1 ᠰᠠᠷ᠎ᠠ ᠶᠢᠨ 4 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ | ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ | ᠹᠢᠯᠢᠫᠢᠨ ᠤ ᠶᠡᠷᠦᠩᠬᠡᠶᠢᠯᠡᠭᠴᠢ ᠮᠠᠺᠧᠰ ᠲᠠᠢ ᠬᠡᠯᠡᠯᠴᠡᠭᠡ ᠬᠢᠪᠡ᠃ | | | | 1 ᠰᠠᠷ᠎ᠠ ᠶᠢᠨ 4 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ | ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠹᠢᠯᠢᠫᠢᠨ ᠤ | ᠶᠡᠷᠦᠩᠬᠡᠶᠢᠯᠡᠭᠴᠢ ᠮᠠᠺᠧᠰ ᠲᠠᠢ ᠬᠡᠯᠡᠯᠴᠡᠭᠡ ᠬᠢᠪᠡ᠃ ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ | ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠮᠠᠺᠧᠰ ᠢ ᠤᠭᠲᠤᠬᠤ ᠶᠣᠰᠣᠯᠠᠯ ᠶᠠᠪᠤᠭᠤᠯᠪᠠ᠃ | ᠵᠢᠷᠤᠭ ᠪᠣᠯ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠮᠠᠺᠧᠰ ᠪᠣᠯᠣᠨ ᠲᠡᠭᠦᠨ ᠤ ᠬᠠᠳᠤᠨ ᠯᠢᠱᠠ ᠲᠠᠢ | ᠬᠠᠮᠲᠤ ᠶᠢᠨ ᠰᠡᠭᠦᠳᠡᠷ ᠲᠠᠲᠠᠭᠤᠯᠵᠤ ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠶᠤᠸᠠᠢ ᠶᠤᠸᠠᠢ ᠸᠧᠢ ᠰᠡᠭᠦᠳᠡᠷᠯᠡᠪᠡ | ᠰᠢ ᠶᠢᠨ ᠫᠢᠩ ᠮᠠᠺᠧᠰ ᠤᠨ ᠹᠢᠯᠢᠫᠢᠨ ᠤ ᠶᠡᠷᠦᠩᠬᠡᠶᠢᠯᠡᠭᠴᠢ ᠶᠢᠨ ᠲᠤᠰᠢᠶᠠᠯ ᠳᠤ ᠭᠠᠷᠤᠭᠰᠠᠨ ᠤ ᠳᠠᠷᠠᠭ᠎ᠠ ᠠᠩᠬ᠎ᠠ | ᠤᠳᠠᠭ᠎ᠠ ᠳᠤᠮᠳᠠᠳᠤ ᠤᠯᠤᠰ ᠲᠤ ᠠᠶᠢᠯᠴᠢᠯᠠᠬᠰᠠᠨ ᠢ ᠪᠠᠶᠠᠷᠯᠠᠨ ᠤᠭᠲᠤᠪᠠ᠃ ᠰᠢ ᠶᠢᠨ ᠫᠢᠩ᠂ ᠡᠨᠡ ᠪᠣᠯ ᠲᠠᠨ ᠤ | ᠠᠩᠬ᠎ᠠ ᠤᠳᠠᠭ᠎ᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠠᠴᠠ ᠭᠠᠳᠠᠨᠠᠬᠢ ᠤᠯᠤᠰ ᠲᠤ | ᠠᠶᠢᠯᠴᠢᠯᠠᠵᠤ ᠪᠠᠶᠢᠭ᠎ᠠ ᠶᠠᠪᠤᠳᠠᠯ ᠪᠣᠯᠣᠨ᠎ᠠ᠂ ᠲᠠ ᠮᠥᠨ ᠴᠤ ᠡᠨᠡ ᠵᠢᠯ ᠤᠨ ᠳᠤᠮᠳᠠᠳᠤ ᠤᠯᠤᠰ ᠤᠨ ᠭᠥᠯᠢᠶᠡᠨ | ᠠᠪᠴᠤ ᠵᠣᠴᠢᠯᠠᠭᠰᠠᠨ ᠠᠩᠬᠠᠳᠠᠭᠴᠢ ᠭᠠᠳᠠᠭᠠᠳᠤ ᠤᠯᠤᠰ ᠤᠨ ᠤᠳᠤᠷᠢᠳᠬᠤ ᠬᠥᠮᠥᠨ ᠪᠣᠯᠣᠨ᠎ᠠ᠃ ᠡᠨᠡ ᠨᠢ | ᠳᠤᠮᠳᠠᠳᠤ ᠹᠢᠯᠢᠫᠢᠨ ᠤ ᠬᠠᠷᠢᠯᠴᠠᠭ᠎ᠠ ᠶᠢᠨ ᠨᠢᠭᠲᠠ ᠪᠠᠶᠢᠬᠤ ᠬᠡᠮᠵᠢᠶ᠎ᠡ ᠶᠢ ᠭᠦᠢᠴᠡᠳ ᠢᠯᠡᠷᠡᠭᠦᠯᠦᠭᠰᠡᠨ ᠪᠥᠭᠡᠳ | ᠬᠤᠶᠠᠷ ᠲᠠᠯ᠎ᠠ ᠪᠠᠷ ᠢᠶᠠᠨ ᠭᠠᠳᠠᠭᠠᠳᠤ ᠬᠠᠷᠢᠯᠴᠠᠭᠠᠨ ᠤ ᠪᠠᠶᠢᠷᠢᠰᠢᠯ ᠳᠤ ᠴᠢᠬᠤᠯᠠ ᠪᠠᠶᠢᠷᠢ ᠶᠢ ᠡᠵᠡᠯᠡᠵᠦ ᠪᠠᠶᠢᠬᠤ ᠶᠢ | ᠬᠠᠷᠠᠭᠤᠯᠵᠤ ᠪᠠᠶᠢᠨ᠎ᠠ᠃ ᠳᠤᠮᠳᠠᠳᠤ ᠹᠢᠯᠢᠫᠢᠨ ᠪᠣᠯ ᠬᠥᠷᠰᠢ ᠵᠡᠷᠭᠡᠯᠡᠳᠡᠭᠡ ᠤᠯᠤᠰ ᠶᠤᠮ᠃ ᠬᠤᠶᠠᠷ ᠤᠯᠤᠰ ᠤᠨ | ᠮᠢᠩᠭ᠎ᠠ ᠭᠠᠷᠤᠢ ᠵᠢᠯ ᠤᠨ ᠬᠠᠷᠢᠯᠴᠠᠭᠠᠨ ᠤ ᠲᠡᠦᠬᠡᠨ ᠳᠡᠭᠡᠷ᠎ᠡ᠂ ᠦᠨᠡᠨᠴᠢ ᠪᠠᠷ ᠬᠠᠨᠳᠤᠵᠤ᠂ ᠰᠠᠬᠢᠨ ᠪᠠᠷᠠᠯᠠᠵᠤ | ᠬᠠᠷᠢᠯᠴᠠᠨ ᠬᠠᠪᠰᠤᠷᠤᠯᠴᠠᠬᠤ ᠪᠣᠯ ᠢᠮᠠᠭᠲᠠ ᠳᠤᠮᠳᠠᠳᠤ ᠹᠢᠯᠢᠫᠢᠨ ᠤ ᠬᠠᠷᠢᠯᠴᠠᠭ᠎ᠠ ᠶᠢᠨ ᠭᠤᠣᠯ ᠤᠷᠤᠰᠬᠠᠯ ᠪᠤᠯᠬᠤ | ᠪᠥᠭᠡᠳ ᠬᠤᠶᠠᠷ ᠤᠯᠤᠰ ᠤᠨ ᠠᠷᠠᠳ ᠲᠦᠮᠡᠨ ᠤ ᠬᠠᠮᠲᠤ ᠶᠢᠨ ᠡᠷᠬᠢᠮ ᠨᠠᠨᠳᠢᠨ ᠤᠶᠤᠨ ᠰᠠᠨᠠᠭᠠᠨ ᠤ ᠥᠪ | ᠬᠥᠷᠥᠩᠭᠡ ᠪᠣᠯᠣᠨ᠎ᠠ᠃ 48 ᠵᠢᠯ ᠤᠨ ᠡᠮᠦᠨ᠎ᠡ᠂ ᠲᠠᠨ ᠤ ᠡᠴᠢᠭᠡ ᠳᠤᠮᠳᠠᠳᠤ ᠤᠯᠤᠰ ᠤᠨ ᠠᠬᠠᠮᠠᠳ ᠨᠢᠭᠡ | ᠦᠶ᠎ᠡ ᠶᠢᠨ ᠤᠳᠤᠷᠢᠳᠬᠤ ᠬᠥᠮᠥᠰ ᠲᠠᠢ ᠬᠠᠮᠲᠤ ᠪᠠᠷ ᠴᠠᠭ ᠤᠨ ᠪᠠᠶᠢᠳᠠᠯ ᠢ ᠨᠡᠪᠲᠡ ᠠᠵᠢᠭᠯᠠᠵᠤ᠂ ᠶᠡᠭᠡ | ᠬᠠᠨᠳᠤᠰᠢ ᠶᠢ ᠲᠠᠭᠠᠵᠥ᠂ ᠳᠤᠮᠳᠠᠳᠤ ᠹᠢᠯᠢᠫᠢᠨ ᠬᠠᠷᠢᠯᠴᠠᠭ᠎ᠠ ᠪᠠᠶᠢᠭᠤᠯᠬᠤ ᠲᠡᠦᠬᠡᠲᠦ ᠴᠢᠨᠠᠷᠲᠠᠢ ᠲᠣᠭᠲᠠᠭᠠᠯ ᠭᠠᠷᠭᠠᠪᠠ | ᠃ ᠡᠭᠦᠨ ᠠᠴᠠ ᠬᠤᠶᠢᠰᠢᠬᠢ ᠬᠠᠭᠠᠰ ᠵᠠᠭᠤᠨ ᠰᠢᠬᠠᠮ ᠤᠨ ᠬᠤᠭᠤᠴᠠᠭᠠᠨ ᠳᠤ᠂ ᠳᠡᠯᠡᠬᠡᠢ ᠶᠢᠨ ᠪᠠᠶᠢᠳᠠᠯ ᠪᠠ | ᠹᠢᠯᠢᠫᠢᠨ ᠤ ᠤᠯᠤᠰ ᠤᠨ ᠳᠣᠲᠣᠭᠠᠳᠤ ᠶᠢᠨ ᠤᠯᠤᠰ ᠲᠦᠷᠦ ᠶᠢᠨ ᠪᠠᠶᠢᠳᠠᠯ ᠳᠤ ᠶᠠᠮᠠᠷ ᠬᠤᠪᠢᠷᠠᠯᠲᠠ ᠭᠠᠷᠤᠭᠰᠠᠨ ᠴᠤ᠂ | ᠲᠠ ᠪᠣᠯᠣᠨ ᠲᠠᠨ ᠤ ᠭᠡᠷ ᠪᠦᠯᠢ ᠶᠢᠨ ᠬᠢᠨ ᠦᠨᠡᠨ ᠰᠡᠳᠬᠢᠯ ᠠᠴᠠ ᠪᠠᠨ ᠳᠤᠮᠳᠠᠳᠤ ᠹᠢᠯᠢᠫᠢᠨ ᠤ ᠨᠥᠬᠦᠷᠯᠡᠯ ᠢ | ᠠᠬᠢᠭᠤᠯᠬᠤ ᠪᠠᠷ ᠵᠣᠷᠢᠭ ᠰᠢᠭᠤᠳᠴᠠᠢ᠂ ᠡᠨᠡ ᠬᠦ ᠨᠥᠬᠦᠷᠯᠡᠯ ᠪᠣᠯ ᠲᠦᠢᠯ ᠤᠨ ᠡᠷᠬᠢᠮ ᠨᠠᠨᠳᠢᠨ ᠶᠤᠮ᠃ ᠲᠠᠨ ᠤ | ᠡᠨᠡ ᠤᠳᠠᠭ᠎ᠠ ᠶᠢᠨ ᠳᠤᠮᠳᠠᠳᠤ ᠤᠯᠤᠰ ᠲᠠᠬᠢ ᠠᠶᠢᠯᠴᠢᠯᠠᠯᠲᠠ ᠪᠣᠯ ︽ᠥᠩᠭᠡᠷᠡᠭᠰᠡᠨ ᠢᠶᠠᠨ ᠡᠷᠭᠢᠴᠡᠭᠦᠯᠬᠦ ᠠᠶᠠᠯᠠᠯ︾ | ᠪᠤᠯᠬᠤ ᠪᠠᠷ ᠪᠠᠷᠠᠬᠤ ᠦᠭᠡᠢ᠂ ᠨᠡᠩ ᠴᠤ ︽ᠡᠭᠦᠳᠦᠨ ᠨᠡᠭᠡᠭᠡᠯᠲᠡ ᠶᠢᠨ ᠠᠶᠠᠯᠠᠯ︾ ᠪᠤᠯᠬᠤ ᠶᠢ ᠬᠦᠰᠡᠵᠦ ᠪᠠᠶᠢᠨ᠎ᠠ᠃ | ᠳᠤᠮᠳᠠᠳᠤ ᠤᠯᠤᠰ ᠢᠮᠠᠭᠲᠠ ᠹᠢᠯᠢᠫᠢᠨ ᠢ ᠡᠷᠭᠢᠨ ᠲᠣᠭᠤᠷᠢᠨ ᠤ ᠭᠠᠳᠠᠭᠠᠳᠤ ᠬᠠᠷᠢᠯᠴᠠᠭᠠᠨ ᠤ ᠪᠠᠨ ᠤᠷᠢᠳ ᠢᠶᠠᠷ | ᠪᠣᠳᠣᠯᠬᠢᠯᠠᠬᠤ ᠴᠢᠭᠯᠡᠯ ᠳᠤ ᠲᠠᠯᠪᠢᠵᠤ᠂ ᠪᠠᠶᠢᠯᠳᠤᠬᠤ ᠪᠣᠳᠣᠯᠭ᠎ᠠ ᠪᠠ ᠪᠦᠭᠦ ᠲᠠᠯ᠎ᠠ ᠶᠢᠨ ᠥᠨᠳᠥᠷᠴᠡ ᠠᠴᠠ ᠳᠤᠮᠳᠠᠳᠤ | ᠹᠢᠯᠢᠫᠢᠨ ᠤ ᠬᠠᠷᠢᠯᠴᠠᠭ᠎ᠠ ᠳᠤ ᠬᠠᠨᠳᠤᠬᠤ ᠶᠢ ᠪᠠᠷᠢᠮᠲᠠᠯᠠᠨ᠎ᠠ᠃ ᠪᠢ ᠳᠤᠷᠠᠲᠠᠶ᠎ᠠ ᠲᠠᠨ ᠲᠠᠢ ᠪᠠᠶᠢᠩᠭᠤ ᠶᠢᠨ ᠴᠢᠨᠠᠷᠲᠠᠢ | ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠪᠠᠲᠤᠯᠠᠵᠤ᠂ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠲᠠᠷᠠᠭᠠᠴᠢ ᠶᠢᠨ | ᠠᠯᠬᠤᠮ ᠤᠨ ᠬᠥᠭᠵᠢᠯᠲᠡ ᠶᠢ ᠪᠦᠭᠦ ᠲᠠᠯ᠎ᠠ ᠪᠠᠷ ᠲᠥᠯᠥᠪᠵᠢᠭᠦᠯᠵᠦ᠂ ᠬᠠᠷᠢᠯᠴᠠᠨ ᠳᠡᠮᠵᠢᠵᠦ ᠬᠠᠷᠢᠯᠴᠠᠨ | ᠬᠠᠪᠰᠤᠷᠤᠯᠴᠠᠬᠤ ᠰᠠᠶᠢᠨ ᠬᠥᠷᠰᠢ᠂ ᠬᠠᠷᠢᠯᠴᠠᠨ ᠮᠡᠳᠡᠯᠴᠡᠵᠦ ᠬᠠᠷᠢᠯᠴᠠᠨ ᠣᠶᠢᠯᠠᠭᠠᠯᠴᠠᠬᠤ ᠰᠠᠶᠢᠨ ᠲᠦᠷᠦᠯ ᠰᠠᠳᠤᠨ | ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠰᠠᠶᠢᠨ ᠬᠠᠨᠢᠲᠠᠨ ᠪᠣᠯᠵᠤ᠂ ᠬᠤᠶᠠᠷ ᠤᠯᠤᠰ ᠤᠨ ᠠᠷᠠᠳ | ᠲᠦᠮᠡᠨ ᠳᠤ ᠨᠡᠩ ᠤᠯᠠᠨ ᠪᠤᠶᠠᠨ ᠦᠢᠯᠡᠳᠴᠦ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠳᠤ ᠨᠡᠩ ᠤᠯᠠᠨ | ᠢᠳᠡᠪᠬᠢ ᠬᠦᠴᠦᠨ ᠨᠡᠮᠡᠷᠢᠯᠡᠨ᠎ᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠹᠢᠯᠢᠫᠢᠨ ᠤ ᠤᠯᠤᠰ ᠤᠨ ᠪᠠᠶᠢᠳᠠᠯ ᠠᠳᠠᠯᠢ ᠦᠭᠡᠢ᠂ ᠪᠠᠶᠢᠭᠤᠯᠤᠮᠵᠢ ᠠᠳᠠᠯᠢ ᠪᠤᠰᠤ | ᠪᠤᠯᠪᠠᠴᠤ ᠬᠥᠭᠵᠢᠯᠲᠡ ᠶᠢ ᠬᠥᠭᠡᠭᠡᠴᠡᠯᠳᠦᠬᠦ ᠵᠠᠮ ᠳᠡᠭᠡᠷ᠎ᠡ ᠬᠠᠷᠠᠯᠲᠠ ᠠᠳᠠᠯᠢᠪᠲᠤᠷ᠂ ᠠᠷᠭ᠎ᠠ ᠵᠠᠮ ᠬᠠᠷᠢᠯᠴᠠᠨ | ᠨᠡᠪᠲᠡᠷᠡᠯᠴᠡᠵᠦ᠂ ᠬᠠᠮᠲᠤᠷᠠᠯᠴᠠᠭᠠᠨ ᠤ ᠳᠠᠯᠳᠠ ᠬᠦᠴᠦᠨ ᠯᠤᠲᠤ ᠶᠡᠭᠡ ᠪᠠᠶᠢᠨ᠎ᠠ᠃ ᠬᠤᠶᠠᠷ ᠲᠠᠯ᠎ᠠ ᠪᠠᠷ ᠢᠶᠠᠨ ᠬᠤᠶᠠᠷ | ᠤᠯᠤᠰ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠬᠠᠤᠯᠢ ᠲᠣᠭᠲᠠᠭᠠᠬᠤ ᠪᠠᠶᠢᠭᠤᠯᠤᠮᠵᠢ᠂ ᠲᠦᠷᠦ ᠶᠢᠨ | ᠨᠠᠮ ᠤᠨ ᠬᠤᠭᠤᠷᠣᠨᠳᠣᠭᠢ ᠰᠣᠯᠢᠯᠴᠠᠭ᠎ᠠ ᠪᠠ ᠲᠣᠯᠢ ᠪᠤᠯᠭᠠᠬᠤ ᠪᠠᠨ ᠴᠢᠩᠭᠠᠳᠬᠠᠵᠤ᠂ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠶᠢᠨ ᠵᠣᠯᠭᠠᠯᠴᠠᠭ᠎ᠠ ᠪᠠᠨ ᠭᠦᠨᠵᠡᠭᠡᠶᠢᠷᠡᠭᠦᠯᠵᠦ᠂ ᠲᠤᠰ ᠲᠤᠰ ᠤᠨ ᠣᠳᠣᠬᠢᠴᠢᠯᠠᠯᠲᠠ ᠶᠢᠨ ᠠᠬᠢᠴᠠ | ᠳᠤᠮᠳᠠ ᠪᠠᠨ ᠠᠭᠤᠰᠤᠯᠴᠠᠨ ᠬᠠᠷᠢᠯᠴᠠᠨ ᠠᠬᠢᠭᠤᠯᠵᠤ᠂ ᠬᠤᠶᠠᠷ ᠤᠯᠤᠰ ᠤᠨ ᠬᠥᠭᠵᠢᠯ ᠴᠡᠴᠡᠭᠯᠡᠯ ᠳᠤ ᠨᠡᠩ | ᠰᠠᠶᠢᠲᠤᠷ ᠬᠦᠴᠦᠨ ᠨᠡᠮᠡᠷᠢᠯᠡᠪᠡᠯ ᠵᠣᠬᠢᠨ᠎ᠠ᠃ ᠬᠤᠶᠠᠷ ᠲᠠᠯ᠎ᠠ ᠪᠠᠷ ᠢᠶᠠᠨ ᠲᠠᠷᠢᠶᠠᠯᠠᠩ᠂ ᠰᠠᠭᠤᠷᠢ ᠪᠦᠲᠦᠭᠡᠨ | ᠪᠠᠶᠢᠭᠤᠯᠤᠯᠲᠠ᠂ ᠡᠨᠧᠷᠭᠢ᠂ ᠰᠣᠶᠣᠯ ᠢᠷᠭᠡᠨᠰᠢᠯ ᠵᠡᠷᠭᠡ ᠳᠥᠷᠪᠡᠨ ᠶᠡᠭᠡ ᠭᠤᠣᠯᠳᠠᠯᠭ᠎ᠠ ᠲᠠᠢ ᠬᠠᠮᠲᠤᠷᠠᠯᠴᠠᠭᠠᠨ ᠤ | ᠬᠦᠷᠢᠶ᠎ᠡ ᠴᠠᠷᠠᠭ᠎ᠠ ᠶᠢ ᠨᠢᠭᠡᠨᠲᠡ ᠲᠣᠭᠲᠠᠭᠠᠪᠠ᠂ ᠡᠨᠡ ᠪᠣᠯ ᠳᠤᠮᠳᠠᠳᠤ ᠹᠢᠯᠢᠫᠢᠨ ᠤ ᠪᠦᠭᠦ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠬᠠᠮᠲᠤᠷᠠᠯᠴᠠᠭᠠᠨ ᠤ ᠬᠠᠷᠢᠯᠴᠠᠭ᠎ᠠ ᠶᠢ ᠲᠤᠯᠭᠠᠭᠤᠷᠢᠯᠠᠬᠤ ᠨᠢᠷᠤᠭᠤ ᠲᠤᠯᠭᠠᠭᠤᠷᠢ ᠮᠥᠨ᠂ ᠶᠡᠭᠡ | ᠬᠦᠴᠦ ᠣᠷᠣᠭᠤᠯᠤᠨ ᠨᠡᠮᠡᠭᠳᠡᠯ ᠤᠨ ᠴᠡᠭ ᠢ ᠪᠤᠶᠢᠵᠢᠭᠤᠯᠵᠤ᠂ ᠰᠢᠨ᠎ᠡ ᠭᠢᠯᠠᠰ ᠴᠡᠭ ᠢ ᠪᠤᠶ ᠪᠣᠯᠭᠠᠶ᠎ᠠ᠃ ᠳᠤᠮᠳᠠᠳᠤ | ᠤᠯᠤᠰ ᠶᠠᠭ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠵᠤ᠂ ᠬᠥᠳᠡᠭᠡ | ᠠᠵᠤ ᠠᠬᠤᠢ ᠶᠢᠨ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠵᠤ ᠪᠠᠶᠢᠨ᠎ᠠ᠂ ᠳᠤᠷᠠᠲᠠᠶ᠎ᠠ ᠹᠢᠯᠢᠫᠢᠨ ᠤ ᠬᠥᠳᠡᠭᠡ | ᠠᠵᠤ ᠠᠬᠤᠢ ᠬᠥᠳᠡᠭᠡ ᠲᠣᠰᠬᠤᠨ ᠤ ᠬᠥᠭᠵᠢᠯᠲᠡ ᠳᠤ ᠬᠦᠴᠦᠨ ᠨᠡᠮᠡᠷᠢᠯᠡᠵᠦ᠂ ᠲᠠᠷᠢᠶᠠᠯᠠᠩ ᠤᠨ ᠮᠡᠷᠭᠡᠵᠢᠯ ᠤᠨ | ᠲᠥᠪ ᠤᠨ ᠲᠦᠷᠦᠯ ᠲᠡᠮᠳᠡᠭᠲᠦ ᠲᠦᠷᠦᠯ ᠵᠦᠢᠯ ᠢ ᠴᠣᠭᠴᠠᠯᠠᠵᠤ᠂ ᠦᠷ᠎ᠡ ᠪᠤᠶᠢᠵᠢᠭᠤᠯᠬᠤ᠂ ᠦᠢᠯᠡᠳᠪᠦᠷᠢᠯᠡᠬᠦ᠂ | ᠡᠳ᠋ᠰᠢᠭᠦᠯᠦᠨ ᠪᠤᠯᠪᠠᠰᠤᠷᠠᠭᠤᠯᠬᠤ᠂ ᠬᠠᠳᠠᠭᠠᠯᠠᠬᠤ ᠪᠦᠭᠦ ᠠᠵᠤ ᠦᠢᠯᠡᠰ ᠤᠨ ᠬᠡᠯᠬᠢᠶ᠎ᠡ ᠶᠢᠨ ᠬᠠᠮᠲᠤᠷᠠᠯᠴᠠᠭ᠎ᠠ ᠶᠢ | ᠥᠷᠨᠢᠭᠦᠯᠵᠦ᠂ ᠨᠢᠩ ᠡᠪᠡᠰᠦᠨ ᠤ ᠬᠠᠮᠲᠤᠷᠠᠯᠴᠠᠭ᠎ᠠ ᠶᠢ ᠲᠦᠷᠭᠡᠳᠬᠡᠨ ᠠᠬᠢᠭᠤᠯᠤᠶ᠎ᠠ᠃ | ᠰᠠᠭᠤᠷᠢ ᠲᠥᠬᠦᠭᠡᠷᠦᠮᠵᠢ ᠪᠠ ᠬᠤᠯᠪᠣᠯᠳᠤᠨ ᠨᠡᠪᠲᠡᠷᠡᠯᠴᠡᠬᠦ ᠬᠦᠷᠢᠶᠡᠨ ᠤ ᠬᠠᠮᠲᠤᠷᠠᠯᠴᠠᠭ᠎ᠠ ᠶᠢ ᠯᠠᠪᠳᠠᠭᠤᠨ | ᠪᠠᠲᠤᠲᠠᠢ ᠠᠬᠢᠭᠤᠯᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ︽ᠬᠠᠲᠠᠭᠤ︾ ᠰᠠᠭᠤᠷᠢ ᠪᠦᠲᠦᠭᠡᠨ | ᠪᠠᠶᠢᠭᠤᠯᠤᠯᠲᠠ ᠶᠢᠨ ᠬᠠᠮᠲᠤᠷᠠᠯᠴᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠴᠠᠭᠢᠯᠭᠠᠨ ᠬᠤᠯᠪᠤᠭ᠎ᠠ᠂ ᠲᠣᠮᠣ | ᠳ᠋ᠠᠶᠢᠲ᠋ᠠ᠂ ᠡᠯᠧᠺᠳ᠋ᠷᠣᠨ ᠬᠤᠳᠠᠯᠳᠤᠭᠠᠨ ᠤ ᠶᠠᠪᠤᠳᠠᠯ ᠵᠡᠷᠭᠡ ︽ᠵᠥᠭᠡᠯᠡᠨ︾ ᠰᠠᠭᠤᠷᠢ ᠪᠦᠲᠦᠭᠡᠨ ᠪᠠᠶᠢᠭᠤᠯᠤᠯᠲᠠ ᠶᠢᠨ | ᠬᠠᠮᠲᠤᠷᠠᠯᠴᠠᠭ᠎ᠠ ᠶᠢ ᠥᠷᠭᠡᠳᠬᠡᠵᠦ᠂ ᠹᠢᠯᠢᠫᠢᠨ ᠤ ᠠᠵᠤ ᠠᠬᠤᠢ ᠨᠡᠶᠢᠭᠡᠮ ᠤᠨ ᠪᠦᠬᠦᠯᠢ ᠴᠣᠭᠴᠠ ᠶᠢᠨ | ᠬᠥᠭᠵᠢᠯᠲᠡ ᠶᠢ ᠳᠠᠶᠢᠴᠢᠯᠠᠨ᠎ᠠ᠃ ᠳᠤᠮᠳᠠᠳᠤ ᠹᠢᠯᠢᠫᠢᠨ ᠤᠯᠠᠮᠵᠢᠯᠠᠯᠲᠤ ᠴᠢᠯᠠᠭᠤᠨ ᠲᠣᠰᠣ ᠰᠢᠲᠠᠮᠠᠬᠠᠢ ᠬᠡᠢ ᠶᠢᠨ | ᠡᠨᠧᠷᠭᠢ ᠪᠣᠯᠣᠨ ᠴᠡᠪᠡᠷ ᠡᠨᠧᠷᠭᠢ ᠶᠢᠨ ᠲᠠᠯ᠎ᠠ ᠪᠠᠷ ᠬᠠᠮᠲᠤᠷᠠᠯᠴᠠᠭ᠎ᠠ ᠥᠷᠨᠢᠭᠦᠯᠬᠦ ᠨᠢ ᠬᠠᠷᠢᠯᠴᠠᠨ ᠨᠥᠬᠦᠪᠦᠷᠢᠯᠡᠬᠦ | ᠳᠠᠪᠠᠭᠤᠯᠢᠭ ᠲᠠᠢ ᠶᠤᠮ᠃ ᠳᠤᠮᠳᠠᠳᠤ ᠤᠯᠤᠰ ᠳᠤᠷᠠᠲᠠᠶ᠎ᠠ ᠹᠢᠯᠢᠫᠢᠨ ᠤ ᠬᠢᠨ ᠲᠠᠢ ᠦᠷᠭᠦᠯᠵᠢᠯᠡᠨ ᠨᠥᠭᠦᠷᠰᠡᠭ ᠢᠶᠠᠷ | ᠵᠥᠪᠳᠡᠯᠴᠡᠬᠦ ᠭᠡᠯᠪᠡᠷᠢ ᠪᠠᠷ ᠳᠠᠯᠠᠢ ᠳᠡᠭᠡᠷᠡᠬᠢ ᠠᠰᠠᠭᠤᠳᠠᠯ ᠢ ᠵᠣᠬᠢᠰᠲᠠᠢ ᠰᠢᠢᠳᠪᠦᠷᠢᠯᠡᠵᠦ᠂ ᠴᠢᠯᠠᠭᠤᠨ ᠲᠣᠰᠣ | ᠪᠠᠶᠢᠭᠠᠯᠢ ᠶᠢᠨ ᠰᠢᠲᠠᠮᠠᠬᠠᠢ ᠬᠡᠢ ᠶᠢ ᠨᠡᠭᠡᠭᠡᠨ ᠠᠰᠢᠭᠯᠠᠬᠤ ᠬᠡᠯᠡᠯᠴᠡᠭᠡ ᠶᠢ ᠳᠠᠭᠢᠨ ᠡᠬᠢᠯᠡᠭᠦᠯᠵᠦ᠂ ᠮᠠᠷᠭᠤᠭᠠᠨ ᠦᠭᠡᠢ | ᠣᠷᠣᠨ ᠤ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢ ᠨᠡᠭᠡᠭᠡᠨ ᠠᠰᠢᠭᠯᠠᠬᠤ ᠬᠠᠮᠲᠤᠷᠠᠯᠴᠠᠭ᠎ᠠ ᠶᠢ | ᠠᠬᠢᠭᠤᠯᠵᠤ᠂ ᠭᠡᠷᠡᠯᠴᠢ ᠴᠡᠨᠡᠭ᠂ ᠰᠠᠯᠬᠢᠨ ᠡᠨᠧᠷᠭᠢ᠂ ᠰᠢᠨ᠎ᠡ ᠡᠨᠧᠷᠭᠢ ᠶᠢᠨ ᠮᠠᠰᠢᠨ ᠲᠡᠷᠭᠡ ᠵᠡᠷᠭᠡ ᠪᠣᠬᠢᠷᠳᠤᠯ ᠦᠭᠡᠢ | ᠡᠨᠧᠷᠭᠢ ᠶᠢᠨ ᠬᠠᠮᠲᠤᠷᠠᠯᠴᠠᠭ᠎ᠠ ᠶᠢ ᠥᠷᠨᠢᠭᠦᠯᠦᠨ᠎ᠡ᠃ ᠳᠤᠮᠳᠠᠳᠤ ᠤᠯᠤᠰ ᠳᠤᠷᠠᠲᠠᠶ᠎ᠠ ᠹᠢᠯᠢᠫᠢᠨ ᠤ ᠴᠢᠨᠠᠷ ᠰᠠᠶᠢᠲᠠᠢ | ᠲᠠᠷᠢᠶᠠᠯᠠᠩ ᠵᠢᠭᠠᠰᠤᠨ ᠤ ᠪᠦᠲᠦᠭᠡᠭᠳᠡᠬᠦᠨ ᠢ ᠣᠷᠣᠭᠤᠯᠬᠤ ᠪᠠᠨ ᠦᠷᠭᠦᠯᠵᠢᠯᠡᠨ ᠥᠷᠭᠡᠳᠬᠡᠵᠦ᠂ ᠳᠤᠮᠳᠠᠳᠤ | ᠤᠯᠤᠰ ᠤᠨ ᠠᠵᠤ ᠠᠬᠤᠶᠢᠯᠠᠯ ᠤᠨ ᠹᠢᠯᠢᠫᠢᠨ ᠳᠤ ᠬᠦᠷᠴᠦ ᠪᠡᠯᠡ ᠣᠷᠣᠭᠤᠯᠤᠨ ᠠᠵᠢᠯ ᠦᠢᠯᠡᠰ ᠢᠶᠠᠨ | ᠬᠥᠭᠵᠢᠭᠦᠯᠬᠦ ᠶᠢ ᠳᠡᠮᠵᠢᠨ᠎ᠠ᠃ ᠬᠤᠶᠠᠷ ᠲᠠᠯ᠎ᠠ ᠪᠠᠷ ᠢᠶᠠᠨ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠪᠦᠭᠦ | ᠲᠠᠯ᠎ᠠ ᠪᠠᠷ ᠭᠦᠨᠵᠡᠭᠡᠶᠢᠷᠡᠭᠦᠯᠵᠦ᠂ ᠰᠠᠭᠤᠷᠢ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠬᠠᠮᠲᠤᠷᠠᠯᠴᠠᠭ᠎ᠠ ᠶᠢ ᠥᠷᠭᠡᠳᠬᠡᠵᠦ᠂ ᠴᠠᠭ ᠠᠭᠤᠷ᠂ ᠰᠠᠨᠰᠠᠷ ᠤᠨ ᠠᠶᠠᠯᠠᠯ ᠵᠡᠷᠭᠡ ᠬᠦᠷᠢᠶᠡᠨ ᠤ ᠰᠢᠨ᠎ᠡ ᠶᠢ ᠡᠭᠦᠳᠭᠦ | ᠬᠠᠮᠲᠤᠷᠠᠯᠴᠠᠭ᠎ᠠ ᠶᠢ ᠬᠠᠶᠢᠨ ᠰᠦᠪᠡᠭᠴᠢᠯᠡᠶ᠎ᠡ᠃ ᠳᠤᠮᠳᠠᠳᠤ ᠤᠯᠤᠰ ᠳᠤᠷᠠᠲᠠᠶ᠎ᠠ ᠹᠢᠯᠢᠫᠢᠨ ᠤ ᠬᠢᠨ ᠲᠠᠢ ᠸᠠᠺᠼᠢᠨ | ᠰᠤᠳᠤᠯᠤᠨ ᠨᠡᠭᠡᠭᠡᠬᠦ ᠬᠠᠮᠲᠤᠷᠠᠯᠴᠠᠭ᠎ᠠ ᠪᠠᠨ ᠦᠷᠭᠦᠯᠵᠢᠯᠡᠨ ᠥᠷᠨᠢᠭᠦᠯᠵᠦ᠂ ᠲᠣᠰ ᠲᠣᠰ ᠤᠨ ᠣᠷᠣᠨ | ᠨᠤᠲᠤᠭ ᠤᠨ ᠢᠶᠠᠨ ᠠᠵᠤ ᠦᠢᠯᠡᠰ ᠤᠨ ᠳᠠᠪᠠᠭᠤᠯᠢᠭ ᠲᠠᠢ ᠤᠶᠠᠯᠳᠤᠭᠤᠯᠤᠨ᠂ ᠬᠤᠶᠠᠷ ᠤᠯᠤᠰ ᠤᠨ ᠮᠤᠵᠢ ᠬᠤᠲᠠ | ᠣᠷᠣᠨ ᠰᠢᠶᠠᠨ ᠤ ᠬᠠᠷᠢᠯᠴᠠᠨ ᠬᠠᠪᠰᠤᠷᠤᠯᠴᠠᠵᠤ ᠬᠠᠮᠲᠤᠷᠠᠯᠴᠠᠬᠤ ᠰᠢᠨ᠎ᠡ ᠵᠠᠭᠪᠤᠷ ᠢ ᠪᠠᠶᠢᠭᠤᠯᠤᠨ᠎ᠠ᠃ ᠳᠤᠮᠳᠠᠳᠤ | ᠤᠯᠤᠰ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠪᠠᠨ ᠰᠠᠨᠠᠭᠠᠴᠢᠯᠠᠭ᠎ᠠ ᠠᠴᠠ ᠪᠠᠨ ᠰᠢᠯᠢᠳᠡᠭᠵᠢᠭᠦᠯᠦᠨ ᠲᠣᠬᠢᠷᠠᠭᠤᠯᠵᠤ᠂ | ᠬᠢᠵᠢᠭ ᠢ ᠰᠡᠷᠭᠡᠶᠢᠯᠡᠨ ᠬᠤᠷᠢᠭᠯᠠᠬᠤ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠠᠩ ᠰᠢᠨᠵᠢᠯᠡᠬᠦ | ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠵᠦ ᠪᠠᠶᠢᠨ᠎ᠠ᠂ ᠤᠳᠠᠯ ᠦᠭᠡᠢ ᠬᠤᠶᠠᠷ ᠤᠯᠤᠰ ᠤᠨ ᠠᠷᠠᠳ ᠲᠦᠮᠡᠨ | ᠪᠠᠰᠠ ᠬᠢᠵᠢᠭ ᠤᠨ ᠪᠠᠶᠢᠳᠠᠯ ᠤᠨ ᠡᠮᠦᠨᠡᠬᠢ ᠲᠡᠷᠡ ᠬᠦ ᠨᠢᠭᠲᠠ ᠰᠣᠯᠢᠯᠴᠠᠭ᠎ᠠ ᠶᠠᠪᠤᠯᠴᠠᠭ᠎ᠠ ᠪᠠᠨ ᠰᠡᠷᠭᠦᠭᠡᠵᠦ | ᠳᠡᠶᠢᠯᠭᠦ ᠶᠢ ᠢᠲᠡᠭᠡᠵᠦ ᠪᠠᠶᠢᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠹᠢᠯᠢᠫᠢᠨ ᠪᠦᠷ ᠠᠽᠢᠶ᠎ᠠ ᠲᠢᠪ ᠤᠨ ᠬᠥᠭᠵᠢᠵᠦ ᠪᠠᠶᠢᠭ᠎ᠠ ᠤᠯᠤᠰ ᠪᠣᠯᠣᠨ᠎ᠠ᠂ | ᠪᠢᠳᠡᠨ ᠤ ᠬᠥᠭᠵᠢᠯᠲᠡ ᠡᠶᠡᠯᠳᠡᠭ ᠬᠥᠷᠰᠢ ᠶᠢᠨ ᠨᠥᠭᠦᠷᠰᠡᠭ ᠡᠷᠭᠢᠨ ᠲᠣᠭᠤᠷᠢᠨ ᠤ ᠣᠷᠴᠢᠨ ᠳᠤ ᠦᠨᠳᠦᠰᠦᠯᠡᠵᠦ᠂ | ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠠᠽᠢᠶ᠎ᠠ ᠲᠢᠪ ᠤᠨ ᠶᠡᠭᠡ ᠭᠡᠷ ᠪᠦᠯᠢ ᠳᠤ ᠦᠨᠳᠦᠰᠦᠯᠡᠭᠰᠡᠨ ᠶᠤᠮ᠃ | ᠳᠤᠮᠳᠠᠳᠤ ᠤᠯᠤᠰ ᠳᠤᠷᠠᠲᠠᠶ᠎ᠠ ᠹᠢᠯᠢᠫᠢᠨ ᠵᠢᠴᠢ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ | ᠪᠤᠰᠤᠳ ᠤᠯᠤᠰ ᠯᠤᠭ᠎ᠠ ᠬᠠᠮᠲᠤᠷᠠᠯᠴᠠᠭ᠎ᠠ ᠪᠣᠯᠣᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠵᠡᠭᠦᠨ | ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠣᠷᠣᠨ ᠪᠦᠰᠡ ᠶᠢᠨ ᠬᠠᠮᠲᠤᠷᠠᠯᠴᠠᠭ᠎ᠠ ᠳᠠᠬᠢ | ᠭᠤᠣᠯᠯᠠᠭᠴᠢ ᠪᠠᠶᠢᠷᠢ ᠰᠠᠭᠤᠷᠢ ᠶᠢ ᠰᠠᠶᠢᠲᠤᠷ ᠬᠠᠮᠠᠭᠠᠯᠠᠵᠤ᠂ ︽ᠲᠠᠪᠤᠨ ᠶᠡᠭᠡ ᠭᠡᠷ ᠣᠷᠣᠨ︾ ᠤ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠲᠤᠰ ᠭᠠᠵᠠᠷ ᠣᠷᠣᠨ ᠤ ᠬᠦᠢᠲᠡᠨ ᠲᠠᠶᠢᠨ ᠤ ᠪᠠᠷᠠᠭᠠᠨ ᠰᠡᠭᠦᠳᠡᠷ ᠠᠴᠠ | ᠮᠤᠯᠲᠤᠷᠠᠵᠤ᠂ ᠯᠡᠭᠧᠷ ᠤᠨ ᠡᠰᠡᠷᠭᠦᠴᠡᠯᠳᠦᠯ ᠠᠴᠠ ᠵᠠᠶᠢᠯᠠᠰᠬᠢᠵᠦ᠂ ᠦᠷᠭᠦᠯᠵᠢᠯᠡᠨ ᠬᠥᠭᠵᠢᠨ ᠴᠡᠴᠡᠭᠯᠡᠬᠦ ᠥᠨᠳᠦᠷᠯᠢᠭ | ᠪᠤᠯᠬᠤ ᠶᠢ ᠠᠬᠢᠭᠤᠯᠤᠨ᠎ᠠ᠃ ᠳᠤᠮᠳᠠᠳᠤ ᠤᠯᠤᠰ ᠹᠢᠯᠢᠫᠢᠨ ᠤ ᠬᠢᠨ ᠤ ᠪᠦᠭᠦ ᠪᠥᠮᠪᠥᠷᠴᠡᠭ ᠤᠨ ᠬᠥᠭᠵᠢᠯᠲᠡ ᠶᠢᠨ | ᠰᠠᠨᠠᠭᠠᠴᠢᠯᠠᠭ᠎ᠠ ᠪᠣᠯᠣᠨ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ ᠳᠡᠮᠵᠢᠵᠦ ᠪᠠᠶᠢᠬᠤ ᠶᠢ | ᠮᠠᠭᠲᠠᠨ ᠰᠠᠶᠢᠰᠢᠶᠠᠵᠤ᠂ ᠳᠤᠷᠠᠲᠠᠶ᠎ᠠ ᠹᠢᠯᠢᠫᠢᠨ ᠤ ᠬᠢᠨ ᠲᠠᠢ ᠬᠠᠮᠲᠤ ᠪᠠᠷ᠂ ᠬᠠᠷᠢᠯᠴᠠᠨ ᠳᠡᠮᠵᠢᠭᠦ ᠪᠠᠨ ᠴᠢᠩᠭᠠᠳᠬᠠᠵᠤ | ᠂ ᠬᠤᠶᠠᠷ ᠤᠯᠤᠰ ᠪᠣᠯᠣᠨ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠵᠤ᠂ | ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠵᠤ᠂ ᠬᠥᠮᠥᠨ ᠲᠥᠷᠥᠯᠬᠢᠲᠡᠨ ᠤ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠵᠤ᠂ ᠭᠠᠵᠠᠷ ᠣᠷᠣᠨ ᠪᠣᠯᠣᠨ ᠪᠦᠭᠦ | ᠪᠥᠮᠪᠥᠷᠴᠡᠭ ᠤᠨ ᠵᠠᠰᠠᠯᠲᠠ ᠶᠢ ᠲᠡᠭᠦᠯᠳᠡᠷᠵᠢᠭᠦᠯᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠦ | ᠴᠢᠬᠤᠯᠠᠴᠢᠯᠠᠪᠠ᠃ | ᠮᠠᠺᠧᠰ᠂ ᠬᠦᠰᠡᠭᠰᠡᠭᠡᠷ ᠢᠷᠡᠭᠰᠡᠨ ᠳᠤᠮᠳᠠᠳᠤ ᠤᠯᠤᠰ ᠲᠠᠬᠢ ᠠᠶᠢᠯᠴᠢᠯᠠᠯᠲᠠ ᠪᠡᠶᠡᠯᠡᠭᠳᠡᠭᠰᠡᠨ ᠳᠤ ᠮᠠᠰᠢ | ᠪᠠᠶᠠᠷ ᠲᠠᠢ ᠪᠠᠶᠢᠨ᠎ᠠ᠂ ᠡᠨᠡ ᠪᠣᠯ ᠮᠢᠨᠤ ᠠᠩᠬ᠎ᠠ ᠤᠳᠠᠭ᠎ᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ | ᠬᠤᠯᠪᠤᠭ᠎ᠠ ᠠᠴᠠ ᠭᠠᠳᠠᠨᠠᠬᠢ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ ᠪᠠᠶᠢᠭ᠎ᠠ ᠶᠠᠪᠤᠳᠠᠯ | ᠪᠣᠯᠣᠨ᠎ᠠ᠂ ᠪᠢ ᠡᠨᠡ ᠤᠳᠠᠭ᠎ᠠ ᠶᠢᠨ ᠠᠶᠢᠯᠴᠢᠯᠠᠯᠲᠠ ᠪᠠᠷ ᠳᠠᠮᠵᠢᠨ ᠹᠢᠯᠢᠫᠢᠨ ᠳᠤᠮᠳᠠᠳᠤ ᠶᠢᠨ ᠬᠠᠷᠢᠯᠴᠠᠭ᠎ᠠ ᠮᠠᠰᠢ | ᠰᠠᠶᠢᠨ ᠪᠥᠭᠡᠳ ᠮᠠᠰᠢ ᠴᠢᠬᠤᠯᠠ ᠭᠡᠳᠡᠭ ᠢ ᠳᠡᠯᠡᠬᠡᠢ ᠳ᠋ᠠᠬᠢᠨ ᠳᠤ ᠭᠡᠷᠡᠴᠢᠯᠡᠬᠦ ᠶᠢ ᠬᠦᠰᠡᠵᠦ ᠪᠠᠶᠢᠨ᠎ᠠ᠂ ᠬᠤᠶᠠᠷ | ᠲᠠᠯ᠎ᠠ ᠪᠠᠷ ᠢᠶᠠᠨ ᠴᠥᠮ ᠬᠤᠶᠠᠷ ᠲᠠᠯ᠎ᠠ ᠶᠢᠨ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠦᠷ | ᠹᠢᠯᠢᠫᠢᠨ ᠳᠤᠮᠳᠠᠳᠤ ᠶᠢᠨ ᠬᠠᠷᠢᠯᠴᠠᠭ᠎ᠠ ᠶᠢ ᠰᠢᠨ᠎ᠡ ᠥᠨᠳᠥᠷᠴᠡ ᠳᠤ ᠭᠦᠷᠭᠡᠭᠦ ᠪᠠᠷ ᠴᠢᠷᠮᠠᠶᠢᠵᠤ ᠪᠠᠶᠢᠨ᠎ᠠ᠃ ᠹᠢᠯᠢᠫᠢᠨ | ᠳᠤᠮᠳᠠᠳᠤ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠨᠢ ᠬᠡᠳᠦ᠋ᠢᠪᠡᠷ 48 ᠵᠢᠯ ᠯᠡ ᠪᠣᠯᠵᠤ ᠪᠠᠶᠢᠭ᠎ᠠ ᠪᠤᠯᠪᠠᠴᠤ | ᠬᠤᠶᠠᠷ ᠤᠯᠤᠰ ᠤᠨ ᠠᠷᠠᠳ ᠲᠦᠮᠡᠨ ᠤ ᠨᠥᠬᠦᠷᠯᠡᠯ ᠨᠢᠭᠡᠨᠲᠡ ᠮᠢᠩᠭᠠᠨ ᠣᠨ ᠢ ᠰᠤᠨᠳᠠᠯᠠᠭᠰᠠᠨ ᠪᠠᠶᠢᠨ᠎ᠠ᠃ ᠪᠢ | ᠲᠤᠬᠠᠢ ᠶᠢᠨ ᠵᠢᠯ ᠳᠤ ᠹᠢᠯᠢᠫᠢᠨ ᠳᠤᠮᠳᠠᠳᠤ ᠶᠢᠨ ᠬᠠᠷᠢᠯᠴᠠᠭ᠎ᠠ ᠪᠠᠶᠢᠭᠤᠯᠤᠭᠰᠠᠨ ᠲᠡᠦᠬᠡ ᠳᠤ ᠣᠷᠣᠯᠴᠠᠬᠰᠠᠨ ᠳᠠᠭᠠᠨ | ᠮᠠᠰᠢ ᠠᠵᠠ ᠲᠠᠢ ᠪᠠᠶᠢᠨ᠎ᠠ᠂ ᠥᠨᠥᠳᠥᠷ ᠪᠢ ᠹᠢᠯᠢᠫᠢᠨ ᠳᠤᠮᠳᠠᠳᠤ ᠶᠢᠨ ᠤᠯᠠᠮᠵᠢᠯᠠᠯᠲᠤ ᠨᠥᠬᠦᠷᠯᠡᠯ ᠢ ᠦᠷᠭᠦᠯᠵᠢᠯᠡᠨ | ᠠᠬᠢᠭᠤᠯᠬᠤ ᠴᠢᠬᠤᠯᠠ ᠬᠠᠷᠢᠭᠤᠴᠠᠯᠭ᠎ᠠ ᠶᠢ ᠡᠭᠦᠷᠭᠡᠯᠡᠬᠦ ᠪᠣᠯᠣᠨ᠎ᠠ᠃ ᠪᠢ ᠲᠡᠷᠢᠭᠦᠯᠡᠭᠴᠢ ᠰᠢ ᠶᠢᠨ ᠫᠢᠩ ᠲᠠᠢ ᠨᠢᠭᠲᠠ | ᠣᠯᠣᠯᠴᠠᠭ᠎ᠠ ᠪᠠᠨ ᠪᠠᠲᠤᠯᠠᠵᠤ᠂ ᠬᠠᠮᠲᠤᠷᠠᠯᠴᠠᠭ᠎ᠠ ᠪᠠᠨ ᠪᠦᠭᠦ ᠲᠠᠯ᠎ᠠ ᠪᠠᠷ ᠴᠢᠩᠭᠠᠳᠬᠠᠵᠤ᠂ ᠹᠢᠯᠢᠫᠢᠨ ᠳᠤᠮᠳᠠᠳᠤ ᠶᠢᠨ | ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠷᠢᠯᠴᠠᠭ᠎ᠠ ᠶᠢᠨ ᠰᠢᠨ᠎ᠡ ᠬᠠᠭᠤᠳᠠᠰᠤ ᠶᠢ | ᠨᠡᠭᠡᠭᠡᠵᠦ᠂ ᠬᠤᠶᠠᠷ ᠤᠯᠤᠰ ᠲᠤ ᠲᠤᠯᠭᠠᠷᠠᠵᠤ ᠪᠠᠶᠢᠭ᠎ᠠ ᠥᠷᠢᠰᠦᠯᠳᠦᠭᠡᠨ ᠪᠣᠯᠣᠨ ᠠᠰᠠᠭᠤᠳᠠᠯ ᠢ ᠨᠡᠩ ᠰᠠᠶᠢᠲᠤᠷ | ᠬᠠᠮᠲᠤᠷᠠᠯᠴᠠᠨ ᠰᠢᠢᠳᠪᠦᠷᠢᠯᠡᠵᠦ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠲᠤᠷ ᠪᠤᠶᠠᠨ ᠦᠢᠯᠡᠳᠴᠦ᠂ | ᠪᠠᠰᠠ ᠲᠤᠰ ᠭᠠᠵᠠᠷ ᠣᠷᠣᠨ ᠤ ᠳᠡᠯᠡᠬᠡᠢ ᠶᠢᠨ ᠠᠵᠤ ᠠᠬᠤᠢ ᠶᠢᠨ ᠴᠢᠬᠤᠯᠠ ᠬᠥᠳᠡᠯᠭᠡᠭᠦᠷ ᠪᠤᠯᠬᠤ ᠶᠢ | ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ᠃ ᠹᠢᠯᠢᠫᠢᠨ ᠤ ᠬᠢᠨ ᠳᠤᠷᠠᠲᠠᠶ᠎ᠠ | ᠳᠤᠮᠳᠠᠳᠤ ᠤᠯᠤᠰ ᠯᠤᠭ᠎ᠠ ᠲᠠᠯᠳᠠ ᠬᠦᠴᠦᠨ ᠢᠶᠠᠨ ᠠᠭᠤᠳᠠᠯᠵᠤ᠂ ᠬᠤᠶᠠᠷ ᠤᠯᠤᠰ ᠤᠨ ᠬᠠᠷᠢᠯᠴᠠᠭᠠᠨ ᠤ | ᠠᠭᠤᠯᠤᠭᠳᠠᠬᠤᠨ ᠢ ᠦᠷᠭᠦᠯᠵᠢᠯᠡᠨ ᠪᠠᠶᠠᠯᠢᠭᠵᠢᠭᠤᠯᠵᠤ᠂ ᠬᠥᠳᠡᠭᠡ ᠠᠵᠤ ᠠᠬᠤᠢ᠂ ᠦᠨᠳᠦᠰᠦᠨ ᠪᠦᠲᠦᠭᠡᠨ | ᠪᠠᠶᠢᠭᠤᠯᠤᠯᠲᠠ᠂ ᠡᠨᠧᠷᠭᠢ᠂ ᠰᠣᠶᠣᠯ ᠢᠷᠭᠡᠨᠰᠢᠯ᠂ ᠠᠷᠠᠯᠵᠢᠶ᠎ᠠ᠂ ᠪᠡᠯᠡ ᠣᠷᠣᠭᠤᠯᠤᠯᠲᠠ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ᠂ ᠲᠣᠭᠠᠴᠢᠯᠠᠭᠰᠠᠨ ᠠᠵᠤ ᠠᠬᠤᠢ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠦᠨ᠎ᠡ᠃ ᠥᠨᠥᠳᠥᠷ ᠤᠨ ᠪᠢᠳᠡᠨ ᠤ ᠭᠠᠷ ᠤᠨ ᠦᠰᠦᠭ ᠵᠢᠷᠤᠵᠤ ᠬᠠᠮᠲᠤ ᠪᠠᠷ ᠭᠡᠷᠡᠴᠢᠯᠡᠭᠰᠡᠨ ᠤᠯᠠᠨ | ᠬᠤᠪᠢ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠨᠢ ᠹᠢᠯᠢᠫᠢᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠳᠤ | ᠲᠦᠢᠯ ᠤᠨ ᠶᠡᠭᠡ ᠬᠦᠴᠦᠨ ᠨᠡᠮᠡᠷᠢᠯᠡᠬᠦ ᠶᠢ ᠢᠲᠡᠭᠡᠵᠦ ᠪᠠᠶᠢᠨ᠎ᠠ᠃ ᠳᠤᠮᠳᠠᠳᠤ ᠤᠯᠤᠰ ᠪᠣᠯ ᠹᠢᠯᠢᠫᠢᠨ ᠤ ᠬᠠᠮᠤᠭ ᠤᠨ | ᠬᠦᠴᠦᠷᠬᠡᠭ ᠬᠠᠮᠲᠤᠷᠠᠯᠴᠠᠭᠠᠨ ᠤ ᠬᠠᠨᠢᠲᠠᠨ ᠮᠥᠨ᠂ ᠹᠢᠯᠢᠫᠢᠨ ᠳᠤᠮᠳᠠᠳᠤ ᠶᠢᠨ ᠨᠥᠬᠦᠷᠯᠡᠯ ᠤᠨ ᠦᠷᠭᠦᠯᠵᠢᠯᠡᠬᠦ ᠪᠠ | ᠭᠦᠭᠵᠢᠭᠦ ᠶᠢ ᠬᠤᠷᠢᠭᠯᠠᠵᠤ ᠳᠡᠶᠢᠯᠭᠦ ᠶᠠᠭᠤᠮ᠎ᠠ ᠭᠡᠵᠦ ᠦᠭᠡᠢ ᠶᠤᠮ᠃ ᠹᠢᠯᠢᠫᠢᠨ ᠤ ᠬᠢᠨ ᠨᠢᠭᠡ ᠳᠤᠮᠳᠠᠳᠤ ᠤᠯᠤᠰ | ᠪᠠᠶᠢᠬᠤ ᠲᠦᠷᠦ ᠶᠢᠨ ᠪᠣᠳᠣᠯᠭ᠎ᠠ ᠶᠢ ᠪᠠᠷᠢᠮᠲᠠᠯᠠᠨ᠎ᠠ᠃ | ᠹᠢᠯᠢᠫᠢᠨ ᠤ ᠬᠢᠨ ᠳᠤᠷᠠᠲᠠᠶ᠎ᠠ ᠦᠷᠭᠦᠯᠵᠢᠯᠡᠨ ᠨᠥᠭᠦᠷᠰᠡᠭ ᠵᠥᠪᠳᠡᠯᠴᠡᠭᠡ ᠪᠠᠷ ᠲᠠᠮᠵᠢᠨ ᠲᠠᠯᠠᠢ ᠳᠡᠭᠡᠷᠡᠬᠢ | ᠠᠰᠠᠭᠤᠳᠠᠯ ᠢ ᠵᠣᠬᠢᠰᠲᠠᠢ ᠰᠢᠢᠳᠪᠦᠷᠢᠯᠡᠵᠦ᠂ ᠳᠤᠮᠳᠠᠳᠤ ᠤᠯᠤᠰ ᠯᠤᠭ᠎ᠠ ᠲᠣᠰᠣ ᠬᠡᠢ ᠶᠢ ᠨᠡᠭᠡᠭᠡᠨ ᠬᠥᠭᠵᠢᠭᠦᠯᠬᠦ | ᠵᠥᠪᠳᠡᠯᠴᠡᠭᠡ ᠪᠠᠨ ᠲᠠᠭᠢᠨ ᠡᠬᠢᠯᠡᠭᠦᠯᠦᠨ᠎ᠡ᠃ ᠳᠤᠮᠳᠠᠳᠤ ᠶᠢᠨ ᠲᠠᠯ᠎ᠠ ᠶᠢᠨ ᠹᠢᠯᠢᠫᠢᠨ ᠤ ᠬᠢᠵᠢᠭ ᠲᠠᠢ ᠲᠡᠮᠡᠴᠡᠬᠦ ᠳᠤ | ᠦᠵᠡᠭᠦᠯᠦᠭᠰᠡᠨ ᠡᠷᠬᠢᠮ ᠨᠠᠨᠳᠢᠨ ᠬᠠᠪᠰᠤᠷᠤᠯᠭ᠎ᠠ ᠳᠤ ᠲᠠᠯᠠᠷᠬᠠᠵᠤ ᠪᠠᠶᠢᠨ᠎ᠠ᠃ ᠬᠢᠵᠢᠭ ᠤᠨ ᠪᠠᠶᠢᠳᠠᠯ ᠥᠩᠭᠡᠷᠡᠭᠰᠡᠨ ᠤ | ᠲᠠᠷᠠᠭ᠎ᠠ᠂ ᠨᠡᠩ ᠤᠯᠠᠨ ᠳᠤᠮᠳᠠᠳᠤ ᠤᠯᠤᠰ ᠤᠨ ᠠᠷᠠᠳ ᠲᠦᠮᠡᠨ ᠹᠢᠯᠢᠫᠢᠨ ᠳᠤ ᠬᠦᠷᠴᠦ ᠵᠢᠭᠤᠯᠴᠢᠯᠠᠨ ᠰᠤᠷᠤᠯᠴᠠᠵᠤ | ᠂ ᠬᠤᠶᠠᠷ ᠤᠯᠤᠰ ᠤᠨ ᠠᠷᠠᠳ ᠲᠦᠮᠡᠨ ᠤ ᠶᠠᠪᠤᠯᠴᠠᠭ᠎ᠠ ᠨᠡᠩ ᠨᠢᠭᠲᠠᠷᠠᠵᠤ᠂ ᠬᠤᠶᠠᠷ ᠤᠯᠤᠰ ᠤᠨ ᠬᠠᠷᠢᠯᠴᠠᠭᠠᠨ ᠤ | ᠠᠯᠤᠰ ᠭᠡᠳᠤ ᠶᠢᠨ ᠬᠥᠭᠵᠢᠯᠲᠡ ᠳᠤ ᠨᠡᠩ ᠪᠠᠲᠤ ᠪᠠᠬᠢ ᠰᠠᠭᠤᠷᠢ ᠶᠢ ᠲᠠᠯᠪᠢᠵᠤ ᠥᠭᠭᠦ ᠶᠢ ᠬᠦᠰᠡᠵᠦ ᠪᠠᠶᠢᠨ᠎ᠠ᠃ ᠪᠢ | ᠹᠢᠯᠢᠫᠢᠨ ᠳᠤᠮᠳᠠᠳᠤ ᠶᠢᠨ ᠬᠠᠷᠢᠯᠴᠠᠭᠠᠨ ᠤ ᠬᠥᠭᠵᠢᠯᠲᠡ ᠶᠢᠨ ᠢᠷᠡᠭᠡᠳᠦᠢ ᠳᠤ ᠢᠲᠡᠭᠡᠯ ᠳᠦᠭᠦᠷᠡᠩ ᠪᠠᠶᠢᠨ᠎ᠠ ᠭᠡᠵᠦ | ᠢᠯᠡᠳᠬᠡᠪᠡ᠃ | ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ︽ᠨᠢᠭᠡ ᠪᠦᠰᠡ ᠨᠢᠭᠡ ᠵᠠᠮ︾᠂ | ᠲᠠᠷᠢᠶᠠᠯᠠᠩ ᠵᠢᠭᠠᠰᠤᠨ ᠤ ᠦᠢᠯᠡᠰ᠂ ᠰᠠᠭᠤᠷᠢ ᠲᠥᠬᠦᠭᠡᠷᠦᠮᠵᠢ᠂ ᠮᠥᠩᠭᠦᠨ ᠭᠦᠢᠯᠭᠡᠭᠡᠨ᠂ ᠪᠣᠭᠤᠮᠲᠠ᠂ ᠡᠯᠧᠺᠳ᠋ᠷᠣᠨ | ᠬᠤᠳᠠᠯᠳᠤᠭᠠᠨ ᠤ ᠶᠠᠪᠤᠳᠠᠯ᠂ ᠵᠢᠭᠤᠯᠴᠢᠯᠠᠯ ᠵᠡᠷᠭᠡ ᠬᠤᠯᠪᠣᠭᠳᠠᠯ ᠪᠦᠬᠦᠢ ᠬᠠᠮᠲᠤᠷᠠᠯᠴᠠᠭᠠᠨ ᠤ ᠪᠢᠴᠢᠭ | ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃ | ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ | ᠲᠢᠩᠬᠢᠮ ᠳᠤ ᠮᠠᠺᠧᠰ ᠢ ᠤᠭᠲᠤᠬᠤ ᠶᠣᠰᠣᠯᠠᠯ ᠶᠠᠪᠤᠭᠤᠯᠪᠠ᠃ | ᠲᠢᠶᠠᠨ ᠠᠨ ᠮᠧᠨ ᠠᠭᠤᠳᠠᠮ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠵᠤ᠂ ᠶᠣᠰᠣᠯᠠᠯ ᠤᠨ | ᠴᠡᠷᠢᠭ ᠮᠥᠷᠯᠡᠨ ᠵᠣᠭᠰᠣᠵᠤ ᠬᠦᠨᠳᠦᠳᠬᠡᠯ ᠳᠡᠪᠰᠢᠭᠦᠯᠵᠦ᠂ ᠵᠣᠴᠢᠨ ᠤᠭᠲᠤᠬᠤ ᠪᠦᠷᠢᠶ᠎ᠡ ᠬᠠᠩᠭᠢᠨᠠᠭᠤᠯᠪᠠ᠃ | ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠭᠦᠮ | ᠳᠤᠮᠳᠠᠳᠤ ᠹᠢᠯᠢᠫᠢᠨ ᠬᠤᠶᠠᠷ ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ᠃ ᠮᠠᠺᠧᠰ ᠰᠢ ᠶᠢᠨ ᠫᠢᠩ ᠤᠨ ᠪᠠᠷ᠎ᠠ | ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ | ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ᠃ | ᠰᠢ ᠶᠢᠨ ᠫᠢᠩ ᠤᠨ ᠬᠠᠳᠤᠨ ᠫᠧᠩ ᠯᠢ ᠶᠤᠸᠠᠨ ᠪᠣᠯᠣᠨ ᠮᠠᠺᠧᠰ ᠤᠨ ᠬᠠᠳᠤᠨ ᠯᠢᠱᠠ ᠪᠠᠷ᠎ᠠ ᠪᠣᠯᠵᠤ ᠤᠭᠲᠤᠬᠤ | ᠶᠣᠰᠣᠯᠠᠯ ᠳᠤ ᠣᠷᠣᠯᠴᠠᠪᠠ᠃ | ᠲᠤᠰ ᠣᠷᠣᠢ᠂ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ ᠬᠤᠷᠠᠯ ᠤᠨ | ᠲᠠᠩᠬᠢᠮ ᠤᠨ ᠰᠢᠵᠢᠷ ᠠᠯᠳᠠᠨ ᠶᠡᠭᠡ ᠲᠢᠩᠬᠢᠮ ᠳᠤ ᠮᠠᠺᠧᠰ ᠪᠣᠯᠣᠨ ᠲᠡᠭᠦᠨ ᠤ ᠬᠠᠳᠤᠨ ᠯᠢᠱᠠ ᠶᠢ ᠤᠭᠲᠤᠬᠤ | ᠳᠠᠶᠢᠯᠠᠯᠭ᠎ᠠ ᠬᠢᠪᠡ᠃ | ᠸᠠᠩ ᠢ᠂ ᠾᠧ ᠯᠢ ᠹᠧᠩ ᠨᠠᠷ ᠬᠤᠯᠪᠣᠭᠳᠠᠯ ᠪᠦᠬᠦᠢ ᠠᠵᠢᠯᠯᠠᠭ᠎ᠠ ᠳᠤ ᠣᠷᠣᠯᠴᠠᠪᠠ᠃ | ᠮᠠᠺᠧᠰ ᠳᠤᠮᠳᠠᠳᠤ ᠤᠯᠤᠰ ᠲᠤ ᠠᠶᠢᠯᠴᠢᠯᠠᠬᠤ ᠬᠤᠭᠤᠴᠠᠭᠠᠨ ᠳᠤ᠂ ᠬᠤᠶᠠᠷ ᠲᠠᠯ᠎ᠠ ᠪᠠᠷ ᠢᠶᠠᠨ ᠪᠠᠰᠠ ︽ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ ᠹᠢᠯᠢᠫᠢᠨ ᠤᠯᠤᠰ ᠤᠨ | ᠬᠠᠮᠲᠤᠷᠠᠭᠰᠠᠨ ᠢᠯᠡᠷᠬᠡᠶᠢᠯᠡᠯᠲᠡ︾ ᠶᠢ ᠨᠡᠶᠢᠲᠡᠯᠡᠬᠦ ᠪᠣᠯᠣᠨ᠎ᠠ᠃ | |