ᠬᠡᠷᠡᠭᠯᠡᠭᠡᠨ ᠠᠴᠠ ᠭᠠᠷᠭᠠᠭᠰᠠᠨ ᠮᠠᠰᠢᠨᠲᠤ ᠲᠡᠷᠭᠡ ᠶᠢ ᠡᠭᠡᠭᠦᠯᠦᠨ ᠬᠤᠷᠢᠶᠠᠵᠤ ᠵᠠᠳᠠᠯᠬᠤ ᠠᠵᠤ ᠠᠬᠤᠶᠢᠯᠠᠯ ᠤᠨ ᠬᠢᠷᠢ ᠬᠡᠮ ᠢ ᠮᠠᠭᠠᠳᠯᠠᠨ  ᠲᠣᠭᠳᠠᠭᠠᠭᠰᠠᠨ ᠵᠠᠷᠯᠠᠯ
ᠨᠡᠶᠢᠲᠡᠯᠡᠭᠰᠡᠨ ᠴᠠᠭ᠄
2022/2/22
     ︽ᠬᠡᠷᠡᠭᠯᠡᠭᠡᠨ ᠠᠴᠠ ᠭᠠᠷᠭᠠᠭᠰᠠᠨ ᠮᠠᠰᠢᠨᠲᠤ ᠲᠡᠷᠭᠡ ᠶᠢ ᠡᠭᠡᠭᠦᠯᠦᠨ ᠬᠤᠷᠢᠶᠠᠬᠤ ᠬᠠᠮᠢᠶᠠᠷᠤᠯᠲᠠ ᠶᠢᠨ ᠠᠷᠭ᠎ᠠ︾ ︵ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ 715 ᠳ᠋ᠤᠭᠠᠷ ᠲᠣᠭᠠᠲᠤ︶᠂ ︽ᠬᠡᠷᠡᠭᠯᠡᠭᠡᠨ ᠠᠴᠠ ᠭᠠᠷᠭᠠᠭᠰᠠᠨ ᠮᠠᠰᠢᠨᠲᠤ ᠲᠡᠷᠭᠡ ᠶᠢ ᠡᠭᠡᠭᠦᠯᠦᠨ ᠬᠤᠷᠢᠶᠠᠬᠤ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠬᠦ ᠨᠠᠷᠢᠨ ᠳᠦᠷᠢᠮ︾ ︵ᠬᠤᠳᠠᠯᠳᠤᠭᠠᠨ ᠤ ᠶᠠᠪᠤᠳᠠᠯ ᠤᠨ ᠶᠠᠮᠤᠨ ᠤ ᠵᠠᠷᠯᠢᠭ 2020 ᠣᠨ ᠤ 2 ᠳ᠋ᠤᠭᠠᠷ ᠲᠣᠭᠠᠲᠤ︶ ᠤᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠬᠢᠨᠠᠨ ᠬᠠᠷᠭᠤᠭᠤᠯᠬᠤ ᠪᠠᠷ ᠳᠡᠮᠵᠢᠨ᠂ ᠮᠠᠲ᠋ᠧᠷᠢᠶᠠᠯ ᠪᠦᠷᠢᠨ ᠭᠦᠢᠴᠡᠳ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠲᠤᠬᠠᠢ ᠶᠢᠨ ᠲᠠᠯᠠᠪᠤᠷ ᠲᠤ ᠰᠢᠯᠭᠠᠨ ᠠᠪᠬᠤ ᠳᠤ ᠬᠢᠷᠢ ᠲᠡᠩᠴᠡᠬᠦ ᠶᠢᠨ ᠬᠠᠮᠲᠤ ᠲᠢᠩᠬᠢᠮ ᠤᠨ ᠶᠠᠪᠤᠳᠠᠯ ᠤᠨ ᠬᠤᠷᠠᠯ ᠢᠶᠠᠷ ᠳᠡᠮᠵᠢᠨ ᠰᠤᠳᠤᠯᠤᠨ ᠲᠣᠭᠲᠠᠭᠠᠵᠤ᠂ ᠳᠣᠣᠷᠠᠬᠢ ᠮᠡᠲᠦ ᠠᠵᠤ ᠠᠬᠤᠶᠢᠯᠠᠯ ᠤᠨ ᠬᠢᠷᠢ ᠴᠢᠳᠠᠮᠵᠢ ᠶᠢ ᠮᠠᠭᠠᠳᠯᠠᠨ ᠲᠣᠭᠲᠠᠭᠠᠬᠤ ᠨᠥᠬᠦᠴᠡᠯ ᠳᠤ ᠨᠡᠶᠢᠴᠡᠬᠦ ᠶᠢ  ᠲᠣᠭᠳᠠᠭᠠᠪᠠ᠄ 1. ᠥᠪᠥᠷ ᠮᠣᠩᠭᠤᠯ ᠤᠨ ᠠᠹᠠᠨᠲ᠋ᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ︔ 2. ᠯᠢᠨᠰᠢ ᠰᠢᠶᠠᠨ ᠤ ᠶᠤᠸᠠᠨ ᠯᠢᠶᠠᠨ  ᠬᠡᠷᠡᠭᠯᠡᠭᠡᠨ ᠠᠴᠠ ᠭᠠᠷᠭᠠᠭᠰᠠᠨ ᠮᠠᠰᠢᠨ ᠲᠡᠷᠭᠡ  ᠶᠢ ᠡᠭᠡᠭᠦᠯᠦᠨ ᠬᠤᠷᠢᠶᠠᠵᠤ ᠵᠠᠳᠠᠯᠬᠤ ᠬᠢᠵᠠᠭᠠᠷᠲᠤ ᠺᠣᠮᠫᠠᠨᠢ︔3. ᠲᠦᠴᠢᠦᠸᠠᠨ ᠰᠢᠶᠠᠨ ᠤ ᠶᠢᠨ ᠵᠥᠩ ᠪᠦᠦ ᠮᠠᠰᠢᠨ ᠲᠡᠷᠭᠡ  ᠶᠢ ᠬᠡᠷᠡᠭᠯᠡᠭᠡᠨ ᠠᠴᠠ ᠭᠠᠷᠭᠠᠵᠤ ᠵᠠᠳᠠᠯᠵᠤ ᠡᠭᠡᠭᠦᠯᠦᠨ ᠬᠤᠷᠢᠶᠠᠬᠤ ᠬᠢᠵᠠᠭᠠᠷᠲᠤ ᠺᠣᠮᠫᠠᠨᠢ︔ 4. ᠬᠢᠩᠭᠠᠨ ᠠᠶᠢᠮᠠᠭ ᠤᠨ ᠺᠦᠨ ᠳ᠋ᠡ  ᠲᠠᠬᠢᠨ ᠰᠡᠷᠬᠦᠬᠦ ᠡᠬᠢ ᠪᠠᠶᠠᠯᠢᠭ ᠤᠨ ᠬᠢᠵᠠᠭᠠᠷᠲᠤ ᠺᠣᠮᠫᠠᠨᠢ︔ 5. ᠥᠪᠥᠷ ᠮᠣᠩᠭᠤᠯ ᠤᠨ ᠬᠤᠸᠠ ᠶᠢᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ︔6. ᠥᠪᠥᠷ ᠮᠣᠩᠭᠤᠯ ᠤᠨ ᠲᠢᠶᠠᠨ ᠪᠥᠸᠧ ᠾᠧᠩ ᠱᠧᠩ ᠲᠣᠰᠣᠨ ᠤ ᠵᠦᠢᠯ ᠢ ᠡᠵᠡᠩᠨᠡᠨ ᠪᠣᠷᠣᠯᠠᠭᠤᠯᠬᠤ ᠬᠢᠵᠠᠭᠠᠷᠲᠤ ᠺᠣᠮᠫᠠᠨᠢ᠃      ᠳᠡᠭᠡᠷᠡᠬᠢ 6 ᠠᠵᠤ ᠠᠬᠤᠶᠢᠯᠠᠯ ᠤᠨ ᠬᠡᠷᠡᠭᠯᠡᠭᠡᠨ ᠠᠴᠠ ᠭᠠᠷᠭᠠᠭᠰᠠᠨ ᠮᠠᠰᠢᠨᠲᠤ ᠲᠡᠷᠭᠡ ᠶᠢ ᠡᠭᠡᠭᠦᠯᠦᠨ ᠬᠤᠷᠢᠶᠠᠵᠤ ᠵᠠᠳᠠᠯᠬᠤ ᠠᠵᠤ ᠠᠬᠤᠶᠢᠯᠠᠯ ᠤᠨ ᠬᠢᠷᠢ ᠬᠡᠮ ᠢ ᠮᠠᠭᠠᠳᠯᠠᠨ ᠲᠣᠭᠲᠠᠭᠠᠬᠤ ᠶᠢ ᠵᠥᠪᠰᠢᠶᠡᠷᠡᠬᠦ ᠪᠠᠷ ᠲᠥᠯᠥᠪᠯᠡᠵᠦ ᠪᠠᠶᠢᠨ᠎ᠠ᠂ ᠣᠲᠣ ᠵᠠᠷᠯᠠᠨ ᠨᠡᠶᠢᠲᠡᠯᠡᠶ᠎ᠡ᠂ ᠵᠠᠷᠯᠠᠨ ᠨᠡᠶᠢᠲᠡᠯᠡᠬᠦ ᠴᠠᠭ ᠨᠢ 5 ᠠᠵᠢᠯᠯᠠᠬᠤ ᠡᠳᠦᠷ ᠪᠣᠯᠣᠨ᠎ᠠ ᠂ ᠣᠨᠳᠣᠣ ᠰᠠᠨᠠᠯ ᠲᠠᠢ ᠪᠣᠯ 0471-6946529 ᠪᠤᠶᠤ 0471-5332418 ᠤᠲᠠᠰᠤ ᠪᠠᠷ ᠳᠠᠮᠵᠢᠭᠤᠯᠵᠤ ᠪᠣᠯᠣᠨ᠎ᠠ᠂ ᠯᠠᠪᠯᠠᠬᠤ ᠪᠤᠶᠤ ᠲᠤᠰᠬᠠᠬᠤ᠂ ᠬᠢᠨᠠᠯᠲᠠ ᠲᠠᠯᠪᠢᠬᠤ ᠤᠲᠠᠰᠤ᠄ 0471-6944994᠃                                            2022 ᠣᠨ2 ᠰᠠᠷ᠎ᠠ ᠶᠢᠨ14 ᠤ ᠡᠳᠦᠷ
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠬᠤᠳᠠᠯᠳᠣᠭᠠᠨ ᠤ ᠶᠠᠪᠤᠳᠠᠯ ᠤᠨ ᠲᠢᠩᠬᠢᠮ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号