ᠬᠥᠬᠡᠬᠤᠲᠠ ᠪᠥᠬᠦ ᠤᠯᠤᠰ ᠤᠨ ᠭᠤᠷᠪᠠᠳᠤᠭᠠᠷ ᠪᠦᠯᠦᠭ ᠤᠨ ᠭᠠᠷ ᠳᠠᠮᠵᠢᠭᠰᠠᠨ ᠮᠠᠰᠢᠨ ᠲᠡᠷᠭᠡᠨ ᠤ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠤᠨ ᠲᠤᠷᠰᠢᠯᠲᠠ ᠶᠢᠨ ᠭᠠᠵᠠᠷ ᠣᠷᠣᠨ ᠢᠶᠠᠷ ᠠᠮᠵᠢᠯᠲᠠ ᠲᠠᠢ ᠪᠠᠷ ᠰᠣᠩᠭᠤᠭᠳᠠᠪᠠ
ᠨᠡᠶᠢᠲᠡᠯᠡᠭᠰᠡᠨ ᠴᠠᠭ᠄
2022/12/9
     ᠣᠷᠣᠨ ᠤ ᠲᠥᠪ ᠤᠨ ᠭᠠᠳᠠᠭᠠᠳᠤ ᠨᠡᠭᠡᠭᠡᠯᠲᠡ ᠶᠢᠨ ᠲᠦᠪᠰᠢᠨ ᠢ ᠤᠯᠠᠮ ᠴᠢᠨᠠᠭᠰᠢᠳᠠ‌ᠥᠷᠭᠡᠳᠭᠡᠬᠦ᠂ ᠭᠠᠳᠠᠭᠠᠳᠤ ᠠᠷᠠᠯᠵᠢᠶᠠᠨ ᠤ ᠲᠣᠭᠲᠠᠭᠤᠨ ᠢ ᠪᠠᠲᠤᠯᠠᠵᠤ ᠶᠠᠰᠤ ᠴᠢᠨᠠᠷ ᠢ ᠳᠡᠭᠡᠭᠰᠢᠯᠡᠭᠦᠯᠬᠦ ᠶᠢ ᠦᠷᠭᠦᠯᠵᠢᠯᠡᠨ ᠠᠬᠢᠭᠤᠯᠬᠤ᠂ ᠭᠠᠳᠠᠭᠠᠳᠤ ᠠᠷᠠᠯᠵᠢᠶᠠᠨ ᠤ ᠬᠥᠭᠵᠢᠯᠲᠡ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠢ ᠪᠠᠶᠠᠯᠢᠭᠵᠢᠭᠤᠯᠬᠤ ᠶᠢᠨ ᠲᠦᠯᠦᠭᠡ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠲᠠᠢ ᠬᠤᠯᠪᠣᠭᠠᠯᠠᠨ ᠭᠠᠷ ᠳᠠᠮᠵᠢᠭᠰᠠᠨ ᠮᠠᠰᠢᠨ ᠲᠡᠷᠭᠡᠨ ᠤ ᠭᠠᠳᠠᠭᠠᠳᠤ ᠭᠠᠷᠭᠠᠯᠲᠠ ᠶᠢᠨ ᠲᠤᠬᠠᠶᠢᠯᠠᠭᠰᠠᠨ ᠠᠵᠢᠯ ᠤᠨ ᠲᠤᠷᠰᠢᠯᠲᠠ ᠶᠢᠨ ᠭᠠᠵᠠᠷ ᠣᠷᠣᠨ ᠢ ᠪᠥᠬᠦ ᠬᠦᠴᠦᠨ ᠢᠶᠠᠷ ᠢᠶᠠᠨ ᠭᠤᠶᠤᠴᠢᠯᠠᠨ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠬᠦᠴᠦᠲᠡᠶ ᠳᠡᠮᠵᠢᠯᠭᠡ ᠳᠣᠤᠷ᠎ᠠ᠂ ᠢᠳᠡᠪᠬᠢᠯᠡᠨ ᠴᠢᠷᠮᠠᠶᠢᠬᠤ ᠪᠠᠷ ᠳᠡᠮᠵᠢᠨ᠂ ᠣᠷᠣᠨ ᠤ ᠲᠥᠪ ᠬᠤᠲᠠ ᠨᠢ ᠪᠥᠬᠦ ᠤᠯᠤᠰ ᠤᠨ ᠭᠤᠷᠪᠠᠳᠤᠭᠠᠷ ᠪᠦᠯᠦᠭ ᠤᠨ ᠭᠠᠷ ᠳᠠᠮᠵᠢᠭᠰᠠᠨ ᠮᠠᠰᠢᠨ ᠲᠡᠷᠭᠡᠨ ᠤ ᠭᠠᠳᠠᠭᠠᠳᠤ ᠭᠠᠷᠭᠠᠯᠲᠠ ᠶᠢᠨ ᠲᠤᠬᠠᠶᠢᠯᠠᠭᠰᠠᠨ ᠠᠵᠢᠯ ᠤᠨ ᠲᠤᠷᠰᠢᠯᠲᠠ ᠶᠢᠨ ᠭᠠᠵᠠᠷ ᠣᠷᠣᠨ  ᠢᠶᠠᠷ ᠠᠮᠵᠢᠯᠲᠠ ᠲᠠᠢ ᠪᠠᠷ ᠰᠣᠩᠭᠤᠭᠳᠠᠪᠠ᠃         ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠪᠣᠯ ᠮᠠᠰᠢᠨ ᠲᠡᠷᠭᠡᠨ ᠤ ᠬᠡᠷᠡᠭᠯᠡᠭᠡᠨ ᠤ ᠵᠠᠬ᠎ᠠ ᠳᠡᠯᠭᠡᠭᠦᠷ ᠤᠨ ᠳᠠᠯᠳᠠ ᠬᠦᠴᠦᠨ ᠢ ᠬᠥᠭᠵᠢᠭᠡᠬᠦ᠂ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠪᠠ ᠭᠠᠵᠠᠷ ᠣᠷᠣᠨ ᠯᠤᠭ᠎ᠠ ᠶᠢᠨ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠭᠠᠳᠠᠭᠠᠳᠤ ᠠᠷᠠᠯᠵᠢᠶᠠᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠵᠠᠮ ᠮᠥᠨ᠂ ᠡᠨᠡ ᠨᠢ ᠮᠣᠩᠭᠤᠯ ᠣᠷᠣᠰ ᠧᠦ᠋ᠷᠣᠫᠠ ᠳᠤ ᠬᠠᠨᠳᠤᠭᠤᠯᠤᠭᠰᠠᠨ ︽ᠭᠠᠳᠠᠭᠠᠳᠤ ᠨᠡᠭᠡᠭᠡᠯᠲᠡ ᠶᠢᠨ ᠬᠦᠷᠢᠶ᠎ᠡ︾ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠭᠠᠳᠠᠭᠠᠳᠤ ᠠᠷᠠᠯᠵᠢᠶᠠᠨ ᠤ ᠭᠠᠳᠠᠭᠠᠳᠤ ᠭᠠᠷᠭᠠᠯᠲᠠ ᠶᠢᠨ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠬᠤ ᠳᠤ ᠠᠰᠢᠭᠲᠠᠶ ᠶᠤᠮ᠃ ᠳᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠤᠯᠤᠰ ᠤᠨ ᠬᠤᠳᠠᠯᠳᠤᠭᠠᠨ ᠤ ᠶᠠᠪᠤᠳᠠᠯ ᠤᠨ ᠶᠠᠮᠤᠨ ᠵᠢᠴᠢ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠠᠵᠤ ᠠᠬᠤᠶᠢᠯᠠᠯ ᠢ ᠴᠢᠩᠭ᠎ᠠ ᠰᠢᠯᠢᠨ ᠰᠣᠩᠭᠤᠬᠤ᠂ ᠭᠠᠳᠠᠭᠠᠳᠤ ᠳᠤ ᠭᠠᠷᠭᠠᠬᠤ ᠦᠢᠯᠡᠳᠬᠦᠨ ᠤ ᠶᠠᠰᠤ ᠴᠢᠨᠠᠷ ᠬᠢᠭᠡᠳ ᠠᠮᠤᠷ ᠲᠦᠪᠰᠢᠨ ᠢ ᠪᠠᠲᠤᠯᠠᠬᠤ᠂ ᠭᠠᠳᠠᠭᠠᠳᠤ ᠳᠤ ᠭᠠᠷᠭᠠᠬᠤ ᠶᠠᠰᠤ ᠴᠢᠨᠠᠷ ᠦᠷ᠎ᠡ ᠠᠰᠢᠭ ᠤᠨ ᠬᠡᠪᠴᠢᠶ᠎ᠡ ᠶᠢ ᠳᠡᠭᠡᠭᠰᠢᠯᠡᠭᠦᠯᠬᠦ᠂ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠭᠡᠬᠦ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ ᠵᠡᠷᠭᠡ ᠵᠢᠷᠭᠤᠭᠠᠨ ᠲᠠᠯ᠎ᠠ ᠪᠠᠷ ᠪᠥᠬᠦ ᠲᠠᠯ᠎ᠠ ᠪᠠᠷ ᠬᠦᠴᠦᠯᠡᠵᠦ᠂ ᠣᠷᠣᠨ ᠤ ᠲᠥᠪ ᠤᠨ ᠭᠠᠳᠠᠭᠰᠢ ᠴᠢᠭᠯᠡᠭᠦᠯᠦᠭᠰᠡᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠨ᠎ᠡ᠃ 
 
ᠢᠷᠡᠯᠲᠡ᠄ ᠬᠥᠬᠡᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号