ᠰᠢᠨᠬᠤᠸᠠ ᠬᠤᠷᠢᠶᠠᠨ ᠤ ᠪᠡᠭᠡᠵᠢᠩ ᠤᠨ 1 ᠰᠠᠷ᠎ᠠ ᠶᠢᠨ 9 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ | ᠰᠢ ᠶᠢᠨ ᠫᠢᠩ 9 ᠤ ᠦᠳᠡ ᠶᠢᠨ ᠡᠮᠦᠨ᠎ᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠳᠡᠭᠡᠷ᠎ᠡ | ᠴᠢᠬᠤᠯᠠ ᠶᠠᠷᠢᠶ᠎ᠠ ᠲᠠᠯᠪᠢᠪᠠ᠃ ᠲᠡᠷᠡ᠂ ᠤᠯᠤᠰ ᠤᠨ ᠤᠷᠲᠤ ᠬᠤᠭᠤᠴᠠᠭ᠎ᠠ ᠪᠠᠷ ᠲᠥᠷᠥ ᠪᠠᠷᠢᠬᠤ᠂ ᠤᠯᠤᠰ ᠤᠨ | ᠥᠨᠢ ᠤᠳᠠᠭᠠᠨ ᠠᠮᠤᠷ ᠲᠦᠪᠰᠢᠨ ᠪᠠᠶᠢᠬᠤ᠂ ᠠᠷᠠᠳ ᠲᠦᠮᠡᠨ ᠤ ᠵᠣᠯ ᠵᠢᠷᠭᠠᠯ ᠠᠮᠤᠷ ᠠᠮᠤᠭᠤᠯᠠᠩ ᠳᠤ | ᠬᠤᠯᠪᠣᠭᠳᠠᠬᠤ ᠥᠨᠳᠥᠷᠴᠡ ᠳᠤ ᠵᠣᠭᠰᠣᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠨᠠᠮ ᠤᠨ ᠤᠷᠲᠤ | ᠬᠤᠭᠤᠴᠠᠭᠠᠨ ᠤ ᠪᠠᠶᠢᠯᠳᠤᠬᠤ ᠪᠣᠳᠣᠯᠭ᠎ᠠ᠂ ᠥᠨᠢᠳᠡ ᠶᠢᠨ ᠰᠡᠳᠦᠪ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠢᠮᠠᠭᠲᠠ ᠪᠠᠷᠢᠮᠲᠠᠯᠠᠵᠤ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ | ᠲᠦᠢᠯᠪᠤᠷᠢᠲᠠᠢ ᠪᠠᠷ ᠥᠪᠡᠷ ᠪᠡᠶ᠎ᠡ ᠶᠢᠨ ᠬᠤᠪᠰᠢᠬᠠᠯ ᠬᠢᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠳᠠᠭᠠᠷᠢᠯᠲᠠ ᠶᠢᠨ | ᠪᠦᠷᠢᠶ᠎ᠡ ᠶᠢ ᠥᠨᠢᠳᠡ ᠬᠠᠩᠭᠢᠨᠠᠭᠤᠯᠵᠤ᠂ ᠴᠢᠩᠭ᠎ᠠ ᠪᠠᠶᠢᠬᠤ ᠦᠨᠳᠦᠰᠦᠨ ᠬᠥᠭ ᠠᠶᠠᠰ᠂ ᠴᠢᠩᠭ᠎ᠠ ᠪᠠᠶᠢᠬᠤ ᠠᠷᠭ᠎ᠠ | ᠬᠡᠮᠵᠢᠶ᠎ᠡ᠂ ᠴᠢᠩᠭ᠎ᠠ ᠪᠠᠶᠢᠬᠤ ᠠᠭᠤᠷ ᠠᠮᠢᠰᠬᠤᠯ ᠢ ᠤᠷᠲᠤ ᠬᠤᠭᠤᠴᠠᠭ᠎ᠠ ᠪᠠᠷ ᠪᠠᠷᠢᠮᠲᠠᠯᠠᠵᠤ᠂ ᠨᠠᠮ ᠤᠨ ᠠᠭᠤᠤ ᠶᠡᠭᠡ | ᠥᠪᠡᠷ ᠪᠡᠶ᠎ᠡ ᠶᠢᠨ ᠬᠤᠪᠢᠰᠬᠠᠯ ᠢ ᠡᠴᠦᠰ ᠲᠤᠨᠢ ᠲᠤᠯᠲᠠᠯ᠎ᠠ ᠬᠢᠬᠦ ᠬᠡᠷᠡᠭᠲᠡᠢ᠃ ᠴᠢᠩᠭ᠎ᠠ ᠬᠠᠮᠢᠶᠠᠷᠬᠤ ᠪᠠ ᠬᠠᠶᠢᠷᠠᠯᠠᠨ | ᠬᠠᠯᠠᠮᠵᠢᠯᠠᠬᠤ ᠶᠢ ᠤᠶᠠᠯᠳᠤᠭᠤᠯᠬᠤ᠂ ᠤᠷᠮᠠᠰᠢᠭᠤᠯᠬᠤ ᠪᠠ ᠬᠢᠵᠠᠭᠠᠷᠯᠠᠬᠤ ᠶᠢ ᠵᠡᠷᠭᠡ ᠪᠠᠷ ᠴᠢᠬᠤᠯᠠᠴᠢᠯᠠᠬᠤ ᠶᠢ | ᠪᠠᠷᠢᠮᠲᠠᠯᠠᠵᠤ᠂ ︽ᠭᠤᠷᠪᠠᠨ ᠢᠯᠭᠠᠭ᠎ᠠ ᠲᠠᠢ ᠪᠠᠷ ᠬᠠᠨᠳᠤᠬᠤ︾ ᠶᠢ ᠪᠠᠷᠢᠮᠲᠠᠯᠠᠵᠤ᠂ ᠥᠷᠭᠡᠨ ᠣᠯᠠᠨ ᠨᠠᠮ ᠤᠨ | ᠭᠡᠰᠢᠭᠦᠨ᠂ ᠺᠠᠳ᠋ᠷ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠨᠡᠩ ᠰᠠᠶᠢᠲᠤᠷ | ᠬᠥᠭᠵᠢᠭᠡᠵᠦ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠯᠭᠠᠬᠤ ᠭᠦᠨ | ᠵᠤᠵᠠᠭᠠᠨ ᠠᠭᠤᠷ ᠠᠮᠢᠰᠬᠤᠯ ᠪᠠ ᠠᠮᠢᠳᠤᠯᠢᠭ ᠪᠠᠶᠢᠳᠠᠯ ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠴᠢᠶᠠᠩ᠂ | ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ ᠬᠤᠷᠠᠯ ᠳᠤ ᠣᠷᠣᠯᠴᠠᠪᠠ᠃ ᠨᠠᠮ ᠤᠨ | ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠱᠦᠵᠢ ᠯᠢ ᠰᠢ ᠬᠤᠷᠠᠯ ᠢ ᠡᠷᠬᠢᠯᠡᠵᠡᠢ᠃ | | | | 1 ᠰᠠᠷ᠎ᠠ ᠶᠢᠨ 9 ᠤ ᠡᠳᠦᠷ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ ᠤᠨ ᠡᠪ | ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠬᠤᠶᠠᠳᠤᠭᠠᠷ ᠪᠦᠭᠦᠳᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠰᠢᠤᠸᠠᠢ ᠷᠧᠨ ᠰᠡᠭᠦᠳᠡᠷᠯᠡᠪᠡ᠃ | ᠰᠢ ᠶᠢᠨ ᠫᠢᠩ᠂ ᠲᠥᠷᠥ ᠶᠢ ᠵᠠᠰᠠᠬᠤ ᠳᠤ ᠡᠷᠬᠡᠪᠰᠢ ᠤᠷᠢᠳ ᠢᠶᠠᠷ ᠨᠠᠮ ᠢ ᠵᠠᠰᠠᠬᠤ ᠬᠡᠷᠡᠭᠲᠡᠢ᠂ ᠨᠠᠮ ᠮᠠᠨᠳᠤᠪᠠᠯ | ᠰᠠᠶ᠋ᠢ ᠤᠯᠤᠰ ᠭᠥᠷᠥᠨ ᠬᠦᠴᠦᠷᠬᠡᠭᠵᠢᠵᠦ ᠴᠢᠳᠠᠨ᠎ᠠ᠃ ᠰᠢᠨ᠎ᠡ ᠴᠠᠭ ᠦᠶ᠎ᠡ ᠶᠢᠨ ᠠᠷᠪᠠᠨ ᠵᠢᠯ ᠳᠤ᠂ ᠨᠠᠮ ᠤᠨ ᠲᠥᠪ | ᠬᠤᠷᠢᠶ᠎ᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ | ᠪᠣᠳᠣᠯᠭ᠎ᠠ ᠶᠢᠨ ᠪᠠᠶᠢᠷᠢᠰᠢᠭᠤᠯᠤᠯᠲᠠ ᠳᠤ ᠣᠷᠣᠭᠤᠯᠵᠤ᠂ ᠬᠢᠲᠤᠭ᠎ᠠ ᠶᠢᠨ ᠢᠷ ᠢ ᠳᠣᠲᠣᠭᠰᠢ ᠬᠠᠨᠳᠤᠭᠤᠯᠵᠤ᠂ | ᠶᠠᠰᠤ ᠶᠢ ᠬᠤᠰᠤᠵᠤ ᠬᠤᠣᠷ ᠢ ᠠᠷᠢᠯᠭᠠᠵᠤ᠂ ᠬᠦᠴᠦᠲᠡᠢ ᠡᠮ ᠢᠶᠠᠷ ᠠᠷᠬᠠᠭ ᠢ ᠠᠷᠢᠯᠭᠠᠵᠤ᠂ ᠬᠦᠨᠳᠦ ᠡᠷᠡᠭᠦᠦ | ᠰᠢᠢᠳᠬᠡᠯ ᠢᠶᠠᠷ ᠰᠠᠮᠠᠭᠤᠷᠠᠯ ᠢ ᠵᠠᠰᠠᠵᠤ᠂ ᠨᠠᠮ ᠢ ᠬᠤᠪᠢᠰᠬᠯᠠᠲᠤ ᠴᠢᠨᠠᠷᠲᠠᠢ ᠳᠠᠪᠲᠠᠯᠲᠠ ᠳᠤᠮᠳᠠ ᠨᠡᠩ ᠪᠠᠲᠤ ᠴᠢᠩᠭ᠎ᠠ | ᠬᠦᠴᠦᠨ ᠲᠠᠢ ᠪᠣᠯᠭᠠᠪᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠡᠭᠦᠷᠢᠳᠡ ᠵᠣᠭᠰᠣᠰᠢ ᠦᠭᠡᠢ ᠶᠤᠮ᠂ | ᠲᠣᠮᠣ ᠨᠠᠮ ᠳᠤ ᠯᠠ ᠪᠠᠶᠢᠳᠠᠭ ᠬᠦᠴᠢᠷ ᠠᠰᠠᠭᠤᠳᠠᠯ ᠢ ᠰᠢᠢᠳᠪᠦᠷᠢᠯᠡᠬᠦ ᠰᠣᠨᠣᠷ ᠰᠡᠷᠡᠮᠵᠢ ᠪᠠ ᠡᠷᠡᠰ ᠵᠣᠷᠢᠭ ᠢᠶᠠᠨ | ᠴᠠᠭ ᠢᠮᠠᠭᠲᠠ ᠪᠠᠲᠤᠯᠠᠬᠤ ᠬᠡᠷᠡᠭᠲᠡᠢ᠃ ᠬᠡᠷᠬᠢᠨ ᠢᠮᠠᠭᠲᠠ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠡᠷᠬᠢᠨ ᠢᠮᠠᠭᠲᠠ ᠦᠵᠡᠯ ᠰᠠᠨᠠᠭ᠎ᠠ ᠪᠠᠨ ᠨᠢᠭᠡᠳᠬᠡᠵᠦ᠂ ᠵᠣᠷᠢᠭ | ᠰᠠᠨᠠᠭ᠎ᠠ ᠪᠠᠨ ᠨᠢᠭᠡᠳᠬᠡᠵᠦ᠂ ᠦᠢᠯᠡ ᠠᠵᠢᠯᠯᠠᠭ᠎ᠠ ᠪᠠᠨ ᠨᠢᠭᠡᠳᠬᠡᠵᠦ᠂ ᠬᠡᠷᠬᠢᠨ ᠢᠮᠠᠭᠲᠠ ᠬᠦᠴᠦᠷᠬᠡᠭ ᠶᠡᠭᠡ ᠲᠦᠷᠦ | ᠪᠠᠷᠢᠬᠤ ᠴᠢᠳᠠᠪᠤᠷᠢ ᠪᠠ ᠤᠳᠤᠷᠢᠳᠬᠤ ᠲᠦᠪᠰᠢᠨ ᠲᠠᠢ ᠪᠠᠶᠢᠵᠤ᠂ ᠬᠡᠷᠬᠢᠨ ᠢᠮᠠᠭᠲᠠ ᠠᠵᠢᠯ ᠬᠢᠵᠦ ᠦᠢᠯᠡᠰ | ᠪᠣᠰᠬᠠᠬᠤ ᠵᠣᠷᠢᠭ ᠰᠠᠨᠠᠭᠠᠨ ᠤ ᠪᠠᠶᠢᠳᠠᠯ ᠢᠶᠠᠨ ᠪᠠᠲᠤᠯᠠᠵᠤ᠂ ᠬᠡᠷᠬᠢᠨ ᠢᠮᠠᠭᠲᠠ ᠲᠣᠰ ᠪᠡᠶ᠎ᠡ ᠳ᠋ᠡᠭᠡᠨᠣᠷᠣᠰᠢᠵᠤ | ᠪᠠᠶᠢᠭ᠎ᠠ ᠠᠰᠠᠭᠤᠳᠠᠯ ᠢᠶᠠᠨ ᠴᠠᠭ ᠲᠤᠬᠠᠢ ᠳᠤᠨᠢ ᠢᠯᠡᠷᠡᠭᠦᠯᠦᠨ ᠰᠢᠢᠳᠪᠦᠷᠢᠯᠡᠵᠦ᠂ ᠬᠡᠷᠬᠢᠨ ᠢᠮᠠᠭᠲᠠ ᠰᠤᠷᠲᠠᠯ | ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠠᠲᠤᠯᠠᠬᠤ ᠪᠣᠯ ᠴᠥᠮ ᠮᠠᠨ ᠤ ᠡᠨᠡ ᠬᠦ ᠲᠣᠮᠣ | ᠨᠠᠮ ᠤᠨ ᠡᠷᠬᠡᠪᠰᠢ ᠰᠢᠢᠳᠪᠦᠷᠢᠯᠡᠬᠦ ᠣᠨᠴᠠ ᠪᠠᠶᠢᠳᠠᠭ ᠬᠦᠴᠢᠷ ᠠᠰᠠᠭᠤᠳᠠᠯ ᠪᠣᠯᠣᠨ᠎ᠠ᠃ ᠡᠳᠡᠭᠡᠷ ᠬᠦᠴᠢᠷ | ᠠᠰᠠᠭᠤᠳᠠᠯ ᠢ ᠰᠢᠢᠳᠪᠦᠷᠢᠯᠡᠬᠦ ᠪᠣᠯ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠠᠬᠢ ᠨᠠᠮ ᠤᠨ ᠡᠭᠦᠷᠭᠡ | ᠬᠠᠷᠢᠭᠤᠴᠠᠯᠭ᠎ᠠ ᠶᠢ ᠪᠡᠶᠡᠯᠡᠭᠦᠯᠬᠦ ᠳᠤ ᠡᠷᠬᠡᠪᠰᠢ ᠲᠤᠭᠤᠯᠬᠤ ᠴᠢᠬᠤᠯᠠᠲᠠᠢ ᠳᠠᠪᠠᠭ᠎ᠠ ᠪᠣᠯᠣᠨ᠎ᠠ᠂ ᠪᠦᠬᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠠᠵᠢᠯ ᠤᠨ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠳᠤ ᠵᠣᠬᠢᠴᠠᠬᠤ ᠳᠤ ᠡᠷᠬᠡᠪᠰᠢ | ᠰᠢᠢᠳᠪᠦᠷᠢᠯᠡᠬᠦ ᠴᠢᠬᠤᠯᠠᠲᠠᠢ ᠬᠦᠴᠢᠷ ᠠᠰᠠᠭᠤᠳᠠᠯ ᠪᠣᠯᠣᠨ᠎ᠠ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠠᠶᠢᠭᠤᠯᠬᠤ ᠪᠣᠯ ᠪᠦᠬᠦ ᠲᠠᠯ᠎ᠠ ᠶᠢᠨ | ᠴᠢᠨᠠᠷᠲᠠᠢ᠂ ᠡᠭᠦᠳᠦᠯᠲᠡ ᠶᠢᠨ ᠴᠢᠨᠠᠷᠲᠠᠢ ᠠᠵᠢᠯ ᠮᠥᠨ᠃ ᠰᠢᠨ᠎ᠡ ᠴᠠᠭ ᠦᠶ᠎ᠡ ᠶᠢᠨ ᠠᠷᠪᠠᠨ ᠵᠢᠯ ᠳᠤ᠂ ᠮᠠᠨ ᠤ ᠨᠠᠮ | ᠥᠪᠡᠷ ᠪᠡᠶ᠎ᠡ ᠶᠢᠨ ᠬᠤᠪᠢᠰᠬᠠᠯ ᠬᠢᠬᠦ ᠵᠢᠮ᠎ᠡ ᠶᠣᠰᠣᠨ ᠤ ᠲᠤᠬᠠᠢ ᠲᠠᠨᠢᠯᠲᠠ ᠪᠠᠨ ᠲᠠᠰᠤᠷᠠᠯᠳᠡ ᠦᠭᠡᠢ | ᠭᠦᠨᠵᠡᠭᠡᠶᠢᠷᠡᠭᠦᠯᠵᠦ᠂ ᠨᠠᠮ ᠤᠨ ᠪᠠᠶᠢᠭᠤᠯᠤᠯᠲᠠ ᠶᠢᠨ ᠤᠨᠤᠯ ᠤᠨ ᠰᠢᠨ᠎ᠡ ᠡᠭᠦᠳᠦᠯᠲᠡ᠂ ᠦᠢᠯᠡᠳᠦᠯᠭᠡ ᠶᠢᠨ ᠰᠢᠨ᠎ᠡ | ᠡᠭᠦᠳᠦᠯᠲᠡ᠂ ᠳᠦᠷᠢᠮ ᠤᠨ ᠰᠢᠨ᠎ᠡ ᠡᠭᠦᠳᠦᠯᠲᠡ ᠶᠢ ᠲᠠᠰᠤᠷᠠᠯᠳᠡ ᠦᠭᠡᠢ ᠠᠬᠢᠭᠤᠯᠵᠤ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠰᠢᠰᠲ᠋ᠧᠮ ᠢ ᠠᠩᠬ᠎ᠠ ᠠᠯᠬᠤᠮ ᠪᠠᠶᠢᠭᠤᠯᠪᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠰᠢᠰᠲ᠋ᠧᠮ ᠨᠢ ᠨᠢᠭᠡ ᠠᠭᠤᠯᠬᠤᠨ ᠢᠶᠠᠷ ᠪᠠᠶᠠᠯᠢᠭ᠂ ᠴᠢᠳᠠᠮᠵᠢ ᠨᠢ ᠪᠦᠷᠢᠨ ᠲᠡᠭᠦᠯᠳᠡᠷ᠂ ᠰᠢᠨᠵᠢᠯᠡᠬᠦ ᠤᠬᠠᠭᠠᠨᠴᠢ | ᠪᠥᠭᠡᠳ ᠵᠢᠷᠤᠮᠵᠢᠭᠤᠨ᠂ ᠥᠨᠳᠥᠷ ᠪᠦᠲᠦᠮᠵᠢᠲᠡᠢ ᠬᠥᠳᠡᠯᠦᠩᠭᠦᠢ ᠰᠢᠰᠲ᠋ᠧᠮ ᠪᠠᠶᠢᠬᠤ ᠬᠡᠷᠡᠭᠲᠡᠢ᠃ ᠡᠨᠡ ᠬᠦ | ᠰᠢᠰᠲ᠋ᠧᠮ ᠢ ᠲᠡᠭᠦᠯᠳᠡᠷᠵᠢᠭᠦᠯᠬᠦ ᠳᠤ᠂ ᠳᠦᠷᠢᠮ ᠢᠶᠠᠷ ᠨᠠᠮ ᠢ ᠵᠠᠰᠠᠬᠤ᠂ ᠳᠦᠷᠢᠮ ᠲᠣᠭᠲᠠᠭᠠᠯ ᠶᠣᠰᠣᠭᠠᠷ ᠨᠠᠮ ᠢ | ᠵᠠᠰᠠᠬᠤ ᠶᠢ ᠪᠠᠷᠢᠮᠲᠠᠯᠠᠵᠤ᠂ ᠨᠠᠮ ᠤᠨ ᠡᠯ᠎ᠡ ᠲᠠᠯ᠎ᠠ ᠶᠢᠨ ᠪᠠᠶᠢᠭᠤᠯᠤᠯᠲᠠ ᠶᠢ ᠣᠷᠭᠠᠨᠢᠭ ᠢᠶᠠᠷ ᠵᠣᠯᠭᠠᠭᠤᠯᠬᠤ᠂ | ᠬᠤᠯᠪᠣᠯᠳᠤᠭᠤᠯᠤᠨ ᠨᠡᠶᠢᠳᠬᠡᠬᠦ᠂ ᠬᠠᠮᠵᠢᠯᠴᠠᠭᠤᠯᠤᠨ ᠵᠣᠬᠢᠴᠠᠭᠤᠯᠬᠤ ᠶᠢ ᠨᠡᠩ ᠲᠤᠪᠤᠶᠢᠯᠭᠠᠵᠦ᠂ ᠪᠠᠶᠢᠭᠤᠯᠤᠮᠵᠢ | ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠪᠠ ᠬᠠᠤᠯᠢ ᠲᠣᠭᠲᠠᠭᠠᠯ ᠳᠦᠷᠢᠮ ᠢ ᠰᠢᠨᠵᠢᠯᠡᠬᠦ ᠤᠬᠠᠭᠠᠨᠴᠢ | ᠪᠥᠭᠡᠳ ᠪᠦᠲᠦᠮᠵᠢᠲᠡᠢ ᠪᠣᠯᠭᠠᠬᠤ ᠶᠢ ᠨᠡᠩ ᠲᠤᠪᠤᠶᠢᠯᠭᠠᠵᠦ᠂ ᠵᠠᠰᠠᠯᠲᠠ ᠶᠢᠨ ᠣᠶᠢᠯᠠᠭᠠᠭᠳᠠᠬᠤᠨ᠂ ᠰᠢᠰᠲ᠋ᠧᠮ ᠤᠨ | ᠦᠵᠡᠯᠲᠡ᠂ ᠬᠤᠪᠢᠰᠤᠩᠭᠤᠢ ᠰᠡᠳᠬᠢᠬᠦᠢ ᠪᠠᠷ ᠨᠠᠮ ᠢ ᠬᠠᠮᠢᠶᠠᠷᠴᠤ ᠨᠠᠮ ᠢ ᠵᠠᠰᠠᠵᠤ ᠨᠠᠮ ᠢ ᠪᠠᠶᠢᠭᠤᠯᠬᠤ ᠶᠢ ᠨᠡᠩ | ᠲᠤᠪᠤᠶᠢᠯᠭᠠᠬᠤ ᠬᠡᠷᠡᠭᠲᠡᠢ᠃ ᠠᠭᠤᠯᠭ᠎ᠠ ᠶᠢᠨ ᠲᠠᠯ᠎ᠠ ᠪᠠᠷ ᠪᠦᠬᠦᠨ ᠢ ᠬᠠᠮᠤᠷᠬᠤ᠂ ᠪᠥᠬᠦ ᠡᠲᠡᠭᠡᠳ ᠢ ᠬᠠᠮᠤᠷᠬᠤ᠂ | ᠬᠠᠷᠢᠭᠤᠴᠠᠯᠭ᠎ᠠ ᠶᠢᠨ ᠲᠠᠯ᠎ᠠ ᠪᠠᠷ ᠪᠦᠬᠦᠨ ᠢ ᠬᠡᠯᠬᠢᠶᠡᠵᠢᠭᠦᠯᠬᠦ᠂ ᠳᠦᠷᠢᠮ ᠤᠨ ᠲᠠᠯ᠎ᠠ ᠪᠠᠷ ᠪᠦᠬᠦᠨ ᠢ ᠨᠡᠪᠲᠡᠷᠡᠭᠦᠯᠬᠦ ᠶᠢ | ᠪᠠᠷᠢᠮᠲᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠤᠯᠠᠮ ᠴᠢᠨᠠᠭᠰᠢᠳᠠ ᠪᠦᠷᠢᠨᠰᠢᠭᠦᠯᠵᠦ᠂ | ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ ᠠᠵᠢᠯ ᠢ ᠴᠠᠭ ᠦᠶᠡᠴᠢ ᠴᠢᠨᠠᠷ ᠢ ᠨᠡᠩ ᠰᠠᠶᠢᠲᠤᠷ | ᠢᠯᠡᠷᠡᠭᠦᠯᠵᠦ᠂ ᠵᠢᠮ᠎ᠡ ᠶᠣᠰᠣᠴᠢ ᠴᠢᠨᠠᠷ ᠢ ᠡᠵᠡᠮᠰᠢᠬᠦ᠂ ᠪᠦᠲᠦᠭᠡᠯᠴᠢ ᠴᠢᠨᠠᠷ ᠢᠶᠠᠷ ᠪᠠᠶᠠᠯᠢᠭ ᠪᠣᠯᠭᠠᠬᠤ ᠬᠡᠷᠡᠭᠲᠡᠢ ᠭᠡᠵᠦ | ᠴᠢᠬᠤᠯᠠᠴᠢᠯᠠᠵᠠᠢ᠃ | ᠰᠢ ᠶᠢᠨ ᠫᠢᠩ᠂ ᠬᠦᠴᠦᠲᠡᠢ ᠤᠯᠤᠰ ᠲᠥᠷᠥ ᠶᠢᠨ ᠬᠢᠨᠠᠯᠲᠠ ᠲᠠᠯᠪᠢᠯᠲᠠ ᠪᠠᠷ ᠨᠠᠮ ᠤᠨ ᠬᠤᠷᠢᠳᠤᠭᠠᠷ ᠶᠡᠭᠡ | ᠬᠤᠷᠠᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠭᠠᠷᠭᠠᠬᠤ ᠶᠢ ᠪᠠᠲᠤᠯᠠᠬᠤ ᠬᠡᠷᠡᠭᠲᠡᠢ᠃ ᠤᠯᠤᠰ ᠲᠦᠷᠦ ᠶᠢᠨ ᠬᠢᠨᠠᠯᠲᠠ ᠲᠠᠯᠪᠢᠯᠲᠠ ᠪᠣᠯ ᠪᠦᠬᠦ ᠨᠠᠮ ᠤᠨ ᠨᠠᠮ ᠤᠨ | ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠬᠤ ᠶᠢ ᠱᠠᠯᠠᠪᠳᠠᠭᠤᠯᠬᠤ ᠬᠦᠴᠦᠲᠡᠢ | ᠠᠷᠭ᠎ᠠ ᠬᠡᠮᠵᠢᠶ᠎ᠡ ᠮᠥᠨ᠂ ᠪᠣᠳᠠᠲᠠᠶᠢᠵᠢᠭᠤᠯᠬᠤ᠂ ᠣᠨᠣᠪᠴᠢᠲᠠᠢ ᠪᠣᠯᠭᠠᠬᠤ᠂ ᠪᠠᠶᠢᠩᠭᠤᠵᠢᠭᠤᠯᠬᠤ ᠳᠡᠭᠡᠷ᠎ᠡ ᠨᠡᠩ ᠶᠡᠭᠡ | ᠬᠦᠴᠦ ᠲᠠᠯᠪᠢᠬᠤ ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠯᠠᠭ᠎ᠠ ᠮᠥᠴᠢᠷ᠂ ᠠᠵᠢᠯ ᠲᠦᠷᠦᠯ᠂ ᠬᠦᠷᠢᠶ᠎ᠡ | ᠴᠠᠷᠠᠭᠠᠨ ᠤ ᠪᠣᠳᠠᠲᠠᠢ ᠪᠠᠶᠢᠳᠠᠯ ᠲᠠᠢ ᠨᠢᠭᠲᠠ ᠤᠶᠠᠯᠳᠤᠭᠤᠯᠬᠤ ᠶᠢ ᠠᠬᠢᠭᠤᠯᠵᠤ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠲᠤᠭᠤᠰᠢᠯᠠᠭᠤᠯᠬᠤ᠂ ᠴᠢᠨᠠᠷ ᠰᠠᠶᠢᠲᠠᠢ | ᠬᠥᠭᠵᠢᠯᠲᠡ ᠶᠢ ᠬᠦᠴᠦᠯᠡᠨ ᠠᠬᠢᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠰᠠᠨᠠᠭᠠᠴᠢᠯᠠᠭ᠎ᠠ ᠠᠴᠠ ᠪᠠᠨ | ᠪᠠᠶᠢᠭᠤᠯᠬᠤ ᠵᠡᠷᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠡᠰᠡᠬᠦ᠂ | ᠰᠠᠶᠢᠲᠤᠷ ᠨᠠᠶᠢᠳᠠᠪᠤᠷᠢᠵᠢᠭᠤᠯᠤᠭᠰᠠᠨ ᠡᠰᠡᠬᠦ ᠶᠢ ᠦᠵᠡᠬᠦ ᠬᠡᠷᠡᠭᠲᠡᠢ︔ ᠨᠠᠮ ᠤᠨ ᠲᠥᠪ ᠬᠤᠷᠢᠶᠠᠨ ᠤ ᠳᠤᠷᠠᠳᠤᠭᠰᠠᠨ | ᠭᠤᠣᠯᠳᠠᠯᠭ᠎ᠠ ᠲᠠᠢ ᠡᠭᠦᠷᠭᠡ᠂ ᠭᠤᠣᠯᠳᠠᠯᠭ᠎ᠠ ᠲᠠᠢ ᠠᠷᠭ᠎ᠠ ᠬᠡᠮᠵᠢᠶ᠎ᠡ᠂ ᠴᠢᠬᠤᠯᠠ ᠲᠦᠷᠦ ᠶᠢᠨ ᠪᠣᠳᠣᠯᠭ᠎ᠠ᠂ ᠴᠢᠬᠤᠯᠠ | ᠱᠠᠭᠠᠷᠳᠠᠯᠭ᠎ᠠ ᠶᠢ ᠬᠢᠷᠢ ᠵᠡᠷᠭᠡ ᠲᠤᠭᠤᠰᠢᠯᠠᠭᠤᠯᠤᠭᠰᠠᠨ ᠢ ᠦᠵᠡᠨ᠎ᠡ︔ ᠲᠤᠰ ᠭᠠᠵᠠᠷ ᠣᠷᠣᠨ ᠲᠤᠰ ᠰᠠᠯᠠᠭ᠎ᠠ | ᠮᠥᠴᠢᠷ ᠲᠤᠰ ᠨᠢᠭᠡᠴᠢ ᠳᠤ ᠬᠠᠷᠢᠶᠠᠯᠠᠭᠳᠠᠬᠤ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠬᠤ ᠡᠰᠡᠬᠦ ᠶᠢ | ᠦᠵᠡᠨ᠎ᠡ᠃ ᠵᠠᠷᠯᠢᠭᠳᠠᠵᠤ ᠪᠠᠶᠢᠲᠠᠯ᠎ᠠ ᠬᠡᠷᠡᠭᠵᠢᠭᠦᠯᠬᠦ ᠦᠭᠡᠢ᠂ ᠴᠠᠭᠠᠵᠠᠯᠠᠵᠤ ᠪᠠᠶᠢᠲᠠᠯ᠎ᠠ ᠬᠤᠷᠢᠭᠯᠠᠬᠤ ᠦᠭᠡᠢ᠂ | ᠰᠣᠩᠭᠤᠯᠲᠠ ᠬᠢᠬᠦ᠂ ᠥᠭᠡᠷᠡᠲᠦᠭᠦᠯᠦᠨ ᠬᠤᠪᠢᠷᠠᠭᠤᠯᠵᠤ᠂ ᠲᠡᠷᠡ ᠶᠣᠰᠣᠭᠠᠷ ᠨᠢ ᠬᠡᠷᠡᠭᠵᠢᠭᠦᠯᠬᠦ ᠦᠭᠡᠢ᠂ ᠶᠡᠭᠡ | ᠲᠠᠯ᠎ᠠ ᠶᠢ ᠬᠠᠶᠢᠬᠤᠷᠬᠤ ᠦᠭᠡᠢ᠂ ᠰᠠᠯᠠᠭ᠎ᠠ ᠮᠥᠴᠢᠷ ᠪᠠ ᠣᠷᠣᠨ ᠨᠤᠲᠤᠭ ᠤᠨ ᠬᠠᠮᠠᠭᠠᠯᠠᠬᠤ ᠦᠵᠡᠯ ᠢ ᠶᠠᠪᠤᠭᠤᠯᠬᠤ᠂ | ᠲᠡᠷᠡ ᠬᠡᠪ ᠢᠶᠠᠷ ᠨᠢ ᠨᠡᠭᠦᠯᠭᠡᠨ ᠬᠡᠷᠡᠭᠯᠡᠬᠦ᠂ ᠳᠡᠭᠡᠷ᠎ᠡ ᠳᠣᠣᠷᠠᠳᠤ ᠱᠠᠲᠤ ᠪᠠᠷ ᠢᠶᠠᠨ ᠴᠥᠮ ᠪᠦᠳᠦᠭᠦᠯᠢᠭ ᠪᠠᠶᠢᠬᠤ ᠵᠡᠷᠭᠡ | ᠲᠣᠪᠤᠶᠢᠮ᠎ᠠ ᠠᠰᠠᠭᠤᠳᠠᠯ ᠢ ᠴᠠᠭ ᠲᠤᠬᠠᠢ ᠳᠤᠨᠢ ᠣᠨᠣᠪᠴᠢᠲᠠᠢ ᠣᠯᠵᠤ ᠢᠯᠡᠷᠡᠭᠦᠯᠦᠨ᠂ ᠲᠤᠭᠤᠰᠢᠯᠠᠭᠤᠯᠤᠨ | ᠬᠡᠷᠡᠭᠵᠢᠭᠦᠯᠬᠦ ᠳᠤᠮᠳᠠᠬᠢ ᠲᠦᠭᠵᠢᠷᠡᠯ ᠪᠡᠷᠬᠡ ᠠᠰᠠᠭᠤᠳᠠᠯ ᠢ ᠦᠨᠡᠨ ᠬᠦ ᠨᠡᠪᠲᠡᠷᠡᠭᠦᠯᠬᠦ ᠬᠡᠷᠡᠭᠲᠡᠢ᠃ ᠨᠠᠮ ᠤᠨ ᠲᠥᠪ | ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ | ᠲᠣᠭᠲᠠᠴᠠ ᠶᠢ ᠲᠡᠭᠦᠯᠳᠡᠷᠵᠢᠭᠦᠯᠬᠦ ᠶᠢ ᠠᠬᠢᠭᠤᠯᠵᠤ᠂ ᠬᠦᠴᠦᠲᠡᠢ ᠪᠦᠲᠦᠮᠵᠢᠲᠡᠢ ᠡᠳᠦᠷ ᠲᠤᠳᠤᠮ ᠤᠨ ᠬᠢᠨᠠᠯᠲᠠ ᠪᠠᠷ | ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠢ ᠲᠣᠭᠲᠠᠭᠠᠨ ᠬᠡᠷᠡᠭᠵᠢᠭᠦᠯᠦᠭᠰᠡᠨ ᠨᠢ | ᠮᠠᠨ ᠤ ᠨᠠᠮ ᠤᠨ ᠰᠢᠨ᠎ᠡ ᠴᠠᠭ ᠦᠶ᠎ᠡ ᠶᠢᠨ ᠢᠲᠡᠭᠡᠯ ᠬᠦᠨᠳᠦ ᠲᠠᠢ ᠠᠵᠢᠯᠯᠠᠭ᠎ᠠ ᠪᠣᠯᠣᠨ᠎ᠠ᠂ ᠡᠷᠬᠡᠪᠰᠢ ᠴᠥᠬᠦᠷᠡᠰᠢ | ᠦᠭᠡᠢ ᠠᠳᠬᠤᠵᠤ᠂ ᠤᠷᠲᠤ ᠬᠤᠭᠤᠴᠠᠭ᠎ᠠ ᠪᠠᠷ ᠪᠠᠷᠢᠮᠲᠠᠯᠠᠵᠤ᠂ ᠰᠤᠷᠲᠠᠯ ᠢ ᠦᠨᠡᠨ ᠬᠦ ᠰᠠᠶᠢᠵᠢᠷᠠᠭᠤᠯᠵᠤ᠂ | ᠰᠢᠯᠢᠳᠡᠭ ᠨᠠᠮ ᠤᠨ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠬᠥᠲᠥᠯᠥᠨ ᠳᠠᠭᠠᠭᠤᠯᠬᠤ | ᠬᠡᠷᠡᠭᠲᠡᠢ᠃ ᠵᠢᠷᠭᠠᠨ ᠴᠡᠩᠭᠡᠬᠦ ᠦᠵᠡᠯ᠂ ᠱᠠᠯᠢᠨ ᠪᠦᠷᠢᠯᠭᠡᠬᠦ ᠰᠤᠷᠲᠠᠯ ᠢ ᠦᠷᠭᠦᠯᠵᠢᠯᠡᠨ ᠵᠠᠯᠠᠷᠠᠭᠤᠯᠤᠨ ᠵᠠᠰᠠᠵᠤ᠂ | ᠰᠤᠷᠲᠠᠯ ᠤᠨ ᠪᠠᠶᠢᠭᠤᠯᠤᠯᠲᠠ ᠶᠢᠨ ᠭᠠᠵᠠᠷ ᠣᠷᠣᠨ ᠤ ᠴᠢᠨᠠᠷᠲᠠᠢ᠂ ᠠᠵᠢᠯ ᠲᠦᠷᠦᠯ ᠤᠨ ᠴᠢᠨᠠᠷᠲᠠᠢ᠂ ᠱᠠᠲᠤ ᠦᠶᠡᠴᠢ | ᠴᠢᠨᠠᠷᠲᠠᠢ ᠣᠨᠴᠠᠯᠢᠭ ᠢ ᠡᠵᠡᠮᠳᠡᠨ᠂ ᠨᠡᠶᠢᠳᠡᠮ ᠡᠭᠦᠰᠦᠭᠰᠡᠨ᠂ ᠲᠠᠬᠢᠨ ᠳᠠᠪᠲᠠᠨ ᠢᠯᠡᠷᠡᠭᠰᠡᠨ ᠠᠰᠠᠭᠤᠳᠠᠯ ᠢ ᠠᠳᠬᠤᠨ | ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠰᠤᠷᠲᠠᠯ ᠤᠨ ᠪᠠᠶᠢᠭᠤᠯᠤᠯᠲᠠ ᠶᠢᠨ ᠪᠠᠶᠢᠩᠭᠤᠵᠢᠭᠰᠠᠨ ᠤᠷᠳᠤ | ᠬᠤᠭᠤᠴᠠᠭ᠎ᠠ ᠪᠦᠲᠦᠮᠵᠢᠲᠡᠢ ᠪᠣᠯᠬᠤ ᠶᠢ ᠠᠬᠢᠭᠤᠯᠬᠤ ᠬᠡᠷᠡᠭᠲᠡᠢ᠃ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ | ᠵᠠᠯᠠᠷᠠᠭᠤᠯᠤᠨ ᠵᠠᠰᠠᠬᠤ ᠶᠢ ᠨᠡᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠰᠤᠷᠲᠠᠯ ᠤᠨ ᠪᠠᠶᠢᠭᠤᠯᠤᠯᠲᠠ ᠶᠢᠨ | ᠭᠤᠣᠯᠳᠠᠯᠭ᠎ᠠ ᠲᠠᠢ ᠡᠭᠦᠷᠭᠡ ᠪᠣᠯᠭᠠᠵᠤ᠂ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠶᠢ ᠰᠤᠳᠤᠯᠵᠤ᠂ ᠰᠢᠨᠵᠢᠯᠡᠬᠦ | ᠤᠬᠠᠭᠠᠨᠴᠢ ᠪᠠᠷ ᠣᠨᠢᠨ ᠳᠡᠭᠡᠷ᠎ᠡ ᠨᠢ ᠴᠡᠭᠴᠡᠯᠡᠨ ᠵᠠᠰᠠᠵᠤ᠂ ᠬᠠᠲᠠᠭᠤ ᠲᠠᠢ ᠨᠢ ᠬᠠᠯᠳᠠᠵᠤ᠂ ᠪᠣᠳᠠᠲᠤ ᠦᠷ᠎ᠡ | ᠪᠦᠲᠦᠮᠵᠢ ᠶᠢ ᠡᠷᠬᠢᠮᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠠᠬᠢᠯᠭ᠎ᠠ ᠪᠠᠲᠤ ᠪᠣᠯ ᠨᠠᠮ ᠢ ᠬᠠᠮᠢᠶᠠᠷᠴᠤ ᠨᠠᠮ ᠢ ᠵᠠᠰᠠᠬᠤ ︽ᠴᠡᠭᠡᠷ ᠬᠡᠮᠵᠢᠭᠦᠷᠯᠢᠭ︾ ᠮᠥᠨ᠂ | ᠪᠠᠰᠠ ᠴᠤ ᠨᠠᠮ ᠤᠨ ᠭᠡᠰᠢᠭᠦᠨ᠂ ᠺᠠᠳ᠋ᠷ ᠤᠨ ᠲᠣᠰ ᠪᠡᠶ᠎ᠡ ᠶᠢᠨ ᠦᠶ᠋ᠯᠡ ᠠᠵᠢᠯᠯᠠᠭ᠎ᠠ ᠪᠠᠨ ᠬᠢᠵᠠᠭᠠᠷᠯᠠᠬᠤ ᠪᠠᠷᠢᠮᠵᠢᠶ᠎ᠠ | ᠪᠠ ᠵᠢᠷᠤᠮᠯᠠᠯ ᠮᠥᠨ᠃ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠨᠡᠩ ᠲᠣᠪᠤᠶᠢᠮ᠎ᠠ ᠪᠠᠶᠢᠷᠢᠨ ᠳᠤ ᠲᠠᠯᠪᠢᠵᠤ᠂ | ᠨᠠᠮ ᠤᠨ ᠳᠦᠷᠢᠮ ᠲᠣᠭᠲᠠᠭᠠᠯ ᠲᠣᠭᠲᠠᠭᠠᠬᠤ᠂ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠬᠢᠬᠦ᠂ ᠰᠠᠬᠢᠯᠭ᠎ᠠ | ᠪᠠᠲᠤ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠦᠬᠦ ᠶᠠᠪᠤᠴᠠ ᠳᠤ ᠴᠥᠮ ᠴᠢᠩᠭ᠎ᠠ ᠪᠠᠶᠢᠬᠤ ᠱᠠᠭᠠᠷᠳᠠᠯᠭ᠎ᠠ ᠶᠢ | ᠲᠤᠭᠤᠰᠢᠯᠠᠭᠤᠯᠵᠤ᠂ ᠲᠡᠮᠦᠷ ᠮᠡᠲᠦ ᠰᠠᠬᠢᠯᠭ᠎ᠠ ᠪᠠᠲᠤ ᠶᠢ ︽ᠬᠤᠷᠴᠠ ᠰᠢᠳᠦ ᠪᠣᠯᠭᠠᠬᠤ︾᠂ ᠡᠷᠬᠡ ᠰᠦᠷ ᠢ ᠨᠢ | ᠮᠠᠨᠳᠤᠭᠤᠯᠬᠤ ᠮᠥᠷᠲᠡᠭᠡᠨ ᠪᠠᠰᠠ ᠺᠠᠳ᠋ᠷᠴᠤᠳ ᠢ ᠴᠢᠬᠤᠯᠠᠴᠢᠯᠠᠵᠤ᠂ ᠰᠡᠷᠡᠮᠵᠢᠯᠡᠭᠦᠯᠵᠦ᠂ ᠤᠬᠠᠭᠠᠷᠠᠭᠤᠯᠵᠤ᠂ ᠪᠦᠬᠦ | ᠨᠠᠮ ᠢ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠳᠡᠭᠡᠳᠦ ᠬᠡᠮᠵᠢᠶᠡᠨ ᠤ ᠤᠬᠠᠮᠰᠠᠷ ᠲᠠᠢ | ᠪᠣᠯᠭᠠᠬᠤ ᠬᠡᠷᠡᠭᠲᠡᠢ᠃ ᠡᠪ ᠬᠠᠮᠲᠤ ᠨᠠᠮ ᠤᠨ ᠭᠡᠰᠢᠭᠦᠨ ᠨᠢᠭᠡ ᠪᠦᠷᠢ ᠢᠯᠠᠩᠭᠤᠶ᠎ᠠ ᠤᠳᠤᠷᠢᠳᠬᠤ ᠺᠠᠳ᠋ᠷᠴᠤᠳ ᠴᠥᠮ | ᠨᠠᠮ ᠤᠨ ᠳᠦᠷᠢᠮ ᠤᠨ ᠤᠬᠠᠮᠰᠠᠷ ᠢ ᠪᠠᠲᠤ ᠪᠤᠢ ᠪᠣᠯᠭᠠᠵᠤ᠂ ᠨᠡᠩ ᠤᠬᠠᠮᠰᠠᠷ ᠠᠴᠠ ᠪᠠᠨ ᠨᠠᠮ ᠤᠨ ᠳᠦᠷᠢᠮ ᠢ | ᠰᠤᠷᠤᠯᠴᠠᠨ᠂ ᠨᠠᠮ ᠤᠨ ᠳᠦᠷᠢᠮ ᠢ ᠵᠢᠷᠤᠮᠯᠠᠵᠤ᠂ ᠨᠠᠮ ᠤᠨ ᠳᠦᠷᠢᠮ ᠢ ᠲᠤᠭᠤᠰᠢᠯᠠᠭᠤᠯᠤᠨ᠂ ᠨᠠᠮ ᠤᠨ ᠳᠦᠷᠢᠮ ᠢ | ᠬᠠᠮᠠᠭᠠᠯᠠᠵᠤ᠂ ᠨᠠᠮ ᠤᠨ ᠳᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠪᠠᠷ ᠥᠪᠡᠷ ᠤᠨ ᠦᠭᠡ ᠶᠠᠷᠢᠶ᠎ᠠ | ᠦᠢᠯᠡ ᠠᠵᠢᠯᠯᠠᠭ᠎ᠠ ᠪᠠᠨ ᠬᠦᠯᠢᠶᠡᠰᠦᠯᠡᠨ᠂ ᠰᠠᠬᠢᠯᠭ᠎ᠠ ᠪᠠᠲᠤ ᠶᠢᠨ ᠤᠬᠠᠮᠰᠠᠷ᠂ ᠶᠣᠰᠣ ᠳᠦᠷᠢᠮ ᠤᠨ ᠤᠬᠠᠮᠰᠠᠷ ᠢᠶᠠᠨ | ᠴᠢᠩᠭᠠᠳᠬᠠᠵᠤ᠂ ᠬᠢᠨᠠᠯᠲᠠ ᠪᠠ ᠬᠢᠵᠠᠭᠠᠷᠯᠠᠯ ᠢ ᠬᠦᠯᠢᠶᠡᠬᠦ ᠣᠷᠴᠢᠨ ᠨᠥᠬᠦᠴᠡᠯ ᠤᠨ ᠳᠤᠮᠳᠠ ᠠᠵᠢᠯᠯᠠᠵᠤ ᠠᠮᠢᠳᠤᠷᠠᠬᠤ | ᠳᠠᠳᠬᠠᠯ ᠲᠠᠢ ᠪᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠮᠥᠨ ᠬᠦ ᠬᠦᠨᠳᠦ ᠬᠡᠴᠡᠭᠦᠦ ᠨᠠᠷᠢᠨ | ᠪᠤᠳᠤᠯᠢᠶᠠᠨᠲᠠᠢ ᠪᠠᠶᠢᠨ᠎ᠠ᠂ ᠨᠡᠮᠡᠭᠳᠡᠯ ᠢ ᠬᠤᠷᠢᠭᠯᠠᠬᠤ᠂ ᠦᠯᠡᠳᠡᠭᠳᠡᠯ ᠢ ᠠᠷᠢᠯᠭᠠᠬᠤ ᠡᠭᠦᠷᠭᠡ ᠮᠥᠨ ᠬᠦ ᠪᠡᠷᠬᠡ | ᠬᠠᠲᠠᠭᠤᠵᠢᠯᠲᠠᠢ ᠪᠠᠶᠢᠨ᠎ᠠ᠃ ᠡᠷᠬᠡᠪᠰᠢ ᠦᠡᠭᠭᠡᠨ ᠲᠠᠯ᠎ᠠ ᠪᠠ ᠦᠨᠳᠦᠰᠦᠨ ᠠᠴᠠ ᠨᠢ ᠵᠡᠷᠭᠡ ᠪᠠᠷ ᠵᠠᠰᠠᠬᠤ᠂ | ᠰᠢᠰᠲ᠋ᠧᠮ ᠲᠠᠢ ᠵᠠᠰᠠᠬᠤ ᠶᠢ ᠭᠦᠨᠵᠡᠭᠡᠶᠢᠷᠡᠭᠦᠯᠵᠦ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ | ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ᠃ ᠢᠯᠵᠠᠷᠠᠬᠤ ᠠᠴᠠ | ᠵᠢᠷᠦᠬᠡᠰᠢᠶᠡᠬᠦ ᠲᠠᠯ᠎ᠠ ᠪᠠᠷ ᠦᠷᠭᠦᠯᠵᠢᠯᠡᠨ ᠳᠠᠷᠤᠯᠲᠠ ᠥᠭᠴᠦ᠂ ᠣᠭᠲᠣ ᠠᠭᠤᠴᠢᠯᠠᠬᠤ ᠦᠭᠡᠢ᠂ ᠵᠢᠷᠦᠬᠡᠰᠢᠶᠡᠯ ᠢ | ᠬᠤᠪᠢᠷᠠᠭᠤᠯᠬᠤ ᠦᠭᠡᠢ᠂ ᠥᠨᠳᠥᠷ ᠳᠠᠷᠤᠯᠲᠠᠲᠤ ᠵᠠᠯᠬᠠᠭᠠᠨ ᠰᠢᠢᠳᠬᠡᠬᠦ ᠬᠦᠴᠦᠨ ᠢ ᠢᠮᠠᠭᠲᠠ ᠪᠠᠲᠤᠯᠠᠵᠤ᠂ | ᠰᠠᠨᠠᠭ᠎ᠠ ᠪᠠᠨ ᠬᠤᠷᠢᠶᠠᠬᠤ ᠦᠭᠡᠢ ᠭᠠᠷ ᠢᠶᠠᠨ ᠲᠠᠲᠠᠬᠤ ᠦᠭᠡᠢ᠂ ᠵᠣᠷᠢᠭ ᠢᠶᠠᠷ ᠢᠶᠠᠨ ᠠᠭᠠᠰᠢᠯᠡᠭ᠌ᠰᠠᠳ ᠢ ᠡᠷᠡᠰ | ᠵᠠᠯᠬᠠᠭᠠᠨ ᠰᠢᠢᠳᠭᠡᠵᠦ᠂ ᠤᠯᠤᠰ ᠲᠦᠷᠦ ᠶᠢᠨ ᠠᠰᠠᠭᠤᠳᠠᠯ ᠪᠣᠯᠣᠨ ᠠᠵᠤ ᠠᠬᠤᠢ ᠶᠢᠨ ᠠᠰᠠᠭᠤᠳᠠᠯ ᠰᠣᠯᠪᠢᠴᠠᠭᠰᠠᠨ | ᠢᠯᠵᠠᠷᠠᠯ ᠢ ᠡᠷᠡᠰ ᠪᠠᠶᠢᠴᠠᠭᠠᠨ ᠰᠢᠢᠳᠪᠦᠷᠢᠯᠡᠵᠦ᠂ ᠤᠳᠤᠷᠢᠳᠬᠤ ᠺᠠᠳ᠋ᠷ ᠠᠰᠢᠭ ᠲᠤᠰᠠ ᠶᠢᠨ ᠪᠦᠯᠦᠭᠯᠡᠯ ᠪᠣᠯᠣᠨ | ᠡᠷᠬᠡ ᠰᠦᠷᠲᠦ ᠪᠦᠯᠬᠦᠮ ᠤᠨ ᠲᠥᠯᠥᠭᠡᠯᠡᠭᠴᠢ᠂ ᠣᠷᠣᠯᠠᠭᠴᠢ ᠪᠣᠯᠬᠤ ᠶᠢ ᠡᠷᠡᠰ ᠰᠡᠷᠭᠡᠶᠢᠯᠡᠵᠦ᠂ ᠵᠠᠰᠠᠭ ᠤᠨ | ᠣᠷᠳᠣᠨ ᠪᠠ ᠬᠤᠳᠠᠯᠳᠤᠭᠠᠴᠢᠨ ᠰᠥᠯᠪᠡᠭᠡᠯᠳᠦᠬᠦ᠂ ᠬᠥᠷᠥᠩᠭᠡ ᠤᠯᠤᠰ ᠲᠦᠷᠦ ᠶᠢᠨ ᠬᠦᠷᠢᠶᠡᠨ ᠳᠤ ᠨᠡᠪᠴᠢᠬᠦ ᠵᠡᠷᠭᠡ | ᠤᠯᠤᠰ ᠲᠦᠷᠦ ᠶᠢᠨ ᠠᠮᠢ ᠠᠬᠤᠢ ᠪᠣᠯᠣᠨ ᠠᠵᠤ ᠠᠬᠤᠢ ᠶᠢᠨ ᠬᠥᠭᠵᠢᠯᠲᠡ ᠶᠢᠨ ᠣᠷᠴᠢᠨ ᠨᠥᠬᠦᠴᠡᠯ ᠢ ᠡᠪᠳᠡᠬᠦ ᠶᠢ | ᠡᠷᠡᠰ ᠰᠡᠷᠭᠡᠶᠢᠯᠡᠬᠦ ᠬᠡᠷᠡᠭᠲᠡᠢ᠃ ᠨᠡᠯᠢᠶᠡᠳ ᠲᠣᠪᠤᠶᠢᠮ᠎ᠠ ᠪᠠᠶᠢᠭ᠎ᠠ ᠠᠵᠢᠯ ᠲᠦᠷᠦᠯ ᠤᠨ ᠴᠢᠨᠠᠷᠲᠠᠢ᠂ ᠰᠢᠰᠲ᠋ᠧᠮ ᠤᠨ | ᠴᠢᠨᠠᠷᠲᠠᠢ᠂ ᠣᠷᠣᠨ ᠪᠦᠰᠡ ᠶᠢᠨ ᠴᠢᠨᠠᠷᠲᠠᠢ ᠢᠯᠵᠠᠷᠠᠯ ᠤᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠬᠡᠷᠡᠭᠲᠡᠢ᠃ | ᠢᠯᠵᠠᠷᠠᠵᠤ ᠦᠯᠦ ᠪᠣᠯᠬᠤ ᠲᠠᠯ᠎ᠠ ᠪᠠᠷ ᠭᠦᠨᠵᠡᠭᠡᠶᠢᠷᠡᠭᠦᠯᠦᠨ ᠥᠷᠭᠡᠳᠬᠡᠵᠦ᠂ ᠢᠯᠵᠠᠷᠠᠯ ᠢ ᠡᠰᠡᠷᠭᠦᠴᠡᠬᠦ ᠪᠣᠭᠤᠮᠲᠠ ᠶᠢ | ᠤᠷᠤᠭᠰᠢ ᠠᠬᠢᠭᠤᠯᠤᠨ᠂ ᠡᠬᠢ ᠡᠭᠦᠰᠦᠯ ᠠᠴᠠ ᠨᠢ ᠵᠠᠰᠠᠬᠤ ᠶᠢ ᠭᠦᠨᠵᠡᠭᠡᠶᠢᠷᠡᠭᠦᠯᠵᠦ᠂ ᠭᠤᠣᠯᠳᠠᠯᠭ᠎ᠠ ᠲᠠᠢ | ᠬᠦᠷᠢᠶᠡᠨ ᠳᠠᠬᠢ ᠬᠢᠨᠠᠯᠲᠠ ᠲᠠᠯᠪᠢᠬᠤ ᠲᠣᠭᠲᠠᠴᠠ ᠶᠢᠨ ᠥᠭᠡᠷᠡᠴᠢᠯᠡᠯᠲᠡ ᠪᠠ ᠳᠦᠷᠢᠮ ᠤᠨ ᠪᠠᠶᠢᠭᠤᠯᠤᠯᠲᠠ ᠶᠢ | ᠴᠢᠩᠭᠠᠳᠬᠠᠨ᠂ ᠢᠯᠵᠠᠷᠠᠯ ᠤᠨ ᠡᠭᠦᠰᠦᠨ ᠳᠡᠯᠭᠡᠷᠡᠬᠦ ᠶᠢ ᠰᠡᠷᠭᠡᠶᠢᠯᠡᠨ ᠵᠠᠰᠠᠬᠤ ᠪᠠᠶᠢᠭᠤᠯᠤᠮᠵᠢ ᠲᠣᠭᠲᠠᠴᠠ ᠶᠢ | ᠪᠦᠷᠢᠨᠰᠢᠭᠦᠯᠬᠦ ᠬᠡᠷᠡᠭᠲᠡᠢ᠃ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠪᠠᠬᠢᠵᠢᠭᠦᠯᠦᠨ ᠳᠡᠭᠡᠭᠰᠢᠯᠡᠭᠦᠯᠵᠦ᠂ | ᠦᠨᠳᠦᠰᠦᠨ ᠠᠴᠠ ᠨᠢ ᠴᠡᠭᠴᠡᠯᠡᠨ ᠵᠠᠰᠠᠬᠤ᠂ ᠦᠨᠳᠦᠰᠦ ᠶᠢ ᠪᠠᠬᠢᠵᠢᠭᠦᠯᠦᠨ ᠰᠠᠭᠤᠷᠢ ᠶᠢ ᠪᠠᠲᠤᠳᠬᠠᠬᠤ ᠶᠢ ᠨᠡᠩ | ᠴᠢᠬᠤᠯᠠᠴᠢᠯᠠᠵᠤ᠂ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ | ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ᠂ ᠪᠦᠯᠬᠦᠮᠳᠡᠨ ᠲᠡᠮᠡᠴᠡᠬᠦ ᠴᠠᠭ ᠦᠶ᠎ᠡ ᠶᠢᠨ ᠰᠢᠨ᠎ᠡ ᠰᠤᠷᠲᠠᠯ ᠢ | ᠪᠤᠶᠢᠵᠢᠭᠤᠯᠬᠤ ᠬᠡᠷᠡᠭᠲᠡᠢ᠃ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ | ᠪᠤᠳᠤᠬᠤ ᠦᠭᠡᠢ ᠪᠠᠶᠢᠬᠤ ᠶᠢ ᠪᠦᠲᠦᠮᠵᠢᠲᠡᠢ ᠨᠠᠪᠲᠠᠷᠡᠭᠦᠯᠵᠦ᠂ ᠡᠨᠡ ᠭᠤᠷᠪᠠᠨ ᠲᠠᠯ᠎ᠠ ᠪᠠᠷ ᠵᠡᠷᠭᠡ ᠪᠠᠷ ᠬᠦᠴᠦᠯᠡᠵᠦ᠂ | ᠢᠵᠢᠯ ᠴᠢᠭᠯᠡᠯ ᠢᠶᠠᠷ ᠬᠦᠴᠦᠯᠡᠵᠦ᠂ ᠶᠡᠷᠦᠩᠬᠡᠶᠢᠯᠡᠨ ᠬᠦᠴᠦᠯᠡᠵᠦ᠂ ᠢᠯᠵᠠᠷᠠᠬᠤ ᠠᠴᠠ ᠵᠢᠷᠦᠬᠡᠰᠢᠶᠡᠬᠦ ᠰᠦᠷᠳᠡᠭᠦᠯᠬᠦ | ᠬᠦᠴᠦᠨ᠂ ᠢᠯᠵᠠᠷᠠᠵᠤ ᠪᠣᠯᠬᠤ ᠦᠭᠡᠢ ᠪᠠᠶᠢᠬᠤ ᠬᠦᠯᠢᠶᠡᠰᠦᠯᠡᠬᠦ ᠬᠦᠴᠦᠨ᠂ ᠢᠯᠵᠠᠷᠠᠬᠤ ᠶᠢ ᠪᠤᠳᠤᠬᠤ ᠦᠭᠡᠢ | ᠪᠠᠶᠢᠬᠤ ᠤᠷᠢᠶᠠᠯᠠᠬᠤ ᠬᠦᠴᠦᠨ ᠢ ᠤᠶᠠᠯᠳᠤᠭᠤᠯᠬᠤ ᠬᠡᠷᠡᠭᠲᠡᠢ᠃ ᠬᠡᠭᠡᠯᠢ ᠲᠦᠯᠬᠢᠬᠦ ᠶᠢ ᠵᠠᠯᠬᠠᠭᠠᠨ ᠰᠢᠢᠳᠬᠡᠬᠦ ᠬᠠᠤᠯᠢ | ᠲᠣᠭᠲᠠᠭᠠᠯ ᠢ ᠴᠢᠨᠠᠭᠰᠢᠳᠠ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠡᠭᠡᠯᠢ ᠲᠦᠯᠬᠢᠭᠴᠢ ᠶᠢ ᠬᠤᠯᠪᠤᠭᠠᠯᠠᠨ ᠵᠠᠯᠬᠠᠭᠠᠨ | ᠴᠡᠭᠡᠷᠯᠡᠭᠦᠯᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠲᠡᠳᠡᠭᠡᠷ ︽ᠠᠷᠤ ᠲᠦᠰᠢᠭ︾ ᠲᠠᠢ ︽ᠤᠯᠤᠰ | ᠲᠦᠷᠦ ᠶᠢᠨ ᠮᠡᠬᠡᠯᠡᠭᠴᠢ︾ ᠳᠤ ᠴᠢᠩᠭ᠎ᠠ ᠴᠣᠬᠢᠯᠲᠠ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠨᠠᠮ ᠠᠴᠠ ᠨᠢᠭᠡᠳᠦᠯᠲᠡᠢ ᠤᠳᠤᠷᠢᠳᠤᠭᠰᠠᠨ᠂ ᠪᠥᠬᠦ ᠲᠠᠯ᠎ᠠ ᠶᠢ ᠬᠠᠮᠤᠷᠤᠭᠰᠠᠨ᠂ ᠡᠷᠬᠡ | ᠰᠦᠷ ᠲᠠᠢ ᠥᠨᠳᠥᠷ ᠪᠦᠲᠦᠮᠵᠢᠲᠡᠶ ᠬᠢᠨᠠᠯᠲᠠ ᠲᠠᠯᠪᠢᠬᠤ ᠰᠢᠰᠲ᠋ᠧᠮ ᠢ ᠪᠦᠷᠢᠨᠰᠢᠭᠦᠯᠬᠦ ᠪᠣᠯ ᠤᠯᠤᠰ ᠤᠨ | ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠪᠡᠶᠡᠯᠡᠭᠦᠯᠬᠦ ᠴᠢᠬᠤᠯᠠ ᠪᠡᠯᠭᠡ | ᠲᠡᠮᠳᠡᠭ ᠮᠥᠨ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠭᠤᠣᠯᠯᠠᠨ ᠤᠳᠤᠷᠢᠳᠬᠤ | ᠦᠢᠯᠡᠳᠦᠯ ᠢᠶᠠᠨ ᠪᠠᠳᠠᠷᠠᠭᠤᠯᠵᠤ᠂ ᠡᠯ᠎ᠡ ᠲᠦᠷᠦᠯ ᠤᠨ ᠬᠢᠨᠠᠯᠲᠠ ᠲᠠᠯᠪᠢᠬᠤ ᠬᠦᠴᠦᠨ ᠢ ᠨᠡᠶᠢᠳᠬᠡᠬᠦ᠂ ᠲᠡᠰ | ᠳᠠᠷᠠᠭᠠᠯᠠᠯ ᠢ ᠵᠣᠬᠢᠴᠠᠭᠤᠯᠬᠤ᠂ ᠠᠵᠢᠯ ᠢ ᠠᠭᠤᠰᠤᠯᠴᠠᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ | ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠲᠤᠰᠬᠠᠢ ᠬᠠᠷᠢᠭᠤᠴᠠᠯᠭ᠎ᠠ ᠶᠢᠨ ᠬᠢᠨᠠᠯᠲᠠ ᠲᠠᠯᠪᠢᠬᠤ ᠶᠢ ᠪᠣᠳᠠᠲᠠᠢ ᠬᠢᠵᠦ᠂ | ᠬᠢᠨᠠᠯᠲᠠ ᠲᠠᠯᠪᠢᠬᠤ ᠲᠠᠪᠴᠠᠩ ᠢ ᠪᠠᠶᠢᠭᠤᠯᠵᠤ᠂ ᠬᠢᠨᠠᠯᠲᠠ ᠲᠠᠯᠪᠢᠬᠤ ᠲᠣᠣᠷ ᠢ ᠨᠢᠭᠲᠠ ᠰᠦᠯᠵᠢᠵᠦ᠂ ᠨᠠᠮ ᠤᠨ | ᠬᠤᠷᠢᠶ᠎ᠠ ᠶᠢ ᠬᠠᠮᠵᠢᠨ ᠬᠢᠨᠠᠯᠲᠠ ᠲᠠᠯᠪᠢᠬᠤ ᠰᠢᠰᠲ᠋ᠧᠮ ᠤᠨ ᠥᠨᠳᠥᠷ ᠪᠦᠲᠦᠮᠵᠢᠲᠡᠢ ᠡᠷᠭᠢᠯᠲᠡ ᠶᠢ ᠠᠬᠢᠭᠤᠯᠬᠤ | ᠬᠡᠷᠡᠭᠲᠡᠢ᠃ ᠲᠣᠭᠤᠷᠢᠨ ᠪᠠᠶᠢᠴᠠᠭᠠᠬᠤ ᠬᠤᠷᠴᠠ ᠰᠡᠯᠡᠮ᠎ᠡ ᠶᠢ ᠨᠡᠩ ᠢᠷ ᠲᠠᠢ ᠪᠣᠯᠭᠠᠵᠤ᠂ ᠵᠣᠷᠢᠭᠲᠠᠢ ᠪᠠᠷ | ᠠᠰᠠᠭᠤᠳᠠᠯ ᠳᠤ ᠰᠢᠭᠤᠳ ᠬᠠᠨᠳᠤᠭᠤᠯᠵᠤ᠂ ᠬᠤᠷᠴᠠ ᠰᠡᠯᠡᠮ᠎ᠡ ᠶᠢ ᠢᠮᠠᠭᠲᠠ ᠥᠨᠳᠥᠷ ᠲᠤ ᠡᠯᠭᠦᠨ᠂ | ᠵᠢᠷᠦᠬᠡᠰᠢᠶᠡᠭᠦᠯᠦᠨ ᠰᠦᠷᠳᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠣᠯ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠶᠢ ᠠᠬᠢᠭᠤᠯᠬᠤ ᠴᠢᠬᠤᠯᠠ ᠬᠦᠴᠦᠨ ᠮᠥᠨ᠂ ᠡᠭᠦᠷᠭᠡ ᠥᠩᠭᠡ ᠭᠡᠷᠡᠯᠲᠡᠢ᠂ ᠬᠠᠷᠢᠭᠤᠴᠠᠯᠭ᠎ᠠ | ᠬᠦᠨᠳᠦ ᠶᠡᠭᠡ ᠶᠤᠮ᠂ ᠡᠷᠬᠡᠪᠰᠢ ᠨᠠᠮ ᠳᠠᠭᠠᠨ ᠦᠨᠡᠨᠴᠢ ᠰᠢᠳᠤᠷᠭᠤ ᠪᠠᠶᠢᠵᠤ᠂ ᠬᠦᠨᠳᠦ ᠡᠭᠦᠷᠭᠡ ᠶᠢ ᠵᠣᠷᠢᠭᠲᠠᠢ | ᠡᠭᠦᠷᠭᠡᠯᠡᠵᠦ᠂ ᠬᠠᠲᠠᠭᠤ ᠳᠠᠶᠢᠯᠠᠯᠳᠤᠭᠠᠨ ᠬᠢᠵᠦ᠂ ᠴᠢᠳᠠᠮᠠᠭᠠᠢ ᠪᠠᠷ ᠲᠡᠮᠡᠴᠡᠵᠦ᠂ ᠪᠣᠭᠤᠮᠲᠠ ᠰᠢᠪᠲᠤᠯᠬᠤ | ᠳᠠᠶᠢᠯᠠᠯᠳᠤᠭᠠᠨ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠤ ᠳᠤᠮᠳᠠ ᠢᠮᠠᠭᠲᠠ ᠡᠮᠦᠨ᠎ᠡ ᠨᠢ ᠭᠠᠪᠰᠢᠭᠠᠶᠢᠯᠠᠬᠤ | ᠬᠡᠷᠡᠭᠲᠡᠢ᠃ ᠨᠠᠮᠴᠢ ᠴᠢᠨᠠᠷ ᠢᠶᠠᠷ ᠬᠥᠮᠥᠨ ᠪᠣᠯᠵᠤ ᠠᠵᠢᠯ ᠬᠢᠬᠦ ᠶᠢ ᠪᠠᠷᠢᠮᠲᠠᠯᠠᠵᠤ᠂ ᠠᠭᠤᠤ ᠶᠡᠭᠡ ᠨᠠᠮ | ᠪᠠᠶᠢᠭᠤᠯᠤᠭᠰᠠᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠵᠣᠷᠢᠭᠲᠠᠢ ᠪᠠᠷ ᠥᠪᠡᠷ ᠪᠡᠶ᠎ᠡ ᠶᠢᠨ ᠬᠤᠪᠢᠰᠬᠠᠯ ᠬᠢᠵᠦ᠂ | ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠡᠮᠦᠨ᠎ᠡ | ᠹᠷᠣᠨᠲ ᠲᠤ ᠵᠠᠩ ᠰᠤᠷᠲᠠᠯ ᠢᠶᠠᠨ ᠳᠠᠪᠲᠠᠨ ᠪᠣᠯᠪᠠᠰᠤᠷᠠᠭᠤᠯᠵᠤ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ | ᠦᠢᠯᠡᠴᠢᠯᠡᠬᠦ ᠳᠤᠮᠳᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠡᠯ᠎ᠡ ᠵᠦᠢᠯ ᠤᠨ ᠠᠶᠤᠯ | ᠲᠦᠭᠰᠢᠭᠦᠷᠢ ᠥᠷᠢᠰᠦᠯᠳᠦᠭᠡᠨ ᠤ ᠳᠤᠮᠳᠠ ᠪᠠᠲᠤ ᠴᠢᠩᠭ᠎ᠠ ᠬᠠᠯᠬᠠᠪᠴᠢ ᠶᠢ ᠴᠣᠭᠴᠠᠯᠠᠬᠤ ᠬᠡᠷᠡᠭᠲᠡᠢ᠃ | ᠬᠠᠤᠯᠢᠵᠢᠯ ᠤᠨ ᠤᠬᠠᠮᠰᠠᠷ᠂ ᠳᠡᠰ ᠳᠠᠷᠠᠭᠠᠯᠠᠯ ᠤᠨ ᠤᠬᠠᠮᠰᠠᠷ᠂ ᠭᠡᠷᠡᠴᠢ ᠪᠠᠷᠢᠮᠲᠠ ᠶᠢᠨ ᠤᠬᠠᠮᠰᠠᠷ ᠢᠶᠠᠨ | ᠴᠢᠩᠭᠠᠳᠬᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠵᠢᠷᠤᠮᠵᠢᠭᠰᠠᠨ᠂ ᠬᠠᠤᠯᠢᠵᠢᠭᠰᠠᠨ᠂ | ᠵᠢᠩᠬᠢᠨᠢᠴᠢᠯᠡᠭᠰᠡᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠳᠣᠲᠣᠭᠠᠳᠤ ᠡᠵᠡᠮᠳᠡᠯ ᠤᠨ | ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠲᠠᠯ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠢ ᠴᠢᠩᠭ᠎ᠠ ᠬᠠᠮᠢᠶᠠᠷᠴᠤ᠂ ᠰᠢᠰᠲ᠋ᠧᠮ ᠤᠨ ᠳᠣᠲᠣᠷᠠᠬᠢ ᠢᠯᠵᠠᠷᠠᠮᠠᠯ | ᠡᠲᠡᠭᠡᠳ ᠢ ᠴᠢᠩᠭ᠎ᠠ ᠵᠠᠯᠬᠠᠭᠠᠨ ᠰᠢᠢᠳᠭᠡᠵᠦ᠂ ︽ᠳᠡᠷᠭᠡᠳᠡᠬᠢ ᠠᠰᠠᠭᠤᠳᠠᠯ ᠢᠶᠠᠨ ᠣᠯᠵᠤ ᠬᠠᠷᠠᠬᠤ ᠦᠭᠡᠢ︾ | ᠪᠠᠶᠢᠳᠠᠯ ᠢ ᠡᠷᠡᠰ ᠰᠡᠷᠭᠡᠶᠢᠯᠡᠨ ᠵᠠᠰᠠᠬᠤ ᠬᠡᠷᠡᠭᠲᠡᠢ᠃ ᠤᠳᠠᠯ ᠦᠭᠡᠢ ᠪᠦᠬᠦ ᠨᠠᠮ ᠤᠨ ᠬᠡᠪᠴᠢᠶᠡᠨ ᠳᠤ ᠥᠷᠨᠢᠭᠦᠯᠬᠦ | ᠭᠤᠣᠯ ᠰᠡᠳᠦᠪᠲᠦ ᠬᠥᠮᠦᠵᠢᠯ ᠲᠠᠢ ᠤᠶᠠᠯᠳᠤᠭᠤᠯᠵᠤ᠂ ᠦᠵᠡᠯ ᠰᠠᠨᠠᠭ᠎ᠠ ᠪᠠᠨ ᠴᠡᠪᠡᠷᠰᠢᠭᠦᠯᠬᠦ᠂ ᠵᠣᠬᠢᠶᠠᠨ | ᠪᠠᠶᠢᠭᠤᠯᠤᠯᠲᠠ ᠪᠠᠨ ᠴᠡᠪᠡᠷᠰᠢᠭᠦᠯᠬᠦ ᠶᠢ ᠲᠣᠪᠤᠶᠢᠮ᠎ᠠ ᠠᠰᠠᠭᠤᠳᠠᠯ ᠪᠣᠯᠭᠠᠨ ᠠᠳᠬᠤᠵᠤ᠂ ᠤᠯᠤᠰ ᠲᠦᠷᠦ ᠶᠢᠨ | ᠬᠥᠮᠦᠵᠢᠯ᠂ ᠨᠠᠮᠴᠢ ᠴᠢᠨᠠᠷ ᠤᠨ ᠬᠥᠮᠦᠵᠢᠯ ᠢ ᠦᠨᠡᠨ ᠬᠦ ᠴᠢᠩᠭᠠᠳᠬᠠᠵᠤ᠂ ᠬᠠᠤᠯᠢ ᠰᠠᠬᠢᠯᠭ᠎ᠠ ᠶᠢ ᠴᠢᠩᠳᠠᠯᠠᠵᠤ᠂ | ᠤᠯᠠᠨ ᠢ ᠲᠦᠢᠪᠡᠭᠡᠭᠴᠢ ᠶᠢ ᠡᠷᠡᠰ ᠴᠡᠪᠡᠷᠯᠡᠵᠦ᠂ ᠲᠡᠮᠦᠷ ᠮᠡᠲᠦ ᠰᠠᠬᠢᠯᠭ᠎ᠠ ᠪᠠᠲᠤ ᠪᠠᠷ ᠦᠨᠡᠨᠴᠢ ᠰᠢᠳᠤᠷᠭᠤ | ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠪᠣᠯᠣᠳ ᠴᠡᠷᠢᠭ ᠢ ᠪᠠᠶᠢᠭᠤᠯᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠯᠢ ᠰᠢ ᠬᠤᠷᠠᠯ ᠢ ᠡᠷᠬᠢᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠲᠣᠮᠣ ᠨᠠᠮ ᠳᠤ | ᠣᠨᠴᠠ ᠪᠠᠶᠢᠳᠠᠭ ᠬᠦᠴᠢᠷ ᠠᠰᠠᠭᠤᠳᠠᠯ ᠤᠨ ᠪᠦᠷᠢᠯᠳᠦᠭᠰᠡᠨ ᠰᠢᠯᠲᠠᠭᠠᠨ᠂ ᠭᠤᠣᠯ ᠢᠯᠡᠷᠡᠯ ᠪᠣᠯᠣᠨ ᠰᠢᠢᠳᠪᠦᠷᠢᠯᠡᠬᠦ | ᠵᠠᠮ ᠢ ᠭᠦᠨᠵᠡᠭᠡᠢ ᠵᠠᠳᠠᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠬᠦ ᠬᠠᠷᠠᠯᠲᠠ | ᠡᠭᠦᠷᠭᠡ᠂ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠶᠢ ᠭᠤᠶᠢᠪᠢᠰᠢ ᠦᠭᠡᠢ ᠭᠦᠨᠵᠡᠭᠡᠢ ᠠᠬᠢᠭᠤᠯᠬᠤ ᠲᠤᠬᠠᠢ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠬᠢᠵᠡᠢ᠃ ᠶᠠᠷᠢᠶ᠎ᠠ ᠨᠢ ᠥᠨᠳᠥᠷ ᠲᠤ ᠵᠣᠭᠰᠣᠨ ᠠᠯᠤᠰ ᠢ ᠪᠠᠷᠠᠯᠠᠵᠦ᠂ ᠦᠵᠡᠯ ᠰᠠᠨᠠᠭ᠎ᠠ ᠨᠢ ᠭᠦᠨ | ᠭᠦᠨᠵᠡᠭᠡᠢ᠂ ᠠᠭᠤᠯᠠᠬᠤᠨ ᠨᠢ ᠪᠠᠶᠠᠯᠢᠭ᠂ ᠥᠭᠦᠯᠡᠯᠲᠡ ᠨᠢ ᠨᠠᠷᠢᠨ ᠲᠣᠳᠣᠷᠬᠠᠢ᠂ ᠮᠠᠰᠢ ᠴᠢᠩᠭ᠎ᠠ ᠤᠯᠤᠰ ᠲᠥᠷᠥᠴᠢ | ᠴᠢᠨᠠᠷ᠂ ᠵᠢᠯᠤᠭᠤᠳᠬᠤ ᠴᠢᠨᠠᠷ᠂ ᠬᠠᠨᠳᠤᠯᠭᠠᠲᠤ ᠴᠢᠨᠠᠷ ᠲᠠᠢ ᠪᠠᠶᠢᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ | ᠭᠦᠨᠵᠡᠭᠡᠢ ᠠᠬᠢᠭᠤᠯᠬᠤ ᠦᠨᠳᠦᠰᠦᠨ ᠵᠢᠷᠤᠮᠯᠠᠯ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠦᠨᠳᠦᠰᠦᠨ ᠵᠢᠯᠣᠭᠤᠳᠤᠯᠭ᠎ᠠ | ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ | ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠨᠠᠭᠰᠢᠳᠠ ᠴᠢᠩᠭᠠᠳᠬᠠᠵᠤ᠂ ︽ | ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢᠨ᠎ᠡ ᠴᠠᠭ ᠦᠶ᠎ᠡ | ᠰᠢᠨ᠎ᠡ ᠠᠶᠠᠨ ᠳᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠴᠠᠭ ᠢᠮᠠᠭᠲᠠ ᠵᠣᠭᠰᠣᠯ ᠦᠭᠡᠢ ᠠᠬᠢᠭᠤᠯᠵᠤ᠂ | ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠭᠦᠨᠵᠡᠭᠡᠢ | ᠠᠬᠢᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ | ᠰᠠᠶᠢᠲᠤᠷ ᠡᠬᠢᠯᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠱᠦᠵᠢ ᠨᠠᠷ ᠤᠨ | ᠭᠠᠵᠠᠷ ᠤᠨ ᠱᠦᠵᠢ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠡᠰᠢᠭᠦᠨ ᠨᠠᠮ ᠪᠣᠯᠣᠨ ᠲᠦᠷᠦ ᠶᠢᠨ | ᠪᠤᠰᠤᠳ ᠤᠳᠤᠷᠢᠳᠬᠤ ᠨᠥᠬᠦᠳ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠭᠡᠰᠢᠭᠦᠳ ᠬᠤᠷᠠᠯ ᠳᠤ | ᠣᠷᠣᠯᠴᠠᠪᠠ᠃ | ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ᠂ ᠲᠥᠪ ᠪᠠ ᠲᠦᠷᠦ ᠶᠢᠨ ᠪᠠᠶᠢᠭᠤᠯᠭ᠎ᠠ ᠶᠢᠨ | ᠡᠯ᠎ᠡ ᠰᠠᠯᠠᠭ᠎ᠠ ᠮᠥᠴᠢᠷ᠂ ᠡᠯ᠎ᠡ ᠠᠷᠠᠳ ᠤᠨ ᠪᠦᠯᠬᠦᠮ ᠤᠨ ᠭᠤᠣᠯ ᠬᠠᠷᠢᠭᠤᠴᠠᠯᠭᠠᠲᠠᠨ ᠨᠥᠬᠦᠳ᠂ ᠴᠡᠷᠢᠭ | ᠠᠩᠭᠢ ᠶᠢᠨ ᠬᠤᠯᠪᠣᠭᠳᠠᠯ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ | ᠬᠤᠷᠠᠯ ᠨᠢ ᠲᠧᠯᠸᠢᠰ ᠤᠲᠠᠰᠤ ᠬᠤᠷᠠᠯ ᠤᠨ ᠬᠡᠯᠪᠡᠷᠢ ᠪᠠᠷ ᠶᠠᠪᠤᠭᠳᠠᠵᠤ᠂ ᠡᠯ᠎ᠡ ᠮᠤᠵᠢ᠂ ᠥᠪᠡᠷᠲᠡᠭᠡᠨ ᠵᠠᠰᠠᠬᠤ | ᠣᠷᠣᠨ᠂ ᠰᠢᠭᠤᠳ ᠬᠠᠷᠢᠶ᠎ᠠ ᠬᠤᠲᠠ ᠪᠣᠯᠣᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ | ᠪᠢᠩᠲ᠋ᠤᠸᠠᠨ ᠵᠢᠴᠢ ᠴᠡᠷᠢᠭ ᠠᠩᠭᠢ ᠶᠢᠨ ᠬᠤᠯᠪᠣᠭᠳᠠᠯ ᠪᠦᠬᠦᠢ ᠨᠢᠭᠡᠴᠢ ᠳᠤ ᠬᠤᠪᠢᠶᠠᠷᠢ ᠬᠤᠷᠠᠯ ᠤᠨ ᠲᠠᠯᠠᠪᠠᠢ | ᠲᠣᠬᠢᠷᠠᠭᠤᠯᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠬᠤᠶᠠᠳᠤᠭᠠᠷ ᠪᠦᠭᠦᠳᠡ ᠬᠤᠷᠠᠯ 1 ᠰᠠᠷ᠎ᠠ ᠶᠢᠨ 9 ᠤ ᠡᠳᠦᠷ ᠪᠡᠭᠡᠵᠢᠩ ᠳᠤ ᠡᠬᠢᠯᠡᠪᠡ᠃ | ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠢ ᠡᠷᠬᠢᠯᠡᠪᠡ᠃ 9 ᠤ | ᠦᠳᠡ ᠶᠢᠨ ᠬᠤᠶᠢᠨ᠎ᠠ ᠯᠢ ᠰᠢ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ | ᠲᠥᠯᠥᠭᠡᠯᠡᠨ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠰᠢᠨ᠎ᠡ ᠠᠶᠠᠨ ᠳᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠤᠶᠢᠪᠢᠰᠢ ᠦᠭᠡᠢ | ᠠᠬᠢᠭᠤᠯᠤᠶ᠎ᠠ︾ ᠭᠡᠬᠦ ᠰᠡᠳᠦᠪ ᠢᠶᠠᠷ ᠠᠵᠢᠯ ᠤᠨ ᠮᠡᠳᠡᠭᠦᠯᠦᠯᠲᠡ ᠬᠢᠪᠡ᠃ | |