ᠰᠢᠯᠢ ᠶᠢᠨ ᠭᠤᠤᠯ ᠠᠶᠢᠮᠠᠭ ᠪᠥᠬᠦ ᠣᠷᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠰᠦᠯᠵᠢᠶᠡᠨ ᠳᠡᠭᠡᠷᠡᠬᠢ ᠰᠣᠯᠢᠯᠴᠠᠨ ᠶᠠᠷᠢᠯᠴᠠᠬᠤ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2022/12/5
  ᠪᠥᠬᠦ ᠣᠷᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠬᠤᠷᠠᠯ 12 ᠰᠠᠷ᠎ᠠ ᠶᠢᠨ 2 ᠤᠨ ᠡᠳᠦᠷ ᠰᠦᠯᠵᠢᠶᠡᠨ ᠳᠡᠭᠡᠷᠡᠬᠢ ᠶᠠᠷᠢᠯᠴᠠᠬᠤ ᠬᠤᠷᠠᠯ ᠤᠨ ᠬᠡᠯᠪᠡᠷᠢ ᠪᠠᠷ ᠬᠤᠷᠠᠯᠳᠤᠵᠤ᠂ ᠰᠢᠯᠢ ᠶᠢᠨ ᠭᠤᠤᠯ ᠠᠶᠢᠮᠠᠭ 12 ᠰᠠᠷ᠎ᠠ ᠶᠢᠨ 3 ᠤ ᠦᠳᠡ ᠶᠢᠨ ᠬᠤᠶᠢᠨ᠎ᠠ ᠪᠥᠬᠦ ᠣᠷᠣᠨ ᠤ ᠭᠠᠳᠠᠭᠠᠳᠤ ᠨᠡᠭᠡᠭᠡᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠲᠠᠢ ︽ᠨᠢᠭᠡ ᠨᠢᠭᠡ ᠪᠠᠷ ᠨᠢᠭᠤᠷᠳᠠᠨ ᠶᠠᠷᠢᠯᠴᠠᠬᠤ︾ ᠰᠣᠯᠢᠯᠴᠠᠭᠠᠨ ᠤ ᠶᠠᠷᠢᠯᠴᠠᠬᠤ ᠬᠤᠷᠠᠯ ᠬᠢᠪᠠ᠃ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠠᠷᠤᠭ᠎ᠠ ᠵᠠᠩ ᠬᠤᠩ ᠹᠦ᠋᠂ ᠲᠢᠩᠬᠢᠮ ᠤᠨ ᠳᠡᠳ᠋ ᠳᠠᠷᠤᠭ᠎ᠠ ᠾᠧᠦ ᠶᠠᠨ ᠾᠦᠢ᠂ ᠯᠢ ᠵᠢᠶᠦ᠋ᠨ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠡᠤ ᠴᠢᠩ ᠬᠤᠸᠠ ᠵᠢᠴᠢ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠤᠭ᠎ᠠ ᠪᠦᠷᠢᠳᠬᠡᠯ ᠤᠨ ᠲᠣᠪᠴᠢᠶᠠᠨ ᠤ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠂ ᠬᠤᠷᠠᠯ ᠢ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠠᠷᠤᠭ᠎ᠠ ᠵᠠᠩ ᠬᠤᠩ ᠹᠦ᠋ ᠡᠷᠭᠢᠯᠡᠵᠡᠶ᠃ 
锡盟参加全区招商引资线上座谈交流会议.png 
     ᠬᠤᠷᠠᠯ ᠠᠴᠠ ᠰᠢᠯᠢ ᠶᠢᠨ ᠭᠤᠣᠯ ᠠᠶᠢᠮᠠᠭ ᠤᠨ ᠭᠠᠳᠠᠭᠠᠳᠤ ᠪᠡᠯᠡ ᠶᠢ ᠠᠰᠢᠭᠯᠠᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠦᠬᠦ ᠠᠶᠢᠮᠠᠭ ᠤᠨ ᠭᠠᠳᠠᠭᠠᠳᠤ ᠪᠡᠯᠡ ᠶᠢ ᠠᠰᠢᠭᠯᠠᠬᠤ ᠠᠵᠢᠯ ᠢ ᠭᠦᠢᠴᠡᠳ ᠨᠤᠲᠠᠯᠠᠵᠤ᠂ ᠠᠶᠢᠮᠠᠭ ᠤᠨ ᠳᠣᠲᠣᠷᠠᠬᠢ ᠭᠤᠣᠯᠳᠠᠯᠭ᠎ᠠ ᠲᠠᠢ ᠭᠠᠳᠠᠭᠠᠳᠤ ᠪᠡᠯᠡ ᠶᠢᠨ ᠲᠦᠷᠦᠯ ᠵᠦᠢᠯ ᠤᠨ ᠪᠠᠶᠢᠳᠠᠯ ᠵᠢᠴᠢ 2023 ᠣᠨ ᠤ ᠭᠠᠳᠠᠭᠠᠳᠤ ᠪᠡᠯᠡ ᠶᠢ ᠠᠰᠢᠭᠯᠠᠬᠤ ᠵᠢᠱᠢᠯᠲᠡ ᠶᠢᠨ ᠲᠤᠭ᠎ᠠ ᠶᠢ ᠨᠠᠷᠢᠨ ᠣᠶᠢᠯᠠᠭᠠᠵᠤ᠂ ᠭᠤᠣᠯᠳᠠᠯᠭ᠎ᠠ ᠲᠠᠢ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ 2023 ᠣᠨ ᠤ ᠪᠡᠯᠡ ᠮᠥᠩᠭᠦ ᠪᠠᠨ ᠨᠡᠮᠡᠭᠳᠡᠭᠦᠯᠵᠦ ᠥᠷᠭᠡᠳᠬᠡᠨ ᠪᠠᠶᠢᠭᠤᠯᠬᠤ ᠲᠦᠷᠦᠯ ᠵᠦᠢᠯ ᠤᠨ ᠲᠥᠯᠥᠪᠯᠡᠭᠡ ᠶᠢ ᠴᠢᠨᠠᠭᠰᠢᠳᠠ ᠡᠮᠬᠢᠯᠡᠵᠦ᠂ ᠪᠠᠶᠢᠳᠠᠯ ᠢ ᠤᠷᠢᠳᠴᠢᠯᠠᠨ ᠣᠶᠢᠯᠠᠭᠠᠵᠤ᠂ ᠮᠥᠷᠳᠡᠨ ᠦᠢᠯᠡᠴᠢᠯᠡᠬᠦ ᠶᠢ ᠰᠠᠶᠢᠲᠤᠷ ᠬᠢᠵᠦ᠂ ᠶᠡᠭᠡ ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠱᠠᠭᠠᠷᠳᠠᠪᠠ᠃ ᠬᠤᠷᠠᠯ ᠠᠴᠠ ᠰᠢᠯᠢ ᠶᠢᠨ ᠭᠤᠤᠯ ᠠᠶᠢᠮᠠᠭ ᠤᠨ 2023 ᠣᠨ ᠳᠤ ᠲᠣᠭᠲᠠᠭᠠᠭᠰᠠᠨ ᠭᠠᠳᠠᠭᠠᠳᠤ ᠪᠠᠯᠠ ᠶᠢ ᠠᠰᠢᠭᠯᠠᠬᠤ ᠬᠠᠷᠠᠯᠲᠠᠲᠤ ᠡᠭᠦᠷᠭᠡ ᠶᠢ ᠲᠣᠳᠣᠷᠬᠠᠶ ᠲᠣᠭᠲᠠᠭᠠᠵᠤ᠂ ᠠᠵᠤ ᠦᠢᠯᠡᠰ ᠤᠨ ᠪᠦᠲᠦᠴᠡ ᠶᠢ ᠳᠣᠭᠢᠷᠠᠭᠤᠯᠤᠨ ᠰᠢᠯᠢᠳᠡᠭᠵᠢᠭᠦᠯᠬᠦ ᠲᠠᠯ᠎ᠠ ᠪᠠᠷ ᠬᠦᠴᠦ ᠣᠷᠣᠭᠤᠯᠵᠤ᠂ ᠲᠡᠷᠢᠭᠦᠨ ᠤ ᠦᠢᠯᠡᠳᠬᠦ ᠦᠢᠯᠡᠰ᠂ ᠲᠣᠨᠤᠭ ᠲᠥᠬᠦᠭᠡᠷᠦᠮᠵᠢ ᠦᠢᠯᠡᠳᠬᠦ ᠦᠢᠯᠡᠰ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠵᠡᠷᠭᠡ ᠬᠦᠷᠢᠶᠡᠨ ᠳᠤ ᠭᠤᠤᠯᠳᠠᠯᠭ᠎ᠠ ᠲᠠᠢ ᠬᠤᠳᠠᠯᠳᠤᠭᠠᠴᠢᠨ ᠤᠷᠢᠬᠤ ᠬᠡᠷᠡᠭᠲᠡᠶ ᠭᠡᠵᠦ ᠱᠠᠭᠠᠷᠳᠠᠪᠠ᠃    ᠪᠥᠬᠦ ᠣᠷᠣᠨ ᠤ ᠭᠠᠳᠠᠭᠠᠳᠤ ᠨᠡᠭᠡᠭᠡᠯᠲᠡ ᠶᠢᠨ ᠤᠳᠤᠷᠢᠳᠬᠤ ᠳᠤᠭᠤᠶᠢᠯᠠᠩ ᠤᠨ ︽ᠭᠤᠷᠪᠠ ᠭᠤᠷᠪᠠ ᠳᠥᠷᠪᠡ︾ ᠶᠢᠨ ᠠᠵᠢᠯ ᠤᠨ ᠪᠠᠶᠢᠷᠢᠯᠠᠭᠤᠯᠤᠯᠲᠠ ᠶᠢ ᠳᠤᠷᠠᠳᠪᠠ᠄ ᠨᠢᠭᠡ ᠳᠤ᠂ ᠣᠷᠣᠶ ᠶᠢᠨ ᠳᠠᠪᠬᠤᠷᠭ᠎ᠠ ᠶᠢᠨ ᠵᠢᠷᠤᠭ ᠲᠥᠯᠥᠪᠯᠡᠭᠡ ᠶᠢᠨ ᠭᠤᠷᠪᠠᠨ ᠪᠢᠴᠢᠭ ᠮᠠᠲ᠋ᠧᠷᠢᠶᠠᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠴᠢᠨ ᠤᠷᠢᠵᠤ ᠪᠠᠯᠠ ᠲᠠᠲᠠᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠦᠯ ᠢ ᠲᠤᠭᠤᠷᠪᠢᠵᠤ᠂ ᠪᠥᠬᠦ ᠣᠷᠣᠨ ᠤ ᠬᠤᠳᠠᠯᠳᠤᠭᠠᠴᠢᠨ ᠤᠷᠢᠵᠤ ᠪᠠᠯᠠ ᠲᠠᠲᠠᠬᠤ ᠶᠢ ᠰᠢᠯᠭᠠᠨ ᠬᠢᠨᠠᠵᠤ ᠱᠠᠩᠨᠠᠬᠤ ᠠᠷᠭ᠎ᠠ ᠶᠢ ᠲᠣᠭᠲᠠᠭᠠᠵᠤ᠂ ᠬᠤᠳᠠᠯᠳᠤᠭᠠᠴᠢᠨ ᠤᠷᠢᠵᠤ ᠪᠠᠯᠠ ᠲᠠᠲᠠᠬᠤ ᠶᠢ ᠳᠣᠭᠢᠷᠠᠭᠤᠯᠤᠨ ᠪᠦᠷᠢᠳᠬᠡᠬᠦ ᠬᠠᠮᠢᠶᠠᠷᠤᠯᠲᠠ ᠶᠢᠨ ᠠᠷᠭ᠎ᠠ ᠶᠢ ᠭᠠᠷᠲᠠᠨ ᠲᠣᠭᠲᠠᠭᠠᠨ᠎ᠠ᠃ ᠬᠤᠶᠠᠷ ᠲᠤ᠂ ᠭᠤᠷᠪᠠᠨ ᠬᠤᠷᠠᠯ᠂ ᠪᠥᠬᠦ ᠣᠷᠣᠨ ᠤ 1 — 9 ᠳ᠋ᠣᠭᠡᠷ ᠰᠠᠷ᠎ᠠ ᠶᠢᠨ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢ ᠳᠣᠭᠢᠷᠠᠭᠤᠯᠬᠤ ᠬᠤᠷᠠᠯ ᠢ ᠪᠡᠯᠡᠳᠬᠡᠨ ᠬᠤᠷᠠᠯᠳᠤᠭᠤᠯᠵᠤ᠂ 2023 ᠣᠨ ᠤ 1 ᠳ᠋ᠣᠭᠡᠷ ᠰᠠᠷ᠎ᠠ ᠶᠢᠨ ᠡᠬᠢ ᠪᠠᠷ ᠪᠥᠬᠦ ᠣᠷᠣᠨ ᠤ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢ ᠳ᠋ᠦᠩᠨᠡᠨ ᠳᠣᠭᠢᠷᠠᠭᠤᠯᠬᠤ ᠬᠤᠷᠠᠯ ᠢ ᠬᠤᠷᠠᠯᠳᠤᠭᠤᠯᠵᠤ᠂ ᠵᠢᠯ ᠤᠨ ᠡᠬᠢᠨ ᠤ 7 ᠳ᠋ᠤᠭᠠᠷ ᠰᠠᠷ᠎ᠠ ᠳᠤ ᠪᠥᠬᠦ ᠣᠷᠣᠨ ᠤ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠵᠢᠴᠢ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠬᠥᠬᠢᠭᠦᠯᠦᠨ ᠱᠠᠩᠨᠠᠬᠤ ᠶᠡᠭᠡ ᠬᠤᠷᠠᠯ ᠢ ᠬᠤᠷᠠᠯᠳᠤᠭᠤᠯᠤᠨ᠎ᠠ᠃ ᠭᠤᠷᠪᠠ ᠳᠤ᠂ ᠲᠦᠷᠪᠡᠨ ᠲᠠᠯ᠎ᠠ ᠶᠢᠨ ᠲᠣᠭᠤᠷᠢᠨ ᠳᠤ ᠡᠷᠴᠢᠮᠵᠢᠭᠦᠯᠵᠦ᠂ ᠰᠠᠷ᠎ᠠ ᠶᠢᠨ ᠳᠤᠬᠢᠷᠠᠭᠤᠯᠤᠯᠳᠠ ᠶᠢ ᠴᠢᠩᠭᠠᠳᠬᠠᠵᠤ᠂ ᠱᠠᠯᠠᠪᠳᠠᠭᠤᠯᠤᠨ ᠪᠠᠶᠢᠴᠠᠭᠠᠵᠤ ᠵᠢᠯᠣᠭᠤᠳᠬᠤ ᠶᠢ ᠴᠢᠩᠭᠠᠳᠬᠠᠵᠤ᠂ ᠬᠢᠨᠠᠨ ᠰᠢᠯᠭᠠᠵᠤ ᠦᠨᠡᠯᠡᠬᠦ ᠶᠢ ᠴᠢᠩᠭᠠᠳᠬᠠᠵᠤ᠂ ᠤᠬᠠᠭᠤᠯᠵᠤ ᠠᠬᠢᠭᠤᠯᠬᠤ ᠶᠢ ᠴᠢᠩᠭᠠᠳᠬᠠᠨ᠎ᠠ᠃ ᠬᠤᠷᠠᠯ ᠠᠴᠠ ᠰᠢᠯᠢ ᠶᠢᠨ ᠭᠤᠤᠯ ᠠᠶᠢᠮᠠᠭ ᠤᠨ ᠭᠠᠵᠠᠷ ᠣᠷᠣᠨ ᠤ ᠭᠠᠳᠠᠭᠠᠳᠤ ᠨᠡᠭᠡᠭᠡᠯᠲᠡ ᠶᠢᠨ ᠤᠳᠤᠷᠢᠳᠬᠤ ᠳᠤᠭᠤᠶᠢᠯᠠᠩ ᠪᠠᠶᠢᠭᠤᠯᠤᠭᠳᠠᠭᠰᠠᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠪᠠ᠃     ᠲᠠᠷᠠᠭᠠᠴᠢ ᠶᠢᠨ ᠠᠯᠬᠤᠮ ᠳᠤ᠂ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠬᠤᠷᠠᠯ ᠤᠨ ᠵᠣᠷᠢᠭ ᠰᠠᠨᠠᠭ᠎ᠠ ᠶᠢᠨ ᠲᠣᠭᠤᠷᠢᠨ ᠳᠤ ᠳᠣᠤᠷᠠᠬᠢ ᠬᠡᠳᠦᠨ ᠵᠦᠢᠯ ᠤᠨ ᠠᠵᠢᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠨᠢᠭᠡ ᠳᠤ᠂ ᠡᠯ᠎ᠡ ᠲᠥᠷᠥᠯ ᠤᠨ ᠦᠵᠡᠭᠦᠯᠦᠯᠭᠡ ᠶᠢᠨ ᠲᠠᠪᠴᠠᠩ ᠢ ᠭᠦᠢᠴᠡᠳ ᠠᠰᠢᠭᠯᠠᠨ᠂ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠪᠠᠶᠢᠭᠠᠳ ︽ᠪᠠᠯᠠ ᠣᠷᠣᠭᠤᠯᠤᠯᠲᠠ ᠶᠢᠨ ᠵᠥᠪᠳᠡᠯᠴᠡᠭᠡᠨ ᠤ ᠬᠤᠷᠠᠯ︾᠂ ︽ᠦᠢᠯᠡᠴᠢᠯᠡᠭᠡᠨ ᠤ ᠠᠷᠠᠯᠵᠢᠶᠠᠨ ᠤ ᠬᠤᠷᠠᠯ︾᠂ ︽ᠳᠤᠮᠳᠠᠳᠤ ᠤᠯᠤᠰ ᠤᠨ ᠦᠵᠡᠭᠦᠯᠦᠯᠭᠡ ᠶᠢᠨ ᠴᠤᠭᠯᠠᠭᠠᠨ︾᠂ ︽ᠭᠤᠸᠠᠩᠵᠧᠦ ᠶᠢᠨ ᠠᠷᠠᠯᠵᠢᠶᠠᠨ ᠤ ᠴᠤᠭᠯᠠᠭᠠᠨ︾ ᠵᠡᠷᠭᠡ ᠰᠦᠯᠵᠢᠶᠡᠨ ᠭᠠᠳᠠᠨᠠᠬᠢ ᠦᠵᠡᠭᠦᠯᠦᠯᠭᠡ ᠶᠢᠨ ᠴᠤᠭᠯᠠᠭᠠᠨ ᠵᠢᠴᠢ ᠰᠦᠯᠵᠢᠶᠡᠨ ᠳᠡᠭᠡᠷᠡᠬᠢ ᠬᠤᠳᠠᠯᠳᠤᠭᠠᠴᠢᠨ ᠤᠷᠢᠬᠤ ᠬᠤᠷᠠᠯ᠂ ᠵᠥᠪᠳᠡᠯᠴᠡᠭᠡᠨ ᠤ ᠬᠤᠷᠠᠯ᠂ ᠭᠡᠷ᠎ᠡ ᠲᠣᠭᠲᠠᠬᠤ ᠬᠤᠷᠠᠯ ᠵᠡᠷᠭᠡ ᠠᠵᠢᠯᠯᠠᠭ᠎ᠠ ᠳᠤ ᠣᠷᠣᠯᠴᠠᠭᠤᠯᠤᠨ᠎ᠠ᠃ ᠡᠭᠦᠨ ᠤ ᠬᠠᠮᠲᠤ ᠴᠢᠬᠤᠯᠠ ᠶᠡᠭᠡ ᠦᠵᠡᠭᠦᠯᠦᠯᠭᠡ ᠶᠢᠨ ᠲᠠᠪᠴᠠᠩ ᠢ ᠠᠰᠢᠭᠯᠠᠨ᠂ ᠭᠤᠤᠯᠳᠠᠯᠭ᠎ᠠ ᠲᠠᠢ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠰᠢᠯᠢ ᠶᠢᠨ ᠭᠤᠤᠯ ᠠᠶᠢᠮᠠᠭ ᠤᠨ ᠤᠨᠴᠠᠯᠢᠬᠳᠤ ᠭᠤᠤᠯ ᠰᠡᠳᠦᠪᠲᠦ ᠲᠠᠨᠢᠯᠴᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠲᠣᠨᠤᠭ ᠲᠥᠬᠦᠭᠡᠷᠦᠮᠵᠢ ᠦᠢᠯᠡᠳᠬᠦ ᠦᠢᠯᠡᠰ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠵᠡᠷᠭᠡ ᠲᠠᠯ᠎ᠠ ᠶᠢᠨ ᠭᠠᠳᠠᠭᠠᠳᠤ ᠪᠠᠯᠠ ᠶᠢ ᠣᠷᠣᠭᠤᠯᠤᠨ ᠠᠪᠴᠢᠷᠠᠬᠤ ᠶᠢ ᠴᠢᠬᠤᠯᠠᠴᠢᠯᠠᠨ᠎ᠠ᠃ ᠬᠤᠶᠠᠷ ᠲᠤ᠂ ᠲᠥᠷᠥᠯ ᠵᠦᠢᠯ ᠤᠨ ᠡᠬᠢ ᠪᠠᠶᠠᠯᠢᠭ ᠢ ᠭᠦᠨ ᠠᠭᠤᠳᠠᠯᠵᠤ᠂ ︽ᠭᠠᠳᠠᠭᠰᠢ ᠭᠠᠷᠴᠤ︾ ᠬᠤᠳᠠᠯᠳᠤᠭᠠᠴᠢᠨ ᠤᠷᠢᠵᠤ ᠲᠠᠨᠢᠯᠴᠠᠭᠤᠯᠬᠤ ᠪᠠ︽ᠤᠷᠢᠵᠤ ᠠᠪᠴᠢᠷᠠᠬᠤ︾ ᠰᠢᠨᠵᠢᠯᠡᠨ ᠪᠠᠶᠢᠴᠠᠭᠠᠬᠤ ᠶᠢ ᠵᠣᠯᠭᠠᠭᠤᠯᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠠᠶᠢᠮᠠᠭ ᠤᠨ ᠳᠣᠲᠣᠷᠠᠬᠢ ᠬᠡᠰᠡᠭ ᠭᠤᠤᠯᠳᠠᠯᠭ᠎ᠠ ᠲᠠᠢ ᠠᠵᠤ ᠠᠬᠤᠶᠢᠯᠠᠯ ᠤᠨ ᠵᠢᠶᠠᠩᠰᠦ ᠵᠧᠵᠢᠶᠠᠩ ᠣᠷᠣᠨ᠂ ᠪᠡᠭᠡᠵᠢᠩ ᠣᠷᠣᠨ ᠳᠤ ᠰᠠᠭᠤᠭ᠎ᠠ ᠰᠢᠶᠠᠩᠭᠠᠩ ᠣᠣᠮᠧᠨ ᠲᠠᠶᠢᠸᠠᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠵᠣᠯᠭᠠᠭᠤᠯᠵᠤ ᠬᠤᠳᠠᠯᠳᠤᠭᠠᠴᠢᠨ ᠤᠷᠢᠬᠤ ᠶᠢ ᠥᠷᠨᠢᠭᠦᠯᠬᠦ ᠶᠢᠨ ᠬᠠᠮᠲᠤ ᠭᠤᠤᠯᠳᠠᠯᠭ᠎ᠠ ᠲᠠᠢ ᠦᠵᠡᠭᠦᠯᠦᠯᠭᠡ ᠶᠢᠨ ᠲᠠᠪᠴᠠᠩ ᠢ ᠠᠰᠢᠭᠯᠠᠨ ᠴᠢᠬᠤᠯᠠ ᠶᠡᠭᠡ ᠭᠠᠳᠠᠭᠠᠳᠤ ᠪᠡᠯᠡ ᠶᠢᠨ ᠠᠵᠤ ᠠᠬᠤᠶᠢᠯᠠᠯ ᠢ ᠰᠢᠯᠢ ᠶᠢᠨ ᠭᠤᠤᠯ ᠳᠤ ᠤᠷᠢᠵᠤ ᠰᠢᠨᠵᠢᠯᠡᠨ ᠪᠠᠶᠢᠴᠠᠭᠠᠯᠭᠠᠵᠤ ᠵᠥᠪᠳᠡᠯᠴᠡᠬᠦ ᠶᠢ ᠥᠷᠨᠢᠭᠦᠯᠵᠦ᠂ ᠲᠣᠰ ᠭᠠᠵᠠᠷ ᠣᠷᠣᠨ ᠤ ᠠᠵᠤ ᠠᠬᠤᠶᠢᠯᠠᠯ ᠢ ᠤᠬᠠᠭᠤᠯᠤᠨ ᠲᠠᠨᠢᠯᠴᠠᠭᠤᠯᠵᠤ᠂ ᠭᠠᠳᠠᠭᠠᠳᠤ ᠪᠠᠯᠠ ᠶᠢᠨ ᠲᠥᠷᠥᠯ ᠵᠦᠢᠯ ᠢ ᠲᠡᠳᠡᠨ ᠣᠷᠣᠭᠤᠯᠤᠨ᠎ᠠ᠃ ᠭᠤᠷᠪᠠ ᠳᠤ᠂ ᠤᠳᠤ ᠪᠠᠶᠢᠭ᠎ᠠ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠪᠡᠯᠡ ᠮᠥᠩᠭᠦ ᠪᠠᠨ ᠨᠡᠮᠡᠭᠳᠡᠭᠦᠯᠦᠨ ᠦᠢᠯᠡᠳᠪᠦᠷᠢᠯᠡᠯ ᠢᠶᠠᠨ ᠥᠷᠭᠡᠳᠬᠡᠬᠦ ᠠᠵᠢᠯ ᠢ ᠰᠠᠶᠢᠲᠤᠷ ᠬᠢᠵᠦ᠂ ᠭᠤᠣᠯᠳᠠᠯᠭ᠎ᠠ ᠲᠠᠢ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ︽ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ︾ ᠶᠢ ᠵᠣᠷᠢᠭᠵᠢᠭᠤᠯᠤᠨ ᠲᠡᠮᠵᠢᠨ᠎ᠠ᠃ ᠠᠵᠤ ᠠᠬᠤᠶᠢᠯᠠᠯ ᠤᠨ ᠪᠠᠶᠢᠴᠠᠭᠠᠨ ᠰᠤᠳᠤᠯᠤᠯᠲᠠ ᠶᠢ ᠴᠢᠩᠭᠠᠳᠬᠠᠬᠤ ᠪᠠᠷ ᠳᠠᠮᠵᠢᠭᠤᠯᠤᠨ᠂ ᠭᠤᠣᠯᠳᠠᠯᠭ᠎ᠠ ᠲᠠᠢ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠴᠠᠭ ᠲᠤᠬᠠᠶ ᠳᠤ ᠨᠢ ᠣᠶᠢᠯᠠᠭᠠᠵᠤ᠂ ᠠᠵᠤ ᠠᠬᠤᠶᠢᠯᠠᠯ ᠢ ᠢᠳᠡᠪᠬᠢᠲᠡᠶ ᠪᠠᠷ ᠬᠠᠪᠰᠤᠷᠤᠨ ᠬᠤᠯᠪᠣᠭᠳᠠᠯ ᠪᠦᠬᠦᠢ ᠠᠰᠠᠭᠤᠳᠠᠯ ᠢ ᠨᠢ ᠰᠢᠢᠳᠪᠦᠷᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠷᠢᠨ ᠵᠦᠢᠯ ᠤᠨ ᠠᠷᠭ᠎ᠠ ᠬᠡᠮᠵᠢᠶ᠎ᠡ ᠶᠢ ᠰᠢᠯᠢᠳᠡᠭᠵᠢᠭᠦᠯᠬᠦ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠡᠪ ᠤᠨ ᠡᠵᠡᠩᠨᠡᠯᠲᠡ ᠶᠢ ᠪᠦᠬᠦ ᠬᠦᠴᠦᠨ ᠢᠶᠠᠷ ᠢᠶᠠᠨ ᠪᠠᠲᠤᠯᠠᠪᠠ᠃ 
 
ᠢᠷᠡᠯᠲᠡ᠄ ᠰᠢᠯᠢ ᠶᠢᠨ ᠭᠤᠤᠯ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号