ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠭᠰᠠᠨ ᠠᠵᠤ ᠠᠬᠤᠶᠢᠯᠠᠯ ᠤᠨ ᠣᠨ ᠤ ᠮᠡᠳᠡᠭᠡ ᠵᠠᠩᠭᠢ ᠶᠢᠨ ᠮᠡᠳᠡᠭᠦᠯᠦᠯᠲᠡ ᠶᠢ ᠮᠡᠳᠡᠭᠦᠯᠬᠦ ᠵᠦᠭᠯᠡᠭᠦᠷ
ᠨᠡᠶᠢᠲᠡᠯᠡᠭᠰᠡᠨ ᠴᠠᠭ᠄
2022/5/25
     ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠯᠲᠠ ᠶᠢᠨ ᠬᠠᠤᠯᠢ︾ ᠪᠠ ︽ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠯᠲᠠ ᠶᠢᠨ ᠮᠡᠳᠡᠭᠡ ᠵᠠᠩᠭᠢ ᠶᠢ ᠮᠡᠳᠡᠭᠦᠯᠬᠦ ᠠᠷᠭ᠎ᠠ︾ ᠶᠢ ᠦᠨᠳᠦᠰᠦᠯᠡᠪᠡᠯ᠂ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠭᠰᠠᠨ ᠠᠵᠤ ᠠᠬᠤᠶᠢᠯᠠᠯ ᠵᠢᠯ ᠪᠦᠷᠢ ᠶᠢᠨ 1 ᠰᠠᠷ᠎ᠠ ᠶᠢᠨ 1 ᠤ ᠡᠳᠦᠷ ᠠᠴᠠ 6 ᠰᠠᠷ᠎ᠠ ᠶᠢᠨ 30 ᠤ ᠡᠳᠦᠷ ᠪᠣᠯᠲᠠᠯ᠎ᠠ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠰᠢᠰᠲ᠋ᠧᠮ ᠢᠶᠠᠷ ᠳᠠᠮᠵᠢᠭᠤᠯᠤᠨ ᠳᠡᠭᠡᠷ᠎ᠡ ᠨᠢᠭᠡ ᠵᠢᠯ ᠤᠨ ᠣᠨ ᠤ ᠮᠡᠳᠡᠭᠦᠯᠦᠯᠲᠡ ᠪᠠᠨ ᠲᠤᠰᠢᠶᠠᠬᠤ ᠬᠡᠷᠡᠭᠲᠡᠶ᠃ ᠲᠤᠬᠠᠶ ᠶᠢᠨ ᠵᠢᠯ ᠳᠤ ᠪᠠᠶᠢᠭᠤᠯᠤᠭᠰᠠᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠨᠢ ᠳᠠᠷᠠᠭ᠎ᠠ ᠵᠢᠯ ᠠᠴᠠ ᠡᠬᠢᠯᠡᠨ ᠣᠨ ᠤ ᠮᠡᠳᠡᠭᠦᠯᠦᠯᠲᠡ ᠪᠠᠨ ᠮᠡᠳᠡᠭᠦᠯᠦᠨ ᠬᠦᠷᠭᠡᠬᠦ ᠬᠡᠷᠡᠭᠲᠡᠶ᠃ ᠱᠠᠭᠠᠷᠳᠠᠯᠭ᠎ᠠ ᠶᠣᠰᠣᠭᠠᠷ ᠪᠡᠯᠡ ᠣᠷᠣᠭᠤᠯᠤᠯᠲᠠ ᠶᠢᠨ ᠮᠡᠳᠡᠭᠡ ᠵᠠᠩᠭᠢ ᠪᠠᠨ ᠮᠡᠳᠡᠭᠦᠯᠦᠨ ᠬᠦᠷᠭᠡᠭᠰᠡᠨ ᠥᠭᠡᠢ ᠮᠥᠷᠲᠡᠭᠡᠨ ᠮᠡᠳᠡᠭᠳᠡᠭᠰᠡᠨ ᠪᠠᠶᠢᠲᠠᠯ᠎ᠠ ᠨᠥᠬᠦᠵᠦ ᠮᠡᠳᠡᠭᠦᠯᠦᠭᠰᠡᠨ ᠥᠭᠡᠢ ᠪᠤᠶᠤ ᠵᠠᠯᠠᠷᠠᠭᠤᠯᠤᠭᠰᠠᠨ ᠥᠭᠡᠢ ᠪᠣᠯ ᠬᠤᠳᠠᠯᠳᠤᠭᠠᠨ ᠤ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠡᠭᠦᠨ ᠢ ᠵᠠᠷᠯᠢᠭᠳᠠᠵᠤ ᠪᠠᠶᠢᠭᠠᠳ 20 ᠠᠵᠢᠯᠯᠠᠬᠤ ᠡᠳᠦᠷ ᠤᠨ ᠳᠣᠲᠣᠷ᠎ᠠ ᠵᠠᠯᠠᠷᠠᠭᠤᠯᠵᠤ ᠪᠣᠯᠤᠨ᠎ᠠ᠂ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠥᠭᠡᠢ ᠪᠣᠯ ᠥᠢᠯᠡ ᠪᠠᠶᠢᠳᠠᠯ ᠤᠨ ᠬᠦᠨᠳᠦ ᠬᠥᠡᠭᠭᠡᠨ ᠢ ᠨᠢ ᠦᠵᠡᠵᠦ ᠪᠠᠶᠢᠭᠠᠳ ᠠᠷᠪᠠᠨ ᠲᠦᠮᠡᠨ ᠲᠥᠭᠦᠷᠢᠭ ᠠᠴᠠ ᠲᠠᠪᠢᠨ ᠲᠦᠮᠡᠨ ᠲᠥᠭᠦᠷᠢᠭ ᠤᠨ ᠰᠢᠳᠬᠡᠯ ᠥᠭᠭᠦᠨ᠎ᠡ᠃      2021 ᠣᠨ ᠤ 12 ᠰᠠᠷ᠎ᠠ ᠶᠢᠨ 31 ᠤ ᠡᠳᠦᠷ ᠠᠴᠠ ᠡᠮᠦᠨ᠎ᠡ ᠳᠤᠮᠳᠠᠳᠤ ᠤᠯᠤᠰ ᠤᠨ ᠬᠢᠯᠢ ᠶᠢᠨ ᠳᠣᠲᠣᠷ᠎ᠠ ᠪᠠᠯᠠ ᠣᠷᠣᠭᠤᠯᠵᠤ ᠪᠠᠶᠢᠭᠤᠯᠤᠭᠰᠠᠨ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠭᠰᠠᠨ ᠠᠵᠤ ᠠᠬᠤᠶᠢᠯᠠᠯ ᠴᠥᠮ ᠲᠣᠭᠲᠠᠭᠰᠠᠨ ᠴᠠᠭ ᠤᠨ ᠳᠣᠲᠣᠷ᠎ᠠ ᠣᠨ ᠤ ᠮᠡᠳᠡᠭᠦᠯᠦᠯᠲᠡ ᠪᠠᠨ ᠲᠤᠰᠢᠶᠠᠬᠤ ᠬᠡᠷᠡᠭᠲᠡᠶ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠮᠡᠳᠡᠭᠦᠯᠦᠨ ᠬᠦᠷᠭᠡᠬᠦ ᠰᠦᠯᠵᠢᠶᠡᠨ ᠤ ᠬᠠᠶ᠋ᠢᠭ᠄ http://amr.nmg.gov.cn:58888/aiceps/liaisonsLogin.html      ᠭᠠᠳᠠᠭᠠᠳᠤ ᠪᠡᠯᠡ ᠶᠢᠨ ᠠᠵᠤ ᠠᠬᠤᠶᠢᠯᠠᠯ ᠨᠢ ᠬᠤᠶᠠᠷ ᠬᠡᠮᠵᠢᠯᠳᠦ ᠲᠡᠮᠳᠡᠭ ᠢ ᠰᠢᠷᠪᠢᠵᠦ ᠣᠨ ᠤ ᠮᠡᠳᠡᠭᠡ ᠵᠠᠩᠭᠢ ᠶᠢᠨ ᠮᠡᠳᠡᠭᠦᠯᠦᠯᠲᠡ ᠶᠢ ᠮᠡᠳᠡᠭᠦᠯᠬᠦ ᠵᠦᠭᠯᠡᠭᠦᠷ ᠢ ᠦᠵᠡᠵᠦ ᠪᠣᠯᠤᠨ᠎ᠠ᠃  
     
 
ᠢᠷᠡᠯᠲᠡ᠄ ᠭᠠᠳᠠᠭᠠᠳᠤ ᠶᠢᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠭᠠᠵᠠᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号