ᠨᠢᠭᠡ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ | ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠪᠥᠬᠦ ᠲᠤᠭ᠎ᠠ 2285.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 0.2% ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ 1 — 5 ᠳ᠋ᠤᠭᠠᠷ | ᠰᠠᠷ᠎ᠠ ᠶᠢᠨ ᠬᠢ ᠠᠴᠠ 0.6 ᠵᠠᠭᠤᠨ ᠤ ᠨᠢᠭᠡᠴᠢ ᠪᠠᠭᠠᠰᠴᠤ᠂ ᠪᠥᠬᠦ ᠤᠯᠤᠰ ᠤᠨ ᠬᠢ ᠠᠴᠠ 0.5 ᠵᠠᠭᠤᠨ ᠤ ᠨᠢᠭᠡᠴᠢ | ᠥᠨᠳᠥᠷ ᠪᠣᠯᠵᠠᠶ᠃ | ᠠᠵᠢᠯᠯᠠᠭᠠᠨ ᠤ ᠭᠤᠣᠯ ᠣᠨᠴᠠᠯᠢᠭ ᠪᠣᠯ᠄ ᠬᠡᠷᠡᠭᠯᠡᠭᠡᠨ ᠤ ᠵᠠᠬ᠎ᠠ ᠳᠡᠯᠭᠡᠭᠦᠷ ᠢ ᠲᠦᠷᠭᠡᠪᠴᠢᠯᠡᠨ ᠰᠡᠷᠭᠦᠭᠡᠵᠦ᠂ | ᠦᠨᠳᠦᠰᠦᠨ ᠠᠮᠢᠳᠤᠷᠠᠯ ᠤᠨ ᠲᠦᠷᠦᠯ ᠤᠨ ᠲᠠᠸᠠᠷ ᠢ ᠨᠡᠯᠢᠶᠡᠳ ᠲᠦᠷᠭᠡᠨ ᠢᠶᠠᠷ ᠨᠡᠮᠡᠭᠳᠡᠬᠦᠯᠪᠠ᠃ ᠣᠷᠣᠨ | ᠪᠦᠰᠡ ᠠᠴᠠ ᠦᠵᠡᠪᠡᠯ᠂ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 0. | 2% ᠢᠶᠠᠷ ᠪᠠᠭᠤᠷᠠᠪᠠ︔ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 0. | 6% ᠪᠠᠷ ᠪᠠᠭᠤᠷᠠᠪᠠ᠃ ᠬᠡᠷᠡᠭᠯᠡᠭᠡᠨ ᠤ ᠬᠡᠯᠪᠡᠷᠢ ᠠᠴᠠ ᠦᠵᠡᠪᠡᠯ᠂ ᠪᠥᠬᠦ ᠣᠷᠣᠨ ᠤ ᠢᠳᠡᠭᠡᠨ ᠤᠮᠳᠠᠭᠠᠨ ᠤ ᠣᠷᠣᠯᠭ᠎ᠠ | 9.2% ᠢᠶᠠᠷ ᠪᠠᠭᠤᠷᠠᠵᠤ᠂ ᠲᠦᠷᠦᠭᠦᠤ ᠰᠠᠷ᠎ᠠ ᠶᠢᠨ ᠬᠢ ᠠᠴᠠ 0.6 ᠵᠠᠭᠤᠨ ᠤ ᠨᠢᠭᠡᠴᠢ ᠪᠠᠭᠠᠰᠴᠠᠶ᠃ ᠲᠠᠸᠠᠷ ᠤᠨ | ᠵᠢᠵᠢᠭᠯᠡᠨ ᠬᠤᠳᠠᠯᠳᠤᠬᠤ ᠬᠡᠮᠵᠢᠶ᠎ᠡ 0.8% ᠪᠠᠷ ᠨᠡᠮᠡᠭᠳᠡᠵᠦ᠂ ᠲᠦᠷᠦᠭᠦᠦ ᠰᠠᠷ᠎ᠠ ᠶᠢᠨ ᠬᠢ ᠠᠴᠠ 0.6 ᠵᠠᠭᠤᠨ ᠤ | ᠨᠢᠭᠡᠴᠢ ᠪᠠᠷ ᠥᠷᠭᠡᠳᠴᠡᠶ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠡ ᠶᠢᠨ 11 ᠬᠡᠷᠡᠭᠯᠡᠭᠡᠨ ᠤ ᠵᠦᠢᠯ ᠤᠨ | ᠲᠥᠷᠥᠯ ᠤᠨ ᠥᠷᠲᠡᠭ ᠠᠴᠠ ᠦᠵᠡᠪᠡᠯ᠂ 6 ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ | ᠨᠡᠮᠡᠭᠳᠡᠯ ᠢ ᠪᠠᠲᠤᠯᠠᠨ᠎ᠠ᠃ ᠦᠨᠳᠦᠰᠦᠨ ᠠᠮᠢᠳᠤᠷᠠᠯ ᠤᠨ ᠲᠥᠷᠥᠯ ᠤᠨ ᠲᠠᠸᠠᠷ ᠤᠨ ᠬᠡᠷᠡᠭᠯᠡᠭᠡ ᠨᠡᠯᠢᠶᠡᠳ ᠲᠦᠷᠭᠡᠨ | ᠨᠡᠮᠡᠭᠳᠡᠵᠦ᠂ ᠠᠮᠤ ᠪᠤᠳᠠᠭ᠎ᠠ ᠲᠣᠰᠣ ᠢᠳᠡᠭᠡᠨ ᠤ ᠲᠥᠷᠥᠯ᠂ ᠤᠮᠳᠠᠭᠠᠨ ᠤ ᠲᠥᠷᠥᠯ᠂ ᠠᠷᠢᠬᠢ ᠲᠠᠮᠠᠬᠢᠨ ᠤ ᠲᠥᠷᠥᠯ | ᠠᠳᠠᠯᠢ ᠬᠤᠭᠤᠴᠠᠭᠠᠨ ᠤ ᠬᠢ ᠠᠴᠠ ᠲᠣᠰ ᠲᠣᠰ 26.4%᠂ 13.7%᠂ 9.9% ᠨᠡᠮᠡᠭᠳᠡᠪᠡ᠃ ᠲᠠᠰ ᠳᠡᠪᠰᠢᠬᠦ | ᠲᠥᠷᠥᠯ ᠤᠨ ᠲᠠᠸᠠᠷ ᠤᠨ ᠬᠡᠷᠡᠭᠯᠡᠭᠡ ᠪᠠᠭ᠎ᠠ ᠬᠡᠮᠵᠢᠶ᠎ᠡ ᠪᠠᠷ ᠳᠡᠭᠡᠭᠰᠢᠯᠡᠵᠦ᠂ ᠠᠯᠲᠠ ᠮᠥᠩᠭᠦ ᠰᠤᠪᠤᠳ ᠡᠷᠳᠡᠨᠢ ᠶᠢᠨ | ᠲᠥᠷᠥᠯ᠂ ᠵᠠᠰᠠᠯ ᠴᠢᠮᠡᠭ ᠤᠨ ᠡᠳ᠋ ᠤᠨ ᠲᠥᠷᠥᠯ᠂ ᠮᠠᠰᠢᠨ ᠲᠡᠷᠭᠡᠨ ᠤ ᠲᠥᠷᠥᠯ ᠤᠨ ᠪᠠᠭᠤᠷᠠᠯᠲᠠ ᠶᠢᠨ ᠬᠡᠮᠵᠢᠶ᠎ᠡ | ᠨᠢᠭᠡᠳᠦᠭᠡᠷ ᠤᠯᠠᠷᠢᠯ ᠤᠨ ᠬᠢ ᠠᠴᠠ ᠲᠣᠰ ᠲᠣᠰ 0.8᠂ 0.7᠂ 1.3 ᠵᠠᠭᠤᠨ ᠤ ᠨᠢᠭᠡᠴᠢ ᠪᠠᠭᠠᠰᠴᠤ᠂ ᠬᠡᠷ ᠤᠨ | ᠬᠡᠷᠡᠭᠰᠡᠯ ᠤᠨ ᠲᠥᠷᠥᠯ ᠠᠳᠠᠯᠢ ᠬᠤᠭᠤᠴᠠᠭᠠᠨ ᠤ ᠬᠢ ᠠᠴᠠ 5.7% ᠪᠠᠷ ᠨᠡᠮᠡᠭᠳᠡᠪᠡ᠃ ᠴᠢᠯᠠᠭᠤᠨ ᠲᠣᠰᠣ ᠵᠢᠴᠢ | ᠪᠦᠲᠦᠭᠡᠭᠳᠡᠬᠦᠨ ᠤ ᠲᠥᠷᠥᠯ 28.9% ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ ᠨᠢᠭᠡᠳᠦᠭᠡᠷ ᠤᠯᠠᠷᠢᠯ ᠤᠨ ᠬᠢ ᠠᠴᠠ | 4.1 ᠵᠠᠭᠤᠨ ᠤ ᠨᠢᠭᠡᠴᠢ ᠪᠠᠭᠤᠷᠠᠪᠠ᠃ | ᠠᠶᠢᠮᠠᠭ ᠬᠤᠳᠠ ᠶᠢᠨ ᠪᠠᠶᠢᠳᠠᠯ ᠠᠴᠠ ᠦᠵᠡᠪᠡᠯ᠂ ᠤᠷᠳᠤᠰ ᠬᠤᠳᠠ᠂ ᠠᠯᠠᠱᠠ ᠠᠶᠢᠮᠠᠭ᠂ ᠬᠢᠩᠭᠠᠨ ᠠᠶᠢᠮᠠᠭ᠂ | ᠲᠦᠩᠯᠢᠶᠣᠤ ᠬᠤᠳᠠ᠂ ᠤᠯᠠᠭᠠᠨᠬᠠᠳᠠ ᠬᠤᠳᠠ᠂ ᠬᠥᠯᠥᠨ ᠪᠤᠶᠢᠷ ᠬᠤᠳᠠ᠂ ᠦᠬᠠᠢ ᠬᠤᠳᠠ᠂ ᠰᠢᠯᠢ ᠶᠢᠨ ᠭᠤᠣᠯ | ᠠᠶᠢᠮᠠᠭ ᠵᠡᠷᠭᠡ 8 ᠠᠶᠢᠮᠠᠭ ᠬᠤᠳᠠ ᠶᠢᠨ ᠨᠡᠮᠡᠭᠳᠡᠯ ᠤᠨ ᠬᠤᠷᠳᠤᠴᠠ ᠨᠢ ᠪᠦᠬᠦ ᠣᠷᠣᠨ ᠤ ᠲᠦᠪᠰᠢᠨ ᠠᠴᠠ ᠳᠠᠪᠠᠵᠤ᠂ | ᠦᠯᠡᠳᠡᠭᠰᠡᠨ 4 ᠠᠶᠢᠮᠠᠭ ᠬᠤᠳᠠ ᠶᠢᠨ ᠨᠡᠮᠡᠭᠳᠡᠯ ᠤᠨ ᠬᠤᠷᠳᠤᠴᠠ ᠨᠢ ᠪᠦᠬᠦ ᠣᠷᠣᠨ ᠤ ᠲᠦᠪᠰᠢᠨ ᠠᠴᠠ ᠳᠣᠣᠷ᠎ᠠ | ᠪᠣᠯᠪᠠ᠃ | ᠬᠤᠶᠠᠷ᠂ ᠭᠠᠳᠠᠭᠠᠳᠤ ᠠᠷᠠᠯᠵᠢᠶ᠎ᠠ | ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠭᠠᠳᠠᠭᠠᠳᠤ | ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ ᠨᠡᠶᠢᠲᠡ 680.7 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.3% ᠪᠠᠷ ᠨᠡᠮᠡᠭᠳᠡᠪᠡ᠃ ᠡᠭᠦᠨ ᠳᠤ᠄ | ᠭᠠᠳᠠᠭᠠᠳᠤ ᠠᠴᠠ ᠣᠷᠣᠭᠤᠯᠤᠭᠰᠠᠨ ᠲᠤᠭ᠎ᠠ ᠨᠡᠶᠢᠲᠡ 388.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 8.0% ᠨᠡᠮᠡᠭᠳᠡᠵᠡᠶ︔ ᠭᠠᠳᠠᠭᠠᠳᠤ ᠳᠤ ᠭᠠᠷᠭᠠᠭᠰᠠᠨ ᠲᠤᠭ᠎ᠠ ᠨᠡᠶᠢᠲᠡ 292.5 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 32.6% ᠨᠡᠮᠡᠭᠳᠡᠵᠡᠶ᠃ | ᠳ᠋ᠣᠯᠯᠠᠷ ᠤᠨ ᠪᠠᠷᠢᠮᠵᠢᠶ᠎ᠠ ᠪᠠᠷ ᠪᠣᠯ᠂ ᠪᠥᠬᠦ ᠣᠷᠣᠨ ᠤ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ ᠨᠡᠶᠢᠲᠡ 105.9 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 18.3% ᠨᠡᠮᠡᠭᠳᠡᠪᠡ᠃ ᠡᠭᠦᠨ ᠳᠤ᠄ ᠭᠠᠳᠠᠭᠠᠳᠤ ᠠᠴᠠ ᠣᠷᠣᠭᠤᠯᠤᠭᠰᠠᠨ ᠨᠡᠶᠢᠲᠡ | ᠲᠤᠭ᠎ᠠ 60.4 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.9% ᠨᠡᠮᠡᠭᠳᠡᠵᠡᠶ︔ | ᠭᠠᠳᠠᠭᠠᠳᠤ ᠳᠤ ᠭᠠᠷᠭᠠᠭᠰᠠᠨ ᠲᠤᠭ᠎ᠠ ᠨᠡᠶᠢᠲᠡ 45.5 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 33.8% ᠪᠠᠷ ᠨᠡᠮᠡᠭᠳᠡᠵᠡᠶ᠃ | ᠠᠵᠢᠯᠯᠠᠭᠠᠨ ᠤ ᠭᠤᠣᠯ ᠣᠨᠴᠠᠯᠢᠭ ᠪᠣᠯ᠄ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠬᠤ ᠪᠠ | ᠭᠠᠳᠠᠭᠠᠳᠤ ᠳᠤ ᠭᠠᠷᠭᠠᠬᠤ ᠶᠢ ᠦᠷᠭᠦᠯᠵᠢᠯᠡᠨ ᠲᠦᠷᠭᠡᠨ ᠢᠶᠠᠷ ᠨᠡᠮᠡᠭᠳᠡᠬᠦᠯᠪᠠ᠃ 6 ᠳ᠋ᠤᠭᠠᠷ ᠰᠠᠷ᠎ᠠ ᠳᠤ᠂ ᠪᠥᠬᠦ | ᠣᠷᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ 133.8 ᠳ᠋ᠦᠩᠰᠢᠭᠤᠷ | ᠲᠥᠭᠦᠷᠢᠭ ᠲᠤ ᠬᠦᠷᠴᠦ᠂ ᠡᠨᠡ ᠵᠢᠯ ᠠᠴᠠ ᠨᠠᠰᠢᠬᠢ ᠭᠠᠭᠴᠠ ᠰᠠᠷ᠎ᠠ ᠶᠢᠨ ᠬᠠᠮᠤᠭ ᠤᠨ ᠥᠨᠳᠥᠷ ᠬᠡᠮᠵᠢᠶᠡᠨ ᠳᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 40.3% ᠪᠠᠷ ᠨᠡᠮᠡᠭᠳᠡᠪᠡ᠂ ᠡᠭᠦᠨ ᠳᠤ᠄ ᠭᠠᠳᠠᠭᠠᠳᠤ ᠳᠤ ᠭᠠᠷᠭᠠᠭᠰᠠᠨ | ᠲᠤᠭ᠎ᠠ 52.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 39.1% ᠪᠠᠷ | ᠨᠡᠮᠡᠭᠳᠡᠪᠡ︔ ᠭᠠᠳᠠᠭᠠᠳᠤ ᠠᠴᠠ ᠣᠷᠣᠭᠤᠯᠤᠭᠰᠠᠨ ᠲᠤᠭ᠎ᠠ 81.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 41.1% ᠨᠡᠮᠡᠭᠳᠡᠵᠡᠶ᠃ ᠳᠡᠭᠡᠷ᠎ᠡ ᠬᠠᠭᠠᠰ ᠵᠢᠯ ᠳᠤ᠂ ᠮᠠᠨ ᠤ ᠣᠷᠣᠨ ᠤ ᠭᠠᠳᠠᠭᠠᠳᠤ | ᠠᠷᠠᠯᠵᠢᠶ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ᠂ ᠭᠠᠳᠠᠭᠠᠳᠤ ᠭᠠᠷᠭᠠᠯᠲᠠ᠂ ᠭᠠᠳᠠᠭᠠᠳᠤ ᠣᠷᠣᠭᠤᠯᠤᠯᠲᠠ | ᠲᠣᠰ ᠲᠣᠰ 17.3%᠂ 32.6%᠂ 8.0% ᠨᠡᠮᠡᠭᠳᠡᠪᠡ᠂ ᠡᠭᠦᠨ ᠳᠤ᠂ ᠭᠠᠳᠠᠭᠠᠳᠤ ᠣᠷᠣᠭᠤᠯᠤᠯᠲᠠ | ᠭᠠᠷᠭᠠᠯᠲᠠ ᠶᠢᠨ ᠨᠡᠮᠡᠭᠳᠡᠯ ᠤᠨ ᠬᠤᠷᠳᠤᠴᠠ ᠨᠢ ᠪᠥᠬᠦ ᠤᠯᠤᠰ ᠤᠨ ᠬᠢ ᠠᠴᠠ 7.9 ᠵᠠᠭᠤᠨ ᠤ ᠨᠢᠭᠡᠴᠢ ᠥᠨᠳᠥᠷ | ᠪᠠᠶᠢᠵᠤ᠂ ᠳᠡᠭᠡᠷ᠎ᠡ ᠰᠠᠷ᠎ᠠ ᠶᠢᠨ ᠬᠢ ᠠᠴᠠ 3.6 ᠵᠠᠭᠤᠨ ᠤ ᠨᠢᠭᠡᠴᠢ ᠥᠷᠭᠡᠳᠴᠦ᠂ ᠪᠥᠬᠦ ᠤᠯᠤᠰ ᠤᠨ ᠠᠷᠪᠠᠨ | ᠨᠢᠭᠡᠳᠦᠭᠡᠷ ᠲᠤ ᠣᠷᠣᠵᠤ᠂ ᠳᠡᠭᠡᠷ᠎ᠡ ᠰᠠᠷ᠎ᠠ ᠶᠢᠨ ᠬᠢ ᠠᠴᠠ 5 ᠣᠷᠣᠨ ᠳᠡᠭᠡᠭᠰᠢᠯᠡᠵᠦ᠂ ᠨᠢᠭᠡᠳᠦᠭᠡᠷ | ᠤᠯᠠᠷᠢᠯ ᠤᠨ ᠬᠢ ᠠᠴᠠ 14 ᠣᠷᠣᠨ ᠳᠡᠭᠡᠭᠰᠢᠯᠡᠪᠡ︔ ᠭᠠᠳᠠᠭᠠᠳᠤ ᠭᠠᠷᠭᠠᠯᠲᠠ ᠶᠢᠨ ᠨᠡᠮᠡᠭᠳᠡᠯ ᠤᠨ ᠬᠤᠷᠳᠤᠴᠠ ᠨᠢ | ᠪᠥᠬᠦ ᠤᠯᠤᠰ ᠤᠨ ᠬᠢ ᠠᠴᠠ 19.4 ᠵᠠᠭᠤᠨ ᠤ ᠨᠢᠭᠡᠴᠢ ᠥᠨᠳᠥᠷ ᠪᠠᠶᠢᠵᠤ᠂ ᠪᠠᠶᠢᠷᠢ ᠶᠢᠨ ᠳᠠᠷᠠᠭᠠᠯᠠᠯ ᠨᠢ ᠲᠦᠷᠦᠭᠦᠤ | ᠰᠠᠷ᠎ᠠ ᠶᠢᠨ ᠬᠢ ᠲᠠᠢ ᠦᠨᠳᠦᠰᠦᠨ ᠳᠡᠭᠡᠨ ᠠᠳᠠᠯᠢ ᠪᠣᠯᠪᠠ︔ ᠭᠠᠳᠠᠭᠠᠳᠤ ᠣᠷᠣᠭᠤᠯᠤᠯᠲᠠ ᠶᠢᠨ ᠨᠡᠮᠡᠭᠳᠡᠯ ᠤᠨ | ᠬᠤᠷᠳᠤᠴᠠ ᠨᠢ ᠪᠥᠬᠦ ᠤᠯᠤᠰ ᠤᠨ ᠬᠢ ᠠᠴᠠ 3.2 ᠵᠠᠭᠤᠨ ᠤ ᠨᠢᠭᠡᠴᠢ ᠥᠨᠳᠥᠷ ᠪᠠᠶᠢᠵᠤ᠂ ᠪᠥᠬᠦ ᠤᠯᠤᠰ ᠤᠨ 12 | ᠳ᠋ᠤᠭᠠᠷ ᠲᠤ ᠵᠢᠭᠰᠠᠭᠠᠭᠳᠠᠵᠤ᠂ ᠲᠦᠷᠦᠭᠦᠤ ᠰᠠᠷ᠎ᠠ ᠶᠢᠨ ᠬᠢ ᠠᠴᠠ 8 ᠣᠷᠣᠨ ᠳᠡᠭᠡᠭᠰᠢᠯᠡᠵᠦ᠂ ᠨᠢᠭᠡᠳᠦᠭᠡᠷ | ᠤᠯᠠᠷᠢᠯ ᠤᠨ ᠬᠢ ᠠᠴᠠ 12 ᠣᠷᠣᠨ ᠳᠡᠭᠡᠭᠰᠢᠯᠡᠵᠡᠶ᠃ ᠡᠩ ᠤᠨ ᠠᠷᠠᠯᠵᠢᠶᠠᠨ ᠤ ᠬᠤᠪᠢ ᠶᠢᠨ ᠵᠢᠩ ᠳᠡᠭᠡᠭᠰᠢᠯᠡᠪᠡ᠃ | ᠳᠡᠭᠡᠷ᠎ᠡ ᠬᠠᠭᠠᠰ ᠵᠢᠯ ᠳᠤ᠂ ᠡᠩ ᠤᠨ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ | ᠥᠷᠲᠡᠭ 469.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 21.5% | ᠨᠡᠮᠡᠭᠳᠡᠵᠦ᠂ ᠪᠥᠬᠦ ᠣᠷᠣᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠲᠣᠭᠠᠨ ᠤ 69.0% ᠶᠢ | ᠡᠵᠡᠯᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2.9 ᠵᠠᠭᠤᠨ ᠤ ᠨᠢᠭᠡᠴᠢ ᠳᠡᠭᠡᠭᠰᠢᠯᠡᠵᠡᠶ︔ ᠪᠥᠬᠦ | ᠣᠷᠣᠨ ᠤ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ | ᠥᠷᠲᠡᠭ 49.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 113.1% | ᠨᠡᠮᠡᠭᠳᠡᠪᠡ︔ ᠬᠢᠯᠢ ᠶᠢᠨ ᠪᠠᠭ᠎ᠠ ᠲᠣᠭᠠᠨ ᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ | ᠦᠷᠳᠡᠭ 92.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.3% | ᠪᠠᠭᠤᠷᠠᠪᠠ᠃ ᠪᠤᠰᠤᠳ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ | ᠦᠷᠳᠡᠭ 68.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.2% ᠢᠶᠠᠷ | ᠨᠡᠮᠡᠭᠳᠡᠵᠡᠢ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠲᠦᠷᠦᠭᠦᠤ | ᠬᠠᠭᠠᠰ ᠵᠢᠯ ᠳᠤ᠂ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠭᠰᠠᠨ ᠠᠵᠤ ᠠᠬᠤᠶᠢᠯᠠᠯ ᠤᠨ ᠭᠠᠳᠠᠭᠠᠳᠤ | ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠬᠡᠮᠵᠢᠶ᠎ᠡ 54.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 48.8% ᠪᠠᠷ ᠨᠡᠮᠡᠭᠳᠡᠨ᠂ ᠪᠥᠬᠦ ᠣᠷᠣᠨ ᠤ ᠳᠤᠮᠳᠠᠴᠢ ᠨᠡᠮᠡᠭᠳᠡᠯ ᠤᠨ ᠬᠡᠮᠵᠢᠶ᠎ᠡ ᠠᠴᠠ | 31.5 ᠵᠠᠭᠤᠨ ᠤ ᠨᠢᠭᠡᠴᠢ ᠥᠨᠳᠥᠷ ᠪᠣᠯᠵᠠᠶ᠃ ᠪᠥᠬᠦ ᠣᠷᠣᠨ ᠤ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ | ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ | ᠨᠡᠶᠢᠲᠡ 454.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 22.3% ᠪᠠᠷ | ᠨᠡᠮᠡᠭᠳᠡᠨ᠂ ᠪᠥᠬᠦ ᠣᠷᠣᠨ ᠤ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠭᠰᠠᠨ ᠶᠡᠷᠦᠩᠬᠡᠶ ᠥᠷᠲᠡᠭ ᠤᠨ 66.8% ᠶᠢ ᠡᠵᠡᠯᠡᠵᠦ᠂ ᠮᠠᠨ ᠤ ᠣᠷᠣᠨ ᠤ ᠨᠢᠭᠡᠳᠦᠭᠡᠷ ᠲᠣᠮᠣ ᠭᠠᠳᠠᠭᠠᠳᠤ | ᠠᠷᠠᠯᠵᠢᠶ᠎ᠠ ᠶᠢᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠬᠤ ᠪᠦᠬᠦ ᠲᠤᠭ᠎ᠠ 170.7 ᠳ᠋ᠦᠩᠰᠢᠭᠤᠷ ᠲᠥᠭᠦᠷᠢᠭ ᠢ ᠪᠡᠶᠡᠯᠡᠬᠦᠯᠪᠡ᠃ ᠭᠠᠳᠠᠭᠠᠳᠤ ᠳᠤ ᠭᠠᠷᠭᠠᠬᠤ | ᠲᠠᠸᠠᠷ ᠤᠨ ᠪᠦᠲᠦᠴᠡ ᠶᠢ ᠨᠡᠩ ᠰᠢᠯᠢᠳᠡᠭᠵᠢᠬᠦᠯᠪᠠ᠃ ᠮᠠᠰᠢᠨ ᠴᠠᠬᠢᠯᠭᠠᠨ ᠤ ᠦᠢᠯᠡᠳᠬᠦᠨ᠂ ᠳᠡᠭᠡᠳᠦ ᠰᠢᠨ᠎ᠡ | ᠮᠡᠷᠭᠡᠵᠢᠯ ᠤᠨ ᠦᠢᠯᠡᠳᠬᠦᠨ ᠤ ᠭᠠᠳᠠᠭᠠᠳᠤ ᠭᠠᠷᠭᠠᠯᠲᠠ ᠲᠦᠷᠭᠡᠨ ᠢᠶᠠᠷ ᠨᠡᠮᠡᠭᠳᠡᠵᠦ᠂ ᠠᠳᠠᠯᠢ | ᠬᠤᠭᠤᠴᠠᠭᠠᠨ ᠤ ᠬᠢ ᠠᠴᠠ ᠲᠣᠰ ᠲᠣᠰ 68.8%᠂ 61.0% ᠨᠡᠮᠡᠭᠳᠡᠵᠡᠶ᠂ ᠡᠨᠡ ᠬᠤᠶᠠᠷ ᠨᠢ ᠨᠡᠶᠢᠯᠡᠭᠡᠳ | ᠭᠠᠳᠠᠭᠠᠳᠤ ᠭᠠᠷᠭᠠᠯᠲᠠ ᠶᠢᠨ ᠪᠥᠬᠦ ᠲᠣᠭᠠᠨ ᠤ 34.3% ᠶᠢ ᠡᠵᠡᠯᠡᠵᠦ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 6.2 ᠵᠠᠭᠤᠨ ᠤ ᠨᠢᠭᠡᠴᠢ ᠥᠷᠭᠡᠳᠴᠡᠶ᠃ ᠲᠠᠪᠤᠨ ᠶᠡᠭᠡ ᠲᠠᠸᠠᠷ ᠤᠨ ᠭᠠᠳᠠᠭᠠᠳᠤ ᠠᠴᠠ | ᠣᠷᠣᠭᠤᠯᠬᠤ ᠬᠡᠮᠵᠢᠶ᠎ᠡ ᠪᠠ ᠦᠨ᠎ᠡ ᠬᠠᠩᠰᠢ ᠵᠡᠷᠭᠡ ᠪᠠᠷ ᠳᠡᠭᠡᠭᠰᠢᠯᠡᠪᠡ᠃ ᠴᠢᠯᠠᠭᠤᠨ ᠲᠣᠰᠣᠨ ᠤ ᠲᠦᠭᠦᠬᠡᠶ ᠴᠢᠯᠠᠭᠤᠨ | ᠲᠣᠰᠣ᠂ ᠬᠤᠷᠠᠮᠠᠯ ᠴᠠᠬᠢᠯᠭᠠᠨ ᠬᠡᠯᠬᠢᠶ᠎ᠡ᠂ ᠴᠠᠶᠢᠷ ᠤᠨ ᠬᠦᠳᠡᠷ ᠤᠨ ᠡᠯᠡᠰᠦ᠂ ᠬᠠᠷ᠎ᠠ ᠲᠤᠭᠤᠯᠭ᠎ᠠ ᠶᠢᠨ ᠬᠦᠳᠡᠷ ᠤᠨ | ᠡᠯᠡᠰᠦ᠂ ᠰᠢᠩᠭᠡᠨ ᠵᠥᠭᠡᠬᠡᠶ ᠶᠢᠨ ᠭᠠᠳᠠᠭᠠᠳᠤ ᠠᠴᠠ ᠣᠷᠣᠭᠤᠯᠤᠭᠰᠠᠨ ᠬᠡᠮᠵᠢᠶ᠎ᠡ ᠲᠣᠰ ᠲᠣᠰ 8.5 ᠳᠠᠬᠢᠨ᠂ 1.2 | ᠳᠠᠬᠢᠨ᠂ 34.1%᠂ 13.0%᠂ 1.9% ᠨᠡᠮᠡᠭᠳᠡᠵᠦ᠂ ᠭᠠᠳᠠᠭᠠᠳᠤ ᠠᠴᠠ ᠣᠷᠣᠭᠤᠯᠤᠭᠰᠠᠨ ᠬᠡᠮᠵᠢᠶ᠎ᠡ ᠲᠣᠰ ᠲᠣᠰ | 14.8 ᠳᠠᠬᠢᠨ᠂ 5.6 ᠳᠠᠬᠢᠨ᠂ 65.9%᠂ 13.0%᠂ 22.0% ᠨᠡᠮᠡᠭᠳᠡᠪᠡ᠃ ᠭᠤᠣᠯ ᠪᠣᠯᠬᠤ ᠠᠷᠠᠯᠵᠢᠶᠠᠨ ᠤ | ᠬᠠᠨᠢᠲᠠᠨ ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠨᠡᠯᠢᠶᠡᠳ ᠲᠦᠷᠭᠡᠨ ᠨᠡᠮᠡᠭᠳᠡᠪᠡ᠃ ᠮᠣᠩᠭᠤᠯ | ᠤᠯᠤᠰ ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ 170.2 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.6% ᠨᠡᠮᠡᠭᠳᠡᠵᠦ᠂ ᠪᠥᠬᠦ ᠣᠷᠣᠨ ᠤ ᠭᠠᠳᠠᠭᠠᠳᠤ | ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠥᠷᠲᠡᠭ ( ᠳᠣᠷᠣᠭᠰᠢ ᠠᠳᠠᠯᠢ︶ ᠤᠨ 25.0% ᠶᠢ | ᠡᠵᠡᠯᠡᠪᠡ︔ ᠣᠷᠣᠰ ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ 87.3 | ᠳ᠋ᠦᠩᠰᠢᠭᠤᠷ ᠲᠥᠭᠦᠷᠢᠭ ᠲᠤ ᠬᠦᠷᠴᠦ᠂ ᠡᠨᠡ ᠵᠢᠯ ᠠᠴᠠ ᠨᠠᠰᠢ ᠠᠩᠬ᠎ᠠ ᠤᠳᠠᠭ᠎ᠠ ᠡᠶᠡᠷᠭᠦ ᠨᠡᠮᠡᠭᠳᠡᠯ ᠢ ᠪᠡᠶᠡᠯᠡᠭᠦᠯᠵᠦ᠂ | ᠠᠳᠠᠯᠢ ᠬᠤᠭᠤᠴᠠᠭᠠᠨ ᠤ ᠬᠢ ᠠᠴᠠ 1.9% ᠪᠠᠷ ᠨᠡᠮᠡᠭᠳᠡᠨ᠂ 12.8% ᠶᠢ ᠡᠵᠡᠯᠡᠪᠡ᠃ ᠡᠨᠡ ᠬᠤᠶᠠᠷ ᠢ | ᠨᠡᠶᠢᠯᠡᠭᠦᠯᠵᠦ ᠪᠤᠳᠤᠪᠠᠯ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ 257.5 | ᠳ᠋ᠦᠩᠰᠢᠭᠤᠷ ᠲᠥᠭᠦᠷᠢᠭ ᠲᠤ ᠬᠦᠷᠴᠦ᠂ 37.8% ᠶᠢ ᠡᠵᠡᠯᠡᠵᠡᠶ᠃ ᠲᠦᠷᠦᠭᠦᠦ ᠠᠷᠪᠠᠨ ᠶᠡᠭᠡ ᠠᠷᠠᠯᠵᠢᠶᠠᠨ ᠤ | ᠬᠠᠨᠢᠲᠠᠨ ᠤ ᠳᠣᠲᠣᠷ᠎ᠠ᠂ ᠠᠦ᠋ᠰᠲᠷᠠᠯᠢᠶ᠎ᠠ ᠪᠣᠯᠤᠨ ᠺᠣᠷᠢᠶᠠ ᠠᠴᠠ ᠪᠤᠰᠤᠳ ᠨᠠᠢᠮᠠᠨ ᠶᠡᠭᠡ ᠠᠷᠠᠯᠵᠢᠶᠠᠨ ᠤ | ᠬᠠᠨᠢᠲᠠᠨ ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠨᠡᠮᠡᠭᠳᠡᠯ ᠴᠥᠮ ᠡᠶᠡᠷᠭᠦ ᠨᠡᠮᠡᠭᠳᠡᠯ ᠢ | ᠪᠡᠶᠡᠯᠡᠭᠦᠯᠵᠡᠶ᠃ 6 ᠠᠶᠢᠮᠠᠭ ᠬᠤᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠡᠮᠵᠢᠶ᠎ᠡ ᠶᠠᠭ | ᠨᠡᠮᠡᠭᠳᠡᠵᠦ ᠪᠠᠶᠢᠨ᠎ᠠ᠃ ᠲᠦᠷᠦᠭᠦᠤ ᠬᠠᠭᠠᠰ ᠵᠢᠯ ᠳᠤ᠂ ᠪᠠᠶᠠᠨᠨᠠᠭᠤᠷ ᠬᠤᠲᠠ᠂ ᠬᠥᠬᠡᠬᠤᠲᠠ᠂ ᠣᠷᠳᠣᠰ ᠬᠤᠲᠠ᠂ | ᠤᠯᠠᠭᠠᠨᠬᠠᠳᠠ ᠬᠤᠲᠠ᠂ ᠲᠦᠩᠯᠢᠶᠣᠤ ᠬᠤᠲᠠ᠂ ᠦᠬᠠᠶ ᠬᠤᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠬᠤ ᠶᠡᠷᠦᠩᠬᠡᠶ ᠥᠷᠲᠡᠭ ᠶᠠᠭ ᠨᠡᠮᠡᠭᠳᠡᠵᠦ ᠪᠠᠶᠢᠨ᠎ᠠ᠃ ᠪᠠᠶᠠᠨᠨᠠᠭᠤᠷ ᠬᠤᠲᠠ ᠶᠢᠨ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠭᠰᠠᠨ ᠲᠤᠭ᠎ᠠ 153.2 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠣᠷᠣᠨ ᠤ | ᠨᠢᠭᠡᠳᠦᠭᠡᠷ ᠲᠤ ᠣᠷᠣᠪᠠ᠃ | ᠭᠤᠷᠪᠠ ᠭᠠᠳᠠᠭᠠᠳᠤ ᠶᠢᠨ ᠪᠡᠯᠡ ᠮᠥᠩᠭᠦ ᠶᠢ ᠰᠢᠭᠤᠳ ᠠᠰᠢᠭᠯᠠᠬᠤ | ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠵᠢᠱᠢᠯᠲᠡ ᠪᠠᠷ ᠪᠣᠳᠠᠲᠠᠶ ᠬᠡᠷᠡᠭᠯᠡᠭᠰᠡᠨ ᠭᠠᠳᠠᠭᠠᠳᠤ ᠪᠠᠯᠠ ᠶᠢᠨ | ᠵᠣᠭᠤᠰᠣᠨ ᠲᠤᠭ᠎ᠠ 5.1 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 209.2% | ᠨᠡᠮᠡᠭᠳᠡᠪᠡ︔ ᠪᠥᠬᠦ ᠣᠷᠣᠨ ᠳᠤ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠭᠰᠠᠨ ᠠᠵᠤ ᠠᠬᠤᠶᠢᠯᠠᠯ ᠢ | ᠰᠢᠨ᠎ᠡ ᠪᠠᠷ 23 ᠪᠠᠶᠢᠭᠤᠯᠵᠤ᠂ ᠠᠳᠠᠯᠢ ᠬᠤᠭᠤᠴᠠᠭᠠᠨ ᠤ ᠬᠢ ᠠᠴᠠ 6 ᠨᠡᠮᠡᠭᠳᠡᠵᠡᠶ᠃ | ᠳᠥᠷᠪᠡ᠂ ᠭᠠᠳᠠᠭᠠᠳᠤ ᠳᠤ ᠪᠠᠯᠠ ᠣᠷᠣᠭᠤᠯᠤᠨ ᠬᠠᠮᠲᠤᠷᠠᠯᠴᠠᠬᠤ | ᠳᠡᠭᠡᠷ᠎ᠡ ᠬᠠᠭᠠᠰ ᠵᠢᠯ ᠳᠤ᠂ ᠮᠠᠨ ᠤ ᠣᠷᠣᠨ ᠤ ᠰᠢᠨ᠎ᠡ ᠪᠠᠷ ᠨᠡᠮᠡᠭᠳᠡᠭᠰᠡᠨ ᠭᠠᠳᠠᠭᠠᠳᠤ ᠳᠠᠬᠢ ᠪᠠᠯᠠ | ᠣᠷᠣᠭᠤᠯᠤᠯᠲᠠ ᠶᠢᠨ ᠲᠥᠷᠥᠯ ᠵᠦᠢᠯ ᠤᠨ ᠲᠤᠭ᠎ᠠ 11 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 15 | ᠬᠠᠰᠤᠭᠳᠠᠵᠤ᠂ ᠳᠤᠮᠳᠠᠳᠤ ᠶᠢᠨ ᠲᠠᠯ᠎ᠠ ᠶᠢᠨ ᠵᠥᠪᠳᠡᠯᠴᠡᠬᠡᠷ ᠤᠨ ᠪᠠᠯᠠ ᠣᠷᠣᠭᠤᠯᠤᠯᠲᠠ ᠶᠢᠨ ᠲᠤᠭ᠎ᠠ 21.66 | ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.3 ᠳᠠᠬᠢᠨ ᠨᠡᠮᠡᠭᠳᠡᠪᠡ᠃ ᠭᠤᠣᠯ ᠪᠣᠯᠬᠤ | ᠪᠡᠯᠡ ᠣᠷᠣᠭᠤᠯᠤᠯᠲᠠ ᠶᠢᠨ ᠠᠵᠢᠯ ᠲᠦᠷᠦᠯ ᠪᠣᠯ ᠲᠠᠷᠢᠶᠠᠯᠠᠩ᠂ ᠪᠥᠭᠡᠮ ᠢᠶᠠᠷ ᠬᠤᠳᠠᠯᠳᠤᠬᠤ ᠦᠢᠯᠡᠰ᠂ ᠠᠭᠤᠷᠬᠠᠶ | ᠮᠠᠯᠲᠠᠬᠤ ᠦᠢᠯᠡᠰ᠂ ᠰᠣᠨᠢᠨ ᠮᠡᠳᠡᠭᠡ ᠬᠡᠪᠯᠡᠯ ᠤᠨ ᠦᠢᠯᠡᠰ᠂ ᠦᠢᠯᠡᠴᠢᠯᠡᠭᠡᠨ ᠤ ᠦᠢᠯᠡᠰ᠂ ᠤᠯᠠᠨ ᠤᠯᠤᠰ ᠤᠨ | ᠠᠷᠠᠯᠵᠢᠶ᠎ᠠ ᠵᠡᠷᠭᠡ ᠪᠣᠯᠤᠨ᠎ᠠ᠃ ᠲᠦᠷᠦᠭᠦᠤ ᠬᠠᠭᠠᠰ ᠵᠢᠯ ᠳᠤ᠂ ᠭᠠᠳᠠᠭᠠᠳᠤ ᠳᠠᠬᠢ ᠪᠣᠳᠠᠲᠠᠶ ᠪᠠᠯᠠ ᠣᠷᠣᠭᠤᠯᠤᠯᠲᠠ ᠶᠢᠨ | ᠲᠤᠭ᠎ᠠ 5.49 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.66 ᠳᠠᠬᠢᠨ ᠨᠡᠮᠡᠭᠳᠡᠨ᠂ | ᠪᠥᠬᠦ ᠤᠯᠤᠰ ᠤᠨ 16 ᠳ᠋ᠤᠭᠠᠷ ᠲᠤ ᠣᠷᠣᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ 9 | ᠳ᠋ᠤᠭᠠᠷ ᠲᠤ ᠣᠷᠣᠵᠠᠶ᠃ | ᠲᠠᠪᠤ᠂ ᠪᠣᠭᠤᠮᠲᠠ ᠶᠢᠨ ᠲᠡᠭᠡᠭᠡᠪᠦᠷᠢ ᠶᠢᠨ ᠬᠡᠮᠵᠢᠶ᠎ᠡ ᠶᠢᠨ ᠪᠠᠶᠢᠳᠠᠯ | ᠲᠦᠷᠦᠭᠦᠤ ᠬᠠᠭᠠᠰ ᠵᠢᠯ ᠳᠤ᠂ ᠪᠥᠬᠦ ᠣᠷᠣᠨ ᠤ ᠪᠣᠭᠤᠮᠲᠠ ᠶᠢᠨ ᠬᠢᠯᠢ ᠪᠠᠷ ᠣᠷᠣᠭᠤᠯᠵᠤ ᠭᠠᠷᠭᠠᠬᠤ ᠪᠠᠷᠠᠭᠠᠨ ᠤ | ᠲᠡᠭᠡᠭᠡᠪᠦᠷᠢ ᠶᠢᠨ ᠬᠡᠮᠵᠢᠶ᠎ᠡ 1970.4 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 31. | 1% ᠪᠠᠷ ᠪᠠᠭᠤᠷᠠᠪᠠ᠂ ᠡᠭᠦᠨ ᠳᠤ᠂ ᠬᠢᠯᠢ ᠪᠠᠷ ᠣᠷᠣᠭᠤᠯᠵᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ | 1654.9 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 31.6% ᠪᠠᠷ ᠪᠠᠭᠤᠷᠠᠪᠠ︔ | ᠬᠢᠯᠢ ᠠᠴᠠ ᠭᠠᠷᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 315.5 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 28.2% ᠢᠶᠠᠷ ᠪᠠᠭᠤᠷᠠᠪᠠ᠃ | ᠥᠪᠥᠷ ᠮᠣᠩᠭᠤᠯ ᠤᠨ ᠬᠢᠯᠢ ᠪᠠᠷ ᠣᠷᠣᠭᠤᠯᠵᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1238.6 | ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 32.8% ᠪᠠᠷ ᠪᠠᠭᠤᠷᠠᠪᠠ, ᠡᠭᠦᠨ ᠳᠤ᠂ ᠬᠢᠯᠢ ᠪᠠᠷ | ᠣᠷᠣᠭᠤᠯᠵᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1056.1 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 35.1% ᠪᠠᠷ ᠪᠠᠭᠤᠷᠠᠪᠠ︔ ᠬᠢᠯᠢ ᠠᠴᠠ ᠭᠠᠷᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ | 182.5 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.9% ᠪᠠᠷ ᠪᠠᠭᠤᠷᠠᠪᠠ᠃ | ᠣᠷᠣᠰ ᠤᠨ ᠬᠢᠯᠢ ᠪᠠᠷ ᠣᠷᠣᠭᠤᠯᠵᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 731.8 ᠲᠦᠮᠡᠨ ᠲᠣᠨ ᠳᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 28.0% ᠪᠠᠷ ᠪᠠᠭᠤᠷᠠᠪᠠ᠂ ᠡᠭᠦᠨ ᠳᠤ᠂ ᠬᠢᠯᠢ ᠪᠠᠷ ᠣᠷᠣᠭᠤᠯᠵᠤ | ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 598.8 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 24.3% ᠪᠠᠷ ᠪᠠᠭᠤᠷᠠᠪᠠ︔ ᠬᠢᠯᠢ ᠠᠴᠠ ᠭᠠᠷᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ | 133.0 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 40.9% ᠪᠠᠷ ᠪᠠᠭᠤᠷᠠᠪᠠ᠃ | ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠵᠠᠮ | ᠬᠠᠷᠢᠯᠴᠠᠭᠠᠨ ᠤ ᠪᠠᠭᠠᠵᠢ 17.8 ᠲᠦᠮᠡᠨ ᠨᠢᠰᠬᠡᠯ ᠤᠳᠠᠭ᠎ᠠ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 33. | 8% ᠪᠠᠷ ᠪᠠᠭᠤᠷᠠᠪᠠ᠂ ᠡᠭᠦᠨ ᠳᠤ᠂ ᠬᠢᠯᠢ ᠪᠠᠷ ᠣᠷᠣᠵᠤ ᠢᠷᠡᠬᠦ ᠵᠠᠮ ᠬᠠᠷᠢᠯᠴᠠᠭᠠᠨ ᠤ ᠪᠠᠭᠠᠵᠢ 8.5 ᠲᠦᠮᠡᠨ ᠨᠢᠰᠬᠡᠯ | ᠤᠳᠠᠭ᠎ᠠ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 34.5% ᠪᠠᠷ ᠪᠠᠭᠤᠷᠠᠪᠠ︔ ᠬᠢᠯᠢ ᠠᠴᠠ ᠭᠠᠷᠬᠤ ᠵᠠᠮ | ᠬᠠᠷᠢᠯᠴᠠᠭᠠᠨ ᠤ ᠪᠠᠭᠠᠵᠢ 9.3 ᠲᠦᠮᠡᠨ ᠴᠤᠪᠤᠭ᠎ᠠ ᠲᠡᠷᠭᠡᠨ ᠤ ᠡᠭᠡᠯᠵᠢ ᠤᠳᠠᠭ᠎ᠠ ᠪᠠᠶᠢᠵᠤ᠂ ᠠᠳᠠᠯᠢ | ᠬᠤᠭᠤᠴᠠᠭᠠᠨ ᠤ ᠬᠢ ᠠᠴᠠ 33.1% ᠪᠠᠷ ᠪᠠᠭᠤᠷᠠᠪᠠ᠃ | ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠪᠣᠭᠤᠮᠲᠠ ᠶᠢᠨ ᠬᠢᠯᠢ ᠪᠠᠷ ᠣᠷᠣᠭᠤᠯᠵᠤ ᠭᠠᠷᠭᠠᠭᠰᠠᠨ | ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 19.8 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 34.5% ᠪᠠᠷ ᠪᠠᠭᠤᠷᠠᠪᠠ᠂ ᠡᠭᠦᠨ ᠳᠤ᠂ ᠬᠢᠯᠢ ᠪᠠᠷ ᠣᠷᠣᠭᠤᠯᠵᠤ ᠢᠷᠡᠭᠰᠡᠨ | ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 9.9 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 34.7% ᠪᠠᠷ ᠪᠠᠭᠤᠷᠠᠪᠠ︔ ᠬᠢᠯᠢ ᠠᠴᠠ ᠭᠠᠷᠬᠤ ᠠᠶᠠᠨᠴᠢᠳ ᠤᠨ ᠲᠡᠭᠡᠭᠡᠪᠦᠷᠢ ᠶᠢᠨ | ᠬᠡᠮᠵᠢᠶ᠎ᠡ 9.9 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 34.2% ᠢᠶᠠᠷ | ᠪᠠᠭᠤᠷᠠᠪᠠ᠃ | |