2022 ᠣᠨ ᠤ 12 ᠰᠠᠷ᠎ᠠ ᠶᠢᠨ 5 ᠤ ᠡᠳᠦᠷ ᠤᠨ 0 ᠴᠠᠭ ᠠᠴᠠ 24 ᠴᠠᠭ ᠪᠤᠯᠲᠠᠯᠠᠭᠢ ᠥᠪᠥᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/12/6
    2022 ᠣᠨ ᠤ 12 ᠰᠠᠷ᠎ᠠ ᠶᠢᠨ 5 ᠤ ᠡᠳᠦᠷ ᠤᠨ 0 ᠴᠠᠭ ᠠᠴᠠ 24 ᠴᠠᠭ ᠪᠤᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 43 ᠨᠡᠮᠡᠭᠳᠡᠵᠦ᠂ ᠡᠭᠦᠨ ᠳᠤ ᠭᠦᠭᠡᠬᠤᠳᠠ ᠳᠤ 37᠂ ᠤᠯᠠᠭᠠᠨᠬᠠᠳᠠ ᠬᠤᠳᠠ ᠳᠤ 4᠂ ᠣᠷᠳᠣᠰ ᠬᠤᠲᠠ ᠳᠤ 2 ᠪᠣᠢ᠃   ᠲᠤᠬᠠᠢ ᠶᠢᠨ ᠡᠳᠦᠷ ᠢᠯᠠᠷᠢᠰᠢᠵᠤ ᠡᠮᠨᠡᠯᠭᠡ ᠠᠴᠠ ᠭᠠᠷᠤᠭᠰᠠᠨ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 77 ᠨᠡᠮᠡᠭᠳᠡᠵᠦ᠂ ᠡᠭᠦᠨ ᠳᠤ ᠭᠦᠭᠡᠬᠤᠳᠠ ᠳᠤ 59᠂ ᠬᠥᠯᠥᠨ ᠪᠤᠶᠢᠷ ᠬᠤᠲᠠ ᠳᠤ 7᠂ ᠤᠯᠠᠭᠠᠨᠬᠠᠳᠠ ᠬᠤᠲᠠ ᠳᠤ 1᠂ ᠣᠷᠳᠣᠰ ᠬᠤᠲᠠ ᠳᠤ 10 ᠪᠣᠢ᠃   12 ᠰᠠᠷ᠎ᠠ ᠶᠢᠨ 5 ᠤ ᠡᠳᠦᠷ ᠤᠨ 24 ᠴᠠᠭ ᠪᠤᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠲᠣ ᠪᠠᠶᠢᠭ᠎ᠠ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 690 ᠪᠠᠶᠢᠵᠤ᠂ ᠡᠭᠦᠨ ᠳᠤ ᠭᠦᠭᠡᠬᠤᠳᠠ ᠳᠤ 417᠂ ᠬᠥᠯᠥᠨ ᠪᠦᠢᠷ ᠬᠤᠳᠠ ᠳᠤ 93᠂ ᠬᠢᠩᠭᠠᠨ ᠠᠶᠢᠮᠠᠭ ᠲᠤ 4᠂ ᠤᠯᠠᠭᠠᠨᠬᠠᠳᠠ ᠬᠤᠲᠠ ᠳᠤ 70᠂ ᠰᠢᠯᠢ ᠶᠢᠨ ᠭᠤᠣᠯ ᠠᠶᠢᠮᠠᠭ ᠲᠤ 1᠂ ᠤᠯᠠᠭᠠᠨᠴᠠᠪ ᠬᠤᠳᠠ ᠳᠤ 3᠂ ᠣᠷᠳᠣᠰ ᠬᠤᠲᠠ ᠳᠤ 102 ᠪᠤᠢ᠃   ᠲᠤᠬᠠᠢ ᠶᠢᠨ ᠡᠳᠦᠷ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠨᠡᠮᠡᠭᠳᠡᠭᠰᠡᠨ ᠦᠭᠡᠢ᠂ ᠲᠤᠬᠠᠢ ᠶᠢᠨ ᠡᠳᠦᠷ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 2 ᠨᠡᠮᠡᠭᠳᠡᠵᠦ᠂ ᠢᠯᠠᠷᠢᠰᠢᠵᠤ ᠡᠮᠨᠡᠯᠭᠡ ᠠᠴᠠ ᠭᠠᠷᠤᠭᠰᠠᠨ ᠲᠣᠳᠣᠯᠠᠭᠰᠠᠨ ᠡᠪᠡᠳᠴᠢᠨ ᠤ ᠵᠢᠱᠢᠶ᠎ᠡ 2 ᠪᠠᠶᠢᠵᠤ᠂ ᠴᠥᠮ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠤᠯᠠᠨ ᠤᠯᠤᠰ ᠤᠨ ᠡᠭᠡᠯᠵᠢ ᠶᠢᠨ ᠨᠢᠰᠬᠡᠯ ᠤᠨ ᠬᠤᠪᠢᠶᠠᠷᠢᠯᠠᠯᠲᠠ ᠪᠠᠷ ᠭᠦᠭᠡᠬᠤᠳᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠯᠭᠠᠭᠰᠠᠨ ᠳᠤ ᠪᠠᠶᠢᠵᠠᠢ᠃   ᠲᠤᠬᠠᠢ ᠶᠢᠨ ᠡᠳᠦᠷ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 302 ᠨᠡᠮᠡᠭᠳᠡᠵᠦ᠂ ᠡᠭᠦᠨ ᠳᠤ ᠭᠦᠭᠡᠬᠤᠳᠠ ᠳᠤ 56᠂ ᠪᠤᠭᠤᠲᠤ ᠬᠤᠳᠠ ᠳᠤ 14᠂ ᠬᠥᠯᠥᠨ ᠪᠦᠢᠷ ᠬᠤᠳᠠ ᠳᠤ 37᠂ ᠬᠢᠩᠭᠠᠨ ᠠᠶᠢᠮᠠᠭ ᠲᠤ 19᠂ ᠲᠦᠩᠯᠢᠶᠣᠣ ᠬᠤᠲᠠ ᠳᠤ 13᠂ ᠤᠯᠠᠭᠠᠨᠬᠠᠳᠠ ᠬᠤᠲᠠ ᠳᠤ 15᠂ ᠰᠢᠯᠢ ᠶᠢᠨ ᠭᠤᠣᠯ ᠠᠶᠢᠮᠠᠭ ᠲᠤ 36᠂ ᠤᠯᠠᠭᠠᠨᠴᠠᠪ ᠬᠤᠳᠠ ᠳᠤ 23᠂ ᠣᠷᠳᠣᠰ ᠬᠤᠲᠠ ᠳᠤ 53᠂ ᠪᠠᠶᠠᠨᠨᠠᠭᠤᠷ ᠬᠤᠲᠠ ᠳᠤ 20᠂ ᠦᠬᠠᠢ ᠬᠤᠳᠠ ᠳᠤ 12᠂ ᠠᠯᠠᠱᠠ ᠠᠶᠢᠮᠠᠭ ᠲᠤ 4 ᠪᠤᠢ᠃   ᠲᠤᠬᠠᠢ ᠶᠢᠨ ᠡᠳᠦᠷ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠭᠰᠠᠨ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 302 ᠪᠠᠶᠢᠵᠤ᠂ ᠡᠭᠦᠨ ᠳᠤ ᠭᠦᠭᠡᠬᠤᠳᠠ ᠳᠤ 49᠂ ᠪᠤᠭᠤᠲᠤ ᠬᠤᠳᠠ ᠳᠤ 25᠂ ᠬᠥᠯᠥᠨ ᠪᠤᠶᠢᠷ ᠬᠤᠲᠠ ᠳᠤ 2᠂ ᠬᠢᠩᠭᠠᠨ ᠠᠶᠢᠮᠠᠭ ᠲᠤ 42᠂ ᠲᠦᠩᠯᠢᠶᠣᠣ ᠬᠤᠲᠠ ᠳᠤ 66᠂ ᠤᠯᠠᠭᠠᠨᠬᠠᠳᠠ ᠬᠤᠲᠠ ᠳᠤ 20᠂ ᠰᠢᠯᠢ ᠶᠢᠨ ᠭᠤᠣᠯ ᠠᠶᠢᠮᠠᠭ ᠲᠤ 10᠂ ᠤᠯᠠᠭᠠᠨᠴᠠᠪ ᠬᠤᠳᠠ ᠳᠤ 17᠂ ᠣᠷᠳᠣᠰ ᠬᠤᠲᠠ ᠳᠤ 36᠂ ᠪᠠᠶᠠᠨᠨᠠᠭᠤᠷ ᠬᠤᠲᠠ ᠳᠤ 27᠂ ᠦᠬᠠᠢ ᠬᠤᠲᠠ ᠳᠤ 2᠂ ᠠᠯᠠᠱᠠ ᠠᠶᠢᠮᠠᠭ ᠲᠤ 6 ᠪᠤᠢ᠃   ᠳᠡᠭᠡᠷ᠎ᠡ ᠳᠤᠷᠠᠳᠤᠭᠰᠠᠨ ᠬᠥᠮᠥᠰ ᠢ ᠪᠦᠭᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠬᠦ ᠪᠤᠶᠤ ᠴᠢᠩᠭᠡᠯᠢᠭ ᠡᠮᠨᠡᠯᠭᠡ ᠶᠢᠨ ᠬᠤᠷᠢᠶ᠎ᠠ ᠳᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠭᠠᠵᠠᠷ ᠲᠥᠪᠯᠡᠷᠡᠭᠦᠯᠦᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠤᠶ᠃ 
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号