| | | ᠰᠢᠨ᠎ᠡ ᠣᠨ ᠤ ᠪᠣᠱᠣᠭᠠᠨ ᠳᠡᠭᠡᠷ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠥᠪ ᠤᠨ ᠷᠠᠳᠢᠣ᠋ | ᠲᠧᠯᠸᠢᠰ ᠤᠨ ᠶᠡᠷᠦᠩᠬᠡᠢ ᠬᠤᠷᠢᠶ᠎ᠠ ᠪᠠ ᠢᠨᠲ᠋ᠧᠷ ᠰᠦᠯᠵᠢᠶ᠎ᠡ ᠪᠠᠷ ᠳᠠᠮᠵᠢᠭᠤᠯᠤᠨ᠂ 2023 ᠣᠨ ᠤ ᠰᠢᠨ᠎ᠡ ᠵᠢᠯ ᠤᠨ | ᠪᠠᠶᠠᠷ ᠤᠨ ᠦᠭᠡ ᠨᠡᠶᠢᠲᠡᠯᠡᠪᠡ᠃ ᠪᠦᠭᠦ ᠠᠭᠤᠯᠭ᠎ᠠ ᠨᠢ ᠳᠣᠣᠷᠠᠬᠢ ᠮᠡᠲᠦ᠄ | ᠲᠠ ᠪᠦᠭᠦᠨ ᠰᠠᠶᠢᠨ ᠪᠠᠶᠢᠨ᠎ᠠ ᠦᠦ︕ 2023 ᠣᠨ ᠤᠳᠠᠯ ᠦᠭᠡᠢ ᠬᠦᠷᠴᠦ ᠢᠷᠡᠬᠦ ᠪᠣᠯᠣᠯ᠎ᠠ᠂ ᠪᠢ | ᠪᠡᠭᠡᠵᠢᠩ ᠠᠴᠠ ᠲᠠ ᠪᠦᠭᠦᠨ ᠳᠤ ᠰᠢᠨ᠎ᠡ ᠣᠨ ᠤ ᠰᠠᠶᠢᠨ ᠰᠠᠶᠢᠬᠠᠨ ᠬᠦᠰᠡᠯ ᠵᠥᠩᠨᠡᠯ ᠳᠡᠪᠰᠢᠭᠦᠯᠵᠦ ᠪᠠᠶᠢᠨ᠎ᠠ︕ | 2022 ᠣᠨ ᠳᠤ᠂ ᠪᠢᠳᠠ ᠨᠠᠮ ᠤᠨ ᠬᠤᠷᠢᠳᠤᠭᠠᠷ ᠶᠡᠭᠡ ᠬᠤᠷᠠᠯ ᠢ ᠢᠯᠠᠯᠲᠠ ᠲᠠᠢ ᠬᠤᠷᠠᠯᠳᠤᠭᠤᠯᠵᠤ᠂ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ | ᠲᠠᠯ᠎ᠠ ᠪᠠᠷ ᠠᠬᠢᠭᠤᠯᠬᠤ ᠠᠤᠭ᠎ᠠ ᠲᠥᠰᠥᠪ ᠢ ᠵᠢᠷᠤᠭᠯᠠᠵᠤ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠴᠠᠭ | ᠦᠶ᠎ᠡ ᠶᠢᠨ ᠪᠦᠷᠢᠶ᠎ᠡ ᠶᠢ ᠬᠠᠩᠭᠢᠨᠠᠭᠤᠯᠪᠠ᠃ | ᠮᠠᠨ ᠤ ᠤᠯᠤᠰ ᠳᠡᠯᠡᠬᠡᠢ ᠶᠢᠨ ᠬᠤᠶᠠᠳᠤᠭᠠᠷ ᠲᠣᠮᠣ ᠠᠵᠤ ᠠᠬᠤᠢ ᠶᠢᠨ ᠴᠣᠭᠴᠠ ᠶᠢᠨ ᠪᠠᠶᠢᠷᠢ ᠰᠠᠭᠤᠷᠢ ᠪᠠᠨ | ᠦᠷᠭᠦᠯᠵᠢᠯᠡᠨ ᠪᠠᠲᠤᠯᠠᠵᠤ᠂ ᠠᠵᠤ ᠠᠬᠤᠢ ᠲᠣᠭᠲᠠᠭᠤᠨ ᠢᠶᠠᠷ ᠬᠥᠭᠵᠢᠵᠦ᠂ ᠪᠦᠭᠦ ᠵᠢᠯ ᠤᠨ ᠤᠯᠤᠰ ᠤᠨ | ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠵᠢᠱᠢᠯᠲᠡ ᠪᠠᠷ 120 ᠲᠦᠮᠡᠨ ᠳ᠋ᠦᠩᠰᠢᠭᠤᠷ | ᠲᠥᠭᠦᠷᠢᠭ ᠢ ᠳᠠᠪᠠᠭ᠋ᠤ ᠪᠣᠯᠣᠨ᠎ᠠ᠃ ᠪᠦᠭᠦ ᠪᠥᠮᠪᠥᠷᠴᠡᠭ ᠤᠨ ᠠᠮᠤ ᠪᠤᠳᠠᠭᠠᠨ ᠤ ᠬᠢᠮᠤᠷᠠᠯ ᠤᠨ ᠡᠮᠦᠨ᠎ᠡ᠂ ᠮᠠᠨ ᠤ | ᠤᠯᠤᠰ ᠤᠨ ᠠᠮᠤ ᠪᠤᠳᠠᠭᠠᠨ ᠤ ᠦᠢᠯᠡᠳᠪᠦᠷᠢᠯᠡᠯ ︽ᠠᠷᠪᠠ ᠶᠢᠰᠦᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ︾ | ᠶᠢ ᠪᠡᠶᠡᠯᠡᠭᠦᠯᠵᠦ᠂ ᠳᠤᠮᠳᠠᠳᠤᠴᠤᠳ ᠤᠨ ᠪᠤᠳᠠᠭᠠᠨ ᠠᠶᠠᠭ᠎ᠠ ᠪᠠᠨ ᠤᠯᠠᠮ ᠪᠠᠲᠤ ᠠᠳᠬᠤᠪᠠ᠃ ᠪᠢᠳᠡ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠵᠤ᠂ ᠭᠠᠶᠢᠯᠢ ᠶᠢ ᠪᠠᠭᠠᠰᠬᠠᠵᠤ | ᠰᠦᠢᠳᠬᠡᠯ ᠢ ᠪᠠᠭᠤᠷᠠᠭᠤᠯᠬᠤ ᠵᠡᠷᠭᠡ ᠠᠯᠢ ᠤᠯᠠᠨ ᠠᠷᠭ᠎ᠠ ᠬᠡᠮᠵᠢᠶ᠎ᠡ ᠠᠪᠴᠤ ᠪᠠᠶᠢᠭᠠᠳ ᠠᠵᠤ ᠠᠬᠤᠶᠢᠯᠠᠯ ᠤᠨ | ᠬᠦᠴᠢᠷᠳᠡᠯ ᠢ ᠰᠢᠢᠳᠪᠦᠷᠢᠯᠡᠵᠦ᠂ ᠠᠷᠠᠳ ᠤᠯᠠᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭᠰᠠᠨ | ᠠᠰᠠᠭᠤᠳᠠᠯ ᠢ ᠬᠦᠴᠦᠯᠡᠨ ᠰᠢᠢᠳᠪᠦᠷᠢᠯᠡᠪᠡ᠃ | ᠬᠢᠵᠢᠭ ᠤᠨ ᠪᠠᠶᠢᠳᠠᠯ ᠭᠠᠷᠤᠭᠰᠠᠨ ᠠᠴᠠ ᠨᠠᠭᠠᠰᠢ᠂ ᠪᠢᠳᠡ ᠢᠮᠠᠭᠲᠠ ᠠᠷᠠᠳ ᠲᠦᠮᠡᠨ ᠢ ᠳᠡᠭᠡᠳᠦᠯᠡᠬᠦ᠂ ᠠᠮᠢ | ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠣᠨᠣᠴᠠᠲᠠᠢ ᠪᠠᠷ ᠰᠡᠷᠭᠡᠶᠢᠯᠡᠨ ᠡᠵᠡᠮᠳᠡᠬᠦ ᠶᠢ | ᠪᠠᠷᠢᠮᠲᠠᠯᠠᠵᠤ᠂ ᠴᠠᠭ ᠪᠠ ᠪᠠᠶᠢᠳᠠᠯ ᠢ ᠦᠨᠳᠦᠰᠦᠯᠡᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠰᠢᠯᠢᠳᠡᠭᠵᠢᠭᠦᠯᠦᠨ | ᠲᠣᠬᠢᠷᠠᠭᠤᠯᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ | ᠴᠢᠭᠢᠷᠠᠭ ᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠪᠠ᠃ ᠥᠷᠭᠡᠨ ᠤᠯᠠᠨ ᠺᠠᠳ᠋ᠷ ᠤᠯᠠᠨ ᠲᠦᠮᠡᠨ ᠢᠯᠠᠩᠭᠤᠶ᠎ᠠ | ᠡᠮᠴᠢᠯᠡᠭᠡᠨ ᠤ ᠠᠵᠢᠯᠲᠠᠨ᠂ ᠦᠨᠳᠦᠰᠦᠨ ᠱᠠᠲᠤᠨ ᠤ ᠠᠵᠢᠯᠲᠠᠨ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ | ᠡᠷᠡᠯᠬᠡᠭ ᠪᠠᠭᠠᠲᠤᠷᠯᠢᠭ ᠢᠶᠠᠷ ᠲᠡᠮᠡᠴᠡᠪᠡ᠃ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠪᠠᠷ ᠳᠠᠮᠵᠢᠭᠠᠳ᠂ ᠪᠢᠳᠡ | ᠤᠷᠢᠳ ᠡᠮᠦᠨ᠎ᠡ ᠪᠠᠶᠢᠭ᠎ᠠ ᠦᠭᠡᠢ ᠬᠦᠴᠢᠷ ᠪᠡᠷᠬᠡᠰᠢᠶᠡᠯ ᠪᠠ ᠥᠷᠢᠰᠦᠯᠳᠦᠭᠡᠨ ᠢ ᠢᠯᠠᠨ ᠳᠠᠪᠠᠵᠠᠢ᠃ ᠬᠥᠮᠥᠨ ᠪᠣᠯᠭᠠᠨ | ᠴᠥᠮ ᠭᠢᠯᠪᠠᠷ ᠪᠤᠰᠤ ᠶᠤᠮ᠃ ᠣᠳᠣᠬᠠᠨ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠰᠢᠨ᠎ᠡ | ᠱᠠᠲᠤ ᠦᠶ᠎ᠡ ᠳᠤ ᠣᠷᠣᠵᠤ᠂ ᠮᠥᠨ ᠬᠦ ᠢᠳᠠ ᠠᠪᠬᠤ ᠴᠠᠭ ᠦᠶ᠎ᠡ ᠳᠡᠭᠡᠨ ᠪᠤᠢ᠂ ᠤᠯᠠᠨ ᠢᠶᠠᠷ ᠢᠶᠠᠨ ᠴᠥᠬᠦᠷᠡᠰᠢ | ᠦᠭᠡᠢ ᠴᠢᠷᠮᠠᠶᠢᠵᠤ ᠪᠤᠢ᠂ ᠦᠷ ᠤᠨ ᠲᠤᠶᠠᠭ᠎ᠠ ᠶᠢ ᠤᠳᠠᠯ ᠦᠭᠡᠢ ᠣᠯᠵᠤ ᠬᠠᠷᠠᠬᠤ ᠪᠣᠯᠣᠨ᠎ᠠ᠃ ᠪᠦᠭᠦᠳᠡᠭᠡᠷ ᠢᠶᠠᠨ | ᠲᠠᠭᠢᠨ ᠴᠢᠷᠮᠠᠶᠢᠭᠠᠷᠠᠢ᠂ ᠪᠠᠷᠢᠮᠲᠠᠯᠠᠯ ᠪᠣᠯ ᠢᠯᠠᠯᠲᠠ᠂ ᠪᠦᠯᠬᠦᠮᠳᠡᠯ ᠪᠣᠯ ᠢᠯᠠᠯᠲᠠ ᠮᠥᠨ᠃ | 2022 ᠣᠨ ᠳᠤ ᠵᠢᠶᠠᠩ ᠽᠧ ᠮᠢᠨ ᠨᠥᠬᠦᠷ ᠪᠢᠳᠡᠨ ᠠᠴᠠ ᠠᠶᠠᠷᠯᠠᠪᠠ᠃ ᠪᠢᠳᠡ ᠲᠡᠭᠦᠨ ᠤ ᠠᠭᠤᠤ ᠭᠠᠪᠢᠶ᠎ᠠ | ᠠᠤᠭ᠎ᠠ ᠵᠢᠳᠬᠦᠯ ᠪᠠ ᠡᠷᠬᠢᠮ ᠳᠡᠭᠡᠳᠦ ᠬᠡᠪ ᠰᠤᠷᠲᠠᠯ ᠢ ᠭᠦᠨ᠎ᠡ ᠮᠥᠷᠥᠭᠡᠳᠦᠨ ᠰᠠᠨᠠᠭᠠᠯᠵᠠᠵᠤ᠂ ᠲᠡᠭᠦᠨ ᠤ | ᠦᠯᠡᠳᠡᠭᠡᠭᠰᠡᠨ ᠡᠷᠬᠢᠮ ᠨᠠᠨᠳᠢᠨ ᠤᠶᠤᠨ ᠰᠠᠨᠠᠭᠠᠨ ᠤ ᠥᠪ ᠬᠥᠷᠥᠩᠭᠡ ᠶᠢ ᠨᠠᠨᠳᠢᠩᠨᠠᠵᠤ ᠪᠠᠶᠢᠨ᠎ᠠ᠃ ᠪᠢᠳᠡ ᠲᠡᠭᠦᠨ ᠤ | ᠭᠡᠷᠢᠶᠡᠰ ᠵᠣᠷᠢᠭ ᠢ ᠵᠠᠯᠭᠠᠮᠵᠢᠯᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠢᠯᠡᠰ ᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ | ᠲᠡᠦᠬᠡ ᠶᠢᠨ ᠤᠷᠳᠤ ᠠᠶᠠᠨ ᠰᠦᠷ ᠳᠠᠯᠠᠶᠢᠴᠠᠲᠠᠢ ᠶᠠᠪᠤᠭᠳᠠᠵᠤ᠂ ᠦᠶ᠎ᠡ ᠦᠶ᠎ᠡ ᠶᠢᠨ ᠬᠥᠮᠥᠰ ᠦᠷᠭᠦᠯᠵᠢᠯᠡᠨ | ᠲᠡᠮᠡᠴᠡᠭᠰᠡᠭᠡᠷ ᠥᠨᠥᠳᠥᠷ ᠤᠨ ᠳᠤᠮᠳᠠᠳᠤ ᠤᠯᠤᠰ ᠢ ᠪᠦᠲᠦᠭᠡᠪᠡ᠃ | ᠥᠨᠥᠳᠥᠷ ᠤᠨ ᠳᠤᠮᠳᠠᠳᠤ ᠤᠯᠤᠰ ᠪᠣᠯ ᠬᠦᠰᠡᠯ ᠵᠡᠭᠦᠳᠦ ᠪᠠᠨ ᠵᠠᠯᠭᠠᠭ᠎ᠠ ᠪᠠᠷ ᠪᠡᠶᠡᠯᠡᠭᠦᠯᠦᠭᠰᠡᠨ ᠳᠤᠮᠳᠠᠳᠤ | ᠤᠯᠤᠰ ᠪᠣᠯᠣᠨ᠎ᠠ᠃ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ | ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠭᠢᠯᠡᠵᠦ᠂ ᠮᠥᠰᠥ | ᠴᠠᠰᠤᠨ ᠤ ᠲᠠᠮᠢᠷᠴᠢᠳ ᠤᠷᠤᠯᠳᠤᠭᠠᠨ ᠤ ᠲᠠᠯᠠᠪᠠᠢ ᠳᠤ ᠮᠡᠷᠡᠶᠢᠨ ᠴᠢᠷᠮᠠᠶᠢᠵᠤ᠂ ᠬᠥᠮᠥᠰ ᠢ ᠣᠮᠣᠬᠰᠢᠭᠤᠯᠤᠮᠠ ᠬᠢᠷᠢ | ᠪᠦᠲᠦᠮᠵᠢ ᠣᠯᠵᠠᠢ᠃ ᠬᠤᠪᠢᠯᠭᠠᠨ ᠣᠩᠭᠤᠴᠠ ᠠᠷᠪᠠᠨ ᠭᠤᠷᠪᠠᠳᠤᠭᠠᠷ᠂ ᠠᠷᠪᠠᠨ ᠳᠥᠷᠪᠡᠳᠦᠭᠡᠷ᠂ ᠠᠷᠪᠠᠨ | ᠲᠠᠪᠤᠳᠤᠭᠠᠷ ᠪᠤᠤᠬᠢᠶ᠎ᠠ ᠳᠠᠮᠵᠢᠭᠤᠯᠤᠨ ᠳᠡᠭᠦᠯᠢᠵᠦ᠂ ᠳᠤᠮᠳᠠᠳᠤ ᠤᠯᠤᠰ ᠤᠨ ᠰᠠᠨᠰᠠᠷ ᠤᠨ ᠦᠷᠳᠡᠭᠡ ᠪᠦᠭᠦ ᠲᠠᠯ᠎ᠠ ᠪᠠᠷ | ᠪᠠᠶᠢᠭᠤᠯᠤᠭᠳᠠᠵᠤ᠂ ᠮᠠᠨ ᠤ ︽ᠰᠠᠨᠰᠠᠷ ᠤᠨ ᠭᠡᠷ︾ ᠣᠭᠲᠠᠷᠭᠤᠢ ᠳᠤ ᠳᠡᠭᠦᠯᠢᠪᠡ᠃ ᠠᠷᠠᠳ ᠤᠨ ᠴᠡᠷᠢᠭ ᠠᠩᠭᠢ | 95 ᠨᠠᠰᠤᠨ ᠤ ᠲᠦᠷᠦᠭᠰᠡᠨ ᠡᠳᠦᠷ ᠢᠶᠠᠨ ᠤᠭᠲᠤᠵᠤ᠂ ᠥᠷᠭᠡᠨ ᠤᠯᠠᠨ ᠳᠠᠷᠤᠭ᠎ᠠ ᠪᠠᠶᠢᠯᠳᠤᠭᠴᠢ ᠴᠡᠷᠢᠭ ᠢ | ᠬᠦᠴᠦᠷᠬᠡᠭᠵᠢᠭᠦᠯᠬᠦ ᠠᠭᠤᠤ ᠦᠢᠯᠡᠰ ᠤᠨ ᠠᠶᠠᠨ ᠳᠠᠭᠠᠨ ᠡᠷᠡᠮᠡᠬᠡᠶᠢᠯᠡᠨ ᠤᠷᠤᠭᠰᠢᠯᠠᠪᠠ᠃ ᠭᠤᠷᠪᠠᠳᠠᠭᠢ ᠨᠢᠰᠬᠡᠯ ᠤᠨ | ᠰᠠᠭᠤᠷᠢ ᠬᠥᠯᠭᠡ ᠣᠩᠭᠤᠴᠠ ︽ᠹᠦᠵᠢᠶᠠᠨ ᠨᠡᠷᠡᠮᠵᠢᠲᠦ︾ ᠤᠰᠤᠨ ᠳᠤ ᠣᠷᠣᠵᠤ᠂ C919 ᠲᠣᠮᠣ ᠨᠢᠰᠬᠡᠯ | ᠵᠢᠩᠬᠢᠨᠢ ᠪᠠᠷ ᠠᠰᠢᠭᠯᠠᠯᠲᠠ ᠳᠤ ᠣᠷᠣᠵᠤ᠂ ᠪᠠᠢ ᠾᠧ ᠲᠠᠨ ᠤᠰᠤᠨ ᠴᠠᠭᠢᠯᠭᠠᠨ ᠦᠷᠳᠡᠭᠡ ᠪᠦᠭᠦ ᠲᠠᠯ᠎ᠠ ᠪᠠᠷ | ᠠᠰᠢᠭᠯᠠᠯᠲᠠ ᠳᠤ ᠣᠷᠣᠪᠠ ᠁ ᠡᠳᠡᠭᠡᠷ ᠪᠦᠭᠦᠨ ᠳᠤ ᠲᠤᠭ᠎ᠠ ᠲᠣᠮᠰᠢ ᠦᠭᠡᠢ ᠤᠯᠠᠨ ᠬᠥᠮᠥᠨ ᠤ ᠰᠢᠷᠭᠠᠭᠤ | ᠭᠦᠳᠡᠯᠮᠦᠷᠢ ᠪᠠ ᠬᠦᠴᠦ ᠬᠥᠯᠥᠰᠦ ᠰᠢᠩᠭᠡᠵᠦ ᠪᠠᠶᠢᠨ᠎ᠠ᠃ ᠣᠴᠢ ᠶᠢ ᠠᠰᠠᠭᠠᠵᠤ᠂ ᠭᠠᠯ ᠪᠠᠮᠪᠠᠷ ᠪᠣᠯᠭᠠᠨ | ᠳᠦᠷᠡᠯᠵᠡᠭᠦᠯᠬᠦ ᠪᠣᠯ ᠳᠠᠷᠤᠢ ᠳᠤᠮᠳᠠᠳᠤ ᠤᠯᠤᠰ ᠤᠨ ᠬᠦᠴᠦᠨ ᠮᠥᠨ︕ | ᠥᠨᠥᠳᠥᠷ ᠤᠨ ᠳᠤᠮᠳᠠᠳᠤ ᠤᠯᠤᠰ ᠪᠣᠯ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠳᠤᠮᠳᠠᠳᠤ ᠤᠯᠤᠰ ᠪᠣᠯᠣᠨ᠎ᠠ᠃ | ᠡᠯ᠎ᠡ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ᠂ ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ | ᠥᠷᠨᠢᠨ ᠬᠥᠭᠵᠢᠵᠦ᠂ ᠳᠠᠯᠠᠢ ᠳᠠᠭᠠᠤ ᠭᠠᠵᠠᠷ ᠣᠷᠣᠨ ᠢᠳᠡᠪᠬᠢᠲᠡᠢ ᠪᠠᠷ ᠰᠢᠨ᠎ᠡ ᠶᠢ ᠡᠭᠦᠳᠴᠦ᠂ ᠳᠤᠮᠳᠠ ᠪᠠᠷᠠᠭᠤᠨ | ᠣᠷᠣᠨ ᠲᠦᠷᠭᠡᠪᠴᠢᠯᠡᠨ ᠬᠥᠭᠵᠢᠵᠦ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ | ᠬᠤᠷᠠᠮᠳᠤᠨ᠂ ᠬᠢᠯᠢ ᠬᠢᠵᠠᠭᠠᠷ ᠣᠷᠣᠨ ᠬᠢᠯᠢ ᠬᠢᠵᠠᠭᠠᠷ ᠢᠶᠠᠨ ᠬᠥᠭᠵᠢᠭᠦᠯᠦᠨ ᠠᠷᠠᠳ ᠢ ᠪᠠᠶᠠᠵᠢᠭᠤᠯᠪᠠ᠃ ᠳᠤᠮᠳᠠᠳᠤ | ᠤᠯᠤᠰ ᠤᠨ ᠠᠵᠤ ᠠᠬᠤᠢ ᠶᠢᠨ ᠤᠶᠠᠨ ᠬᠠᠳᠠᠨ ᠴᠢᠨᠠᠷ ᠴᠢᠩᠭ᠎ᠠ᠂ ᠳᠠᠯᠳᠠ ᠬᠦᠴᠦᠨ ᠶᠡᠭᠡ᠂ ᠠᠮᠢᠵᠢᠷᠠᠯ ᠤᠨ | ᠬᠦᠴᠦᠨ ᠲᠡᠭᠦᠯᠳᠡᠷ᠂ ᠤᠷᠳᠤ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠪᠠᠶᠢᠳᠠᠯ ᠮᠥᠨ ᠬᠤᠪᠢᠷᠠᠬᠤ ᠦᠭᠡᠢ᠃ | ᠢᠲᠡᠭᠡᠯ ᠵᠣᠷᠢᠭ ᠢᠶᠠᠨ ᠪᠠᠲᠤᠳᠬᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠳᠠᠭ ᠯᠠ ᠶᠤᠮ ᠪᠣᠯ ᠪᠢᠳᠠ | ᠲᠣᠭᠲᠠᠭᠰᠠᠨ ᠬᠠᠷᠠᠯᠲᠠ ᠪᠠᠨ ᠯᠠᠪᠲᠠᠢ ᠪᠡᠶᠡᠯᠡᠭᠦᠯᠵᠦ ᠴᠢᠳᠠᠬᠤ ᠶᠤᠮ᠃ ᠡᠨᠡ ᠵᠢᠯ ᠪᠢ ᠰᠢᠶᠠᠩᠭᠠᠩ ᠳᠤ ᠣᠴᠢᠵᠤ᠂ | ᠰᠢᠶᠠᠩᠭᠠᠩ ᠤᠨ ᠵᠠᠰᠠᠯᠲᠠ ᠠᠴᠠ ᠬᠥᠭᠵᠢᠨ ᠮᠠᠨᠳᠤᠯᠳᠠ ᠶᠢ ᠪᠡᠶᠡᠯᠡᠭᠦᠯᠦᠭᠰᠡᠨ ᠢ ᠦᠵᠡᠭᠡᠳ ᠮᠠᠰᠢ ᠪᠠᠶᠠᠷᠯᠠᠪᠠ᠃ ︽ | ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠶᠢ ᠡᠷᠡᠰ ᠭᠤᠶᠢᠪᠢᠰᠢ ᠦᠭᠡᠢ ᠰᠠᠶᠢᠲᠤᠷ | ᠨᠠᠶᠢᠳᠠᠪᠤᠷᠢᠵᠢᠭᠤᠯᠪᠠᠯ ᠰᠢᠶᠠᠩᠭᠠᠩ᠂ ᠣᠣᠮᠧᠨ ᠯᠠᠪᠲᠠᠢ ᠤᠷᠳᠤ ᠬᠤᠭᠤᠴᠠᠭ᠎ᠠ ᠪᠠᠷ ᠴᠡᠴᠡᠭᠯᠡᠨ ᠬᠥᠭᠵᠢᠵᠦ | ᠲᠣᠭᠲᠠᠭᠤᠨ ᠪᠠᠶᠢᠵᠤ ᠴᠢᠳᠠᠨ᠎ᠠ᠃ | ᠥᠨᠥᠳᠥᠷ ᠤᠨ ᠳᠤᠮᠳᠠᠳᠤ ᠤᠯᠤᠰ ᠪᠣᠯ ᠦᠨᠳᠦᠰᠦᠲᠡᠨ ᠤ ᠵᠣᠷᠢᠭ ᠰᠠᠨᠠᠭ᠎ᠠ ᠶᠢ ᠵᠠᠯᠭᠠᠮᠵᠢᠯᠠᠭᠰᠠᠨ ᠳᠤᠮᠳᠠᠳᠤ | ᠤᠯᠤᠰ ᠮᠥᠨ᠃ ᠡᠨᠡ ᠨᠢᠭᠡ ᠵᠢᠯ ᠳᠤ ᠡᠭᠦᠰᠦᠭᠰᠡᠨ ᠭᠠᠵᠠᠷ ᠬᠥᠳᠡᠯᠦᠯᠲᠡ᠂ ᠦᠶᠡᠷ ᠤᠰᠤᠲᠤᠯ᠂ ᠭᠠᠩ | ᠬᠠᠭᠰᠠᠷᠠᠭᠠᠨ᠂ ᠠᠭᠤᠯᠠᠨ ᠲᠦᠢᠮᠡᠷ ᠵᠡᠷᠭᠡ ᠪᠠᠶᠢᠭᠠᠯᠢ ᠶᠢᠨ ᠭᠠᠮᠰᠢᠭ ᠪᠣᠯᠣᠨ ᠵᠠᠷᠢᠮ ᠠᠮᠤᠷ ᠲᠦᠪᠰᠢᠨ ᠤ ᠠᠳᠡᠯ ᠨᠢ | ᠬᠥᠮᠥᠰ ᠤᠨ ᠵᠢᠷᠦᠬᠡ ᠶᠢ ᠰᠢᠮᠰᠢᠷᠡᠭᠦᠯᠵᠦ᠂ ᠬᠥᠮᠥᠰ ᠤᠨ ᠰᠡᠳᠬᠢᠯ ᠢ ᠵᠣᠪᠠᠭᠠᠨ᠎ᠠ᠂ ᠭᠡᠪᠡᠴᠦ ᠠᠮᠢ ᠪᠡᠶ᠎ᠡ ᠪᠠᠨ ᠴᠦᠯᠡᠨ | ᠵᠢᠷᠤᠮ ᠢ ᠭᠦᠢᠴᠡᠳᠬᠡᠬᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠦᠵᠡᠭᠳᠡᠯ ᠨᠢ ᠬᠥᠮᠥᠰ ᠤᠨ ᠰᠡᠳᠬᠢᠯ ᠢ | ᠭᠦᠨ ᠳᠣᠭᠳᠣᠯᠤᠭᠤᠯᠵᠤ᠂ ᠪᠠᠭᠠᠲᠤᠷᠯᠢᠭ ᠦᠢᠯᠡ ᠠᠵᠢᠯᠯᠠᠭ᠎ᠠ ᠨᠢ ᠪᠢᠳᠡᠨ ᠤ ᠰᠡᠳᠬᠢᠯ ᠳᠤ ᠡᠭᠦᠷᠢᠳᠡ ᠬᠠᠳᠠᠩᠰᠢᠪᠠ᠃ | ᠬᠠᠭᠤᠴᠢᠨ ᠵᠢᠯ ᠢᠶᠠᠨ ᠦᠳᠡᠵᠦ ᠰᠢᠨ᠎ᠡ ᠵᠢᠯ ᠢᠶᠠᠨ ᠤᠭᠲᠤᠬᠤ ᠪᠦᠷᠢ᠂ ᠳᠤᠮᠳᠠᠳᠤ ᠶᠢᠨ ᠦᠨᠳᠦᠰᠦᠲᠡᠨ ᠤ ᠮᠢᠩᠭᠠᠨ | ᠣᠨ ᠤ ᠤᠯᠠᠮᠵᠢᠯᠠᠯ ᠤᠨ ᠠᠤᠭ᠎ᠠ ᠵᠣᠷᠢᠭ ᠢ ᠳᠤᠷᠠᠰᠤᠨ ᠰᠠᠨᠠᠭᠠᠯᠵᠠᠵᠤ᠂ ᠤᠷᠤᠭᠰᠢᠯᠠᠬᠤ ᠢᠲᠡᠭᠡᠯ ᠵᠣᠷᠢᠭ ᠢ | ᠳᠠᠭᠢᠨ ᠢᠶᠠᠷ ᠨᠡᠮᠡᠭᠳᠡᠭᠦᠯᠳᠡᠭ᠃ | ᠥᠨᠥᠳᠥᠷ ᠤᠨ ᠳᠤᠮᠳᠠᠳᠤ ᠤᠯᠤᠰ ᠪᠣᠯ ᠳᠡᠯᠡᠬᠡᠢ ᠳ᠋ᠠᠬᠢᠨ ᠲᠠᠢ ᠨᠢᠭᠲᠠ ᠬᠤᠯᠪᠤᠭ᠎ᠠ ᠲᠠᠢ ᠳᠤᠮᠳᠠᠳᠤ ᠤᠯᠤᠰ | ᠮᠥᠨ᠃ ᠡᠨᠡ ᠨᠢᠭᠡ ᠵᠢᠯ ᠳᠤ᠂ ᠪᠢ ᠪᠡᠭᠡᠵᠢᠩ ᠳᠤ ᠴᠥᠭᠡᠨ ᠪᠤᠰᠤ ᠰᠢᠨ᠎ᠡ ᠬᠠᠭᠤᠴᠢᠨ ᠨᠠᠶᠢᠵᠠ ᠪᠠᠨ ᠤᠭᠲᠤᠭᠰᠠᠨ | ᠪᠥᠭᠡᠳ ᠪᠠᠰᠠ ᠭᠠᠳᠠᠭᠠᠳᠤ ᠳᠤ ᠭᠠᠷᠴᠤ ᠳᠤᠮᠳᠠᠳᠤ ᠤᠯᠤᠰ ᠤᠨ ᠵᠣᠷᠢᠯᠲᠠ ᠶᠢ ᠶᠠᠷᠢᠪᠠ᠃ ᠵᠠᠭᠤᠨ ᠵᠢᠯ ᠤᠨ | ᠬᠤᠪᠢᠰᠤᠯᠲᠠ ᠲᠦᠷᠭᠡᠰᠴᠦ᠂ ᠳᠡᠯᠡᠬᠡᠢ ᠶᠢᠷᠲᠢᠨᠴᠦ ᠲᠠᠶᠢᠪᠤᠩ ᠪᠤᠰᠤ ᠪᠠᠶᠢᠨ᠎ᠠ᠃ ᠪᠢᠳᠡ ᠢᠮᠠᠭᠲᠠ ᠡᠩᠬᠡ ᠲᠠᠶᠢᠪᠤᠩ | ᠪᠠ ᠬᠥᠭᠵᠢᠯᠲᠡ ᠶᠢ ᠨᠠᠨᠳᠢᠩᠨᠠᠵᠤ᠂ ᠢᠮᠠᠭᠲᠠ ᠨᠠᠶᠢᠵᠠ ᠪᠠ ᠬᠠᠨᠢᠲᠠᠨ ᠢᠶᠠᠨ ᠨᠠᠨᠳᠢᠩᠨᠠᠵᠤ᠂ ᠲᠡᠦᠬᠡ ᠶᠢᠨ ᠵᠥᠪ | ᠲᠠᠯ᠎ᠠ ᠳᠤ ᠡᠷᠡᠰ ᠵᠣᠭᠰᠣᠵᠤ᠂ ᠬᠥᠮᠥᠨ ᠲᠥᠷᠥᠯᠬᠢᠲᠡᠨ ᠤ ᠪᠣᠯᠪᠠᠰᠤᠨ ᠤ ᠳᠠᠪᠰᠢᠯᠲᠠ ᠶᠢᠨ ᠲᠠᠯ᠎ᠠ ᠳᠤ ᠵᠣᠭᠰᠣᠵᠤ᠂ | ᠬᠥᠮᠥᠨ ᠲᠥᠷᠥᠯᠬᠢᠲᠡᠨ ᠤ ᠡᠩᠬᠡ ᠲᠠᠶᠢᠪᠤᠩ ᠪᠠ ᠬᠥᠭᠵᠢᠯᠲᠡ ᠶᠢᠨ ᠦᠢᠯᠡᠰ ᠲᠤ ᠳᠤᠮᠳᠠᠳᠤ ᠤᠯᠤᠰ ᠤᠨ ᠤᠶᠤᠨ | ᠤᠬᠠᠭᠠᠨ᠂ ᠳᠤᠮᠳᠠᠳᠤ ᠤᠯᠤᠰ ᠤᠨ ᠲᠥᠰᠥᠯ ᠢᠶᠠᠨ ᠴᠢᠷᠮᠠᠶᠢᠨ ᠡᠷᠭᠦᠪᠡ᠃ | ᠨᠠᠮ ᠤᠨ ᠬᠤᠷᠢᠳᠤᠭᠠᠷ ᠶᠡᠭᠡ ᠬᠤᠷᠠᠯ ᠤᠨ ᠳᠠᠷᠠᠭ᠎ᠠ ᠪᠢ ᠬᠠᠮᠲᠤ ᠠᠵᠢᠯᠯᠠᠭᠰᠠᠳ ᠲᠠᠢ ᠪᠠᠨ ᠶᠠᠨ ᠠᠨ ᠳᠤ | ᠬᠦᠷᠴᠦ᠂ ᠶᠠᠨ ᠠᠨ ᠤ ᠦᠶ᠎ᠡ ᠳᠤ ᠨᠠᠮ ᠤᠨ ᠲᠥᠪ ᠬᠤᠷᠢᠶᠠᠨ ᠤ ᠳᠡᠯᠡᠬᠡᠢ ᠳ᠋ᠠᠬᠢᠨ ᠳᠤ ᠬᠤᠪᠣᠷ ᠲᠣᠬᠢᠶᠠᠯᠳᠤᠬᠤ | ᠬᠦᠴᠢᠷ ᠪᠡᠷᠬᠡᠰᠢᠶᠡᠯ ᠢ ᠢᠯᠠᠨ ᠳᠠᠪᠠᠭᠰᠠᠨ ᠭᠡᠷᠡᠯ ᠰᠠᠴᠤᠷᠠᠩᠭᠤᠢ ᠣᠨ ᠰᠠᠷ᠎ᠠ ᠶᠢ ᠡᠷᠭᠢᠴᠡᠭᠦᠯᠵᠦ᠂ ᠠᠬᠠᠮᠠᠳ ᠨᠢᠭᠡ | ᠦᠶ᠎ᠡ ᠶᠢᠨ ᠡᠪ ᠬᠠᠮᠲᠤᠴᠤᠳ ᠤᠨ ᠤᠶᠤᠨ ᠰᠠᠨᠠᠭᠠᠨ ᠤ ᠬᠦᠴᠦᠨ ᠴᠢᠳᠠᠯ ᠢ ᠣᠶᠢᠯᠠᠭᠠᠪᠠ᠃ ᠦᠯᠡᠮᠵᠢ ᠪᠡᠷᠬᠡ | ᠲᠣᠬᠢᠶᠠᠯᠳᠤᠪᠠᠰᠤ ᠦᠢᠯᠡᠰ ᠪᠦᠲᠦᠭᠡᠬᠦᠢ ᠳᠤᠷ ᠲᠤᠰᠠ ᠪᠣᠯᠣᠮᠤᠢ ᠭᠡᠵᠦ ᠪᠢ ᠦᠷᠭᠦᠯᠵᠢ ᠶᠠᠷᠢᠳᠠᠭ᠃ ᠳᠤᠮᠳᠠᠳᠤ | ᠤᠯᠤᠰ ᠤᠨ ᠡᠪ ᠬᠠᠮᠲᠤ ᠨᠠᠮ ᠵᠠᠭᠤᠨ ᠵᠢᠯ ᠤᠨ ᠰᠠᠯᠬᠢ ᠪᠣᠷᠣᠭᠠᠨ ᠢ ᠰᠥᠷᠴᠦ᠂ ᠬᠠᠷᠰᠢ ᠰᠠᠭᠠᠳ ᠢ ᠢᠯᠠᠨ ᠳᠠᠪᠠᠵᠤ | ᠂ ᠬᠡᠴᠢᠨᠡᠨ ᠪᠡᠷᠬᠡ ᠬᠠᠲᠠᠭᠤᠵᠢᠯᠲᠠᠢ ᠬᠡᠴᠢᠨᠡᠨ ᠠᠭᠤᠤ ᠶᠡᠭᠡ ᠪᠠᠶᠢᠯ᠎ᠠ᠃ ᠪᠢᠳᠡ ᠴᠤᠴᠠᠯᠲᠠ ᠦᠭᠡᠢ ᠤᠷᠤᠭᠰᠢᠯᠠᠵᠤ᠂ | ᠡᠷᠡᠮᠡᠬᠡᠶᠢᠯᠡᠨ ᠲᠡᠮᠡᠴᠡᠵᠦ᠂ ᠮᠠᠷᠭᠠᠰᠢ ᠶᠢᠨ ᠳᠤᠮᠳᠠᠳᠤ ᠤᠯᠤᠰ ᠢᠶᠠᠨ ᠨᠡᠩ ᠰᠠᠶᠢᠨ ᠰᠠᠶᠢᠬᠠᠨ ᠪᠣᠯᠭᠠᠶ᠎ᠠ᠃ | ᠮᠠᠷᠭᠠᠰᠢ ᠶᠢᠨ ᠳᠤᠮᠳᠠᠳᠤ ᠤᠯᠤᠰ ᠲᠡᠮᠡᠴᠡᠯ ᠢᠶᠠᠷ ᠭᠠᠶᠢᠬᠠᠮᠰᠢᠭ ᠢ ᠡᠭᠦᠳᠦᠨ᠎ᠡ᠃ ᠰᠦ᠋ ᠱᠢ᠄ ︽ᠬᠦᠴᠢᠷ | ᠪᠡᠷᠬᠡ ᠶᠢ ᠰᠢᠪᠲᠤᠯᠵᠤ᠂ ᠠᠯᠤᠰ ᠭᠡᠳᠦ ᠶᠢᠨ ᠬᠠᠷᠠᠯᠲᠠ ᠶᠢ ᠬᠥᠭᠡᠭᠡᠴᠡᠯᠳᠦᠶᠡ︾ ᠭᠡᠵᠦ ᠬᠡᠯᠡᠭᠰᠡᠨ ᠪᠠᠶᠢᠳᠠᠭ᠂ | ᠡᠨᠡ ᠨᠢ ︽ᠬᠠᠮᠤᠭ ᠤᠨ ᠬᠦᠴᠢᠷ ᠪᠡᠷᠬᠡᠰᠢᠶᠡᠯ ᠲᠠᠢ ᠭᠠᠵᠠᠷ ᠠᠴᠠ ᠪᠣᠭᠤᠮᠲᠠ ᠰᠢᠪᠲᠤᠯᠵᠤ᠂ ᠬᠠᠮᠤᠭ ᠤᠨ ᠠᠯᠤᠰ | ᠭᠡᠳᠤ ᠶᠢᠨ ᠬᠠᠷᠠᠯᠲᠠ ᠶᠢ ᠬᠥᠭᠡᠭᠡᠴᠡᠯᠳᠦᠬᠦ︾ ᠭᠡᠰᠡᠨ ᠤᠳᠬ᠎ᠠ ᠲᠠᠢ ᠶᠤᠮ᠃ ᠵᠠᠮ ᠬᠡᠳᠦᠢ ᠬᠤᠯᠠ ᠪᠤᠯᠪᠠᠴᠤ᠂ | ᠶᠠᠪᠤᠪᠠᠯ ᠯᠠᠪᠲᠠᠢ ᠭᠦᠷᠦᠨ᠎ᠡ᠃ ᠬᠡᠷᠡᠭ ᠶᠠᠪᠤᠳᠠᠯ ᠬᠡᠳᠦᠢ ᠬᠦᠴᠢᠷ ᠪᠤᠯᠪᠠᠴᠤ᠂ ᠬᠢᠪᠡᠯ ᠯᠠᠪᠲᠠᠢ ᠪᠦᠲᠦᠨ᠎ᠡ᠃ ᠲᠡᠨᠡᠭ | ᠡᠪᠦᠭᠡᠨ ᠠᠭᠤᠯᠠ ᠶᠢ ᠨᠡᠭᠦᠯᠭᠡᠭᠰᠡᠨ ᠡᠷᠴᠢ ᠵᠣᠷᠢᠭ᠂ ᠲᠤᠰᠤᠯ ᠤᠰᠤ ᠴᠢᠯᠠᠭᠤ ᠶᠢ ᠴᠤᠭᠤᠯᠬᠤ ᠬᠠᠳᠠᠨ ᠵᠣᠷᠢᠭ ᠲᠠᠢ᠂ | ᠯᠠᠪᠳᠠᠭᠤᠨ ᠪᠠᠲᠤᠲᠠᠢ ᠠᠵᠢᠯᠯᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠨᠢᠭᠡ ᠨᠢᠭᠡ ᠠᠯᠬᠤᠮ ᠢᠶᠠᠷ ᠠᠯᠤᠰ | ᠭᠡᠳᠤ ᠶᠢᠨ ᠵᠣᠷᠢᠯᠲᠠ ᠵᠦᠭ ᠲᠡᠮᠡᠦᠯᠳᠡᠭ ᠯᠠ ᠶᠤᠮ ᠪᠣᠯ ᠠᠤᠭ᠎ᠠ ᠬᠠᠷᠠᠯᠲᠠ ᠶᠢ ᠯᠠᠪᠲᠠᠢ ᠰᠠᠶᠢᠨ ᠰᠠᠶᠢᠬᠠᠨ ᠪᠣᠳᠠᠲᠤ | ᠠᠬᠤᠢ ᠪᠤᠯᠭᠠᠵᠤ ᠴᠢᠳᠠᠨ᠎ᠠ᠃ | ᠮᠠᠷᠭᠠᠰᠢ ᠶᠢᠨ ᠳᠤᠮᠳᠠᠳᠤ ᠤᠯᠤᠰ ᠤᠨ ᠬᠦᠴᠦᠨ ᠴᠢᠳᠠᠯ ᠨᠢ ᠪᠦᠯᠬᠦᠮᠳᠡᠯ ᠠᠴᠠ ᠢᠷᠡᠯᠲᠡ ᠲᠠᠢ ᠶᠤᠮ᠃ | ᠳᠤᠮᠳᠠᠳᠤ ᠤᠯᠤᠰ ᠡᠶᠢᠮᠦ ᠶᠡᠭᠡ᠂ ᠠᠳᠠᠯᠢ ᠪᠤᠰᠤ ᠬᠥᠮᠥᠨ ᠠᠳᠠᠯᠢ ᠪᠤᠰᠤ ᠬᠦᠰᠡᠯ ᠱᠠᠭᠠᠷᠳᠠᠯᠭ᠎ᠠ ᠲᠠᠢ᠂ ᠠᠳᠠᠯᠢ | ᠨᠢᠭᠡ ᠤᠴᠢᠷ ᠲᠤ ᠪᠠᠰᠠ ᠠᠳᠠᠯᠢ ᠪᠤᠰᠤ ᠦᠵᠡᠯᠲᠡ ᠲᠠᠢ᠂ ᠡᠨᠡ ᠨᠢ ᠮᠠᠰᠢ ᠬᠡᠪ ᠤᠨ ᠤᠴᠢᠷ᠂ ᠣᠯᠣᠯᠴᠠᠵᠤ | ᠵᠥᠪᠳᠡᠯᠴᠡᠬᠦ ᠪᠠᠷ ᠳᠠᠮᠵᠢᠨ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ ᠬᠡᠷᠡᠭᠲᠡᠢ᠃ 14 ᠳ᠋ᠦᠩᠰᠢᠭᠤᠷ ᠭᠠᠷᠤᠢ | ᠳᠤᠮᠳᠠᠳᠤᠴᠤᠳ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠲᠠᠭᠤ ᠪᠡᠷᠬᠡᠰᠢᠶᠡᠯ ᠢ ᠬᠠᠮᠲᠤ ᠪᠠᠷ | ᠲᠤᠭᠤᠯᠵᠤ᠂ ᠲᠦᠮᠡᠨ ᠤᠯᠠᠨ ᠢᠶᠠᠷ ᠢᠶᠠᠨ ᠲᠡᠮᠦᠷ ᠬᠡᠷᠡᠮ ᠮᠡᠲᠦ ᠪᠠᠲᠤ ᠪᠠᠬᠢ ᠪᠠᠶᠢᠪᠠᠯ᠂ ᠪᠦᠲᠦᠭᠡᠵᠦ ᠳᠡᠶᠢᠯᠭᠦ ᠦᠭᠡᠢ | ᠶᠠᠪᠤᠳᠠᠯ ᠭᠡᠵᠦ ᠦᠭᠡᠢ᠂ ᠳᠠᠪᠠᠵᠤ ᠳᠡᠶᠢᠯᠭᠦ ᠦᠭᠡᠢ ᠳᠠᠪᠠᠭ᠎ᠠ ᠭᠡᠵᠦ ᠦᠭᠡᠢ ᠶᠤᠮ᠃ ᠲᠠᠶᠢᠸᠠᠨ ᠬᠤᠭᠤᠯᠠᠢ ᠶᠢᠨ | ᠬᠤᠶᠠᠷ ᠭᠦᠪᠡᠭᠡ ᠨᠢᠭᠡ ᠭᠡᠷ ᠪᠦᠯᠢ ᠮᠡᠲᠦ ᠳᠣᠲᠣᠨᠣ᠃ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ | ᠳᠡᠭᠦᠦ ᠨᠠᠷ ᠤᠨ ᠠᠳᠠᠯᠢ ᠴᠢᠭᠯᠡᠯ ᠢᠶᠠᠷ ᠤᠷᠤᠭᠰᠢᠯᠠᠵᠤ᠂ ᠭᠠᠷ ᠬᠤᠯᠪᠣᠨ ᠵᠡᠷᠭᠡ ᠪᠠᠷ ᠤᠷᠤᠭᠰᠢᠯᠠᠵᠤ᠂ ᠳᠤᠮᠳᠠᠳᠤ ᠶᠢᠨ | ᠦᠨᠳᠦᠰᠦᠲᠡᠨ ᠤ ᠥᠨᠢ ᠤᠳᠠᠭᠠᠨ ᠠᠵᠠ ᠵᠢᠷᠭᠠᠯ ᠢ ᠬᠠᠮᠲᠤ ᠪᠠᠷ ᠡᠭᠦᠳᠭᠦ ᠶᠢ ᠴᠢᠩ ᠰᠡᠳᠬᠢᠯ ᠠᠴᠠ ᠪᠠᠨ ᠬᠦᠰᠡᠵᠦ | ᠪᠠᠶᠢᠨ᠎ᠠ᠃ | ᠮᠠᠷᠭᠠᠰᠢ ᠶᠢᠨ ᠳᠤᠮᠳᠠᠳᠤ ᠤᠯᠤᠰ ᠤᠨ ᠬᠦᠰᠡᠯ ᠡᠷᠡᠮᠡᠯᠵᠡᠯ ᠵᠠᠯᠠᠭᠤᠴᠤᠳ ᠲᠤ ᠪᠠᠶᠢᠨ᠎ᠠ᠃ ᠵᠠᠯᠠᠭᠤᠴᠤᠳ | ᠲᠠᠪᠰᠢᠪᠠᠯ ᠤᠯᠤᠰ ᠮᠠᠨᠳᠤᠵᠤ᠂ ᠳᠤᠮᠳᠠᠳᠤ ᠤᠯᠤᠰ ᠤᠨ ᠬᠥᠭᠵᠢᠯᠲᠡ ᠥᠷᠭᠡᠨ ᠤᠯᠠᠨ ᠵᠠᠯᠠᠭᠤᠴᠤᠳ ᠲᠤ | ᠲᠦᠰᠢᠭᠯᠡᠨ᠎ᠡ᠃ ᠵᠠᠯᠠᠭᠤ ᠨᠠᠰᠤ ᠴᠤᠭ ᠵᠢᠪᠬᠤᠭ᠎ᠠ ᠲᠡᠭᠦᠯᠳᠡᠷ᠂ ᠵᠠᠯᠠᠭᠤ ᠨᠠᠰᠤ ᠬᠦᠰᠡᠯ ᠡᠷᠡᠮᠡᠯᠵᠡᠯ ᠢ ᠪᠤᠶᠢᠵᠢᠭᠤᠯᠤᠨ᠎ᠠ | ᠃ ᠥᠷᠭᠡᠨ ᠤᠯᠠᠨ ᠵᠠᠯᠠᠭᠤᠴᠤᠳ ᠤᠯᠤᠰ ᠢᠶᠠᠨ ᠬᠠᠶᠢᠷᠠᠯᠠᠬᠤ ᠬᠠᠶᠢᠷ᠎ᠠ ᠰᠡᠳᠬᠢᠯᠭᠡ ᠪᠠᠨ ᠵᠤᠵᠠᠭᠠᠳᠬᠠᠵᠤ᠂ | ᠤᠷᠤᠭᠰᠢᠯᠠᠨ ᠲᠠᠪᠰᠢᠬᠤ ᠵᠠᠩ ᠴᠢᠨᠠᠷ ᠢ ᠬᠥᠮᠥᠵᠢᠭᠦᠯᠵᠦ᠂ ᠲᠡᠮᠡᠴᠡᠯ ᠤᠨ ᠳᠦᠷᠰᠦ ᠪᠠᠶᠢᠳᠠᠯ ᠢᠶᠠᠷ ᠵᠠᠯᠠᠭᠤ ᠨᠠᠰᠤ ᠪᠠᠨ | ᠬᠥᠭᠵᠢᠭᠡᠵᠦ᠂ ᠴᠠᠭ ᠦᠶ᠎ᠡ ᠳᠤ ᠣᠰᠣᠯᠳᠠᠬᠤ ᠦᠭᠡᠢ᠂ ᠵᠠᠯᠠᠭᠤ ᠨᠠᠰᠤᠨ ᠳᠠᠭᠠᠨ ᠣᠰᠣᠯᠳᠠᠬᠤ ᠦᠭᠡᠢ ᠪᠠᠶᠢᠬᠤ | ᠬᠡᠷᠡᠭᠲᠡᠢ᠃ | ᠡᠨᠡ ᠬᠦ ᠴᠠᠭ ᠮᠥᠴᠡ ᠳᠤ᠂ ᠮᠠᠰᠢ ᠣᠯᠠᠨ ᠬᠥᠮᠥᠨ ᠪᠠᠰᠠ ᠶᠠᠳᠠᠷᠠᠯ ᠵᠦᠳᠡᠷᠡᠯ ᠲᠠᠢ ᠶᠠᠭᠠᠷᠠᠯᠳᠤᠵᠤ ᠪᠠᠶᠢᠨ᠎ᠠ᠂ | ᠣᠯᠠᠨ ᠢᠶᠠᠷ ᠢᠶᠠᠨ ᠵᠦᠳᠡᠷᠡᠯ᠎ᠡ︕ ᠰᠢᠨ᠎ᠡ ᠵᠢᠯ ᠤᠨ ᠬᠤᠩᠬᠤ ᠶᠢᠨ ᠲᠠᠭᠤᠨ ᠤᠳᠠᠯ ᠦᠭᠡᠢ ᠳᠤᠤᠭᠠᠷᠬᠤ ᠪᠣᠯᠣᠯ᠎ᠠ᠂ | ᠪᠢᠳᠡ ᠢᠷᠡᠭᠡᠳᠦᠢ ᠶᠢᠨ ᠲᠤᠬᠠᠢ ᠰᠠᠶᠢᠨ ᠰᠠᠶᠢᠬᠠᠨ ᠬᠦᠰᠡᠯ ᠡᠷᠡᠮᠡᠯᠵᠡᠯ ᠢ ᠡᠪᠦᠷᠯᠡᠵᠦ᠂ 2023 ᠣᠨ ᠤ ᠠᠩᠬᠠᠨ ᠤ | ᠨᠡᠷᠡᠨ ᠤ ᠭᠡᠷᠡᠯ ᠢ ᠬᠠᠮᠲᠤ ᠪᠠᠷ ᠤᠭᠲᠤᠶ᠎ᠠ᠃ | ᠡᠬᠡ ᠤᠯᠤᠰ ᠴᠡᠴᠡᠭᠯᠡᠨ ᠬᠥᠭᠵᠢᠵᠦ᠂ ᠲᠥᠷᠥ ᠲᠦᠪᠰᠢᠨ ᠲᠦᠮᠡᠨ ᠠᠮᠤᠭᠤᠯᠠᠩ ᠪᠠᠶᠢᠬᠤ ᠶᠢ ᠵᠥᠩᠨᠡᠶ᠎ᠡ︕ | ᠳᠡᠯᠡᠬᠡᠢ ᠶᠢᠨ ᠡᠩᠬᠡ ᠲᠠᠶᠢᠪᠤᠩ ᠰᠠᠶᠢᠨ ᠰᠠᠶᠢᠬᠠᠨ᠂ ᠵᠣᠯ ᠵᠢᠷᠭᠠᠯ ᠲᠠᠢ ᠠᠮᠤᠷ ᠠᠮᠤᠭᠤᠯᠠᠩ ᠪᠠᠶᠢᠬᠤ ᠶᠢ ᠵᠥᠩᠨᠡᠶ᠎ᠡ︕ | ᠲᠠ ᠪᠦᠭᠦᠨ ᠤ ᠰᠢᠨ᠎ᠡ ᠣᠨ ᠳᠠᠭᠠᠨ ᠪᠠᠶᠠᠷ ᠭᠦᠷ ᠲᠠᠢ᠂ ᠬᠦᠰᠡᠯ ᠵᠡᠭᠦᠳᠦ ᠲᠠᠨᠢ ᠲᠡᠷᠭᠡᠯᠰᠢᠬᠦ ᠶᠢ ᠵᠥᠩᠨᠡᠶ᠎ᠡ︕ | ᠪᠠᠶᠠᠷᠯᠠᠯ᠎ᠠ︕ | |