ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠲᠠᠢ ᠬᠥᠳᠡᠯᠮᠦᠷᠢ ᠦᠢᠯᠡᠴᠢᠯᠡᠭᠡᠨ ᠤ ᠬᠤᠷᠰᠢᠨ ᠡᠵᠡᠩᠨᠡᠬᠦ  ᠬᠢᠷᠢ ᠭᠡᠮ ᠲᠠᠢ ᠬᠠᠮᠤᠭ ᠤᠨ ᠰᠢᠨ᠎ᠡ  ᠠᠵᠦ ᠠᠬᠤᠶᠢᠯᠠᠯ ᠤᠨ ᠨᠠᠷᠠᠰ ᠶᠢ ᠨᠠᠶᠢᠳᠠᠯᠠᠪᠠ
ᠨᠡᠶᠢᠲᠡᠯᠡᠭᠰᠡᠨ ᠴᠠᠭ᠄
2022/2/22
     ︽ᠭᠠᠳᠠᠭᠠᠳᠤ   ᠲᠠᠢ ᠬᠥᠳᠡᠯᠮᠦᠷᠢ ᠦᠢᠯᠡᠴᠢᠯᠡᠭᠡᠨ ᠤ ᠬᠠᠮᠲᠤᠷᠠᠯᠴᠠᠭ᠎ᠠ ᠶᠢᠨ ᠬᠠᠮᠢᠶᠠᠷᠤᠯᠲᠠ ᠶᠢᠨ ᠳᠦᠷᠢᠮ︾ ᠪᠣᠯᠣᠨ ︽ᠭᠠᠳᠠᠭᠠᠳᠤ   ᠲᠠᠢ ᠬᠥᠳᠡᠯᠮᠦᠷᠢ ᠦᠢᠯᠡᠴᠢᠯᠡᠭᠡᠨ ᠤ ᠬᠠᠮᠲᠤᠷᠠᠯᠴᠠᠭ᠎ᠠ ᠶᠢᠨ ᠠᠶᠤᠯ ᠲᠦᠭᠰᠢᠭᠦᠷᠢ ᠶᠢ ᠰᠢᠢᠳᠪᠦᠷᠢᠯᠡᠬᠦ ᠪᠡᠯᠡᠳᠬᠡᠯ ᠮᠥᠩᠭᠦ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢᠨ ᠬᠤᠯᠪᠣᠭᠳᠠᠯ ᠪᠦᠬᠦᠢ ᠲᠣᠭᠲᠠᠭᠠᠯ ᠢ  ᠦᠨᠳᠦᠰᠦᠯᠠᠨ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠣᠲᠣ ᠶᠢᠨ ᠪᠠᠶᠢᠭ᠎ᠠ ᠭᠠᠳᠠᠭᠠᠳᠤ ᠲᠠᠢ ᠬᠥᠳᠡᠯᠮᠦᠷᠢ ᠦᠢᠯᠡᠴᠢᠯᠡᠭᠡᠨ ᠤ ᠬᠤᠷᠰᠢᠨ ᠡᠵᠡᠩᠨᠡᠬᠦ ᠬᠢᠷᠢ ᠬᠡᠮ ᠲᠠᠢ ᠠᠵᠤ ᠠᠬᠤᠶᠢᠯᠠᠯ ᠢ ᠳᠠᠬᠢᠨ ᠬᠢᠨᠠᠨ ᠬᠠᠷᠭᠤᠭᠤᠯᠵᠤ᠂ 2022 ᠣᠨ ᠤ 2 ᠳ᠋ᠤᠭᠠᠷ ᠰᠠᠷ᠎ᠠ ᠶᠢᠨ 11 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ 300 ᠲᠦᠮᠡᠨ ᠲᠥᠭᠦᠷᠢᠭ ᠤᠨ ᠭᠠᠳᠠᠭᠠᠳᠤ ᠲᠠᠢ ᠬᠥᠳᠡᠯᠮᠦᠷᠢ ᠦᠢᠯᠡᠴᠢᠯᠡᠭᠡᠨ ᠤ ᠬᠤᠷᠰᠢᠯᠴᠠᠭ᠎ᠠ ᠶᠢᠨ ᠲᠦᠭᠰᠢᠭᠦᠷᠢ ᠶᠢ ᠰᠢᠢᠳᠪᠦᠷᠢᠯᠡᠬᠦ ᠪᠡᠯᠡᠳᠬᠡᠯ ᠮᠥᠩᠭᠦ ᠶᠢ ᠭᠦᠢᠴᠡᠳ ᠲᠤᠭ᠎ᠠ ᠪᠠᠷ ᠲᠤᠰᠢᠶᠠᠨ ᠬᠠᠳᠠᠭᠠᠯᠠᠭᠤᠯᠵᠤ᠂ ᠭᠠᠳᠠᠭᠠᠳᠤ ᠲᠠᠢ ᠬᠥᠳᠡᠯᠮᠦᠷᠢ ᠦᠢᠯᠡᠴᠢᠯᠡᠭᠡᠨ ᠤ ᠬᠤᠷᠰᠢᠨ ᠡᠵᠡᠩᠨᠡᠬᠦ ᠲᠤᠬᠠᠶᠢᠯᠠᠭᠰᠠᠨ ᠠᠵᠢᠯ ᠢ ᠦᠷᠭᠦᠯᠵᠢᠯᠡᠨ ᠡᠷᠭᠢᠯᠡᠬᠦ ᠬᠢᠷᠢ ᠬᠡᠮ ᠲᠠᠢ ᠠᠵᠤ ᠠᠬᠤᠶᠢᠯᠠᠯ 2 ᠪᠠᠶᠢᠵᠤ᠂ ᠠᠵᠤ ᠠᠬᠤᠶᠢᠯᠠᠯ ᠤᠨ ᠨᠡᠷᠡᠰ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠰᠦᠯᠵᠢᠶᠡᠨ ᠳᠡᠭᠡᠷ᠎ᠡ ᠨᠡᠶᠢᠲᠡᠯᠡᠪᠡ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠡᠵᠡᠩᠨᠡᠬᠦ ᠬᠢᠷᠢ ᠬᠡᠮ ᠲᠠᠢ ᠠᠵᠤ ᠠᠬᠤᠶᠢᠯᠠᠯ ᠤᠨ ᠨᠡᠷᠡᠰ ᠲᠤ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠵᠦ᠂ ᠴᠠᠭ ᠲᠤᠨᠢ ᠲᠣᠬᠢᠷᠠᠭᠤᠯᠤᠨ ᠰᠢᠨᠡᠳᠬᠡᠬᠦ ᠶᠢᠨ ᠬᠠᠮᠲᠤ ᠨᠡᠶᠢᠭᠡᠮ ᠳᠤ ᠨᠡᠶᠢᠲᠡᠯᠡᠨ᠎ᠡ ᠃ ︽ᠭᠠᠳᠠᠭᠠᠳᠤ ᠲᠠᠢ ᠬᠥᠳᠡᠯᠮᠦᠷᠢ ᠦᠢᠯᠡᠴᠢᠯᠡᠭᠡᠨ ᠤ ᠲᠠᠯ᠎ᠠ ᠪᠠᠷ ᠬᠠᠮᠲᠤᠷᠠᠨ ᠠᠵᠢᠯᠯᠠᠬᠤ ᠬᠠᠮᠢᠶᠠᠷᠤᠯᠲᠠ ᠶᠢᠨ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠪᠡᠯ᠂ ᠭᠠᠳᠠᠭᠠᠳᠤ ᠲᠠᠢ ᠬᠥᠳᠡᠯᠮᠦᠷᠢ ᠦᠢᠯᠡᠴᠢᠯᠡᠭᠡᠨ ᠤ ᠲᠠᠯ᠎ᠠ ᠪᠠᠷ ᠬᠠᠮᠲᠤᠷᠠᠨ ᠠᠵᠢᠯᠯᠠᠬᠤ ᠬᠢᠷᠢ ᠬᠡᠮ ᠣᠯᠣᠭᠠᠳᠤᠢ ᠠᠵᠤ ᠠᠬᠤᠶᠢᠯᠠᠯ ᠨᠢ ᠭᠠᠳᠠᠭᠠᠳᠤ ᠲᠠᠢ ᠬᠥᠳᠡᠯᠮᠦᠷᠢ ᠦᠢᠯᠡᠴᠢᠯᠡᠭᠡᠨ ᠤ ᠲᠠᠯ᠎ᠠ ᠪᠠᠷ ᠬᠠᠮᠲᠤᠷᠠᠨ ᠠᠵᠢᠯᠯᠠᠬᠤ ᠠᠵᠢᠯᠯᠠᠭ᠎ᠠ ᠶᠢ ᠬᠢᠵᠦ ᠪᠣᠯᠬᠤ ᠦᠭᠡᠢ᠂ ᠲᠣᠭᠲᠠᠭᠠᠯ ᠢ ᠵᠥᠷᠢᠴᠡᠪᠡᠯ ︽ᠭᠠᠳᠠᠭᠠᠳᠤ ᠲᠠᠢ ᠬᠥᠳᠡᠯᠮᠦᠷᠢ ᠦᠢᠯᠡᠴᠢᠯᠡᠭᠡᠨ ᠤ ᠲᠠᠯ᠎ᠠ ᠪᠠᠷ ᠬᠠᠮᠲᠤᠷᠠᠨ ᠠᠵᠢᠯᠯᠠᠬᠤ ᠬᠠᠮᠢᠶᠠᠷᠤᠯᠲᠠ ᠶᠢᠨ ᠳᠦᠷᠢᠮ︾ ᠤᠨ ᠶᠣᠰᠣᠭᠠᠷ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠰᠢᠳᠬᠡᠨ᠎ᠡ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠲᠠᠢ ᠬᠥᠳᠡᠯᠮᠦᠷᠢ ᠦᠢᠯᠡᠴᠢᠯᠡᠭᠡᠨ ᠤ ᠬᠤᠷᠰᠢᠨ  ᠡᠵᠡᠩᠨᠡᠬᠦ  ᠬᠢᠷᠢ ᠭᠡᠮ ᠲᠠᠢ ᠬᠠᠮᠤᠭ ᠤᠨ ᠰᠢᠨ᠎ᠡ  ᠠᠵᠦ ᠠᠬᠤᠶᠢᠯᠠᠯ ᠤᠨ ᠨᠠᠷᠠᠰ1. ᠡᠷᠢᠶᠡᠨ ᠬᠤᠲᠠ ᠶᠢᠨ ᠤᠮᠠᠷᠠᠲᠤ ᠬᠢᠯᠢ ᠶᠢᠨ ᠭᠠᠳᠠᠭᠠᠳᠤ ᠠᠵᠤ ᠠᠬᠤᠢ ᠠᠷᠠᠯᠵᠢᠶ᠎ᠠ ᠶᠢᠨ ᠬᠢᠵᠠᠭᠠᠷᠲᠤ ᠺᠣᠮᠫᠠᠨᠢ2. ᠡᠷᠢᠶᠡᠨ ᠤ ᠤᠯᠠᠨ ᠤᠯᠤᠰ ᠤᠨ ᠠᠵᠤ ᠠᠬᠤᠢ ᠮᠡᠷᠭᠡᠵᠢᠯ ᠤᠨ ᠬᠠᠮᠲᠤᠷᠠᠯᠴᠠᠭᠠᠨ ᠤ ᠬᠢᠵᠠᠭᠠᠷᠲᠤ ᠺᠣᠮᠫᠠᠨᠢ                  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ   ᠤ ᠬᠤᠳᠠᠯᠳᠣᠭᠠᠨ ᠤ ᠲᠢᠩᠬᠢᠮ                  2022 ᠣᠨ ᠤ 2 ᠰᠠᠷ᠎ᠠ ᠶᠢᠨ 11
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠬᠤᠳᠠᠯᠳᠣᠭᠠᠨ ᠤ ᠶᠠᠪᠤᠳᠠᠯ ᠤᠨ ᠲᠢᠩᠬᠢᠮ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号