᠨᠢᠮᠪᠠᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ
| - ᠠᠪᠴᠤ᠂ ᠲᠥᠪᠯᠡᠷᠡᠯ ᠤᠨ ᠴᠢᠨᠠᠷᠲᠠᠢ ᠬᠢᠵᠢᠭ ᠤᠨ ᠪᠠᠶᠢᠳᠠᠯ ᠡᠭᠦᠰᠬᠦ ᠶᠢ ᠰᠡᠷᠭᠡᠶᠢᠯᠡᠬᠦ ᠬᠡᠷᠡᠭᠲᠡᠢ᠃
| - 4. ᠬᠤᠪᠢ ᠬᠥᠮᠥᠨ ᠤ ᠬᠠᠮᠠᠭᠠᠯᠠᠯᠲᠠ ᠶᠢᠨ ᠲᠠᠯ᠎ᠠ ᠪᠠᠷ ᠰᠤᠯᠠᠷᠠᠭᠤᠯᠵᠤ ᠪᠣᠯᠬᠤ ᠦᠭᠡᠢ᠂ ᠢᠯᠠᠩᠭᠤᠶ᠎ᠠ ᠴᠢᠬᠤᠯᠠ
| - ᠪᠠᠶᠢᠳᠠᠯ ᠳᠤ ᠠᠮᠠᠪᠴᠢ ᠵᠡᠭᠦᠵᠦ᠂ ᠭᠠᠷ ᠢᠶᠠᠨ ᠰᠠᠶᠢᠲᠤᠷ ᠤᠬᠢᠶᠠᠵᠤ᠂ ᠵᠠᠷᠢᠮ ᠭᠠᠵᠠᠷ ᠲᠤ ᠰᠠᠯᠬᠢ ᠢᠯᠡᠭᠦᠬᠡᠨ
| - ᠨᠠᠪᠲᠠᠷᠡᠭᠦᠯᠵᠦ᠂ ᠬᠠᠮᠤᠭ ᠰᠠᠶᠢᠨ ᠳᠤ ᠪᠠᠨ ᠨᠡᠶᠢᠲᠡ ᠶᠢᠨ ᠰᠠᠪᠬ᠎ᠠ ᠬᠡᠷᠡᠭᠯᠡᠬᠦ ᠵᠡᠷᠭᠡ ᠡᠷᠡᠭᠦᠯ ᠪᠣᠯᠪᠠᠰᠤᠨ
| - ᠠᠮᠢᠳᠤᠷᠠᠯ ᠤᠨ ᠠᠷᠭ᠎ᠠ ᠮᠠᠶ᠋ᠢᠭ ᠢ ᠪᠠᠷᠢᠮᠲᠠᠯᠠᠬᠤ ᠬᠡᠷᠡᠭᠲᠡᠢ᠃
| | | | |