2022 ᠣᠨ ᠤ 1 — 2 ᠰᠠᠷ᠎ᠠ ᠶᠢᠨ ᠪᠥᠬᠦ ᠣᠷᠣᠨ ᠤ ᠬᠤᠳᠠᠯᠳᠤᠭᠠᠨ ᠤ ᠶᠠᠪᠤᠳᠠᠯ ᠵᠢᠴᠢ ᠪᠣᠭᠤᠮᠲᠠ ᠶᠢᠨ ᠠᠵᠢᠯ ᠤᠨ ᠠᠵᠢᠯᠯᠠᠭᠠᠨ ᠤ ᠪᠠᠶᠢᠳᠠᠯ ᠤᠨ ᠲᠤᠬᠠᠶ ᠵᠠᠷᠯᠠᠯ
ᠨᠡᠶᠢᠲᠡᠯᠡᠭᠰᠡᠨ ᠴᠠᠭ᠄
2022/3/28
     ᠡᠳᠦᠭᠡ 2022 ᠣᠨ ᠤ 1 — 2 ᠰᠠᠷ᠎ᠠ ᠶᠢᠨ ᠪᠥᠬᠦ ᠣᠷᠣᠨ ᠤ ᠬᠤᠳᠠᠯᠳᠤᠭᠠᠨ ᠤ ᠶᠠᠪᠤᠳᠠᠯ ᠵᠢᠴᠢ ᠪᠣᠭᠤᠮᠲᠠ ᠶᠢᠨ ᠠᠵᠢᠯ ᠤᠨ ᠠᠵᠢᠯᠯᠠᠭᠠᠨ ᠤ ᠪᠠᠶᠢᠳᠠᠯ ᠢ ᠳᠣᠤᠷᠠᠬᠢ ᠮᠡᠲᠦ ᠵᠠᠷᠯᠠᠶ᠎ᠠ᠄      ᠨᠢᠭᠡ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ     1 — 2 ᠰᠠᠷ᠎ᠠ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠤᠶᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠨᠤᠷᠮ᠎ᠠ ᠠᠳᠠᠯᠢ ᠬᠤᠭᠤᠴᠠᠭᠠᠨ ᠤ ᠬᠢ ᠠᠴᠠ 6.4% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠲᠦᠷᠦᠭᠦᠤ ᠰᠠᠷ᠎ᠠ ᠶᠢᠨ ᠬᠢ ᠠᠴᠠ 0.1 ᠵᠠᠭᠤᠨ ᠤ ᠨᠢᠭᠡᠴᠢ ᠳᠡᠭᠡᠭᠰᠢᠯᠡᠵᠡᠶ᠃   ᠠᠵᠢᠯᠯᠠᠭᠠᠨ ᠤ ᠭᠤᠤᠯ ᠣᠨᠴᠠᠯᠢᠭ ᠪᠣᠯ᠄ ᠡᠯ᠎ᠡ ᠭᠠᠵᠠᠷ ᠤᠨ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠵᠢᠴᠢ ᠴᠠᠭᠠᠨ ᠰᠠᠷ᠎ᠠ ᠶᠢᠨ ᠠᠮᠠᠷᠠᠯᠲᠠ ᠶᠢᠨ ᠡᠳᠦᠷ ᠤᠨ ᠠᠵᠤ ᠠᠬᠤᠶ ᠶᠢᠨ ᠣᠯᠠᠨ ᠵᠤᠶᠢᠯ ᠤᠨ ᠨᠦᠬᠦᠴᠡᠯ ᠤᠨ  ᠦᠢᠯᠡᠳᠦᠯ ᠳᠣᠤᠷ᠎ᠠ᠂ ᠬᠡᠷᠡᠭᠯᠡᠭᠡᠨ ᠤ ᠵᠠᠬ᠎ᠠ ᠳᠡᠯᠭᠡᠭᠦᠷ ᠲᠤ ᠶᠡᠷᠦᠩᠬᠡᠶ ᠳᠡᠭᠡᠨ ᠲᠣᠭᠲᠠᠭᠤᠨ ᠪᠠᠶᠢᠳᠠᠯ ᠢᠯᠡᠷᠡᠵᠦ᠂ ᠰᠠᠭᠤᠭᠠᠯᠢ ᠠᠷᠠᠳ ᠤᠨ ᠡᠳᠦᠷ ᠲᠤᠲᠤᠮ ᠤᠨ ᠠᠮᠢᠳᠤᠷᠠᠯ ᠲᠠᠢ ᠬᠤᠯᠪᠣᠭᠳᠠᠬᠤ ᠲᠠᠸᠠᠷ ᠤᠨ ᠵᠢᠵᠢᠭᠯᠡᠨ ᠬᠤᠳᠠᠯᠳᠤᠬᠤ ᠬᠡᠮᠵᠢᠶ᠎ᠡ ᠶᠢᠨ ᠨᠡᠮᠡᠭᠳᠡᠯ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠪᠠ᠃ ᠭᠡᠪᠡᠴᠦ 2  ᠰᠠᠷ᠎ᠠ ᠠᠴᠠ ᠨᠠᠰᠢ᠂ ᠣᠷᠣᠨ ᠤ ᠳᠣᠲᠣᠷᠠᠬᠢ ᠬᠢᠵᠢᠭ ᠤᠨ ᠪᠠᠶᠢᠳᠠᠯ ᠤᠨ ᠣᠬᠤᠷ ᠬᠤᠭᠤᠴᠠᠭᠠᠨ ᠤ  ᠨᠥᠯᠥᠭᠡ ᠠᠴᠠ ᠪᠣᠯᠵᠣ᠂ ᠬᠡᠰᠡᠭ ᠭᠠᠵᠠᠷ ᠣᠷᠣᠨ ᠤ ᠲᠥᠪᠯᠡᠷᠡᠯ ᠤᠨ ᠴᠢᠨᠠᠷᠲᠠᠶ᠂ ᠰᠢᠯᠵᠢᠮᠡᠯ ᠴᠢᠨᠠᠷᠲᠠᠶ᠂ ᠬᠦᠷᠦᠯᠴᠡᠬᠦ ᠴᠢᠨᠠᠷᠲᠠᠶ ᠬᠡᠷᠡᠭᠯᠡᠭᠡ ᠨᠥᠯᠥᠭᠡᠯᠡᠭᠳᠡᠵᠡᠶ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠡ ᠶᠢᠨ 11 ᠬᠡᠷᠡᠭᠯᠡᠭᠡᠨ ᠤ ᠵᠤᠶᠢᠯ ᠤᠨ ᠲᠥᠷᠥᠯ ᠤᠨ ᠥᠷᠲᠡᠭ ᠠᠴᠠ ᠦᠵᠡᠪᠡᠯ᠂ 7 ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠨᠤᠷᠮ᠎ᠠ ᠨᠡᠮᠡᠭᠳᠡᠯ ᠢ ᠪᠠᠳᠤᠯᠠᠪᠠ᠃ ᠦᠨᠳᠦᠰᠦᠨ ᠠᠮᠢᠳᠤᠷᠠᠯ ᠤᠨ ᠲᠥᠷᠥᠯ ᠤᠨ ᠲᠠᠸᠠᠷ ᠤᠨ ᠬᠡᠷᠡᠭᠯᠡᠭᠡ ᠢᠯᠡᠳᠲᠡ ᠨᠡᠮᠡᠭᠳᠡᠵᠦ᠂ ᠠᠮᠤ ᠲᠣᠰᠣ ᠢᠳᠡᠭᠡᠨ ᠤ ᠲᠥᠷᠥᠯ᠂ ᠤᠮᠳᠠᠭᠠᠨ ᠤ ᠲᠥᠷᠥᠯ᠂ ᠠᠷᠢᠬᠢ ᠲᠠᠮᠠᠬᠢᠨ ᠤ ᠲᠥᠷᠥᠯ ᠠᠳᠠᠯᠢ ᠬᠤᠭᠤᠴᠠᠭᠠᠨ ᠤ ᠬᠢ ᠠᠴᠠ ᠲᠣᠰ ᠲᠣᠰ25.5%᠂ 14.5%᠂ 16.4% ᠨᠡᠮᠡᠭᠳᠡᠪᠡ᠃ ᠲᠠᠰ ᠲᠠᠪᠰᠢᠭᠰᠠᠨ ᠲᠥᠷᠥᠯ ᠤᠨ ᠲᠠᠸᠠᠷ ᠤᠨ ᠬᠡᠷᠡᠭᠯᠡᠭᠡᠨ ᠤ ᠬᠡᠷᠡᠭᠴᠡᠭᠡ ᠪᠠᠭᠤᠷᠠᠵᠤ᠂ ᠠᠯᠲᠠ ᠮᠥᠩᠭᠦ ᠰᠤᠪᠤᠳ ᠡᠷᠳᠡᠨᠢ ᠶᠢᠨ ᠲᠥᠷᠥᠯ ᠠᠳᠠᠯᠢ ᠬᠤᠭᠤᠴᠠᠭᠠᠨ ᠤ ᠬᠢ ᠠᠴᠠ 3.5% ᠨᠡᠮᠡᠭᠳᠡᠵᠦ᠂ ᠲᠦᠷᠦᠭᠦᠤ ᠰᠠᠷ᠎ᠠ ᠶᠢᠨ ᠬᠢ ᠠᠴᠠ 21.5 ᠵᠠᠭᠤᠨ ᠤ ᠨᠢᠭᠡᠴᠢ ᠪᠠᠭᠤᠷᠠᠪᠠ᠃ ᠵᠠᠰᠠᠯ  ᠴᠢᠮᠡᠭ ᠤᠨ ᠡᠳ᠋ ᠤᠨ ᠲᠥᠷᠥᠯ᠂ ᠮᠠᠰᠢᠨ ᠲᠡᠷᠭᠡᠨ ᠤ ᠲᠥᠷᠥᠯ᠂ ᠬᠡᠷ ᠤᠨ ᠴᠠᠬᠢᠯᠭᠠᠨ ᠬᠡᠷᠡᠭᠰᠡᠯ ᠪᠠ ᠲᠠᠭᠤ ᠳᠦᠷᠰᠦ ᠰᠢᠩᠭᠡᠭᠡᠯᠲᠡ ᠶᠢᠨ ᠪᠠᠭᠠᠵᠢ ᠬᠡᠷᠡᠭᠰᠡᠯ ᠤᠨ ᠲᠥᠷᠥᠯ ᠠᠳᠠᠯᠢ ᠬᠤᠭᠤᠴᠠᠭᠠᠨ ᠤ ᠬᠢ ᠠᠴᠠ ᠲᠣᠰ ᠲᠣᠰ 17.6%᠂ 4.2%᠂ 18.4% ᠪᠠᠷ ᠪᠠᠭᠤᠷᠠᠵᠤ᠂ ᠴᠢᠯᠠᠭᠤᠨ ᠲᠣᠰᠣ ᠵᠢᠴᠢ ᠪᠦᠳᠦᠬᠡᠭᠳᠡᠬᠦᠨ ᠤ ᠲᠥᠷᠥᠯ ᠶᠡᠭᠡ ᠬᠡᠮᠵᠢᠶ᠎ᠡ ᠪᠠᠷ ᠨᠡᠮᠡᠭᠳᠡᠨ᠂ ᠠᠳᠠᠯᠢ ᠬᠤᠭᠤᠴᠠᠭᠠᠨ ᠤ ᠬᠢ ᠠᠴᠠ 41.8% ᠪᠠᠷ ᠨᠡᠮᠡᠭᠳᠡᠪᠡ᠃ ᠠᠶᠢᠮᠠᠭ ᠬᠤᠳᠠ ᠶᠢᠨ ᠪᠠᠶᠢᠳᠠᠯ ᠠᠴᠠ ᠦᠵᠡᠪᠡᠯ᠂ ᠲᠦᠩᠯᠢᠶᠣᠤ ᠬᠤᠳᠠ᠂ ᠬᠢᠩᠭᠠᠨ ᠠᠶᠢᠮᠠᠭ᠂ ᠬᠥᠯᠥᠨ ᠪᠤᠶᠢᠷ ᠬᠤᠳᠠ᠂ ᠤᠯᠠᠭᠠᠨᠬᠠᠳᠠ ᠬᠤᠳᠠ᠂ ᠤᠷᠳᠤᠰ ᠬᠤᠳᠠ᠂ ᠠᠯᠠᠱᠠ ᠠᠶᠢᠮᠠᠭ᠂ ᠦᠬᠠᠢ ᠬᠤᠳᠠ ᠵᠡᠷᠭᠡ 7 ᠠᠶᠢᠮᠠᠭ ᠬᠤᠳᠠ ᠶᠢᠨ ᠨᠡᠮᠡᠭᠳᠡᠯ ᠤᠨ ᠬᠤᠷᠳᠤᠴᠠ ᠪᠦᠬᠦ ᠣᠷᠣᠨ ᠤ ᠲᠦᠪᠰᠢᠨ ᠠᠴᠠ ᠳᠠᠪᠠᠵᠠᠢ᠃      ᠬᠤᠶᠠᠷ᠂ ᠭᠠᠳᠠᠭᠠᠳᠤ ᠠᠷᠠᠯᠵᠢᠶ᠎ᠠ      ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ 1 — 2 ᠰᠠᠷ᠎ᠠ ᠳᠤ ᠪᠥᠬᠦ ᠣᠷᠣᠨ ᠤ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ ᠨᠡᠶᠢᠲᠡ 187.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.7% ᠪᠠᠷ ᠪᠠᠭᠤᠷᠠᠪᠠ᠃ ᠡᠭᠦᠨ ᠳᠤ᠄ ᠭᠠᠳᠠᠭᠠᠳᠤ ᠣᠷᠣᠭᠤᠯᠤᠯᠲᠠ ᠨᠢ 105.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.8% ᠪᠠᠷ ᠪᠠᠭᠤᠷᠠᠪᠠ᠃ ᠭᠠᠳᠠᠭᠠᠳᠤ  ᠭᠠᠷᠭᠠᠯᠲᠠ ᠨᠢ 81.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20.4% ᠨᠡᠮᠡᠭᠳᠡᠵᠡᠶ᠃     ᠳ᠋ᠣᠯᠯᠠᠷ ᠤᠨ ᠪᠠᠷᠢᠮᠵᠢᠶ᠎ᠠ ᠪᠠᠷ ᠪᠤᠯ᠂ ᠪᠥᠬᠦ ᠣᠷᠣᠨ ᠤ ᠭᠠᠳᠠᠭᠠᠳᠤ ᠠᠷᠠᠯᠵᠢᠶ᠎ᠠ ᠶᠢᠨ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ ᠨᠡᠶᠢᠲᠡ 29.4 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.5% ᠪᠠᠭᠤᠷᠠᠪᠠ᠃ ᠡᠭᠦᠨ ᠳᠤ᠄ ᠭᠠᠳᠠᠭᠠᠳᠤ ᠣᠷᠣᠭᠤᠯᠤᠯᠲᠠ  ᠨᠢ 16.6 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.0% ᠪᠠᠭᠤᠷᠠᠪᠠ᠃ ᠭᠠᠳᠠᠭᠠᠳᠤ ᠭᠠᠷᠭᠠᠯᠲᠠ ᠨᠢ 12.8 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 23.2% ᠢᠶᠠᠷ ᠨᠡᠮᠡᠭᠳᠡᠵᠡᠶ᠃     ᠠᠵᠢᠯᠯᠠᠭᠠᠨ ᠤ ᠭᠤᠣᠯ ᠣᠨᠴᠠᠯᠢᠭ ᠪᠣᠯ᠄ ᠭᠠᠳᠠᠭᠠᠳᠤ ᠭᠠᠷᠭᠠᠯᠲᠠ ᠶᠢᠨ ᠨᠡᠯᠢᠶᠡᠳ ᠲᠦᠷᠭᠡᠨ ᠨᠡᠮᠡᠭᠳᠡᠯ ᠢ ᠦᠷᠭᠦᠯᠵᠢᠯᠡᠨ ᠪᠠᠳᠤᠯᠠᠪᠠ᠃ ᠪᠥᠬᠦ ᠣᠷᠣᠨ ᠤ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠭᠠᠷᠭᠠᠯᠲᠠ ᠨᠢ 81.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20.4% ᠨᠡᠮᠡᠭᠳᠡᠨ᠂ 13 ᠰᠠᠷ᠎ᠠ ᠳᠠᠷᠠᠭᠠᠯᠠᠨ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠢ ᠪᠠᠲᠤᠯᠠᠵᠤ᠂ ᠨᠡᠮᠡᠭᠳᠡᠯ ᠤᠨ ᠬᠡᠮᠵᠢᠶ᠎ᠡ ᠨᠢ ᠪᠥᠬᠦ ᠤᠯᠤᠰ ᠤᠨ ᠬᠢ ᠠᠴᠠ 6.8 ᠵᠠᠭᠤᠨ ᠤ ᠨᠢᠭᠡᠴᠢ ᠥᠨᠳᠥᠷ ᠪᠣᠯᠪᠠ᠃ ᠡᠩ ᠤᠨ ᠠᠷᠠᠯᠵᠢᠶᠠᠨ ᠤ ᠡᠵᠡᠯᠡᠬᠦ ᠬᠤᠪᠢ  ᠨᠢ ᠳᠡᠭᠡᠭᠰᠢᠯᠡᠪᠡ᠃ 1 — 2 ᠰᠠᠷ᠎ᠠ ᠳᠤ᠂ ᠡᠩ ᠤᠨ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ 137.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.5% ᠪᠠᠷ ᠨᠡᠮᠡᠭᠳᠡᠨ᠂ ᠪᠥᠬᠦ ᠣᠷᠣᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠲᠣᠭᠠᠨ ᠤ 73.3% ᠶᠢ ᠡᠵᠡᠯᠡᠵᠦ᠂ ᠲᠦᠷᠦᠭᠦᠤ ᠵᠢᠯ ᠤᠨ ᠬᠢ ᠠᠴᠠ 6.3 ᠵᠠᠭᠤᠨ ᠤ ᠨᠢᠭᠡᠴᠢ ᠳᠡᠭᠡᠭᠰᠢᠯᠡᠪᠡ᠃ ᠪᠥᠬᠦ ᠣᠷᠣᠨ ᠤ ᠪᠣᠯᠪᠠᠰᠤᠷᠠᠭᠤᠯᠬᠤ ᠠᠷᠠᠯᠵᠢᠶ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ 14.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 177.8% ᠨᠡᠮᠡᠭᠳᠡᠪᠡ᠃ ᠬᠢᠯᠢ ᠶᠢᠨ ᠪᠠᠭ᠎ᠠ  ᠬᠡᠮᠵᠢᠶᠠᠨ ᠤ ᠠᠷᠠᠯᠵᠢᠶ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ 16.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 54.6% ᠪᠠᠭᠤᠷᠠᠪᠠ᠃ ᠪᠤᠰᠤᠳ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ 0.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 35.1% ᠨᠡᠮᠡᠭᠳᠡᠵᠡᠶ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠨᠡᠯᠢᠶᠡᠳ ᠲᠦᠷᠭᠡᠨ ᠨᠡᠮᠡᠭᠳᠡᠪᠡ᠃ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠭᠰᠠᠨ ᠠᠵᠤ ᠠᠬᠤᠶᠢᠯᠠᠯ ᠤᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ 16.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 62.3% ᠨᠡᠮᠡᠭᠳᠡᠪᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ ᠨᠡᠶᠢᠲᠡ 131.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.2% ᠨᠡᠮᠡᠭᠳᠡᠵᠦ᠂ ᠪᠥᠬᠦ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ ᠤᠨ 70.0% ᠶᠢ ᠡᠵᠡᠯᠡᠪᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠠᠳᠠᠭᠠᠳᠤ ᠣᠷᠣᠭᠤᠯᠤᠯᠲᠠ ᠭᠠᠷᠭᠠᠯᠲᠠ ᠨᠢ 39.1ᠳ᠋ᠦᠩᠰᠢᠭᠤᠷ ᠲᠥᠭᠦᠷᠢᠭ ᠲᠤ ᠬᠦᠷᠴᠦ᠂ 32.1% ᠪᠠᠷ ᠪᠠᠭᠤᠷᠠᠪᠠ᠃ ᠲᠠᠸᠠᠷ ᠤᠨ ᠪᠦᠲᠦᠴᠡ ᠨᠡᠩ ᠰᠢᠯᠢᠳᠡᠭᠵᠢᠪᠡ᠃ ᠮᠧᠬᠠᠨᠢᠭ ᠡᠯᠧᠺᠲᠷᠣᠨ ᠤ ᠦᠢᠯᠡᠳᠬᠦᠨ᠂ ᠳᠡᠭᠡᠳᠦ ᠮᠡᠷᠭᠡᠵᠢᠯ ᠤᠨ ᠦᠢᠯᠡᠳᠬᠦᠨ ᠤ ᠭᠠᠳᠠᠭᠠᠳᠤ ᠭᠠᠷᠭᠠᠯᠲᠠ ᠲᠦᠷᠭᠡᠨ ᠢᠶᠠᠷ ᠨᠡᠮᠡᠭᠳᠡᠵᠦ᠂ ᠮᠧᠬᠠᠨᠢᠭ ᠡᠯᠧᠺᠲᠷᠣᠨ ᠤ ᠦᠢᠯᠡᠳᠬᠦᠨ ᠤ ᠭᠠᠳᠠᠭᠠᠳᠤ ᠭᠠᠷᠭᠠᠯᠲᠠ 81.9% ᠪᠠᠷ ᠨᠡᠮᠡᠭᠳᠡᠵᠦ᠂ ᠳᠡᠭᠡᠳᠦ ᠰᠢᠨ᠎ᠡ ᠮᠡᠷᠭᠡᠵᠢᠯ ᠤᠨ ᠦᠢᠯᠡᠳᠬᠦᠨ ᠤ ᠭᠠᠳᠠᠭᠠᠳᠤ ᠭᠠᠷᠭᠠᠯᠲᠠ 87.2% ᠢᠶᠠᠷ ᠨᠡᠮᠡᠭᠳᠡᠪᠡ᠂ ᠡᠨᠡ ᠬᠤᠶᠠᠷ ᠨᠢ ᠨᠡᠶᠢᠯᠡᠭᠡᠳ ᠭᠠᠳᠠᠭᠠᠳᠤ ᠭᠠᠷᠭᠠᠯᠲᠠ ᠶᠢᠨ  39.9% ᠶᠢ  ᠡᠵᠡᠯᠡᠪᠠ᠃ ᠭᠤᠣᠯ ᠪᠣᠯᠬᠤ ᠠᠷᠠᠯᠵᠢᠶᠠᠨ ᠤ ᠬᠠᠨᠢᠲᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠥᠰᠥᠯᠲᠡ ᠪᠠᠭᠤᠷᠠᠯᠲᠠ ᠬᠠᠷᠢᠯᠴᠠᠨ  ᠢᠯᠡᠷᠬᠡᠢ ᠪᠠᠶᠢᠪᠠ᠃ 1 — 2 ᠰᠠᠷ᠎ᠠ ᠳᠤ᠂ ᠭᠤᠤᠯ ᠪᠣᠯᠬᠤ ᠠᠷᠠᠯᠵᠢᠶᠠᠨ ᠤ ᠬᠠᠨᠢᠲᠠᠨ ᠠᠴᠠ ᠠᠪᠴᠤ ᠦᠵᠡᠪᠡᠯ᠂ ᠮᠣᠩᠭᠤᠯ ᠤᠯᠤᠰ ᠲᠠᠬᠢ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ 32.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 37.8% ᠪᠠᠷ ᠪᠠᠭᠤᠷᠠᠵᠤ᠂ ᠪᠥᠬᠦ ᠣᠷᠣᠨ ᠤ ᠭᠠᠳᠠᠭᠠᠳᠤ ᠠᠷᠠᠯᠵᠢᠶᠠᠨ ᠤ ᠣᠷᠣᠭᠤᠯᠤᠯᠲᠠ ᠭᠠᠷᠭᠠᠯᠲᠠ ᠶᠢᠨ ᠥᠷᠲᠡᠭ ︵ᠳᠣᠷᠣᠭᠰᠢ ᠠᠳᠠᠯᠢ︶ ᠤᠨ 17.4% ᠶᠢ ᠡᠵᠡᠯᠡᠪᠡ᠃ ᠣᠷᠣᠰ ᠲᠠᠬᠢ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ 24.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.4% ᠪᠠᠭᠤᠷᠠᠵᠤ᠂ 13.3% ᠶᠢ ᠡᠵᠡᠯᠡᠪᠡ᠃ ᠡᠨᠡ ᠬᠤᠶᠠᠷ ᠢ ᠨᠡᠶᠢᠯᠡᠭᠦᠯᠵᠦ ᠪᠤᠳᠤᠪᠠᠯ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ 57.5 ᠳ᠋ᠦᠩᠰᠢᠭᠤᠷ ᠲᠥᠭᠦᠷᠢᠭ ᠲᠤ ᠬᠦᠷᠴᠦ᠂ 30.7% ᠶᠢ ᠡᠵᠡᠯᠡᠵᠦ  ᠪᠠᠶᠢᠪᠠ᠃ ᠲᠦᠷᠦᠭᠦᠦ ᠠᠷᠪᠠᠨ ᠶᠡᠭᠡ ᠠᠷᠠᠯᠵᠢᠶᠠᠨ ᠤ ᠬᠠᠨᠢᠲᠠᠨ ᠤ ᠳᠣᠲᠣᠷ᠎ᠠ᠂ ᠮᠣᠩᠭᠤᠯ᠂ ᠣᠷᠣᠰ᠂ ᠠᠦ᠋ᠰᠲᠷᠠᠯᠢᠶ᠎ᠠ᠂ ᠸᠢᠶᠧᠲᠨᠠᠮ ᠢ ᠭᠠᠷᠭᠠᠪᠠᠯ᠂ ᠪᠤᠰᠤᠳ ᠵᠢᠷᠭᠤᠭᠠᠨ ᠶᠡᠭᠡ ᠠᠷᠠᠯᠵᠢᠶᠠᠨ ᠤ ᠬᠠᠨᠢᠲᠠᠨ ᠳᠠᠬᠢ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠨᠡᠮᠡᠭᠳᠡᠯ ᠴᠥᠮ ᠦᠰᠦᠯᠲᠡ ᠶᠢ ᠪᠡᠶᠡᠯᠡᠭᠦᠯᠵᠡᠶ᠃ 5 ᠠᠶᠢᠮᠠᠭ ᠬᠤᠲᠠ ᠦᠰᠦᠯᠲᠡ ᠶᠢ ᠪᠡᠶᠡᠯᠡᠭᠦᠯᠪᠡ᠃ ᠬᠥᠬᠡᠬᠤᠲᠠ᠂ ᠬᠥᠯᠥᠨ ᠪᠤᠶᠢᠷ ᠬᠤᠲᠠ᠂ ᠣᠷᠳᠣᠰ ᠬᠤᠲᠠ ᠶᠢᠨ  ᠭᠠᠳᠠᠭᠠᠳᠤ ᠣᠷᠣᠭᠤᠯᠤᠯᠲᠠ ᠭᠠᠷᠭᠠᠯᠲᠠ  ᠨᠡᠮᠡᠭᠳᠡᠵᠦ᠂ ᠪᠤᠰᠤᠳ 7 ᠠᠶᠢᠮᠠᠭ ᠬᠤᠲᠠ ᠴᠥᠮ ᠠᠳᠠᠯᠢ ᠪᠤᠰᠤ ᠬᠡᠮᠵᠢᠶ᠎ᠡ ᠪᠠᠷ ᠪᠠᠭᠤᠷᠠᠪᠠ᠃     ᠭᠤᠷᠪᠠ᠂ ᠭᠠᠳᠠᠭᠠᠳᠤ ᠶᠢᠨ ᠪᠡᠯᠡ ᠮᠥᠩᠭᠦ ᠶᠢ ᠰᠢᠭᠤᠳ ᠠᠰᠢᠭᠯᠠᠭᠰᠠᠨ     1 — 2 ᠰᠠᠷ᠎ᠠ ᠳᠤ᠂ ᠪᠥᠬᠦ ᠣᠷᠣᠨ ᠤ ᠰᠢᠨ᠎ᠡ ᠪᠠᠷ ᠪᠠᠶᠢᠭᠤᠯᠤᠭᠰᠠᠨ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠭᠰᠠᠨ ᠠᠵᠤ ᠠᠬᠤᠶᠢᠯᠠᠯ 8 ᠪᠣᠯᠵᠣ᠂ ᠠᠳᠠᠯᠢ ᠬᠤᠭᠤᠴᠠᠭᠠᠨ ᠤ ᠬᠢ ᠠᠴᠠ 5 ᠨᠡᠮᠡᠭᠳᠡᠵᠡᠶ᠃ ᠬᠤᠳᠠᠯᠳᠤᠭᠠᠨ ᠤ ᠶᠠᠪᠤᠳᠠᠯ ᠤᠨ ᠶᠠᠮᠤᠨ ᠤ ᠪᠦᠷᠢᠳᠬᠡᠭᠰᠡᠨ ᠢᠶᠠᠷ᠂ ᠮᠠᠨ ᠤ ᠣᠷᠣᠨ ᠤ ᠪᠣᠳᠠᠲᠠᠶ ᠬᠡᠷᠡᠭᠯᠡᠭᠰᠡᠨ ᠭᠠᠳᠠᠭᠠᠳᠤ ᠪᠠᠯᠠ ᠶᠢᠨ ᠵᠣᠭᠤᠰᠣᠨ ᠲᠤᠭ᠎ᠠ 2873 ᠲᠦᠮᠡᠨ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 79.38% ᠪᠠᠷ ᠪᠠᠭᠤᠷᠠᠪᠠ ︵ᠠᠷᠠᠳ ᠤᠨ ᠵᠣᠭᠤᠰ ᠢᠶᠠᠷ ᠨᠤᠭᠤᠯᠵᠤ ᠪᠤᠳᠤᠪᠠᠯ 18387 ᠲᠦᠮᠡᠨ ᠲᠥᠭᠦᠷᠢᠭ ᠪᠠᠶᠢᠵᠤ᠂ 81.49% ᠪᠠᠷ ᠪᠠᠭᠤᠷᠠᠪᠠ︶᠃ ᠪᠡᠯᠡ ᠣᠷᠣᠭᠤᠯᠤᠯᠲᠠ ᠶᠢᠨ ᠭᠤᠣᠯ ᠢᠷᠡᠯᠳᠡ ᠶᠢᠨ ᠤᠷᠤᠨ ᠠᠴᠠ ᠦᠵᠡᠪᠡᠯ᠂ ᠪᠡᠯᠡ ᠣᠷᠣᠭᠤᠯᠤᠯᠲᠠ ᠨᠢ ᠭᠤᠣᠯᠳᠠᠭᠤ ᠰᠢᠶᠠᠩᠭᠠᠩ ᠣᠷᠣᠨ ᠠᠴᠠ ᠢᠷᠡᠵᠤ ᠂ 97.29% ᠶᠢ ᠡᠵᠡᠯᠡᠪᠠ᠃ ᠪᠠᠯᠠ ᠣᠷᠣᠭᠤᠯᠤᠯᠲᠠ ᠶᠢᠨ ᠠᠵᠢᠯ ᠲᠥᠷᠥᠯ ᠠᠴᠠ ᠦᠵᠡᠪᠡᠯ᠂ ᠭᠤᠤᠯᠳᠠᠭᠤ ᠦᠢᠯᠡᠳᠬᠦ ᠦᠢᠯᠡᠰ᠂ ᠴᠠᠬᠢᠯᠭᠠᠨ ᠬᠦᠴᠦ᠂ ᠢᠯᠴᠢ ᠶᠢᠨ ᠬᠦᠴᠤ᠂ ᠰᠢᠲᠠᠮᠠᠬᠠᠶ ᠬᠡᠶ ᠵᠢᠴᠢ ᠤᠰᠤᠨ ᠤ  ᠦᠢᠯᠡᠳᠪᠦᠷᠢᠯᠡᠯ ᠪᠠ ᠬᠠᠩᠭᠠᠯᠭ᠎ᠠ ᠶᠢᠨ  ᠦᠢᠯᠡᠰ ᠲᠤ ᠲᠥᠪᠯᠡᠷᠡᠵᠦ᠂ 90.84% ᠶᠢ ᠡᠵᠡᠯᠡᠪᠠ᠃ ᠪᠠᠯᠠ ᠮᠥᠩᠭᠦ ᠶᠢᠨ ᠣᠷᠣᠭᠤᠯᠤᠯᠲᠠ ᠶᠢᠨ ᠬᠠᠨᠳᠤᠰᠢ ᠶᠢᠨ ᠲᠠᠷᠬᠠᠯᠲᠠ ᠶᠢᠨ ᠪᠠᠶᠢᠳᠠᠯ ᠠᠴᠠ ᠦᠵᠡᠪᠡᠯ᠂ ᠭᠤᠤᠯᠳᠠᠭᠤ ᠤᠯᠠᠭᠠᠨᠴᠠᠪ ᠬᠤᠲᠠ᠂ ᠰᠢᠯᠢ ᠶᠢᠨ ᠭᠤᠤᠯ ᠠᠶᠢᠮᠠᠭ ᠲᠤ ᠲᠥᠪᠯᠡᠷᠡᠵᠦ᠂ 95.65% ᠶᠢ ᠡᠵᠡᠯᠡᠪᠡ᠃      ᠳᠥᠷᠪᠡ᠂ ᠭᠠᠳᠠᠭᠠᠳᠤ ᠳᠤ ᠪᠠᠯᠠ ᠣᠷᠣᠭᠤᠯᠤᠨ ᠬᠠᠮᠳᠤᠷᠠᠯᠴᠠᠭᠰᠠᠨ     1 — 2 ᠰᠠᠷ᠎ᠠ ᠳᠤ᠂ ᠮᠠᠨ ᠤ ᠣᠷᠣᠨ ᠭᠠᠳᠠᠭᠠᠳᠤ ᠳᠤ ᠪᠠᠯᠠ ᠤᠷᠤᠭᠤᠯᠤᠭᠰᠠᠨ ᠲᠥᠷᠥᠯ ᠵᠤᠶᠢᠯ ᠢ 5 ᠰᠢᠨ᠎ᠡ ᠪᠠᠷ ᠨᠡᠮᠡᠭᠳᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2 ᠪᠠᠭᠠᠰᠪᠠ᠃ ᠳᠤᠮᠳᠠᠳᠤ ᠶᠢᠨ ᠲᠠᠯ᠎ᠠ ᠶᠢᠨ ᠬᠡᠯᠡᠯᠴᠡᠭᠡᠷ ᠢᠶᠠᠷ ᠪᠠᠯᠠ ᠣᠷᠣᠭᠤᠯᠤᠭᠰᠠᠨ ᠨᠢ 21.53 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 137.5% ᠪᠠᠷ ᠨᠡᠮᠡᠭᠳᠡᠵᠦ᠂ ᠪᠠᠯᠠ ᠣᠷᠣᠭᠤᠯᠤᠭᠰᠠᠨ ᠤᠯᠤᠰ ︵ᠭᠠᠵᠠᠷ ᠣᠷᠣᠨ︶ ᠨᠢ ᠣᠷᠣᠰ ︵2︶᠂ ᠮᠣᠩᠭᠤᠯ᠂ ᠭᠠᠨᠠ᠂ ᠳᠤᠮᠳᠠᠳᠤ ᠤᠯᠤᠰ ᠤᠨ ᠰᠢᠶᠠᠩᠭᠠᠩ ᠲᠣᠰ ᠲᠣᠰ 1 ᠪᠠᠶᠢᠵᠤ᠂ ᠭᠤᠤᠯ ᠪᠣᠯᠬᠤ ᠪᠠᠯᠠ ᠣᠷᠣᠭᠤᠯᠤᠯᠲᠠ ᠶᠢᠨ ᠠᠵᠢᠯ ᠲᠥᠷᠥᠯ ᠨᠢ ᠲᠠᠷᠢᠶᠠᠯᠠᠩ᠂ ᠪᠥᠭᠡᠮ ᠢᠶᠠᠷ ᠬᠤᠳᠠᠯᠳᠤᠬᠤ ᠦᠢᠯᠡᠰ᠂ ᠠᠭᠤᠷᠬᠠᠶ ᠮᠠᠯᠲᠠᠬᠤ ᠦᠢᠯᠡᠰ᠂ ᠣᠯᠠᠨ ᠤᠯᠤᠰ ᠤᠨ ᠠᠷᠠᠯᠵᠢᠶ᠎ᠠ ᠵᠡᠷᠭᠡ ᠪᠠᠶᠢᠪᠠ᠃ ᠬᠤᠳᠠᠯᠳᠤᠭᠠᠨ ᠤ ᠶᠠᠪᠤᠳᠠᠯ ᠤᠨ ᠶᠠᠮᠤᠨ ᠤ ᠪᠦᠷᠢᠳᠬᠡᠭᠰᠡᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 1 — 2 ᠰᠠᠷ᠎ᠠ ᠳᠤ ᠳᠤᠮᠳᠠᠳᠤ ᠶᠢᠨ ᠲᠠᠯ᠎ᠠ ᠶᠢᠨ ᠪᠣᠳᠠᠲᠠᠶ ᠪᠠᠯᠠ ᠣᠷᠣᠭᠤᠯᠤᠯᠲᠠ ᠨᠢ 4.38 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 948.3% ᠪᠠᠷ ᠨᠡᠮᠡᠭᠳᠡᠨ᠂ ᠪᠥᠬᠦ ᠤᠯᠤᠰ ᠲᠤ 7 ᠳ᠋ᠤᠭᠠᠷ ᠲᠤ ᠵᠢᠭᠰᠠᠭᠠᠭᠳᠠᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 14 ᠳ᠋ᠤᠭᠠᠷ  ᠳᠡᠭᠡᠭᠰᠢᠯᠡᠪᠡ᠃      ᠲᠠᠪᠤ᠂ ᠪᠣᠭᠤᠮᠲᠠ ᠶᠢᠨ ᠲᠡᠭᠡᠭᠡᠪᠦᠷᠢ ᠶᠢᠨ ᠬᠡᠮᠵᠢᠶ᠎ᠡ ᠶᠢᠨ ᠪᠠᠶᠢᠳᠠᠯ     1 — 2 ᠰᠠᠷ᠎ᠠ ᠳᠤ᠂ ᠪᠥᠬᠦ ᠣᠷᠣᠨ ᠤ ᠪᠣᠭᠤᠮᠲᠠ ᠶᠢᠨ ᠬᠢᠯᠢ ᠪᠠᠷ ᠣᠷᠣᠭᠤᠯᠵᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 443.88 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 55.1% ᠪᠠᠭᠤᠷᠠᠪᠠ᠃ ᠡᠭᠦᠨ ᠳᠤ᠄ ᠬᠢᠯᠢ ᠪᠠᠷ ᠣᠷᠣᠭᠤᠯᠤᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 348.33 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 60.6% ᠪᠠᠷ ᠪᠠᠭᠤᠷᠠᠪᠠ᠃ ᠬᠢᠯᠢ ᠠᠴᠠ ᠭᠠᠷᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 95.55 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.7% ᠪᠠᠷ ᠪᠠᠭᠤᠷᠠᠪᠠ᠃      ᠮᠣᠩᠭᠤᠯ ᠤᠯᠤᠰ ᠤᠨ ᠬᠢᠯᠢ ᠶᠢᠨ ᠪᠣᠭᠤᠮᠲᠠ ᠳᠠᠬᠢ ᠬᠢᠯᠢ ᠪᠠᠷ ᠣᠷᠣᠭᠤᠯᠵᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 250.28 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 62.4% ᠪᠠᠷ ᠪᠠᠭᠤᠷᠠᠪᠠ᠃ ᠡᠭᠦᠨ ᠳᠤ᠄ ᠬᠢᠯᠢ ᠪᠠᠷ ᠣᠷᠣᠭᠤᠯᠤᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 200.33 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 68.3% ᠪᠠᠷ ᠪᠠᠭᠤᠷᠠᠪᠠ᠃ ᠬᠢᠯᠢ ᠠᠴᠠ ᠭᠠᠷᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 49.95 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 46.2% ᠢᠶᠠᠷ ᠨᠡᠮᠡᠭᠳᠡᠪᠡ᠃ ᠣᠷᠣᠰ ᠤᠨ ᠬᠢᠯᠢ ᠶᠢᠨ ᠪᠣᠭᠤᠮᠲᠠ ᠳᠠᠬᠢ ᠬᠢᠯᠢ ᠪᠠᠷ ᠣᠷᠣᠭᠤᠯᠵᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 193.60 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 40.3% ᠪᠠᠷ ᠪᠠᠭᠤᠷᠠᠪᠠ᠃ ᠡᠭᠦᠨ ᠳᠤ᠄ ᠬᠢᠯᠢ ᠪᠠᠷ ᠣᠷᠣᠭᠤᠯᠤᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 148.0 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 41.4% ᠪᠠᠭᠤᠷᠠᠪᠠ᠃ ᠬᠢᠯᠢ ᠠᠴᠠ ᠭᠠᠷᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 45.60 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 36.4% ᠪᠠᠷ ᠪᠠᠭᠤᠷᠠᠪᠠ᠃      ᠪᠥᠬᠦ ᠣᠷᠣᠨ ᠤ ᠪᠣᠭᠤᠮᠲᠠ ᠶᠢᠨ ᠬᠢᠯᠢ ᠪᠠᠷ ᠣᠷᠣᠭᠤᠯᠵᠤ ᠭᠠᠷᠭᠠᠭᠰᠠᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 3.92 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 66.5% ᠪᠠᠭᠤᠷᠠᠪᠠ᠃ ᠡᠭᠦᠨ ᠳᠤ᠂ ᠬᠢᠯᠢ ᠪᠠᠷ ᠣᠷᠣᠵᠤ ᠢᠷᠡᠭᠰᠡᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 1.96 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 66.5% ᠪᠠᠷ ᠪᠠᠭᠤᠷᠠᠵᠤ᠂ ᠬᠢᠯᠢ ᠠᠴᠠ ᠭᠠᠷᠬᠤ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 1.96 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 66.4% ᠪᠠᠷ ᠪᠠᠭᠤᠷᠠᠪᠠ᠃ ᠪᠥᠬᠦ ᠣᠷᠣᠨ ᠤ ᠪᠣᠭᠤᠮᠲᠠ ᠶᠢᠨ ᠬᠢᠯᠢ ᠪᠠᠷ ᠣᠷᠣᠭᠤᠯᠵᠤ ᠭᠠᠷᠭᠠᠬᠤ ᠵᠠᠮ ᠬᠠᠷᠢᠯᠴᠠᠭᠠᠨ ᠤ ᠪᠠᠭᠠᠵᠢ 3.37 ᠲᠦᠮᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 69.4% ᠪᠠᠭᠤᠷᠠᠪᠠ᠃ ᠡᠭᠦᠨ ᠳᠤ᠂ ᠬᠢᠯᠢ ᠪᠠᠷ ᠣᠷᠣᠵᠤ ᠢᠷᠡᠭᠰᠡᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ 1.61 ᠲᠦᠮᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 70.5% ᠪᠠᠷ ᠪᠠᠭᠤᠷᠠᠪᠠ᠃ ᠬᠢᠯᠢ ᠠᠴᠠ ᠭᠠᠷᠬᠤ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠤᠨ ᠲᠤᠭ᠎ᠠ 1.76 ᠲᠦᠮᠡ ᠬᠦᠷᠴᠦ᠂ ᠠᠳᠠᠯᠢ ᠬᠤᠭᠤᠴᠠᠭᠠᠨ ᠤ ᠬᠢ ᠠᠴᠠ 68.2%  ᠪᠠᠭᠤᠷᠠᠪᠠ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠬᠤᠳᠠᠯᠳᠣᠭᠠᠨ ᠤ ᠶᠠᠪᠤᠳᠠᠯ ᠤᠨ ᠲᠢᠩᠬᠢᠮ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号